ᠮᠠᠨ ᠤ ᠰᠢᠶᠠᠨ ︽2021 ᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠎ ᠶᠢᠨ ᠡᠬᠢᠯᠡᠯᠲᠡ ᠶᠢᠨ ᠶᠣᠰᠣᠯᠠᠯ ᠡᠷᠭᠢᠯᠡᠪᠡ
ᠨᠡᠶᠢᠲᠡᠯᠡᠭᠰᠡᠨ ᠴᠠᠭ᠄
2021/5/19
     5 ᠰᠠᠷ᠎ᠠ ᠶᠢᠨ 18᠎ ᠤ ᠡᠳᠦᠷ᠂ ᠮᠠᠨ ᠤ ᠰᠢᠶᠠᠨ ︽2021 ᠣᠨ ᠤ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠬᠤ ᠰᠠᠷ᠎ᠠ︾᠎ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠹᠦ᠋ ᠵᠦ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠢ ᠰᠢᠶᠤᠤ ᠬᠤᠢ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠨ ᠯᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ ᠶᠠᠩ ᠯᠢ ᠷᠦᠩ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠠᠰᠠ ᠴᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠮᠥᠨ᠂ ᠡᠨᠡ ᠵᠢᠯ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠥᠩᠭᠡ ᠬᠡᠷᠡᠯ ᠲᠠᠢ ᠶᠤᠮ᠃ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠨᠢᠭᠡᠴᠢ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠳᠤᠮᠳᠠᠳᠤ ᠤᠯᠤᠰ ᠤᠨ ᠵᠡᠭᠦᠳᠦ ᠶᠢ ᠰᠡᠳᠬᠢᠯ ᠨᠢᠭᠡᠳᠦᠨ ᠬᠠᠮᠲᠤ ᠪᠠᠷ ᠪᠡᠶᠡᠯᠡᠭᠦᠯᠬᠦ︾ ᠡᠨᠡ ᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠵᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ ᠶᠢ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠳᠤ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠨ᠎ᠠ᠃      ᠯᠢ ᠹᠦ᠋ ᠵᠦ ᠡᠬᠢᠯᠡᠯᠲᠡ ᠶᠢᠨ ᠶᠣᠰᠣᠯᠠᠯ ᠢ ᠡᠷᠭᠢᠯᠡᠭᠰᠡᠨ ᠪᠥᠭᠡᠳ ᠡᠯ᠎ᠡ ᠰᠢᠶᠠᠩ ᠪᠠᠯᠭᠠᠰᠤ᠂ ᠡᠯ᠎ᠡ ᠨᠢᠭᠡᠴᠢ ᠲᠣᠰ ᠤᠳᠠᠭᠠᠨ ᠤ ᠡᠬᠢᠯᠡᠯᠲᠡ ᠶᠢᠨ ᠶᠣᠰᠣᠯᠠᠯ ᠢᠶᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠢᠨ᠎ᠡ ᠥᠷᠨᠢᠯᠲᠡ ᠶᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠨ ᠵᠢᠭᠠᠵᠤ ᠭᠠᠷᠭᠠᠪᠠ᠃ ᠬᠤᠶᠢᠰᠢᠳᠠ ᠶᠢᠨ ᠠᠵᠢᠯ ᠤᠨ ᠳᠤᠮᠳᠠ᠂ ᠡᠯ᠎ᠡ ᠨᠢᠭᠡᠴᠡ ᠨᠦᠭᠦᠳ ᠦᠨᠳᠦᠰᠦᠲᠡᠨ ᠤ ᠠᠵᠢᠯ ᠢ ᠤᠬᠠᠮᠰᠠᠷ ᠠᠴᠠ ᠪᠠᠨ ᠪᠦᠬᠦ ᠲᠠᠯ᠎ᠠ ᠶᠢᠨ ᠠᠵᠢᠯ ᠤᠨ ᠳᠤᠮᠳᠠ ᠪᠠᠨ ᠪᠣᠳᠣᠯᠬᠢᠯᠠᠨ ᠲᠥᠰᠦᠪᠯᠡᠵᠦ᠂ ᠪᠦᠬᠦ ᠲᠠᠯ᠎ᠠ ᠶᠢᠨ ᠠᠵᠢᠯ ᠳᠤ ᠠᠩᠬᠠᠷᠤᠯ ᠢᠶᠠᠨ ᠬᠠᠨᠳᠤᠭᠤᠯᠬᠤ ᠬᠢᠭᠡᠳ ᠦᠨᠳᠦᠰᠦᠲᠡᠨ ᠤ ᠠᠵᠢᠯ ᠢ ᠠᠬᠢᠭᠤᠯᠬᠤ ᠶᠢ ᠢᠮᠠᠭᠲᠠ ᠬᠠᠷᠢᠯᠴᠠᠨ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠣᠯ ᠰᠢᠵᠢᠮ ᠪᠣᠯᠭᠠᠨ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠦᠨᠡᠨᠬᠦ ᠨᠠᠷᠢᠯᠢᠭ ᠪᠣᠳᠠᠲᠠᠶ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠬᠤ ᠬᠡᠷᠡᠭᠲᠡᠶ᠃      ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠲᠤᠬᠠᠶ ᠶᠢᠨ ᠲᠠᠯᠠᠪᠠᠶ ᠳᠤ ᠥᠷᠨᠢᠭᠦᠯᠵᠦ᠂ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠣᠯᠠᠨ ᠲᠦᠮᠡᠨ ᠤ ᠯᠠᠪᠯᠠᠭ᠎ᠠ ᠳᠤ ᠬᠠᠷᠢᠭᠤᠯᠲᠠ ᠥᠭᠪᠡ᠃      ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠡᠰᠡᠭ ᠨᠢᠭᠡᠴᠢ᠂ ᠰᠤᠷᠭᠠᠨ ᠬᠥᠮᠦᠵᠢᠯ ᠤᠨ ᠰᠠᠭᠤᠷᠢᠨ ᠵᠡᠷᠭᠡ ᠬᠤᠯᠪᠣᠭᠳᠠᠯ ᠪᠦᠬᠦᠢ ᠨᠢᠭᠡᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃                             ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ  ᠾᠧ                             ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3