ᠮᠠᠨ ᠤ ᠰᠢᠶᠠᠨ ᠤ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ | ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠵᠡᠮᠳᠡᠭᠴᠦᠳ ᠤᠨ ᠦᠢᠯᠡᠰ ᠢ ᠳᠡᠮᠵᠢᠨ ᠲᠤᠰᠠᠯᠠᠬᠤ ᠶᠢᠨ | ᠲᠥᠯᠥᠭᠡ᠂ ᠰᠢᠩ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ 2021 ᠣᠨ ᠤ 5 ᠰᠠᠷ᠎ᠠ ᠶᠢᠨ 16 ᠤ | ᠦᠳᠡ ᠶᠢᠨ ᠡᠮᠦᠨ᠎ᠡ ᠵᠢᠴᠢ ᠭᠤᠴᠢᠨ ᠨᠢᠭᠡᠳᠦᠭᠡᠷ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠲᠤ ︽ | ᠵᠡᠮᠳᠡᠭᠴᠦᠳ ᠢ ᠬᠠᠯᠠᠮᠵᠢᠯᠠᠨ ᠲᠤᠰᠠᠯᠠᠬᠤ︾ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ︽ | ᠵᠡᠮᠳᠡᠭᠴᠦᠳ ᠢ ᠬᠠᠪᠰᠤᠷᠬᠤ︾ ᠬᠠᠨᠳᠢᠪᠯᠠᠬᠤ ᠠᠵᠢᠯᠯᠠᠭ᠎ᠠ ᠨᠢ ᠮᠠᠨ ᠤ ᠰᠢᠶᠠᠨ ᠤ ᠬᠡᠰᠡᠭ ᠬᠠᠯᠠᠭᠤᠨ ᠰᠡᠳᠬᠢᠯᠲᠦ | ᠠᠵᠤ ᠠᠬᠤᠶᠢᠯᠠᠯ ᠤᠨ ᠬᠠᠯᠠᠭᠤᠨ ᠬᠦᠷᠢᠶᠡᠯᠡᠯ ᠪᠠ ᠬᠦᠴᠦᠲᠡᠶ ᠳᠡᠮᠵᠢᠯᠭᠡ ᠶᠢ ᠣᠯᠤᠭᠰᠠᠨ ᠪᠠᠶᠢᠨ᠎ᠠ᠃ ᠣᠳᠣ ᠵᠣᠭᠤᠰ | ᠬᠠᠨᠳᠢᠪᠯᠠᠭᠰᠠᠨ ᠠᠵᠤ ᠠᠬᠤᠶᠢᠯᠠᠯ ᠤᠨ ᠨᠡᠷᠡᠰ ᠢ ᠵᠠᠷᠯᠠᠨ ᠨᠡᠶᠢᠲᠡᠯᠡᠶ᠎ᠡ᠄᠃ ᠳᠤᠮᠳᠠᠳᠤ ᠤᠯᠤᠰ ᠤᠨ ᠲᠠᠷᠢᠶᠠᠯᠠᠩ ᠤᠨ | ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠩ ᠾᠧ ᠰᠢᠶᠠᠨ ᠤ ᠰᠠᠯᠪᠤᠷᠢ ᠪᠠᠩᠬᠢ 2000 | ᠲᠥᠭᠦᠷᠢᠭ ᠬᠠᠨᠳᠢᠪᠯᠠᠪᠠ︔ | ᠥᠪᠥᠷ ᠮᠣᠩᠭᠤᠯ ᠤᠨ ᠰᠢᠩ ᠾᠧ ᠰᠢᠶᠠᠨ ᠤ ᠹᠧᠩ ᠬᠤᠸᠠ ᠲᠦᠭᠡᠭᠡᠯ ᠤᠰᠤᠨ ᠤ ᠬᠢᠵᠠᠭᠠᠷᠲᠤ ᠺᠣᠮᠫᠠᠨᠢ | 1000 ᠲᠥᠭᠦᠷᠢᠭ ᠬᠠᠨᠳᠢᠪᠯᠠᠪᠠ︔ | ᠰᠢᠩ ᠾᠧ ᠰᠢᠶᠠᠨ ᠤ ᠰᠤᠮᠤᠨ ᠠᠭᠤᠯᠠ ᠶᠢᠨ ᠵᠢᠭᠤᠯᠴᠢᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | 5000 ᠲᠥᠭᠦᠷᠢᠭ ᠬᠠᠨᠳᠢᠪᠯᠠᠪᠠ︔ | ᠥᠪᠥᠷ ᠮᠣᠩᠭᠤᠯ ᠤᠨ ᠰᠢᠩ ᠵᠢᠶᠧ ᠪᠠᠶᠢᠭᠠᠯᠢ ᠶᠢᠨ ᠰᠢᠲᠠᠮᠠᠬᠠᠶ ᠬᠡᠢ ᠶᠢᠨ ᠬᠢᠵᠠᠭᠠᠷᠲᠤ ᠺᠣᠮᠫᠠᠨᠢ 5000 | ᠲᠥᠭᠦᠷᠢᠭ ᠬᠠᠨᠳᠢᠪᠯᠠᠪᠠ︔ | ᠰᠢᠩ ᠾᠧ ᠰᠢᠶᠠᠨ ᠤ ᠭᠤᠸᠠᠩ ᠢᠦᠶ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ 1000 ᠲᠥᠭᠦᠷᠢᠭ | ᠬᠠᠨᠳᠢᠪᠯᠠᠪᠠ︔ | ᠰᠢᠩ ᠾᠧ ᠰᠢᠶᠠᠨ ᠤ ᠱᠠᠨ ᠾᠧ ᠣᠨᠴᠠᠭᠠᠢ ᠪᠣᠯᠣᠳ ᠲᠡᠮᠦᠷ ᠤᠨ ᠬᠢᠵᠠᠭᠠᠷᠲᠤ ᠺᠣᠮᠫᠠᠨᠢ 3000 | ᠲᠥᠭᠦᠷᠢᠭ ᠬᠠᠨᠳᠢᠪᠯᠠᠪᠠ᠃ | ᠰᠢᠩ ᠾᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠪᠦᠬᠦ ᠰᠢᠶᠠᠨ ᠤ ᠵᠡᠮᠳᠡᠭᠴᠦᠳ ᠢ | ᠲᠥᠯᠥᠭᠡᠯᠡᠨ ᠠᠵᠤ ᠠᠬᠤᠶᠢᠯᠠᠯ ᠤᠨ ᠰᠢᠩ ᠾᠧ ᠰᠢᠶᠠᠨ ᠤ ᠵᠡᠮᠳᠡᠭᠴᠦᠳ ᠤᠨ ᠦᠢᠯᠡᠰ ᠲᠤ ᠦᠵᠡᠭᠦᠯᠦᠭᠰᠡᠨ | ᠳᠡᠮᠵᠢᠯᠭᠡ ᠳᠤ ᠲᠠᠯᠠᠷᠬᠠᠵᠤ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠵᠤ᠂ ᠠᠵᠢᠯ | ᠦᠢᠯᠡᠰ ᠨᠢ ᠬᠥᠭᠵᠢᠨ ᠮᠠᠨᠳᠤᠬᠤ ᠶᠢ ᠴᠢᠩ ᠰᠡᠳᠬᠢᠯ ᠠᠴᠠ ᠪᠠᠨ ᠵᠥᠩᠨᠡᠪᠡ︕ ᠨᠡᠩ ᠤᠯᠠᠨ ᠠᠵᠤ ᠠᠬᠤᠶᠢᠯᠠᠯ | ᠪᠣᠯᠤᠨ ᠬᠠᠯᠠᠭᠤᠨ ᠰᠡᠳᠬᠢᠯᠲᠦ ᠬᠥᠮᠦᠰ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠦᠢᠯᠡᠰ ᠲᠤ | ᠣᠷᠣᠯᠴᠠᠵᠤ᠂ ᠦᠷᠳᠡᠭ ᠢᠶᠠᠨ ᠢᠯᠡᠷᠡᠭᠦᠯᠵᠦ᠂ ᠬᠠᠶᠢᠷ᠎ᠠ ᠪᠠᠨ ᠡᠷᠭᠦᠬᠦ ᠶᠢ ᠬᠦᠰᠡᠵᠦ ᠪᠠᠶᠢᠨ᠎ᠠ︕ | ᠳᠡᠭᠡᠷᠡᠬᠢ ᠬᠠᠨᠳᠢᠪᠯᠠᠭᠰᠠᠨ ᠵᠣᠭᠤᠰ ᠢ ᠪᠦᠬᠦᠨ ᠢ ᠵᠡᠮᠳᠡᠭᠴᠦᠳ ᠤᠨ ᠠᠵᠢᠯ ᠣᠯᠵᠤ ᠦᠢᠯᠡᠰ ᠪᠤᠰᠬᠠᠬᠤ᠂ | ᠡᠷᠡᠭᠦᠯᠵᠢᠯ᠂ ᠪᠣᠯᠪᠠᠰᠤᠷᠠᠯ ᠵᠡᠷᠭᠡ ᠵᠡᠮᠳᠡᠭᠴᠦᠳ ᠢ ᠲᠤᠰᠠᠯᠠᠬᠤ ᠲᠥᠷᠥᠯ ᠵᠦᠢᠯ ᠳᠤ ᠬᠡᠷᠡᠭᠯᠡᠵᠦ᠂ ᠬᠠᠶᠢᠷ᠎ᠠ | ᠬᠠᠯᠠᠮᠵᠢ ᠶᠢᠨ ᠠᠵᠤ ᠠᠬᠤᠶᠢᠯᠠᠯ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠬᠦᠯᠢᠶᠡᠨ᠎ᠡ᠃ | ᠰᠢᠩ ᠾᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ᠃ 2021 ᠣᠨ ᠤ 5 ᠳ᠋ᠤᠭᠠᠷ ᠰᠠᠷ᠎ᠠ ᠶᠢᠨ | 16 ᠤ ᠡᠳᠦᠷ᠃ | | ᠣᠷᠴᠢᠭᠤᠯᠤᠭᠴᠢ᠄ ᠡᠷᠳᠡᠨᠢᠭᠤᠸ᠎ᠠ ᠨᠠᠷᠠᠰᠤ |