︽ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠤ ᠣᠷᠣᠵᠤ ᠰᠠᠭᠤᠭᠰᠠᠨ ᠴᠣᠩᠬᠤᠪᠴᠢ ᠰᠠᠯᠠᠭ᠎ᠠ ᠮᠥᠴᠢᠷ ᠤᠨ ᠤᠳᠤᠷᠢᠳᠤᠯᠭ᠎ᠠ︾ ᠠᠵᠢᠯ ᠤᠨ ᠳᠠᠷᠠᠭᠠᠯᠠᠯ ᠢᠶᠠᠷ ᠶᠠᠪᠤᠵᠤ᠂ ᠴᠣᠩᠬᠤᠨ ᠳᠤ ᠰᠠᠭᠤᠭᠰᠠᠨ ︽ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/4/13
     ᠮᠠᠨ ᠤ ᠰᠢᠶᠠᠨ ᠤ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠮᠠᠨ ᠤ ᠰᠢᠶᠠᠨ ᠤ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠣᠨ︾ ᠤ ᠠᠵᠢᠯᠯᠠᠭ᠎ᠠ ᠶᠢ ᠬᠡᠷᠡᠭᠵᠢᠭᠦᠯᠬᠦ ᠶᠢ ᠳᠥᠯᠭᠢᠨ ᠠᠬᠢᠭᠤᠯᠵᠤ᠂ ︽ᠰᠠᠶᠢᠨ ᠭᠠᠵᠠᠷ ᠣᠷᠣᠨ᠂ ᠤᠴᠢᠷ ᠶᠠᠪᠤᠳᠠᠯ ᠢ  ᠰᠢᠢᠳᠪᠤᠷᠢᠯᠡᠬᠦ ᠳᠤ ᠠᠮᠠᠷ︾ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠬᠠᠷᠢᠯᠴᠠᠨ ᠬᠠᠷᠰᠢᠯᠠᠬᠤ᠂ ᠬᠠᠷᠢᠯᠴᠠᠨ ᠤᠷᠢᠳᠠᠴᠢ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠡᠪᠳᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠂ ᠤᠶᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠬᠢᠨᠠᠨ ᠵᠥᠪᠰᠢᠶᠡᠷᠡᠬᠦ ᠪᠠ ᠤᠶᠢᠯᠡᠴᠢᠯᠡᠬᠦ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠤᠶᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ 2021 ᠣᠨ ᠤ 3 ᠰᠠᠷ᠎ᠠ ᠶᠢᠨ 5 ᠤ ᠡᠳᠦᠷ ︽ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠤ ᠣᠷᠣᠵᠤ ᠰᠠᠭᠤᠬᠤ ᠴᠣᠩᠬᠤᠪᠴᠢ ᠰᠠᠯᠠᠭ᠎ᠠ ᠮᠥᠴᠢᠷ ᠤᠨ ᠤᠳᠤᠷᠢᠳᠤᠯᠭ᠎ᠠ︾ ᠶᠢᠨ ᠴᠤᠪᠤᠷᠠᠯ ᠢᠶᠠᠷ ᠶᠠᠪᠤᠬᠤ᠂ ᠴᠣᠩᠬᠤᠨ ᠳᠤ ᠰᠠᠭᠤᠬᠤ ︽ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ︽ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠠ᠃      ᠨᠢᠭᠡ᠂ ︽ᠲᠥᠰᠦᠯ︾ ᠤᠨ ᠠᠵᠢᠯ ᠤᠨ ᠱᠠᠭᠠᠷᠳᠠᠯᠭ᠎ᠠ ᠨᠢ ᠶᠠᠭᠤ ᠪᠤᠢ︖      1. ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠤ ᠣᠷᠣᠵᠤ ᠰᠠᠭᠤᠭᠰᠠᠨ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠵᠢᠵᠢᠭᠦᠷᠯᠡᠬᠦ ᠠᠵᠢᠯ ᠢ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠠᠴᠠ ᠨᠢᠭᠡᠳᠦᠯᠲᠡᠶ ᠳᠣᠭᠢᠷᠠᠭᠤᠯᠤᠨ ᠵᠣᠯᠭᠠᠭᠤᠯᠵᠤ᠂ ᠵᠢᠵᠢᠭᠦᠷᠯᠡᠬᠦ ᠲᠣᠬᠢᠷᠠᠭᠤᠯᠤᠯᠲᠠ ᠶᠢ ᠡᠯ᠎ᠡ ᠵᠢᠵᠢᠭᠦᠷᠯᠡᠬᠦ ᠤᠳᠤᠷᠢᠳᠤᠯᠭ᠎ᠠ ᠳᠤ ᠤᠷᠢᠳᠴᠢᠯᠠᠨ ᠮᠡᠳᠡᠭᠳᠡᠬᠦ ᠬᠡᠷᠡᠭᠲᠡᠶ᠂ ᠵᠢᠵᠢᠭᠦᠷᠯᠡᠬᠦ ᠤᠳᠤᠷᠢᠳᠤᠯᠭ᠎ᠠ ᠬᠡᠷᠪᠡ ᠪᠠᠴᠢᠮ ᠤᠴᠢᠷ ᠲᠠᠢ ᠪᠣᠯ ᠴᠠᠭ ᠲᠤᠬᠠᠶ ᠳᠤᠨᠢ ᠲᠣᠰ ᠨᠢᠭᠡᠴᠡ ᠶᠢᠨ ᠢᠶᠠᠨ ᠪᠤᠰᠤᠳ ᠤᠳᠤᠷᠢᠳᠤᠯᠭ᠎ᠠ ᠶᠢ ᠵᠣᠬᠢᠴᠠᠭᠤᠯᠤᠨ ᠵᠢᠵᠢᠭᠦᠷᠯᠡᠬᠦ ᠶᠢᠨ ᠬᠠᠮᠲᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠳᠤ ᠤᠷᠢᠳᠴᠢᠯᠠᠨ ᠮᠡᠳᠡᠭᠳᠡᠵᠦ᠂ ᠠᠵᠢᠯ ᠤᠨ ᠪᠠᠶᠢᠷᠢ ᠠᠴᠠ ᠰᠠᠯᠬᠤ ᠥᠬᠡᠶ᠂ ᠠᠵᠢᠯ ᠤᠨ ᠪᠠᠶᠢᠷᠢ ᠠᠴᠠ ᠰᠠᠯᠬᠤ ᠥᠬᠡᠶ ᠪᠠᠶᠢᠬᠤ ᠶᠢ ᠪᠡᠶᠡᠯᠡᠭᠦᠯᠵᠦ᠂ ᠡᠯ᠎ᠡ ᠵᠤᠶᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠨᠢᠭᠡᠴᠡ ᠳᠤ ᠣᠷᠣᠵᠤ ᠰᠠᠭᠤᠬᠤ ᠳᠠᠭᠠᠨ ᠡᠳᠦᠷ ᠪᠦᠷᠢ ᠲᠣᠰ ᠨᠢᠭᠡᠴᠡ ᠶᠢᠨ ᠢᠶᠠᠨ ᠤᠳᠤᠷᠢᠳᠤᠯᠭ᠎ᠠ ᠶᠢᠨ ︽ᠠᠯᠬᠤᠮ ᠳᠠᠷᠠᠭ᠎ᠠ ᠪᠠᠷ ᠶᠠᠪᠤᠵᠤ᠂ ᠴᠣᠩᠬᠤᠨ ᠳᠤ ᠰᠠᠭᠤᠬᠤ︾ ᠠᠵᠢᠯ ᠵᠢᠴᠢ ᠲᠤᠬᠠᠶᠢᠯᠠᠭᠰᠠᠨ ᠠᠵᠢᠯ ᠢᠶᠠᠨ ᠭᠦᠢᠴᠡᠳᠭᠡᠭᠰᠡᠨ ᠪᠠᠶᠢᠳᠠᠯ ᠢᠶᠠᠨ ᠲᠣᠪᠴᠢ ᠮᠡᠳᠡᠭᠡᠨ ᠤ ᠬᠡᠯᠪᠡᠷᠢ ᠪᠠᠷ ᠳᠡᠭᠡᠭᠰᠢ ᠮᠡᠳᠡᠭᠦᠯᠬᠦ ᠬᠡᠷᠡᠭᠲᠡᠶ᠃      2. ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠤ ᠣᠷᠣᠵᠤ ᠰᠠᠭᠤᠭᠰᠠᠨ ᠨᠢᠭᠡᠴᠡ ᠨᠦᠭᠦᠳ ᠠᠵᠤ ᠠᠬᠤᠶᠢᠯᠠᠯ ᠳᠤ ᠤᠶᠢᠯᠡᠴᠢᠯᠡᠬᠦ᠂ ᠣᠯᠠᠨ ᠲᠦᠮᠡᠨ ᠳᠤ ᠲᠥᠬᠦᠮ ᠦᠵᠡᠭᠦᠯᠬᠦ ᠳᠡᠭᠡᠳᠦ ᠬᠡᠮᠵᠢᠶᠡᠨ ᠠᠴᠠ ᠲᠣᠰ ᠨᠢᠭᠡᠴᠡ ᠶᠢᠨ ᠢᠶᠠᠨ ᠤᠳᠤᠷᠢᠳᠤᠯᠭ᠎ᠠ ᠶᠢᠨ ᠠᠯᠬᠤᠮ ᠳᠠᠷᠠᠭ᠎ᠠ ᠪᠠᠷ ᠶᠠᠪᠤᠬᠤ ᠶᠢ ᠪᠡᠶᠡᠴᠢᠯᠡᠨ ᠣᠶᠢᠯᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠦᠨᠡᠨᠬᠦ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠥᠬᠡᠶ ᠶᠢ ᠨᠢ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠠᠯᠬᠤᠮ ᠳᠠᠷᠠᠭ᠎ᠠ ᠶᠢ ᠲᠣᠳᠣᠷᠬᠠᠶᠢᠯᠠᠨ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠨ᠎ᠠ᠃      ᠬᠤᠶᠠᠷ᠂ ᠪᠡᠶ᠎ᠡ ᠪᠠᠷ ᠢᠶᠠᠨ ᠣᠶᠢᠯᠠᠭᠠᠬᠤ ᠪᠡᠶᠡᠴᠢ ᠴᠣᠭᠴᠠ ᠨᠢ ᠶᠠᠭᠤ ᠪᠣᠶ︖      ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠤ ᠣᠷᠣᠵᠤ ᠰᠠᠭᠤᠭᠰᠠᠨ ᠪᠣᠶ ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠵᠠᠬᠢᠷᠭᠠᠨ ᠤ ᠤᠶᠢᠯᠡᠴᠢᠯᠡᠭᠡᠨ ᠤ ᠵᠤᠶᠢᠯᠡᠰ ᠲᠤ ᠬᠤᠯᠪᠣᠭᠳᠠᠭᠰᠠᠨ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠤᠳᠤᠷᠢᠳᠤᠯᠭ᠎ᠠ ᠵᠢᠴᠢ ᠨᠡᠶᠢᠭᠡᠮ ᠤᠨ ᠤᠶᠢᠯᠡᠴᠢᠯᠡᠭᠡᠨ ᠤ ᠵᠤᠶᠢᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠭᠡᠲᠡᠨ᠃      ᠭᠤᠷᠪᠠ᠂ ᠪᠡᠶ᠎ᠡ ᠪᠠᠷ ᠢᠶᠠᠨ ᠣᠶᠢᠯᠠᠭᠠᠬᠤ ᠵᠤᠶᠢᠯ ᠤᠳ ᠶᠠᠭᠤ ᠶᠠᠭᠤ ᠪᠠᠶᠢᠬᠤ ᠪᠣᠶ︖      ︵ᠨᠢᠭᠡ︶ ᠬᠢᠨᠠᠨ ᠵᠥᠪᠰᠢᠶᠡᠷᠡᠬᠦ ᠤᠶᠢᠯᠡᠴᠢᠯᠡᠭᠡᠨ ᠤ ᠵᠤᠶᠢᠯᠡᠰ᠂ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠤ ᠣᠷᠣᠵᠤ ᠰᠠᠭᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠣᠯᠭᠤᠬᠤ᠂ ᠵᠠᠰᠠᠭ ᠵᠠᠬᠢᠷᠭᠠᠨ ᠤ ᠱᠠᠩᠨᠠᠯ᠂ ᠪᠤᠰᠤᠳ ᠵᠠᠰᠠᠭ ᠵᠠᠬᠢᠷᠭᠠᠨ ᠤ ᠡᠷᠬᠡ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ᠂ ᠵᠠᠰᠠᠭ ᠵᠠᠬᠢᠷᠭᠠᠨ ᠤ ᠠᠯᠪᠠᠲᠠᠨ ᠭᠦᠢᠴᠡᠳᠭᠡᠬᠦ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ᠂ ᠵᠠᠰᠠᠭ ᠵᠠᠬᠢᠷᠭᠠᠨ ᠤ ᠲᠠᠲᠠᠪᠤᠷᠢᠯᠠᠯᠲᠠ ᠵᠡᠷᠭᠡ ᠬᠢᠨᠠᠨ ᠵᠥᠪᠰᠢᠶᠡᠷᠡᠬᠦ ᠵᠢᠴᠢ ᠣᠯᠠᠨ ᠨᠡᠶᠢᠲᠡ ᠶᠢᠨ ᠤᠶᠢᠯᠡᠴᠢᠯᠡᠭᠡᠨ ᠤ ᠵᠤᠶᠢᠯᠡᠰ᠃       ︵ᠬᠤᠶᠠᠷ︶ ᠪᠤᠰᠤᠳ ᠨᠡᠶᠢᠭᠡᠮ ᠤᠨ ᠤᠶᠢᠯᠡᠴᠢᠯᠡᠭᠡᠨ ᠤ  ᠵᠤᠶᠢᠯᠡᠰ᠂ ᠭᠤᠤᠯᠳᠠᠭᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠤ ᠣᠷᠣᠵᠤ ᠰᠠᠭᠤᠭᠰᠠᠨ ᠤᠰᠤ᠂ ᠴᠠᠬᠢᠯᠭᠠᠨ᠂ ᠬᠡᠶ᠂ ᠰᠡᠭᠦᠳᠡᠷ ᠲᠠᠲᠠᠬᠤ᠂ ᠲᠠᠮᠠᠭ᠎ᠠ ᠰᠡᠶᠢᠯᠬᠦ᠂ ᠰᠢᠤᠳᠠᠨ᠂ ᠮᠥᠩᠭᠦᠨ ᠭᠦᠢᠯᠭᠡᠭᠡᠨ ᠵᠡᠷᠭᠡ ᠵᠤᠶᠢᠯᠡᠰ ᠢ ᠵᠢᠭᠠᠵᠤ ᠪᠣᠶ᠃      ᠳᠥᠷᠪᠡ᠂ ᠪᠡᠶ᠎ᠡ ᠪᠠᠷ ᠢᠶᠠᠨ ᠣᠶᠢᠯᠠᠭᠠᠬᠤ ᠠᠷᠭ᠎ᠠ ᠮᠠᠶ᠋ᠢᠭ ᠲᠤ ᠶᠠᠭᠤ ᠶᠠᠭᠤ ᠪᠠᠶᠢᠬᠤ ᠪᠣᠶ︖      ︵ᠨᠢᠭᠡ︶ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠬᠢᠷᠢ ᠬᠡᠮ ᠢᠶᠠᠷ ᠠᠵᠢᠯ ᠤᠨ ᠳᠠᠷᠠᠭᠠᠯᠠᠯ ᠢ ᠶᠠᠪᠤᠭᠳᠠᠭᠤᠯᠤᠨ᠎ᠠ      1. ᠪᠡᠶ᠎ᠡ ᠪᠠᠷ ᠢᠶᠠᠨ ᠭᠦᠢᠴᠡᠳᠬᠡᠨ᠎ᠡ᠃ ᠪᠡᠶ᠎ᠡ ᠪᠠᠷ ᠢᠶᠠᠨ ᠣᠶᠢᠯᠠᠭᠠᠬᠤ ᠠᠵᠢᠯᠲᠠᠨ ᠡᠷᠬᠡᠪᠰᠢ ᠥᠪᠡᠷ ᠤᠨ ᠪᠡᠶ᠎ᠡ ᠪᠠᠷ ᠢᠶᠠᠨ ᠡᠷᠭᠦᠳᠡᠯ ᠭᠠᠷᠭᠠᠭᠰᠠᠨ ᠬᠥᠮᠦᠨ ᠤ ᠪᠡᠶ᠎ᠡ ᠪᠠᠷ ᠢᠶᠠᠨ ᠬᠢᠬᠦ ᠬᠡᠷᠡᠭᠲᠡᠶ  ᠃      2. ᠣᠷᠣᠯᠠᠨ ᠭᠦᠢᠴᠡᠳᠬᠡᠬᠦ᠃ ᠡᠷᠬᠡ ᠣᠯᠭᠤᠭᠰᠠᠨ ᠨᠠᠶᠢᠳᠠᠯᠭ᠎ᠠ ᠪᠠᠷ ᠠᠵᠤ ᠠᠬᠤᠶᠢᠯᠠᠯ ᠪᠤᠶᠤ ᠣᠯᠠᠨ ᠲᠦᠮᠡᠨ ᠢ ᠲᠥᠯᠥᠭᠡᠯᠡᠨ ᠪᠣᠳᠠᠲᠠᠶ ᠤᠴᠢᠷ ᠶᠠᠪᠤᠳᠠᠯ ᠢ  ᠰᠢᠢᠳᠪᠤᠷᠢᠯᠡᠬᠦ ᠶᠢ ᠣᠷᠣᠯᠠᠨ  ᠭᠦᠢᠴᠡᠳᠭᠡᠬᠦ᠃      3. ᠪᠠᠷ᠎ᠠ ᠪᠣᠯᠵᠤ ᠭᠦᠢᠴᠡᠳᠬᠡᠨ᠎ᠡ᠃ ᠠᠵᠤ ᠠᠬᠤᠶᠢᠯᠠᠯ ᠤᠨ ᠠᠵᠢᠯᠲᠠᠨ ᠪᠤᠶᠤ ᠣᠯᠠᠨ ᠲᠦᠮᠡᠨ ᠲᠠᠢ ᠬᠠᠮᠲᠤ ᠪᠠᠷ ᠠᠵᠢᠯ ᠶᠠᠪᠤᠳᠠᠯ ᠰᠢᠢᠳᠪᠤᠷᠢᠯᠡᠬᠦ ᠭᠤᠭᠴᠤᠭ᠎ᠠ ᠶᠢ ᠪᠠᠶᠢᠴᠠᠭᠠᠨ ᠦᠵᠡᠬᠦ ᠳᠤ ᠪᠥᠬᠦ ᠶᠠᠪᠤᠴᠠ ᠪᠠᠷ ᠣᠷᠣᠯᠴᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠰᠠᠨᠠᠯ ᠢ ᠰᠣᠨᠣᠰᠬᠤ ᠳᠤ ᠪᠠᠷ᠎ᠠ ᠪᠣᠯᠵᠣ ᠰᠢᠢᠳᠪᠤᠷᠢᠯᠡᠬᠦ ᠬᠡᠷᠡᠭᠲᠡᠶ᠃      ︵ᠬᠤᠶᠠᠷ︶ ᠠᠵᠢᠯᠲᠠᠨ ᠤ ᠬᠤᠪᠢ ᠪᠠᠷ ︽ᠴᠣᠩᠬᠤᠨ ᠳᠤ ᠰᠠᠭᠤᠬᠤ︾      ᠣᠷᠣᠵᠤ ᠰᠠᠭᠤᠬᠤ ᠨᠢᠭᠡᠴᠡ ᠪᠠ ᠠᠵᠤ ᠠᠬᠤᠶᠢᠯᠠᠯ ᠤᠨ ᠤᠳᠤᠷᠢᠳᠤᠯᠭ᠎ᠠ ᠨᠢ ᠵᠢᠵᠢᠭᠦᠷᠯᠡᠬᠦ ᠱᠠᠭᠠᠷᠳᠠᠯᠭ᠎ᠠ ᠶᠣᠰᠣᠭᠠᠷ ᠵᠢᠵᠢᠭᠦᠷᠯᠡᠵᠦ᠂ ᠴᠣᠩᠬᠤᠪᠴᠢ ᠶᠢᠨ ᠠᠵᠢᠯᠲᠠᠨ ᠤ ᠬᠤᠪᠢ ᠪᠠᠷ ᠬᠢᠨᠠᠨ ᠵᠥᠪᠰᠢᠶᠡᠷᠡᠬᠦ ᠤᠶᠢᠯᠡᠴᠢᠯᠡᠭᠡᠨ ᠤ ᠵᠤᠶᠢᠯᠡᠰ ᠢ ᠰᠢᠭᠤᠳ ᠭᠥᠯᠢᠶᠡᠨ ᠠᠪᠴᠤ ᠰᠢᠢᠳᠪᠤᠷᠢᠯᠡᠵᠤ᠂ ᠠᠵᠢᠯ ᠶᠠᠪᠤᠳᠠᠯ ᠭᠦᠢᠴᠡᠳᠭᠡᠬᠦ ᠠᠵᠢᠯᠲᠠᠨ ᠪᠠ ᠣᠯᠠᠨ ᠲᠦᠮᠡᠨ ᠳᠤ ᠪᠥᠬᠦ ᠶᠠᠪᠤᠴᠠ ᠶᠢᠨ ᠨᠢᠭᠤᠷᠲᠠᠨ ᠤᠶᠢᠯᠡᠴᠢᠯᠡᠬᠦ  ᠤᠶᠢᠯᠡᠴᠢᠯᠡᠭᠡ ᠬᠠᠩᠭᠠᠵᠤ᠂ ᠡᠭᠦᠨ ᠤ ᠳᠤᠮᠳᠠ ᠠᠴᠠ ᠴᠤᠪᠤᠷᠠᠯ ᠨᠢ ᠰᠢᠯᠢᠳᠡᠭ ᠪᠤᠰᠤ᠂ ᠠᠵᠢᠯᠯᠠᠭᠠᠨ ᠨᠢ ᠰᠢᠯᠤᠭᠤᠨ ᠪᠤᠰᠤ ᠵᠡᠷᠭᠡ ᠠᠰᠠᠭᠤᠳᠠᠯ ᠢ ᠢᠯᠡᠷᠡᠭᠦᠯᠵᠦ᠂ ᠲᠣᠰ ᠰᠠᠯᠠᠭ᠎ᠠ ᠮᠥᠴᠢᠷ᠂ ᠲᠣᠰ ᠴᠣᠩᠬᠤᠪᠴᠢ ᠶᠢᠨ ᠬᠢᠨᠠᠨ ᠵᠥᠪᠰᠢᠶᠡᠷᠡᠬᠦ ᠤᠶᠢᠯᠡᠴᠢᠯᠡᠭᠡᠨ ᠤ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃                        ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3