︽ᠵᠡᠮᠳᠡᠭᠴᠦᠳ ᠢ ᠬᠠᠪᠰᠤᠷᠤᠨ ᠲᠤᠰᠠᠯᠠᠭᠰᠠᠨ︾ ᠪᠡᠯᠡᠭᠯᠡᠨ ᠬᠦᠷᠭᠡᠭᠰᠡᠨ ᠪᠠᠶᠢᠳᠠᠯ ᠤᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/5/18
     ᠮᠠᠨ ᠤ ᠰᠢᠶᠠᠨ ᠤ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠵᠡᠮᠳᠡᠭᠴᠦᠳ ᠤᠨ ᠦᠢᠯᠡᠰ ᠢ ᠳᠡᠮᠵᠢᠨ ᠲᠤᠰᠠᠯᠠᠬᠤ ᠶᠢᠨ ᠲᠥᠯᠥᠭᠡ᠂ ᠰᠢᠩ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ 2021 ᠣᠨ ᠤ 5 ᠰᠠᠷ᠎ᠠ ᠶᠢᠨ 16᠎ ᠤ ᠦᠳᠡ ᠶᠢᠨ ᠡᠮᠦᠨ᠎ᠡ ᠵᠢᠴᠢ ᠭᠤᠴᠢᠨ ᠨᠢᠭᠡᠳᠦᠭᠡᠷ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠲᠤ ︽ᠵᠡᠮᠳᠡᠭᠴᠦᠳ ᠢ ᠬᠠᠯᠠᠮᠵᠢᠯᠠᠨ ᠲᠤᠰᠠᠯᠠᠬᠤ︾ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ︽ᠵᠡᠮᠳᠡᠭᠴᠦᠳ ᠢ ᠬᠠᠪᠰᠤᠷᠬᠤ︾ ᠬᠠᠨᠳᠢᠪᠯᠠᠬᠤ ᠠᠵᠢᠯᠯᠠᠭ᠎ᠠ ᠨᠢ ᠮᠠᠨ ᠤ ᠰᠢᠶᠠᠨ ᠤ ᠬᠡᠰᠡᠭ ᠬᠠᠯᠠᠭᠤᠨ ᠰᠡᠳᠬᠢᠯᠲᠦ ᠠᠵᠤ ᠠᠬᠤᠶᠢᠯᠠᠯ ᠤᠨ ᠬᠠᠯᠠᠭᠤᠨ ᠬᠦᠷᠢᠶᠡᠯᠡᠯ ᠪᠠ ᠬᠦᠴᠦᠲᠡᠶ ᠳᠡᠮᠵᠢᠯᠭᠡ ᠶᠢ ᠣᠯᠤᠭᠰᠠᠨ ᠪᠠᠶᠢᠨ᠎ᠠ᠃ ᠣᠳᠣ ᠵᠣᠭᠤᠰ ᠬᠠᠨᠳᠢᠪᠯᠠᠭᠰᠠᠨ ᠠᠵᠤ ᠠᠬᠤᠶᠢᠯᠠᠯ ᠤᠨ ᠨᠡᠷᠡᠰ ᠢ ᠵᠠᠷᠯᠠᠨ ᠨᠡᠶᠢᠲᠡᠯᠡᠶ᠎ᠡ᠄᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠩ ᠾᠧ ᠰᠢᠶᠠᠨ ᠤ ᠰᠠᠯᠪᠤᠷᠢ ᠪᠠᠩᠬᠢ 2000 ᠲᠥᠭᠦᠷᠢᠭ ᠬᠠᠨᠳᠢᠪᠯᠠᠪᠠ︔      ᠥᠪᠥᠷ ᠮᠣᠩᠭᠤᠯ ᠤᠨ ᠰᠢᠩ ᠾᠧ ᠰᠢᠶᠠᠨ ᠤ ᠹᠧᠩ ᠬᠤᠸᠠ ᠲᠦᠭᠡᠭᠡᠯ ᠤᠰᠤᠨ ᠤ ᠬᠢᠵᠠᠭᠠᠷᠲᠤ ᠺᠣᠮᠫᠠᠨᠢ 1000 ᠲᠥᠭᠦᠷᠢᠭ ᠬᠠᠨᠳᠢᠪᠯᠠᠪᠠ︔      ᠰᠢᠩ ᠾᠧ ᠰᠢᠶᠠᠨ ᠤ ᠰᠤᠮᠤᠨ ᠠᠭᠤᠯᠠ ᠶᠢᠨ ᠵᠢᠭᠤᠯᠴᠢᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 5000 ᠲᠥᠭᠦᠷᠢᠭ ᠬᠠᠨᠳᠢᠪᠯᠠᠪᠠ︔      ᠥᠪᠥᠷ ᠮᠣᠩᠭᠤᠯ ᠤᠨ ᠰᠢᠩ ᠵᠢᠶᠧ ᠪᠠᠶᠢᠭᠠᠯᠢ ᠶᠢᠨ ᠰᠢᠲᠠᠮᠠᠬᠠᠶ ᠬᠡᠢ ᠶᠢᠨ ᠬᠢᠵᠠᠭᠠᠷᠲᠤ ᠺᠣᠮᠫᠠᠨᠢ 5000 ᠲᠥᠭᠦᠷᠢᠭ ᠬᠠᠨᠳᠢᠪᠯᠠᠪᠠ︔      ᠰᠢᠩ ᠾᠧ ᠰᠢᠶᠠᠨ ᠤ ᠭᠤᠸᠠᠩ ᠢᠦᠶ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ 1000 ᠲᠥᠭᠦᠷᠢᠭ ᠬᠠᠨᠳᠢᠪᠯᠠᠪᠠ︔      ᠰᠢᠩ ᠾᠧ ᠰᠢᠶᠠᠨ ᠤ ᠱᠠᠨ ᠾᠧ ᠣᠨᠴᠠᠭᠠᠢ ᠪᠣᠯᠣᠳ ᠲᠡᠮᠦᠷ ᠤᠨ ᠬᠢᠵᠠᠭᠠᠷᠲᠤ ᠺᠣᠮᠫᠠᠨᠢ 3000 ᠲᠥᠭᠦᠷᠢᠭ ᠬᠠᠨᠳᠢᠪᠯᠠᠪᠠ᠃      ᠰᠢᠩ ᠾᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠪᠦᠬᠦ ᠰᠢᠶᠠᠨ ᠤ ᠵᠡᠮᠳᠡᠭᠴᠦᠳ ᠢ ᠲᠥᠯᠥᠭᠡᠯᠡᠨ ᠠᠵᠤ ᠠᠬᠤᠶᠢᠯᠠᠯ ᠤᠨ ᠰᠢᠩ ᠾᠧ ᠰᠢᠶᠠᠨ ᠤ ᠵᠡᠮᠳᠡᠭᠴᠦᠳ ᠤᠨ ᠦᠢᠯᠡᠰ ᠲᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠵᠤ᠂ ᠠᠵᠢᠯ ᠦᠢᠯᠡᠰ ᠨᠢ ᠬᠥᠭᠵᠢᠨ ᠮᠠᠨᠳᠤᠬᠤ ᠶᠢ ᠴᠢᠩ ᠰᠡᠳᠬᠢᠯ ᠠᠴᠠ ᠪᠠᠨ ᠵᠥᠩᠨᠡᠪᠡ︕ ᠨᠡᠩ ᠤᠯᠠᠨ ᠠᠵᠤ ᠠᠬᠤᠶᠢᠯᠠᠯ ᠪᠣᠯᠤᠨ ᠬᠠᠯᠠᠭᠤᠨ ᠰᠡᠳᠬᠢᠯᠲᠦ ᠬᠥᠮᠦᠰ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠦᠢᠯᠡᠰ ᠲᠤ ᠣᠷᠣᠯᠴᠠᠵᠤ᠂ ᠦᠷᠳᠡᠭ ᠢᠶᠠᠨ ᠢᠯᠡᠷᠡᠭᠦᠯᠵᠦ᠂ ᠬᠠᠶᠢᠷ᠎ᠠ ᠪᠠᠨ ᠡᠷᠭᠦᠬᠦ ᠶᠢ ᠬᠦᠰᠡᠵᠦ ᠪᠠᠶᠢᠨ᠎ᠠ︕      ᠳᠡᠭᠡᠷᠡᠬᠢ ᠬᠠᠨᠳᠢᠪᠯᠠᠭᠰᠠᠨ ᠵᠣᠭᠤᠰ ᠢ ᠪᠦᠬᠦᠨ ᠢ ᠵᠡᠮᠳᠡᠭᠴᠦᠳ ᠤᠨ ᠠᠵᠢᠯ ᠣᠯᠵᠤ ᠦᠢᠯᠡᠰ ᠪᠤᠰᠬᠠᠬᠤ᠂ ᠡᠷᠡᠭᠦᠯᠵᠢᠯ᠂ ᠪᠣᠯᠪᠠᠰᠤᠷᠠᠯ ᠵᠡᠷᠭᠡ ᠵᠡᠮᠳᠡᠭᠴᠦᠳ ᠢ ᠲᠤᠰᠠᠯᠠᠬᠤ ᠲᠥᠷᠥᠯ ᠵᠦᠢᠯ ᠳᠤ ᠬᠡᠷᠡᠭᠯᠡᠵᠦ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠬᠦᠯᠢᠶᠡᠨ᠎ᠡ᠃      ᠰᠢᠩ ᠾᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ᠃ 2021 ᠣᠨ ᠤ 5 ᠳ᠋ᠤᠭᠠᠷ ᠰᠠᠷ᠎ᠠ ᠶᠢᠨ 16᠎ ᠤ ᠡᠳᠦᠷ᠃                       ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3