2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ 2021 ᠣᠨ ᠤ 3 ᠰᠠᠷ᠎ᠠ ᠶᠢᠨ 3᠎ ᠤ ᠡᠳᠦᠷ ᠤᠨ ᠬᠤᠷᠠᠯ ᠳᠡᠭᠡᠷ᠎ᠡᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠢᠴᠢᠭ ᠮᠠᠲ᠋ᠧᠷᠢᠶᠠᠯ  ︵ᠠᠷᠪᠠ᠊
ᠨᠡᠶᠢᠲᠡᠯᠡᠭᠰᠡᠨ ᠴᠠᠭ᠄
2021/3/19
             ᠵᠠᠰᠠᠭ ᠤᠨ ᠣᠷᠳᠤᠨ ᠤ ᠠᠵᠢᠯ ᠤᠨ ᠢᠯᠡᠳᠬᠡᠯ      ——2021 ᠣᠨ ᠤ 3 ᠰᠠᠷ᠎ᠠ ᠶᠢᠨ 3᠎ ᠤ ᠡᠳᠦᠷ᠂ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ     ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ             ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠢ ᠲᠥᠯᠥᠭᠡᠯᠡᠭᠴᠢᠳ ᠡ᠄      ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠭᠠᠷᠭᠠᠬᠤ ᠪᠣᠯᠪᠠᠤ᠃      ᠨᠢᠭᠡ᠂ 2020 ᠣᠨ ᠵᠢᠴᠢ ︽ ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ ᠤᠨ ᠡᠷᠭᠢᠴᠡᠭᠦᠯᠦᠯ      2020 ᠣᠨ ᠪᠣᠯ ᠲᠦᠢᠯ ᠤᠨ ᠶᠡᠷᠦ ᠪᠤᠰᠤ ᠶᠢᠨ᠂ ᠲᠦᠢᠯ ᠤᠨ ᠶᠡᠭᠡ ᠥᠷᠢᠰᠥᠯᠳᠦᠭᠡᠨ ᠲᠠᠢ ᠨᠢᠭᠡ ᠵᠢᠯ ᠪᠣᠯᠤᠨ᠎ᠠ᠃ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠬᠥᠭᠵᠢᠯᠲᠡ ᠶᠢᠨ ᠪᠠᠶᠢᠳᠠᠯ᠂ ᠪᠡᠷᠬᠡ ᠬᠠᠲᠠᠭᠤᠵᠢᠯᠲᠠᠶ ᠨᠦᠰᠡᠷ ᠬᠦᠨᠳᠦ ᠪᠣᠭᠤᠮᠲᠠ ᠰᠢᠪᠲᠤᠯᠬᠤ ᠡᠭᠦᠷᠭᠡ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠠᠭᠠᠷᠢᠯᠲᠠ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠦᠴᠢᠷ ᠪᠡᠷᠬᠡᠰᠢᠶᠡᠯ ᠢ ᠢᠯᠡᠨ ᠳᠠᠪᠠᠵᠤ ᠵᠠᠮ ᠨᠡᠭᠡᠭᠡᠨ ᠤᠷᠤᠭᠰᠢᠯᠠᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶ ᠶᠢᠨ ᠪᠠᠶᠢᠳᠠᠯ ᠦᠷᠭᠦᠯᠵᠢᠯᠡᠨ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ  ᠡᠪᠲᠠᠢ ᠪᠠᠶᠢᠨ᠎ᠠ᠃      ︵ᠨᠢᠭᠡ︶ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠥᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 57 . 9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1 . 5 %᠎ ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 9 . 98 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10 . 5 % ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 13 . 6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5 . 8 % ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1 . 66 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2 . 9 %᠎ ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 30310 ᠲᠥᠭᠦᠷᠢᠭ ᠪᠠ 11731 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 3 . 5 % ᠪᠠ 8 . 5 %᠎ ᠪᠠᠷ ᠨᠡᠮᠡᠭᠳᠡᠪᠡ᠃      ︵ᠬᠤᠶᠠᠷ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠦᠷ᠎ᠡ ᠪᠦᠲᠦᠭᠡᠯ ᠤᠯᠪᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠲᠡᠷᠡ ᠳᠠᠷᠤᠶ ᠳᠤᠨᠢ ᠡᠬᠢᠯᠡᠭᠦᠯᠵᠦ᠂ 6823 ᠲᠦᠮᠡᠨ ᠲᠥᠭᠦᠷᠢᠭ ᠤᠨ ᠪᠠᠯᠠ ᠮᠥᠩᠭᠦ ᠶᠢ ᠤᠷᠢᠳ ᠢᠶᠠᠷ ᠲᠣᠬᠢᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠪᠡ᠃ ︽ᠳᠥᠷᠪᠡᠨ ᠲᠠᠯ᠎ᠠ︾᠎ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠠᠪᠤᠷᠠᠨ ᠵᠠᠰᠠᠯᠲᠠ᠂ ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ︽ᠣᠷᠣᠭᠤᠯᠬᠤ ᠥᠬᠡᠶ᠂ ᠬᠠᠯᠳᠠᠪᠤᠷᠢᠯᠠᠬᠤ ᠥᠬᠡᠶ︾ ᠪᠠᠶᠢᠬᠤ ᠶᠢ ᠪᠡᠶᠡᠯᠡᠭᠦᠯᠪᠡ᠃ 5 ᠡᠮᠴᠢ ᠰᠤᠪᠢᠯᠠᠭᠴᠢ ᠦᠬᠠᠨ ᠢ ᠲᠤᠰᠠᠯᠠᠵᠤ᠂ 7600 ᠭᠠᠷᠤᠢ ᠨᠠᠮ ᠤᠨ ᠭᠡᠰᠢᠭᠦᠨ ᠺᠠᠳ᠋ᠷ᠂ ᠡᠮᠴᠢ ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠰᠠᠶᠢᠨ ᠳᠤᠷᠠᠴᠤᠳ ᠢᠳᠡᠪᠬᠢᠲᠡᠢ ᠣᠷᠣᠯᠴᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠦᠴᠦ ᠣᠷᠣᠭᠤᠯᠤᠨ ᠪᠡᠯᠡ ᠭᠠᠷᠭᠠᠵᠤ᠂ ᠪᠦᠬᠦ ᠰᠢᠶᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠢᠯᠡᠷᠡᠭᠦᠯᠪᠡ᠃      ︵ᠭᠤᠷᠪᠠ︶ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢᠯᠡᠳᠲᠡ ᠦᠷ᠎ᠡ ᠪᠦᠲᠦᠮᠵᠢ ᠤᠯᠪᠠ ᠃ ᠪᠥᠬᠦ ᠵᠢᠯ ᠳᠤ ᠶᠠᠳᠠᠭᠤ ᠶᠢ ᠲᠡᠳᠬᠦᠬᠦ ᠪᠠᠯᠠ ᠮᠥᠩᠭᠦ ᠶᠢ 4 . 4 ᠳ᠋ᠦᠩᠰᠢᠭᠤᠷ ᠲᠥᠭᠦᠷᠢᠭ ᠣᠷᠣᠭᠤᠯᠵᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠳᠠᠬᠢᠨ ᠶᠠᠳᠠᠭᠤᠷᠠᠬᠤ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠦᠨᠳᠦᠰᠦᠨ ᠳᠡᠭᠡᠨ ᠪᠦᠷᠢᠯᠳᠦᠬᠦ ᠶᠢ ᠰᠡᠷᠭᠡᠶᠢᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠦᠯᠡᠳᠡᠵᠦ ᠪᠠᠶᠢᠭ᠎ᠠ ᠶᠠᠳᠠᠭᠤ ᠠᠴᠠ ᠠᠩᠭᠢᠵᠢᠷᠠᠭᠠᠳᠤᠢ ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠶᠢ ᠤᠯᠪᠠ᠃ ᠳ᠋ᠧᠩ ᠢ ᠱᠤᠸᠠᠢ᠂ ᠾᠧ ᠯᠦᠩ ᠬᠤᠶᠠᠷ ᠨᠥᠬᠦᠷ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠤᠪᠢ ᠬᠥᠮᠦᠨ ᠢᠶᠠᠷ ᠦᠨᠡᠯᠡᠭᠳᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ︽ᠭᠤᠷᠪᠠᠨ ᠵᠢᠯ ᠤᠨ ᠠᠵᠢᠯᠯᠠᠭ᠎ᠠ︾᠎ ᠶᠢᠨ ᠲᠥᠯᠥᠪᠯᠡᠭᠡ ᠶᠢ ᠦᠨᠡᠨᠬᠦ ᠠᠬᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾᠎ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠪᠡ᠃ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠡᠮᠬᠢ ᠵᠢᠷᠤᠮ ᠲᠠᠢ ᠠᠬᠢᠭᠤᠯᠪᠠ᠃ ᠪᠦᠬᠦ ᠵᠢᠯ ᠳᠤ ᠳᠠᠯᠳᠠ ᠥᠷᠢ ᠥᠭᠴᠡᠭᠡ ᠶᠢ 4 . 6 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃      ︵ᠳᠥᠷᠪᠡ︶ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ 9805 ᠲᠦᠮᠡᠨ ᠲᠥᠭᠦᠷᠢᠭ ᠤᠨ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠤᠨ᠂ ᠡᠯ᠎ᠡ ᠲᠥᠷᠥᠯ ᠤᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ 6 . 17 ᠳ᠋ᠦᠩᠰᠢᠭᠤᠷ ᠲᠥᠭᠦᠷᠢᠭ ᠤᠨ ᠵᠢᠭᠡᠯᠡᠯᠭᠡ ᠥᠭᠪᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 22 ᠲᠥᠷᠥᠯ ᠵᠦᠢ ᠳᠤ 13 . 46 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠬᠤᠲᠠ ᠪᠠᠯᠭᠠᠰᠤᠨ ᠤ 871 ᠬᠥᠮᠦᠨ ᠳᠤ ᠰᠢᠨ᠎ᠡ ᠪᠠᠷ ᠠᠵᠢᠯ ᠣᠯᠭᠤᠪᠠ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 1400 ᠡᠷᠦᠬᠡ ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 51 % ᠨᠡᠮᠡᠭᠳᠡᠪᠡ᠃ ᠠᠮᠤ ᠪᠤᠳᠠᠭᠠᠨ ᠤ ᠤᠨᠠᠯᠲᠠ 2 . 3 ᠳ᠋ᠦᠩᠰᠢᠭᠤᠷ ᠵᠢᠩ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠬᠦ᠃ ᠳ᠋ᠦᠩ ᠢ ᠳ᠋ᠡ᠂ ᠳ᠋ᠠ ᠪᠧᠢ ᠨᠦᠩ᠂ ᠫᠦ᠋ ᠢᠦᠢ ᠵᠡᠷᠭᠡ ᠨᠢᠭᠡ ᠪᠦᠯᠦᠭ ᠲᠣᠯᠣᠭᠠᠶᠢᠯᠠᠭᠴᠢ ᠠᠵᠤ ᠦᠢᠯᠡᠰ ᠤᠨ ᠲᠥᠷᠦᠯ ᠵᠦᠢᠯ ᠠᠰᠢᠭᠯᠠᠯᠲᠠ ᠳᠤ ᠣᠷᠣᠪᠠ᠃ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠲᠦᠷᠭᠡᠨ ᠠᠬᠢᠵᠤ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ 5 ᠰᠠᠭᠤᠷᠢᠰᠢᠪᠠ᠃᠂ ︽ᠰᠢᠩ ᠾᠧ ᠨᠠᠷᠢᠮᠤ︾᠂ ︽ᠰᠢᠩ ᠾᠧ ᠨᠣᠬᠠᠶ ᠶᠢᠨ ᠬᠤᠰᠢᠭᠤ ᠶᠢᠨ ᠭᠤᠯᠢᠷ︾᠂ ︽ᠰᠢᠩ ᠾᠧ ᠬᠡᠦ ᠮᠠ ᠶᠢᠨ ᠲᠣᠰᠣ︾ ᠵᠡᠷᠭᠡ 4 ᠪᠦᠲᠦᠭᠡᠭᠳᠡᠬᠦᠨ ᠪᠥᠬᠦ ᠤᠯᠤᠰ ᠤᠨ ᠨᠠᠷᠠᠲᠤ ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠪᠠ᠃ ᠭᠤᠸᠠᠩ ᠬᠤᠸᠠ ᠶᠢᠨ ᠵᠢᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠡᠮᠦᠨᠡᠬᠢ ᠬᠤᠭᠤᠴᠠᠭᠠᠨ ᠤ ᠠᠵᠢᠯ ᠢ ᠳᠠᠭᠤᠰᠬᠠᠵᠤ᠂ ᠵᠢᠶᠠ ᠲᠠᠢ᠂ ᠶᠠᠨ ᠶᠠᠩ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠶᠠᠩ ᠭᠤᠸᠠᠩ ᠰᠢᠨ᠎ᠡ ᠡᠨᠧᠷᠭᠢ ᠶᠢᠨ 1 GW ᠣᠯᠠᠨ ᠲᠠᠯᠠᠰᠲᠤ ᠴᠠᠬᠢᠭᠤᠷ ᠢᠯᠲᠠᠰᠤ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ᠳ᠋ᠠ ᠲᠠᠩ ᠸᠠᠨ ᠶᠤᠸᠠᠨ 50 ᠰᠠᠶ᠎ᠠ ᠸᠠᠲ ᠤᠨ ᠰᠠᠯᠬᠢᠨ ᠴᠠᠬᠢᠯᠭᠠᠨ ᠤ ᠲᠥᠷᠥᠯ ᠵᠦᠢᠯ ᠢ ᠲᠣᠤᠷ ᠲᠤ ᠣᠷᠣᠭᠤᠯᠤᠨ ᠴᠠᠬᠢᠯᠭᠠᠨ ᠭᠠᠷᠭᠠᠨ᠎ᠠ᠃ ᠳᠤᠮᠳᠠᠳᠤ ᠮᠣᠩᠭᠤᠯ ᠤᠨ ᠬᠡᠦᠷᠡᠰᠦ ᠶᠢᠨ ᠡᠭᠡᠯᠵᠢ ᠶᠢᠨ ᠭᠠᠯᠲᠤ ᠲᠡᠷᠭᠡ ᠨᠡᠪᠲᠡᠷᠡᠪᠡ᠃ ᠯᠦ ᠵᠢᠶᠠ ᠶᠢᠩ ᠠᠮᠢ ᠠᠬᠤᠶ ᠶᠢᠨ ᠵᠢᠭᠤᠯᠴᠢᠯᠠᠯ ᠤᠨ ᠵᠢᠵᠢᠭ ᠪᠠᠯᠭᠠᠰᠤ ᠠᠩᠬ᠎ᠠ ᠠᠯᠬᠤᠮ ᠬᠦᠯᠢᠶᠡᠨ ᠠᠪᠬᠤ ᠴᠢᠳᠠᠪᠤᠷᠢ ᠲᠠᠢ ᠪᠣᠯᠪᠠ᠃      ︵ᠲᠠᠪᠤ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠳᠤ ᠲᠥᠯᠥᠪᠯᠡᠨ ᠠᠬᠢᠭᠤᠯᠤᠨ᠎ᠠ᠃ ᠬᠥᠳᠡᠭᠡ ᠲᠣᠰᠬᠤᠨ ᠤ 1834 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠹᠦ᠋ ᠷᠦᠢ ᠰᠠᠭᠤᠭᠠᠯᠢ ᠲᠣᠭᠤᠷᠢᠭ ᠤᠨ ᠪᠤᠴᠠᠭᠠᠨ ᠨᠡᠭᠦᠯᠭᠡᠬᠦ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠮᠬᠢ ᠴᠡᠭᠴᠡ ᠲᠠᠢ ᠠᠬᠢᠭᠤᠯᠵᠤ᠂ 5820 ᠡᠷᠦᠬᠡ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠵᠤ᠂ ︽ᠣᠷᠣᠵᠤ ᠰᠠᠭᠤᠬᠤ ᠳᠤ ᠬᠦᠴᠢᠷ︾᠂ ︽ᠪᠤᠴᠠᠭᠠᠨ ᠨᠡᠭᠦᠯᠭᠡᠬᠦ ᠳᠤ ᠬᠦᠴᠢᠷ︾᠂ ︽ᠦᠨᠡᠮᠯᠡᠯ ᠭᠦᠢᠴᠡᠳᠬᠡᠬᠦ ᠳᠤ ᠬᠦᠴᠢᠷ︾ 385384 ᠢᠵᠢ ᠭᠡᠷ ᠪᠠᠶᠢᠰᠢᠩ ᠢ ᠰᠢᠢᠳᠪᠦᠷᠢᠯᠡᠪᠡ᠃ ᠰᠢᠨ᠎ᠡ ᠬᠤᠲᠠ ᠲᠣᠭᠤᠷᠢᠭ ᠤᠨ 5 ᠺᠢᠯᠣᠮᠧᠳ᠋ᠷ ᠪᠣᠷᠣᠭᠠᠨ ᠤ ᠤᠰᠤᠨ ᠤ ᠬᠤᠭᠤᠯᠠᠢ ᠶᠢ ᠰᠢᠨ᠎ᠡ ᠪᠠᠷ ᠪᠠᠶᠢᠭᠤᠯᠵᠤ᠂ ᠬᠠᠭᠤᠴᠢᠨ ᠬᠤᠲᠠ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢᠨ ᠢᠨᠵᠧᠨᠧᠷᠢᠩ ᠢ ᠡᠬᠢᠯᠡᠨ ᠪᠠᠶᠢᠭᠤᠯᠤᠨ᠎ᠠ᠃ 5 . 62 ᠲᠦᠮᠡᠨ ᠮᠦ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠪᠡ᠃ ᠮᠤᠵᠢ ᠶᠢᠨ ᠵᠠᠮ ᠤᠨ 223 ᠱᠤᠭᠤᠮ ᠤᠨ ᠰᠢᠩ ᠾᠧ ᠠᠴᠠ ᠱᠠᠩᠳᠤ ᠬᠦᠷᠬᠦ ᠬᠡᠰᠡᠭ ᠪᠦᠬᠦ ᠱᠤᠭᠤᠮ ᠢᠶᠠᠷ ᠲᠡᠷᠭᠡ ᠨᠡᠪᠲᠡᠷᠡᠪᠡ᠃ 3 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠵᠦ᠂ ᠬᠥᠳᠡᠭᠡ ᠲᠣᠰᠬᠤᠨ ᠤ 11348 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠪᠠ᠃      ︵ᠵᠢᠷᠭᠤᠭ᠎ᠠ︶ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠪᠥᠬᠦ ᠵᠢᠯ ᠤᠨ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ 23 . 5 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 79 . 3 %᠎ ᠶᠢ ᠡᠵᠡᠯᠡᠪᠡ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠰᠤᠷᠭᠠᠭᠤᠯᠢ ᠡᠷᠬᠢᠯᠡᠬᠦ ᠵᠠᠭᠪᠤᠷ ᠰᠢᠨ᠎ᠡ ᠶᠢ ᠡᠭᠦᠳᠴᠦ᠂ ᠹᠧᠩ ᠬᠤᠸᠠ ᠳᠤᠮᠳᠠᠳᠤ ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ ᠪᠠᠶᠢᠭᠤᠯᠤᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ᠪᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠵᠣᠬᠢᠴᠠᠭᠤᠯᠤᠨ ᠠᠬᠢᠭᠤᠯᠪᠠ᠃ ᠳ᠋ᠠ ᠮᠧᠶ ᠰᠢᠩ ᠲᠥᠪ ᠲᠧᠯᠸᠢᠰ ᠤᠨ ︽ᠬᠥᠳᠡᠭᠡ ᠲᠣᠰᠬᠤᠨ ᠤ ᠲᠣᠮᠣ ᠲᠠᠪᠴᠠᠩ︾᠎ ᠢ ᠳᠠᠭᠤᠯᠠᠪᠠ᠃ ᠴᠠᠩ ᠴᠤᠸᠠᠨ ᠤ ᠡᠷᠲᠡᠨ ᠤ ᠬᠤᠲᠠ ᠪᠠ ᠳᠠᠯᠠᠨ ᠬᠠᠷ᠎ᠠ ᠠᠭᠤᠯᠠ ᠶᠢᠨ ᠬᠠᠳᠠᠨ ᠰᠡᠶᠢᠯᠦᠮᠡᠯ ᠤᠨ ᠳᠠᠩᠰᠠ ᠡᠪᠬᠡᠮᠡᠯ ᠢ ᠪᠠᠶᠢᠭᠤᠯᠵᠤ ᠳᠠᠭᠤᠰᠬᠠᠪᠠ᠃ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ︽ᠳᠣᠯᠣᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠲᠣᠬᠢᠲᠠᠢ ᠰᠢᠢᠳᠪᠦᠷᠢᠯᠡᠪᠡ᠃ ᠱᠠᠰᠢᠨ ᠰᠤᠷᠲᠠᠬᠤᠨ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠯ ᠤᠨᠲᠠᠷᠠᠭᠠᠬᠤ᠂ ᠭᠠᠵᠠᠷ ᠬᠥᠳᠡᠯᠦᠯᠲᠡ᠂ ᠴᠠᠭ ᠠᠭᠤᠷ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠲᠤᠭ᠎ᠠ ᠪᠦᠷᠢᠳᠬᠡᠯ᠂ ᠠᠮᠤ ᠪᠤᠳᠠᠭ᠎ᠠ᠂ ᠬᠠᠩᠭᠠᠨ ᠪᠣᠷᠣᠯᠠᠭᠤᠯᠭ᠎ᠠ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠣᠨ ᠦᠢᠯᠡᠰ ᠵᠡᠷᠭᠡ ᠠᠵᠢᠯ ᠳᠤ ᠢᠯᠡᠳᠲᠡ ᠦᠷ᠎ᠡ ᠪᠦᠲᠦᠮᠵᠢ ᠣᠯᠪᠠ᠃      ︵ᠳᠣᠯᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠤᠯᠤᠰ ᠲᠥᠷᠥ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠥᠷᠪᠡᠨ ᠤᠬᠠᠮᠰᠠᠷ︾᠎ ᠢᠶᠠᠨ ᠤᠯᠠᠮ ᠨᠢᠭᠡ ᠠᠯᠬᠤᠮ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠪᠣᠯᠤᠨ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠢᠯᠡᠳᠲᠡ ᠳᠡᠭᠡᠭᠰᠢᠯᠡᠪᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾᠎ ᠢ ᠰᠢᠨᠲᠠᠷᠠᠰᠢ ᠦᠭᠡᠢ ᠴᠡᠭᠴᠡᠯᠡᠨ ᠵᠠᠰᠠᠪᠠ᠃ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠪᠥᠬᠦ ᠶᠠᠪᠤᠴᠠ ᠳᠤ ᠣᠷᠣᠯᠠᠨ ᠭᠦᠶ᠋ᠴᠡᠳᠬᠡᠬᠦ︾᠎ ᠶᠢ ᠬᠡᠷᠡᠭᠵᠢᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠵᠠᠭᠠᠯᠳᠤᠯᠭ᠎ᠠ ᠶᠢ ᠴᠠᠭ ᠲᠤᠬᠠᠶ ᠳᠤᠨᠢ ᠭᠥᠯᠢᠶᠡᠨ ᠠᠪᠴᠤ ᠰᠢᠶ᠋ᠳᠪᠦᠷᠢᠯᠡᠨ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠪᠠᠷᠢᠮᠵᠢᠶᠠᠵᠢᠭᠤᠯᠵᠤ ᠵᠢᠷᠤᠮᠵᠢᠭᠤᠯᠬᠤ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠪᠠ᠃ ᠲᠥᠷᠥᠯ ᠵᠦᠢᠯ ᠢ ᠬᠢᠨᠠᠨ ᠲᠣᠭᠲᠠᠭᠠᠬᠤ ᠶᠢ ᠴᠢᠩᠭᠠᠳᠬᠠᠵᠤ᠂ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠵᠢᠯ ᠤᠨ ᠳᠣᠲᠣᠷ᠎ᠠ 1 . 22 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠬᠢᠨᠠᠨ ᠬᠠᠰᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ᠂ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠭᠦᠢᠴᠡᠳᠬᠡᠵᠦ ᠳᠠᠭᠤᠰᠬᠠᠭᠰᠠᠨ ᠨᠣᠷᠮ᠎ᠠ 100 %᠎ ᠳᠤ ᠬᠥᠷᠪᠡ᠃      ᠲᠥᠯᠥᠭᠡᠯᠡᠭᠴᠢᠳ ᠡ︕ 2020 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠃ ᠥᠩᠭᠡᠷᠡᠭᠰᠡᠨ ᠲᠠᠪᠤᠨ ᠵᠢᠯ ᠳᠤ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠢᠳᠡᠪᠬᠢᠲᠡᠢ ᠵᠠᠮᠨᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠦᠨᠳᠦᠰᠦᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠪᠡ᠃ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 5 . 7 % ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 2 . 89 % ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠵᠢᠯ ᠪᠦᠷᠢ ᠳᠤᠮᠳᠠᠴᠢ ᠪᠠᠷ 3 . 2 % ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠢᠯ ᠪᠦᠷᠢ ᠳᠤᠮᠳᠠᠴᠢ ᠪᠠᠷ ᠲᠤᠰ ᠲᠤᠰ 6 . 8 % ᠪᠠ 9 % ᠨᠡᠮᠡᠭᠳᠡᠪᠡ᠃ ᠭᠤᠷᠪᠠᠨ ᠠᠵᠤ ᠦᠢᠯᠡᠰ ᠤᠨ ᠬᠤᠪᠢ ᠶᠢᠨ ᠵᠢᠩ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 18 ᠄ 41᠄ 41 ᠪᠠᠶᠢᠭᠰᠠᠨ ᠠᠴᠠ ᠪᠠᠨ 22᠄ 25᠄ 53 ᠪᠣᠯᠪᠠ᠃ ᠠᠮᠤ ᠪᠤᠳᠠᠭᠠᠨ ᠤ ᠦᠢᠯᠡᠳᠪᠦᠷᠢᠯᠡᠯ ᠲᠠᠪᠤᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠠᠶ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠠᠯᠬᠤᠮ ᠠᠯᠬᠤᠮ ᠢᠶᠠᠷ ᠬᠥᠭᠵᠢᠨ ᠪᠤᠵᠠᠭᠠᠶᠢᠷᠠᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠠᠷᠢᠯᠢᠭ ᠣᠨᠣᠴᠠᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠲᠠᠶᠢᠨ︾᠎ ᠢ ᠪᠡᠶᠡᠯᠡᠭᠦᠯᠪᠡ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠪᠠ ᠥᠪᠡᠷᠲᠡᠭᠡᠨ ᠵᠠᠰᠠᠬᠤ ᠣᠷᠣᠨ ᠤ ᠴᠡᠴᠡᠷᠯᠢᠭ᠂ ᠪᠣᠯᠪᠠᠰᠤᠨ᠂ ᠢᠳᠡᠭᠡᠨ ᠤ ᠠᠮᠤᠷ ᠲᠦᠪᠰᠢᠨ ᠤ ᠰᠢᠶᠠᠨ ᠤ ᠬᠤᠲᠠ ᠶ᠋᠊ ‍ᠢ‌ᠠᠮᠵᠢᠯᠲᠠ ᠲᠠᠢ ᠡᠭᠦᠳᠦᠨ ᠪᠠᠶᠢᠭᠤᠯᠪᠠ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠲᠦᠷᠦ ᠶᠢᠨ ᠶᠠᠪᠤᠳᠠᠯ ᠤᠨ ᠬᠤᠷᠢᠶᠠᠨ ᠤ ᠵᠣᠷᠢᠭᠵᠢᠭᠤᠯᠤᠯ ᠰᠠᠶᠢᠰᠢᠶᠠᠯ ᠢ ᠤᠯᠪᠠ᠃ ᠠᠷᠠᠳ ᠤᠨ ᠠᠮᠢᠳᠤᠷᠠᠯ ᠤᠨ ᠦᠢᠯᠡᠰ ᠲᠤ ᠨᠡᠶᠢᠲᠡ 106 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠰᠢᠨ᠎ᠡ ᠳᠡᠭᠡᠭᠰᠢᠯᠡᠯᠲᠡ ᠲᠠᠢ ᠪᠣᠯᠪᠠ᠃ ᠠᠵᠤ ᠠᠬᠤᠢ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃    ᠲᠥᠯᠥᠭᠡᠯᠡᠭᠴᠢᠳ ᠡ︕ ᠪᠦᠬᠦ ᠰᠢᠶᠠᠨ ᠤ ᠳᠡᠭᠡᠳᠦ ᠲᠤᠤᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠴᠢᠨᠠᠷᠲᠠᠢ ᠠᠮᠵᠢᠯᠲᠠ ᠣᠯᠵᠤ᠂ ᠪᠢᠳᠡᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠬᠦ ᠳᠤ ᠴᠢᠬᠤᠯᠠ ᠰᠠᠭᠤᠷᠢ ᠲᠠᠯᠪᠢᠵᠤ ᠥᠭᠴᠡᠢ᠃ ᠮᠠᠨ ᠤ ᠣᠯᠤᠭᠰᠠᠨ ᠠᠮᠵᠢᠯᠲᠠ ᠪᠦᠬᠦᠨ ᠪᠣᠯ ᠴᠥᠮ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠵᠦ᠂ ᠰᠢᠨ᠎ᠡ ᠶᠢ ᠡᠭᠦᠳᠦᠨ ᠪᠣᠳᠠᠲᠠᠢ ᠠᠵᠢᠯᠯᠠᠭᠰᠠᠨ ᠤ ᠦᠷ᠎ᠡ ᠳ᠋ᠦᠩ ᠮᠥᠨ᠃ ᠠᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠂ ᠬᠥᠭᠵᠢᠭᠦᠯᠦᠨ ᠮᠠᠨᠳᠤᠭᠤᠯᠬᠤ ᠪᠠ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠵᠦ ᠣᠷᠣᠯᠴᠠᠭᠰᠠᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕     ᠠᠮᠵᠢᠯᠲᠠ ᠪᠠᠨ ᠨᠤᠲᠠᠯᠠᠬᠤ ᠶᠢᠨ ᠵᠡᠷᠭᠡ ᠪᠠᠷ᠂ ᠪᠢᠳᠡ ᠪᠠᠰᠠ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠳᠤᠲᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠪᠦᠲᠦᠴᠡ ᠰᠢᠯᠢᠳᠡᠭ ᠪᠢᠰᠢ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠠᠭᠤᠷᠠᠢ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠥᠷᠢᠲᠦᠯ ᠨᠡᠯᠢᠶᠡᠳ ᠤᠯᠠᠨ ᠪᠠᠶᠢᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠯᠦᠭᠡ ᠮᠠᠰᠢ ᠶᠡᠭᠡ ᠵᠦᠷᠢᠶ᠎ᠡ ᠲᠠᠢ ᠪᠠᠶᠢᠨ᠎ᠠ︔ ᠵᠠᠰᠠᠭ ᠤᠨ ᠣᠷᠳᠣᠨ ᠤ ᠦᠢᠯᠡᠴᠢᠯᠡᠭᠡᠨ ᠤ ᠴᠢᠳᠠᠪᠤᠷᠢ ᠥᠨᠳᠥᠷ ᠪᠢᠰᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠᠲᠠᠶ ᠪᠠᠶᠢᠬᠤ ᠵᠡᠷᠭᠡ ᠪᠣᠯᠤᠨ᠎ᠠ᠃ ᠡᠳᠡᠭᠡᠷ ᠢ ᠪᠢᠳᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠢ ᠠᠷᠭ᠎ᠠ  ᠬᠡᠮᠵᠢᠶ᠎ᠡ ᠠᠪᠴᠤ ᠪᠠᠶᠢᠭᠠᠳ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃      ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ      ᠰᠢᠶᠠᠨ ᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾᠎ ᠶᠢ ᠦᠨᠳᠦᠰᠦᠯᠡᠨ᠂ ᠪᠢᠳᠡ ︽ᠰᠢᠩ ᠾᠧ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾᠎ ᠶᠢ ᠨᠠᠶᠢᠷᠠᠭᠤᠯᠤᠨ ᠵᠣᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠲᠣᠳᠣᠷᠬᠠᠶᠢᠯᠠᠵᠤ᠂ ᠠᠯᠢ ᠣᠯᠠᠨ ᠭᠤᠤᠯᠳᠠᠯᠭ᠎ᠠ ᠲᠠᠢ ᠡᠭᠦᠷᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠲᠣᠰ ᠤᠳᠠᠭ᠎ᠠ ᠶᠢᠨ ᠶᠡᠭᠡ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠪᠡ᠃      ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠳᠤ᠂ ᠪᠢᠳᠡ ᠲᠠᠪᠤᠨ ᠲᠠᠯ᠎ᠠ ᠶᠢᠨ ᠴᠢᠭᠯᠡᠯᠲᠦ ᠴᠢᠨᠠᠷᠲᠠᠶ ᠱᠠᠭᠠᠷᠳᠠᠯᠭ᠎ᠠ ᠶᠢ ᠪᠠᠲᠤ ᠡᠵᠡᠮᠳᠡᠬᠦ ᠬᠡᠷᠡᠭᠲᠡᠶ᠄ ᠨᠢᠭᠡ ᠳᠤ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠢ ᠠᠯᠢᠪᠠ ᠠᠵᠢᠯ ᠤᠨ ᠢᠶᠠᠨ ᠵᠣᠷᠢᠯᠲᠠ ᠪᠠ ᠲᠤᠰᠤᠯᠳᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠨᠡᠶᠢᠭᠡᠮ ᠤᠨ ᠦᠢᠯᠡᠰ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ ᠨᠡᠩ ᠤᠬᠠᠮᠰᠠᠷ ᠠᠴᠠ ᠪᠠᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠨᠡᠩ ᠭᠤᠣᠯᠴᠢ ᠪᠠᠷ ᠪᠦᠬᠦ ᠠᠷᠠᠳ ᠲᠦᠮᠡᠨ ᠳᠤ ᠬᠦᠷᠲᠡᠭᠡᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠬᠤ ᠬᠡᠷᠡᠭᠲᠡᠢ᠃ ᠲᠣᠭᠠᠴᠢᠯᠠᠭᠰᠠᠨ ᠡᠨᠧᠷᠭᠢ ᠣᠯᠭᠤᠬᠤ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠳᠣᠪᠤᠶᠢᠯᠭᠠᠨ᠂ ᠤᠯᠠᠮᠵᠢᠯᠠᠯᠲᠤ ᠭᠤᠤᠯᠯᠠᠬᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠤᠶᠢᠵᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠣᠯᠤᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ︽ᠭᠤᠷᠪᠠᠨ ᠠᠵᠢᠯ︾᠎ ᠢ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠳᠤ ᠰᠡᠷᠭᠦᠨ ᠮᠠᠨᠳᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ᠃ ᠭᠤᠷᠪᠠ ᠳᠤ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠬᠤ ᠬᠡᠷᠡᠭᠲᠡᠢ᠃ ᠪᠡᠭᠡᠵᠢᠩ ᠲᠢᠶᠠᠨᠵᠢᠨ ᠾᠧᠪᠸᠢ᠂ ᠤᠯᠠᠭᠠᠨᠴᠠᠪ ᠳ᠋ᠠ ᠲᠥᠩ ᠴᠢᠭᠤᠯᠤᠯᠲᠤ ᠬᠠᠭᠠᠯᠭ᠎ᠠ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠠᠵᠠ ᠲᠣᠬᠢᠶᠠᠯ ᠢ ᠵᠠᠪᠳᠤᠨ ᠠᠳᠬᠤᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠶ᠂ ᠪᠥᠬᠦ ᠨᠡᠶᠢᠭᠡᠮ ᠤᠨ ᠢᠳᠡᠪᠬᠢᠵᠢᠯ ᠢ ᠳᠠᠶᠢᠴᠢᠯᠠᠬᠤ ᠳᠤ ᠠᠰᠢᠭᠲᠠᠶ ᠴᠢᠬᠤᠯᠠ ᠶᠡᠭᠡ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠳᠥᠷᠪᠡ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠬᠤ ᠬᠡᠷᠡᠭᠲᠡᠶ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠰᠢᠰᠲ᠋ᠧᠮ ᠲᠠᠢ ᠠᠬᠢᠭᠤᠯᠵᠤ᠂ ᠠᠮᠤᠷ ᠲᠦᠪᠰᠢᠨ ᠬᠥᠭᠵᠢᠯᠲᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ ᠪᠣᠯᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠨᠠᠩ ᠴᠢᠨᠠᠷ ᠰᠠᠶᠢᠲᠠᠶ᠂ ᠨᠠᠩ ᠥᠨᠳᠥᠷ ᠲᠦᠪᠰᠢᠨ ᠪᠥᠬᠦᠶ ︽ᠠᠮᠤᠷ ᠠᠮᠤᠭᠤᠯᠠᠩ ᠬᠥᠭᠵᠢᠯ ᠪᠠᠳᠠᠷᠠᠯ︾᠎ ᠢ ᠪᠠᠶᠢᠭᠤᠯᠤᠨ᠎ᠠ᠃ ᠲᠠᠪᠤ ᠳᠤ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠶᠢ ᠪᠠᠷᠢᠮᠲᠠᠯᠠᠬᠤ ᠬᠡᠷᠡᠭᠲᠡᠢ᠃ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠬᠤ ᠡᠷᠡᠰ ᠵᠣᠷᠢᠭ ᠢᠶᠠᠨ ᠪᠠᠲᠤᠳᠬᠠᠵᠤ᠂ ᠰᠢᠨᠲᠠᠷᠠᠰᠢ ᠦᠭᠡᠢ ᠲᠡᠮᠡᠴᠡᠨ᠂ ᠯᠠᠪᠳᠠᠭᠤᠨ ᠪᠠᠲᠤᠲᠠᠢ ᠠᠵᠢᠯᠯᠠᠵᠤ᠂ ᠡᠯ᠎ᠡ ᠵᠦᠢᠯ ᠤᠨ ᠠᠵᠢᠯ ᠢᠶᠠᠨ ᠴᠢᠷᠮᠠᠶᠢᠨ ᠬᠢᠵᠦ᠂ ᠠᠵᠤ ᠠᠬᠤᠢ ᠨᠡᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ      ᠲᠥᠯᠥᠭᠡᠯᠡᠭᠴᠢᠳ ᠡ︕ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠤᠳᠠᠯ ᠦᠭᠡᠢ ᠡᠬᠢᠯᠡᠬᠦ ᠪᠣᠯᠤᠯ᠎ᠠ᠂ ᠪᠢᠳᠠ ᠵᠠᠪᠠᠯ ᠢᠯᠠᠬᠤ ᠢᠲᠡᠭᠡᠯ ᠵᠣᠷᠢᠭ ᠢ ᠪᠤᠢ ᠪᠣᠯᠭᠠᠵᠤ᠂ ᠪᠦᠯᠬᠦᠮᠳᠡᠨ ᠨᠢᠭᠡᠳᠴᠦ᠂ ᠰᠢᠷᠭᠠᠭᠤ ᠬᠠᠲᠠᠭᠤᠵᠢᠯᠲᠠᠢ ᠠᠵᠢᠯᠯᠠᠳᠠᠭ ᠯᠠ ᠶᠤᠮ ᠪᠣᠯ ᠯᠠᠪᠲᠠᠢ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠠᠤᠭ᠎ᠠ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠰᠡᠷᠭᠦᠨ ᠮᠠᠨᠳᠤᠯᠲᠠ ᠪᠠ ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠪᠢᠴᠢᠭᠯᠡᠵᠦ᠂ 2035 ᠣᠨ ᠪᠣᠯᠬᠤ ᠳᠤ ᠪᠦᠬᠦ ᠤᠯᠤᠰ ᠲᠠᠢ ᠬᠠᠮᠲᠤ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ ᠴᠢᠳᠠᠨ᠎ᠠ︕      ᠭᠤᠷᠪᠠ᠂ 2021 ᠣᠨ ᠤ ᠬᠠᠷᠠᠯᠲᠠ ᠡᠭᠦᠷᠭᠡ ᠪᠠ ᠠᠵᠢᠯ ᠤᠨ ᠭᠤᠤᠯᠳᠠᠯᠭ᠎ᠠ      ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ ᠂ 2021 ᠣᠨ ᠤ ᠵᠠᠰᠠᠭ ᠤᠨ ᠣᠷᠳᠣᠨ ᠤ ᠠᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠬᠡᠷᠡᠭᠲᠡᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠶᠠᠳᠤᠭᠠᠷ ᠬᠤᠷᠠᠯ ᠢ ᠪᠥᠬᠦ ᠲᠠᠯ᠎ᠠ ᠪᠠᠷ ᠲᠤᠭᠤᠰᠢᠯᠠᠭᠤᠯᠪᠠ᠂ ᠭᠤᠷᠪᠠᠳᠤᠭᠠᠷ ᠳᠤᠮᠳᠠᠳᠤ ᠰᠤᠷᠭᠠᠭᠤᠯᠢ ᠂ ᠳᠥᠷᠪᠡᠳᠦᠭᠡᠷ ᠳᠤᠮᠳᠠᠳᠤ ᠰᠤᠷᠭᠠᠭᠤᠯᠢ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠎ ᠶᠢᠨ ᠲᠣᠭᠤᠷᠢᠨ ᠳᠤ᠂ ︽ᠬᠤᠶᠠᠷ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠤᠨ᠎ᠠ᠂ ︽ᠨᠢᠭᠡ ᠬᠥᠭᠦᠷᠭᠡᠨ ᠪᠠᠬᠢᠯᠡᠯᠲᠡ︾᠎ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠶᠣᠰᠣᠭᠠᠷ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯᠳᠤᠭᠠᠨ᠂ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠣᠷᠢᠭ ᠰᠠᠨᠠᠭ᠎ᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠶ᠎ᠠ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠶ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠎ᠠ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ︽ᠳᠥᠷᠪᠡᠨ ᠰᠠᠭᠤᠷᠢᠨ ᠭᠠᠵᠠᠷ︾᠎ ᠢ ᠬᠦᠴᠦᠯᠡᠨ ᠪᠠᠶᠢᠭᠤᠯᠤᠨ᠎ᠠ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠭᠤᠶᠢᠪᠢᠰᠢ ᠦᠭᠡᠢ ᠪᠠᠷᠢᠮᠲᠠᠯᠠᠨ᠎ᠠ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ᠃      2021 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠤᠶᠢᠯᠳᠪᠤᠷᠢᠯᠡᠯ ᠤᠨ ᠶᠡᠷᠦᠩᠬᠡᠶ ᠥᠷᠲᠡᠭ ᠢ 8 % ᠣᠷᠴᠢᠮ ᠨᠡᠮᠡᠭᠳᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 17 % ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠢ 7 % ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 9 % ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 7 % ᠪᠠ 9 % ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ ᠳᠡᠩᠰᠡᠯᠡᠨ ᠲᠡᠮᠳᠡᠭᠯᠡᠭᠦᠯᠦᠭᠰᠡᠨ ᠠᠵᠢᠯ ᠠᠯᠳᠠᠯᠲᠠ ᠶᠢᠨ ᠨᠣᠷᠮ᠎ᠠ ᠶᠢ 4 . 5 %᠎ ᠶᠢᠨ ᠳᠣᠲᠣᠷ᠎ᠠ ᠬᠢᠵᠠᠭᠠᠷᠯᠠᠵᠤ᠂ ᠨᠢᠭᠡᠴᠢ GDP᠎ ᠶᠢᠨ ᠡᠨᠧᠷᠭᠢ ᠶᠢᠨ ᠬᠤᠷᠣᠭᠳᠠᠯ ᠢ 3 . 2 %᠎ ᠢᠶᠠᠷ ᠪᠠᠭᠤᠷᠠᠭᠤᠯᠤᠨ᠎ᠠ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠳᠦᠷᠪᠡᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄     ︵ᠨᠢᠭᠡ︶ ︽ᠳᠥᠷᠪᠡᠨ ᠰᠠᠭᠤᠷᠢᠨ ᠭᠠᠵᠠᠷ︾᠎ ᠢ ᠴᠣᠭᠴᠠᠯᠠᠬᠤ ᠶᠢᠨ ᠲᠣᠭᠤᠷᠢᠨ ᠳᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠴᠢᠨᠠᠷ ᠰᠠᠶᠢᠲᠠᠢ ᠬᠥᠭᠵᠢᠯᠲᠡ ᠶᠢ ᠴᠥᠬᠦᠷᠡᠰᠢ ᠦᠭᠡᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠪᠠ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ᠃ ᠡᠨᠡ ᠵᠢᠯ ᠪᠢᠳᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠪᠠᠲᠤᠯᠠᠭ᠎ᠠ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠨᠡᠮᠡᠭᠳᠡᠭᠦᠯᠬᠦ ᠪᠠᠷ ᠭᠠᠷᠳᠠᠴᠠ ᠪᠣᠯᠭᠠᠵᠤ᠂ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠲᠤᠯᠭᠠᠭᠤᠷᠢᠯᠠᠯ ᠪᠣᠯᠭᠠᠵᠤ᠂ ︽ᠲᠦᠷᠪᠡᠨ ᠰᠠᠭᠤᠷᠢᠨ︾᠎ ᠢ ᠬᠦᠴᠦᠯᠡᠨ ᠴᠣᠭᠴᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠠᠶᠢᠨ ᠡᠬᠢᠯᠡᠯᠲᠡ ᠲᠠᠢ ᠪᠣᠯᠭᠠᠵᠤ᠂ ᠰᠠᠶᠢᠨ ᠭᠠᠷᠤᠭ᠎ᠠ ᠠᠪᠬᠤ ᠬᠡᠷᠡᠭᠲᠡᠢ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠡᠬᠢᠯᠡᠯᠲᠡ ᠶᠢᠨ ᠵᠢᠯ ᠤᠨ ᠠᠵᠤ ᠠᠬᠤᠶ ᠶᠢᠨ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢᠨ ᠬᠠᠮᠲᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠪᠣᠯᠭᠠᠬᠤ ᠬᠡᠷᠡᠭᠲᠡᠶ ᠃ ᠡᠨᠡ ᠵᠢᠯ᠂ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠣᠨ︾᠎ ᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ︽ᠣᠷᠣᠨ ᠨᠤᠲᠤᠭ ᠢ ᠰᠠᠶᠢᠲᠤᠷ ᠡᠷᠬᠢᠯᠡᠬᠦ᠂ ᠤᠴᠢᠷ ᠶᠠᠪᠤᠳᠠᠯ ᠢ ᠰᠠᠶᠢᠲᠤᠷ ᠰᠢᠢᠳᠪᠦᠷᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ ︽ᠳᠡᠯᠭᠡᠭᠦᠷ ᠤᠨ ᠬᠤᠶᠠᠳᠤᠭᠠᠷ︾᠎ ᠢ ᠰᠠᠶᠢᠲᠤᠷ ᠬᠢᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ᠂ ᠰᠢᠯᠢᠳᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠠᠬᠢᠭᠤᠯᠤᠨ᠂ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠪᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠦᠨ᠎ᠡ᠃ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾᠎ ᠶᠢ ᠭᠦᠨᠵᠡᠭᠡᠶᠢᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠠᠷᠠᠯᠲᠠᠲᠤ ᠬᠢᠨᠠᠨ ᠰᠢᠯᠭᠠᠬᠤ ᠰᠢᠰᠲ᠋ᠧᠮ ᠢ ᠪᠠᠶᠢᠭᠤᠯᠵᠤ᠂ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭ᠎ᠠ ᠶᠢ ᠴᠢᠬᠤᠯᠠᠴᠢᠯᠠᠬᠤ᠂ ᠬᠤᠳᠠᠯᠳᠤᠭ᠎ᠠ ᠶᠢ ᠲᠣᠭᠲᠠᠪᠤᠷᠢᠵᠢᠭᠤᠯᠬᠤ᠂ ᠬᠤᠳᠠᠯᠳᠤᠭᠠᠴᠢᠨ ᠢ ᠪᠠᠶᠠᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠣᠨ ᠨᠤᠲᠤᠭ ᠤᠨ ᠠᠵᠤ ᠠᠬᠤᠶᠢᠯᠠᠯ ᠳᠤ ᠦᠢᠯᠡᠴᠢᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠤᠷᠢᠯᠡᠨ᠎ᠡ᠃ ᠴᠢᠬᠤᠯᠠ ᠶᠡᠭᠡ ᠲᠥᠷᠥᠯ  ᠵᠤᠶᠢᠯ ᠢ ᠤᠳᠤᠷᠢᠳᠤᠨ ᠳᠠᠭᠠᠭᠠᠴᠢᠯᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ᠂ ᠠᠵᠢᠯᠴᠢᠨ ᠬᠡᠷᠡᠭᠯᠡᠬᠦ᠂ ᠪᠠᠷᠠᠭᠠᠨ ᠤ ᠭᠦᠢᠯᠭᠡᠭᠡ ᠵᠡᠷᠭᠡ ᠪᠣᠳᠠᠲᠠᠶ ᠬᠦᠴᠢᠷᠳᠡᠯ ᠢ ᠰᠠᠶᠢᠲᠤᠷ ᠰᠢᠢᠳᠪᠤᠷᠢᠯᠡᠨ᠎ᠡ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠨᠡᠮᠡᠭᠳᠡᠭᠦᠯᠦᠨ᠎ᠡ᠃ ︽ᠳᠣᠲᠣᠷ ᠲᠠᠮᠢᠷ︾᠎ ᠢ ᠪᠣᠯᠪᠠᠰᠤᠷᠠᠭᠤᠯᠬᠤ ᠪᠠ ︽ᠤᠷᠠᠨ ᠢᠶᠠᠷ ᠭᠠᠳᠠᠭᠠᠳᠤ ᠬᠦᠴᠦᠨ ᠢ ᠠᠰᠢᠭᠯᠠᠬᠤ︾᠎ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠪᠡᠭᠡᠵᠢᠩ ᠲᠢᠶᠠᠨᠵᠢᠨ ᠾᠧᠪᠧᠶ᠂ ᠤᠯᠠᠭᠠᠨᠴᠠᠪ ᠳ᠋ᠠ ᠲᠥᠩ ᠴᠢᠭᠤᠯᠤᠯᠲᠤ ᠬᠠᠭᠠᠯᠭ᠎ᠠ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠲᠤᠷᠠᠯᠴᠠᠭᠠᠨ ᠤ ᠣᠷᠣᠨ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠨᠠᠷᠢᠯᠢᠭ ᠪᠣᠳᠠᠲᠠᠶ ᠬᠢᠨ᠎ᠠ᠃ ︽ᠪᠦᠬᠦ ᠠᠵᠢᠯᠲᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠣᠨ︾᠎ ᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠶᠢᠨ ᠰᠢᠨ᠎ᠡ ᠶᠢ ᠡᠭᠦᠳᠴᠦ᠂ ︽ᠲᠤᠰᠬᠠᠶ ᠠᠩᠭᠢ + ᠬᠦᠷᠢᠶᠡᠯᠡᠩ ᠲᠣᠭᠤᠷᠢᠭ︾᠂ ︽ᠬᠠᠷᠠᠯᠲᠠ + ᠬᠢᠨᠠᠨ ᠰᠢᠯᠭᠠᠯᠲᠠ︾᠎ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠣᠭᠲᠠᠴᠠ ᠶᠢ ᠪᠠᠶᠢᠭᠤᠯᠵᠤ᠂ ᠠᠯᠢᠪᠠ ᠬᠦᠴᠦᠨ ᠢ ᠳᠠᠶᠢᠴᠢᠯᠠᠵᠤ᠂ ᠠᠯᠢᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠯᠢᠪᠠ ᠳᠠᠯᠳᠠ ᠬᠦᠴᠦᠨ ᠢ ᠠᠭᠤᠳᠠᠯᠵᠤ᠂ ᠠᠯᠢᠪᠠ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ᠂ ᠶᠡᠭᠡ ᠤᠷᠢᠵᠤ ᠬᠦᠴᠦᠷᠬᠡᠭ ᠪᠣᠯᠭᠠᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠰᠢᠶᠠᠨ ᠤ ᠱᠠᠲᠤᠨ ᠤ ᠤᠳᠤᠷᠢᠳᠤᠯᠭ᠎ᠠ ᠪᠣᠯᠤᠨ ᠠᠵᠤ ᠠᠬᠤᠶ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠰᠠᠷ᠎ᠠ ᠪᠦᠷᠢ ᠴᠥᠮ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ᠂ ᠭᠡᠷ᠎ᠡ ᠲᠣᠭᠲᠠᠭᠰᠠᠨ ᠨᠣᠷᠮ᠎ᠠ ᠶᠢ 100 %᠎ ᠳᠤ ᠬᠦᠷᠦᠭᠦᠯᠬᠦ ᠶᠢᠨ ᠬᠠᠮᠲᠤ ᠠᠵᠢᠯ ᠡᠬᠢᠯᠡᠭᠦᠯᠬᠦ ᠥᠨᠳᠥᠷ ᠨᠣᠷᠮ᠎ᠠ ᠶᠢ ᠪᠡᠶᠡᠯᠡᠭᠦᠯᠬᠦ ᠬᠡᠷᠡᠭᠲᠡᠶ᠃      ᠪᠣᠬᠢᠷᠲᠤᠯ ᠥᠬᠡᠶ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠨᠡᠶᠢᠰᠯᠡᠯ ᠳᠤ ᠬᠠᠨᠳᠤᠭᠤᠯᠤᠭᠰᠠᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠪᠠ ᠠᠮᠤ ᠪᠤᠳᠠᠭᠠᠨ ᠤ ᠶᠡᠷᠦᠩᠬᠡᠢ ᠤᠨᠠᠯᠲᠠ ᠶᠢᠨ ᠨᠡᠮᠡᠭᠳᠡᠬᠦ ᠠᠴᠠ ᠪᠢᠰᠢ ᠬᠠᠰᠤᠭᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠤᠰᠤ ᠪᠠᠷ ᠤᠨᠠᠯᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ ᠶᠢ ᠪᠠᠷᠢᠮᠲᠠᠯᠠᠨ᠂ ᠣᠷᠭᠠᠨᠢᠭ ᠬᠠᠭᠤᠷᠠᠶ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠵᠢᠯ ᠤᠨ ᠳᠣᠲᠣᠷ᠎ᠠ ︽ᠤᠰᠤ ᠶᠢ ᠬᠠᠭᠤᠷᠠᠶ ᠪᠠᠷ ᠥᠭᠡᠷᠡᠴᠢᠯᠡᠬᠦ︾᠎ ᠶᠢ 5 . 15 ᠲᠦᠮᠡᠨ ᠮᠤ᠋ ᠪᠡᠶᠡᠯᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 5 . 8 ᠲᠦᠮᠡᠨ ᠮᠤ᠋ ᠪᠦᠲᠦᠭᠡᠨ ᠪᠠᠶᠢᠭᠤᠯᠤᠨ᠎ᠠ᠃ ᠬᠠᠭᠤᠷᠠᠶ ᠪᠠᠷ ᠳᠠᠷᠢᠬᠤ ᠲᠥᠮᠥᠰᠥ᠂ ᠨᠣᠬᠠᠶ ᠶᠢᠨ ᠬᠤᠰᠢᠭᠤ ᠶᠢᠨ ᠡᠯᠳᠡᠪ ᠠᠮᠤ ᠪᠤᠷᠴᠠᠭ ᠢ ᠶᠡᠬᠡᠪᠡᠷ ᠳᠡᠯᠭᠡᠷᠡᠭᠦᠯᠵᠦ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠬᠡᠪᠴᠢᠶᠡᠵᠢᠭᠦᠯᠦᠨ ᠬᠥᠭᠵᠢᠭᠦᠯᠵᠦ᠂ ᠳᠠᠷᠢᠬᠤ ᠲᠠᠯᠠᠪᠠᠶ ᠶᠢ ᠲᠣᠰ ᠲᠣᠰ 40 ᠲᠦᠮᠡᠨ ᠮᠥ᠂ 40 ᠲᠦᠮᠡᠨ ᠮᠥ᠂ 10 ᠲᠦᠮᠡᠨ ᠮᠥ ᠳᠤ ᠲᠣᠭᠲᠠᠪᠤᠷᠢᠵᠢᠭᠤᠯᠤᠨ᠎ᠠ᠃ ᠳᠠᠷᠤᠰᠢᠭᠤᠯᠬᠤ ᠡᠷᠳᠡᠨᠢ ᠰᠢᠰᠢ᠂ ᠴᠢᠨᠠᠷ ᠰᠠᠶᠢᠲᠠᠢ ᠴᠠᠷᠭᠠᠰᠤ ᠲᠠᠷᠢᠬᠤ ᠶᠢ ᠵᠣᠷᠢᠭᠵᠢᠭᠤᠯᠤᠨ ᠬᠥᠭᠵᠢᠭᠦᠯᠦᠨ᠎ᠡ᠃ ᠲᠡᠵᠢᠭᠡᠨ ᠦᠷᠡᠵᠢᠭᠦᠯᠬᠦ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ︽ᠦᠬᠡᠷ ᠢ ᠨᠡᠮᠡᠭᠳᠡᠭᠦᠯᠦᠨ ᠬᠤᠨᠢ ᠶᠢ ᠲᠣᠭᠲᠠᠪᠤᠷᠢᠵᠢᠭᠤᠯᠵᠤ ᠭᠠᠭ᠋ᠠᠶ ᠶᠢ ᠬᠢᠵᠠᠭᠠᠷᠯᠠᠨ ᠡᠯᠵᠢᠭᠡ ᠶᠢ ᠨᠡᠮᠡᠭᠳᠡᠭᠦᠯᠬᠦ︾᠎ ᠶᠢ ᠪᠠᠷᠢᠮᠲᠠᠯᠠᠵᠤ᠂ ᠠᠯᠠᠰᠢᠨ ᠦᠨᠢᠶᠡᠨ ᠤ ᠰᠦ᠋᠂ ᠠᠯᠠᠰᠢᠨ ᠬᠤᠨᠢ᠂ ᠭᠠᠭ᠋ᠠᠶ᠂ ᠠᠯᠠᠰᠢᠨ ᠡᠯᠵᠢᠭᠡ ᠶᠢ ᠲᠣᠰ ᠲᠣᠰ 8 ᠲᠦᠮᠡ᠂ 90 ᠲᠦᠮᠡ᠂ 20 ᠲᠦᠮᠡ᠂ 2 ᠲᠦᠮᠡ ᠳᠤ ᠬᠦᠷᠭᠡᠨ᠎ᠡ᠃ ︽ᠠᠵᠤ ᠠᠬᠤᠶᠢᠯᠠᠯ + ᠬᠤᠷᠰᠢᠶ᠎ᠠ + ᠲᠠᠷᠢᠶᠠᠴᠢᠨ ᠡᠷᠦᠬᠡ︾᠎ ᠶᠢᠨ ᠵᠠᠭᠪᠤᠷ ᠢ ᠬᠡᠷᠡᠭᠯᠡᠨ᠂ ᠳ᠋ᠦᠩ ᠢ ᠳ᠋ᠡ᠂ ᠳ᠋ᠠ ᠪᠧᠢ ᠨᠦᠩ᠂ ᠴᠠᠬᠠᠷ ᠨᠠᠭᠤᠷ᠂ ᠲᠦᠩ ᠾᠧᠩ᠂ ᠾᠧ ᠣᠪᠣᠭᠲᠤ᠂ ᠰᠢᠶᠦ᠋ᠩ ᠹᠧᠩ ᠵᠡᠷᠭᠡ ᠬᠥᠲᠥᠴᠢ ᠠᠵᠤ ᠠᠬᠤᠶᠢᠯᠠᠯ ᠪᠣᠯᠤᠨ ᠬᠤᠷᠰᠢᠶ᠎ᠠ ᠶᠢ ᠬᠥᠭᠵᠢᠭᠦᠯᠦᠨ ᠪᠤᠵᠠᠭᠠᠶᠢᠷᠠᠭᠤᠯᠬᠤ ᠶᠢᠨ ᠬᠠᠮᠲᠤ᠂ ᠲᠣᠮᠣ ᠬᠡᠯᠪᠡᠷᠢ ᠶᠢᠨ ᠬᠥᠲᠥᠴᠢ ᠠᠵᠤ ᠠᠬᠤᠶᠢᠯᠠᠯ ᠢ ᠦᠷᠭᠦᠯᠵᠢᠯᠡᠨ ᠣᠷᠣᠭᠤᠯᠤᠨ‌ᠠᠪᠴᠢᠷᠠᠨ᠎ᠠ᠃ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢᠶᠠᠷ ᠲᠦᠰᠢᠭ ᠪᠣᠯᠭᠠᠨ᠂ ᠪᠡᠭᠡᠵᠢᠩ ᠬᠤᠲᠠ ᠶᠢᠨ ᠠᠷᠠᠳ ᠤᠨ ᠬᠤᠯᠢᠰᠢᠨ ᠢᠳᠡᠭᠡᠨ᠂ ᠠᠮᠤ ᠪᠤᠳᠠᠭ᠎ᠠ ᠪᠣᠯᠤᠨ ︽ᠲᠥᠪ ᠲᠣᠭᠤᠭᠠᠨ ᠭᠡᠷ︾᠎ ᠤᠨ ᠲᠣᠭᠤᠷᠢᠨ ᠳᠤ᠂ ᠡᠷᠭᠢᠨ ᠲᠣᠭᠤᠷᠢᠨ ᠤ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠮᠠᠨ ᠤ ᠰᠢᠶᠠᠨ ᠳᠤ ᠠᠪᠴᠢᠷᠠᠨ ᠨᠠᠷᠢᠯᠢᠭ ᠭᠦᠨᠵᠡᠭᠡᠶ ᠰᠢᠭᠦᠯᠵᠦ᠂ ᠪᠣᠬᠢᠷᠲᠤᠯ ᠦᠭᠡᠶ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠣᠷᠣᠭᠤᠯᠵᠤ ᠭᠠᠷᠭᠠᠬᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠠᠯᠬᠤᠮ ᠠᠯᠬᠤᠮ ᠢᠶᠠᠷ ᠪᠤᠶ ᠪᠣᠯᠭᠠᠨ᠎ᠠ᠃ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠥᠮᠥᠰᠥ ᠶᠢ ᠰᠠᠶᠢᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠢᠯᠢᠳᠡᠭ ᠮᠠᠯ ᠵᠢᠭᠦᠷᠲᠡᠨ ᠢ ᠳᠡᠯᠭᠡᠷᠡᠭᠦᠯᠬᠦ ᠶᠢ ᠴᠢᠩᠭᠠᠳᠬᠠᠵᠤ᠂ ᠮᠠᠯ ᠵᠢᠭᠦᠷᠲᠡᠨ ᠤ ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠲᠤᠰᠬᠠᠶᠢᠵᠢᠭᠰᠠᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠭᠤᠤᠯ ᠪᠣᠯᠬᠤ ᠲᠠᠷᠢᠮᠠᠯ ᠤᠨ ᠵᠦᠢᠯ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 81 %᠎ ᠳᠤ ᠬᠦᠷᠦᠭᠦᠯᠬᠦ ᠪᠠᠷ ᠴᠢᠷᠮᠠᠶᠢᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠵᠦ᠂ ᠲᠠᠷᠢᠶᠠᠯᠠᠩ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠪᠠ ᠡᠪᠡᠳᠴᠢᠨ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠵᠢᠯ ᠤᠨ ᠳᠣᠲᠣᠷ᠎ᠠ ᠰᠢᠶᠠᠨ ᠤ ᠬᠡᠪᠴᠢᠶᠡᠨ ᠤ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ 1᠂ ᠪᠣᠬᠢᠷᠲᠤᠯ ᠦᠭᠡᠢ ᠣᠷᠭᠠᠨᠢᠭ ᠪᠦᠲᠦᠭᠡᠭᠳᠡᠬᠦᠨ 10᠂ ᠪᠦᠬᠦ ᠤᠯᠤᠰ ᠠᠴᠠ ᠨᠡᠷᠡᠲᠦ ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 3 ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃      ᠠᠵᠤ ᠤᠶᠢᠯᠡᠳᠪᠤᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ ᠂ ᠡᠬᠡ ᠤᠯᠤᠰ ᠠᠴᠠ ᠤᠮᠠᠷᠠᠲᠤ ᠣᠷᠣᠨ ᠤ ᠴᠢᠬᠤᠯᠠ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠤᠨ᠎ᠠ᠃ ︽ᠨᠢᠭᠡ ᠬᠠᠷ᠎ᠠ ᠨᠢᠭᠡ ᠴᠠᠭᠠᠨ︾ ᠬᠤᠶᠠᠷ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠪᠠ ᠨᠠᠷᠢᠯᠢᠭ ᠭᠦᠨ ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠦᠢᠯᠡᠰ ᠤᠨ ᠬᠡᠯᠬᠢᠶ᠎ᠡ ᠶᠢ ᠳᠣᠣᠷᠠᠳᠤ ᠤᠷᠤᠰᠬᠠᠯ ᠲᠡᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠰᠦ ᠳᠡᠰ ᠲᠡᠰᠢ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠠᠬᠤᠢ ᠶᠢᠨ ᠨᠡᠮᠡᠭᠳᠡᠯ ᠣᠨ ᠰᠢᠨ᠎ᠡ ᠬᠥᠳᠡᠯᠭᠡᠭᠦᠷ ᠢ ᠪᠤᠢ ᠪᠣᠯᠭᠠᠨ᠎ᠠ᠃ ᠥᠪᠥᠷ ᠮᠣᠩᠭᠤᠯ ᠤᠨ ᠪᠠᠯ ᠴᠢᠯᠠᠭᠤ ︵ᠠᠯᠺᠧᠨ︶᠎ ᠶᠢᠨ ᠰᠢᠨ᠎ᠡ ᠶᠢ ᠡᠭᠦᠳᠬᠦ ᠲᠥᠪ ᠲᠤ ᠲᠦᠰᠢᠭᠯᠡᠨ᠂ ᠷᠦᠢ ᠱᠧᠩ ᠰᠢᠨ᠎ᠡ ᠡᠨᠧᠷᠭᠢ ᠵᠡᠷᠭᠡ ᠠᠵᠤ ᠠᠬᠤᠶᠢᠯᠠᠯ ᠤᠨ ᠤᠶᠢᠯᠡᠳᠪᠤᠷᠢᠯᠡᠬᠦ ᠵᠢᠭᠠᠬᠤ ᠰᠤᠳᠤᠯᠬᠤ ᠶᠢᠨ ᠪᠣᠭᠤᠮᠲᠠ ᠰᠢᠪᠲᠤᠯᠬᠤ ᠶᠢ ᠳᠡᠮᠵᠢᠵᠦ᠂ ᠪᠠᠯ ᠴᠢᠯᠠᠭᠤᠨ ᠤ ᠠᠵᠤ ᠤᠶᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠰᠢᠷᠣᠶ ᠪᠠᠶᠢᠭᠰᠠᠨ ᠴᠤ ᠬᠡᠷᠡᠭᠯᠡᠵᠦ ᠪᠣᠯᠬᠤ ᠦᠭᠡᠶ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠠᠪᠤᠨ ᠪᠤᠯᠠᠭ ᠤᠨ ᠬᠥᠪᠰᠥᠭᠡᠷ ᠰᠢᠷᠣᠶ ᠶᠢᠨ ᠠᠭᠤᠷᠬᠠᠶ ᠂ ᠭᠤᠣ ᠯᠢᠩ ᠤᠨ ᠰᠢᠷᠣᠶ ᠶᠢᠨ ᠠᠭᠤᠷᠬᠠᠶ ᠶᠢᠨ ᠨᠠᠷᠢᠨ ᠪᠠᠶᠢᠴᠠᠭᠠᠵᠤ ᠠᠭᠤᠷᠬᠠᠶ ᠬᠠᠶᠢᠬᠤ ᠡᠷᠬᠡ ᠶᠢ ᠵᠥᠪᠰᠢᠶᠡᠷᠡᠭᠦᠯᠬᠦ ᠪᠠᠷ ᠴᠢᠷᠮᠠᠶᠢᠬᠤ ᠬᠡᠷᠡᠭᠲᠡᠶ᠃ ᠢᠦᠶ ᠴᠧᠩ ᠤᠨ ᠭᠤᠤᠯ ᠳᠠᠪᠠᠭ᠎ᠠ ᠶᠢᠨ ᠰᠢᠷᠣᠶ᠂ ᠯᠦᠩ ᠰᠢᠩ ᠰᠢᠨᠵᠢᠯᠡᠬᠦ ᠤᠬᠠᠭᠠᠨ ᠮᠡᠷᠭᠡᠵᠢᠯ ᠢᠶᠠᠷ ᠳᠠᠭᠠᠭᠤᠯᠤᠭᠴᠢ ᠪᠣᠯᠭᠠᠵᠤ᠂ ᠸᠠᠭᠠᠷ ᠱᠠᠭᠠᠵᠠᠩ ᠤᠨ ᠦᠢᠯᠡᠳᠬᠦᠨ ᠢ ᠰᠤᠳᠤᠯᠤᠨ ᠨᠡᠭᠡᠭᠡᠬᠦ ᠪᠠ ᠤᠶᠢᠯᠡᠳᠪᠤᠷᠢᠯᠡᠬᠦ ᠠᠵᠢᠯ ᠢ ᠰᠠᠶᠢᠲᠤᠷ ᠬᠢᠵᠦ᠂ ᠬᠥᠪᠰᠥᠭᠡᠷ ᠬᠥᠷᠥᠰᠥ᠂ ᠭᠤᠤᠯ ᠳᠠᠪᠠᠭ᠎ᠠ ᠶᠢᠨ ᠬᠥᠷᠥᠰᠥ ᠰᠢᠷᠣᠶ ᠶᠢ ᠨᠠᠷᠢᠯᠢᠭ ᠭᠦᠨᠵᠡᠭᠡᠶ ᠡᠳ᠋ᠰᠢᠭᠦᠯᠬᠦ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠨ᠎ᠠ᠃ ᠭᠦᠢᠴᠡᠳ ᠥᠩᠭᠡ ᠦᠵᠡᠮᠵᠢ ᠶᠢᠨ ᠳᠠᠪᠠᠭᠤᠯᠢᠭ ᠢ ᠠᠰᠢᠭᠯᠠᠨ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ ᠵᠢᠴᠢ ᠲᠣᠰ ᠭᠠᠵᠠᠷ ᠲᠤᠨᠢ ᠰᠢᠩᠭᠡᠭᠡᠨ ᠠᠪᠬᠤ ᠲᠥᠷᠥᠯ ᠵᠤᠶᠢᠯ ᠢ ᠢᠳᠡᠪᠬᠢᠲᠡᠶ ᠣᠷᠣᠭᠤᠯᠤᠨ᠎ᠠ᠃ ᠯᠦᠩ ᠶᠤᠸᠠᠨ ᠴᠠᠬᠢᠯᠭᠠᠨ ᠬᠦᠴᠦᠨ ᠤ ︽2 GW ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ + ᠡᠨᠧᠷᠭᠢ ᠨᠥᠭᠡᠴᠡᠯᠡᠬᠦ ᠵᠢᠱᠢᠶ᠎ᠡ ᠦᠵᠡᠭᠦᠯᠬᠦ ᠲᠥᠷᠥᠯ ᠵᠦᠢᠯ︾᠂ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠴᠡᠪᠡᠷ ᠡᠨᠧᠷᠭᠢ ᠶᠢ ᠨᠡᠭᠡᠭᠡᠨ ᠬᠥᠭᠵᠢᠭᠦᠯᠬᠦ ᠲᠥᠷᠥᠯ ᠵᠦᠶ᠋ᠯ ᠪᠣᠯᠤᠨ ᠪᠡᠭᠡᠵᠢᠩ ᠤᠨ ᠵᠥᠩ ᠺᠠᠩ ᠵᠢᠩ ᠶᠤᠸᠠᠨ ᠣᠶᠤᠨᠴᠢ ᠦᠢᠯᠡᠳᠬᠦ ᠪᠠ ᠳᠠᠬᠢᠨ ᠦᠢᠯᠡᠳᠬᠦ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ ᠡᠬᠢᠯᠡᠭᠦᠯᠬᠦ ᠶᠢ ᠬᠦᠴᠦᠯᠡᠨ ᠠᠬᠢᠭᠤᠯᠤᠨ᠎ᠠ᠃ ᠭᠤᠸᠠᠩ ᠬᠤᠸᠠ ᠶᠢᠨ ᠵᠢᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠪᠠᠷᠢᠯᠭ᠎ᠠ ᠡᠬᠢᠯᠡᠬᠦ ᠶᠢ ᠲᠦᠷᠭᠡᠳᠬᠡᠵᠦ᠂ ᠶᠠᠩ ᠭᠤᠸᠠᠩ ᠰᠢᠨ᠎ᠡ ᠡᠨᠧᠷᠭᠢ ᠶᠢᠨ 1 GW ᠣᠯᠠᠨ ᠲᠠᠯᠠᠰᠲᠤ ᠴᠠᠬᠢᠭᠤᠷ ᠢᠯᠲᠠᠰᠤ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠪᠠᠲᠤᠯᠠᠨ᠎ᠠ᠃ ᠲᠣᠭᠠᠴᠢᠯᠠᠭᠰᠠᠨ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠮᠠᠨ ᠤ ᠰᠢᠶᠠᠨ ᠳᠤ ᠪᠦᠬᠦ ᠬᠤᠲᠠ ᠶᠢᠨ ᠲᠤᠭ᠎ᠠ ᠪᠠᠷᠢᠮᠲᠠ ᠶᠢᠨ ᠲᠥᠪ ᠪᠠᠶᠢᠷᠢᠯᠠᠭᠤᠯᠬᠤ ᠠᠵᠠ ᠲᠣᠬᠢᠶᠠᠯ ᠢ ᠠᠰᠢᠭᠯᠠ᠂ ᠪᠦᠬᠦ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠬᠤᠪᠢᠶᠠᠷᠢᠯᠠᠨ ᠬᠠᠮᠵᠢᠯᠴᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠲᠣᠮᠣ ᠳ᠋ᠠᠶᠢᠲ᠋ᠠ ᠶᠢᠨ ᠦᠢᠯᠡᠴᠢᠯᠡᠭᠦᠷ ᠲᠣᠨᠤᠭ ᠲᠥᠬᠦᠭᠡᠷᠦᠮᠵᠢ ᠦᠢᠯᠡᠳᠬᠦ᠂ ᠮᠡᠷᠭᠡᠵᠢᠯ ᠰᠤᠳᠤᠯᠤᠨ ᠨᠡᠭᠡᠭᠡᠬᠦ᠂ ᠰᠢᠨ᠎ᠡ ᠶᠢ ᠡᠭᠦᠳᠬᠦ ᠬᠡᠷᠡᠭᠯᠡᠭᠡᠨ ᠤ ᠬᠦᠷᠢᠶᠡᠨ ᠳᠤ ᠰᠢᠪᠲᠤᠯᠤᠯᠲᠠ ᠲᠠᠢ ᠪᠣᠯᠭᠠᠨ᠎ᠠ᠃      ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠤᠨ ᠳᠣᠲᠣᠭᠠᠳᠤ ᠠᠷᠠᠯᠵᠢᠶᠠᠨ ᠤ ᠪᠠᠷᠠᠭ᠎ᠠ ᠶᠢᠨ ᠭᠦᠢᠯᠭᠡᠭᠡᠨ ᠤ ᠵᠠᠩᠭᠢᠯᠠᠭ᠎ᠠ ᠴᠡᠭ ᠪᠣᠯᠤᠨ ᠪᠠᠷᠠᠭ᠎ᠠ ᠶᠢᠨ ᠭᠦᠢᠯᠭᠡᠭᠡᠨ ᠤ ᠲᠥᠪᠯᠡᠷᠡᠭᠦᠯᠵᠦ ᠲᠠᠷᠬᠠᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠤᠯᠠᠭᠠᠨᠴᠠᠪ ᠬᠤᠲᠠ ᠶᠢᠨ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠬᠦᠢᠰᠤ ᠠᠴᠢᠶᠠᠯᠠᠪᠤᠷᠢ ᠶᠢᠨ ᠬᠤᠲᠠ ᠶᠢ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠤᠶᠢᠯᠡᠰ ᠤᠨ ᠬᠦᠷᠢᠶᠡᠯᠡᠩ ᠲᠣᠭᠤᠷᠢᠭ ᠢ ᠰᠠᠶᠢᠲᠤᠷ ᠠᠰᠢᠭᠯᠠᠨ᠂ ᠮᠣᠩᠭᠤᠯ ᠬᠡᠤᠷᠡᠰᠦ ᠶᠢ ᠭᠠᠳᠠᠭᠠᠳᠤ ᠠᠴᠠ ᠣᠷᠣᠭᠤᠯᠬᠤ ᠬᠡᠮᠵᠢᠶ᠎ᠡ ᠶᠢ ᠪᠤᠵᠠᠭᠠᠶᠢᠷᠠᠭᠤᠯᠤᠨ᠎ᠠ᠃ ᠡᠭᠦᠨ ᠤ ᠬᠠᠮᠲᠤ᠂ ᠨᠢᠭᠡ ᠪᠦᠯᠦᠭ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ ᠢ ᠲᠦᠷᠭᠡᠳᠬᠡᠨ ᠣᠷᠣᠭᠤᠯᠵᠤ ᠢᠷᠡᠨ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠢ ᠭᠤᠤᠯᠳᠠᠯᠭ᠎ᠠ ᠲᠠᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠭᠤᠤᠯᠯᠠᠬᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠰᠢᠨ᠎ᠡ ᠬᠡᠯᠪᠡᠷᠢ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠲᠦᠷᠭᠡᠪᠴᠢᠯᠡᠨ ᠪᠤᠶᠢᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠡᠷᠡᠭᠯᠡᠭᠡ ᠶᠢ ᠢᠳᠡᠪᠬᠢᠲᠡᠢ ᠪᠠᠷ ᠥᠷᠭᠡᠳᠬᠡᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃       ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠨᠡᠶᠢᠰᠯᠡᠯ ᠳᠤ ᠬᠠᠨᠳᠤᠭᠤᠯᠤᠭᠰᠠᠨ ᠳᠥᠷᠪᠡᠨ ᠤᠯᠠᠷᠢᠯ ᠤᠨ ᠵᠢᠭᠤᠯᠴᠢᠯᠠᠯ᠂ ᠪᠦᠬᠦ ᠣᠷᠣᠨ ᠪᠦᠰᠡ ᠶᠢᠨ ᠵᠢᠭᠤᠯᠴᠢᠯᠠᠯ ᠠᠮᠠᠷᠠᠯᠲᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠰᠢᠶᠠᠨ ᠤ ᠬᠡᠪᠴᠢᠶᠡᠨ ᠳᠠᠬᠢ ᠲᠣᠮᠣ ᠳᠤᠮᠳᠠ ᠵᠢᠵᠢᠭ ᠬᠡᠯᠪᠡᠷᠢ ᠶᠢᠨ ᠵᠣᠴᠢᠳ ᠤᠨ ᠪᠠᠭᠤᠳᠠᠯ᠂ ᠭᠡᠷ ᠪᠦᠯᠢ ᠶᠢᠨ ᠪᠠᠭᠤᠳᠠᠯ᠂ ᠯᠦ ᠵᠢᠶᠠ ᠶᠢᠩ ᠪᠣᠯᠤᠨ ᠰᠢᠩ ᠬᠤᠸᠠ ᠭᠧᠦ ᠠᠷᠠᠳ ᠤᠨ ᠪᠠᠭᠤᠳᠠᠯ᠂ ᠲᠠᠷᠢᠶᠠᠴᠢᠨ ᠠᠶᠢᠯ ᠤᠨ ᠬᠦᠷᠢᠶ᠎ᠡ᠂ ᠣᠨᠴᠠᠯᠢᠭᠲᠤ ᠬᠤᠭᠤᠯᠠᠨ ᠭᠡᠷ᠂ ᠰᠡᠯᠡᠭᠦᠴᠡᠯ ᠰᠥᠨᠢ ᠶᠢᠨ ᠵᠠᠬ᠎ᠠ ᠳᠡᠯᠭᠡᠭᠦᠷ ᠵᠡᠷᠭᠡ ᠢᠳᠡᠵᠦ ᠬᠤᠨᠣᠬᠤ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡᠨ ᠳᠤ ᠲᠦᠷᠭᠡᠨ ᠰᠣᠯᠢᠵᠤ ᠰᠠᠭᠤᠬᠤ ᠵᠢᠭᠤᠯᠴᠢᠯᠠᠯ ᠤᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠂ ︽ᠠᠷᠢᠬᠢ ᠮᠢᠬ᠎ᠠ ᠭᠡᠳᠡᠰᠦ ᠪᠠᠷ ᠥᠩᠭᠡᠷᠡᠬᠦ︾ ᠦᠵᠡᠭᠳᠡᠯ ᠢ ᠬᠦᠴᠦᠯᠡᠨ  ᠰᠢᠢᠳᠪᠦᠷᠢᠯᠡᠨ᠎ᠡ᠃ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ ᠬᠠᠮᠢᠶᠠᠷᠬᠤ ᠵᠠᠭᠪᠤᠷ ᠲᠤ ᠰᠢᠨ᠎ᠡ ᠶᠢ ᠡᠭᠦᠳᠴᠦ᠂ ᠴᠠᠬᠠᠷ ᠨᠠᠭᠤᠷ ᠢ ᠰᠢᠯᠢᠳᠡᠭᠵᠢᠭᠦᠯᠬᠦ ᠳᠤ ᠰᠠᠭᠤᠷᠢᠯᠠᠨ᠂ ᠰᠤᠮᠤ ᠠᠭᠤᠯᠠ ᠶᠢ ᠲᠠᠰ ᠳᠡᠪᠰᠢᠭᠦᠯᠵᠦ᠂ ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠦᠵᠡᠮᠵᠢ ᠶᠢᠨ ᠣᠷᠣᠨ ᠤ ᠣᠯᠠᠨ ᠨᠡᠶᠢᠲᠡ ᠶᠢᠨ ᠤᠶᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠬᠤᠪᠢᠰᠬᠠᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ ᠃ ᠯᠦ ᠵᠢᠶᠠ ᠶᠢᠩ ᠠᠮᠢ ᠠᠬᠤᠶ ᠶᠢᠨ ᠵᠢᠭᠤᠯᠴᠢᠯᠠᠯ ᠤᠨ ᠵᠢᠵᠢᠭ ᠪᠠᠯᠭᠠᠰᠤ ᠪᠠᠷ ᠲᠦᠰᠢᠭ ᠪᠣᠯᠭᠠᠵᠤ᠂ ᠡᠯ᠎ᠡ ᠰᠢᠶᠠᠩ ᠪᠠᠯᠭᠠᠰᠤ ᠨᠢ ᠬᠤᠲᠠ ᠶᠢᠨ ᠲᠣᠭᠤᠷᠢᠭ᠂ ᠦᠵᠡᠮᠵᠢ ᠶᠢᠨ ᠣᠷᠣᠨ ᠤ ᠡᠷᠬᠢᠨ ᠲᠣᠭᠤᠷᠢᠨ ᠢᠶᠠᠷ ᠭᠤᠤᠯ ᠪᠣᠯᠭᠠᠨ᠂ ᠤᠯᠤᠰ ᠮᠤᠵᠢ ᠶᠢᠨ ᠭᠤᠤᠯ ᠵᠠᠮ ᠢᠶᠠᠷ ᠲᠡᠩᠭᠡᠯᠢᠭ ᠱᠤᠭᠤᠮ ᠪᠣᠯᠭᠠᠵᠤ᠂ ᠨᠢᠭᠡ ᠪᠦᠯᠦᠭ ᠰᠣᠳᠣᠨ ᠠᠷᠠᠳ ᠤᠨ ᠰᠠᠭᠤᠴᠠ ᠶᠢᠨ ᠵᠢᠱᠢᠶ᠎ᠡ ᠦᠵᠡᠭᠦᠯᠬᠦ ᠴᠡᠭ ᠢ ᠪᠣᠶ ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠶ᠃ ᠪᠡᠭᠡᠵᠢᠩ ᠬᠤᠲᠠ ᠶᠢᠨ ᠣᠶᠢᠷᠠᠯᠴᠠᠭ᠎ᠠ᠂ ᠵᠠᠮ ᠬᠠᠷᠢᠯᠴᠠᠭ᠎ᠠ ᠳᠥᠭᠦᠮ ᠳᠥᠲᠡ᠂ ᠠᠭᠤᠷ ᠠᠮᠢᠰᠬᠤᠯ ᠲᠠᠭᠠᠯᠠᠮᠵᠢᠲᠠᠶ ᠪᠠᠶᠢᠬᠤ ᠳᠠᠪᠠᠭᠤᠯᠢᠭ ᠢ ᠶᠡᠭᠡ ᠪᠠᠷ ᠪᠠᠳᠠᠷᠠᠭᠤᠯᠵᠤ᠂ ᠡᠷᠡᠭᠦᠯ ᠮᠡᠨᠳᠦ ᠶᠢᠨ ᠰᠤᠪᠢᠯᠠᠯᠲᠠ ᠶᠢᠨ ᠲᠥᠷᠥᠯ ᠵᠤᠶᠢᠯ ᠢ ᠶᠡᠭᠡ ᠪᠠᠷ ᠬᠥᠭᠵᠢᠭᠦᠯᠦᠨ᠎ᠡ᠃ ᠵᠢᠭᠤᠯᠴᠢᠯᠠᠯ ᠤᠨ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠬᠥᠮᠦᠨ ᠪᠦᠬᠦᠨ ᠴᠥᠮ ︽ᠵᠢᠭᠤᠯᠴᠢᠯᠠᠯ ᠤᠨ ᠬᠥᠲᠥᠴᠢ︾ ᠪᠣᠯᠬᠤ ᠪᠠᠶᠢᠷᠢᠰᠢᠯ ᠢ ᠴᠢᠷᠮᠠᠶᠢᠨ ᠪᠠᠶᠢᠭᠤᠯᠵᠤ᠂ ᠵᠢᠭᠤᠯᠴᠢᠯᠠᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠤᠢᠭᠡᠢ ᠥᠷᠭᠡᠳᠬᠡᠨ᠎ᠡ᠃      ︵ᠬᠤᠶᠠᠷ︶ ᠲᠦᠭᠰᠢᠭᠦᠷᠢ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠶᠡᠷᠦᠩᠬᠡᠢ ᠱᠦᠵᠢ ᠰᠢ ᠶᠢᠨ ᠫᠢᠩ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ ᠭᠡᠵᠦ ᠣᠯᠠᠨᠲᠠ ᠳᠤᠷᠠᠳᠪᠠ᠃ ᠪᠢᠳᠡ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠮᠢ ᠠᠬᠤᠢ ᠶᠢᠨ ᠤᠯᠠᠭᠠᠨ ᠱᠤᠭᠤᠮ᠂ ᠠᠮᠤᠷ ᠲᠦᠪᠰᠢᠨ ᠤ ᠬᠤᠷᠢᠭ᠎ᠠ ᠱᠤᠭᠤᠮ᠂ ᠰᠠᠬᠢᠯᠭ᠎ᠠ ᠪᠠᠲᠤ ᠶᠢᠨ ᠥᠨᠳᠥᠷ ᠬᠦᠴᠦᠳᠡᠯᠲᠦ ᠱᠤᠭᠤᠮ ᠢ ᠪᠠᠲᠤ ᠰᠠᠬᠢᠬᠤ ᠬᠡᠷᠡᠭᠲᠡᠢ᠃      ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠨ᠎ᠠ᠃ ᠬᠥᠬᠡᠮᠳᠦᠭ ᠤᠰᠤ᠂ ᠬᠦᠭᠡ ᠣᠭᠲᠠᠷᠭᠤᠢ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠵᠤ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠰᠦᠷᠴᠢᠨ ᠤᠰᠤᠯᠠᠬᠤ ᠬᠦᠷᠢᠶ᠎ᠡ ᠶᠢ ᠡᠷᠡᠰ ᠴᠠᠭᠠᠵᠠᠯᠠᠵᠤ᠂ ᠤᠰᠤ ᠶᠢ ᠭᠠᠩ ᠬᠠᠭᠤᠷᠠᠢ ᠪᠣᠯᠭᠠᠬᠤ᠂ ᠰᠦᠷᠴᠢᠨ ᠤᠰᠤᠯᠠᠬᠤ ᠶᠢ ᠳᠤᠰᠤᠯᠭᠠᠨ ᠤᠰᠤᠯᠠᠬᠤ ᠪᠣᠯᠭᠠᠬᠤ ᠢᠨᠵᠧᠨᠧᠷᠢᠩ ᠢ ᠠᠯᠬᠤᠮ ᠬᠤᠪᠢᠶᠠᠨ ᠠᠬᠢᠭᠤᠯᠤᠨ᠎ᠠ᠃ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠲᠣᠭᠤᠷᠢᠭ ᠪᠠ ᠴᠧᠩ ᠭᠤᠸᠠᠨ ᠪᠠᠯᠭᠠᠰᠤᠨ ᠤ ᠲᠠᠷᠢᠶᠠᠯᠠᠩ ᠤᠨ ᠠᠵᠤ ᠦᠢᠯᠡᠰ ᠤᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠶ ᠤᠰᠤ ᠶᠡᠭᠡ ᠬᠤᠷᠣᠭᠳᠠᠭᠤᠯᠬᠤ ᠠᠵᠤ ᠠᠬᠤᠶᠢᠯᠠᠯ ᠪᠦᠬᠦᠨ ᠢ ᠡᠷᠡᠰ ᠬᠠᠭᠠᠵᠤ ᠵᠣᠭᠰᠣᠭᠠᠬᠤ ᠬᠡᠷᠡᠭᠲᠡᠶ᠃ ᠨᠡᠭᠦᠷᠡᠰᠦ ᠰᠢᠲᠠᠭᠠᠬᠤ ᠵᠢᠵᠢᠭ ᠵᠤᠤᠬ᠎ᠠ ᠶᠢ ᠰᠢᠭᠰᠢᠭᠳᠡᠭᠦᠯᠬᠦ᠂ ᠨᠡᠭᠦᠷᠡᠰᠦ ᠶᠢ ᠴᠡᠪᠡᠷᠰᠢᠭᠦᠯᠦᠨ ᠠᠰᠢᠭᠯᠠᠬᠤ᠂ ᠭᠤᠣᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ ᠢ ᠵᠠᠰᠠᠬᠤ ᠪᠠ ᠳᠡᠭᠳᠡᠮᠡᠯ ᠲᠣᠭᠤᠰᠣ ᠶᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠤᠨ᠎ᠠ᠃ ︽ᠡᠨᠧᠷᠭᠢ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠴᠢᠳᠠᠯ ᠤᠨ ᠢᠶᠠᠨ ᠬᠢᠷᠢ ᠪᠠᠷ ᠬᠢᠵᠦ︾᠂ ᠨᠢᠭᠡᠴᠢ GDP᠎ ᠶᠢᠨ ᠡᠨᠧᠷᠭᠢ ᠶᠢᠨ ᠬᠤᠷᠣᠭᠳᠠᠭᠤᠯᠭ᠎ᠠ ᠶᠢ 3 . 2 %᠎ ᠢᠶᠠᠷ ᠪᠠᠭᠤᠷᠠᠭᠤᠯᠬᠤ ᠶᠢ ᠦᠨᠡᠨᠬᠦ ᠪᠠᠲᠤᠯᠠᠨ᠎ᠠ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠭᠤᠯᠭ᠎ᠠ ᠶᠢ ᠡᠷᠬᠡᠪᠰᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠶ᠃ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ ᠴᠠᠬᠢᠯᠭᠠᠨ ᠬᠡᠷᠡᠭᠯᠡᠬᠦ ᠳᠠᠷᠤᠭᠠᠰᠤ ᠶᠢ ᠠᠯᠬᠤᠮ ᠠᠯᠬᠤᠮ ᠢᠶᠠᠷ ᠪᠠᠭᠠᠰᠬᠠᠵᠤ ᠂ ᠨᠡᠭᠦᠷᠡᠰᠦᠲᠥ᠋ᠷᠥᠭᠴᠢ ᠡᠳ᠋᠂ ᠬᠠᠶᠢᠯᠤᠰᠢ ᠵᠡᠷᠭᠡ ᠤᠯᠠᠮᠵᠢᠯᠠᠯᠲᠤ ᠠᠵᠤ ᠠᠬᠤᠶᠢᠯᠠᠯ ᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠵᠤ᠂ ᠤᠶᠢᠯᠡᠳᠭᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠢ ᠴᠢᠩᠭᠠᠳᠬᠠᠵᠤ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢ ᠴᠢᠩᠭᠠᠷᠠᠭᠤᠯᠤᠨ ᠂ ᠭᠤᠷᠪᠠᠨ ᠤᠮᠠᠷᠠᠲᠤ ᠶᠢᠨ ᠬᠠᠯᠬᠠᠪᠴᠢ ᠣᠶ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠡᠷᠡᠭᠵᠢᠭᠦᠯᠦᠨ᠎ᠡ᠃ ᠠᠮᠢ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠡᠪᠴᠢᠶ᠎ᠡ ᠶᠢ ᠥᠷᠭᠡᠳᠬᠡᠬᠦ ᠡᠷᠴᠢᠮ ᠢ ᠦᠷᠭᠦᠯᠵᠢᠯᠡᠨ ᠨᠡᠮᠡᠭᠳᠡᠭᠦᠯᠵᠦ᠂ ᠠᠮᠢ ᠠᠬᠤᠶ ᠶᠢᠨ ᠴᠢᠳᠠᠮᠵᠢ ᠶᠢᠨ ᠵᠡᠷᠭᠡ ᠳᠡᠰ ᠢ ᠳᠡᠭᠡᠭᠰᠢᠯᠡᠭᠦᠯᠦᠨ᠎ᠡ᠃ ᠴᠠᠷ ᠨᠠᠭᠤᠷ᠂ ᠡᠮᠦᠨ᠎ᠡ ᠬᠤᠶᠢᠨᠠᠬᠢ ᠭᠤᠣᠯ ᠤᠨ ᠨᠤᠭᠤ ᠭᠠᠵᠠᠷ ᠤᠨ ᠴᠡᠴᠡᠷᠯᠢᠭ ᠎ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠠᠭᠤᠷᠬᠠᠢ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠯᠲᠠ ᠪᠠ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠪᠦᠷᠢᠳᠦ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃      ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠨᠠᠵᠠᠭᠠᠶ ᠲᠠᠯ᠎ᠠ ᠶᠢᠨ ᠨᠠᠷᠢᠨ ᠲᠠᠩᠰᠠ ᠪᠠᠷ ᠬᠠᠷᠢᠭᠤᠴᠠᠯᠭ᠎ᠠ ᠶᠢᠨ ᠭᠤᠤᠯ ᠴᠣᠭᠴᠠ ᠶᠢ ᠭᠡᠳᠡᠷᠭᠦ ᠰᠢᠬᠠᠮᠳᠠᠭᠤᠯᠵᠤ ᠪᠠᠶᠢᠭᠠᠳ ᠠᠮᠤᠷ ᠲᠦᠪᠰᠢᠨ ᠤ ᠤᠬᠠᠮᠰᠠᠷ ᠢ ᠨᠢ ᠴᠢᠩᠭᠠᠳᠬᠠᠵᠤ᠂ ᠶᠡᠭᠡ ᠵᠢᠭᠰᠠᠭᠠᠨ ᠪᠠᠶᠢᠴᠠᠭᠠᠯᠲᠠ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠥᠷᠥᠯ ᠤᠨ ᠠᠶᠤᠯᠭᠦᠶ ᠤᠶᠢᠯᠡᠳᠪᠤᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠳᠠᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠡᠷᠡᠰ ᠪᠠᠭᠠᠰᠬᠠᠵᠤ᠂ ᠲᠥᠷᠥᠯ ᠵᠤᠶᠢᠯ ᠤᠨ ᠥᠷᠢ ᠥᠭᠴᠡᠭᠡ ᠶᠢᠨ ᠲᠦᠭᠰᠢᠭᠦᠷᠢ ᠶᠢᠨ ᠦᠨᠡᠯᠡᠨ ᠵᠢᠱᠢᠯᠲᠡ ᠶᠢ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠬᠤ ᠶᠢ ᠡᠷᠡᠰ ᠬᠤᠷᠢᠭᠯᠠᠨ᠎ᠠ᠃ ᠵᠢᠯ ᠤᠨ ᠡᠬᠢᠨ ᠤ ᠲᠥᠰᠦᠪ ᠲᠤ ᠣᠷᠣᠭᠤᠯᠤᠭᠰᠠᠨ ᠦᠭᠡᠢ ᠰᠢᠨ᠎ᠡ ᠪᠠᠷ ᠨᠡᠮᠡᠭᠳᠡᠭᠰᠡᠨ ᠵᠠᠷᠤᠯᠭ᠎ᠠ ᠪᠦᠬᠦᠨ ᠢ ᠴᠥᠮ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠶᠠᠷᠢᠯᠴᠠᠭᠤᠯᠤᠨ᠎ᠠ︔ ᠪᠡᠯᠡ ᠮᠥᠩᠭᠦᠨ ᠤ ᠢᠷᠡᠯᠲᠡ ᠦᠭᠡᠢ ᠰᠢᠨ᠎ᠡ ᠵᠦᠢᠯᠡᠰ ᠢ ᠵᠠᠷᠴᠢᠮ ᠳᠡᠭᠡᠷ᠎ᠡ ᠪᠠᠨ ᠳᠠᠬᠢᠵᠤ ᠲᠤᠬᠢᠷᠠᠭᠤᠯᠬᠤ ᠦᠭᠡᠢ᠃ ︽ᠨᠠᠷᠢᠯᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠴᠢᠩᠭ᠎ᠠ ᠡᠵᠡᠮᠳᠡᠵᠦ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠤᠨ᠎ᠠ᠃      ᠰᠠᠬᠢᠯᠭ᠎ᠠ ᠪᠠᠲᠤ ᠶᠢᠨ ᠥᠨᠳᠥᠷ ᠬᠦᠴᠦᠳᠡᠯᠲᠦ ᠱᠤᠭᠤᠮ ᠢ ᠴᠢᠩᠭ᠎ᠠ ᠰᠠᠬᠢᠬᠤ᠃ ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠵᠡᠷᠭᠡ ᠠᠵᠢᠯ ᠢ ᠬᠠᠤᠯᠢ ᠲᠣᠭᠲᠠᠭᠠᠯ ᠰᠠᠬᠢᠯᠭ᠎ᠠ ᠶᠣᠰᠣᠭᠠᠷ ᠠᠬᠢᠭᠤᠯᠬᠤ ᠶᠢ ᠪᠠᠷᠢᠮᠲᠠᠯᠠᠨ᠎ᠠ᠃ ᠡᠭᠦᠨ ᠤ ᠬᠠᠮᠲᠤ᠂ ᠰᠤᠷᠭᠠᠨ ᠬᠥᠮᠦᠵᠢᠯ ᠡᠮ ᠡᠮᠨᠡᠯᠭᠡ᠂ ᠨᠠᠰᠤᠵᠢᠯ ᠤᠨ ᠳᠠᠭᠠᠳᠬᠠᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠴᠢᠩᠭ᠎ᠠ ᠰᠢᠢᠳᠬᠡᠵᠦ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠡᠷᠡᠰ ᠭᠤᠶᠢᠪᠢᠰᠢ ᠦᠭᠡᠢ ᠪᠤᠢ ᠪᠣᠯᠭᠠᠵᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠡᠷᠡᠰ ᠬᠠᠮᠠᠭᠠᠯᠠᠬᠤ ᠬᠡᠷᠡᠭᠲᠡᠢ᠃      ︵ᠭᠤᠷᠪᠠ︶ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠠᠳᠬᠤᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠲᠠ ᠦᠭᠡᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃ ᠪᠢᠳᠡ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠪᠠᠨ ᠢᠮᠠᠭᠲᠠ ᠪᠠᠲᠤᠯᠠᠵᠤ᠂ ᠥᠷᠭᠡᠨ ᠤᠯᠠᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠭᠠᠬᠤ ᠬᠡᠷᠡᠭᠲᠡᠢ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠠᠩ ᠪᠠᠲᠤ ᠪᠠᠬᠢ᠂ ᠦᠷ᠎ᠡ ᠪᠦᠲᠦᠮᠵᠢ ᠶᠢ ᠨᠠᠩ ᠦᠷᠭᠦᠯᠵᠢᠯᠡᠬᠦ᠋ᠢᠴᠡ ᠪᠣᠯᠭᠠᠨ᠎ᠠ᠃ ᠭᠤᠤᠯ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠶᠠᠳᠠᠭᠤ ᠶᠢ ᠲᠡᠳᠬᠦᠬᠦ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ᠂ ᠬᠦᠷᠢᠶ᠎ᠡ ᠬᠠᠰᠢᠶᠠᠨ ᠤ ᠠᠵᠤ ᠠᠬᠤᠶ᠂ ᠣᠶ ᠶᠢᠨ ᠬᠤᠷᠮᠣᠶ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠦᠨ᠎ᠡ᠃ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠴᠢᠩᠭᠠᠳᠬᠠᠵᠤ᠂ ᠨᠡᠭᠦᠯᠭᠡᠭᠰᠡᠨ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠠᠵᠤ ᠠᠬᠤᠶᠢᠯᠠᠯ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠣᠷᠣᠨ ᠵᠠᠶ ᠶᠢ ᠤᠯᠠᠮ ᠨᠢᠭᠡ ᠠᠯᠬᠤᠮ ᠥᠷᠭᠡᠳᠬᠡᠨ᠎ᠡ᠃ ᠶᠠᠳᠠᠭᠤ ᠶᠢ ᠲᠡᠳᠬᠦᠬᠦ ᠪᠡᠯᠡ ᠮᠥᠩᠭᠦ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠡᠭᠦᠨ ᠤ ᠦᠷ᠎ᠡ ᠠᠰᠢᠭ ᠢ ᠦᠨᠡᠨ ᠬᠦ ᠪᠠᠳᠠᠷᠠᠭᠤᠯᠤᠨ᠎ᠠ᠃ ᠰᠢᠶᠠᠨ ᠤ ᠬᠤᠲᠠ᠂ ᠴᠤᠭᠯᠠᠭ᠎ᠠ ᠪᠠᠯᠭᠠᠰᠤ ᠶᠢᠨ ᠶᠡᠷᠦᠩᠬᠡᠶᠢᠯᠡᠭᠰᠡᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠵᠤ᠂ ᠤᠶᠤᠨᠲᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠪᠠᠶᠢᠷᠢᠰᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ 10 ᠰᠣᠳᠣᠨ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠬᠤ ᠪᠠᠷ ᠴᠢᠷᠮᠠᠶᠢᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠣᠷᠣᠨ ᠪᠦᠰᠡ ᠶᠢᠨ ᠬᠥᠭᠵᠢᠯᠲᠡ ᠶᠢᠨ ᠵᠥᠷᠢᠶ᠎ᠡ ᠶᠢ ᠦᠷᠭᠦᠯᠵᠢᠯᠡᠨ ᠪᠠᠭᠠᠰᠬᠠᠨ᠎ᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠶᠢ ᠰᠢᠢᠳᠪᠦᠷᠢᠯᠡᠬᠦ ᠵᠢᠴᠢ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠲᠤᠷᠰᠢᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ 50 %᠎ ᠶᠢᠨ ᠵᠠᠰᠠᠭ ᠵᠠᠬᠢᠷᠭᠠᠨ ᠤ ᠲᠣᠰᠬᠤᠨ ᠢ ᠬᠤᠶᠠᠳᠤᠭᠠᠷ ᠲᠦᠷᠦᠯ ᠤᠨ ᠭᠠᠵᠠᠷ ᠣᠷᠣᠨ ᠤ ᠵᠠᠰᠠᠯᠲᠠ ᠶᠢᠨ ᠪᠠᠷᠢᠮᠵᠢᠶ᠎ᠠ ᠳᠤ ᠬᠦᠷᠭᠡᠨ᠎ᠡ᠃ ᠡᠨᠡ ᠵᠢᠯ ᠡᠬᠢ ᠪᠠᠶᠠᠯᠢᠭ ᠤᠨ ᠵᠠᠮ᠂ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠵᠡᠷᠭᠡ ᠬᠥᠳᠡᠭᠡ ᠲᠣᠰᠬᠤᠨ ᠤ ᠵᠠᠰᠠᠮᠠᠯ ᠵᠠᠮ ᠢ 225 ᠺᠢᠯᠣᠮᠧᠲᠷ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠵᠢᠶ ᠱᠠᠩ ᠵᠠᠰᠠᠮᠠᠯ ᠵᠠᠮ ᠤᠨ ᠰᠢᠩ ᠾᠧ ᠬᠡᠰᠡᠭ ᠤᠨ ᠬᠤᠶᠠᠷ ᠬᠠᠵᠠᠭᠤ ᠶᠢᠨ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠤᠵᠢᠭᠤᠯᠤᠯᠲᠠ ᠴᠡᠪᠡᠷᠵᠢᠭᠦᠯᠦᠯᠲᠡ ᠶᠢᠨ ᠠᠵᠢᠯᠯᠠᠭ᠎ᠠ ᠶᠢ ᠶᠡᠬᠡᠪᠡᠷ ᠠᠬᠢᠭᠤᠯᠤᠨ᠎ᠠ᠃ ︽ᠬᠤᠪᠢ ᠬᠤᠷᠠᠮᠳᠤᠭᠤᠯᠬᠤ ᠲᠦᠷᠢᠮ︾ ︽ᠨᠠᠷᠢᠨ ᠲᠠᠩᠰᠠ ᠶᠢᠨ ᠲᠦᠷᠢᠮ︾᠎ ᠤᠨ ᠵᠠᠭᠪᠤᠷ ᠢ ᠰᠦᠪᠡᠭᠴᠢᠯᠡᠵᠦ᠂ ᠨᠤᠲᠤᠭ ᠤᠨ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃      ᠬᠤᠲᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ︽ᠭᠤᠷᠪᠠᠨ ᠣᠷᠣᠨ ᠢ ᠬᠠᠮᠲᠤᠪᠠᠷ ᠪᠠᠶᠢᠭᠤᠯᠬᠤ︾ ᠠᠯᠬᠤᠴᠠ ᠶᠢ ᠦᠷᠭᠦᠯᠵᠢᠯᠡᠨ ᠠᠬᠢᠭᠤᠯᠤᠨ᠎ᠠ᠃ ᠬᠠᠭᠤᠴᠢᠨ ᠬᠤᠲᠠ ᠶᠢᠨ ᠲᠣᠭᠤᠷᠢᠭ ᠤᠨ ᠭᠤᠤᠯᠳᠠᠯᠭ᠎ᠠ ᠲᠠᠢ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠶ᠃ ᠹᠦ᠋ ᠷᠦᠢ ᠰᠠᠭᠤᠭᠠᠯᠢ ᠲᠣᠭᠤᠷᠢᠭ ᠤᠨ ᠪᠤᠴᠠᠭᠠᠨ ᠨᠡᠭᠦᠯᠭᠡᠬᠦ ᠠᠰᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠤᠷᠠᠭᠠᠵᠤ ᠨᠡᠭᠦᠯᠭᠡᠬᠦ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠭᠠᠵᠠᠷ ᠰᠢᠷᠣᠢ ᠶᠢ ᠡᠮᠬᠢᠯᠡᠨ ᠵᠠᠰᠠᠬᠤ ᠠᠵᠢᠯ ᠢ ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠠᠭᠤᠷᠢ ᠲᠥᠬᠦᠭᠡᠷᠦᠮᠵᠢ ᠶᠢ ᠰᠢᠨᠡᠳᠬᠡᠨ ᠵᠠᠰᠠᠬᠤ᠂ ᠨᠣᠭᠤᠭᠠᠷᠠᠭᠤᠯᠤᠨ ᠭᠤᠶᠤᠵᠢᠭᠤᠯᠬᠤ ᠠᠵᠢᠯ ᠢ ᠬᠢᠵᠦ᠂ ᠬᠠᠭᠤᠴᠢᠨ ᠬᠤᠲᠠ ᠶᠢᠨ ᠲᠣᠭᠤᠷᠢᠭ ᠤᠨ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠲᠦᠷᠭᠡᠬᠡᠨ ᠰᠠᠶᠢᠵᠢᠷᠠᠭᠤᠯᠤᠨ᠎ᠠ᠃ ᠰᠢᠨ᠎ᠡ ᠬᠤᠲᠠ ᠲᠣᠭᠤᠷᠢᠭ ᠤᠨ ᠵᠠᠩᠭᠢᠯᠠᠭ᠎ᠠ ᠨᠢ ᠴᠢᠳᠠᠮᠵᠢ ᠶᠢ ᠴᠢᠩᠭᠠᠳᠬᠠᠬᠤ ᠬᠡᠷᠡᠭᠲᠡᠶ᠃ ᠭᠠᠵᠠᠷ ᠳᠣᠤᠷᠠᠬᠢ ᠬᠠᠭᠤᠴᠢᠨ ᠬᠤᠭᠤᠯᠠᠶ ᠶᠢᠨ ᠲᠣᠤᠷ ᠢ ᠠᠯᠬᠤᠮ ᠠᠯᠬᠤᠮ ᠢᠶᠠᠷ ᠥᠭᠡᠷᠡᠴᠢᠯᠡᠨ ᠰᠠᠶᠢᠵᠢᠷᠠᠭᠤᠯᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠠᠪᠴᠤ ᠪᠠᠶᠢᠭᠠᠳ ᠢᠯᠴᠢ ᠬᠠᠩᠭᠠᠬᠤ ᠠᠰᠠᠭᠤᠳᠠᠯ ᠢ ᠰᠢᠢᠳᠪᠦᠷᠢᠯᠡᠨ᠎ᠡ᠃ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠦᠨ᠎ᠡ᠃ ︽ᠵᠢᠷᠭᠤᠭᠠᠨ ᠣᠷᠳᠣᠨ ᠨᠢᠭᠡ ᠲᠥᠪ︾᠎ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ 110 ᠤᠯᠤᠰ ᠤᠨ ᠵᠠᠮ ᠤᠨ ᠬᠤᠲᠠ ᠶᠢᠨ ᠲᠣᠭᠤᠷᠢᠭ ᠤᠨ ᠬᠡᠰᠡᠭ ᠢ ᠱᠤᠭᠤᠮ ᠥᠭᠡᠷᠡᠴᠢᠯᠡᠬᠦ ᠢᠨᠵᠧᠨᠧᠷᠢᠩ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠥᠨᠳᠥᠷ ᠬᠤᠷᠳᠤᠴᠠᠲᠤ ᠲᠡᠮᠦᠷ ᠵᠠᠮ ᠤᠨ ᠥᠷᠲᠡᠭᠡᠨ ᠤ ᠲᠣᠭᠤᠷᠢᠭ ᠳᠦᠷᠢ ᠲᠥᠷᠬᠦ ᠪᠠᠨ ᠢᠯᠡᠷᠡᠭᠦᠯᠬᠦ ᠬᠡᠷᠡᠭᠲᠡᠶ᠃ ᠳᠡᠭᠡᠳᠦ ᠬᠤᠷᠳᠤᠴᠠᠲᠤ ᠲᠡᠮᠦᠷ ᠵᠠᠮ ᠤᠨ ᠥᠷᠲᠡᠭᠡᠨ ᠤ ᠣᠷᠣᠨ ᠤ ᠶᠡᠷᠦᠩᠬᠡᠢ ᠲᠥᠯᠥᠪᠵᠢᠭᠦᠯᠭᠡ ᠪᠠ ᠭᠠᠵᠠᠷ ᠰᠢᠷᠣᠢ ᠶᠢ ᠠᠰᠢᠭᠯᠠᠬᠤ ᠶᠡᠷᠦᠩᠬᠡᠢ ᠲᠥᠯᠥᠪᠵᠢᠭᠦᠯᠭᠡ ᠶᠢ ᠲᠤᠬᠢᠷᠠᠭᠤᠯᠤᠨ ᠲᠡᠭᠦᠯᠳᠡᠷᠵᠢᠭᠦᠯᠦᠨ᠎ᠡ᠃ ᠥᠷᠲᠡᠭᠡᠨ ᠳᠤ ᠣᠷᠣᠵᠤ ᠭᠠᠷᠬᠤ ᠬᠥᠮᠦᠰ᠂ ᠲᠡᠷᠭᠡ ᠬᠥᠰᠬᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠃ ᠴᠢᠮᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠲᠣᠭᠤᠷᠢᠭ ᠤᠨ 5 G ᠰᠦᠯᠵᠢᠶ᠎ᠡ ᠶᠢ ᠪᠦᠷᠬᠦᠭᠦᠯᠬᠦ ᠶᠢ ᠪᠡᠶᠡᠯᠡᠭᠦᠯᠦᠨ᠎ᠡ᠃ ᠠᠳᠠᠯ ᠠᠬᠤᠶ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠬᠤᠲᠠ ᠶᠢᠨ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢ ᠬᠠᠮᠤᠷᠤᠭᠰᠠᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠵᠢᠯ ᠳᠤ ᠬᠤᠲᠠ ᠪᠠᠯᠭᠠᠰᠤᠨ ᠤ 1000 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠦᠨᠡᠨ ᠬᠦ ᠪᠠᠲᠤᠯᠠᠨ᠎ᠠ᠃ ᠬᠤᠲᠠ ᠬᠥᠳᠡᠭᠡ ᠶᠢᠨ ᠨᠠᠰᠤᠵᠢᠯ᠂ ᠡᠮᠴᠢᠯᠡᠭᠡ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠵᠡᠷᠭᠡ ᠳᠠᠭᠠᠳᠬᠠᠯ ᠢ ᠲᠠᠲᠠᠪᠤᠷᠢᠯᠠᠨ ᠲᠤᠰᠢᠶᠠᠯᠭᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠦᠷᠭᠦᠯᠵᠢᠯᠡᠨ ᠠᠬᠢᠭᠤᠯᠵᠤ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ ᠴᠢᠷᠮᠠᠶᠢᠨ ᠪᠡᠶᠡᠯᠡᠭᠦᠯᠦᠨ᠎ᠡ᠃ ᠨᠠᠰᠤᠵᠢᠯ ᠤᠨ ᠦᠢᠯᠡᠰ ᠤᠨ ᠬᠥᠭᠵᠢᠯᠲᠡ ᠶᠢ ᠳᠡᠮᠵᠢᠵᠦ᠂ ᠰᠠᠭᠤᠭᠠᠯᠢ ᠠᠷᠠᠳ ᠤᠨ ᠨᠠᠰᠤᠵᠢᠯ ᠤᠨ ᠨᠡᠶᠢᠭᠡᠮᠴᠢᠯᠡᠭᠰᠡᠨ ᠤᠶᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠬᠠᠮᠠᠳ ᠺᠠᠳ᠋ᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠳᠡᠮᠵᠢᠵᠦ᠃ ᠨᠡᠶᠢᠭᠡᠮ ᠤᠨ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠰᠢᠶᠠᠨ ᠤ ᠬᠡᠪᠴᠢᠶᠡᠨ ᠳᠠᠬᠢ ᠵᠠᠰᠠᠮᠠᠯ ᠵᠠᠮ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ ᠳᠤᠷ᠎ᠠ ᠪᠠᠷ ᠢᠶᠠᠨ ᠪᠤᠯᠠᠬᠤ ᠳᠤᠷ᠎ᠠ ᠪᠠᠷ ᠢᠶᠠᠨ ᠣᠷᠣᠰᠢᠭᠤᠯᠬᠤ ᠶᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠵᠦ᠂ ᠳᠠᠯᠠᠨ ᠬᠠᠷ᠎ᠠ ᠠᠭᠤᠯᠠ ᠶᠢᠨ ᠣᠩᠭᠤᠨ ᠤ ᠬᠦᠷᠢᠶᠡᠯᠡᠩ ᠪᠠ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃      ᠨᠡᠶᠢᠭᠡᠮ ᠤᠨ ᠦᠢᠯᠡᠰ ᠤᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠤᠨ᠎ᠠ᠃ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠠᠶᠢᠨ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ᠪᠡᠭᠡᠵᠢᠩ ᠵᠢᠴᠢ ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠰᠤᠷᠭᠠᠨ ᠬᠥᠮᠦᠵᠢᠯ᠂ ᠡᠮᠴᠢᠯᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠤᠨ᠎ᠠ᠃ ᠪᠠᠭᠰᠢ ᠶᠢᠨ ᠡᠩᠨᠡᠭᠡᠨ ᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠭᠰᠢ ᠶᠢᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠵᠤ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠲᠡᠮᠵᠢᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠶ᠋ᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠷᠠᠳ ᠣᠯᠠᠨ ᠤ ᠳᠡᠷᠭᠡᠳᠡᠬᠢ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾᠎ ᠢ ᠴᠢᠷᠮᠠᠶᠢᠨ ᠪᠠᠶᠢᠭᠤᠯᠤᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠮᠴᠢᠯᠡᠭᠡ ᠰᠡᠷᠭᠡᠶᠢᠯᠡᠯᠲᠡ ᠶᠢ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾᠂ ︽ᠬᠥᠮᠦᠨ᠂ ᠪᠣᠳᠠᠰ︾᠎ ᠢ ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠡᠮᠬᠢ ᠵᠢᠷᠤᠮ ᠲᠠᠢ ᠰᠠᠶᠢᠲᠤᠷ ᠬᠢᠵᠦ᠂ ᠪᠥᠬᠦ ᠰᠢᠶᠠᠨ ᠤ ᠬᠦᠴᠦᠨ ᠢ ᠳᠠᠶᠢᠴᠢᠯᠠᠨ ᠠᠷᠠᠳ ᠣᠯᠠᠨ ᠤ ︽ᠠᠮᠢᠨ ᠰᠤᠳᠠᠰᠤ︾᠎ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ᠃ ᠡᠭᠡ ᠣᠷᠣᠨᠴᠢ ᠦᠵᠡᠯ ᠤᠨ ᠬᠥᠮᠦᠵᠢᠯ ᠪᠠ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠦᠨ᠎ᠡ᠃ ᠤᠯᠠᠭᠠᠨᠮᠥ᠋ᠴᠢᠷ ᠵᠡᠷᠭᠡ ᠰᠣᠶᠣᠯ ‍ᠤᠨ‌ᠤᠶᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠦᠨ᠎ᠡ᠃ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠠᠪᠤᠳᠠᠯ ᠢ ᠡᠷᠡᠰ ᠬᠤᠷᠢᠭᠯᠠᠨ ᠵᠣᠭᠰᠣᠭᠠᠵᠤ᠂ ᠠᠷᠪᠢᠯᠠᠨ ᠭᠠᠮᠨᠠᠬᠤ ᠪᠣᠯᠪᠠᠰᠤᠨ ᠰᠤᠷᠲᠠᠯ ᠢ ᠡᠷᠬᠢᠮᠯᠡᠬᠦ ᠬᠡᠷᠡᠭᠲᠡᠢ᠃ ᠡᠷᠲᠡᠨ ᠤ ᠤᠷᠳᠤ ᠴᠠᠭᠠᠨ ᠬᠡᠷᠡᠮ ᠵᠡᠷᠭᠡ ᠰᠣᠶᠣᠯ ᠤᠨ ᠥᠪ ᠢ ᠬᠠᠮᠠᠭᠠᠯᠠᠬᠤ ᠪᠠ ᠠᠰᠢᠭᠯᠠᠬᠤ ᠶᠢ ᠦᠷᠭᠦᠯᠵᠢᠯᠡᠨ ᠴᠢᠩᠭᠠᠳᠬᠠᠨ᠎ᠠ᠃      ︽ᠠᠮᠤᠷ ᠠᠮᠤᠭᠤᠯᠠᠩ ᠡᠩᠬᠡ ᠲᠠᠶᠢᠪᠤᠩ ᠬᠥᠭᠵᠢᠯᠲᠡ︾᠎ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠢᠷᠭᠡᠨ ᠤ ᠬᠠᠤᠯᠢ ᠶᠢᠨ ᠪᠢᠴᠢᠭ ᠢ ᠭᠦᠨᠵᠡᠭᠡᠢ ᠬᠡᠷᠡᠭᠵᠢᠭᠦᠯᠵᠦ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠤᠰ ᠠᠴᠠ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠬᠤᠶᠠᠷ ᠢ ᠬᠦᠷᠢᠶᠡᠯᠡᠬᠦ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠤᠬᠡᠳ᠂ ᠡᠮᠡᠭᠲᠡᠶᠢᠴᠦᠳ ᠪᠠ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ᠂ ᠱᠠᠰᠢᠨ ᠰᠤᠷᠲᠠᠬᠤᠨ᠂ ᠲᠠᠩᠰᠠ ᠡᠪᠬᠡᠮᠡᠯ᠂ ᠲᠡᠤᠬᠡ ᠣᠶᠢᠯᠠᠯᠭ᠎ᠠ᠂ ᠲᠤᠭ᠎ᠠ ᠪᠦᠷᠢᠳᠬᠡᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ᠂ ᠴᠠᠭ ᠠᠭᠤᠷ᠂ ᠭᠠᠯ ᠤᠨᠲᠠᠷᠠᠭᠠᠬᠤ᠂ ᠬᠠᠩᠭᠠᠨ ᠪᠣᠷᠣᠯᠠᠭᠤᠯᠬᠤ ᠵᠡᠷᠭᠡ ᠠᠵᠢᠯ ᠢ ᠴᠢᠩᠭᠠᠳᠬᠠᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠦᠢᠯᠡᠰ ᠢ ᠳᠡᠮᠵᠢᠨ᠎ᠡ᠃      ︵ᠳᠥᠷᠪᠡ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠲᠡᠮᠦᠷ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠬᠡᠷᠡᠭᠲᠡᠢ︾ ᠭᠡᠵᠦ ᠲᠣᠳᠣᠷᠬᠠᠢ ᠳᠤᠷᠠᠳᠪᠠ᠃ ᠰᠢᠨ᠎ᠡ ᠡᠭᠦᠷᠭᠡ ᠬᠠᠷᠢᠭᠤᠴᠠᠯᠭ᠎ᠠ᠂ ᠰᠢᠨ᠎ᠡ ᠬᠠᠷᠠᠯᠲᠠ ᠶᠢᠨ ᠡᠮᠦᠨ᠎ᠡ᠂ ᠵᠠᠰᠠᠭ ᠤᠨ ᠣᠷᠳᠣᠨ ᠡᠷᠬᠡᠪᠰᠢ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠬᠡᠷᠡᠭᠲᠡᠢ᠃      ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃      ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠢᠨᠠᠮᠠᠭᠠᠶ ᠲᠤᠤᠱᠯᠠᠭᠤᠯᠵᠤ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠲᠦᠷ ᠬᠡᠷᠡᠭᠵᠢᠭᠦᠯᠬᠦ ᠳᠦᠷᠢᠮ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠪᠣᠯᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠳᠦᠷᠢᠮ ᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠪᠣᠯᠤᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠠᠵᠢᠯ ᠤᠨ ᠬᠢᠨᠠᠯᠲᠠ ᠲᠠᠯᠪᠢᠬᠤ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠡᠷᠬᠡ ᠶᠢᠨ ᠢᠯᠡ ᠲᠣᠳᠣ᠂ ᠲᠥᠪ ᠭᠤᠣᠯᠴᠢ᠂ ᠵᠢᠷᠤᠮᠵᠢᠯ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃      ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠠᠢ᠂ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾᠎ ᠶᠢ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠣᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠲᠥᠪ ᠤᠨ ᠨᠠᠢᠮᠠ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾᠎ ᠢ ᠴᠥᠬᠦᠷᠡᠰᠢ ᠥᠬᠡᠶ ᠵᠠᠯᠠᠷᠠᠭᠤᠯᠤᠨ᠎ᠠ᠃      ᠲᠥᠯᠥᠭᠡᠯᠡᠭᠴᠢᠳ ᠡ︕ ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠪᠦᠷᠢᠶ᠎ᠡ ᠶᠢ ᠨᠢᠭᠡᠨᠲᠡ ᠬᠠᠩᠭᠢᠨᠠᠭᠤᠯᠪᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠡᠭᠦᠷᠢᠳᠡ ᠦᠯᠦ ᠴᠠᠯᠠᠭᠠᠶᠢᠷᠠᠬᠤ ᠤᠶᠤᠨ ᠰᠠᠨᠠᠭᠠᠨ ᠤ ᠳᠦᠷᠰᠦ ᠪᠠᠶᠢᠳᠠᠯ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠣᠪᠣᠷ ᠪᠠᠶᠢᠳᠠᠯ ᠢᠶᠠᠷ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠠᠶᠢᠨ ᠰᠠᠶᠢᠬᠠᠨ ᠡᠬᠢᠯᠡᠯᠲᠡ ᠶᠢ ᠴᠢᠷᠮᠠᠶᠢᠨ ᠪᠡᠶᠡᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠰᠤᠭᠠᠢ︕                                 ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3