| 5 ᠰᠠᠷ᠎ᠠ ᠶᠢᠨ 18 ᠤ ᠡᠳᠦᠷ᠂ ᠮᠠᠨ ᠤ ᠰᠢᠶᠠᠨ ︽2021 ᠣᠨ ᠤ ᠦᠨᠳᠦᠰᠦᠲᠡᠨ ᠤ ᠲᠦᠷᠦ ᠶᠢᠨ | ᠪᠤᠳᠤᠯᠭ᠎ᠠ ᠶᠢ ᠤᠬᠠᠭᠤᠯᠬᠤ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠹᠦ᠋ ᠵᠦ ᠡᠬᠢᠯᠡᠯᠲᠡ ᠶᠢᠨ | ᠶᠣᠰᠣᠯᠠᠯ ᠢ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠶᠠᠩ ᠯᠢ ᠷᠦᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠢ ᠰᠢᠶᠤᠤ ᠬᠤᠢ᠂ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠬᠠᠨ ᠯᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ ᠶᠠᠩ ᠯᠢ ᠷᠦᠩ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠡᠨᠡ ᠵᠢᠯ ᠪᠣᠯ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠠᠰᠠ ᠴᠤ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠠᠩᠬᠠᠨ ᠤ | ᠵᠢᠯ ᠮᠥᠨ᠂ ᠡᠨᠡ ᠵᠢᠯ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠪᠥᠭᠡᠳ ᠥᠩᠭᠡ ᠬᠡᠷᠡᠯ ᠲᠠᠢ ᠶᠤᠮ᠃ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ | ᠬᠤᠯᠪᠣᠭᠳᠠᠯ ᠪᠦᠬᠦᠢ ᠨᠢᠭᠡᠴᠢ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ | ᠳᠤᠮᠳᠠᠳᠤ ᠤᠯᠤᠰ ᠤᠨ ᠵᠡᠭᠦᠳᠦ ᠶᠢ ᠰᠡᠳᠬᠢᠯ ᠨᠢᠭᠡᠳᠦᠨ ᠬᠠᠮᠲᠤ ᠪᠠᠷ ᠪᠡᠶᠡᠯᠡᠭᠦᠯᠬᠦ︾ ᠡᠨᠡ ᠬᠦ ᠭᠤᠣᠯ ᠰᠡᠳᠦᠪ ᠲᠠᠢ | ᠨᠢᠭᠲᠠ ᠤᠶᠠᠯᠳᠤᠭᠤᠯᠤᠨ᠂ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ | ᠥᠷᠨᠢᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠭᠤᠣᠯᠳᠠᠯᠭ᠎ᠠ ᠲᠠᠢ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠮᠵᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠬᠤ ᠬᠡᠷᠡᠭᠲᠡᠢ᠃ | ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ ᠶᠢ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠳᠤ | ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨ | ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠣᠶ ᠪᠣᠯᠭᠠᠨ᠎ᠠ᠃ | ᠯᠢ ᠹᠦ᠋ ᠵᠦ ᠡᠬᠢᠯᠡᠯᠲᠡ ᠶᠢᠨ ᠶᠣᠰᠣᠯᠠᠯ ᠢ ᠡᠷᠭᠢᠯᠡᠭᠰᠡᠨ ᠪᠥᠭᠡᠳ ᠡᠯ᠎ᠡ ᠰᠢᠶᠠᠩ ᠪᠠᠯᠭᠠᠰᠤ᠂ ᠡᠯ᠎ᠡ ᠨᠢᠭᠡᠴᠢ | ᠲᠣᠰ ᠤᠳᠠᠭᠠᠨ ᠤ ᠡᠬᠢᠯᠡᠯᠲᠡ ᠶᠢᠨ ᠶᠣᠰᠣᠯᠠᠯ ᠢᠶᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠢᠨ᠎ᠡ ᠥᠷᠨᠢᠯᠲᠡ ᠶᠢ ᠪᠣᠶ ᠪᠣᠯᠭᠠᠵᠤ᠂ ᠦᠨᠳᠦᠰᠦᠲᠡᠨ ᠤ | ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠨ ᠵᠢᠭᠠᠵᠤ | ᠭᠠᠷᠭᠠᠪᠠ᠃ ᠬᠤᠶᠢᠰᠢᠳᠠ ᠶᠢᠨ ᠠᠵᠢᠯ ᠤᠨ ᠳᠤᠮᠳᠠ᠂ ᠡᠯ᠎ᠡ ᠨᠢᠭᠡᠴᠡ ᠨᠦᠭᠦᠳ ᠦᠨᠳᠦᠰᠦᠲᠡᠨ ᠤ ᠠᠵᠢᠯ ᠢ | ᠤᠬᠠᠮᠰᠠᠷ ᠠᠴᠠ ᠪᠠᠨ ᠪᠦᠬᠦ ᠲᠠᠯ᠎ᠠ ᠶᠢᠨ ᠠᠵᠢᠯ ᠤᠨ ᠳᠤᠮᠳᠠ ᠪᠠᠨ ᠪᠣᠳᠣᠯᠬᠢᠯᠠᠨ ᠲᠥᠰᠦᠪᠯᠡᠵᠦ᠂ ᠪᠦᠬᠦ ᠲᠠᠯ᠎ᠠ ᠶᠢᠨ | ᠠᠵᠢᠯ ᠳᠤ ᠠᠩᠬᠠᠷᠤᠯ ᠢᠶᠠᠨ ᠬᠠᠨᠳᠤᠭᠤᠯᠬᠤ ᠬᠢᠭᠡᠳ ᠦᠨᠳᠦᠰᠦᠲᠡᠨ ᠤ ᠠᠵᠢᠯ ᠢ ᠠᠬᠢᠭᠤᠯᠬᠤ ᠶᠢ ᠢᠮᠠᠭᠲᠠ | ᠬᠠᠷᠢᠯᠴᠠᠨ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ | ᠪᠠᠬᠢ ᠪᠣᠶ ᠪᠣᠯᠭᠠᠬᠤ ᠪᠠᠷ ᠭᠤᠣᠯ ᠰᠢᠵᠢᠮ ᠪᠣᠯᠭᠠᠨ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠦᠨᠡᠨᠬᠦ ᠨᠠᠷᠢᠯᠢᠭ | ᠪᠣᠳᠠᠲᠠᠶ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ | ᠳᠡᠭᠡᠳᠦ ᠢᠷᠠᠭᠤ ᠠᠯᠳᠠᠷ ᠢ ᠬᠠᠮᠠᠭᠠᠯᠠᠬᠤ ᠬᠡᠷᠡᠭᠲᠡᠶ᠃ | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ | ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠭᠤᠤᠯ | ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠲᠤᠬᠠᠶ ᠶᠢᠨ ᠲᠠᠯᠠᠪᠠᠶ ᠳᠤ ᠥᠷᠨᠢᠭᠦᠯᠵᠦ᠂ ᠲᠤᠬᠠᠶ ᠶᠢᠨ ᠲᠠᠯᠠᠪᠠᠶ ᠶᠢᠨ | ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠵᠤ᠂ ᠣᠯᠠᠨ ᠲᠦᠮᠡᠨ ᠤ ᠯᠠᠪᠯᠠᠭ᠎ᠠ ᠳᠤ ᠬᠠᠷᠢᠭᠤᠯᠲᠠ ᠥᠭᠪᠡ᠃ | ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠨᠢᠭᠡᠴᠢ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠡᠰᠡᠭ ᠨᠢᠭᠡᠴᠢ᠂ ᠰᠤᠷᠭᠠᠨ | ᠬᠥᠮᠦᠵᠢᠯ ᠤᠨ ᠰᠠᠭᠤᠷᠢᠨ ᠵᠡᠷᠭᠡ ᠬᠤᠯᠪᠣᠭᠳᠠᠯ ᠪᠦᠬᠦᠢ ᠨᠢᠭᠡᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠣᠷᠴᠢᠭᠤᠯᠤᠭᠴᠢ᠄ ᠡᠷᠳᠡᠨᠢᠭᠤᠸ᠎ᠠ ᠨᠠᠷᠠᠰᠤ |