︽ᠰᠢᠩ ᠾᠧ ᠰᠢᠶᠠᠨ ᠤ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠬᠡᠷᠡᠭᠵᠢᠭᠦᠯᠬᠦ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2021/5/10
     ᠨᠢᠭᠡ᠂ ︽ᠲᠥᠰᠦᠯ︾ ᠢ ᠲᠣᠭᠲᠠᠭᠠᠭᠰᠠᠨ ᠠᠬᠤᠶ ᠪᠠᠶᠢᠳᠠᠯ ᠪᠠ ᠶᠠᠪᠤᠴᠠ      ᠬᠡᠦᠬᠡᠳ ᠪᠠᠭᠠᠴᠤᠳ ᠪᠣᠯ ᠡᠬᠡ ᠤᠯᠤᠰ ᠤᠨ ᠢᠷᠡᠭᠡᠳᠦᠶ ᠪᠣᠯᠬᠤ ᠪᠠᠷ ᠪᠠᠷᠠᠬᠤ ᠦᠭᠡᠢ ᠪᠠᠰᠠ ᠴᠤ ᠦᠨᠳᠦᠰᠦᠲᠡᠨ ᠤ ᠬᠦᠰᠡᠯ ᠡᠷᠡᠮᠡᠯᠵᠡᠯ ᠪᠣᠯᠬᠤ ᠶᠤᠮ᠃ ᠣᠶᠢᠷ᠎ᠠ ᠶᠢᠨ ᠵᠢᠯ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠣᠲᠣᠨ᠎ᠠ ᠭᠠᠳᠠᠨᠠᠬᠢ ᠳᠠᠷᠤᠭᠠᠰᠤ ᠭᠠᠷ ᠤᠲᠠᠰᠤ᠂ ᠺᠣᠮᠫᠢᠦ᠋ᠲ᠋ᠧᠷ ᠵᠡᠷᠭᠡ ᠡᠯᠧᠺᠲᠷᠣᠨ ᠳᠡᠯᠭᠡᠴᠡ ᠲᠠᠢ ᠦᠢᠯᠡᠳᠬᠦᠨ ︵ᠳᠣᠷᠣᠭᠰᠢ ᠡᠯᠧᠺᠲᠷᠣᠨ ᠦᠢᠯᠡᠳᠬᠦᠨ ᠭᠡᠵᠦ ᠲᠣᠪᠴᠢᠯᠠᠨ᠎ᠠ︶ ᠢ ᠲᠦᠭᠡᠮᠡᠯᠵᠢᠭᠦᠯᠦᠭᠰᠡᠨ᠂ ᠰᠤᠷᠤᠭᠴᠢᠳ ᠤᠨ ᠨᠢᠳᠦ ᠶᠢ ᠬᠡᠲᠦᠷᠡᠲᠡᠯ᠎ᠡ ᠬᠡᠷᠡᠭᠯᠡᠭᠰᠡᠨ᠂ ᠠᠷᠢᠭᠤᠨ ᠴᠡᠪᠡᠷ ᠨᠢᠳᠦ ᠬᠡᠷᠡᠭᠯᠡᠭᠰᠡᠨ ᠦᠭᠡᠢ᠂ ᠪᠡᠶ᠎ᠡ ᠶᠢᠨ ᠲᠠᠮᠢᠷ ᠤᠨ ᠪᠣᠯᠪᠠᠰᠤᠷᠠᠯ ᠪᠠ ᠭᠡᠷ ᠤᠨ ᠭᠠᠳᠠᠨᠠᠬᠢ ᠬᠥᠳᠡᠯᠭᠡᠭᠡᠨ ᠢᠶᠠᠷ ᠳᠤᠲᠠᠮᠠᠭ ᠵᠡᠷᠭᠡ ᠰᠢᠯᠲᠠᠭᠠᠨ ᠠᠴᠠ ᠪᠤᠯᠵᠤ᠂ ᠮᠠᠨ ᠤ ᠤᠯᠤᠰ ᠤᠨ ᠬᠡᠦᠬᠡᠳ ᠪᠠᠭᠠᠴᠤᠳ ᠤᠨ ᠦᠢᠷ᠎ᠠ ᠬᠠᠷᠠᠭ᠎ᠠ ᠶᠢᠨ ᠨᠤᠷᠮ᠎ᠠ ᠥᠨᠳᠥᠷ ᠪᠠᠶᠢᠵᠤ᠂ ᠲᠠᠰᠤᠷᠠᠯᠳᠠ ᠦᠭᠡᠢ ᠳᠡᠭᠡᠭᠰᠢᠯᠡᠵᠦ᠂ ᠦᠢᠷ᠎ᠠ ᠬᠠᠷᠠᠭ᠎ᠠ ᠶᠢᠨ ᠨᠠᠰᠤᠵᠢᠬᠤ ᠪᠠ ᠬᠦᠨᠳᠦᠷᠡᠬᠦ ᠨᠢ ᠡᠳᠦᠷ ᠢᠷᠡᠬᠦᠶ᠎ᠡ ᠬᠦᠨᠳᠦ ᠨᠣᠴᠢᠲᠠᠶ ᠪᠤᠯᠵᠤ᠂ ᠨᠢᠭᠡᠨᠲᠡ ᠤᠯᠤᠰ ᠣᠷᠣᠨ ᠪᠠ ᠦᠨᠳᠦᠰᠦᠲᠡᠨ ᠤ ᠢᠷᠡᠭᠡᠳᠦᠶ ᠳᠤ ᠬᠤᠯᠪᠣᠭᠳᠠᠬᠤ ᠲᠤᠮᠤ ᠠᠰᠠᠭᠤᠳᠠᠯ ᠪᠤᠯᠵᠤ ᠪᠠᠶᠢᠨ᠎ᠠ᠃ ᠡᠨᠡ ᠨᠢ ᠮᠠᠨ ᠤ ᠤᠯᠤᠰ ᠤᠨ ᠬᠡᠦᠬᠡᠳ ᠪᠠᠭᠠᠴᠤᠳ ᠤᠨ ᠦᠢᠷ᠎ᠠ ᠬᠠᠷᠠᠭ᠎ᠠ ᠶᠢᠨ ᠨᠤᠷᠮ᠎ᠠ ᠥᠨᠳᠥᠷ ᠪᠤᠯᠵᠤ᠂ ᠲᠠᠰᠤᠷᠠᠯᠳᠠ ᠦᠭᠡᠢ ᠳᠡᠭᠡᠭᠰᠢᠯᠡᠨ᠂ ᠦᠢᠷ᠎ᠠ ᠬᠠᠷᠠᠭ᠎ᠠ ᠶᠢᠨ ᠨᠠᠰᠤᠵᠢᠬᠤ ᠪᠠ ᠬᠦᠨᠳᠦᠷᠡᠬᠦ ᠶᠠᠪᠤᠳᠠᠯ ᠡᠳᠦᠷ ᠢᠷᠡᠬᠦᠶ᠎ᠡ ᠬᠦᠨᠳᠦ ᠨᠣᠴᠢᠲᠠᠶ ᠪᠤᠯᠵᠤ ᠪᠠᠶᠢᠨ᠎ᠠ᠃ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠬᠢᠵᠠᠭᠠᠷᠯᠠᠬᠤ ᠳᠤ ᠵᠠᠰᠠᠭ ᠤᠨ ᠣᠷᠳᠣᠨ᠂ ᠰᠤᠷᠭᠠᠭᠤᠯᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠬᠡᠷ ᠪᠦᠯᠢ᠂ ᠰᠣᠷᠣᠭᠴᠢ ᠵᠡᠷᠭᠡ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠬᠡᠷᠡᠭᠲᠡᠶ᠂ ᠪᠥᠬᠦ ᠨᠡᠶᠢᠭᠡᠮ ᠢᠶᠠᠷ ᠢᠶᠠᠨ ᠬᠥᠳᠡᠯᠦᠯᠴᠡᠵᠦ᠂ ᠬᠡᠤᠬᠡᠳ ᠤᠨ ᠨᠢᠳᠦ ᠶᠢ ᠬᠠᠮᠲᠤ ᠪᠠᠷ ᠬᠠᠶᠢᠷᠠᠯᠠᠨ ᠬᠠᠮᠠᠭᠠᠯᠠᠵᠤ᠂ ᠬᠡᠤᠬᠡᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠬᠡᠷᠡᠭᠲᠡᠶ᠃ ᠰᠢᠩ ᠾᠧ ᠰᠢᠶᠠᠨ ᠤ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ      ᠬᠤᠶᠠᠷ᠂ ᠠᠵᠢᠯ ᠤᠨ ᠬᠠᠷᠠᠯᠲᠠ      2023 ᠣᠨ ᠪᠣᠯᠬᠤ ᠳᠤ᠂ ᠪᠥᠬᠦ ᠰᠢᠶᠠᠨ ᠤ ᠬᠡᠤᠬᠡᠳ ᠪᠠᠭᠠᠴᠤᠳ ᠤᠨ ᠶᠡᠷᠦᠩᠬᠡᠶ ᠣᠶᠢᠷ᠎ᠠ ᠬᠠᠷᠠᠭ᠎ᠠ ᠶᠢᠨ ᠨᠣᠷᠮ᠎ᠠ ᠶᠢ 2018 ᠣᠨ ᠤ ᠰᠠᠭᠤᠷᠢᠨ ᠳᠡᠭᠡᠷ᠎ᠡ ᠵᠢᠯ ᠪᠦᠷᠢ 0.5 ᠵᠠᠭᠤᠨ ᠤ ᠨᠢᠭᠡᠴᠢ ᠪᠠᠭᠤᠷᠠᠭᠤᠯᠬᠤ ᠪᠠᠷ ᠴᠢᠷᠮᠠᠶᠢᠨ᠎ᠠ᠃      2030 ᠣᠨ ᠪᠣᠯᠬᠤ ᠳᠤ᠂ ᠪᠦᠬᠦ ᠰᠢᠶᠠᠨ ᠤ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢᠨ ᠨᠣᠷᠮ᠎ᠠ ᠶᠢ ᠢᠯᠡᠳᠲᠡ ᠪᠠᠭᠤᠷᠠᠭᠤᠯᠵᠤ᠂ ᠬᠡᠤᠬᠡᠳ ᠪᠠᠭᠠᠴᠤᠳ ᠵᠠᠯᠠᠭᠤᠴᠤᠳ ᠪᠠᠭᠠᠴᠤᠳ ᠤᠨ ᠬᠠᠷᠠᠭᠠᠨ ᠤ ᠡᠷᠡᠭᠦᠯ ᠮᠡᠨᠳᠦ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ 6 ᠨᠠᠰᠤᠲᠠᠶ ᠬᠡᠤᠬᠡᠳ ᠤᠨ ᠣᠶᠢᠷ᠎ᠠ ᠬᠠᠷᠠᠭ᠎ᠠ ᠶᠢᠨ ᠨᠣᠷᠮ᠎ᠠ ᠶᠢ 3% ᠣᠷᠴᠢᠮ ᠳᠤ ᠬᠢᠵᠠᠭᠠᠷᠯᠠᠵᠤ᠂ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠣᠶᠢᠷ᠎ᠠ ᠬᠠᠷᠠᠭ᠎ᠠ ᠶᠢᠨ ᠨᠣᠷᠮ᠎ᠠ ᠶᠢ 38% ᠠᠴᠠ ᠳᠣᠭᠤᠭᠰᠢ ᠪᠣᠯᠲᠠᠯ᠎ᠠ ᠪᠠᠭᠤᠷᠠᠭᠤᠯᠵᠤ᠂ ᠠᠩᠬ᠎ᠠ ᠳᠤᠮᠳᠠᠳᠤ ᠶᠢᠨ ᠰᠣᠷᠣᠭᠴᠢ ᠶᠢᠨ ᠣᠶᠢᠷ᠎ᠠ ᠬᠠᠷᠠᠭ᠎ᠠ ᠶᠢᠨ ᠨᠣᠷᠮ᠎ᠠ ᠶᠢ 60% ᠠᠴᠠ ᠳᠣᠭᠤᠭᠰᠢ ᠪᠣᠯᠲᠠᠯ᠎ᠠ ᠪᠠᠭᠤᠷᠠᠭᠤᠯᠵᠤ᠂ ᠥᠨᠳᠥᠷ ᠳᠤᠮᠳᠠᠳᠤ ᠶᠢᠨ ᠱᠠᠲᠤᠨ ᠤ ᠰᠣᠷᠣᠭᠴᠢ ᠶᠢᠨ ᠣᠶᠢᠷ᠎ᠠ ᠬᠠᠷᠠᠭ᠎ᠠ ᠶᠢᠨ ᠨᠣᠷᠮ᠎ᠠ ᠶᠢ 70% ᠠᠴᠠ ᠳᠣᠭᠤᠭᠰᠢ ᠪᠣᠯᠲᠠᠯ᠎ᠠ ᠪᠠᠭᠤᠷᠠᠭᠤᠯᠵᠤ᠂ ︽ᠤᠯᠤᠰ ᠤᠨ ᠰᠣᠷᠣᠭᠴᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ︾ ᠶᠢᠨ ᠪᠠᠷᠢᠮᠵᠢᠶ᠎ᠠ ᠳᠤ ᠬᠦᠷᠦᠭᠰᠡᠨ ᠰᠢᠯᠢᠳᠡᠭ ᠨᠣᠷᠮ᠎ᠠ ᠶᠢ 25% ᠠᠴᠠ ᠳᠡᠭᠡᠭᠰᠢ ᠳᠤ ᠬᠦᠷᠦᠭᠦᠯᠦᠨ᠎ᠡ᠃      ᠭᠤᠷᠪᠠ᠂ ᠠᠵᠢᠯ ᠤᠨ ᠲᠣᠭᠲᠠᠴᠠ      ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠰᠢᠩ ᠾᠧ ᠰᠢᠶᠠᠨ ᠤ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠢᠯᠣᠭᠤᠳᠬᠤ ᠪᠠᠶᠢᠭᠤᠯᠤᠮᠵᠢ ᠶᠢ ᠪᠠᠶᠢᠭᠤᠯᠵᠤ᠂ ᠰᠢᠭᠰᠢᠨ ᠪᠠᠶᠢᠴᠠᠭᠠᠬᠤ᠂ ᠰᠡᠷᠭᠡᠶᠢᠯᠡᠨ ᠡᠵᠡᠮᠳᠡᠬᠦ᠂ ᠡᠮᠨᠡᠨ ᠵᠠᠰᠠᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠢᠶᠠᠷ ᠭᠤᠤᠯ ᠬᠦᠴᠦᠨ ᠪᠣᠯᠭᠠᠭᠰᠠᠨ᠂ ᠰᠣᠶᠣᠯ ᠪᠡᠶ᠎ᠡ ᠶᠢᠨ ᠲᠠᠮᠢᠷ ᠪᠠ ᠵᠢᠭᠤᠯᠴᠢᠯᠠᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠰᠢᠶᠠᠨ ᠤ ᠨᠡᠶᠢᠯᠡᠯ ᠵᠠᠭᠤᠴᠢᠯᠠᠭᠤᠷ ᠤᠨ ᠲᠥᠪ ᠵᠡᠷᠭᠡ ᠰᠠᠯᠠᠭ᠎ᠠ ᠮᠥᠴᠢᠷ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠭᠰᠡᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠲᠤ ᠪᠠᠷ ᠣᠷᠣᠯᠴᠠᠭᠰᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠠᠵᠢᠯ ᠤᠨ ᠲᠣᠭᠲᠠᠴᠠ ᠶᠢ ᠪᠣᠶ ᠪᠣᠯᠭᠠᠨ᠎ᠠ᠃              ᠵᠣᠬᠢᠶᠠᠭᠴᠢ᠄ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ              ᠤᠷᠴᠢᠭᠤᠯᠤᠭᠴᠢ᠄ ᠨᠠᠷᠠᠰᠤ              ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3