ᠮᠠᠨ ᠤ ᠰᠢᠶᠠᠨ ︽5 . 18 ᠣᠯᠠᠨ ᠤᠯᠤᠰ ᠤᠨ ᠮᠦᠽᠧᠶ ᠶᠢᠨ ᠡᠳᠦᠷ︾ ︽5 . 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/5/19
     5 ᠰᠠᠷ᠎ᠠ ᠶᠢᠨ 18᠎ ᠤ ᠡᠳᠦᠷ᠂ ᠮᠠᠨ ᠤ ᠰᠢᠶᠠᠨ ︽5 . 18 ᠣᠯᠠᠨ ᠤᠯᠤᠰ ᠤᠨ ᠮᠦᠽᠧᠶ ᠶᠢᠨ ᠡᠳᠦᠷ︾ ᠂ ︽5 . 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠠᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠰᠢᠶᠤᠤ ᠹᠧᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠢ ᠰᠢᠶᠤᠤ ᠬᠤᠢ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠨ ᠯᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠠᠵᠢᠯᠯᠠᠭ᠎ᠠ ᠶᠢᠨ ᠳᠤᠮᠳᠠ ᠵᠢᠭᠠᠵᠤ ᠭᠠᠷᠭᠠᠭᠰᠠᠨ ᠨᠢ᠂ ᠰᠢᠩ ᠾᠧ ᠰᠢᠶᠠᠨ ᠥᠨᠢ ᠤᠳᠠᠭᠠᠨ ᠲᠡᠦᠬᠡ ᠲᠠᠢ᠂ ᠬᠢᠯᠢ ᠶᠢᠨ ᠳᠣᠲᠣᠷ᠎ᠠ ᠵᠣᠣ ᠤᠯᠤᠰ ᠤᠨ ᠣᠷᠳᠣ ᠴᠠᠭᠠᠨ ᠬᠡᠷᠡᠮ᠂ ᠴᠢᠨ ᠤᠯᠤᠰ ᠤᠨ ᠣᠷᠳᠣ ᠴᠠᠭᠠᠨ ᠬᠡᠷᠡᠮ᠂ ᠳᠠᠯᠠᠨ ᠬᠠᠷ᠎ᠠ ᠠᠭᠤᠯᠠ ᠶᠢᠨ ᠬᠠᠲᠠᠨ ᠰᠡᠶᠢᠯᠦᠮᠡᠯ ᠵᠡᠷᠭᠡ ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠪᠠᠭᠤᠷᠢ 245᠂ ᠪᠣᠳᠠᠰ ᠤᠨ ᠪᠤᠰᠤ ᠰᠣᠶᠣᠯ ᠤᠨ ᠥᠪ 29 ᠪᠠᠶᠢᠵᠤ᠂ ᠮᠠᠨ ᠤ ᠰᠢᠶᠠᠨ ᠤ ᠬᠤᠪᠣᠷ ᠨᠠᠨᠳᠢᠨ ᠰᠣᠶᠣᠯ ᠤᠨ ᠡᠳ᠋ ᠪᠠᠶᠠᠯᠢᠭ ᠪᠣᠯᠬᠤ ᠪᠠᠷ ᠪᠠᠷᠠᠬᠤ ᠥᠬᠡᠶ ᠪᠠᠰᠠ ᠴᠢᠬᠤᠯᠠ ᠵᠢᠭᠤᠯᠴᠢᠯᠠᠯ ᠤᠨ ᠡᠬᠢ ᠪᠠᠶᠠᠯᠢᠭ ᠪᠣᠯᠤᠨ᠎ᠠ᠃ ᠰᠠᠶᠢᠲᠤᠷ ᠬᠠᠮᠠᠭᠠᠯᠠᠵᠤ ᠰᠠᠶᠢᠲᠤᠷ ᠤᠯᠠᠮᠵᠢᠯᠠᠨ ᠪᠠᠳᠠᠷᠠᠭᠤᠯᠵᠤ ᠰᠠᠶᠢᠲᠤᠷ ᠪᠠᠳᠠᠷᠠᠭᠤᠯᠬᠤ ᠬᠡᠷᠡᠭᠲᠡᠢ᠂ ᠲᠡᠦᠬᠡ ᠶᠢᠨ ᠳᠤᠷᠠᠰᠬᠠᠯᠲᠤ ᠵᠦᠢᠯ ᠢ ᠴᠢᠩᠭᠠᠳᠬᠠᠬᠤ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠶᠢ ᠬᠠᠮᠠᠭᠠᠯᠠᠬᠤ ᠠᠵᠢᠯ᠂ ᠡᠳᠡᠭᠡᠷ ᠡᠪᠦᠭᠡ ᠳᠡᠭᠡᠳᠦᠰ ᠤᠨ ᠦᠯᠡᠳᠡᠭᠡᠭᠰᠡᠨ ᠬᠤᠪᠣᠷ ᠨᠠᠨᠳᠢᠨ ᠥᠪ ᠬᠥᠷᠥᠩᠭᠡ ᠶᠢ ᠠᠰᠢᠭᠯᠠ ᠬᠥᠭᠵᠢᠯ ᠪᠠ ᠦᠯᠢᠭᠡᠷ ᠢ ᠰᠠᠶᠢᠬᠠᠨ ᠶᠠᠷᠢᠨ᠎ᠠ᠂ ᠥᠪᠡᠷᠮᠢᠴᠡ ᠪᠠ ᠭᠠᠵᠠᠷ ᠣᠷᠣᠨ ᠤ ᠣᠨᠴᠠᠯᠢᠭ ᠲᠠᠢ ᠰᠣᠶᠣᠯ ᠢᠷᠭᠡᠨᠰᠢᠯ ᠤᠨ ᠵᠣᠷᠢᠭ ᠰᠠᠨᠠᠭ᠎ᠠ ᠪᠠᠷ᠂ ᠦᠷᠳᠡᠭ ᠤᠨ ᠦᠵᠡᠯᠲᠡ᠂ ᠶᠣᠰᠣ ᠰᠤᠷᠲᠠᠬᠤᠨ ᠤ ᠳᠦᠷᠢᠮᠵᠢᠯ᠂ ᠴᠢᠨᠠᠷ ᠰᠠᠶᠢᠲᠠᠶ ᠵᠢᠭᠤᠯᠴᠢᠯᠠᠯ ᠤᠨ ᠤᠶᠢᠯᠡᠳᠭᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠂ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠂ ᠵᠢᠭᠤᠯᠴᠢᠯᠠᠯ ᠤᠨ ᠣᠯᠠᠨ ᠨᠡᠶᠢᠲᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠂ ᠠᠳᠠᠯᠢ ᠪᠤᠰᠤ ᠬᠠᠮᠲᠤᠯᠢᠭ ᠲᠤ ᠬᠠᠨᠳᠤᠭᠤᠯᠬᠤ᠂ ᠠᠳᠠᠯᠢ ᠪᠤᠰᠤ ᠳᠠᠪᠬᠤᠷᠭ᠎ᠠ ᠶᠢᠨ ᠬᠡᠷᠡᠭᠴᠡᠭᠡ᠂ ᠨᠠᠩ ᠣᠯᠠᠨ ᠵᠢᠭᠤᠯᠴᠢᠯᠠᠯ ᠤᠨ ᠦᠢᠯᠡᠳᠬᠦᠨ ᠢ ᠲᠣᠭᠲᠠᠭᠠᠨ᠎ᠠ᠂ ᠵᠢᠭᠤᠯᠴᠢᠯᠠᠯ ᠤᠨ ᠱᠤᠭᠤᠮ᠂ ᠨᠡᠭᠡᠭᠡᠨ ᠬᠥᠭᠵᠢᠭᠦᠯᠬᠦ ᠣᠶᠢᠯᠠᠭᠠᠯᠲᠠ ᠶᠢᠨ ᠴᠢᠨᠠᠷ᠂ ᠬᠠᠷᠢᠯᠴᠠᠨ ᠤᠶᠢᠯᠡᠳᠤᠯᠴᠡᠬᠦ ᠴᠢᠨᠠᠷ ᠢᠶᠠᠷ ᠴᠢᠩᠭ᠎ᠠ ᠵᠢᠭᠤᠯᠴᠢᠯᠠᠯ ᠤᠨ ᠲᠥᠰᠦᠯ᠂ ᠰᠢᠩ ᠾᠧ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠎ᠡ᠂ ᠣᠯᠠᠨ ᠨᠡᠶᠢᠲᠡ ᠶᠢᠨ ᠵᠢᠭᠤᠯᠴᠢᠯᠠᠯ ᠤᠨ ᠥᠪᠡᠷᠮᠢᠴᠡ ᠣᠨᠴᠠᠯᠢᠭ ᠢ ᠲᠠᠰᠤᠷᠠᠯᠲᠠ ᠦᠭᠡᠢ ᠬᠠᠩᠭᠠᠨ᠎ᠠ᠂ ᠣᠯᠠᠨ ᠳᠡᠰ ᠳᠠᠪᠬᠤᠷᠭ᠎ᠠ ᠶᠢᠨ ᠬᠡᠷᠡᠭᠴᠡᠭᠡ᠂ ᠰᠢᠩ ᠾᠧ ᠰᠢᠶᠠᠨ ᠢ ᠱᠠᠨ ᠮᠧᠶ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠶ᠎ᠠ᠂ ᠤᠰᠤᠨ ᠤ ᠰᠠᠶᠢᠬᠠᠨ᠂ ᠬᠥᠮᠦᠨ ᠤ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠰᠡᠯᠡᠭᠦᠴᠡᠯ ᠤᠨ ᠦᠵᠡᠮᠵᠢᠲᠦ ᠣᠷᠣᠨ᠂ ᠪᠦᠬᠦ ᠤᠯᠤᠰ ᠠᠴᠠ ᠵᠢᠭᠤᠯᠴᠢᠯᠠᠯ ᠤᠨ ᠬᠦᠰᠡᠯᠡᠩ ᠤᠨ ᠭᠠᠵᠠᠷ ᠪᠣᠯᠪᠠ᠃      ᠠᠵᠢᠯᠯᠠᠭ᠎ᠠ ᠶᠢᠨ ᠳᠤᠮᠳᠠ ᠵᠢᠭᠠᠵᠤ ᠭᠠᠷᠭᠠᠭᠰᠠᠨ ᠨᠢ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠪᠣᠯ ᠵᠢᠭᠤᠯᠴᠢᠯᠠᠯ ᠤᠨ ᠦᠢᠯᠡᠰ ᠤᠨ ᠪᠠᠶᠠᠷ ᠤᠨ ᠡᠳᠦᠷ ᠮᠥᠨ᠂ ᠪᠠᠰᠠ ᠴᠤ ᠠᠷᠠᠳ ᠨᠡᠶᠢᠲᠡ ᠶᠢᠨ ᠪᠠᠶᠠᠷ ᠤᠨ ᠡᠳᠦᠷ ᠮᠥᠨ᠃ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠢ ᠭᠠᠷᠭᠠᠭᠰᠠᠨ ᠪᠠ ᠭᠤᠣᠯ ᠰᠡᠳᠦᠪᠲᠦ ᠠᠵᠢᠯᠯᠠᠭ᠎ᠠ ᠥᠷᠨᠢᠭᠦᠯᠦᠭᠰᠡᠨ ᠨᠢ ᠪᠦᠬᠦ ᠠᠷᠠᠳ ᠤᠨ ᠵᠢᠭᠤᠯᠴᠢᠯᠠᠯ ᠤᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠨᠡᠶᠢᠭᠡᠮ ᠳᠠᠶᠠᠭᠠᠷ ᠲᠤ ᠵᠢᠭᠤᠯᠴᠢᠯᠠᠯ ᠢ ᠠᠩᠬᠠᠷᠬᠤ᠂ ᠵᠢᠭᠤᠯᠴᠢᠯᠠᠯ ᠳᠤ ᠣᠷᠣᠯᠴᠠᠬᠤ᠂ ᠵᠢᠭᠤᠯᠴᠢᠯᠠᠯ ᠢ ᠳᠡᠮᠵᠢᠬᠦ᠂ ᠵᠢᠭᠤᠯᠴᠢᠯᠠᠯ ᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠨᠢ ᠯᠠᠪᠲᠠᠢ ᠶᠤᠮ᠃      ᠠᠵᠢᠯᠯᠠᠭ᠎ᠠ ᠶᠢᠨ ᠳᠤᠮᠳᠠ᠂ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠᠷ ᠳᠠᠮᠵᠢᠭᠤᠯᠤᠨ᠂ ᠣᠯᠠᠨ ᠲᠦᠮᠡᠨ ᠳᠤ ᠲᠡᠦᠬᠡ ᠶᠢᠨ ᠳᠤᠷᠠᠰᠬᠠᠯᠲᠤ ᠵᠤᠶᠢᠯᠡᠰ ᠤᠨ ᠮᠡᠳᠡᠯᠭᠡ᠂ ᠵᠢᠭᠤᠯᠴᠢᠯᠠᠯ ᠤᠨ ᠮᠡᠳᠡᠯᠭᠡ ᠶᠢ ᠲᠠᠶᠢᠯᠪᠤᠷᠢᠯᠠᠨ ᠥᠭᠴᠦ᠂ ᠡᠭᠦᠨ ᠤ ᠤᠯᠠᠮ ᠠᠴᠠ ᠪᠥᠬᠦ ᠠᠷᠠᠳ ᠤᠨ ᠵᠢᠭᠤᠯᠴᠢᠯᠠᠯ ᠤᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠨᠡᠶᠢᠭᠡᠮ ᠳᠠᠶᠠᠭᠠᠷ ᠲᠤ ᠵᠢᠭᠤᠯᠴᠢᠯᠠᠯ ᠢ ᠠᠩᠬᠠᠷᠬᠤ᠂ ᠵᠢᠭᠤᠯᠴᠢᠯᠠᠯ ᠳᠤ ᠣᠷᠣᠯᠴᠠᠬᠤ ᠂ ᠵᠢᠭᠤᠯᠴᠢᠯᠠᠯ ᠢ ᠳᠡᠮᠵᠢᠬᠦ᠂ ᠵᠢᠭᠤᠯᠴᠢᠯᠠᠯ ᠢ ᠳᠥᠯᠭᠢᠨ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠭᠰᠡᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠣᠶᠣᠯ ᠵᠢᠭᠤᠯᠴᠢᠯᠠᠯ ᠤᠨ ᠠᠭᠤᠰᠤᠯᠴᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠣᠶᠢᠯᠠᠭᠠᠭᠳᠠᠬᠤᠨ ᠤ ᠰᠢᠨ᠎ᠡ ᠶᠢ ᠡᠭᠦᠳᠬᠦ ᠶᠢ ᠦᠷᠭᠦᠯᠵᠢᠯᠡᠨ ᠴᠢᠩᠭᠠᠳᠬᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠠᠵᠤ ᠤᠶᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠵᠦ᠂ ᠲᠥᠷᠥᠯ ᠲᠡᠮᠳᠡᠭ ᠤᠨ ᠴᠣᠭᠴᠠᠯᠠᠯᠲᠠ᠂ ᠡᠵᠡᠩᠨᠡᠯᠲᠡ ᠶᠢᠨ ᠵᠠᠭᠪᠤᠷ᠂ ᠡᠵᠡᠩᠨᠡᠨ ᠪᠣᠷᠣᠯᠠᠭᠤᠯᠬᠤ ᠠᠷᠭ᠎ᠠ ᠪᠠᠷᠢᠯ᠂ ᠵᠠᠬ᠎ᠠ ᠳᠡᠯᠭᠡᠭᠦᠷ ᠤᠨ ᠭᠤᠤᠯ ᠴᠣᠭᠴᠠ ᠵᠡᠷᠭᠡ ᠡᠯ᠎ᠡ ᠲᠠᠯ᠎ᠠ ᠶᠢᠨ ᠪᠦᠲᠦᠭᠡᠯᠴᠢ ᠰᠡᠳᠬᠢᠮᠵᠢ ᠪᠠᠷ ᠰᠢᠨ᠎ᠡ ᠶᠢ ᠡᠭᠦᠳᠴᠦ᠂ ᠰᠣᠶᠣᠯ ᠢᠶᠠᠷ ᠰᠢᠶᠠᠨ ᠢ ᠮᠠᠨᠳᠤᠭᠤᠯᠬᠤ᠂ ᠵᠢᠭᠤᠯᠴᠢᠯᠠᠯ ᠢᠶᠠᠷ ᠰᠢᠶᠠᠨ ᠢ ᠮᠠᠨᠳᠤᠭᠤᠯᠬᠤ ᠥᠪᠡᠷᠮᠢᠴᠡ ᠣᠨᠴᠠᠯᠢᠭ ᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠶ ᠭᠡᠵᠦ ᠲᠣᠳᠣᠷᠬᠠᠶ ᠳᠤᠷᠠᠳᠪᠠ᠃      ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ ᠬᠠᠷᠢᠭᠤᠴᠠᠯᠭᠠᠲᠠᠨ ᠵᠢᠴᠢ ᠰᠤᠮᠤ ᠠᠭᠤᠯᠠ ᠦᠵᠡᠮᠵᠢ ᠶᠢᠨ ᠣᠷᠣᠨ᠂ ᠭᠤᠤ ᠮᠢᠶᠣᠣ ᠽᠢ ᠠᠮᠢ ᠠᠬᠤᠢ ᠶᠢᠨ ᠵᠢᠭᠤᠯᠴᠢᠯᠠᠯ ᠠᠮᠠᠷᠠᠯᠲᠠ ᠶᠢᠨ ᠲᠣᠰᠬᠤᠨ ᠵᠡᠷᠭᠡ ᠬᠤᠯᠪᠣᠭᠳᠠᠯ ᠪᠦᠬᠦᠢ ᠠᠵᠤ ᠦᠢᠯᠡᠰ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃                    ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ  ᠾᠧ                    ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3