ᠠᠷᠭ᠎ᠠ ᠬᠡᠮᠵᠢᠶ᠎ᠡ ᠶᠢ ᠴᠢᠩᠭᠠᠳᠬᠠᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠶᠠᠰᠤ ᠴᠢᠨᠠᠷ ᠦᠷ᠎ᠡ
ᠨᠡᠶᠢᠲᠡᠯᠡᠭᠰᠡᠨ ᠴᠠᠭ᠄
2021/5/11
     ᠴᠠᠭ      2021 ᠣᠨ ᠤ 3 ᠰᠠᠷ᠎ᠠ ᠶᠢᠨ 10 ᠤ ᠡᠳᠦᠷ      ᠬᠦᠨᠳᠦᠲᠦ ᠵᠣᠴᠢᠨ      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶᠠᠨ ᠤ ᠲᠣᠪᠴᠢᠶᠠᠨ ᠳᠠᠷᠤᠭ᠎ᠠ ᠪᠣᠣ ᠵᠢᠶᠠᠨ ᠵᠦᠩ      ᠲᠣᠪᠴᠢᠯᠠᠯ      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠬᠥᠭᠵᠢᠯᠲᠡ ᠶᠢᠨ ᠣᠷᠴᠢᠨ ᠨᠥᠬᠦᠴᠡᠯ ᠤᠨ ᠴᠢᠬᠤᠯᠠ ᠠᠭᠤᠯᠭ᠎ᠠ ᠮᠥᠨ᠂ ᠨᠢᠭᠡ ᠭᠠᠵᠠᠷ ᠣᠷᠣᠨ ᠤ ᠠᠵᠤ ᠠᠬᠤᠶ ᠶᠢᠨ ᠵᠥᠭᠡᠯᠡᠨ ᠪᠣᠳᠠᠲᠤ ᠬᠦᠴᠦᠨ ᠪᠠ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠤ ᠲᠥᠪᠯᠡᠷᠡᠩᠭᠦᠶ ᠢᠯᠡᠷᠡᠯ ᠮᠥᠨ᠃ ᠮᠠᠨ ᠤ ᠤᠯᠤᠰ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠦᠨᠵᠡᠭᠡᠶᠢᠷᠡᠨ ᠠᠬᠢᠬᠤ᠂ ᠪᠦᠬᠦ ᠲᠠᠯ᠎ᠠ ᠪᠠᠷ ᠨᠡᠭᠡᠭᠡᠯᠲᠡ ᠬᠢᠬᠦ ᠪᠠᠶᠢᠷᠢᠰᠢᠯ ᠤᠨ ᠦᠷᠭᠦᠯᠵᠢᠯᠡᠨ ᠲᠡᠭᠦᠯᠳᠡᠷᠵᠢᠬᠦ ᠪᠠ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠰᠠᠭᠤᠷᠢ ᠪᠣᠯᠬᠤ ᠪᠠᠶᠢᠷᠢ ᠰᠠᠭᠤᠷᠢ ᠪᠠ ᠣᠷᠣᠨ ᠪᠦᠰᠡ ᠶᠢᠨ ᠬᠠᠮᠲᠤᠷᠠᠯᠴᠠᠭᠠᠨ ᠤ ᠥᠷᠢᠰᠥᠯᠳᠦᠭᠡᠨ ᠤ ᠳᠤᠮᠳᠠᠬᠢ ᠲᠤᠯᠭᠠᠭᠤᠷᠢᠯᠠᠬᠤ ᠦᠢᠯᠡᠳᠦᠯ ᠡᠳᠦᠷ ᠢᠷᠡᠬᠦᠶ᠎ᠡ ᠳᠤᠪᠤᠶᠢᠮ᠎ᠠ ᠪᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ ᠶᠡᠬᠡᠪᠡᠷ ᠳᠥᠯᠭᠢᠨ ᠠᠬᠢᠭᠤᠯᠵᠤ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠨᠢᠭᠡᠳᠦᠭᠡᠷ ᠰᠦᠯᠵᠢᠶ᠎ᠡ ᠪᠠᠷ ᠠᠯᠪᠠᠨ ᠬᠡᠷ᠂ ᠠᠯᠠᠭᠠᠨ ᠤ ᠠᠯᠪᠠᠨ ᠬᠡᠷ᠂ ᠨᠢᠭᠡ ᠤᠳᠠᠭ᠎ᠠ ᠳᠤ ᠠᠯᠪᠠᠨ ᠬᠡᠷ᠂ ᠲᠠᠨ ᠢ ᠬᠠᠪᠰᠤᠷᠤᠨ ᠠᠯᠪᠠᠨ ᠬᠡᠷ︾ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠵᠡᠷᠭᠡ ᠠᠯᠢ ᠣᠯᠠᠨ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠪᠠ᠃      ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠣ︕ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠥᠨᠥᠳᠦᠷ᠂ ᠪᠢᠳᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠦᠦ ᠵᠢᠶᠠᠨ ᠵᠥᠩ ᠢ ᠤᠷᠢᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠡᠨᠡ ᠬᠦ ᠭᠤᠤᠯ ᠰᠡᠳᠦᠪ ᠤᠨ ᠲᠤᠬᠠᠶ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ ︽ᠪᠦᠦ ᠲᠣᠪᠴᠢᠶᠠᠨ ᠳᠠᠷᠤᠭ᠎ᠠ ᠠ᠂ ᠲᠠᠨ ᠢ ᠪᠠᠶᠠᠷᠯᠠᠨ ᠤᠭᠲᠤᠶ᠎ᠠ︕      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠦᠦ ᠵᠢᠶᠠᠨ ᠵᠥᠩ᠄ ᠬᠥᠲᠥᠯᠥᠭᠴᠢ ᠰᠠᠶᠢᠨ ᠤᠣ᠂ ᠰᠦᠯᠵᠢᠶᠡᠨ ᠤ ᠠᠨᠳᠠ ᠨᠠᠷ ᠰᠠᠶᠢᠨ ᠤᠤ︕ ᠠᠳᠡ ᠤᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃      ᠬᠥᠲᠥᠯᠥᠭᠴᠢ᠄ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠣᠯ ᠤᠶᠢᠯᠡᠳᠪᠤᠷᠢᠯᠡᠯ ᠤᠨ ᠬᠦᠴᠦᠨ᠂ ᠥᠷᠢᠰᠦᠯᠳᠦᠬᠦ ᠬᠦᠴᠦᠨ᠂ ᠵᠥᠭᠡᠯᠡᠨ ᠪᠣᠳᠠᠲᠤ ᠬᠦᠴᠦᠨ ᠪᠠᠶᠢᠵᠤ᠂ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠰᠢᠭᠤᠳ ᠬᠤᠯᠪᠣᠭᠳᠠᠨ᠎ᠠ᠃ ᠴᠠᠭᠠᠨ ᠰᠠᠷ᠎ᠠ ᠶᠢᠨ ᠳᠠᠷᠠᠭᠠᠬᠢ ᠠᠵᠢᠯ ᠳᠤ ᠭᠠᠷᠤᠭᠰᠠᠨ ᠠᠩᠬᠠᠨ ᠤ ᠡᠳᠦᠷ᠂ ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠢ ᠬᠤᠷᠠᠯᠳᠤᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠡᠨᠡ ᠵᠢᠯ ᠭᠤᠤᠯᠳᠠᠯᠭ᠎ᠠ ᠲᠠᠢ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ︽ᠪᠠᠭᠤᠯᠭᠠᠬᠤ ᠬᠠᠮᠢᠶᠠᠷᠬᠤ  ᠤᠶᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠪᠣᠶ︖      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠦᠦ ᠵᠢᠶᠠᠨ ᠵᠥᠩ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠨᠢᠭᠡᠨ ᠲᠣᠮᠣ ᠶᠠᠪᠤᠳᠠᠯ ᠪᠣᠯᠭᠠᠨ ᠠᠳᠬᠤᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠡᠯᠡᠬᠡᠶᠢᠴᠢᠯᠡᠭᠰᠡᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃ 2021 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠨ᠂ ︽ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠶ ᠪᠠᠷ ᠪᠣᠶ ᠪᠣᠯᠭᠠᠵᠤ᠂ ︽ᠨᠢᠭᠡ ᠰᠦᠯᠵᠢᠶ᠎ᠡ ᠪᠠᠷ ᠭᠦᠶ᠋ᠴᠡᠳᠬᠡᠬᠦ᠂ ᠭᠠᠷ ᠢᠶᠠᠷ ᠭᠦᠢᠴᠡᠳᠭᠡᠬᠦ᠂ ᠨᠢᠭᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ︾ 4 ᠵᠦᠢᠯ ᠤᠨ ᠭᠤᠤᠯᠳᠠᠯᠭ᠎ᠠ ᠲᠠᠢ ᠠᠵᠢᠯ ᠢᠶᠠᠷ ᠭᠠᠷᠳᠠᠴᠠ ᠪᠣᠯᠭᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠳᠥᠯᠭᠢᠨ ᠠᠬᠢᠭᠤᠯᠵᠤ᠂ ᠨᠢᠭᠲᠠ ᠠᠴᠠ ᠨᠢᠭᠲᠠ ᠦᠢᠯᠡᠴᠢᠯᠡᠭᠡ ᠶᠢ ᠰᠠᠶᠢᠲᠤᠷ ᠬᠢᠵᠦ᠂ ᠲᠥᠪ ᠭᠤᠤᠯᠴᠢ ᠢᠯᠡ ᠲᠣᠳᠣ᠂ ᠲᠥᠪ ᠭᠤᠤᠯᠴᠢ ᠥᠨᠳᠥᠷ ᠦᠷ᠎ᠡ ᠪᠦᠲᠦᠮᠵᠢᠲᠡᠶ᠂ ᠦᠨᠡᠨᠴᠢ ᠢᠲᠡᠭᠡᠮᠵᠢᠲᠡᠶ ᠪᠥᠭᠡᠳ ᠬᠠᠤᠯᠢ ᠶᠢ ᠰᠠᠬᠢᠬᠤ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃    ᠬᠥᠲᠥᠯᠥᠭᠴᠢ᠄ ᠮᠡᠳᠡᠭᠡ ᠵᠠᠩᠭᠢ ᠶᠢᠨ ᠮᠡᠷᠭᠡᠵᠢᠯ ᠤᠨ ᠨᠢᠰᠬᠦ ᠮᠡᠲᠦ ᠲᠦᠷᠭᠡᠨ ᠬᠥᠭᠵᠢᠯᠲᠡ ᠶᠢ ᠳᠠᠭᠠᠯᠳᠤᠨ᠂ ᠣᠯᠠᠨ ᠲᠦᠮᠡᠨ ᠤ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠠᠷᠭ᠎ᠠ ᠮᠠᠶ᠋ᠢᠭ ᠲᠤ ᠴᠤ ᠮᠠᠰᠢ ᠶᠡᠭᠡ ᠬᠤᠪᠢᠷᠠᠯᠲᠠ ᠭᠠᠷᠴᠤ᠂ ᠤᠶᠢᠯᠡᠴᠢᠯᠡᠭᠡᠨ ᠤ ᠬᠡᠯᠪᠡᠷᠢ ᠨᠢ ᠨᠠᠩ ᠣᠯᠠᠨ ᠡᠰᠢᠵᠢᠭᠰᠡᠨ᠂ ᠲᠥᠬᠦᠮ ᠠᠪᠰᠠᠷᠬᠠᠨ᠂ ᠤᠶᠤᠨᠴᠢᠯᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ︽ᠢᠨᠲ᠋ᠤᠷ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠭᠡ︾ ᠶᠢ ᠳᠥᠯᠭᠢᠨ ᠠᠬᠢᠭᠤᠯᠬᠤ ᠲᠠᠯ᠎ᠠ ᠪᠠᠷ᠂ ᠢᠯᠠᠩᠭᠤᠶ᠎ᠠ ᠰᠦᠯᠵᠢᠶᠡᠨ ᠳᠡᠭᠡᠷᠡᠬᠢ ︽ᠨᠢᠭᠡ ᠰᠦᠯᠵᠢᠶ᠎ᠡ ︾᠂ ᠰᠦᠯᠵᠢᠶᠡᠨ ᠭᠠᠳᠠᠨᠠᠬᠢ ︽ᠨᠢᠭᠡ ᠴᠣᠩᠬᠤᠪᠴᠢ︾ ᠶᠢᠨ ᠤᠶᠢᠯᠡᠴᠢᠯᠡᠭᠡ ᠶᠢᠨ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ︖      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠦᠦ ᠵᠢᠶᠠᠨ ᠵᠥᠩ᠄ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ︽ᠢᠨᠲ᠋ᠤᠷ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠭᠡ︾ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2018 ᠣᠨ ᠳᠤ ᠥᠪᠡᠷᠲᠡᠭᠡᠨ ᠵᠠᠰᠠᠬᠤ ᠣᠷᠣᠨ ᠤ ︽ᠢᠨᠲ᠋ᠤᠷ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠭᠡ︾ ᠶᠢᠨ ᠲᠠᠪᠴᠠᠩ ᠢ ᠰᠦᠯᠵᠢᠶᠡᠨ ᠳᠤ ᠬᠤᠯᠪᠣᠪᠠ︔ 2019 ᠣᠨ ᠳᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠡᠭᠦᠳᠡ ᠡᠷᠦᠬᠡ ᠶᠢ ᠨᠢᠭᠡᠳᠬᠡᠬᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠤᠨ ᠬᠥᠮᠥᠷᠭᠡ ᠶᠢ ᠨᠢᠭᠡᠳᠬᠡᠬᠦ᠂ ᠪᠡᠶ᠎ᠡ ᠬᠡᠮ ᠤᠨ ᠭᠡᠷᠡᠴᠢᠯᠡᠭᠡ ᠶᠢ ᠨᠢᠭᠡᠳᠬᠡᠬᠦ᠂ ᠡᠯᠧᠺᠲᠷᠣᠨ ᠦᠨᠡᠮᠯᠡᠯ ᠤᠨ ᠬᠥᠮᠥᠷᠭᠡ ᠶᠢ ᠨᠢᠭᠡᠳᠬᠡᠬᠦ᠂ ᠡᠯᠧᠺᠲᠷᠣᠨ ᠲᠠᠮᠠᠭ᠎ᠠ ᠶᠢ ᠨᠢᠭᠡᠳᠬᠡᠬᠦ 5 ᠨᠢᠭᠡᠳᠦᠯᠲᠡᠶ ᠪᠣᠯᠭᠠᠬᠤ ᠶᠢ ᠪᠡᠶᠡᠯᠡᠭᠦᠯᠵᠦ᠂ ᠤᠯᠠᠮ ᠨᠢᠭᠡ ᠠᠯᠬᠤᠮ ᠡᠷᠴᠢᠮᠵᠢᠭᠦᠯᠪᠡ︔ 2020 ᠣᠨ ᠳᠤ ᠬᠡᠷᠡᠭ ᠶᠠᠪᠤᠳᠠᠯ ᠢ ᠨᠠᠷᠢᠯᠢᠬᠵᠢᠭᠤᠯᠤᠨ ᠡᠮᠬᠢᠯᠡᠬᠦ ᠪᠠ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠰᠢᠰᠲ᠋ᠧᠮ ᠪᠠᠶᠢᠭᠤᠯᠬᠤ ᠶᠢ ᠵᠣᠯᠭᠠᠭᠤᠯᠬᠤ ᠠᠵᠢᠯ ᠢ ᠥᠷᠨᠢᠭᠦᠯᠦᠭᠡᠳ ᠮᠠᠰᠢ ᠰᠠᠶᠢᠨ ᠰᠠᠭᠤᠷᠢ ᠲᠠᠢ ᠪᠣᠯᠪᠠ᠃ ᠡᠨᠡ ᠤᠳᠠᠭ᠎ᠠ ᠶᠢᠨ ᠨᠡᠶᠢᠲᠡᠯᠡᠭᠰᠡᠨ ︽ᠨᠢᠭᠡ ᠰᠦᠯᠵᠢᠶᠡᠨ ᠤ ᠠᠯᠪᠠᠨ ᠭᠡᠷ︾ ᠤᠨ ᠬᠡᠷᠡᠭᠵᠢᠭᠦᠯᠬᠦ ᠲᠥᠰᠦᠯ ᠳᠠᠷᠤᠶ ᠤᠶᠢᠯᠡᠴᠢᠯᠡᠭᠡᠨ ᠤ ᠠᠵᠢᠯ ᠶᠠᠪᠤᠳᠠᠯ ᠭᠦᠶ᠋ᠴᠡᠳᠬᠡᠬᠦ ᠪᠠᠷᠢᠮᠵᠢᠶ᠎ᠠ ᠶᠢ ᠵᠢᠷᠤᠮᠵᠢᠭᠤᠯᠬᠤ᠂ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ ᠰᠢᠰᠲ᠋ᠧᠮ ᠢ ᠨᠡᠪᠲᠡᠷᠡᠭᠦᠯᠬᠦ᠂ ︽ᠶᠡᠷᠦᠩᠬᠡᠶᠢᠯᠡᠭᠰᠡᠨ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠤᠷᠢᠯᠡᠬᠦ︾ ᠰᠢᠰᠲ᠋ᠧᠮ ᠤᠨ ᠬᠡᠷᠡᠭᠯᠡᠯᠲᠡ ᠶᠢ ᠬᠡᠷᠡᠭᠵᠢᠭᠦᠯᠬᠦ᠂ ᠨᠢᠭᠡᠳᠦᠯᠲᠡᠶ ᠲᠤᠯᠭᠠᠭᠤᠷᠢᠯᠠᠬᠤ ᠰᠢᠰᠲ᠋ᠧᠮ ᠢ ᠪᠠᠲᠤᠳᠬᠠᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠠᠭᠤᠰᠤᠯᠴᠠᠯ ᠢ ᠲᠦᠷᠭᠡᠳᠬᠡᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠯᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠣᠯᠠᠨ ᠲᠦᠮᠡᠨ ᠤ ᠠᠩᠬᠠᠷᠴᠤ ᠪᠠᠶᠢᠭ᠎ᠠ ᠥᠨᠳᠥᠷ ᠲᠠᠪᠳᠠᠮᠵᠢᠳᠤ ᠦᠶ᠋ᠯᠡᠴᠢᠯᠡᠭᠡᠨ ᠤ ᠠᠭᠤᠯᠭ᠎ᠠ ᠶᠢ ᠰᠦᠯᠵᠢᠶᠡᠨ ᠳᠡᠭᠡᠷ᠎ᠡ ᠭᠦᠢᠴᠡᠳᠬᠡᠵᠦ‌‍ᠪᠣᠯᠬᠤ ᠶᠢ ᠰᠦᠯᠵᠢᠶᠡᠨ ᠳᠡᠭᠡᠷ᠎ᠡ ᠭᠦᠢᠴᠡᠳᠭᠡᠬᠦ ᠳᠤ ᠬᠢᠯᠪᠠᠷ᠂ ᠰᠦᠯᠵᠢᠶᠡᠨ ᠳᠡᠭᠡᠷ᠎ᠡ  ᠰᠢᠢᠳᠪᠤᠷᠢᠯᠡᠬᠦ ᠳᠤ ᠬᠢᠯᠪᠠᠷ ᠪᠣᠯᠭᠠᠨ ᠬᠤᠪᠢᠷᠠᠭᠤᠯᠤᠨ᠎ᠠ᠃ ᠰᠦᠯᠵᠢᠶ᠎ᠡ ᠪᠠᠷ ᠶᠡᠭᠡ ᠲᠢᠩᠬᠢᠮ ᠳᠤ ᠪᠠᠭᠤᠬᠤ ᠳᠤ᠂ ᠡᠯ᠎ᠡ ᠰᠠᠯᠠᠭ᠎ᠠ ᠮᠥᠴᠢᠷ ᠲᠤ ᠲᠠᠷᠬᠠᠵᠤ ᠪᠠᠶᠢᠭ᠎ᠠ ᠤᠶᠢᠯᠡᠴᠢᠯᠡᠭᠡᠨ ᠤ ᠴᠣᠩᠬᠤ ᠶᠢ ᠠᠯᠬᠤᠮ ᠠᠯᠬᠤᠮ ᠢᠶᠠᠷ ᠨᠡᠶᠢᠯᠡᠭᠦᠯᠦᠨ ᠶᠡᠷᠦᠩᠬᠡᠶᠢᠯᠡᠨ ᠭᠥᠯᠢᠶᠡᠨ ᠠᠪᠴᠤ  ᠰᠢᠢᠳᠪᠤᠷᠢᠯᠡᠬᠦ ᠴᠣᠩᠬᠤ ᠪᠣᠯᠭᠠᠵᠤ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠤᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤ ᠪᠠᠷ ᠮᠠᠲ᠋ᠧᠷᠢᠶᠠᠯ ᠭᠠᠷᠭᠠᠬᠤ︾ ᠤᠶᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠢ ︽ᠣᠯᠠᠨ ᠡᠭᠦᠳᠡ ᠪᠠᠷ ᠭᠦᠶᠦᠯᠭᠡᠬᠦ︾ ᠪᠠᠶᠢᠭᠰᠠᠨ ᠠᠴᠠ ︽ᠨᠢᠭᠡ ᠲᠥᠷᠥᠯ ᠢᠶᠠᠷ ᠭᠦᠶᠦᠯᠭᠡᠬᠦ︾ ᠪᠣᠯᠭᠠᠨ ᠬᠤᠪᠢᠷᠠᠭᠤᠯᠵᠤ᠂ ︽ᠰᠠᠯᠠᠭ᠎ᠠ ᠮᠥᠴᠢᠷ ᠡᠷᠢᠬᠦ︾ ᠪᠠᠶᠢᠭᠰᠠᠨ ᠠᠴᠠ ︽ᠵᠠᠰᠠᠭ ᠤᠨ ᠣᠷᠳᠣᠨ ᠡᠷᠢᠬᠦ︾ ᠪᠣᠯᠭᠠᠨ ᠬᠤᠪᠢᠷᠠᠭᠤᠯᠤᠨ᠎ᠠ᠃       ᠬᠥᠲᠥᠯᠥᠭᠴᠢ᠄ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ APP ᠶᠢ ᠰᠦᠯᠵᠢᠶᠡᠨ ᠳᠤ ᠣᠷᠣᠭᠤᠯᠤᠭᠰᠠᠨ ᠠᠴᠠ ᠨᠠᠰᠢ᠂ ᠮᠠᠨ ᠤ ᠣᠷᠣᠨ ᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠠᠩᠬᠠᠷᠤᠯ ᠢ ᠲᠠᠲᠠᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠤᠵᠢᠭᠤ ᠬᠥᠭᠵᠢᠬᠦ ᠳᠠᠪᠠᠭᠤᠯᠢᠭ ᠢ ᠭᠦᠢᠴᠡᠳ ᠣᠯᠵᠤ ᠬᠠᠷᠠᠨ᠎ᠠ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠬᠦ ᠶᠠᠪᠤᠴᠠ ᠳᠤ᠂ ︽ᠰᠦᠯᠵᠢᠶᠡᠨ ᠭᠠᠳᠠᠨ᠎ᠠ︾ ᠠᠴᠠ ︽ᠰᠦᠯᠵᠢᠶᠡᠨ ᠳᠡᠭᠡᠷ᠎ᠡ︾ ᠬᠦᠷᠲᠡᠯ᠎ᠡ᠂ ᠳᠠᠬᠢᠭᠠᠳ ︽ᠠᠯᠠᠭᠠᠨ ᠳᠡᠭᠡᠷ᠎ᠡ︾ ᠬᠦᠷᠲᠡᠯ᠎ᠡ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ APP ᠨᠢ ᠠᠵᠤ ᠠᠬᠤᠶᠢᠯᠠᠯ ᠤᠨ ᠣᠯᠠᠨ ᠲᠦᠮᠡᠨ ᠳᠤ ᠬᠡᠷᠬᠢᠨ ᠲᠥᠬᠦᠮ ᠦᠵᠡᠭᠦᠯᠦᠭᠰᠡᠨ ᠪᠣᠶ      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠦᠦ ᠵᠢᠶᠠᠨ ᠵᠥᠩ᠄ ︽ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ APP ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠠᠴᠢᠯᠠᠯᠲᠠ ᠶᠢᠨ ᠬᠡᠯᠪᠡᠷᠢ ᠶᠢ ᠬᠤᠪᠢᠷᠠᠭᠤᠯᠬᠤ ᠴᠢᠬᠤᠯᠠ ᠤᠶᠢᠯᠡᠳᠤᠯᠭᠡ ᠶᠢᠨ ᠦᠷ᠎ᠡ ᠪᠦᠲᠦᠭᠡᠯ ᠪᠣᠯᠤᠭᠰᠠᠨ ᠤ ᠬᠤᠪᠢ ᠳᠤ᠂ ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠠᠪᠴᠠᠩ ᠤᠨ ᠪᠦᠲᠦᠮᠵᠢᠲᠡᠶ ᠦᠷᠭᠦᠯᠵᠢᠯᠡᠯ ᠮᠥᠨ᠂ ︽ᠠᠯᠠᠭᠠᠨ ᠳᠡᠭᠡᠷᠡᠬᠢ ᠠᠯᠪᠠᠨ ᠬᠡᠷ︾ ᠤᠨ ᠬᠡᠷᠡᠭᠵᠢᠭᠦᠯᠬᠦ ᠲᠥᠰᠦᠯ ᠢ ᠨᠡᠶᠢᠲᠡᠯᠡᠭᠰᠡᠨ ᠨᠢ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠴᠢᠳᠠᠪᠤᠷᠢ ᠵᠢᠴᠢ ᠳᠥᠭᠦᠮᠴᠢᠯᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠶᠤᠮ᠃ 2020 ᠣᠨ ᠤ 5 ᠳ᠋ᠤᠭᠠᠷ ᠰᠠᠷ᠎ᠠ ᠶᠢᠨ 8 ᠤ ᠡᠳᠦᠷ ︽ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ APP ᠶᠢ ᠵᠢᠩᠬᠢᠨᠢ ᠪᠠᠷ ᠰᠦᠯᠵᠢᠶᠡᠨ ᠳᠤ ᠣᠷᠣᠭᠤᠯᠵᠤ᠂ 12 ᠠᠶᠢᠮᠠᠭ ᠬᠤᠲᠠ᠂ 103 ᠬᠤᠰᠢᠭᠤ ᠰᠢᠶᠠᠨ ︵ᠬᠤᠲᠠ᠂ ᠲᠣᠭᠤᠷᠢᠭ︶ ᠳᠤ ︽ᠰᠦᠯᠵᠢᠶᠡᠨ ᠳᠡᠭᠡᠷᠡᠬᠢ ᠴᠣᠩᠬᠤ︾ ᠭᠠᠷᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︽ᠭᠤᠷᠪᠠᠨ ᠱᠠᠲᠤ︾ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠪᠡ᠃ ᠰᠦᠯᠵᠢᠶᠡᠨ ᠳᠤ 10 ᠰᠠᠷ᠎ᠠ ᠶᠢᠨ ᠳᠣᠲᠣᠷ᠎ᠠ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ APP ᠶᠢᠨ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠤᠭ᠎ᠠ 410 ᠲᠦᠮᠡ ᠳᠤ ᠬᠦᠷᠴᠦ᠂ ᠨᠡᠶᠢᠲᠡ 7000 ᠭᠠᠷᠤᠶ ᠲᠦᠮᠡ ᠶᠢ ᠳᠠᠪᠠᠵᠤ᠂ ᠡᠷᠡᠭᠦᠯ ᠮᠡᠨᠳᠦ ᠶᠢᠨ ᠺᠣᠳ᠋ ᠤᠨ ᠢᠯᠡ ᠺᠣᠳ᠋ ᠤᠨ ᠲᠤᠭ᠎ᠠ 4800 ᠲᠦᠮᠡᠨ ᠤᠳᠠᠭ᠎ᠠ ᠳᠤ ᠬᠦᠷᠴᠡᠶ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ 5000 ᠭᠠᠷᠤᠶ ᠰᠠᠯᠠᠭ᠎ᠠ ᠮᠥᠴᠢᠷ ᠤᠨ 10 ᠲᠦᠮᠡᠨ ᠵᠦᠶ᠋ᠯ ᠤᠨ ᠴᠤᠪᠤᠷᠠᠯ ᠤᠨ ᠠᠬᠢᠴᠠ ᠶᠢ ᠪᠠᠶᠢᠴᠠᠭᠠᠨ ᠯᠠᠪᠯᠠᠬᠤ᠂ ᠠᠰᠠᠭᠤᠨ ᠯᠠᠪᠯᠠᠵᠤ ᠦᠨᠡᠯᠡᠬᠦ ᠤᠶᠢᠯᠡᠴᠢᠯᠡᠭᠡ ᠶᠢ ᠪᠡᠶᠡᠯᠡᠭᠦᠯᠵᠦ᠂ 573 ᠤᠨᠴᠠᠯᠢᠭᠳᠤ ᠬᠡᠷᠡᠭᠯᠡᠭᠡ ᠶᠢ ᠵᠠᠯᠭᠠᠨ ᠣᠷᠣᠭᠤᠯᠵᠤ᠂ ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ 16 ᠲᠥᠷᠥᠯ ᠤᠨ ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ ᠳᠡᠮᠵᠢᠨ᠎ᠡ᠃ ᠲᠠᠷᠠᠭᠠᠴᠢ ᠶᠢᠨ ᠠᠯᠬᠤᠮ ᠳᠤ᠂ ︽ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ APP ᠨᠢ ᠦᠷᠭᠦᠯᠵᠢᠯᠡᠨ ᠠᠵᠤ ᠠᠬᠤᠶᠢᠯᠠᠯ ᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ᠂ ᠠᠷᠠᠳ ᠤᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠬᠠᠮᠤᠷᠬᠤ ᠬᠡᠪᠴᠢᠶ᠎ᠡ ᠪᠠᠷ ᠥᠷᠭᠡᠨ᠂ ᠬᠡᠷᠡᠭᠯᠡᠭᠡᠨ ᠤ ᠳᠠᠪᠲᠠᠮᠵᠢ ᠪᠠᠷ ᠥᠨᠳᠥᠷ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ  ᠵᠤᠶᠢᠯᠡᠰ ᠢ ᠰᠢᠯᠵᠢᠮᠡᠯ ᠦᠵᠦᠭᠦᠷ ᠳᠠᠰᠢ ᠤᠷᠲᠤᠳᠬᠠᠬᠤ ᠶᠢ ᠢᠳᠡᠪᠬᠢᠲᠡᠶ ᠪᠠᠷ ᠠᠬᠢᠭᠤᠯᠵᠤ᠂ ᠨᠠᠩ ᠣᠯᠠᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ︽ᠠᠯᠠᠭᠠᠨ ᠳᠡᠭᠡᠷ᠎ᠡ ᠪᠠᠨ ᠭᠦᠢᠴᠡᠳᠭᠡᠬᠦ︾ ︽ᠬᠤᠷᠤᠭᠤᠨ ᠦᠵᠦᠭᠦᠷ ᠤᠨ ᠭᠦᠢᠴᠡᠳᠭᠡᠬᠦ︾ ᠶᠢ ᠪᠡᠶᠡᠯᠡᠭᠦᠯᠵᠦ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ APP ᠶᠢ ᠠᠵᠤ ᠠᠬᠤᠶᠢᠯᠠᠯ ᠤᠨ ᠣᠯᠠᠨ ᠲᠦᠮᠡᠨ ᠤ ︽ᠰᠠᠶᠢᠬᠠᠨ ᠪᠥᠭᠡᠳ ᠬᠡᠷᠡᠭᠯᠡᠬᠦ ᠳᠤ ᠰᠠᠶᠢᠨ᠂ ᠦᠵᠡᠵᠦ ᠬᠡᠷᠡᠭᠯᠡᠬᠦ ᠳᠤᠷᠠᠲᠠᠶ᠂ ᠪᠠᠶᠢᠩᠭᠤ ᠦᠵᠡᠵᠦ ᠪᠠᠶᠢᠩᠭᠤ ᠬᠡᠷᠡᠭᠯᠡᠬᠦ︾ ᠰᠢᠯᠵᠢᠮᠡᠯ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ ᠲᠠᠪᠴᠠᠩ᠃      ᠬᠥᠲᠥᠯᠥᠭᠴᠢ᠄ ᠲᠠᠨ ᠤ ᠰᠠᠶ᠋ᠢ ᠶᠢᠨ ᠳᠤᠷᠠᠳᠤᠭᠰᠠᠨ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠨᠢᠭᠡᠳᠦᠭᠡᠷ ᠤᠳᠠᠭ᠎ᠠ ᠶᠢᠨ ᠠᠯᠪᠠᠨ ᠬᠡᠷ︾ ᠭᠡᠳᠡᠭ ᠨᠢ ᠪᠣᠳᠠᠲᠠᠶ ᠪᠠᠷ ᠶᠠᠭᠤ ᠶᠢ ᠵᠢᠭᠠᠵᠤ ᠪᠠᠶᠢᠬᠤ ᠪᠣᠶ︖ ᠡᠨᠡ ᠤᠳᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽︿ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠨᠢᠭᠡ ᠤᠳᠠᠭ᠎ᠠ ᠶᠢᠨ ᠠᠯᠪᠠᠨ ᠬᠡᠷ﹀ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠳᠤ ᠶᠠᠮᠠᠷ ᠶᠠᠮᠠᠷ ᠣᠨᠴᠠᠯᠢᠭ ᠪᠠ ᠬᠢᠯᠠᠰ ᠴᠡᠭ ᠪᠠᠶᠢᠬᠤ ᠪᠣᠶ︖     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠦᠦ ᠵᠢᠶᠠᠨ ᠵᠥᠩ᠄ ︽ᠨᠢᠭᠡ ᠯᠡ ᠤᠳᠠᠭ᠎ᠠ ᠳᠤ ᠰᠢᠢᠳᠪᠦᠷᠢᠯᠡᠨ᠎ᠡ︾ ᠭᠡᠳᠡᠭ ᠨᠢ ᠣᠶᠢᠯᠠᠭᠠᠮᠵᠢᠲᠠᠶ ᠪᠠᠷ ᠬᠡᠯᠡᠪᠡᠯ᠂ ᠳᠠᠷᠤᠶ ᠣᠯᠠᠨ ᠰᠠᠯᠠᠭ᠎ᠠ ᠮᠥᠴᠢᠷ ᠤᠨ ᠰᠢᠢᠳᠪᠤᠷᠢᠯᠡᠵᠤ ᠪᠠᠶᠢᠭ᠎ᠠ ︽ᠳᠠᠩ ᠭᠠᠭᠴᠠ ᠤᠴᠢᠷ ᠶᠠᠪᠤᠳᠠᠯ︾ ᠢ ᠣᠯᠠᠨ ᠲᠦᠮᠡᠨ ᠤ ᠨᠢᠳᠦᠨ ᠳᠤ ᠦᠵᠡᠭᠳᠡᠵᠦ ᠪᠠᠶᠢᠭ᠎ᠠ ︽ᠨᠢᠭᠡ ᠤᠴᠢᠷ︾ ᠪᠣᠯᠭᠠᠵᠤ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠢᠵᠢ ᠬᠦᠰᠦᠨᠦᠭ ᠬᠠᠭᠤᠳᠠᠰᠤ᠂ ᠨᠢᠭᠡ ᠤᠳᠠᠭ᠎ᠠ ᠳᠤ ᠭᠥᠯᠢᠶᠡᠨ ᠠᠪᠴᠤ  ᠰᠢᠢᠳᠪᠤᠷᠢᠯᠡᠬᠦ᠂ ᠨᠢᠭᠡ ᠤᠳᠠᠭ᠎ᠠ ᠳᠤ ᠬᠠᠮᠲᠤᠷᠠᠨ ᠭᠦᠢᠴᠡᠳᠭᠡᠬᠦ᠂ ᠨᠢᠭᠡ ᠤᠳᠠᠭ᠎ᠠ ᠳᠤ ᠭᠦᠶ᠋ᠴᠡᠳᠬᠡᠬᠦ᠂ ᠨᠢᠭᠡ ᠴᠣᠩᠬᠤ ᠪᠠᠷ ᠦᠨᠡᠮᠯᠡᠯ ᠣᠯᠭᠤᠬᠤ︾ ᠪᠢᠲᠡᠭᠦᠦ ᠴᠠᠭᠠᠷᠢᠭ ᠤᠨ ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ ᠠᠵᠢᠯ ᠶᠠᠪᠤᠳᠠᠯ  ᠭᠦᠢᠴᠡᠳᠭᠡᠬᠦ ᠣᠯᠠᠨ ᠲᠦᠮᠡᠨ ᠳᠤ ᠢᠵᠢ ᠤᠶᠢᠯᠡᠴᠢᠯᠡᠭᠡᠨ ᠤ ᠮᠠᠶ᠋ᠢᠭ ᠤᠨ᠂ ᠭᠤᠤᠯ ᠰᠡᠳᠦᠪᠲᠦ ᠮᠠᠶ᠋ᠢᠭ ᠤᠨ ᠬᠤᠷᠠᠮᠠᠯ ᠤᠶᠢᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠢ ︽ᠣᠯᠠᠨ ᠲᠠᠯ᠎ᠠ ᠠᠴᠠ ᠬᠠᠮᠢᠶᠠᠷᠬᠤ︾ ᠶᠢ ︽ᠲᠥᠪᠯᠡᠷᠡᠭᠦᠯᠦᠨ ᠭᠦᠢᠴᠡᠳᠭᠡᠬᠦ︾ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ︽ᠣᠯᠠᠨ ᠤᠳᠠᠭ᠎ᠠ ᠭᠦᠶᠦᠭᠰᠡᠨ︾ ᠢ ︽ᠨᠢᠭᠡ ᠤᠳᠠᠭ᠎ᠠ ᠳᠤ ᠭᠦᠢᠴᠡᠳᠭᠡᠬᠦ︾ ᠪᠣᠯᠭᠠᠨ ᠬᠤᠪᠢᠷᠠᠭᠤᠯᠤᠨ᠎ᠠ᠃ ︽ᠨᠢᠭᠡ ᠯᠡ ᠤᠳᠠᠭ᠎ᠠ ᠳᠤ  ᠭᠦᠢᠴᠡᠳᠭᠡᠬᠦ︾ ᠠᠵᠢᠯ ᠤᠨ ᠬᠡᠷᠡᠭᠵᠢᠭᠦᠯᠬᠦ ᠲᠥᠰᠦᠯ ᠳᠤ 3 ᠵᠤᠶᠢᠯ ᠤᠨ ᠭᠤᠤᠯ ᠠᠵᠢᠯ ᠪᠣᠶ᠃ ᠨᠢᠭᠡ ᠳᠤ ᠥᠪᠡᠷᠲᠡᠭᠡᠨ ᠵᠠᠰᠠᠬᠤ ᠣᠷᠣᠨ ᠠᠴᠠ ︽ᠨᠢᠭᠡ ᠶᠠᠪᠤᠳᠠᠯ︾ ᠤᠨ ᠵᠤᠶᠢᠯᠡᠰ ᠤᠨ ᠨᠠᠷᠢᠨ ᠲᠠᠩᠰᠠ ᠶᠢ ᠨᠢᠭᠡᠳᠦᠯᠲᠡᠶ ᠡᠮᠬᠢᠯᠡᠨ᠎ᠡ᠃ ᠡᠯ᠎ᠡ ᠭᠠᠵᠠᠷ ᠤᠨ ᠬᠢᠨ ᠳᠠᠪᠬᠤᠷᠳᠠᠭᠤᠯᠤᠨ ᠡᠮᠬᠢᠯᠡᠬᠦ ᠠᠴᠠ ᠵᠠᠶᠢᠯᠠᠰᠬᠢᠵᠦ᠂ ᠦᠨᠳᠦᠰᠦᠨ ᠱᠠᠲᠤᠨ ᠤ ᠠᠵᠢᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠡᠯ᠎ᠡ ᠭᠠᠵᠠᠷ ᠤᠨ ᠬᠢᠨ ᠤ ︽ᠨᠢᠭᠡ ᠯᠡ ᠤᠳᠠᠭ᠎ᠠ ᠳᠤ ᠰᠢᠢᠳᠪᠤᠷᠢᠯᠡᠬᠦ︾ ᠶᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠠᠬᠢᠭᠤᠯᠤᠨ᠎ᠠ᠃ ᠬᠤᠶᠠᠷ ᠲᠤ ᠬᠡᠷᠡᠭ ᠡᠷᠬᠢᠯᠡᠬᠦ ᠵᠦᠭᠯᠡᠭᠦᠷ ᠪᠠ ᠴᠤᠪᠤᠷᠠᠯ ᠵᠢᠷᠤᠭ ᠢ ᠨᠢᠭᠡᠳᠦᠯᠲᠡᠶ ᠨᠠᠶᠢᠷᠠᠭᠤᠯᠤᠨ ᠵᠣᠬᠢᠶᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠬᠤᠯᠪᠣᠭᠳᠠᠯ ᠪᠥᠬᠦᠶ ᠪᠠᠷᠢᠮᠵᠢᠶ᠎ᠠ ᠶᠣᠰᠣᠭᠠᠷ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠪᠠ ᠴᠤᠪᠤᠷᠠᠯ ᠵᠢᠷᠤᠭ ᠢ ᠪᠣᠶ ᠪᠣᠯᠭᠠᠵᠤ᠂ ᠡᠯ᠎ᠡ ᠭᠠᠵᠠᠷ ᠤᠨ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠤᠨ ᠬᠦᠴᠦᠨ ᠵᠤᠶᠢᠯ ᠨᠢᠭᠡᠳᠦᠯ ᠥᠬᠡᠶ᠂ ᠮᠡᠳᠡᠭᠳᠡᠭᠰᠡᠨ ᠨᠢ ᠪᠣᠳᠠᠲᠠᠶᠢᠵᠢᠭᠰᠠᠨ ᠥᠬᠡᠶ᠂ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠭᠰᠠᠨ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠣᠯᠠᠨ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠨ᠎ᠡ᠃ ᠭᠤᠷᠪᠠ ᠳᠤ ᠣᠷᠣᠨ ᠨᠤᠲᠤᠭ ᠤᠨ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠨ᠎ᠠ᠃ ᠡᠯ᠎ᠡ ᠭᠠᠵᠠᠷ ᠤᠨ ︽ᠨᠢᠭᠡ ᠯᠡ ᠤᠳᠠᠭ᠎ᠠ ᠳᠤ ᠰᠢᠢᠳᠪᠤᠷᠢᠯᠡᠬᠦ︾ ᠠᠵᠢᠯ ᠢ ᠬᠠᠮᠤᠭ ᠤᠨ ᠶᠡᠭᠡ ᠬᠡᠮᠵᠢᠶ᠎ᠡ ᠪᠠᠷ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠲᠠᠨ ᠢ ᠬᠠᠪᠰᠤᠷᠤᠨ ᠭᠦᠢᠴᠡᠳᠭᠡᠬᠦ︾ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠭᠤᠤᠯᠳᠠᠭᠤ ᠠᠵᠤ ᠠᠬᠤᠶᠢᠯᠠᠯ ᠪᠠ ᠣᠯᠠᠨ ᠲᠦᠮᠡᠨ ᠢ ᠬᠠᠪᠰᠤᠷᠴᠤ ᠪᠠᠶᠢᠭᠠᠳ ᠶᠠᠮᠠᠷ ᠠᠰᠠᠭᠤᠳᠠᠯ ᠢ ᠰᠢᠢᠳᠪᠤᠷᠢᠯᠡᠬᠦ ᠭᠡᠵᠦ ᠪᠠᠶᠢᠭ᠎ᠠ ᠪᠣᠶ︖ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠠᠯᠢ ᠠᠯᠢ ᠭᠠᠵᠠᠷ ᠣᠷᠣᠨ ᠳᠤ ᠨᠢᠭᠡᠨᠲᠡ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠲᠠᠨ ᠢ ᠬᠠᠪᠰᠤᠷᠤᠨ ᠭᠦᠢᠴᠡᠳᠭᠡᠬᠦ︾  ᠤᠶᠢᠯᠡᠴᠢᠯᠡᠭᠡ ᠥᠷᠨᠢᠭᠦᠯᠵᠦ᠂ ᠠᠯᠢ ᠠᠯᠢ ᠲᠥᠷᠥᠯ ᠵᠤᠶᠢᠯ ᠢ ᠪᠣᠳᠠᠲᠠᠶ ᠪᠠᠷ ᠣᠷᠣᠯᠠᠨ ᠭᠦᠢᠴᠡᠳᠬᠡᠬᠦ ᠪᠠ ᠬᠠᠪᠰᠤᠷᠤᠨ ᠭᠦᠢᠴᠡᠳᠭᠡᠬᠦ ᠪᠣᠶ︖      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠦᠦ ᠵᠢᠶᠠᠨ ᠵᠥᠩ᠄ ︽ᠲᠠᠨ ᠢ ᠬᠠᠪᠰᠤᠷᠤᠨ ᠭᠦᠢᠴᠡᠳᠭᠡᠬᠦ︾ ᠭᠡᠳᠡᠭ ᠨᠢ ᠳᠠᠷᠤᠶ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠤᠶᠢᠯ ᠤᠨ ᠣᠷᠣᠯᠠᠨ ᠭᠦᠢᠴᠡᠳᠭᠡᠬᠦ ᠬᠠᠪᠰᠤᠷᠤᠨ ᠭᠦᠶ᠋ᠴᠡᠳᠬᠡᠬᠦ ᠤᠶᠢᠯᠡᠴᠢᠯᠡᠭᠡ ᠶᠢ ᠵᠢᠭᠠᠵᠤ ᠪᠣᠶ᠃ ᠪᠢᠳᠡ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠶᠡᠭᠡ ᠲᠢᠩᠬᠢᠮ ᠳᠤ ᠲᠤᠰᠬᠠᠶ ᠣᠷᠣᠯᠠᠨ ᠭᠦᠢᠴᠡᠳᠭᠡᠬᠦ ᠡᠩᠨᠡᠭᠡ ᠳᠣᠭᠢᠷᠠᠭᠤᠯᠵᠤ᠂ ᠲᠤᠰᠬᠠᠶ ᠴᠣᠩᠬᠤ ᠳᠣᠭᠢᠷᠠᠭᠤᠯᠤᠨ᠂ ᠭᠤᠤᠯᠳᠠᠯᠭ᠎ᠠ ᠲᠠᠢ ᠲᠥᠷᠥᠯ ᠵᠤᠶᠢᠯ ᠤᠨ ᠭᠤᠶᠤᠴᠢᠯᠠᠭᠴᠢ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠵᠣᠬᠢᠴᠠᠭᠤᠯᠤᠨ ᠠᠬᠢᠭᠤᠯᠬᠤ᠂ ᠬᠠᠮᠵᠢᠯᠴᠠᠨ ᠭᠦᠢᠴᠡᠳᠭᠡᠵᠤ ᠬᠠᠪᠰᠤᠷᠤᠨ ᠭᠦᠢᠴᠡᠳᠭᠡᠬᠦ ᠵᠡᠷᠭᠡ ᠤᠶᠢᠯᠡᠴᠢᠯᠡᠭᠡ ᠬᠠᠩᠭᠠᠵᠤ᠂ ᠲᠥᠷᠥᠯ ᠵᠤᠶᠢᠯ ᠢ ᠡᠷᠲᠡ ᠪᠠᠶᠢᠭᠤᠯᠬᠤ᠂ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ︽ᠲᠠᠨ ᠢ ᠬᠠᠪᠰᠤᠷᠤᠨ ᠡᠷᠭᠢᠯᠡᠬᠦ︾ ᠶᠢ ᠬᠡᠷᠡᠭᠵᠢᠭᠦᠯᠬᠦ ᠬᠡᠪᠴᠢᠶ᠎ᠡ ᠪᠣᠯ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠬᠠᠤᠯᠢ ᠶᠣᠰᠣᠭᠠᠷ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ︵ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ᠂ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠪᠠᠭᠲᠠᠨ᠎ᠠ︶ ᠪᠣᠯᠤᠨ᠎ᠠ᠃ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠲᠥᠷᠥᠯ ᠵᠤᠶᠢᠯ  ᠳᠤ ᠭᠤᠤᠯᠳᠠᠭᠤ 3 ᠲᠥᠷᠥᠯ ᠪᠠᠭᠲᠠᠨ᠎ᠠ᠄ ᠨᠢᠭᠡ ᠳᠤ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠤᠤᠯᠳᠠᠯᠭ᠎ᠠ ᠲᠠᠢ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠤᠶᠢᠯ︔ ᠬᠤᠶᠠᠷ ᠲᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠬᠤᠯᠠ ᠶᠡᠭᠡ ᠲᠥᠷᠥᠯ ᠵᠤᠶᠢᠯ︔ ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦᠯ᠂ ᠤᠯᠤᠰ ᠠᠴᠠ ᠵᠣᠷᠢᠭᠵᠢᠭᠤᠯᠬᠤ ᠲᠦᠷᠦᠯ ᠵᠡᠷᠭᠡ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ᠃ ᠪᠠᠯᠠ ᠣᠷᠣᠭᠤᠯᠤᠯᠲᠠ ᠶᠢᠨ ᠲᠥᠷᠥᠯ ᠵᠤᠶᠢᠯ ᠤᠨ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠤᠶᠢᠯᠡᠴᠢᠯᠡᠭᠡ ᠳᠤ ︽ᠱᠠᠲᠤ ᠬᠤᠪᠢᠶᠠᠨ ᠭᠦᠢᠴᠡᠳᠭᠡᠬᠦ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠳᠤᠨᠢ ᠶᠠᠪᠤᠭᠳᠠᠭᠤᠯᠬᠤ︾ ᠠᠷᠭ᠎ᠠ ᠮᠠᠶ᠋ᠢᠭ ᠢ ᠬᠡᠷᠡᠭᠯᠡᠨ᠎ᠡ᠃ ᠰᠦᠯᠵᠢᠶᠡᠨ ᠭᠠᠳᠠᠨ᠎ᠠ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠶᠡᠭᠡ ᠲᠢᠩᠬᠢᠮ ᠳᠤ ᠲᠦᠰᠢᠭᠯᠡᠨ ︽ᠲᠠᠨ ᠢ ᠬᠠᠪᠰᠤᠷᠤᠨ ᠭᠦᠢᠴᠡᠳᠭᠡᠬᠦ︾ ᠴᠣᠩᠬᠤ ᠭᠠᠷᠭᠠᠵᠤ᠂ ᠰᠦᠯᠵᠢᠶᠡᠨ ᠳᠡᠭᠡᠷ᠎ᠡ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠰᠦᠯᠵᠢᠶ᠎ᠡ᠂ ︽ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ ᠰᠢᠯᠵᠢᠮᠡᠯ ᠦᠵᠦᠭᠦᠷ ᠲᠤ ᠲᠦᠰᠢᠭᠯᠡᠨ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ︽ᠲᠠᠨ ᠢ ᠬᠠᠪᠰᠤᠷᠤᠨ ᠭᠦᠢᠴᠡᠳᠭᠡᠬᠦ︾ ᠲᠤᠰᠬᠠᠶ ᠪᠤᠯᠤᠩ ᠭᠠᠷᠭᠠᠵᠤ᠂ ᠭᠤᠶᠤᠴᠢᠯᠠᠭᠴᠢ ᠳᠤ ᠵᠥᠪᠯᠡᠯᠭᠡ ᠥᠭᠬᠦ᠂ ᠵᠢᠭᠠᠨ ᠵᠢᠯᠣᠭᠤᠳᠬᠤ᠂ ᠵᠣᠬᠢᠴᠠᠭᠤᠯᠬᠤ ᠪᠠ ᠳᠠᠭᠠᠭᠤᠯᠤᠨ ᠭᠦᠢᠴᠡᠳᠭᠡᠬᠦ ᠵᠡᠷᠭᠡ ᠪᠥᠬᠦ ᠲᠠᠯ᠎ᠠ ᠶᠢᠨ ᠤᠶᠢᠯᠡᠴᠢᠯᠡᠭᠡ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ 22 ᠤᠶᠢᠯᠡᠴᠢᠯᠡᠭᠡᠨ ᠤ ᠵᠤᠶᠢᠯᠡᠰ ᠢ ᠨᠢᠭᠡᠳᠦᠯᠲᠡᠶ ᠡᠮᠬᠢᠯᠡᠨ ᠨᠡᠶᠢᠲᠡᠯᠡᠵᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠴᠤᠪᠤᠷᠠᠯ ᠵᠢᠷᠤᠭ ᠤᠨ ᠵᠢᠱᠢᠶ᠎ᠡ ᠦᠵᠡᠭᠦᠯᠬᠦ ᠪᠢᠴᠢᠭ᠂ ᠭᠤᠶᠤᠴᠢᠯᠠᠯ ᠤᠨ ᠬᠦᠰᠦᠨᠦᠭᠲᠦ᠂ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠵᠡᠷᠭᠡ ᠴᠢᠬᠤᠯᠠ ᠨᠥᠬᠦᠴᠡᠯ ᠢ ᠳᠠᠷᠤᠮᠠᠯᠯᠠᠨ ᠲᠠᠷᠬᠠᠭᠠᠵᠤ᠂ ᠭᠤᠶᠤᠴᠢᠯᠠᠬᠤ ᠠᠴᠠ ᠭᠦᠢᠴᠡᠳᠬᠡᠵᠦ ᠳᠠᠭᠤᠰᠬᠠᠬᠤ ᠬᠦᠷᠲᠡᠯᠡᠬᠢ ᠪᠥᠬᠦ ᠴᠤᠪᠤᠷᠠᠯ ᠢ ᠬᠠᠮᠤᠷᠬᠤ ᠶᠢ ᠪᠡᠶᠡᠯᠡᠭᠦᠯᠵᠦ᠂ ᠲᠥᠷᠥᠯ ᠵᠤᠶᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠣᠶᠢᠷ᠎ᠠ ᠶᠢᠨ ᠵᠢᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠢᠳᠡ ᠦᠨᠡᠨ ᠬᠦ ᠰᠡᠷᠡᠵᠦ ᠮᠡᠳᠡᠭᠰᠡᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯ ᠨᠢᠭᠡ ᠤᠳᠠᠭ᠎ᠠ ᠶᠢᠨ ᠭᠦᠨᠵᠡᠭᠡᠢ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ᠲᠦᠷᠢᠮ ᠤᠨ ᠰᠢᠨ᠎ᠡ ᠡᠭᠦᠳᠦᠯᠲᠡ ᠪᠣᠯᠤᠨ᠎ᠠ᠂ ᠰᠠᠭᠤᠷᠢ ᠴᠢᠨᠠᠷᠲᠠᠢ᠂ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠤᠨ᠎ᠠ᠂ ᠡᠭᠦᠷᠭᠡ ᠬᠦᠨᠳᠦ ᠵᠠᠮ ᠬᠤᠯᠠ ᠪᠠᠶᠢᠨ᠎ᠠ᠂ ᠭᠠᠭᠴᠠᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠦᠷᠢᠮ ᠤᠨ ᠰᠢᠨ᠎ᠡ ᠡᠭᠦᠳᠦᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠡᠳᠦᠷ ᠳᠤᠳᠤᠮ ᠤᠨ ᠠᠵᠢᠯ ᠤᠨ ᠲᠠᠯ᠎ᠠ ᠪᠦᠬᠦᠨ ᠳᠤ ᠨᠠᠶᠢᠳᠠᠪᠤᠷᠢᠵᠢᠭᠤᠯᠪᠠᠯ ᠰᠠᠶ᠋ᠢ        ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠵᠦ ᠴᠢᠳᠠᠨ᠎ᠠ᠃      ᠬᠥᠲᠥᠯᠥᠭᠴᠢ᠄ ᠵᠠ᠃ ᠪᠦᠦ ᠲᠣᠪᠴᠢᠶᠠᠨ ᠳᠠᠷᠤᠭ᠎ᠠ ᠶᠢᠨ ᠬᠠᠯᠠᠰᠢᠷᠠᠯ ᠥᠬᠡᠶ ᠬᠠᠷᠢᠭᠤᠯᠤᠭᠰᠠᠨ ᠳᠤ ᠲᠠᠯᠠᠷᠬᠠᠵᠤ ᠪᠠᠶᠢᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠲᠣᠰ ᠬᠤᠭᠤᠴᠠᠭᠠᠨ ᠤ ᠫᠷᠤᠭ᠍ᠷᠠᠮ ᠢ ᠭᠥᠯᠢᠶᠡᠨ ᠠᠪᠴᠤ ᠦᠵᠡᠭᠰᠡᠨ ᠳᠤ ᠴᠦ ᠲᠠᠯᠠᠷᠬᠠᠵᠤ ᠪᠠᠶᠢᠨ᠎ᠠ︕ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭ᠎ᠠ ᠬᠤᠭᠤᠴᠠᠭᠠᠨ ᠤ ᠫᠷᠤᠭ᠍ᠷᠠᠮ ᠳᠤ ᠪᠠᠶᠠᠷᠲᠠᠶ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠪᠦᠦ ᠵᠢᠶᠠᠨ ᠵᠥᠩ᠄  ᠪᠠᠶᠠᠷᠲᠠᠶ︕                         ᠣᠷᠴᠢᠭᠤᠯᠤᠭᠴᠢ᠄ ᠡᠷᠳᠡᠨᠢᠭᠤᠸ᠎ᠠ   ᠨᠠᠷᠠᠰᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3