ᠵᠠᠰᠠᠭ ᠤᠨ ᠣᠷᠳᠤᠨ ᠤ ᠠᠵᠢᠯ ᠤᠨ ᠢᠯᠡᠳᠬᠡᠯ | ——2021 ᠣᠨ ᠤ 3 ᠰᠠᠷ᠎ᠠ ᠶᠢᠨ 3 ᠤ ᠡᠳᠦᠷ᠂ ᠰᠢᠩ ᠾᠧ ᠰᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ | ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠢ | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ | ᠭᠠᠷᠭᠠᠬᠤ ᠪᠣᠯᠪᠠᠤ᠃ | ᠨᠢᠭᠡ᠂ 2020 ᠣᠨ ᠵᠢᠴᠢ ︽ ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠠᠵᠢᠯ ᠤᠨ ᠡᠷᠭᠢᠴᠡᠭᠦᠯᠦᠯ | 2020 ᠣᠨ ᠪᠣᠯ ᠲᠦᠢᠯ ᠤᠨ ᠶᠡᠷᠦ ᠪᠤᠰᠤ ᠶᠢᠨ᠂ ᠲᠦᠢᠯ ᠤᠨ ᠶᠡᠭᠡ ᠥᠷᠢᠰᠥᠯᠳᠦᠭᠡᠨ ᠲᠠᠢ ᠨᠢᠭᠡ ᠵᠢᠯ | ᠪᠣᠯᠤᠨ᠎ᠠ᠃ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠬᠥᠭᠵᠢᠯᠲᠡ ᠶᠢᠨ ᠪᠠᠶᠢᠳᠠᠯ᠂ ᠪᠡᠷᠬᠡ ᠬᠠᠲᠠᠭᠤᠵᠢᠯᠲᠠᠶ ᠨᠦᠰᠡᠷ | ᠬᠦᠨᠳᠦ ᠪᠣᠭᠤᠮᠲᠠ ᠰᠢᠪᠲᠤᠯᠬᠤ ᠡᠭᠦᠷᠭᠡ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠲᠠᠭᠠᠷᠢᠯᠲᠠ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠦᠴᠢᠷ ᠪᠡᠷᠬᠡᠰᠢᠶᠡᠯ ᠢ ᠢᠯᠡᠨ ᠳᠠᠪᠠᠵᠤ ᠵᠠᠮ | ᠨᠡᠭᠡᠭᠡᠨ ᠤᠷᠤᠭᠰᠢᠯᠠᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠳᠤ ᠠᠩᠬᠠᠷᠤᠯ ᠢᠶᠠᠨ | ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ | ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶ ᠶᠢᠨ ᠪᠠᠶᠢᠳᠠᠯ ᠦᠷᠭᠦᠯᠵᠢᠯᠡᠨ | ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠡᠪᠲᠠᠢ ᠪᠠᠶᠢᠨ᠎ᠠ᠃ | ︵ᠨᠢᠭᠡ︶ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ᠃ ᠪᠥᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 57 . 9 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1 . 5 % ᠪᠠᠷ ᠨᠡᠮᠡᠭᠳᠡᠪᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 9 . 98 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10 . 5 % ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ 13 . 6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5 . | 8 % ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1 . 66 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2 . 9 % ᠪᠠᠷ ᠨᠡᠮᠡᠭᠳᠡᠪᠡ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ | 30310 ᠲᠥᠭᠦᠷᠢᠭ ᠪᠠ 11731 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ | ᠲᠣᠰ 3 . 5 % ᠪᠠ 8 . 5 % ᠪᠠᠷ ᠨᠡᠮᠡᠭᠳᠡᠪᠡ᠃ | ︵ᠬᠤᠶᠠᠷ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠦᠷ᠎ᠡ ᠪᠦᠲᠦᠭᠡᠯ | ᠤᠯᠪᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠢᠮᠠᠭᠲᠠ | ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠲᠡᠷᠡ ᠳᠠᠷᠤᠶ ᠳᠤᠨᠢ ᠡᠬᠢᠯᠡᠭᠦᠯᠵᠦ᠂ 6823 | ᠲᠦᠮᠡᠨ ᠲᠥᠭᠦᠷᠢᠭ ᠤᠨ ᠪᠠᠯᠠ ᠮᠥᠩᠭᠦ ᠶᠢ ᠤᠷᠢᠳ ᠢᠶᠠᠷ ᠲᠣᠬᠢᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠤ ᠬᠡᠷᠡᠭᠯᠡᠪᠡ᠃ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠠᠪᠤᠷᠠᠨ ᠵᠠᠰᠠᠯᠲᠠ᠂ | ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ︽ᠣᠷᠣᠭᠤᠯᠬᠤ ᠥᠬᠡᠶ᠂ | ᠬᠠᠯᠳᠠᠪᠤᠷᠢᠯᠠᠬᠤ ᠥᠬᠡᠶ︾ ᠪᠠᠶᠢᠬᠤ ᠶᠢ ᠪᠡᠶᠡᠯᠡᠭᠦᠯᠪᠡ᠃ 5 ᠡᠮᠴᠢ ᠰᠤᠪᠢᠯᠠᠭᠴᠢ ᠦᠬᠠᠨ ᠢ ᠲᠤᠰᠠᠯᠠᠵᠤ᠂ 7600 | ᠭᠠᠷᠤᠢ ᠨᠠᠮ ᠤᠨ ᠭᠡᠰᠢᠭᠦᠨ ᠺᠠᠳ᠋ᠷ᠂ ᠡᠮᠴᠢ ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠰᠠᠶᠢᠨ | ᠳᠤᠷᠠᠴᠤᠳ ᠢᠳᠡᠪᠬᠢᠲᠡᠢ ᠣᠷᠣᠯᠴᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠦᠴᠦ ᠣᠷᠣᠭᠤᠯᠤᠨ ᠪᠡᠯᠡ | ᠭᠠᠷᠭᠠᠵᠤ᠂ ᠪᠦᠬᠦ ᠰᠢᠶᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠠᠭ ᠤᠨ ᠪᠡᠷᠬᠡ ᠶᠢ | ᠬᠠᠮᠲᠤ ᠪᠠᠷ ᠲᠤᠭᠤᠯᠵᠤ᠂ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠢᠯᠡᠷᠡᠭᠦᠯᠪᠡ᠃ | ︵ᠭᠤᠷᠪᠠ︶ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢᠯᠡᠳᠲᠡ ᠦᠷ᠎ᠡ ᠪᠦᠲᠦᠮᠵᠢ ᠤᠯᠪᠠ | ᠃ ᠪᠥᠬᠦ ᠵᠢᠯ ᠳᠤ ᠶᠠᠳᠠᠭᠤ ᠶᠢ ᠲᠡᠳᠬᠦᠬᠦ ᠪᠠᠯᠠ ᠮᠥᠩᠭᠦ ᠶᠢ 4 . 4 ᠳ᠋ᠦᠩᠰᠢᠭᠤᠷ ᠲᠥᠭᠦᠷᠢᠭ ᠣᠷᠣᠭᠤᠯᠵᠤ᠂ ︽ | ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠳᠠᠬᠢᠨ | ᠶᠠᠳᠠᠭᠤᠷᠠᠬᠤ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠦᠨᠳᠦᠰᠦᠨ ᠳᠡᠭᠡᠨ | ᠪᠦᠷᠢᠯᠳᠦᠬᠦ ᠶᠢ ᠰᠡᠷᠭᠡᠶᠢᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠦᠯᠡᠳᠡᠵᠦ ᠪᠠᠶᠢᠭ᠎ᠠ ᠶᠠᠳᠠᠭᠤ ᠠᠴᠠ ᠠᠩᠭᠢᠵᠢᠷᠠᠭᠠᠳᠤᠢ ᠡᠷᠦᠬᠡ ᠶᠢ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ | ᠲᠠᠯ᠎ᠠ ᠶᠢᠨ ᠢᠯᠠᠯᠲᠠ ᠶᠢ ᠤᠯᠪᠠ᠃ ᠳ᠋ᠧᠩ ᠢ ᠱᠤᠸᠠᠢ᠂ ᠾᠧ ᠯᠦᠩ ᠬᠤᠶᠠᠷ ᠨᠥᠬᠦᠷ ᠪᠦᠬᠦ ᠤᠯᠤᠰ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠤᠪᠢ ᠬᠥᠮᠦᠨ ᠢᠶᠠᠷ ᠦᠨᠡᠯᠡᠭᠳᠡᠪᠡ᠃ | ᠪᠣᠬᠢᠷᠲᠤᠯ ᠢ ᠰᠡᠷᠭᠡᠶᠢᠯᠡᠨ ᠵᠠᠰᠠᠬᠤ ︽ᠭᠤᠷᠪᠠᠨ ᠵᠢᠯ ᠤᠨ ᠠᠵᠢᠯᠯᠠᠭ᠎ᠠ︾ ᠶᠢᠨ ᠲᠥᠯᠥᠪᠯᠡᠭᠡ ᠶᠢ ᠦᠨᠡᠨᠬᠦ ᠠᠬᠢᠭᠤᠯᠵᠤ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ | ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠪᠡ᠃ | ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠡᠮᠬᠢ ᠵᠢᠷᠤᠮ ᠲᠠᠢ | ᠠᠬᠢᠭᠤᠯᠪᠠ᠃ ᠪᠦᠬᠦ ᠵᠢᠯ ᠳᠤ ᠳᠠᠯᠳᠠ ᠥᠷᠢ ᠥᠭᠴᠡᠭᠡ ᠶᠢ 4 . 6 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ︵ᠳᠥᠷᠪᠡ︶ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ | ᠯᠠᠪᠳᠠᠭᠤᠨ ᠪᠠᠲᠤᠲᠠᠶ ᠥᠷᠨᠢᠭᠦᠯᠪᠡ᠃ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ | ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ 9805 ᠲᠦᠮᠡᠨ ᠲᠥᠭᠦᠷᠢᠭ ᠤᠨ ᠭᠠᠶᠢᠯᠢ ᠶᠢ ᠬᠠᠰᠤᠵᠤ | ᠰᠦᠢᠳᠬᠡᠯ ᠢ ᠪᠠᠭᠤᠷᠠᠭᠤᠯᠤᠨ᠂ ᠡᠯ᠎ᠡ ᠲᠥᠷᠥᠯ ᠤᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠳᠤ 6 . 17 ᠳ᠋ᠦᠩᠰᠢᠭᠤᠷ ᠲᠥᠭᠦᠷᠢᠭ ᠤᠨ ᠵᠢᠭᠡᠯᠡᠯᠭᠡ ᠥᠭᠪᠡ᠃ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ 22 ᠲᠥᠷᠥᠯ ᠵᠦᠢ ᠳᠤ 13 . 46 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ ᠬᠤᠲᠠ ᠪᠠᠯᠭᠠᠰᠤᠨ ᠤ 871 ᠬᠥᠮᠦᠨ ᠳᠤ ᠰᠢᠨ᠎ᠡ ᠪᠠᠷ ᠠᠵᠢᠯ ᠣᠯᠭᠤᠪᠠ᠃ | ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 1400 ᠡᠷᠦᠬᠡ ᠰᠢᠨ᠎ᠡ ᠪᠠᠷ ᠨᠡᠮᠡᠭᠳᠡᠵᠦ᠂ ᠠᠳᠠᠯᠢ | ᠬᠤᠭᠤᠴᠠᠭᠠᠨ ᠤ ᠬᠢ ᠠᠴᠠ 51 % ᠨᠡᠮᠡᠭᠳᠡᠪᠡ᠃ ᠠᠮᠤ ᠪᠤᠳᠠᠭᠠᠨ ᠤ ᠤᠨᠠᠯᠲᠠ 2 . 3 ᠳ᠋ᠦᠩᠰᠢᠭᠤᠷ ᠵᠢᠩ ᠳᠤ | ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠬᠦ᠃ ᠳ᠋ᠦᠩ ᠢ ᠳ᠋ᠡ᠂ ᠳ᠋ᠠ ᠪᠧᠢ ᠨᠦᠩ᠂ ᠫᠦ᠋ ᠢᠦᠢ ᠵᠡᠷᠭᠡ | ᠨᠢᠭᠡ ᠪᠦᠯᠦᠭ ᠲᠣᠯᠣᠭᠠᠶᠢᠯᠠᠭᠴᠢ ᠠᠵᠤ ᠦᠢᠯᠡᠰ ᠤᠨ ᠲᠥᠷᠦᠯ ᠵᠦᠢᠯ ᠠᠰᠢᠭᠯᠠᠯᠲᠠ ᠳᠤ ᠣᠷᠣᠪᠠ᠃ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠲᠦᠷᠭᠡᠨ ᠠᠬᠢᠵᠤ᠂ ᠡᠳ᠋ᠰᠢᠭᠦᠯᠦᠨ | ᠪᠣᠯᠪᠠᠰᠤᠷᠠᠭᠤᠯᠬᠤ ᠠᠵᠤ ᠠᠬᠤᠶᠢᠯᠠᠯ 5 ᠰᠠᠭᠤᠷᠢᠰᠢᠪᠠ᠃᠂ ︽ᠰᠢᠩ ᠾᠧ ᠨᠠᠷᠢᠮᠤ︾᠂ ︽ᠰᠢᠩ ᠾᠧ ᠨᠣᠬᠠᠶ ᠶᠢᠨ | ᠬᠤᠰᠢᠭᠤ ᠶᠢᠨ ᠭᠤᠯᠢᠷ︾᠂ ︽ᠰᠢᠩ ᠾᠧ ᠬᠡᠦ ᠮᠠ ᠶᠢᠨ ᠲᠣᠰᠣ︾ ᠵᠡᠷᠭᠡ 4 ᠪᠦᠲᠦᠭᠡᠭᠳᠡᠬᠦᠨ ᠪᠥᠬᠦ ᠤᠯᠤᠰ ᠤᠨ | ᠨᠠᠷᠠᠲᠤ ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠪᠠ᠃ | ᠭᠤᠸᠠᠩ ᠬᠤᠸᠠ ᠶᠢᠨ ᠵᠢᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ | ᠡᠮᠦᠨᠡᠬᠢ ᠬᠤᠭᠤᠴᠠᠭᠠᠨ ᠤ ᠠᠵᠢᠯ ᠢ ᠳᠠᠭᠤᠰᠬᠠᠵᠤ᠂ ᠵᠢᠶᠠ ᠲᠠᠢ᠂ ᠶᠠᠨ ᠶᠠᠩ ᠰᠢᠨ᠎ᠡ ᠮᠠᠲ᠋ᠧᠷᠢᠶᠠᠯ ᠤᠨ ᠲᠥᠷᠥᠯ | ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠶᠠᠩ ᠭᠤᠸᠠᠩ ᠰᠢᠨ᠎ᠡ ᠡᠨᠧᠷᠭᠢ ᠶᠢᠨ 1 GW ᠣᠯᠠᠨ | ᠲᠠᠯᠠᠰᠲᠤ ᠴᠠᠬᠢᠭᠤᠷ ᠢᠯᠲᠠᠰᠤ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ | ᠪᠡᠶᠡᠯᠡᠭᠦᠯᠪᠡ᠃ ᠳ᠋ᠠ ᠲᠠᠩ ᠸᠠᠨ ᠶᠤᠸᠠᠨ 50 ᠰᠠᠶ᠎ᠠ ᠸᠠᠲ ᠤᠨ ᠰᠠᠯᠬᠢᠨ ᠴᠠᠬᠢᠯᠭᠠᠨ ᠤ ᠲᠥᠷᠥᠯ ᠵᠦᠢᠯ ᠢ | ᠲᠣᠤᠷ ᠲᠤ ᠣᠷᠣᠭᠤᠯᠤᠨ ᠴᠠᠬᠢᠯᠭᠠᠨ ᠭᠠᠷᠭᠠᠨ᠎ᠠ᠃ ᠳᠤᠮᠳᠠᠳᠤ ᠮᠣᠩᠭᠤᠯ ᠤᠨ ᠬᠡᠦᠷᠡᠰᠦ ᠶᠢᠨ ᠡᠭᠡᠯᠵᠢ ᠶᠢᠨ ᠭᠠᠯᠲᠤ | ᠲᠡᠷᠭᠡ ᠨᠡᠪᠲᠡᠷᠡᠪᠡ᠃ ᠯᠦ ᠵᠢᠶᠠ ᠶᠢᠩ ᠠᠮᠢ ᠠᠬᠤᠶ ᠶᠢᠨ ᠵᠢᠭᠤᠯᠴᠢᠯᠠᠯ ᠤᠨ ᠵᠢᠵᠢᠭ ᠪᠠᠯᠭᠠᠰᠤ ᠠᠩᠬ᠎ᠠ ᠠᠯᠬᠤᠮ | ᠬᠦᠯᠢᠶᠡᠨ ᠠᠪᠬᠤ ᠴᠢᠳᠠᠪᠤᠷᠢ ᠲᠠᠢ ᠪᠣᠯᠪᠠ᠃ | ︵ᠲᠠᠪᠤ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠳᠤ ᠲᠥᠯᠥᠪᠯᠡᠨ | ᠠᠬᠢᠭᠤᠯᠤᠨ᠎ᠠ᠃ ᠬᠥᠳᠡᠭᠡ ᠲᠣᠰᠬᠤᠨ ᠤ 1834 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ | ᠵᠠᠰᠠᠵᠤ᠂ ᠹᠦ᠋ ᠷᠦᠢ ᠰᠠᠭᠤᠭᠠᠯᠢ ᠲᠣᠭᠤᠷᠢᠭ ᠤᠨ ᠪᠤᠴᠠᠭᠠᠨ ᠨᠡᠭᠦᠯᠭᠡᠬᠦ ᠠᠰᠠᠷ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠡᠮᠬᠢ ᠴᠡᠭᠴᠡ ᠲᠠᠢ ᠠᠬᠢᠭᠤᠯᠵᠤ᠂ 5820 ᠡᠷᠦᠬᠡ ᠶᠢᠨ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠵᠠᠰᠠᠵᠤ᠂ ︽ᠣᠷᠣᠵᠤ ᠰᠠᠭᠤᠬᠤ ᠳᠤ ᠬᠦᠴᠢᠷ︾᠂ ︽ᠪᠤᠴᠠᠭᠠᠨ ᠨᠡᠭᠦᠯᠭᠡᠬᠦ ᠳᠤ ᠬᠦᠴᠢᠷ︾᠂ ︽ | ᠦᠨᠡᠮᠯᠡᠯ ᠭᠦᠢᠴᠡᠳᠬᠡᠬᠦ ᠳᠤ ᠬᠦᠴᠢᠷ︾ 385384 ᠢᠵᠢ ᠭᠡᠷ ᠪᠠᠶᠢᠰᠢᠩ ᠢ ᠰᠢᠢᠳᠪᠦᠷᠢᠯᠡᠪᠡ᠃ ᠰᠢᠨ᠎ᠡ ᠬᠤᠲᠠ | ᠲᠣᠭᠤᠷᠢᠭ ᠤᠨ 5 ᠺᠢᠯᠣᠮᠧᠳ᠋ᠷ ᠪᠣᠷᠣᠭᠠᠨ ᠤ ᠤᠰᠤᠨ ᠤ ᠬᠤᠭᠤᠯᠠᠢ ᠶᠢ ᠰᠢᠨ᠎ᠡ ᠪᠠᠷ ᠪᠠᠶᠢᠭᠤᠯᠵᠤ᠂ ᠬᠠᠭᠤᠴᠢᠨ | ᠬᠤᠲᠠ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢᠨ ᠢᠨᠵᠧᠨᠧᠷᠢᠩ ᠢ ᠡᠬᠢᠯᠡᠨ ᠪᠠᠶᠢᠭᠤᠯᠤᠨ᠎ᠠ᠃ 5 . 62 | ᠲᠦᠮᠡᠨ ᠮᠦ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠪᠡ᠃ ᠮᠤᠵᠢ ᠶᠢᠨ ᠵᠠᠮ ᠤᠨ | 223 ᠱᠤᠭᠤᠮ ᠤᠨ ᠰᠢᠩ ᠾᠧ ᠠᠴᠠ ᠱᠠᠩᠳᠤ ᠬᠦᠷᠬᠦ ᠬᠡᠰᠡᠭ ᠪᠦᠬᠦ ᠱᠤᠭᠤᠮ ᠢᠶᠠᠷ ᠲᠡᠷᠭᠡ ᠨᠡᠪᠲᠡᠷᠡᠪᠡ᠃ 3 | ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠵᠦ᠂ ᠬᠥᠳᠡᠭᠡ | ᠲᠣᠰᠬᠤᠨ ᠤ 11348 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠪᠠ᠃ | ︵ᠵᠢᠷᠭᠤᠭ᠎ᠠ︶ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠪᠥᠬᠦ | ᠵᠢᠯ ᠤᠨ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ 23 . 5 ᠳ᠋ᠦᠩᠰᠢᠭᠤᠷ ᠲᠥᠭᠦᠷᠢᠭ ᠲᠤ ᠬᠦᠷᠴᠦ᠂ | ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 79 . 3 % ᠶᠢ ᠡᠵᠡᠯᠡᠪᠡ᠃ ᠬᠤᠳᠠ ᠬᠥᠳᠡᠭᠡ ᠶᠢᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ ᠰᠤᠷᠭᠠᠭᠤᠯᠢ ᠡᠷᠬᠢᠯᠡᠬᠦ ᠵᠠᠭᠪᠤᠷ ᠰᠢᠨ᠎ᠡ ᠶᠢ ᠡᠭᠦᠳᠴᠦ᠂ ᠹᠧᠩ ᠬᠤᠸᠠ ᠳᠤᠮᠳᠠᠳᠤ | ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ ᠪᠠᠶᠢᠭᠤᠯᠤᠨ᠎ᠠ᠃ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠨ᠎ᠠ᠃ ᠰᠤᠷᠭᠠᠭᠤᠯᠢ ᠶᠢᠨ | ᠪᠡᠶ᠎ᠡ ᠶᠢᠨ ᠲᠠᠮᠢᠷ ᠪᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠵᠣᠬᠢᠴᠠᠭᠤᠯᠤᠨ ᠠᠬᠢᠭᠤᠯᠪᠠ᠃ ᠳ᠋ᠠ ᠮᠧᠶ | ᠰᠢᠩ ᠲᠥᠪ ᠲᠧᠯᠸᠢᠰ ᠤᠨ ︽ᠬᠥᠳᠡᠭᠡ ᠲᠣᠰᠬᠤᠨ ᠤ ᠲᠣᠮᠣ ᠲᠠᠪᠴᠠᠩ︾ ᠢ ᠳᠠᠭᠤᠯᠠᠪᠠ᠃ ᠴᠠᠩ ᠴᠤᠸᠠᠨ ᠤ | ᠡᠷᠲᠡᠨ ᠤ ᠬᠤᠲᠠ ᠪᠠ ᠳᠠᠯᠠᠨ ᠬᠠᠷ᠎ᠠ ᠠᠭᠤᠯᠠ ᠶᠢᠨ ᠬᠠᠳᠠᠨ ᠰᠡᠶᠢᠯᠦᠮᠡᠯ ᠤᠨ ᠳᠠᠩᠰᠠ ᠡᠪᠬᠡᠮᠡᠯ ᠢ ᠪᠠᠶᠢᠭᠤᠯᠵᠤ | ᠳᠠᠭᠤᠰᠬᠠᠪᠠ᠃ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ︾ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ | ᠶᠡᠷᠦᠩᠬᠡᠢ ᠳᠡᠭᠡᠨ ᠲᠣᠭᠲᠠᠭᠤᠨ ᠪᠠᠶᠢᠵᠤ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ | ᠲᠡᠭᠦᠰ ᠠᠮᠵᠢᠯᠲᠠ ᠲᠠᠢ ᠪᠡᠶᠡᠯᠡᠭᠦᠯᠪᠡ᠃ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠲᠣᠬᠢᠲᠠᠢ | ᠰᠢᠢᠳᠪᠦᠷᠢᠯᠡᠪᠡ᠃ ᠱᠠᠰᠢᠨ ᠰᠤᠷᠲᠠᠬᠤᠨ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠯ ᠤᠨᠲᠠᠷᠠᠭᠠᠬᠤ᠂ ᠭᠠᠵᠠᠷ | ᠬᠥᠳᠡᠯᠦᠯᠲᠡ᠂ ᠴᠠᠭ ᠠᠭᠤᠷ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠲᠤᠭ᠎ᠠ ᠪᠦᠷᠢᠳᠬᠡᠯ᠂ ᠠᠮᠤ ᠪᠤᠳᠠᠭ᠎ᠠ᠂ | ᠬᠠᠩᠭᠠᠨ ᠪᠣᠷᠣᠯᠠᠭᠤᠯᠭ᠎ᠠ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠣᠨ | ᠦᠢᠯᠡᠰ ᠵᠡᠷᠭᠡ ᠠᠵᠢᠯ ᠳᠤ ᠢᠯᠡᠳᠲᠡ ᠦᠷ᠎ᠡ ᠪᠦᠲᠦᠮᠵᠢ ᠣᠯᠪᠠ᠃ | ︵ᠳᠣᠯᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠪᠠ᠃ ᠤᠯᠤᠰ ᠲᠥᠷᠥ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠥᠷᠪᠡᠨ | ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ | ᠵᠦᠢᠯ ᠤᠨ ᠳᠦᠷᠢᠮ︾ ᠪᠣᠯᠤᠨ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ | ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ | ᠬᠢᠷᠢ ᠬᠡᠮᠵᠢᠶ᠎ᠡ ᠢᠯᠡᠳᠲᠡ ᠳᠡᠭᠡᠭᠰᠢᠯᠡᠪᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠰᠢᠨᠲᠠᠷᠠᠰᠢ ᠦᠭᠡᠢ | ᠴᠡᠭᠴᠡᠯᠡᠨ ᠵᠠᠰᠠᠪᠠ᠃ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ᠂ ᠪᠥᠬᠦ ᠶᠠᠪᠤᠴᠠ ᠳᠤ ᠣᠷᠣᠯᠠᠨ ᠭᠦᠶ᠋ᠴᠡᠳᠬᠡᠬᠦ︾ ᠶᠢ ᠬᠡᠷᠡᠭᠵᠢᠭᠦᠯᠵᠦ᠂ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠵᠠᠭᠠᠯᠳᠤᠯᠭ᠎ᠠ ᠶᠢ ᠴᠠᠭ ᠲᠤᠬᠠᠶ ᠳᠤᠨᠢ | ᠭᠥᠯᠢᠶᠡᠨ ᠠᠪᠴᠤ ᠰᠢᠶ᠋ᠳᠪᠦᠷᠢᠯᠡᠨ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠪᠠᠷᠢᠮᠵᠢᠶᠠᠵᠢᠭᠤᠯᠵᠤ | ᠵᠢᠷᠤᠮᠵᠢᠭᠤᠯᠬᠤ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠪᠠ᠃ ᠲᠥᠷᠥᠯ ᠵᠦᠢᠯ ᠢ ᠬᠢᠨᠠᠨ | ᠲᠣᠭᠲᠠᠭᠠᠬᠤ ᠶᠢ ᠴᠢᠩᠭᠠᠳᠬᠠᠵᠤ᠂ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠵᠢᠯ ᠤᠨ ᠳᠣᠲᠣᠷ᠎ᠠ 1 . | 22 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠬᠢᠨᠠᠨ ᠬᠠᠰᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ᠂ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠭᠦᠢᠴᠡᠳᠬᠡᠵᠦ ᠳᠠᠭᠤᠰᠬᠠᠭᠰᠠᠨ ᠨᠣᠷᠮ᠎ᠠ 100 % ᠳᠤ ᠬᠥᠷᠪᠡ᠃ | ᠲᠥᠯᠥᠭᠡᠯᠡᠭᠴᠢᠳ ᠡ︕ 2020 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠃ ᠥᠩᠭᠡᠷᠡᠭᠰᠡᠨ ᠲᠠᠪᠤᠨ ᠵᠢᠯ ᠳᠤ᠂ ᠪᠢᠳᠡ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠠᠮᠢ | ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠢᠳᠡᠪᠬᠢᠲᠡᠢ ᠵᠠᠮᠨᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠦᠨᠳᠦᠰᠦᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠪᠡ᠃ ᠪᠦᠬᠦ ᠰᠢᠶᠠᠨ ᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 5 . 7 % ᠨᠡᠮᠡᠭᠳᠡᠵᠦ᠂ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 2 . 89 % ᠨᠡᠮᠡᠭᠳᠡᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠵᠢᠯ ᠪᠦᠷᠢ ᠳᠤᠮᠳᠠᠴᠢ ᠪᠠᠷ 3 . 2 % | ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ | ᠣᠷᠣᠯᠭ᠎ᠠ ᠵᠢᠯ ᠪᠦᠷᠢ ᠳᠤᠮᠳᠠᠴᠢ ᠪᠠᠷ ᠲᠤᠰ ᠲᠤᠰ 6 . 8 % ᠪᠠ 9 % ᠨᠡᠮᠡᠭᠳᠡᠪᠡ᠃ ᠭᠤᠷᠪᠠᠨ ᠠᠵᠤ | ᠦᠢᠯᠡᠰ ᠤᠨ ᠬᠤᠪᠢ ᠶᠢᠨ ᠵᠢᠩ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 18 | ᠄ 41᠄ 41 ᠪᠠᠶᠢᠭᠰᠠᠨ ᠠᠴᠠ ᠪᠠᠨ 22᠄ 25᠄ 53 ᠪᠣᠯᠪᠠ᠃ ᠠᠮᠤ ᠪᠤᠳᠠᠭᠠᠨ ᠤ ᠦᠢᠯᠡᠳᠪᠦᠷᠢᠯᠡᠯ ᠲᠠᠪᠤᠨ ᠵᠢᠯ | ᠳᠠᠷᠠᠭᠠᠯᠠᠨ ᠡᠯᠪᠡᠭ ᠬᠤᠷᠢᠶᠠᠯᠲᠠ ᠣᠯᠵᠠᠶ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠠᠯᠬᠤᠮ | ᠠᠯᠬᠤᠮ ᠢᠶᠠᠷ ᠬᠥᠭᠵᠢᠨ ᠪᠤᠵᠠᠭᠠᠶᠢᠷᠠᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠪᠠᠶᠢᠳᠠᠯ ᠰᠠᠶᠢᠨ ᠪᠠᠶᠢᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠠᠷᠢᠯᠢᠭ | ᠣᠨᠣᠴᠠᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠪᠡᠷᠬᠡ | ᠰᠡᠳᠦᠪ ᠢ ᠰᠢᠢᠳᠪᠦᠷᠢᠯᠡᠬᠦ ᠲᠠᠶᠢᠨ︾ ᠢ ᠪᠡᠶᠡᠯᠡᠭᠦᠯᠪᠡ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠪᠠ | ᠥᠪᠡᠷᠲᠡᠭᠡᠨ ᠵᠠᠰᠠᠬᠤ ᠣᠷᠣᠨ ᠤ ᠴᠡᠴᠡᠷᠯᠢᠭ᠂ ᠪᠣᠯᠪᠠᠰᠤᠨ᠂ ᠢᠳᠡᠭᠡᠨ ᠤ ᠠᠮᠤᠷ ᠲᠦᠪᠰᠢᠨ ᠤ ᠰᠢᠶᠠᠨ ᠤ ᠬᠤᠲᠠ ᠶ᠋᠊ | ᠢᠠᠮᠵᠢᠯᠲᠠ ᠲᠠᠢ ᠡᠭᠦᠳᠦᠨ ᠪᠠᠶᠢᠭᠤᠯᠪᠠ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠨ ᠵᠠᠰᠠᠬᠤ ᠠᠵᠢᠯ ᠲᠦᠷᠦ ᠶᠢᠨ ᠶᠠᠪᠤᠳᠠᠯ ᠤᠨ ᠬᠤᠷᠢᠶᠠᠨ ᠤ ᠵᠣᠷᠢᠭᠵᠢᠭᠤᠯᠤᠯ ᠰᠠᠶᠢᠰᠢᠶᠠᠯ ᠢ ᠤᠯᠪᠠ᠃ | ᠠᠷᠠᠳ ᠤᠨ ᠠᠮᠢᠳᠤᠷᠠᠯ ᠤᠨ ᠦᠢᠯᠡᠰ ᠲᠤ ᠨᠡᠶᠢᠲᠡ 106 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ | ᠰᠢᠨ᠎ᠡ ᠳᠡᠭᠡᠭᠰᠢᠯᠡᠯᠲᠡ ᠲᠠᠢ ᠪᠣᠯᠪᠠ᠃ ᠠᠵᠤ ᠠᠬᠤᠢ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ | ᠲᠥᠯᠥᠭᠡᠯᠡᠭᠴᠢᠳ ᠡ︕ ᠪᠦᠬᠦ ᠰᠢᠶᠠᠨ ᠤ ᠳᠡᠭᠡᠳᠦ ᠲᠤᠤᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠴᠢᠨᠠᠷᠲᠠᠢ ᠠᠮᠵᠢᠯᠲᠠ ᠣᠯᠵᠤ᠂ ᠪᠢᠳᠡᠨ ᠤ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ | ᠡᠬᠢᠯᠡᠭᠦᠯᠬᠦ ᠳᠤ ᠴᠢᠬᠤᠯᠠ ᠰᠠᠭᠤᠷᠢ ᠲᠠᠯᠪᠢᠵᠤ ᠥᠭᠴᠡᠢ᠃ ᠮᠠᠨ ᠤ ᠣᠯᠤᠭᠰᠠᠨ ᠠᠮᠵᠢᠯᠲᠠ ᠪᠦᠬᠦᠨ ᠪᠣᠯ ᠴᠥᠮ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠦᠬᠦ ᠰᠢᠶᠠᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠵᠦ᠂ ᠰᠢᠨ᠎ᠡ ᠶᠢ ᠡᠭᠦᠳᠦᠨ ᠪᠣᠳᠠᠲᠠᠢ | ᠠᠵᠢᠯᠯᠠᠭᠰᠠᠨ ᠤ ᠦᠷ᠎ᠡ ᠳ᠋ᠦᠩ ᠮᠥᠨ᠃ ᠠᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ | ᠂ ᠬᠥᠭᠵᠢᠭᠦᠯᠦᠨ ᠮᠠᠨᠳᠤᠭᠤᠯᠬᠤ ᠪᠠ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠵᠦ ᠣᠷᠣᠯᠴᠠᠭᠰᠠᠨ ᠪᠤᠢ | ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠵᠡᠷᠭᠡ ᠪᠠᠷ᠂ ᠪᠢᠳᠡ ᠪᠠᠰᠠ ᠮᠠᠨ ᠤ ᠰᠢᠶᠠᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠳᠤᠲᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ | ᠲᠠᠨᠢᠵᠤ ᠤᠯᠪᠠ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠪᠦᠲᠦᠴᠡ ᠰᠢᠯᠢᠳᠡᠭ ᠪᠢᠰᠢ᠂ ᠴᠢᠨᠠᠷ | ᠰᠠᠶᠢᠲᠠᠢ ᠬᠥᠭᠵᠢᠯᠲᠡ ᠶᠢᠨ ᠰᠠᠭᠤᠷᠢ ᠪᠠᠭᠤᠷᠠᠢ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠲᠤᠪᠤᠶᠢᠮ᠎ᠠ ᠪᠠᠶᠢᠵᠤ᠂ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠥᠷᠢᠲᠦᠯ ᠨᠡᠯᠢᠶᠡᠳ ᠤᠯᠠᠨ ᠪᠠᠶᠢᠵᠤ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠯᠦᠭᠡ ᠮᠠᠰᠢ | ᠶᠡᠭᠡ ᠵᠦᠷᠢᠶ᠎ᠡ ᠲᠠᠢ ᠪᠠᠶᠢᠨ᠎ᠠ︔ ᠵᠠᠰᠠᠭ ᠤᠨ ᠣᠷᠳᠣᠨ ᠤ ᠦᠢᠯᠡᠴᠢᠯᠡᠭᠡᠨ ᠤ ᠴᠢᠳᠠᠪᠤᠷᠢ ᠥᠨᠳᠥᠷ ᠪᠢᠰᠢ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠᠲᠠᠶ ᠪᠠᠶᠢᠬᠤ ᠵᠡᠷᠭᠡ ᠪᠣᠯᠤᠨ᠎ᠠ᠃ | ᠡᠳᠡᠭᠡᠷ ᠢ ᠪᠢᠳᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠢ ᠠᠷᠭ᠎ᠠ ᠬᠡᠮᠵᠢᠶ᠎ᠡ | ᠠᠪᠴᠤ ᠪᠠᠶᠢᠭᠠᠳ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ | ᠰᠢᠶᠠᠨ ᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ | ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠰᠢᠩ ᠾᠧ ᠰᠢᠶᠠᠨ ᠤ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ | 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ | ᠬᠠᠷᠠᠯᠲᠠ ᠶᠢ ᠲᠣᠳᠣᠷᠬᠠᠶᠢᠯᠠᠵᠤ᠂ ᠠᠯᠢ ᠣᠯᠠᠨ ᠭᠤᠤᠯᠳᠠᠯᠭ᠎ᠠ ᠲᠠᠢ ᠡᠭᠦᠷᠭᠡ ᠪᠠ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠳᠤᠷᠠᠳᠴᠤ᠂ ᠲᠣᠰ ᠤᠳᠠᠭ᠎ᠠ ᠶᠢᠨ ᠶᠡᠭᠡ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠪᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠳᠤ᠂ ᠪᠢᠳᠡ | ᠲᠠᠪᠤᠨ ᠲᠠᠯ᠎ᠠ ᠶᠢᠨ ᠴᠢᠭᠯᠡᠯᠲᠦ ᠴᠢᠨᠠᠷᠲᠠᠶ ᠱᠠᠭᠠᠷᠳᠠᠯᠭ᠎ᠠ ᠶᠢ ᠪᠠᠲᠤ ᠡᠵᠡᠮᠳᠡᠬᠦ ᠬᠡᠷᠡᠭᠲᠡᠶ᠄ ᠨᠢᠭᠡ ᠳᠤ ᠠᠷᠠᠳ | ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ ᠬᠠᠮᠤᠭ ᠤᠨ ᠥᠷᠭᠡᠨ ᠤᠯᠠᠨ ᠠᠷᠠᠳ ᠲᠦᠮᠡᠨ ᠤ | ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠢ | ᠠᠯᠢᠪᠠ ᠠᠵᠢᠯ ᠤᠨ ᠢᠶᠠᠨ ᠵᠣᠷᠢᠯᠲᠠ ᠪᠠ ᠲᠤᠰᠤᠯᠳᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠨᠡᠶᠢᠭᠡᠮ ᠤᠨ ᠦᠢᠯᠡᠰ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ ᠨᠡᠩ ᠤᠬᠠᠮᠰᠠᠷ ᠠᠴᠠ ᠪᠠᠨ ᠥᠭᠡᠷᠡᠴᠢᠯᠡᠯᠲᠡ ᠬᠥᠭᠵᠢᠯᠲᠡ ᠶᠢᠨ ᠦᠷ᠎ᠡ | ᠪᠦᠲᠦᠭᠡᠯ ᠢ ᠨᠡᠩ ᠤᠯᠠᠨ ᠨᠡᠩ ᠭᠤᠣᠯᠴᠢ ᠪᠠᠷ ᠪᠦᠬᠦ ᠠᠷᠠᠳ ᠲᠦᠮᠡᠨ ᠳᠤ ᠬᠦᠷᠲᠡᠭᠡᠵᠦ᠂ ᠬᠠᠮᠲᠤ ᠪᠠᠷ | ᠴᠢᠨᠡᠭᠡᠯᠢᠭᠵᠢᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠬᠤ ᠬᠡᠷᠡᠭᠲᠡᠢ᠃ ᠲᠣᠭᠠᠴᠢᠯᠠᠭᠰᠠᠨ ᠡᠨᠧᠷᠭᠢ ᠣᠯᠭᠤᠬᠤ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠶᠢ ᠳᠣᠪᠤᠶᠢᠯᠭᠠᠨ᠂ ᠤᠯᠠᠮᠵᠢᠯᠠᠯᠲᠤ ᠭᠤᠤᠯᠯᠠᠬᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠵᠦ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ | ᠦᠢᠯᠡᠰ ᠢ ᠪᠤᠶᠢᠵᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ᠂ ᠨᠤᠲᠤᠭ ᠪᠡᠯᠴᠢᠭᠡᠷ ᠤᠨ | ᠬᠠᠮᠠᠭᠠᠯᠠᠯᠲᠠ ᠪᠣᠯᠤᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ︽ᠭᠤᠷᠪᠠᠨ ᠠᠵᠢᠯ︾ ᠢ ᠰᠠᠶᠢᠲᠤᠷ | ᠬᠢᠵᠦ᠂ ᠨᠡᠭᠦᠷᠡᠰᠦᠲᠥ᠋ᠷᠥᠭᠴᠢ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ | ᠪᠡᠶᠡᠯᠡᠭᠦᠯᠬᠦ ᠳᠤ ᠰᠡᠷᠭᠦᠨ ᠮᠠᠨᠳᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ᠃ ᠭᠤᠷᠪᠠ ᠳᠤ ᠥᠭᠡᠷᠡᠴᠢᠯᠡᠯᠲᠡ | ᠨᠡᠭᠡᠭᠡᠯᠳᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠬᠤ ᠬᠡᠷᠡᠭᠲᠡᠢ᠃ ᠪᠡᠭᠡᠵᠢᠩ ᠲᠢᠶᠠᠨᠵᠢᠨ ᠾᠧᠪᠸᠢ᠂ ᠤᠯᠠᠭᠠᠨᠴᠠᠪ ᠳ᠋ᠠ | ᠲᠥᠩ ᠴᠢᠭᠤᠯᠤᠯᠲᠤ ᠬᠠᠭᠠᠯᠭ᠎ᠠ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ | ᠬᠥᠭᠵᠢᠭᠦᠯᠬᠦ ᠠᠵᠠ ᠲᠣᠬᠢᠶᠠᠯ ᠢ ᠵᠠᠪᠳᠤᠨ ᠠᠳᠬᠤᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠳᠤ ᠠᠰᠢᠭᠲᠠᠶ᠂ ᠪᠥᠬᠦ ᠨᠡᠶᠢᠭᠡᠮ ᠤᠨ ᠢᠳᠡᠪᠬᠢᠵᠢᠯ ᠢ ᠳᠠᠶᠢᠴᠢᠯᠠᠬᠤ ᠳᠤ ᠠᠰᠢᠭᠲᠠᠶ ᠴᠢᠬᠤᠯᠠ ᠶᠡᠭᠡ | ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ | ᠴᠢᠩᠭᠠᠷᠠᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ | ᠴᠢᠩᠭᠠᠷᠠᠭᠤᠯᠤᠨ᠎ᠠ᠃ ᠳᠥᠷᠪᠡ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠬᠤ | ᠬᠡᠷᠡᠭᠲᠡᠶ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠰᠢᠰᠲ᠋ᠧᠮ ᠲᠠᠢ ᠠᠬᠢᠭᠤᠯᠵᠤ᠂ ᠠᠮᠤᠷ ᠲᠦᠪᠰᠢᠨ | ᠬᠥᠭᠵᠢᠯᠲᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ ᠪᠣᠯᠤᠨ ᠪᠥᠬᠦ ᠶᠠᠪᠤᠴᠠ ᠳᠤ | ᠲᠤᠭᠤᠰᠢᠯᠠᠭᠤᠯᠵᠤ᠂ ᠨᠠᠩ ᠴᠢᠨᠠᠷ ᠰᠠᠶᠢᠲᠠᠶ᠂ ᠨᠠᠩ ᠥᠨᠳᠥᠷ ᠲᠦᠪᠰᠢᠨ ᠪᠥᠬᠦᠶ ︽ᠠᠮᠤᠷ ᠠᠮᠤᠭᠤᠯᠠᠩ ᠬᠥᠭᠵᠢᠯ | ᠪᠠᠳᠠᠷᠠᠯ︾ ᠢ ᠪᠠᠶᠢᠭᠤᠯᠤᠨ᠎ᠠ᠃ ᠲᠠᠪᠤ ᠳᠤ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ | ᠠᠵᠢᠯᠯᠠᠬᠤ ᠶᠢ ᠪᠠᠷᠢᠮᠲᠠᠯᠠᠬᠤ ᠬᠡᠷᠡᠭᠲᠡᠢ᠃ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠬᠤ ᠡᠷᠡᠰ ᠵᠣᠷᠢᠭ ᠢᠶᠠᠨ | ᠪᠠᠲᠤᠳᠬᠠᠵᠤ᠂ ᠰᠢᠨᠲᠠᠷᠠᠰᠢ ᠦᠭᠡᠢ ᠲᠡᠮᠡᠴᠡᠨ᠂ ᠯᠠᠪᠳᠠᠭᠤᠨ ᠪᠠᠲᠤᠲᠠᠢ ᠠᠵᠢᠯᠯᠠᠵᠤ᠂ ᠡᠯ᠎ᠡ ᠵᠦᠢᠯ ᠤᠨ ᠠᠵᠢᠯ ᠢᠶᠠᠨ | ᠴᠢᠷᠮᠠᠶᠢᠨ ᠬᠢᠵᠦ᠂ ᠠᠵᠤ ᠠᠬᠤᠢ ᠨᠡᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ | ᠃ | ᠲᠥᠯᠥᠭᠡᠯᠡᠭᠴᠢᠳ ᠡ︕ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠤᠳᠠᠯ ᠦᠭᠡᠢ ᠡᠬᠢᠯᠡᠬᠦ ᠪᠣᠯᠤᠯ᠎ᠠ᠂ ᠪᠢᠳᠠ ᠵᠠᠪᠠᠯ ᠢᠯᠠᠬᠤ ᠢᠲᠡᠭᠡᠯ ᠵᠣᠷᠢᠭ ᠢ ᠪᠤᠢ | ᠪᠣᠯᠭᠠᠵᠤ᠂ ᠪᠦᠯᠬᠦᠮᠳᠡᠨ ᠨᠢᠭᠡᠳᠴᠦ᠂ ᠰᠢᠷᠭᠠᠭᠤ ᠬᠠᠲᠠᠭᠤᠵᠢᠯᠲᠠᠢ ᠠᠵᠢᠯᠯᠠᠳᠠᠭ ᠯᠠ ᠶᠤᠮ ᠪᠣᠯ ᠯᠠᠪᠲᠠᠢ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠤᠭ᠎ᠠ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠵᠦ᠂ ᠰᠡᠷᠭᠦᠨ ᠮᠠᠨᠳᠤᠯᠲᠠ ᠪᠠ ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠪᠢᠴᠢᠭᠯᠡᠵᠦ᠂ | 2035 ᠣᠨ ᠪᠣᠯᠬᠤ ᠳᠤ ᠪᠦᠬᠦ ᠤᠯᠤᠰ ᠲᠠᠢ ᠬᠠᠮᠲᠤ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠵᠦ ᠴᠢᠳᠠᠨ᠎ᠠ︕ | ᠭᠤᠷᠪᠠ᠂ 2021 ᠣᠨ ᠤ ᠬᠠᠷᠠᠯᠲᠠ ᠡᠭᠦᠷᠭᠡ ᠪᠠ ᠠᠵᠢᠯ ᠤᠨ ᠭᠤᠤᠯᠳᠠᠯᠭ᠎ᠠ | ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠳᠣᠯᠣᠳᠤᠭᠠᠷ ᠪᠥᠬᠦᠳᠡ | ᠬᠤᠷᠠᠯ ᠵᠢᠴᠢ ᠪᠦᠬᠦ ᠰᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ | ᠂ 2021 ᠣᠨ ᠤ ᠵᠠᠰᠠᠭ ᠤᠨ ᠣᠷᠳᠣᠨ ᠤ ᠠᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠬᠡᠷᠡᠭᠲᠡᠢ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠬᠤᠶᠠᠳᠤᠭᠠᠷ ᠬᠤᠷᠠᠯ ᠢ ᠪᠥᠬᠦ ᠲᠠᠯ᠎ᠠ ᠪᠠᠷ ᠲᠤᠭᠤᠰᠢᠯᠠᠭᠤᠯᠪᠠ᠂ ᠭᠤᠷᠪᠠᠳᠤᠭᠠᠷ ᠳᠤᠮᠳᠠᠳᠤ ᠰᠤᠷᠭᠠᠭᠤᠯᠢ | ᠂ ᠳᠥᠷᠪᠡᠳᠦᠭᠡᠷ ᠳᠤᠮᠳᠠᠳᠤ ᠰᠤᠷᠭᠠᠭᠤᠯᠢ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ | ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ | ᠶᠢᠨ ᠲᠣᠭᠤᠷᠢᠨ ᠳᠤ᠂ ︽ᠬᠤᠶᠠᠷ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠤᠨ᠎ᠠ᠂ ︽ᠨᠢᠭᠡ ᠬᠥᠭᠦᠷᠭᠡᠨ | ᠪᠠᠬᠢᠯᠡᠯᠲᠡ︾ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ | ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠶᠣᠰᠣᠭᠠᠷ᠂ ᠬᠤᠲᠠ ᠶᠢᠨ ᠨᠠᠮ ᠤᠨ ᠬᠤᠷᠢᠶᠠᠨ ᠤ | ᠳᠥᠷᠪᠡᠳᠦᠭᠡᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ | ᠠᠵᠢᠯ ᠤᠨ ᠬᠤᠷᠠᠯᠳᠤᠭᠠᠨ᠂ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠣᠷᠢᠭ ᠰᠠᠨᠠᠭ᠎ᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠶ᠎ᠠ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠶ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ | ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠎ᠠ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ | ᠪᠣᠯᠭᠠᠨ᠎ᠠ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠂ | ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ︽ᠳᠥᠷᠪᠡᠨ ᠰᠠᠭᠤᠷᠢᠨ | ᠭᠠᠵᠠᠷ︾ ᠢ ᠬᠦᠴᠦᠯᠡᠨ ᠪᠠᠶᠢᠭᠤᠯᠤᠨ᠎ᠠ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠭᠤᠶᠢᠪᠢᠰᠢ ᠦᠭᠡᠢ | ᠪᠠᠷᠢᠮᠲᠠᠯᠠᠨ᠎ᠠ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ᠃ | 2021 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠤᠶᠢᠯᠳᠪᠤᠷᠢᠯᠡᠯ ᠤᠨ ᠶᠡᠷᠦᠩᠬᠡᠶ ᠥᠷᠲᠡᠭ ᠢ 8 % ᠣᠷᠴᠢᠮ ᠨᠡᠮᠡᠭᠳᠡᠭᠦᠯᠵᠦ᠂ 500 ᠲᠦᠮᠡᠨ | ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 17 % ᠣᠷᠴᠢᠮ | ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠢ 7 % ᠣᠷᠴᠢᠮ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 9 % | ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢ ᠲᠣᠰ ᠲᠣᠰ 7 % ᠪᠠ 9 % ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ ᠳᠡᠩᠰᠡᠯᠡᠨ | ᠲᠡᠮᠳᠡᠭᠯᠡᠭᠦᠯᠦᠭᠰᠡᠨ ᠠᠵᠢᠯ ᠠᠯᠳᠠᠯᠲᠠ ᠶᠢᠨ ᠨᠣᠷᠮ᠎ᠠ ᠶᠢ 4 . 5 % ᠶᠢᠨ ᠳᠣᠲᠣᠷ᠎ᠠ ᠬᠢᠵᠠᠭᠠᠷᠯᠠᠵᠤ᠂ ᠨᠢᠭᠡᠴᠢ | GDP ᠶᠢᠨ ᠡᠨᠧᠷᠭᠢ ᠶᠢᠨ ᠬᠤᠷᠣᠭᠳᠠᠯ ᠢ 3 . 2 % ᠢᠶᠠᠷ ᠪᠠᠭᠤᠷᠠᠭᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠳᠦᠷᠪᠡᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄ | ︵ᠨᠢᠭᠡ︶ ︽ᠳᠥᠷᠪᠡᠨ ᠰᠠᠭᠤᠷᠢᠨ ᠭᠠᠵᠠᠷ︾ ᠢ ᠴᠣᠭᠴᠠᠯᠠᠬᠤ ᠶᠢᠨ ᠲᠣᠭᠤᠷᠢᠨ ᠳᠤ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠴᠢᠨᠠᠷ | ᠰᠠᠶᠢᠲᠠᠢ ᠬᠥᠭᠵᠢᠯᠲᠡ ᠶᠢ ᠴᠥᠬᠦᠷᠡᠰᠢ ᠦᠭᠡᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ | ᠬᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠲᠤᠭ᠎ᠠ ᠬᠡᠮᠵᠢᠶᠡᠨ ᠤ ᠵᠣᠬᠢᠰᠲᠠᠢ | ᠨᠡᠮᠡᠭᠳᠡᠯ ᠪᠠ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ᠃ ᠡᠨᠡ ᠵᠢᠯ ᠪᠢᠳᠠ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠪᠠᠲᠤᠯᠠᠭ᠎ᠠ ᠪᠣᠯᠭᠠᠵᠤ᠂ ᠠᠷᠠᠯᠵᠢᠶᠠᠴᠢᠨ | ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠨᠡᠮᠡᠭᠳᠡᠭᠦᠯᠬᠦ ᠪᠠᠷ ᠭᠠᠷᠳᠠᠴᠠ ᠪᠣᠯᠭᠠᠵᠤ᠂ ᠠᠵᠤ ᠦᠢᠯᠡᠰ ᠤᠨ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠲᠤᠯᠭᠠᠭᠤᠷᠢᠯᠠᠯ ᠪᠣᠯᠭᠠᠵᠤ᠂ ︽ᠲᠦᠷᠪᠡᠨ ᠰᠠᠭᠤᠷᠢᠨ︾ ᠢ | ᠬᠦᠴᠦᠯᠡᠨ ᠴᠣᠭᠴᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠲᠠᠢ ᠪᠣᠯᠭᠠᠵᠤ᠂ | ᠰᠠᠶᠢᠨ ᠭᠠᠷᠤᠭ᠎ᠠ ᠠᠪᠬᠤ ᠬᠡᠷᠡᠭᠲᠡᠢ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠰᠢᠯᠢᠳᠡᠭᠵᠢᠭᠦᠯᠦᠨ᠎ᠡ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠡᠬᠢᠯᠡᠯᠲᠡ ᠶᠢᠨ ᠵᠢᠯ ᠤᠨ ᠠᠵᠤ ᠠᠬᠤᠶ ᠶᠢᠨ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢᠨ ᠬᠠᠮᠲᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠪᠣᠯᠭᠠᠬᠤ ᠬᠡᠷᠡᠭᠲᠡᠶ | ᠃ ᠡᠨᠡ ᠵᠢᠯ᠂ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠣᠨ︾ ᠤ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ︽ᠣᠷᠣᠨ ᠨᠤᠲᠤᠭ ᠢ ᠰᠠᠶᠢᠲᠤᠷ ᠡᠷᠬᠢᠯᠡᠬᠦ᠂ ᠤᠴᠢᠷ ᠶᠠᠪᠤᠳᠠᠯ ᠢ ᠰᠠᠶᠢᠲᠤᠷ | ᠰᠢᠢᠳᠪᠦᠷᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ ︽ᠳᠡᠯᠭᠡᠭᠦᠷ ᠤᠨ | ᠬᠤᠶᠠᠳᠤᠭᠠᠷ︾ ᠢ ᠰᠠᠶᠢᠲᠤᠷ ᠬᠢᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ᠂ | ᠰᠢᠯᠢᠳᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ | ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠠᠬᠢᠭᠤᠯᠤᠨ᠂ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ | ᠵᠥᠪᠰᠢᠶᠡᠷᠡᠯ ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠰᠠᠯᠠᠭ᠎ᠠ ᠮᠥᠴᠢᠷ ᠤᠨ | ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠪᠠᠷ ᠵᠢᠵᠢᠭᠦᠷᠯᠡᠬᠦ | ᠲᠦᠷᠢᠮ ᠢ ᠬᠡᠷᠡᠭᠵᠢᠭᠦᠯᠦᠨ᠎ᠡ᠃ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠭᠦᠨᠵᠡᠭᠡᠶᠢᠷᠡᠭᠦᠯᠵᠦ᠂ | ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠤᠨ ᠬᠠᠷᠠᠯᠲᠠᠲᠤ ᠬᠢᠨᠠᠨ ᠰᠢᠯᠭᠠᠬᠤ ᠰᠢᠰᠲ᠋ᠧᠮ ᠢ ᠪᠠᠶᠢᠭᠤᠯᠵᠤ᠂ ᠬᠤᠳᠠᠯᠳᠤᠭᠠᠴᠢᠨ ᠢ | ᠳᠣᠲᠣᠨᠣᠴᠢᠯᠠᠬᠤ᠂ ᠬᠤᠳᠠᠯᠳᠤᠭ᠎ᠠ ᠶᠢ ᠴᠢᠬᠤᠯᠠᠴᠢᠯᠠᠬᠤ᠂ ᠬᠤᠳᠠᠯᠳᠤᠭ᠎ᠠ ᠶᠢ ᠲᠣᠭᠲᠠᠪᠤᠷᠢᠵᠢᠭᠤᠯᠬᠤ᠂ | ᠬᠤᠳᠠᠯᠳᠤᠭᠠᠴᠢᠨ ᠢ ᠪᠠᠶᠠᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠣᠷᠣᠨ ᠨᠤᠲᠤᠭ ᠤᠨ ᠠᠵᠤ ᠠᠬᠤᠶᠢᠯᠠᠯ ᠳᠤ ᠦᠢᠯᠡᠴᠢᠯᠡᠬᠦ ᠬᠢᠷᠢ ᠬᠡᠮᠵᠢᠶ᠎ᠡ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠶ ᠪᠠᠶᠢᠬᠤ | ᠠᠰᠠᠭᠤᠳᠠᠯ ᠢ ᠰᠢᠢᠳᠪᠤᠷᠢᠯᠡᠨ᠎ᠡ᠃ ᠴᠢᠬᠤᠯᠠ ᠶᠡᠭᠡ ᠲᠥᠷᠥᠯ ᠵᠤᠶᠢᠯ ᠢ ᠤᠳᠤᠷᠢᠳᠤᠨ ᠳᠠᠭᠠᠭᠠᠴᠢᠯᠠᠬᠤ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ᠂ ᠠᠵᠢᠯᠴᠢᠨ ᠬᠡᠷᠡᠭᠯᠡᠬᠦ᠂ | ᠪᠠᠷᠠᠭᠠᠨ ᠤ ᠭᠦᠢᠯᠭᠡᠭᠡ ᠵᠡᠷᠭᠡ ᠪᠣᠳᠠᠲᠠᠶ ᠬᠦᠴᠢᠷᠳᠡᠯ ᠢ ᠰᠠᠶᠢᠲᠤᠷ ᠰᠢᠢᠳᠪᠤᠷᠢᠯᠡᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠨᠡᠮᠡᠭᠳᠡᠭᠦᠯᠦᠨ᠎ᠡ᠃ ︽ᠳᠣᠲᠣᠷ ᠲᠠᠮᠢᠷ︾ ᠢ | ᠪᠣᠯᠪᠠᠰᠤᠷᠠᠭᠤᠯᠬᠤ ᠪᠠ ︽ᠤᠷᠠᠨ ᠢᠶᠠᠷ ᠭᠠᠳᠠᠭᠠᠳᠤ ᠬᠦᠴᠦᠨ ᠢ ᠠᠰᠢᠭᠯᠠᠬᠤ︾ ᠶᠢ ᠵᠡᠷᠭᠡᠪᠡᠷ ᠠᠳᠬᠤᠬᠤ ᠶᠢ | ᠪᠠᠷᠢᠮᠲᠠᠯᠠᠵᠤ᠂ ᠪᠡᠭᠡᠵᠢᠩ ᠲᠢᠶᠠᠨᠵᠢᠨ ᠾᠧᠪᠧᠶ᠂ ᠤᠯᠠᠭᠠᠨᠴᠠᠪ ᠳ᠋ᠠ ᠲᠥᠩ ᠴᠢᠭᠤᠯᠤᠯᠲᠤ ᠬᠠᠭᠠᠯᠭ᠎ᠠ᠂ ᠬᠥᠬᠡᠬᠤᠲᠠ | ᠪᠤᠭᠤᠲᠤ ᠣᠷᠳᠣᠰ ᠤᠯᠠᠭᠠᠨᠴᠠᠪ ᠤᠨ ᠬᠠᠮᠲᠤᠷᠠᠯᠴᠠᠭᠠᠨ ᠤ ᠣᠷᠣᠨ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ | ᠠᠵᠤ ᠦᠢᠯᠡᠰ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠡᠬᠢ ᠪᠠᠶᠠᠯᠢᠭ ᠤᠨ ᠳᠠᠪᠠᠭᠤᠯᠢᠭ ᠢᠶᠠᠨ | ᠪᠠᠳᠠᠷᠠᠭᠤᠯᠵᠤ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠡᠮᠦᠨᠡᠬᠢ | ᠬᠤᠭᠤᠴᠠᠭᠠᠨ ᠤ ᠪᠡᠯᠡᠳᠬᠡᠯ ᠠᠵᠢᠯ ᠢ ᠨᠠᠷᠢᠯᠢᠭ ᠪᠣᠳᠠᠲᠠᠶ ᠬᠢᠨ᠎ᠠ᠃ ︽ᠪᠦᠬᠦ ᠠᠵᠢᠯᠲᠠᠨ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠣᠨ︾ ᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠷᠭ᠎ᠠ ᠶᠢᠨ ᠰᠢᠨ᠎ᠡ ᠶᠢ ᠡᠭᠦᠳᠴᠦ᠂ ︽ᠲᠤᠰᠬᠠᠶ ᠠᠩᠭᠢ + ᠬᠦᠷᠢᠶᠡᠯᠡᠩ ᠲᠣᠭᠤᠷᠢᠭ︾᠂ ︽ | ᠬᠠᠷᠠᠯᠲᠠ + ᠬᠢᠨᠠᠨ ᠰᠢᠯᠭᠠᠯᠲᠠ︾ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠣᠭᠲᠠᠴᠠ ᠶᠢ | ᠪᠠᠶᠢᠭᠤᠯᠵᠤ᠂ ᠠᠯᠢᠪᠠ ᠬᠦᠴᠦᠨ ᠢ ᠳᠠᠶᠢᠴᠢᠯᠠᠵᠤ᠂ ᠠᠯᠢᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠯᠢᠪᠠ | ᠳᠠᠯᠳᠠ ᠬᠦᠴᠦᠨ ᠢ ᠠᠭᠤᠳᠠᠯᠵᠤ᠂ ᠠᠯᠢᠪᠠ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ᠂ ᠶᠡᠭᠡ ᠤᠷᠢᠵᠤ | ᠬᠦᠴᠦᠷᠬᠡᠭ ᠪᠣᠯᠭᠠᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠰᠢᠶᠠᠨ ᠤ ᠱᠠᠲᠤᠨ ᠤ | ᠤᠳᠤᠷᠢᠳᠤᠯᠭ᠎ᠠ ᠪᠣᠯᠤᠨ ᠠᠵᠤ ᠠᠬᠤᠶ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠰᠠᠷ᠎ᠠ ᠪᠦᠷᠢ ᠴᠥᠮ | ᠭᠠᠳᠠᠭᠰᠢ ᠭᠠᠷᠴᠤ ᠬᠤᠳᠠᠯᠳᠤᠭᠠᠴᠢᠨ ᠤᠷᠢᠵᠤ᠂ ᠭᠡᠷ᠎ᠡ ᠲᠣᠭᠲᠠᠭᠰᠠᠨ ᠨᠣᠷᠮ᠎ᠠ ᠶᠢ 100 % ᠳᠤ ᠬᠦᠷᠦᠭᠦᠯᠬᠦ ᠶᠢᠨ | ᠬᠠᠮᠲᠤ ᠠᠵᠢᠯ ᠡᠬᠢᠯᠡᠭᠦᠯᠬᠦ ᠥᠨᠳᠥᠷ ᠨᠣᠷᠮ᠎ᠠ ᠶᠢ ᠪᠡᠶᠡᠯᠡᠭᠦᠯᠬᠦ ᠬᠡᠷᠡᠭᠲᠡᠶ᠃ | ᠪᠣᠬᠢᠷᠲᠤᠯ ᠥᠬᠡᠶ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠨᠡᠶᠢᠰᠯᠡᠯ ᠳᠤ | ᠬᠠᠨᠳᠤᠭᠤᠯᠤᠭᠰᠠᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠲᠠᠷᠢᠶᠠᠨ | ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠪᠠ ᠠᠮᠤ ᠪᠤᠳᠠᠭᠠᠨ ᠤ | ᠶᠡᠷᠦᠩᠬᠡᠢ ᠤᠨᠠᠯᠲᠠ ᠶᠢᠨ ᠨᠡᠮᠡᠭᠳᠡᠬᠦ ᠠᠴᠠ ᠪᠢᠰᠢ ᠬᠠᠰᠤᠭᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ | ᠤᠰᠤ ᠪᠠᠷ ᠤᠨᠠᠯᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ ᠶᠢ ᠪᠠᠷᠢᠮᠲᠠᠯᠠᠨ᠂ ᠣᠷᠭᠠᠨᠢᠭ ᠬᠠᠭᠤᠷᠠᠶ | ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠵᠢᠯ ᠤᠨ ᠳᠣᠲᠣᠷ᠎ᠠ ︽ᠤᠰᠤ ᠶᠢ ᠬᠠᠭᠤᠷᠠᠶ ᠪᠠᠷ ᠥᠭᠡᠷᠡᠴᠢᠯᠡᠬᠦ︾ ᠶᠢ 5 . | 15 ᠲᠦᠮᠡᠨ ᠮᠤ᠋ ᠪᠡᠶᠡᠯᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 5 . 8 ᠲᠦᠮᠡᠨ ᠮᠤ᠋ ᠪᠦᠲᠦᠭᠡᠨ | ᠪᠠᠶᠢᠭᠤᠯᠤᠨ᠎ᠠ᠃ ᠬᠠᠭᠤᠷᠠᠶ ᠪᠠᠷ ᠳᠠᠷᠢᠬᠤ ᠲᠥᠮᠥᠰᠥ᠂ ᠨᠣᠬᠠᠶ ᠶᠢᠨ ᠬᠤᠰᠢᠭᠤ ᠶᠢᠨ ᠡᠯᠳᠡᠪ ᠠᠮᠤ ᠪᠤᠷᠴᠠᠭ ᠢ ᠶᠡᠬᠡᠪᠡᠷ | ᠳᠡᠯᠭᠡᠷᠡᠭᠦᠯᠵᠦ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠬᠡᠪᠴᠢᠶᠡᠵᠢᠭᠦᠯᠦᠨ ᠬᠥᠭᠵᠢᠭᠦᠯᠵᠦ᠂ ᠳᠠᠷᠢᠬᠤ | ᠲᠠᠯᠠᠪᠠᠶ ᠶᠢ ᠲᠣᠰ ᠲᠣᠰ 40 ᠲᠦᠮᠡᠨ ᠮᠥ᠂ 40 ᠲᠦᠮᠡᠨ ᠮᠥ᠂ 10 ᠲᠦᠮᠡᠨ ᠮᠥ ᠳᠤ ᠲᠣᠭᠲᠠᠪᠤᠷᠢᠵᠢᠭᠤᠯᠤᠨ᠎ᠠ᠃ | ᠳᠠᠷᠤᠰᠢᠭᠤᠯᠬᠤ ᠡᠷᠳᠡᠨᠢ ᠰᠢᠰᠢ᠂ ᠴᠢᠨᠠᠷ ᠰᠠᠶᠢᠲᠠᠢ ᠴᠠᠷᠭᠠᠰᠤ ᠲᠠᠷᠢᠬᠤ ᠶᠢ ᠵᠣᠷᠢᠭᠵᠢᠭᠤᠯᠤᠨ ᠬᠥᠭᠵᠢᠭᠦᠯᠦᠨ᠎ᠡ᠃ | ᠲᠡᠵᠢᠭᠡᠨ ᠦᠷᠡᠵᠢᠭᠦᠯᠬᠦ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ︽ᠦᠬᠡᠷ ᠢ ᠨᠡᠮᠡᠭᠳᠡᠭᠦᠯᠦᠨ ᠬᠤᠨᠢ ᠶᠢ | ᠲᠣᠭᠲᠠᠪᠤᠷᠢᠵᠢᠭᠤᠯᠵᠤ ᠭᠠᠭ᠋ᠠᠶ ᠶᠢ ᠬᠢᠵᠠᠭᠠᠷᠯᠠᠨ ᠡᠯᠵᠢᠭᠡ ᠶᠢ ᠨᠡᠮᠡᠭᠳᠡᠭᠦᠯᠬᠦ︾ ᠶᠢ ᠪᠠᠷᠢᠮᠲᠠᠯᠠᠵᠤ᠂ ᠠᠯᠠᠰᠢᠨ | ᠦᠨᠢᠶᠡᠨ ᠤ ᠰᠦ᠋᠂ ᠠᠯᠠᠰᠢᠨ ᠬᠤᠨᠢ᠂ ᠭᠠᠭ᠋ᠠᠶ᠂ ᠠᠯᠠᠰᠢᠨ ᠡᠯᠵᠢᠭᠡ ᠶᠢ ᠲᠣᠰ ᠲᠣᠰ 8 ᠲᠦᠮᠡ᠂ 90 ᠲᠦᠮᠡ᠂ | 20 ᠲᠦᠮᠡ᠂ 2 ᠲᠦᠮᠡ ᠳᠤ ᠬᠦᠷᠭᠡᠨ᠎ᠡ᠃ ︽ᠠᠵᠤ ᠠᠬᠤᠶᠢᠯᠠᠯ + ᠬᠤᠷᠰᠢᠶ᠎ᠠ + ᠲᠠᠷᠢᠶᠠᠴᠢᠨ ᠡᠷᠦᠬᠡ︾ ᠶᠢᠨ | ᠵᠠᠭᠪᠤᠷ ᠢ ᠬᠡᠷᠡᠭᠯᠡᠨ᠂ ᠳ᠋ᠦᠩ ᠢ ᠳ᠋ᠡ᠂ ᠳ᠋ᠠ ᠪᠧᠢ ᠨᠦᠩ᠂ ᠴᠠᠬᠠᠷ ᠨᠠᠭᠤᠷ᠂ ᠲᠦᠩ ᠾᠧᠩ᠂ ᠾᠧ ᠣᠪᠣᠭᠲᠤ᠂ | ᠰᠢᠶᠦ᠋ᠩ ᠹᠧᠩ ᠵᠡᠷᠭᠡ ᠬᠥᠲᠥᠴᠢ ᠠᠵᠤ ᠠᠬᠤᠶᠢᠯᠠᠯ ᠪᠣᠯᠤᠨ ᠬᠤᠷᠰᠢᠶ᠎ᠠ ᠶᠢ ᠬᠥᠭᠵᠢᠭᠦᠯᠦᠨ ᠪᠤᠵᠠᠭᠠᠶᠢᠷᠠᠭᠤᠯᠬᠤ ᠶᠢᠨ | ᠬᠠᠮᠲᠤ᠂ ᠲᠣᠮᠣ ᠬᠡᠯᠪᠡᠷᠢ ᠶᠢᠨ ᠬᠥᠲᠥᠴᠢ ᠠᠵᠤ ᠠᠬᠤᠶᠢᠯᠠᠯ ᠢ ᠦᠷᠭᠦᠯᠵᠢᠯᠡᠨ ᠣᠷᠣᠭᠤᠯᠤᠨᠠᠪᠴᠢᠷᠠᠨᠠ᠃ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢᠶᠠᠷ ᠲᠦᠰᠢᠭ ᠪᠣᠯᠭᠠᠨ᠂ ᠪᠡᠭᠡᠵᠢᠩ ᠬᠤᠲᠠ ᠶᠢᠨ ᠠᠷᠠᠳ ᠤᠨ | ᠬᠤᠯᠢᠰᠢᠨ ᠢᠳᠡᠭᠡᠨ᠂ ᠠᠮᠤ ᠪᠤᠳᠠᠭ᠎ᠠ ᠪᠣᠯᠤᠨ ︽ᠲᠥᠪ ᠲᠣᠭᠤᠭᠠᠨ ᠭᠡᠷ︾ ᠤᠨ ᠲᠣᠭᠤᠷᠢᠨ ᠳᠤ᠂ ᠡᠷᠭᠢᠨ | ᠲᠣᠭᠤᠷᠢᠨ ᠤ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠮᠠᠨ ᠤ ᠰᠢᠶᠠᠨ ᠳᠤ ᠠᠪᠴᠢᠷᠠᠨ ᠨᠠᠷᠢᠯᠢᠭ ᠭᠦᠨᠵᠡᠭᠡᠶ ᠰᠢᠭᠦᠯᠵᠦ᠂ ᠪᠣᠬᠢᠷᠲᠤᠯ ᠦᠭᠡᠶ ᠴᠢᠨᠠᠷ ᠰᠠᠶᠢᠲᠠᠶ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠣᠷᠣᠭᠤᠯᠵᠤ ᠭᠠᠷᠭᠠᠬᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠠᠯᠬᠤᠮ | ᠠᠯᠬᠤᠮ ᠢᠶᠠᠷ ᠪᠤᠶ ᠪᠣᠯᠭᠠᠨ᠎ᠠ᠃ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠲᠥᠮᠥᠰᠥ ᠶᠢ ᠰᠠᠶᠢᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠰᠢᠯᠢᠳᠡᠭ ᠮᠠᠯ ᠵᠢᠭᠦᠷᠲᠡᠨ ᠢ ᠳᠡᠯᠭᠡᠷᠡᠭᠦᠯᠬᠦ ᠶᠢ ᠴᠢᠩᠭᠠᠳᠬᠠᠵᠤ᠂ ᠮᠠᠯ ᠵᠢᠭᠦᠷᠲᠡᠨ ᠤ | ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠲᠤᠰᠬᠠᠶᠢᠵᠢᠭᠰᠠᠨ | ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠭᠤᠤᠯ ᠪᠣᠯᠬᠤ | ᠲᠠᠷᠢᠮᠠᠯ ᠤᠨ ᠵᠦᠢᠯ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 81 % ᠳᠤ ᠬᠦᠷᠦᠭᠦᠯᠬᠦ ᠪᠠᠷ | ᠴᠢᠷᠮᠠᠶᠢᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠵᠦ᠂ ᠲᠠᠷᠢᠶᠠᠯᠠᠩ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ | ᠥᠷᠭᠡᠳᠬᠡᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠪᠠ ᠡᠪᠡᠳᠴᠢᠨ ᠢ ᠰᠡᠷᠭᠡᠶᠢᠯᠡᠨ ᠭᠠᠮᠰᠢᠭ ᠲᠠᠢ | ᠲᠡᠮᠡᠴᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠵᠢᠯ ᠤᠨ ᠳᠣᠲᠣᠷ᠎ᠠ ᠰᠢᠶᠠᠨ ᠤ | ᠬᠡᠪᠴᠢᠶᠡᠨ ᠤ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ 1᠂ ᠪᠣᠬᠢᠷᠲᠤᠯ ᠦᠭᠡᠢ ᠣᠷᠭᠠᠨᠢᠭ | ᠪᠦᠲᠦᠭᠡᠭᠳᠡᠬᠦᠨ 10᠂ ᠪᠦᠬᠦ ᠤᠯᠤᠰ ᠠᠴᠠ ᠨᠡᠷᠡᠲᠦ ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ | 3 ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ | ᠠᠵᠤ ᠤᠶᠢᠯᠡᠳᠪᠤᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ | ᠂ ᠡᠬᠡ ᠤᠯᠤᠰ ᠠᠴᠠ ᠤᠮᠠᠷᠠᠲᠤ ᠣᠷᠣᠨ ᠤ ᠴᠢᠬᠤᠯᠠ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠤᠨ᠎ᠠ᠃ ︽ᠨᠢᠭᠡ ᠬᠠᠷ᠎ᠠ ᠨᠢᠭᠡ ᠴᠠᠭᠠᠨ︾ ᠬᠤᠶᠠᠷ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠪᠠ ᠨᠠᠷᠢᠯᠢᠭ ᠭᠦᠨ | ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠦᠢᠯᠡᠰ ᠤᠨ ᠬᠡᠯᠬᠢᠶ᠎ᠡ ᠶᠢ ᠳᠣᠣᠷᠠᠳᠤ ᠤᠷᠤᠰᠬᠠᠯ ᠲᠡᠰᠢ | ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠰᠦ ᠳᠡᠰ ᠲᠡᠰᠢ ᠳᠡᠭᠡᠭᠰᠢᠯᠡᠭᠦᠯᠬᠦ ᠶᠢ ᠠᠬᠢᠭᠤᠯᠵᠤ᠂ ᠠᠵᠤ | ᠠᠬᠤᠢ ᠶᠢᠨ ᠨᠡᠮᠡᠭᠳᠡᠯ ᠣᠨ ᠰᠢᠨ᠎ᠡ ᠬᠥᠳᠡᠯᠭᠡᠭᠦᠷ ᠢ ᠪᠤᠢ ᠪᠣᠯᠭᠠᠨ᠎ᠠ᠃ ᠥᠪᠥᠷ ᠮᠣᠩᠭᠤᠯ ᠤᠨ ᠪᠠᠯ ᠴᠢᠯᠠᠭᠤ ︵ | ᠠᠯᠺᠧᠨ︶ ᠶᠢᠨ ᠰᠢᠨ᠎ᠡ ᠶᠢ ᠡᠭᠦᠳᠬᠦ ᠲᠥᠪ ᠲᠤ ᠲᠦᠰᠢᠭᠯᠡᠨ᠂ ᠷᠦᠢ ᠱᠧᠩ ᠰᠢᠨ᠎ᠡ ᠡᠨᠧᠷᠭᠢ ᠵᠡᠷᠭᠡ ᠠᠵᠤ | ᠠᠬᠤᠶᠢᠯᠠᠯ ᠤᠨ ᠤᠶᠢᠯᠡᠳᠪᠤᠷᠢᠯᠡᠬᠦ ᠵᠢᠭᠠᠬᠤ ᠰᠤᠳᠤᠯᠬᠤ ᠶᠢᠨ ᠪᠣᠭᠤᠮᠲᠠ ᠰᠢᠪᠲᠤᠯᠬᠤ ᠶᠢ ᠳᠡᠮᠵᠢᠵᠦ᠂ ᠪᠠᠯ | ᠴᠢᠯᠠᠭᠤᠨ ᠤ ᠠᠵᠤ ᠤᠶᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠰᠢᠷᠣᠶ ᠪᠠᠶᠢᠭᠰᠠᠨ ᠴᠤ ᠬᠡᠷᠡᠭᠯᠡᠵᠦ | ᠪᠣᠯᠬᠤ ᠦᠭᠡᠶ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠠᠪᠤᠨ ᠪᠤᠯᠠᠭ ᠤᠨ ᠬᠥᠪᠰᠥᠭᠡᠷ ᠰᠢᠷᠣᠶ ᠶᠢᠨ ᠠᠭᠤᠷᠬᠠᠶ | ᠂ ᠭᠤᠣ ᠯᠢᠩ ᠤᠨ ᠰᠢᠷᠣᠶ ᠶᠢᠨ ᠠᠭᠤᠷᠬᠠᠶ ᠶᠢᠨ ᠨᠠᠷᠢᠨ ᠪᠠᠶᠢᠴᠠᠭᠠᠵᠤ ᠠᠭᠤᠷᠬᠠᠶ ᠬᠠᠶᠢᠬᠤ ᠡᠷᠬᠡ ᠶᠢ | ᠵᠥᠪᠰᠢᠶᠡᠷᠡᠭᠦᠯᠬᠦ ᠪᠠᠷ ᠴᠢᠷᠮᠠᠶᠢᠬᠤ ᠬᠡᠷᠡᠭᠲᠡᠶ᠃ ᠢᠦᠶ ᠴᠧᠩ ᠤᠨ ᠭᠤᠤᠯ ᠳᠠᠪᠠᠭ᠎ᠠ ᠶᠢᠨ ᠰᠢᠷᠣᠶ᠂ ᠯᠦᠩ ᠰᠢᠩ | ᠰᠢᠨᠵᠢᠯᠡᠬᠦ ᠤᠬᠠᠭᠠᠨ ᠮᠡᠷᠭᠡᠵᠢᠯ ᠢᠶᠠᠷ ᠳᠠᠭᠠᠭᠤᠯᠤᠭᠴᠢ ᠪᠣᠯᠭᠠᠵᠤ᠂ ᠸᠠᠭᠠᠷ ᠱᠠᠭᠠᠵᠠᠩ ᠤᠨ ᠦᠢᠯᠡᠳᠬᠦᠨ ᠢ | ᠰᠤᠳᠤᠯᠤᠨ ᠨᠡᠭᠡᠭᠡᠬᠦ ᠪᠠ ᠤᠶᠢᠯᠡᠳᠪᠤᠷᠢᠯᠡᠬᠦ ᠠᠵᠢᠯ ᠢ ᠰᠠᠶᠢᠲᠤᠷ ᠬᠢᠵᠦ᠂ ᠬᠥᠪᠰᠥᠭᠡᠷ ᠬᠥᠷᠥᠰᠥ᠂ ᠭᠤᠤᠯ | ᠳᠠᠪᠠᠭ᠎ᠠ ᠶᠢᠨ ᠬᠥᠷᠥᠰᠥ ᠰᠢᠷᠣᠶ ᠶᠢ ᠨᠠᠷᠢᠯᠢᠭ ᠭᠦᠨᠵᠡᠭᠡᠶ ᠡᠳ᠋ᠰᠢᠭᠦᠯᠬᠦ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠪᠥᠭᠡᠮᠨᠡᠷᠡᠯ ᠢ ᠪᠣᠶ ᠪᠣᠯᠭᠠᠨ᠎ᠠ᠃ ᠭᠦᠢᠴᠡᠳ ᠥᠩᠭᠡ ᠦᠵᠡᠮᠵᠢ ᠶᠢᠨ ᠳᠠᠪᠠᠭᠤᠯᠢᠭ ᠢ ᠠᠰᠢᠭᠯᠠᠨ᠂ ᠰᠢᠨ᠎ᠡ ᠡᠨᠧᠷᠭᠢ ᠶᠢ | ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠡᠨᠧᠷᠭᠢ ᠬᠠᠳᠠᠭᠠᠯᠠᠬᠤ᠂ ᠤᠰᠤᠲᠥ᠋ᠷᠥᠭᠴᠢ | ᠡᠨᠧᠷᠭᠢ ᠵᠢᠴᠢ ᠲᠣᠰ ᠭᠠᠵᠠᠷ ᠲᠤᠨᠢ ᠰᠢᠩᠭᠡᠭᠡᠨ ᠠᠪᠬᠤ ᠲᠥᠷᠥᠯ ᠵᠤᠶᠢᠯ ᠢ ᠢᠳᠡᠪᠬᠢᠲᠡᠶ ᠣᠷᠣᠭᠤᠯᠤᠨ᠎ᠠ᠃ ᠯᠦᠩ | ᠶᠤᠸᠠᠨ ᠴᠠᠬᠢᠯᠭᠠᠨ ᠬᠦᠴᠦᠨ ᠤ ︽2 GW ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ + ᠡᠨᠧᠷᠭᠢ ᠨᠥᠭᠡᠴᠡᠯᠡᠬᠦ | ᠵᠢᠱᠢᠶ᠎ᠡ ᠦᠵᠡᠭᠦᠯᠬᠦ ᠲᠥᠷᠥᠯ ᠵᠦᠢᠯ︾᠂ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠴᠡᠪᠡᠷ ᠡᠨᠧᠷᠭᠢ ᠶᠢ | ᠨᠡᠭᠡᠭᠡᠨ ᠬᠥᠭᠵᠢᠭᠦᠯᠬᠦ ᠲᠥᠷᠥᠯ ᠵᠦᠶ᠋ᠯ ᠪᠣᠯᠤᠨ ᠪᠡᠭᠡᠵᠢᠩ ᠤᠨ ᠵᠥᠩ ᠺᠠᠩ ᠵᠢᠩ ᠶᠤᠸᠠᠨ ᠣᠶᠤᠨᠴᠢ ᠦᠢᠯᠡᠳᠬᠦ ᠪᠠ | ᠳᠠᠬᠢᠨ ᠦᠢᠯᠡᠳᠬᠦ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ ᠡᠬᠢᠯᠡᠭᠦᠯᠬᠦ ᠶᠢ ᠬᠦᠴᠦᠯᠡᠨ ᠠᠬᠢᠭᠤᠯᠤᠨ᠎ᠠ᠃ | ᠭᠤᠸᠠᠩ ᠬᠤᠸᠠ ᠶᠢᠨ ᠵᠢᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ | ᠪᠠᠷᠢᠯᠭ᠎ᠠ ᠡᠬᠢᠯᠡᠬᠦ ᠶᠢ ᠲᠦᠷᠭᠡᠳᠬᠡᠵᠦ᠂ ᠶᠠᠩ ᠭᠤᠸᠠᠩ ᠰᠢᠨ᠎ᠡ ᠡᠨᠧᠷᠭᠢ ᠶᠢᠨ 1 GW ᠣᠯᠠᠨ ᠲᠠᠯᠠᠰᠲᠤ | ᠴᠠᠬᠢᠭᠤᠷ ᠢᠯᠲᠠᠰᠤ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠪᠠᠲᠤᠯᠠᠨ᠎ᠠ᠃ | ᠲᠣᠭᠠᠴᠢᠯᠠᠭᠰᠠᠨ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠮᠠᠨ ᠤ ᠰᠢᠶᠠᠨ ᠳᠤ ᠪᠦᠬᠦ ᠬᠤᠲᠠ ᠶᠢᠨ ᠲᠤᠭ᠎ᠠ | ᠪᠠᠷᠢᠮᠲᠠ ᠶᠢᠨ ᠲᠥᠪ ᠪᠠᠶᠢᠷᠢᠯᠠᠭᠤᠯᠬᠤ ᠠᠵᠠ ᠲᠣᠬᠢᠶᠠᠯ ᠢ ᠠᠰᠢᠭᠯᠠ᠂ ᠪᠦᠬᠦ ᠬᠤᠲᠠ ᠶᠢᠨ ᠲᠣᠭᠠᠴᠢᠯᠠᠭᠰᠠᠨ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠬᠤᠪᠢᠶᠠᠷᠢᠯᠠᠨ ᠬᠠᠮᠵᠢᠯᠴᠠᠬᠤ ᠳᠤ ᠰᠠᠨᠠᠭᠠᠴᠢᠯᠠᠭ᠎ᠠ ᠠᠴᠠ ᠪᠠᠨ | ᠣᠷᠣᠯᠴᠠᠵᠤ᠂ ᠲᠣᠮᠣ ᠳ᠋ᠠᠶᠢᠲ᠋ᠠ ᠶᠢᠨ ᠦᠢᠯᠡᠴᠢᠯᠡᠭᠦᠷ ᠲᠣᠨᠤᠭ ᠲᠥᠬᠦᠭᠡᠷᠦᠮᠵᠢ ᠦᠢᠯᠡᠳᠬᠦ᠂ ᠮᠡᠷᠭᠡᠵᠢᠯ ᠰᠤᠳᠤᠯᠤᠨ | ᠨᠡᠭᠡᠭᠡᠬᠦ᠂ ᠰᠢᠨ᠎ᠡ ᠶᠢ ᠡᠭᠦᠳᠬᠦ ᠬᠡᠷᠡᠭᠯᠡᠭᠡᠨ ᠤ ᠬᠦᠷᠢᠶᠡᠨ ᠳᠤ ᠰᠢᠪᠲᠤᠯᠤᠯᠲᠠ ᠲᠠᠢ ᠪᠣᠯᠭᠠᠨ᠎ᠠ᠃ | ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠳᠤᠮᠳᠠ ᠬᠡᠰᠡᠭ ᠤᠨ ᠳᠣᠲᠣᠭᠠᠳᠤ ᠠᠷᠠᠯᠵᠢᠶᠠᠨ ᠤ ᠪᠠᠷᠠᠭ᠎ᠠ ᠶᠢᠨ ᠭᠦᠢᠯᠭᠡᠭᠡᠨ ᠤ ᠵᠠᠩᠭᠢᠯᠠᠭ᠎ᠠ ᠴᠡᠭ | ᠪᠣᠯᠤᠨ ᠪᠠᠷᠠᠭ᠎ᠠ ᠶᠢᠨ ᠭᠦᠢᠯᠭᠡᠭᠡᠨ ᠤ ᠲᠥᠪᠯᠡᠷᠡᠭᠦᠯᠵᠦ ᠲᠠᠷᠬᠠᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ | ᠤᠯᠠᠭᠠᠨᠴᠠᠪ ᠬᠤᠲᠠ ᠶᠢᠨ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠬᠦᠢᠰᠤ | ᠠᠴᠢᠶᠠᠯᠠᠪᠤᠷᠢ ᠶᠢᠨ ᠬᠤᠲᠠ ᠶᠢ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ | ᠠᠳᠬᠤᠵᠤ᠂ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠤᠶᠢᠯᠡᠰ ᠤᠨ ᠬᠦᠷᠢᠶᠡᠯᠡᠩ | ᠲᠣᠭᠤᠷᠢᠭ ᠢ ᠰᠠᠶᠢᠲᠤᠷ ᠠᠰᠢᠭᠯᠠᠨ᠂ ᠮᠣᠩᠭᠤᠯ ᠬᠡᠤᠷᠡᠰᠦ ᠶᠢ ᠭᠠᠳᠠᠭᠠᠳᠤ ᠠᠴᠠ ᠣᠷᠣᠭᠤᠯᠬᠤ ᠬᠡᠮᠵᠢᠶ᠎ᠡ ᠶᠢ | ᠪᠤᠵᠠᠭᠠᠶᠢᠷᠠᠭᠤᠯᠤᠨ᠎ᠠ᠃ ᠡᠭᠦᠨ ᠤ ᠬᠠᠮᠲᠤ᠂ ᠨᠢᠭᠡ ᠪᠦᠯᠦᠭ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ | ᠠᠵᠤ ᠠᠬᠤᠶᠢᠯᠠᠯ ᠢ ᠲᠦᠷᠭᠡᠳᠬᠡᠨ ᠣᠷᠣᠭᠤᠯᠵᠤ ᠢᠷᠡᠨ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠢ | ᠭᠤᠤᠯᠳᠠᠯᠭ᠎ᠠ ᠲᠠᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠭᠤᠤᠯᠯᠠᠬᠤ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠰᠢᠨ᠎ᠡ ᠬᠡᠯᠪᠡᠷᠢ ᠶᠢᠨ | ᠬᠡᠷᠡᠭᠯᠡᠭᠡᠨ ᠤ ᠵᠠᠬ᠎ᠠ ᠳᠡᠯᠭᠡᠭᠦᠷ ᠢ ᠲᠦᠷᠭᠡᠪᠴᠢᠯᠡᠨ ᠪᠤᠶᠢᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠬᠡᠷᠡᠭᠯᠡᠭᠡ ᠶᠢᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠡᠷᠡᠭᠯᠡᠭᠡ ᠶᠢ | ᠢᠳᠡᠪᠬᠢᠲᠡᠢ ᠪᠠᠷ ᠥᠷᠭᠡᠳᠬᠡᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠶᠢ ᠲᠦᠯᠬᠢᠨ ᠠᠬᠢᠭᠤᠯᠤᠨ᠎ᠠ᠃ | ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠨᠡᠶᠢᠰᠯᠡᠯ ᠳᠤ ᠬᠠᠨᠳᠤᠭᠤᠯᠤᠭᠰᠠᠨ ᠳᠥᠷᠪᠡᠨ | ᠤᠯᠠᠷᠢᠯ ᠤᠨ ᠵᠢᠭᠤᠯᠴᠢᠯᠠᠯ᠂ ᠪᠦᠬᠦ ᠣᠷᠣᠨ ᠪᠦᠰᠡ ᠶᠢᠨ ᠵᠢᠭᠤᠯᠴᠢᠯᠠᠯ ᠠᠮᠠᠷᠠᠯᠲᠠ ᠶᠢᠨ ᠰᠠᠭᠤᠷᠢᠨ ᠭᠠᠵᠠᠷ ᠢ | ᠪᠠᠶᠢᠭᠤᠯᠤᠨ᠎ᠠ᠃ ᠰᠢᠶᠠᠨ ᠤ ᠬᠡᠪᠴᠢᠶᠡᠨ ᠳᠠᠬᠢ ᠲᠣᠮᠣ ᠳᠤᠮᠳᠠ ᠵᠢᠵᠢᠭ ᠬᠡᠯᠪᠡᠷᠢ ᠶᠢᠨ ᠵᠣᠴᠢᠳ ᠤᠨ ᠪᠠᠭᠤᠳᠠᠯ᠂ ᠭᠡᠷ | ᠪᠦᠯᠢ ᠶᠢᠨ ᠪᠠᠭᠤᠳᠠᠯ᠂ ᠯᠦ ᠵᠢᠶᠠ ᠶᠢᠩ ᠪᠣᠯᠤᠨ ᠰᠢᠩ ᠬᠤᠸᠠ ᠭᠧᠦ ᠠᠷᠠᠳ ᠤᠨ ᠪᠠᠭᠤᠳᠠᠯ᠂ ᠲᠠᠷᠢᠶᠠᠴᠢᠨ | ᠠᠶᠢᠯ ᠤᠨ ᠬᠦᠷᠢᠶ᠎ᠡ᠂ ᠣᠨᠴᠠᠯᠢᠭᠲᠤ ᠬᠤᠭᠤᠯᠠᠨ ᠭᠡᠷ᠂ ᠰᠡᠯᠡᠭᠦᠴᠡᠯ ᠰᠥᠨᠢ ᠶᠢᠨ ᠵᠠᠬ᠎ᠠ ᠳᠡᠯᠭᠡᠭᠦᠷ ᠵᠡᠷᠭᠡ ᠢᠳᠡᠵᠦ | ᠬᠤᠨᠣᠬᠤ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠲᠦᠷᠢᠶᠡᠰᠦᠨ ᠮᠠᠰᠢᠨ ᠲᠡᠷᠭᠡ᠂ | ᠨᠡᠶᠢᠲᠡ ᠶᠢᠨ ᠮᠠᠰᠢᠨ ᠲᠡᠷᠭᠡᠨ ᠳᠤ ᠲᠦᠷᠭᠡᠨ ᠰᠣᠯᠢᠵᠤ ᠰᠠᠭᠤᠬᠤ ᠵᠢᠭᠤᠯᠴᠢᠯᠠᠯ ᠤᠨ ᠵᠠᠮ ᠬᠠᠷᠢᠯᠴᠠᠭᠠᠨ ᠤ ᠲᠣᠤᠷ | ᠰᠦᠯᠵᠢᠶ᠎ᠡ ᠶᠢ ᠲᠡᠭᠦᠯᠳᠡᠷᠵᠢᠭᠦᠯᠦᠨ᠂ ︽ᠠᠷᠢᠬᠢ ᠮᠢᠬ᠎ᠠ ᠭᠡᠳᠡᠰᠦ ᠪᠠᠷ ᠥᠩᠭᠡᠷᠡᠬᠦ︾ ᠦᠵᠡᠭᠳᠡᠯ ᠢ ᠬᠦᠴᠦᠯᠡᠨ | ᠰᠢᠢᠳᠪᠦᠷᠢᠯᠡᠨ᠎ᠡ᠃ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ ᠬᠠᠮᠢᠶᠠᠷᠬᠤ ᠵᠠᠭᠪᠤᠷ ᠲᠤ ᠰᠢᠨ᠎ᠡ ᠶᠢ | ᠡᠭᠦᠳᠴᠦ᠂ ᠴᠠᠬᠠᠷ ᠨᠠᠭᠤᠷ ᠢ ᠰᠢᠯᠢᠳᠡᠭᠵᠢᠭᠦᠯᠬᠦ ᠳᠤ ᠰᠠᠭᠤᠷᠢᠯᠠᠨ᠂ ᠰᠤᠮᠤ ᠠᠭᠤᠯᠠ ᠶᠢ ᠲᠠᠰ ᠳᠡᠪᠰᠢᠭᠦᠯᠵᠦ᠂ | ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠦᠵᠡᠮᠵᠢ ᠶᠢᠨ | ᠣᠷᠣᠨ ᠤ ᠣᠯᠠᠨ ᠨᠡᠶᠢᠲᠡ ᠶᠢᠨ ᠤᠶᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ | ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠬᠤᠪᠢᠰᠬᠠᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ | ᠃ ᠯᠦ ᠵᠢᠶᠠ ᠶᠢᠩ ᠠᠮᠢ ᠠᠬᠤᠶ ᠶᠢᠨ ᠵᠢᠭᠤᠯᠴᠢᠯᠠᠯ ᠤᠨ ᠵᠢᠵᠢᠭ ᠪᠠᠯᠭᠠᠰᠤ ᠪᠠᠷ ᠲᠦᠰᠢᠭ ᠪᠣᠯᠭᠠᠵᠤ᠂ ᠡᠯ᠎ᠡ ᠰᠢᠶᠠᠩ | ᠪᠠᠯᠭᠠᠰᠤ ᠨᠢ ᠬᠤᠲᠠ ᠶᠢᠨ ᠲᠣᠭᠤᠷᠢᠭ᠂ ᠦᠵᠡᠮᠵᠢ ᠶᠢᠨ ᠣᠷᠣᠨ ᠤ ᠡᠷᠬᠢᠨ ᠲᠣᠭᠤᠷᠢᠨ ᠢᠶᠠᠷ ᠭᠤᠤᠯ ᠪᠣᠯᠭᠠᠨ᠂ | ᠤᠯᠤᠰ ᠮᠤᠵᠢ ᠶᠢᠨ ᠭᠤᠤᠯ ᠵᠠᠮ ᠢᠶᠠᠷ ᠲᠡᠩᠭᠡᠯᠢᠭ ᠱᠤᠭᠤᠮ ᠪᠣᠯᠭᠠᠵᠤ᠂ ᠨᠢᠭᠡ ᠪᠦᠯᠦᠭ ᠰᠣᠳᠣᠨ ᠠᠷᠠᠳ ᠤᠨ | ᠰᠠᠭᠤᠴᠠ ᠶᠢᠨ ᠵᠢᠱᠢᠶ᠎ᠡ ᠦᠵᠡᠭᠦᠯᠬᠦ ᠴᠡᠭ ᠢ ᠪᠣᠶ ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ | ᠬᠥᠭᠵᠢᠯᠲᠡ ᠶᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠶ᠃ ᠪᠡᠭᠡᠵᠢᠩ ᠬᠤᠲᠠ ᠶᠢᠨ ᠣᠶᠢᠷᠠᠯᠴᠠᠭ᠎ᠠ᠂ ᠵᠠᠮ | ᠬᠠᠷᠢᠯᠴᠠᠭ᠎ᠠ ᠳᠥᠭᠦᠮ ᠳᠥᠲᠡ᠂ ᠠᠭᠤᠷ ᠠᠮᠢᠰᠬᠤᠯ ᠲᠠᠭᠠᠯᠠᠮᠵᠢᠲᠠᠶ ᠪᠠᠶᠢᠬᠤ ᠳᠠᠪᠠᠭᠤᠯᠢᠭ ᠢ ᠶᠡᠭᠡ ᠪᠠᠷ | ᠪᠠᠳᠠᠷᠠᠭᠤᠯᠵᠤ᠂ ᠡᠷᠡᠭᠦᠯ ᠮᠡᠨᠳᠦ ᠶᠢᠨ ᠰᠤᠪᠢᠯᠠᠯᠲᠠ ᠶᠢᠨ ᠲᠥᠷᠥᠯ ᠵᠤᠶᠢᠯ ᠢ ᠶᠡᠭᠡ ᠪᠠᠷ ᠬᠥᠭᠵᠢᠭᠦᠯᠦᠨ᠎ᠡ᠃ | ᠵᠢᠭᠤᠯᠴᠢᠯᠠᠯ ᠤᠨ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠬᠥᠮᠦᠨ ᠪᠦᠬᠦᠨ ᠴᠥᠮ ︽ᠵᠢᠭᠤᠯᠴᠢᠯᠠᠯ ᠤᠨ | ᠬᠥᠲᠥᠴᠢ︾ ᠪᠣᠯᠬᠤ ᠪᠠᠶᠢᠷᠢᠰᠢᠯ ᠢ ᠴᠢᠷᠮᠠᠶᠢᠨ ᠪᠠᠶᠢᠭᠤᠯᠵᠤ᠂ ᠵᠢᠭᠤᠯᠴᠢᠯᠠᠯ ᠤᠨ ᠠᠯᠳᠠᠷᠰᠢᠯ ᠪᠠ ᠨᠥᠯᠥᠭᠡᠯᠡᠬᠦ | ᠬᠦᠴᠦᠨ ᠢ ᠲᠠᠰᠤᠷᠠᠯᠲᠠ ᠤᠢᠭᠡᠢ ᠥᠷᠭᠡᠳᠬᠡᠨ᠎ᠡ᠃ | ︵ᠬᠤᠶᠠᠷ︶ ᠲᠦᠭᠰᠢᠭᠦᠷᠢ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠬᠥᠭᠵᠢᠯᠲᠡ ᠶᠢᠨ ᠰᠠᠭᠤᠷᠢ ᠶᠢ | ᠲᠠᠰᠤᠷᠠᠯᠲᠠ ᠥᠬᠡᠶ ᠪᠠᠬᠢᠵᠢᠭᠦᠯᠦᠨ᠎ᠡ᠃ ᠶᠡᠷᠦᠩᠬᠡᠢ ᠱᠦᠵᠢ ᠰᠢ ᠶᠢᠨ ᠫᠢᠩ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠪᠣᠯᠤᠨ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ ᠭᠡᠵᠦ | ᠣᠯᠠᠨᠲᠠ ᠳᠤᠷᠠᠳᠪᠠ᠃ ᠪᠢᠳᠡ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠮᠢ | ᠠᠬᠤᠢ ᠶᠢᠨ ᠤᠯᠠᠭᠠᠨ ᠱᠤᠭᠤᠮ᠂ ᠠᠮᠤᠷ ᠲᠦᠪᠰᠢᠨ ᠤ ᠬᠤᠷᠢᠭ᠎ᠠ ᠱᠤᠭᠤᠮ᠂ ᠰᠠᠬᠢᠯᠭ᠎ᠠ ᠪᠠᠲᠤ ᠶᠢᠨ ᠥᠨᠳᠥᠷ | ᠬᠦᠴᠦᠳᠡᠯᠲᠦ ᠱᠤᠭᠤᠮ ᠢ ᠪᠠᠲᠤ ᠰᠠᠬᠢᠬᠤ ᠬᠡᠷᠡᠭᠲᠡᠢ᠃ | ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠨ᠎ᠠ᠃ ᠬᠥᠬᠡᠮᠳᠦᠭ ᠤᠰᠤ᠂ ᠬᠦᠭᠡ ᠣᠭᠲᠠᠷᠭᠤᠢ᠂ | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ | ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠴᠠᠭᠠᠨᠨᠠᠭᠤᠷ ᠤᠨ ᠰᠠᠪᠠ ᠭᠠᠵᠠᠷ ᠤᠨ ᠠᠮᠢ | ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠵᠤ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ | ᠰᠦᠷᠴᠢᠨ ᠤᠰᠤᠯᠠᠬᠤ ᠬᠦᠷᠢᠶ᠎ᠡ ᠶᠢ ᠡᠷᠡᠰ ᠴᠠᠭᠠᠵᠠᠯᠠᠵᠤ᠂ ᠤᠰᠤ ᠶᠢ ᠭᠠᠩ ᠬᠠᠭᠤᠷᠠᠢ ᠪᠣᠯᠭᠠᠬᠤ᠂ ᠰᠦᠷᠴᠢᠨ | ᠤᠰᠤᠯᠠᠬᠤ ᠶᠢ ᠳᠤᠰᠤᠯᠭᠠᠨ ᠤᠰᠤᠯᠠᠬᠤ ᠪᠣᠯᠭᠠᠬᠤ ᠢᠨᠵᠧᠨᠧᠷᠢᠩ ᠢ ᠠᠯᠬᠤᠮ ᠬᠤᠪᠢᠶᠠᠨ ᠠᠬᠢᠭᠤᠯᠤᠨ᠎ᠠ᠃ ᠪᠣᠬᠢᠷ | ᠤᠰᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠲᠣᠭᠤᠷᠢᠭ ᠪᠠ ᠴᠧᠩ ᠭᠤᠸᠠᠨ | ᠪᠠᠯᠭᠠᠰᠤᠨ ᠤ ᠲᠠᠷᠢᠶᠠᠯᠠᠩ ᠤᠨ ᠠᠵᠤ ᠦᠢᠯᠡᠰ ᠤᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ | ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠠᠵᠤ ᠦᠢᠯᠡᠳᠪᠦᠷᠢ ᠶᠢᠨ ᠤᠰᠤ ᠠᠷᠪᠢᠯᠠᠬᠤ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠶ | ᠤᠰᠤ ᠶᠡᠭᠡ ᠬᠤᠷᠣᠭᠳᠠᠭᠤᠯᠬᠤ ᠠᠵᠤ ᠠᠬᠤᠶᠢᠯᠠᠯ ᠪᠦᠬᠦᠨ ᠢ ᠡᠷᠡᠰ ᠬᠠᠭᠠᠵᠤ ᠵᠣᠭᠰᠣᠭᠠᠬᠤ ᠬᠡᠷᠡᠭᠲᠡᠶ᠃ ᠨᠡᠭᠦᠷᠡᠰᠦ | ᠰᠢᠲᠠᠭᠠᠬᠤ ᠵᠢᠵᠢᠭ ᠵᠤᠤᠬ᠎ᠠ ᠶᠢ ᠰᠢᠭᠰᠢᠭᠳᠡᠭᠦᠯᠬᠦ᠂ ᠨᠡᠭᠦᠷᠡᠰᠦ ᠶᠢ ᠴᠡᠪᠡᠷᠰᠢᠭᠦᠯᠦᠨ ᠠᠰᠢᠭᠯᠠᠬᠤ᠂ ᠭᠤᠣᠯᠳᠠᠯᠭ᠎ᠠ ᠲᠠᠢ | ᠠᠵᠢᠯ ᠲᠥᠷᠥᠯ ᠤᠨ ᠪᠣᠬᠢᠷᠲᠤᠯ ᠢ ᠵᠠᠰᠠᠬᠤ ᠪᠠ ᠳᠡᠭᠳᠡᠮᠡᠯ ᠲᠣᠭᠤᠰᠣ ᠶᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ | ᠠᠬᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ | ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠤᠨ᠎ᠠ᠃ ︽ᠡᠨᠧᠷᠭᠢ | ᠠᠷᠪᠢᠯᠠᠬᠤ ᠶᠢ ᠲᠡᠷᠢᠭᠦᠨ ᠳᠤ ᠲᠠᠯᠪᠢᠵᠤ᠂ ᠴᠢᠳᠠᠯ ᠤᠨ ᠢᠶᠠᠨ ᠬᠢᠷᠢ ᠪᠠᠷ ᠬᠢᠵᠦ︾᠂ ᠨᠢᠭᠡᠴᠢ GDP ᠶᠢᠨ | ᠡᠨᠧᠷᠭᠢ ᠶᠢᠨ ᠬᠤᠷᠣᠭᠳᠠᠭᠤᠯᠭ᠎ᠠ ᠶᠢ 3 . 2 % ᠢᠶᠠᠷ ᠪᠠᠭᠤᠷᠠᠭᠤᠯᠬᠤ ᠶᠢ ᠦᠨᠡᠨᠬᠦ ᠪᠠᠲᠤᠯᠠᠨ᠎ᠠ᠃ ᠡᠬᠢ | ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ | ᠰᠢᠭᠰᠢᠭᠳᠡᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠨᠢᠭᠡᠴᠢ ᠦᠢᠯᠡᠳᠬᠦᠨ ᠤ ᠡᠨᠧᠷᠭᠢ ᠶᠢᠨ | ᠬᠤᠷᠣᠭᠳᠠᠭᠤᠯᠭ᠎ᠠ ᠶᠢ ᠡᠷᠬᠡᠪᠰᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠶ᠃ ᠡᠨᠧᠷᠭᠢ ᠶᠢᠨ | ᠬᠤᠷᠣᠭᠳᠠᠯ ᠶᠡᠬᠡᠲᠡᠶ ᠠᠵᠢᠯ ᠲᠥᠷᠥᠯ ᠤᠨ ᠴᠠᠬᠢᠯᠭᠠᠨ ᠬᠡᠷᠡᠭᠯᠡᠬᠦ ᠳᠠᠷᠤᠭᠠᠰᠤ ᠶᠢ ᠠᠯᠬᠤᠮ ᠠᠯᠬᠤᠮ ᠢᠶᠠᠷ ᠪᠠᠭᠠᠰᠬᠠᠵᠤ | ᠂ ᠨᠡᠭᠦᠷᠡᠰᠦᠲᠥ᠋ᠷᠥᠭᠴᠢ ᠡᠳ᠋᠂ ᠬᠠᠶᠢᠯᠤᠰᠢ ᠵᠡᠷᠭᠡ ᠤᠯᠠᠮᠵᠢᠯᠠᠯᠲᠤ ᠠᠵᠤ ᠠᠬᠤᠶᠢᠯᠠᠯ ᠢ ᠥᠭᠡᠷᠡᠴᠢᠯᠡᠨ ᠲᠠᠰ | ᠳᠡᠪᠰᠢᠭᠦᠯᠬᠦ ᠶᠢ ᠠᠬᠢᠭᠤᠯᠵᠤ᠂ ᠤᠶᠢᠯᠡᠳᠭᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ | ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠢ ᠴᠢᠩᠭᠠᠳᠬᠠᠵᠤ᠂ ᠪᠣᠬᠢᠷᠲᠤᠯ ᠥᠬᠡᠶ | ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠠᠮᠢ ᠠᠬᠤᠶ ᠶᠢᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢ ᠴᠢᠩᠭᠠᠷᠠᠭᠤᠯᠤᠨ | ᠂ ᠭᠤᠷᠪᠠᠨ ᠤᠮᠠᠷᠠᠲᠤ ᠶᠢᠨ ᠬᠠᠯᠬᠠᠪᠴᠢ ᠣᠶ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠡᠷᠡᠭᠵᠢᠭᠦᠯᠦᠨ᠎ᠡ᠃ ᠠᠮᠢ | ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠡᠪᠴᠢᠶ᠎ᠡ ᠶᠢ ᠥᠷᠭᠡᠳᠬᠡᠬᠦ ᠡᠷᠴᠢᠮ ᠢ ᠦᠷᠭᠦᠯᠵᠢᠯᠡᠨ | ᠨᠡᠮᠡᠭᠳᠡᠭᠦᠯᠵᠦ᠂ ᠠᠮᠢ ᠠᠬᠤᠶ ᠶᠢᠨ ᠴᠢᠳᠠᠮᠵᠢ ᠶᠢᠨ ᠵᠡᠷᠭᠡ ᠳᠡᠰ ᠢ ᠳᠡᠭᠡᠭᠰᠢᠯᠡᠭᠦᠯᠦᠨ᠎ᠡ᠃ ᠴᠠᠷ ᠨᠠᠭᠤᠷ᠂ ᠡᠮᠦᠨ᠎ᠡ | ᠬᠤᠶᠢᠨᠠᠬᠢ ᠭᠤᠣᠯ ᠤᠨ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠠᠭᠤᠷᠬᠠᠢ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠯᠲᠠ ᠪᠠ ᠭᠠᠵᠠᠷ ᠤᠨ ᠭᠠᠢ | ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠭᠤᠣᠯ ᠮᠥᠷᠡᠨ | ᠨᠠᠭᠤᠷ ᠪᠦᠷᠢᠳᠦ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃ | ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ | ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠨᠠᠵᠠᠭᠠᠶ | ᠲᠠᠯ᠎ᠠ ᠶᠢᠨ ᠨᠠᠷᠢᠨ ᠲᠠᠩᠰᠠ ᠪᠠᠷ ᠬᠠᠷᠢᠭᠤᠴᠠᠯᠭ᠎ᠠ ᠶᠢᠨ ᠭᠤᠤᠯ ᠴᠣᠭᠴᠠ ᠶᠢ ᠭᠡᠳᠡᠷᠭᠦ ᠰᠢᠬᠠᠮᠳᠠᠭᠤᠯᠵᠤ ᠪᠠᠶᠢᠭᠠᠳ | ᠠᠮᠤᠷ ᠲᠦᠪᠰᠢᠨ ᠤ ᠤᠬᠠᠮᠰᠠᠷ ᠢ ᠨᠢ ᠴᠢᠩᠭᠠᠳᠬᠠᠵᠤ᠂ ᠶᠡᠭᠡ ᠵᠢᠭᠰᠠᠭᠠᠨ ᠪᠠᠶᠢᠴᠠᠭᠠᠯᠲᠠ ᠶᠡᠭᠡ ᠪᠠᠶᠢᠴᠠᠭᠠᠯᠲᠠ ᠶᠢᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠥᠷᠥᠯ ᠤᠨ ᠠᠶᠤᠯᠭᠦᠶ ᠤᠶᠢᠯᠡᠳᠪᠤᠷᠢᠯᠡᠯ ᠤᠨ ᠠᠳᠡᠯ | ᠭᠠᠷᠬᠤ ᠶᠢ ᠡᠷᠡᠰ ᠬᠤᠷᠢᠭᠯᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠳᠠᠯᠠᠵᠤ᠂ | ᠡᠩ ᠤᠨ ᠴᠢᠨᠠᠷᠲᠠᠶ ᠵᠠᠷᠤᠯᠭ᠎ᠠ ᠶᠢ ᠡᠷᠡᠰ ᠪᠠᠭᠠᠰᠬᠠᠵᠤ᠂ ᠲᠥᠷᠥᠯ ᠵᠤᠶᠢᠯ ᠤᠨ ᠥᠷᠢ ᠥᠭᠴᠡᠭᠡ ᠶᠢᠨ | ᠲᠦᠭᠰᠢᠭᠦᠷᠢ ᠶᠢᠨ ᠦᠨᠡᠯᠡᠨ ᠵᠢᠱᠢᠯᠲᠡ ᠶᠢ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠬᠤ ᠶᠢ | ᠡᠷᠡᠰ ᠬᠤᠷᠢᠭᠯᠠᠨ᠎ᠠ᠃ ᠵᠢᠯ ᠤᠨ ᠡᠬᠢᠨ ᠤ ᠲᠥᠰᠦᠪ ᠲᠤ ᠣᠷᠣᠭᠤᠯᠤᠭᠰᠠᠨ ᠦᠭᠡᠢ ᠰᠢᠨ᠎ᠡ ᠪᠠᠷ ᠨᠡᠮᠡᠭᠳᠡᠭᠰᠡᠨ | ᠵᠠᠷᠤᠯᠭ᠎ᠠ ᠪᠦᠬᠦᠨ ᠢ ᠴᠥᠮ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠳᠡᠪᠰᠢᠭᠦᠯᠵᠦ ᠬᠢᠨᠠᠨ ᠶᠠᠷᠢᠯᠴᠠᠭᠤᠯᠤᠨ᠎ᠠ︔ ᠪᠡᠯᠡ ᠮᠥᠩᠭᠦᠨ ᠤ ᠢᠷᠡᠯᠲᠡ ᠦᠭᠡᠢ ᠰᠢᠨ᠎ᠡ ᠵᠦᠢᠯᠡᠰ ᠢ ᠵᠠᠷᠴᠢᠮ | ᠳᠡᠭᠡᠷ᠎ᠡ ᠪᠠᠨ ᠳᠠᠬᠢᠵᠤ ᠲᠤᠬᠢᠷᠠᠭᠤᠯᠬᠤ ᠦᠭᠡᠢ᠃ ︽ᠨᠠᠷᠢᠯᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ | ᠪᠣᠯᠭᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠮᠥᠩᠭᠦᠨ | ᠭᠦᠢᠯᠭᠡᠭᠡᠨ ᠤ ᠲᠦᠭᠰᠢᠭᠦᠷᠢ ᠶᠢ ᠴᠢᠩᠭ᠎ᠠ ᠡᠵᠡᠮᠳᠡᠵᠦ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ | ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠤᠨ᠎ᠠ᠃ | ᠰᠠᠬᠢᠯᠭ᠎ᠠ ᠪᠠᠲᠤ ᠶᠢᠨ ᠥᠨᠳᠥᠷ ᠬᠦᠴᠦᠳᠡᠯᠲᠦ ᠱᠤᠭᠤᠮ ᠢ ᠴᠢᠩᠭ᠎ᠠ ᠰᠠᠬᠢᠬᠤ᠃ ᠬᠠᠩᠭᠠᠨ ᠪᠣᠷᠣᠯᠠᠭᠤᠯᠬᠤ | ᠬᠤᠷᠰᠢᠶᠠᠨ ᠤ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ᠂ ᠨᠡᠭᠦᠷᠡᠰᠦᠨ ᠤ | ᠡᠬᠢ ᠪᠠᠶᠠᠯᠢᠭ ᠤᠨ ᠬᠦᠷᠢᠶ᠎ᠡ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠲᠦᠷᠢᠮ ᠲᠣᠭᠲᠠᠭᠠᠯ ᠠᠴᠠ | ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠵᠡᠷᠭᠡ ᠠᠵᠢᠯ ᠢ | ᠬᠠᠤᠯᠢ ᠲᠣᠭᠲᠠᠭᠠᠯ ᠰᠠᠬᠢᠯᠭ᠎ᠠ ᠶᠣᠰᠣᠭᠠᠷ ᠠᠬᠢᠭᠤᠯᠬᠤ ᠶᠢ ᠪᠠᠷᠢᠮᠲᠠᠯᠠᠨ᠎ᠠ᠃ ᠡᠭᠦᠨ ᠤ ᠬᠠᠮᠲᠤ᠂ ᠰᠤᠷᠭᠠᠨ ᠬᠥᠮᠦᠵᠢᠯ | ᠡᠮ ᠡᠮᠨᠡᠯᠭᠡ᠂ ᠨᠠᠰᠤᠵᠢᠯ ᠤᠨ ᠳᠠᠭᠠᠳᠬᠠᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ | ᠦᠢᠯᠡᠳᠪᠦᠷᠢᠯᠡᠯ᠂ ᠢᠳᠡᠭᠡᠨ ᠪᠠ ᠡᠮ ᠤᠨ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ | ᠲᠤᠪᠤᠶᠢᠮ᠎ᠠ ᠠᠰᠠᠭᠤᠳᠠᠯ ᠢ ᠴᠢᠩᠭ᠎ᠠ ᠰᠢᠢᠳᠬᠡᠵᠦ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ | ᠡᠷᠡᠰ ᠭᠤᠶᠢᠪᠢᠰᠢ ᠦᠭᠡᠢ ᠪᠤᠢ ᠪᠣᠯᠭᠠᠵᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠡᠷᠡᠰ | ᠬᠠᠮᠠᠭᠠᠯᠠᠬᠤ ᠬᠡᠷᠡᠭᠲᠡᠢ᠃ | ︵ᠭᠤᠷᠪᠠ︶ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠤᠨ᠎ᠠ᠃ ᠶᠡᠷᠦᠩᠬᠡᠢ ᠱᠦᠵᠢ | ᠰᠢ ᠶᠢᠨ ᠫᠢᠩ᠄ ︽ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ | ᠲᠤᠰᠠ ᠶᠢᠨ ᠠᠰᠠᠭᠤᠳᠠᠯ ᠢ ᠠᠳᠬᠤᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ | ᠲᠤᠰᠠ ᠶᠢ ᠲᠠᠰᠤᠷᠠᠯᠲᠠ ᠦᠭᠡᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ | ᠬᠡᠷᠡᠭᠲᠡᠢ︾ ᠭᠡᠵᠦ ᠴᠢᠬᠤᠯᠠᠴᠢᠯᠠᠪᠠ᠃ ᠪᠢᠳᠡ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠪᠠᠨ ᠢᠮᠠᠭᠲᠠ ᠪᠠᠲᠤᠯᠠᠵᠤ᠂ ᠥᠷᠭᠡᠨ ᠤᠯᠠᠨ | ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ | ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠭᠠᠬᠤ ᠬᠡᠷᠡᠭᠲᠡᠢ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ | ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠠᠩ ᠪᠠᠲᠤ ᠪᠠᠬᠢ᠂ ᠦᠷ᠎ᠡ ᠪᠦᠲᠦᠮᠵᠢ ᠶᠢ ᠨᠠᠩ | ᠦᠷᠭᠦᠯᠵᠢᠯᠡᠬᠦ᠋ᠢᠴᠡ ᠪᠣᠯᠭᠠᠨ᠎ᠠ᠃ ᠭᠤᠤᠯ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠶ ᠳᠡᠭᠡᠨ | ᠲᠣᠭᠲᠠᠭᠤᠨ ᠪᠠᠶᠢᠯᠭᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ | ᠲᠡᠳᠬᠦᠬᠦ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠶᠠᠳᠠᠭᠤ ᠶᠢ ᠲᠡᠳᠬᠦᠬᠦ ᠠᠵᠤ ᠦᠢᠯᠡᠰ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ᠂ ᠬᠦᠷᠢᠶ᠎ᠡ ᠬᠠᠰᠢᠶᠠᠨ ᠤ ᠠᠵᠤ | ᠠᠬᠤᠶ᠂ ᠣᠶ ᠶᠢᠨ ᠬᠤᠷᠮᠣᠶ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ | ᠳᠠᠶᠢᠴᠢᠯᠠᠨ ᠣᠷᠣᠯᠭ᠎ᠠ ᠶᠢ ᠨᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠦᠨ᠎ᠡ᠃ ᠣᠨᠳᠣᠣ ᠭᠠᠵᠠᠷ ᠲᠤ | ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠴᠢᠩᠭᠠᠳᠬᠠᠵᠤ᠂ ᠨᠡᠭᠦᠯᠭᠡᠭᠰᠡᠨ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ | ᠠᠷᠭ᠎ᠠ ᠵᠠᠮ ᠢ ᠥᠷᠭᠡᠳᠬᠡᠨ᠎ᠡ᠃ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠵᠠᠰᠠᠭ ᠠᠵᠤ ᠠᠬᠤᠶᠢᠯᠠᠯ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠣᠷᠣᠨ ᠵᠠᠶ ᠶᠢ ᠤᠯᠠᠮ ᠨᠢᠭᠡ | ᠠᠯᠬᠤᠮ ᠥᠷᠭᠡᠳᠬᠡᠨ᠎ᠡ᠃ ᠶᠠᠳᠠᠭᠤ ᠶᠢ ᠲᠡᠳᠬᠦᠬᠦ ᠪᠡᠯᠡ ᠮᠥᠩᠭᠦ ᠡᠳ᠋ ᠬᠦᠷᠦᠩᠭᠡ ᠶᠢᠨ ᠬᠠᠮᠢᠶᠠᠷᠤᠯᠲᠠ ᠶᠢ | ᠴᠢᠩᠭᠠᠳᠬᠠᠵᠤ᠂ ᠲᠡᠭᠦᠨ ᠤ ᠦᠷ᠎ᠡ ᠠᠰᠢᠭ ᠢ ᠦᠨᠡᠨ ᠬᠦ ᠪᠠᠳᠠᠷᠠᠭᠤᠯᠤᠨ᠎ᠠ᠃ ᠰᠢᠶᠠᠨ ᠤ ᠬᠤᠲᠠ᠂ ᠴᠤᠭᠯᠠᠭ᠎ᠠ | ᠪᠠᠯᠭᠠᠰᠤ ᠶᠢᠨ ᠶᠡᠷᠦᠩᠬᠡᠶᠢᠯᠡᠭᠰᠡᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠵᠤ᠂ ᠤᠶᠤᠨᠲᠤ | ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠪᠠᠶᠢᠷᠢᠰᠢᠭᠤᠯᠤᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠥᠪᠡᠷᠲᠡᠭᠡᠨ | ᠵᠠᠰᠠᠬᠤ ᠣᠷᠣᠨ ᠤ ᠲᠠᠰ ᠤᠨ 10 ᠰᠣᠳᠣᠨ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠬᠤ ᠪᠠᠷ ᠴᠢᠷᠮᠠᠶᠢᠨ᠎ᠠ᠃ | ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠣᠷᠣᠨ ᠪᠦᠰᠡ ᠶᠢᠨ | ᠬᠥᠭᠵᠢᠯᠲᠡ ᠶᠢᠨ ᠵᠥᠷᠢᠶ᠎ᠡ ᠶᠢ ᠦᠷᠭᠦᠯᠵᠢᠯᠡᠨ ᠪᠠᠭᠠᠰᠬᠠᠨ᠎ᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ | ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠥᠷᠨᠢᠭᠦᠯᠵᠦ᠂ | ᠵᠣᠷᠯᠣᠩ ᠢ ᠥᠭᠡᠷᠡᠴᠢᠯᠡᠬᠦ᠂ ᠪᠣᠬᠢᠷ ᠤᠰᠤ ᠶᠢ ᠰᠢᠢᠳᠪᠦᠷᠢᠯᠡᠬᠦ ᠵᠢᠴᠢ ᠬᠥᠳᠡᠭᠡ ᠲᠣᠰᠬᠤᠨ ᠤ ᠠᠮᠢᠳᠤᠷᠠᠯ ᠤᠨ ᠬᠤᠭ | ᠨᠣᠪᠰᠢ ᠶᠢ ᠲᠦᠷᠦᠯ ᠬᠤᠪᠢᠶᠠᠬᠤ ᠲᠤᠷᠰᠢᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠲᠤᠬᠢᠷᠠᠭᠤᠯᠤᠨ | ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ 50 % ᠶᠢᠨ ᠵᠠᠰᠠᠭ ᠵᠠᠬᠢᠷᠭᠠᠨ ᠤ ᠲᠣᠰᠬᠤᠨ ᠢ ᠬᠤᠶᠠᠳᠤᠭᠠᠷ | ᠲᠦᠷᠦᠯ ᠤᠨ ᠭᠠᠵᠠᠷ ᠣᠷᠣᠨ ᠤ ᠵᠠᠰᠠᠯᠲᠠ ᠶᠢᠨ ᠪᠠᠷᠢᠮᠵᠢᠶ᠎ᠠ ᠳᠤ ᠬᠦᠷᠭᠡᠨ᠎ᠡ᠃ ᠡᠨᠡ ᠵᠢᠯ ᠡᠬᠢ ᠪᠠᠶᠠᠯᠢᠭ ᠤᠨ ᠵᠠᠮ᠂ | ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠵᠡᠷᠭᠡ ᠬᠥᠳᠡᠭᠡ ᠲᠣᠰᠬᠤᠨ ᠤ ᠵᠠᠰᠠᠮᠠᠯ ᠵᠠᠮ ᠢ 225 ᠺᠢᠯᠣᠮᠧᠲᠷ | ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠵᠢᠶ ᠱᠠᠩ ᠵᠠᠰᠠᠮᠠᠯ ᠵᠠᠮ ᠤᠨ ᠰᠢᠩ ᠾᠧ ᠬᠡᠰᠡᠭ ᠤᠨ ᠬᠤᠶᠠᠷ | ᠬᠠᠵᠠᠭᠤ ᠶᠢᠨ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠬᠥᠳᠡᠭᠡ | ᠲᠣᠰᠬᠤᠨ ᠤ ᠨᠣᠭᠤᠭᠠᠷᠠᠭᠤᠯᠤᠯᠲᠠ ᠭᠤᠶᠤᠵᠢᠭᠤᠯᠤᠯᠲᠠ ᠴᠡᠪᠡᠷᠵᠢᠭᠦᠯᠦᠯᠲᠡ ᠶᠢᠨ ᠠᠵᠢᠯᠯᠠᠭ᠎ᠠ ᠶᠢ ᠶᠡᠬᠡᠪᠡᠷ | ᠠᠬᠢᠭᠤᠯᠤᠨ᠎ᠠ᠃ ︽ᠬᠤᠪᠢ ᠬᠤᠷᠠᠮᠳᠤᠭᠤᠯᠬᠤ ᠲᠦᠷᠢᠮ︾ ︽ᠨᠠᠷᠢᠨ ᠲᠠᠩᠰᠠ ᠶᠢᠨ ᠲᠦᠷᠢᠮ︾ ᠤᠨ ᠵᠠᠭᠪᠤᠷ ᠢ | ᠰᠦᠪᠡᠭᠴᠢᠯᠡᠵᠦ᠂ ᠨᠤᠲᠤᠭ ᠤᠨ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠬᠤᠲᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ | ᠬᠡᠷᠡᠭᠲᠡᠶ᠃ ︽ᠭᠤᠷᠪᠠᠨ ᠣᠷᠣᠨ ᠢ ᠬᠠᠮᠲᠤᠪᠠᠷ ᠪᠠᠶᠢᠭᠤᠯᠬᠤ︾ ᠠᠯᠬᠤᠴᠠ ᠶᠢ ᠦᠷᠭᠦᠯᠵᠢᠯᠡᠨ ᠠᠬᠢᠭᠤᠯᠤᠨ᠎ᠠ᠃ | ᠬᠠᠭᠤᠴᠢᠨ ᠬᠤᠲᠠ ᠶᠢᠨ ᠲᠣᠭᠤᠷᠢᠭ ᠤᠨ ᠭᠤᠤᠯᠳᠠᠯᠭ᠎ᠠ ᠲᠠᠢ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠶ᠃ ᠹᠦ᠋ ᠷᠦᠢ | ᠰᠠᠭᠤᠭᠠᠯᠢ ᠲᠣᠭᠤᠷᠢᠭ ᠤᠨ ᠪᠤᠴᠠᠭᠠᠨ ᠨᠡᠭᠦᠯᠭᠡᠬᠦ ᠠᠰᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠨᠤᠷᠠᠭᠠᠵᠤ ᠨᠡᠭᠦᠯᠭᠡᠬᠦ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠭᠠᠵᠠᠷ ᠰᠢᠷᠣᠢ ᠶᠢ | ᠡᠮᠬᠢᠯᠡᠨ ᠵᠠᠰᠠᠬᠤ ᠠᠵᠢᠯ ᠢ ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠠᠭᠤᠷᠢ | ᠲᠥᠬᠦᠭᠡᠷᠦᠮᠵᠢ ᠶᠢ ᠰᠢᠨᠡᠳᠬᠡᠨ ᠵᠠᠰᠠᠬᠤ᠂ ᠨᠣᠭᠤᠭᠠᠷᠠᠭᠤᠯᠤᠨ ᠭᠤᠶᠤᠵᠢᠭᠤᠯᠬᠤ ᠠᠵᠢᠯ ᠢ ᠬᠢᠵᠦ᠂ ᠬᠠᠭᠤᠴᠢᠨ | ᠬᠤᠲᠠ ᠶᠢᠨ ᠲᠣᠭᠤᠷᠢᠭ ᠤᠨ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠲᠦᠷᠭᠡᠬᠡᠨ ᠰᠠᠶᠢᠵᠢᠷᠠᠭᠤᠯᠤᠨ᠎ᠠ᠃ ᠰᠢᠨ᠎ᠡ | ᠬᠤᠲᠠ ᠲᠣᠭᠤᠷᠢᠭ ᠤᠨ ᠵᠠᠩᠭᠢᠯᠠᠭ᠎ᠠ ᠨᠢ ᠴᠢᠳᠠᠮᠵᠢ ᠶᠢ ᠴᠢᠩᠭᠠᠳᠬᠠᠬᠤ ᠬᠡᠷᠡᠭᠲᠡᠶ᠃ ᠭᠠᠵᠠᠷ ᠳᠣᠤᠷᠠᠬᠢ ᠬᠠᠭᠤᠴᠢᠨ | ᠬᠤᠭᠤᠯᠠᠶ ᠶᠢᠨ ᠲᠣᠤᠷ ᠢ ᠠᠯᠬᠤᠮ ᠠᠯᠬᠤᠮ ᠢᠶᠠᠷ ᠥᠭᠡᠷᠡᠴᠢᠯᠡᠨ ᠰᠠᠶᠢᠵᠢᠷᠠᠭᠤᠯᠵᠤ᠂ ᠶᠡᠷᠦᠩᠬᠡᠶᠢᠯᠡᠭᠰᠡᠨ ᠠᠷᠭ᠎ᠠ | ᠪᠣᠳᠣᠯᠭ᠎ᠠ ᠠᠪᠴᠤ ᠪᠠᠶᠢᠭᠠᠳ ᠢᠯᠴᠢ ᠬᠠᠩᠭᠠᠬᠤ ᠠᠰᠠᠭᠤᠳᠠᠯ ᠢ ᠰᠢᠢᠳᠪᠦᠷᠢᠯᠡᠨ᠎ᠡ᠃ ᠬᠠᠭᠤᠴᠢᠨ ᠰᠠᠭᠤᠭᠠᠯᠢ | ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠦᠨ᠎ᠡ᠃ ︽ᠵᠢᠷᠭᠤᠭᠠᠨ ᠣᠷᠳᠣᠨ ᠨᠢᠭᠡ ᠲᠥᠪ︾ ᠢ | ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ 110 ᠤᠯᠤᠰ ᠤᠨ ᠵᠠᠮ ᠤᠨ ᠬᠤᠲᠠ ᠶᠢᠨ ᠲᠣᠭᠤᠷᠢᠭ ᠤᠨ | ᠬᠡᠰᠡᠭ ᠢ ᠱᠤᠭᠤᠮ ᠥᠭᠡᠷᠡᠴᠢᠯᠡᠬᠦ ᠢᠨᠵᠧᠨᠧᠷᠢᠩ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠥᠨᠳᠥᠷ | ᠬᠤᠷᠳᠤᠴᠠᠲᠤ ᠲᠡᠮᠦᠷ ᠵᠠᠮ ᠤᠨ ᠥᠷᠲᠡᠭᠡᠨ ᠤ ᠲᠣᠭᠤᠷᠢᠭ ᠳᠦᠷᠢ ᠲᠥᠷᠬᠦ ᠪᠠᠨ ᠢᠯᠡᠷᠡᠭᠦᠯᠬᠦ ᠬᠡᠷᠡᠭᠲᠡᠶ᠃ ᠳᠡᠭᠡᠳᠦ | ᠬᠤᠷᠳᠤᠴᠠᠲᠤ ᠲᠡᠮᠦᠷ ᠵᠠᠮ ᠤᠨ ᠥᠷᠲᠡᠭᠡᠨ ᠤ ᠣᠷᠣᠨ ᠤ ᠶᠡᠷᠦᠩᠬᠡᠢ ᠲᠥᠯᠥᠪᠵᠢᠭᠦᠯᠭᠡ ᠪᠠ ᠭᠠᠵᠠᠷ ᠰᠢᠷᠣᠢ ᠶᠢ | ᠠᠰᠢᠭᠯᠠᠬᠤ ᠶᠡᠷᠦᠩᠬᠡᠢ ᠲᠥᠯᠥᠪᠵᠢᠭᠦᠯᠭᠡ ᠶᠢ ᠲᠤᠬᠢᠷᠠᠭᠤᠯᠤᠨ ᠲᠡᠭᠦᠯᠳᠡᠷᠵᠢᠭᠦᠯᠦᠨ᠎ᠡ᠃ ᠥᠷᠲᠡᠭᠡᠨ ᠳᠤ ᠣᠷᠣᠵᠤ | ᠭᠠᠷᠬᠤ ᠬᠥᠮᠦᠰ᠂ ᠲᠡᠷᠭᠡ ᠬᠥᠰᠬᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠃ | ᠴᠢᠮᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ | ᠲᠣᠭᠤᠷᠢᠭ ᠤᠨ 5 G ᠰᠦᠯᠵᠢᠶ᠎ᠡ ᠶᠢ ᠪᠦᠷᠬᠦᠭᠦᠯᠬᠦ ᠶᠢ ᠪᠡᠶᠡᠯᠡᠭᠦᠯᠦᠨ᠎ᠡ᠃ ᠠᠳᠠᠯ ᠠᠬᠤᠶ ᠶᠢᠨ ᠬᠠᠮᠢᠶᠠᠷᠤᠯᠲᠠ ᠶᠢᠨ | ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠬᠤᠲᠠ ᠶᠢᠨ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ | ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠬᠤᠲᠠ | ᠬᠥᠳᠡᠭᠡ ᠶᠢ ᠬᠠᠮᠤᠷᠤᠭᠰᠠᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠵᠢᠯ ᠳᠤ | ᠬᠤᠲᠠ ᠪᠠᠯᠭᠠᠰᠤᠨ ᠤ 1000 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠦᠨᠡᠨ ᠬᠦ ᠪᠠᠲᠤᠯᠠᠨ᠎ᠠ᠃ ᠬᠤᠲᠠ | ᠬᠥᠳᠡᠭᠡ ᠶᠢᠨ ᠨᠠᠰᠤᠵᠢᠯ᠂ ᠡᠮᠴᠢᠯᠡᠭᠡ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠵᠡᠷᠭᠡ ᠳᠠᠭᠠᠳᠬᠠᠯ ᠢ | ᠲᠠᠲᠠᠪᠤᠷᠢᠯᠠᠨ ᠲᠤᠰᠢᠶᠠᠯᠭᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠦᠷᠭᠦᠯᠵᠢᠯᠡᠨ ᠠᠬᠢᠭᠤᠯᠵᠤ᠂ ᠪᠠᠲᠤᠯᠠᠪᠠᠰᠤ | ᠵᠣᠬᠢᠬᠤ ᠶᠢ ᠨᠢ ᠪᠦᠬᠦᠨ ᠢ ᠪᠠᠲᠤᠯᠠᠬᠤ ᠶᠢ ᠴᠢᠷᠮᠠᠶᠢᠨ ᠪᠡᠶᠡᠯᠡᠭᠦᠯᠦᠨ᠎ᠡ᠃ ᠨᠠᠰᠤᠵᠢᠯ ᠤᠨ ᠦᠢᠯᠡᠰ ᠤᠨ ᠬᠥᠭᠵᠢᠯᠲᠡ ᠶᠢ | ᠳᠡᠮᠵᠢᠵᠦ᠂ ᠰᠠᠭᠤᠭᠠᠯᠢ ᠠᠷᠠᠳ ᠤᠨ ᠨᠠᠰᠤᠵᠢᠯ ᠤᠨ ᠨᠡᠶᠢᠭᠡᠮᠴᠢᠯᠡᠭᠰᠡᠨ ᠤᠶᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠠᠬᠠᠮᠠᠳ ᠺᠠᠳ᠋ᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠳᠡᠮᠵᠢᠵᠦ᠃ | ᠨᠡᠶᠢᠭᠡᠮ ᠤᠨ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠢ ᠪᠠᠲᠤᠯᠠᠨ᠎ᠠ᠃ ᠰᠢᠶᠠᠨ ᠤ ᠬᠡᠪᠴᠢᠶᠡᠨ ᠳᠠᠬᠢ ᠵᠠᠰᠠᠮᠠᠯ ᠵᠠᠮ ᠲᠡᠮᠦᠷ ᠵᠠᠮ ᠳᠠᠭᠠᠤ ᠶᠢᠨ ᠬᠤᠶᠠᠷ | ᠬᠠᠵᠠᠭᠤ ᠶᠢᠨ ᠳᠤᠷ᠎ᠠ ᠪᠠᠷ ᠢᠶᠠᠨ ᠪᠤᠯᠠᠬᠤ ᠳᠤᠷ᠎ᠠ ᠪᠠᠷ ᠢᠶᠠᠨ ᠣᠷᠣᠰᠢᠭᠤᠯᠬᠤ ᠶᠢ ᠴᠡᠭᠴᠡᠯᠡᠨ ᠵᠠᠰᠠᠬᠤ ᠠᠵᠢᠯ ᠢ | ᠪᠡᠶᠡᠯᠡᠭᠦᠯᠵᠦ᠂ ᠳᠠᠯᠠᠨ ᠬᠠᠷ᠎ᠠ ᠠᠭᠤᠯᠠ ᠶᠢᠨ ᠣᠩᠭᠤᠨ ᠤ ᠬᠦᠷᠢᠶᠡᠯᠡᠩ ᠪᠠ ᠬᠥᠳᠡᠭᠡ ᠲᠣᠰᠬᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠨᠡᠶᠢᠭᠡᠮ ᠤᠨ ᠦᠢᠯᠡᠰ ᠤᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠤᠨ᠎ᠠ᠃ ᠰᠢᠯᠢᠳᠡᠭ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠰᠠᠶᠢᠨ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ᠪᠡᠭᠡᠵᠢᠩ ᠵᠢᠴᠢ ᠡᠷᠭᠢᠨ | ᠲᠣᠭᠤᠷᠢᠨ ᠤ ᠭᠠᠵᠠᠷ ᠣᠷᠣᠨ ᠯᠤᠭ᠎ᠠ ᠶᠢᠨ ᠰᠤᠷᠭᠠᠨ ᠬᠥᠮᠦᠵᠢᠯ᠂ ᠡᠮᠴᠢᠯᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ | ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠤᠨ᠎ᠠ᠃ ᠪᠠᠭᠰᠢ ᠶᠢᠨ ᠡᠩᠨᠡᠭᠡᠨ ᠤ ᠪᠦᠲᠦᠴᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠪᠠᠭᠰᠢ ᠶᠢᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠲᠦᠭᠡᠮᠡᠯ | ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ | ᠣᠨᠴᠠᠭᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠵᠤ᠂ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠢ ᠲᠡᠮᠵᠢᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠶ᠋ᠯᠡᠴᠢᠯᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠷᠠᠳ ᠣᠯᠠᠨ ᠤ ᠳᠡᠷᠭᠡᠳᠡᠬᠢ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ | ᠲᠣᠭᠤᠷᠢᠭ︾ ᠢ ᠴᠢᠷᠮᠠᠶᠢᠨ ᠪᠠᠶᠢᠭᠤᠯᠤᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠮᠴᠢᠯᠡᠭᠡ | ᠰᠡᠷᠭᠡᠶᠢᠯᠡᠯᠲᠡ ᠶᠢ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ︽ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾᠂ ︽ᠬᠥᠮᠦᠨ᠂ ᠪᠣᠳᠠᠰ︾ ᠢ ᠵᠡᠷᠭᠡ ᠪᠠᠷ | ᠰᠡᠷᠭᠡᠶᠢᠯᠡᠬᠦ ᠶᠢ ᠪᠠᠷᠢᠮᠲᠠᠯᠠᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠡᠮᠬᠢ ᠵᠢᠷᠤᠮ ᠲᠠᠢ ᠰᠠᠶᠢᠲᠤᠷ | ᠬᠢᠵᠦ᠂ ᠪᠥᠬᠦ ᠰᠢᠶᠠᠨ ᠤ ᠬᠦᠴᠦᠨ ᠢ ᠳᠠᠶᠢᠴᠢᠯᠠᠨ ᠠᠷᠠᠳ ᠣᠯᠠᠨ ᠤ ︽ᠠᠮᠢᠨ ᠰᠤᠳᠠᠰᠤ︾ ᠶᠢ ᠰᠠᠶᠢᠲᠤᠷ ᠰᠠᠬᠢᠨ | ᠬᠠᠮᠠᠭᠠᠯᠠᠬᠤ ᠬᠡᠷᠡᠭᠲᠡᠶ᠃ ᠡᠭᠡ ᠣᠷᠣᠨᠴᠢ ᠦᠵᠡᠯ ᠤᠨ ᠬᠥᠮᠦᠵᠢᠯ ᠪᠠ ᠠᠷᠠᠳ ᠢᠷᠭᠡᠳ ᠤᠨ ᠶᠣᠰᠣ ᠮᠣᠷᠠᠯ ᠤᠨ | ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠦᠨ᠎ᠡ᠃ ᠤᠯᠠᠭᠠᠨᠮᠥ᠋ᠴᠢᠷ ᠵᠡᠷᠭᠡ ᠰᠣᠶᠣᠯ ᠤᠨᠤᠶᠢᠯᠡᠰ ᠢ ᠴᠡᠴᠡᠭᠯᠡᠭᠦᠯᠦᠨ | ᠬᠥᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠦᠨ᠎ᠡ᠃ ᠢᠳᠡᠭᠡᠨ | ᠤᠮᠳᠠᠭᠠᠨ ᠢ ᠪᠦᠷᠢᠯᠭᠡᠨ ᠰᠦᠢᠳᠬᠡᠬᠦ ᠶᠠᠪᠤᠳᠠᠯ ᠢ ᠡᠷᠡᠰ ᠬᠤᠷᠢᠭᠯᠠᠨ ᠵᠣᠭᠰᠣᠭᠠᠵᠤ᠂ ᠠᠷᠪᠢᠯᠠᠨ ᠭᠠᠮᠨᠠᠬᠤ ᠪᠣᠯᠪᠠᠰᠤᠨ | ᠰᠤᠷᠲᠠᠯ ᠢ ᠡᠷᠬᠢᠮᠯᠡᠬᠦ ᠬᠡᠷᠡᠭᠲᠡᠢ᠃ ᠡᠷᠲᠡᠨ ᠤ ᠤᠷᠳᠤ ᠴᠠᠭᠠᠨ ᠬᠡᠷᠡᠮ ᠵᠡᠷᠭᠡ ᠰᠣᠶᠣᠯ ᠤᠨ ᠥᠪ ᠢ ᠬᠠᠮᠠᠭᠠᠯᠠᠬᠤ ᠪᠠ | ᠠᠰᠢᠭᠯᠠᠬᠤ ᠶᠢ ᠦᠷᠭᠦᠯᠵᠢᠯᠡᠨ ᠴᠢᠩᠭᠠᠳᠬᠠᠨ᠎ᠠ᠃ | ︽ᠠᠮᠤᠷ ᠠᠮᠤᠭᠤᠯᠠᠩ ᠡᠩᠬᠡ ᠲᠠᠶᠢᠪᠤᠩ ᠬᠥᠭᠵᠢᠯᠲᠡ︾ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠠᠬᠢᠭᠤᠯᠤᠨ᠎ᠠ᠃ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ | ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠢᠳᠡᠭᠡᠨ | ᠡᠮ ᠤᠨ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠢᠷᠭᠡᠨ ᠤ ᠬᠠᠤᠯᠢ ᠶᠢᠨ ᠪᠢᠴᠢᠭ ᠢ ᠭᠦᠨᠵᠡᠭᠡᠢ ᠬᠡᠷᠡᠭᠵᠢᠭᠦᠯᠵᠦ᠂ ᠨᠠᠢᠮᠠᠳᠤᠭᠠᠷ ᠲᠠᠪᠤᠨ ᠵᠢᠯ ᠤᠨ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠪᠡ᠃ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠤᠰ ᠠᠴᠠ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ | ᠪᠠᠶᠢᠭᠤᠯᠤᠯᠲᠠ ᠶᠢ ᠳᠠᠮᠵᠢᠵᠤ᠂ ᠬᠤᠶᠠᠷ ᠢ ᠬᠦᠷᠢᠶᠡᠯᠡᠬᠦ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ | ᠰᠠᠶᠢᠲᠤᠷ ᠬᠢᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃ | ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠤᠬᠡᠳ᠂ ᠡᠮᠡᠭᠲᠡᠶᠢᠴᠦᠳ ᠪᠠ ᠨᠠᠰᠤᠲᠠᠶᠢᠴᠤᠳ ᠢ ᠬᠠᠯᠠᠮᠵᠢᠯᠠᠨ | ᠬᠠᠶᠢᠷᠠᠯᠠᠵᠤ᠂ ᠱᠠᠰᠢᠨ ᠰᠤᠷᠲᠠᠬᠤᠨ᠂ ᠲᠠᠩᠰᠠ ᠡᠪᠬᠡᠮᠡᠯ᠂ ᠲᠡᠤᠬᠡ ᠣᠶᠢᠯᠠᠯᠭ᠎ᠠ᠂ ᠲᠤᠭ᠎ᠠ ᠪᠦᠷᠢᠳᠬᠡᠯ᠂ ᠠᠷᠠᠳ ᠤᠨ | ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ᠂ ᠴᠠᠭ ᠠᠭᠤᠷ᠂ ᠭᠠᠯ ᠤᠨᠲᠠᠷᠠᠭᠠᠬᠤ᠂ ᠬᠠᠩᠭᠠᠨ ᠪᠣᠷᠣᠯᠠᠭᠤᠯᠬᠤ | ᠵᠡᠷᠭᠡ ᠠᠵᠢᠯ ᠢ ᠴᠢᠩᠭᠠᠳᠬᠠᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠦᠢᠯᠡᠰ ᠢ ᠳᠡᠮᠵᠢᠨ᠎ᠡ᠃ | ︵ᠳᠥᠷᠪᠡ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ᠃ ᠶᠡᠷᠦᠩᠬᠡᠢ | ᠱᠦᠵᠢ ᠰᠢ ᠶᠢᠨ ᠫᠢᠩ᠄ ︽ᠲᠡᠮᠦᠷ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠬᠡᠷᠡᠭᠲᠡᠢ︾ ᠭᠡᠵᠦ | ᠲᠣᠳᠣᠷᠬᠠᠢ ᠳᠤᠷᠠᠳᠪᠠ᠃ ᠰᠢᠨ᠎ᠡ ᠡᠭᠦᠷᠭᠡ ᠬᠠᠷᠢᠭᠤᠴᠠᠯᠭ᠎ᠠ᠂ ᠰᠢᠨ᠎ᠡ ᠬᠠᠷᠠᠯᠲᠠ ᠶᠢᠨ ᠡᠮᠦᠨ᠎ᠡ᠂ ᠵᠠᠰᠠᠭ ᠤᠨ | ᠣᠷᠳᠣᠨ ᠡᠷᠬᠡᠪᠰᠢ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠬᠡᠷᠡᠭᠲᠡᠢ᠃ | ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ | ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠬᠢᠨᠠᠮᠠᠭᠠᠶ ᠲᠤᠤᠱᠯᠠᠭᠤᠯᠵᠤ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢᠨ ᠲᠦᠷ ᠬᠡᠷᠡᠭᠵᠢᠭᠦᠯᠬᠦ ᠳᠦᠷᠢᠮ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ | ᠵᠦᠢᠯ ᠤᠨ ᠳᠦᠷᠢᠮ︾ ᠪᠣᠯᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠳᠦᠷᠢᠮ ᠢ | ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠪᠣᠯᠤᠨ ᠬᠡᠷᠡᠭᠵᠢᠭᠦᠯᠬᠦ | ᠬᠦᠴᠦᠨ ᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠲᠠ ᠲᠠᠯᠪᠢᠬᠤ᠂ ᠠᠵᠢᠯ ᠤᠨ ᠬᠢᠨᠠᠯᠲᠠ ᠲᠠᠯᠪᠢᠬᠤ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ | ᠪᠣᠳᠣᠵᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠡᠷᠬᠡ ᠶᠢᠨ ᠢᠯᠡ ᠲᠣᠳᠣ᠂ ᠲᠥᠪ | ᠭᠤᠣᠯᠴᠢ᠂ ᠵᠢᠷᠤᠮᠵᠢᠯ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠠᠢ᠂ ︽ᠨᠢᠭᠡ | ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠣᠨ | ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠲᠥᠪ ᠤᠨ | ᠨᠠᠢᠮᠠ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ︽ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ᠎ᠠ᠃ | ᠲᠥᠯᠥᠭᠡᠯᠡᠭᠴᠢᠳ ᠡ︕ ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠪᠦᠷᠢᠶ᠎ᠡ ᠶᠢ ᠨᠢᠭᠡᠨᠲᠡ | ᠬᠠᠩᠭᠢᠨᠠᠭᠤᠯᠪᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠡᠭᠦᠷᠢᠳᠡ ᠦᠯᠦ ᠴᠠᠯᠠᠭᠠᠶᠢᠷᠠᠬᠤ ᠤᠶᠤᠨ | ᠰᠠᠨᠠᠭᠠᠨ ᠤ ᠳᠦᠷᠰᠦ ᠪᠠᠶᠢᠳᠠᠯ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠣᠪᠣᠷ ᠪᠠᠶᠢᠳᠠᠯ ᠢᠶᠠᠷ᠂ ᠦᠨᠡᠨ | ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠴᠢᠷᠮᠠᠶᠢᠨ ᠪᠡᠶᠡᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠰᠤᠭᠠᠢ︕ | ᠣᠷᠴᠢᠭᠤᠯᠤᠭᠴᠢ᠄ ᠡᠷᠳᠡᠨᠢᠭᠤᠸ᠎ᠠ ᠨᠠᠷᠠᠰᠤ | |