ᠴᠠᠩ ᠳ᠋ᠠ ᠸᠧᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/19
     5 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠮᠠᠨ ᠤ ᠰᠢᠶᠠᠨ ᠤ ᠡᠯ᠎ᠡ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠸᠠᠺᠼᠢᠨ ᠤ ᠲᠠᠷᠢᠯᠭ᠎ᠠ ᠬᠢᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠩ ᠰᠢᠤ ᠯᠦᠩ ᠲᠤᠬᠠᠢ ᠶᠢᠨ ᠲᠠᠯᠠᠪᠠᠢ ᠶᠢᠨ ᠠᠯᠪᠠᠨ ᠬᠤᠷᠠᠯ ᠳᠤ  ᠣᠷᠣᠯᠴᠠᠪᠠ᠃
     ᠴᠠᠩ ᠳ᠋ᠠ ᠸᠧᠢ ᠨᠡᠷ ᠤᠷᠢᠳ ᠬᠤᠵᠢᠳ ᠰᠢ ᠭᠤᠸᠠᠨ ᠲᠣᠰᠬᠤᠨ ᠤ ᠠᠷᠠᠳ ᠤᠨ ᠵᠥᠪᠯᠡᠯ᠂ ᠰᠢᠩ ᠹᠠ ᠨᠡᠶᠢᠭᠡᠮ ᠲᠣᠭᠤᠷᠢᠭ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠰᠢᠩ ᠾᠧ ᠬᠤᠶᠢᠲᠤ ᠦᠷᠳᠡᠭᠡ᠂ ᠬᠥᠯᠳᠡᠭᠡᠭᠰᠡᠨ ᠢᠳᠡᠭᠡᠨ ᠤ ᠡᠵᠡᠩᠨᠡᠯᠲᠡ ᠶᠢᠨ ᠳᠡᠯᠭᠡᠭᠦᠷ᠂ ᠬᠡᠰᠡᠭ ᠡᠮᠴᠢᠯᠡᠭᠡᠨ ᠤ ᠭᠠᠵᠠᠷ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠬᠦᠷᠴᠦ ᠱᠠᠯᠠᠪᠳᠠᠭᠤᠯᠤᠨ ᠪᠠᠶᠢᠴᠠᠭᠠᠪᠠ᠃      ᠰᠢ ᠭᠤᠸᠠᠨ ᠲᠣᠰᠬᠤᠨ ᠤ ᠵᠥᠪᠯᠡᠯ ᠳᠤ ᠪᠠᠶᠢᠨ᠎ᠠ᠂ ᠴᠠᠩ ᠳ᠋ᠠ ᠸᠧᠢ ᠲᠣᠰᠬᠤᠨ ᠤ ᠠᠷᠠᠳ ᠤᠨ ᠵᠥᠪᠯᠡᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠪᠠ᠂ ᠲᠣᠰᠬᠤᠨ ᠤ ᠵᠥᠪᠯᠡᠯ ᠠᠴᠠ ᠭᠠᠳᠠᠨ᠎ᠠ ᠠᠴᠠ ᠢᠷᠡᠭᠰᠡᠨ ᠬᠥᠮᠦᠰ ᠢ ᠬᠡᠷᠬᠢᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠨᠠᠷᠢᠨ ᠠᠰᠠᠭᠤᠪᠠ᠂ ᠡᠭᠦᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠢᠴᠡᠳ ᠲᠠᠨᠢᠬᠤ ᠬᠡᠷᠡᠭᠲᠡᠢ ᠭᠡᠵᠦ ᠴᠢᠬᠤᠯᠠᠴᠢᠯᠠᠪᠠ᠂ ᠡᠯ᠎ᠡ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ᠂ ᠲᠣᠰᠬᠤᠨ ᠤ ᠺᠠᠳ᠋ᠷ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠬᠠᠮᠢᠶ᠎ᠠ ᠪᠦᠬᠦᠢ ᠬᠥᠮᠦᠰ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠤᠯ ᠦᠭᠡᠢ ᠪᠠᠷᠢᠮᠲᠠᠯᠠᠬᠤ ᠬᠡᠷᠡᠭᠲᠡᠢ᠂ ᠲᠣᠰᠬᠤᠨ ᠤ ᠠᠷᠠᠳ ᠤᠨ ᠸᠠᠺᠼᠢᠨ ᠲᠠᠷᠢᠬᠤ ᠶᠢ ᠵᠣᠷᠢᠭᠵᠢᠭᠤᠯᠤᠨ᠎ᠠ᠂ ᠭᠠᠳᠠᠭᠰᠢ ᠭᠠᠷᠬᠤ ᠳᠤ ᠪᠠᠨ ᠠᠮᠠᠪᠴᠢ ᠵᠡᠭᠦᠬᠦ᠂ ᠮᠡᠳᠡᠭᠡ ᠵᠠᠩᠭᠢ ᠶᠢᠨ ᠡᠬᠡ ᠲᠠᠩᠰᠠ ᠶᠢ ᠳᠠᠩᠰᠠᠯᠠᠨ ᠲᠡᠮᠳᠡᠭᠯᠡᠵᠦ ᠮᠡᠳᠡᠭᠦᠯᠬᠦ ᠠᠵᠢᠯ ᠢ ᠱᠠᠭᠠᠷᠳᠠᠯᠭ᠎ᠠ ᠶᠣᠰᠣᠭᠠᠷ ᠴᠢᠩᠭ᠎ᠠ ᠰᠠᠶᠢᠲᠤᠷ ᠬᠢᠬᠦ ᠬᠡᠷᠡᠭᠲᠡᠶ᠂ ᠤᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ᠰᠢᠩ ᠹᠠ ᠨᠡᠶᠢᠭᠡᠮ ᠲᠣᠭᠤᠷᠢᠭ ᠲᠤ᠂ ᠴᠠᠩ ᠳ᠋ᠠ ᠸᠧᠢ ᠨᠡᠶᠢᠭᠡᠮ ᠲᠣᠭᠤᠷᠢᠭ ᠤᠨ ᠭᠠᠳᠠᠨ᠎ᠠ ᠠᠴᠠ ᠢᠷᠡᠭᠰᠡᠨ ᠬᠥᠮᠦᠰ ᠤᠨ ᠪᠠᠶᠢᠳᠠᠯ ᠢ ᠤᠢᠢᠯᠠᠭᠠᠨ ᠪᠠᠶᠢᠴᠠᠭᠠᠵᠤ ᠬᠠᠮᠢᠶᠠᠷᠬᠤ᠂ ᠬᠢᠵᠢᠭ ᠢ ᠰᠡᠷᠭᠡᠶᠢᠯᠡᠨ ᠠᠷᠢᠭᠤᠳᠬᠠᠵᠤ ᠠᠷᠢᠭᠤᠳᠬᠠᠬᠤ᠂ ᠤᠬᠠᠭᠤᠯᠭ᠎ᠠ ᠬᠥᠮᠦᠵᠢᠯ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠨᠡᠶᠢᠭᠡᠮ ᠲᠣᠭᠤᠷᠢᠭ ᠨᠢ ᠬᠢᠵᠢᠭ ᠢ ᠰᠡᠷᠭᠡᠶᠢᠯᠡᠬᠦ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠭᠰᠠᠨ ᠤ ᠬᠤᠪᠢ ᠳᠤ᠂ ᠠᠵᠢᠯ ᠢᠶᠠᠨ ᠨᠡᠩ ᠨᠠᠷᠢᠨ ᠬᠢᠨᠠᠮᠠᠭᠠᠢ ᠪᠣᠯᠭᠤᠮᠵᠢᠲᠠᠢ ᠬᠢᠵᠦ᠂ ᠨᠡᠶᠢᠭᠡᠮ ᠲᠣᠭᠤᠷᠢᠭ ᠢᠶᠠᠷ ᠬᠦᠷᠴᠦ ᠰᠤᠷᠪᠤᠯᠵᠢᠯᠠᠨ ᠵᠢᠭᠰᠠᠭᠠᠨ ᠪᠠᠶᠢᠴᠠᠭᠠᠬᠤ ᠳᠠᠭᠠᠨ ᠪᠦᠬᠦ ᠲᠠᠯ᠎ᠠ ᠪᠠᠷ ᠨᠠᠷᠢᠨ ᠨᠢᠮᠪᠠᠢ ᠪᠠᠶᠢᠵᠤ᠂ ᠭᠤᠭᠤᠵᠢᠭᠳᠠᠭᠰᠠᠨ ᠢ ᠨᠢ ᠪᠠᠶᠢᠴᠠᠭᠠᠨ ᠳᠤᠲᠠᠭᠤᠳᠠᠯ ᠢᠶᠠᠨ ᠨᠥᠬᠦᠪᠥᠷᠢᠯᠡᠵᠦ᠂ ᠬᠠᠷᠢᠶ᠎ᠠ ᠣᠷᠣᠨ ᠤ ᠦᠨᠳᠦᠰᠦᠨ ᠪᠠᠶᠢᠳᠠᠯ ᠤᠨ ᠲᠤᠬᠠᠢ ᠲᠤᠭ᠎ᠠ ᠲᠣᠳᠣᠷᠬᠠᠢ᠂ ᠪᠠᠶᠢᠳᠠᠯ ᠲᠣᠳᠣᠷᠬᠠᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ᠭᠤᠣᠯᠳᠠᠯᠭ᠎ᠠ ᠲᠠᠢ ᠣᠷᠣᠨ ᠪᠦᠰᠡ ᠭᠤᠣᠯᠳᠠᠯᠭ᠎ᠠ ᠲᠠᠢ ᠬᠥᠮᠦᠰ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠦᠷᠢᠮ ᠢ ᠰᠠᠶᠢᠲᠤᠷ ᠬᠡᠷᠡᠭᠯᠡᠨ᠂ ᠪᠣᠭᠤᠮᠲᠠ ᠨᠢᠭᠡᠪᠦᠷᠢ ᠶᠢ ᠪᠠᠲᠤ ᠡᠵᠡᠮᠳᠡᠵᠦ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ᠃       ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠳᠤ᠂ ᠴᠠᠩ ᠳ᠋ᠠ ᠸᠧᠶ ᠨᠡᠷ ᠸᠠᠺᠼᠢᠨ ᠤ ᠲᠠᠷᠢᠯᠭ᠎ᠠ ᠬᠢᠬᠦ ᠶᠠᠪᠤᠴᠠ᠂ ᠲᠠᠷᠢᠯᠭ᠎ᠠ ᠬᠢᠬᠦ ᠬᠥᠮᠦᠨ ᠤ ᠲᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠬᠠᠯᠠᠭᠤᠷᠠᠯ ᠤᠨ ᠡᠭᠦᠳᠡᠨ ᠡᠮᠨᠡᠯᠭᠡ ᠶᠢᠨ ᠠᠵᠢᠯ ᠤᠨ ᠶᠠᠪᠤᠴᠠ ᠶᠢ ᠪᠠᠶᠢᠴᠠᠭᠠᠨ ᠦᠵᠡᠭᠰᠡᠨ ᠪᠥᠭᠡᠳ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠪᠡᠳᠴᠢᠲᠡᠨ ᠤ ᠡᠪᠡᠳᠴᠢᠨ ᠦᠵᠡᠭᠦᠯᠦᠭᠰᠡᠨ ᠲᠡᠮᠳᠡᠭᠯᠡᠯ ᠵᠡᠷᠭᠡ ᠶᠢ ᠪᠠᠶᠢᠴᠠᠭᠠᠨ ᠦᠵᠡᠪᠡ᠃ ᠮᠠᠨ ᠤ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠠᠮᠤᠷ ᠲᠦᠪᠰᠢᠨ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ︔ ᠲᠠᠷᠢᠯᠭ᠎ᠠ ᠶᠢᠨ ᠶᠠᠰᠤ ᠴᠢᠨᠠᠷ ᠢ ᠪᠠᠲᠤᠯᠠᠨ᠂ ᠲᠠᠷᠢᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠢᠯᠭ᠎ᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠶ᠃      ᠰᠢᠩ ᠡᡁᠧ ᠬᠤᠶᠢᠲᠤ ᠦᠷᠳᠡᠭᠡ ᠳᠤ᠂ ᠴᠠᠩ ᠳ᠋ᠠ ᠸᠧᠢ ᠲᠤᠬᠠᠢ ᠶᠢᠨ ᠲᠠᠯᠠᠪᠠᠢ ᠳᠤ ᠰᠢᠩ ᠡᡁᠧ ᠬᠤᠶᠢᠲᠤ ᠦᠷᠳᠡᠭᠡ ᠶᠢᠨ ᠪᠢᠯᠧᠲ ᠬᠤᠳᠠᠯᠳᠤᠬᠤ ᠲᠢᠩᠬᠢᠮ᠂ ᠣᠷᠣᠵᠤ ᠭᠠᠷᠬᠤ ᠦᠷᠳᠡᠭᠡ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠭᠠᠵᠠᠷ᠂ ᠠᠶᠠᠨᠴᠢᠳ ᠤᠨ ᠪᠡᠶ᠎ᠡ ᠶᠢᠨ ᠬᠠᠯᠠᠭᠤᠨ ᠢ ᠰᠢᠯᠭᠠᠨ ᠪᠠᠶᠢᠴᠠᠭᠠᠬᠤ ᠠᠵᠢᠯ ᠤᠨ ᠪᠠᠶᠢᠷᠢ ᠵᠡᠷᠭᠡ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠰᠢᠩ ᠡᡁᠧ ᠬᠤᠶᠢᠲᠤ ᠦᠷᠳᠡᠭᠡ ᠠᠴᠠ ᠭᠠᠷᠴᠤ ᠪᠠᠶᠢᠭ᠎ᠠ ᠬᠥᠮᠦᠰ ᠤᠨ ᠠᠶᠠᠯᠠᠯ ᠤᠨ ᠵᠠᠮ ᠮᠥᠷ ᠵᠢᠴᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠨᠠᠷᠢᠨ ᠠᠰᠠᠭᠤᠵᠤ᠂ ᠠᠵᠢᠯᠲᠠᠳ ᠢ ᠠᠶᠠᠨᠴᠢᠳ ᠤᠨ ᠵᠥᠭᠡᠭᠡᠪᠦᠷᠢ ᠶᠢᠨ ᠲᠠᠯᠠᠪᠤᠷ ᠭᠠᠵᠠᠷ ᠢ ᠠᠷᠢᠭᠤᠳᠬᠠᠬᠤ᠂ ᠰᠠᠯᠬᠢ ᠨᠡᠪᠲᠡᠷᠡᠭᠦᠯᠬᠦ ᠵᠢᠴᠢ ᠠᠶᠠᠨᠴᠢᠳ ᠤᠨ ᠪᠡᠶ᠎ᠡ ᠶᠢᠨ ᠬᠠᠯᠠᠭᠤᠨ ᠢ ᠰᠢᠯᠭᠠᠨ ᠪᠠᠶᠢᠴᠠᠭᠠᠬᠤ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠬᠢ ᠡᠭᠦᠰᠦᠯ ᠤᠨ ᠪᠣᠭᠤᠮᠲᠠ ᠶᠢ ᠦᠨᠡᠨ ᠬᠦ ᠰᠠᠶᠢᠲᠤᠷ ᠡᠵᠡᠮᠳᠡᠬᠦ ᠬᠡᠷᠡᠭᠲᠡᠢ ᠭᠡᠵᠦ ᠱᠠᠭᠠᠷᠳᠠᠪᠠ᠃      ᠬᠤᠪᠢ ᠬᠥᠮᠦᠨ ᠤ ᠡᠮᠴᠢᠯᠡᠭᠡᠨ ᠤ ᠭᠠᠵᠠᠷ ᠲᠤ᠂ ᠴᠠᠩ ᠳ᠋ᠠ ᠸᠧᠢ ᠤᠷᠢᠳᠴᠢᠯᠠᠨ ᠣᠨᠣᠰᠢᠯᠠᠬᠤ ᠬᠤᠪᠢᠶᠠᠷᠢ ᠡᠮᠴᠢᠯᠡᠭᠡᠨ ᠤ ᠭᠠᠵᠠᠷ ᠵᠢᠴᠢ ᠡᠭᠦᠳᠡᠨ ᠡᠮᠨᠡᠯᠭᠡ ᠶᠢᠨ ᠪᠠᠶᠢᠷᠢᠰᠢᠭᠤᠯᠤᠯᠲᠠ᠂ ᠲᠥᠬᠦᠭᠡᠷᠦᠮᠵᠢ ᠶᠢᠨ ᠲᠤᠬᠢᠷᠠᠭᠤᠯᠤᠯᠳᠠ᠂ ᠡᠪᠡᠳᠴᠢᠲᠡᠨ ᠤ ᠵᠢᠯᠣᠭᠤᠳᠤᠮᠵᠢ᠂ ᠬᠤᠪᠢᠶᠠᠷᠢ ᠡᠮᠴᠢᠯᠡᠭᠡᠨ ᠤ ᠠᠵᠢᠯᠳᠠᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠡᠮᠴᠢᠯᠡᠭᠡᠨ ᠤ ᠠᠵᠢᠯᠳᠠᠨ ᠢ ᠠᠵᠢᠯ ᠤᠨ ᠶᠠᠰᠤ ᠴᠢᠨᠠᠷ ᠢᠶᠠᠨ ᠦᠨᠡᠨ ᠬᠦ ᠪᠠᠲᠤᠯᠠᠬᠤ ᠬᠡᠷᠡᠭᠲᠡᠢ ᠭᠡᠵᠦ ᠰᠠᠨᠠᠭᠤᠯᠬᠤ ᠶᠢᠨ ᠬᠠᠮᠲᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠠᠩᠬᠠᠷᠴᠤ᠂ ᠲᠤᠰ ᠪᠡᠶ᠎ᠡ ᠶᠢᠨ ᠠᠮᠤᠷ ᠲᠦᠪᠰᠢᠨ ᠢᠶᠠᠨ ᠦᠨᠡᠨ ᠬᠦ ᠪᠠᠲᠤᠯᠠᠬᠤ ᠬᠡᠷᠡᠭᠲᠡᠢ ᠭᠡᠵᠦ ᠰᠠᠨᠠᠭᠤᠯᠪᠠ᠃ ᠡᠮᠨᠡᠭᠦᠯᠦᠭᠰᠡᠨ ᠡᠪᠡᠳᠴᠢᠲᠡᠨ ᠢ ᠳᠠᠩᠰᠠᠯᠠᠬᠤ᠂ ᠡᠪᠡᠳᠴᠢᠨ ᠤ ᠵᠢᠱᠢᠶ᠎ᠡ ᠶᠢ ᠵᠢᠭᠰᠠᠭᠠᠨ ᠪᠠᠶᠢᠴᠠᠭᠠᠬᠤ ᠪᠠ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠡᠳᠦᠷ ᠲᠤᠲᠤᠮ ᠤᠨ ᠣᠨᠣᠰᠢᠯᠠᠨ ᠡᠮᠨᠡᠬᠦ ᠡᠮᠬᠢ ᠳᠢᠭᠯᠢᠮ ᠢ ᠬᠠᠮᠠᠭᠠᠯᠠᠬᠤ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠭᠦᠢᠴᠡᠳ ᠲᠠᠨᠢᠬᠤ ᠬᠡᠷᠡᠭᠲᠡᠶ᠃      ᠬᠥᠯᠳᠡᠭᠡᠭᠰᠡᠨ ᠢᠳᠡᠭᠡᠨ ᠤ ᠡᠵᠡᠩᠨᠡᠯᠲᠡ ᠶᠢᠨ ᠳᠡᠯᠭᠡᠭᠦᠷ ᠲᠤ᠂ ᠴᠠᠩ ᠳ᠋ᠠ ᠸᠧᠢ ᠬᠥᠯᠳᠡᠭᠡᠭᠰᠡᠨ ᠬᠡᠯᠬᠢᠶᠡᠲᠦ ᠢᠳᠡᠭᠡᠨ᠂ ᠭᠠᠳᠠᠭᠠᠳᠤ ᠠᠴᠠ ᠣᠷᠣᠭᠤᠯᠤᠭᠰᠠᠨ ᠮᠢᠬᠠᠨ ᠤ ᠪᠦᠲᠦᠭᠡᠭᠳᠡᠬᠦᠨ ᠳᠤ ᠱᠠᠯᠠᠪᠳᠠᠭᠤᠯᠤᠨ ᠪᠠᠶᠢᠴᠠᠭᠠᠯᠲᠠ ᠬᠢᠭᠰᠡᠨ ᠪᠥᠭᠡᠳ ᠬᠤᠳᠠᠯᠳᠤᠭᠠᠨ ᠤ ᠡᠷᠦᠬᠡ ᠶᠢᠨ ᠢᠳᠡᠭᠡᠨ ᠤ ᠢᠷᠡᠯᠲᠡ ᠪᠣᠯᠤᠨ ᠬᠤᠳᠠᠯᠳᠤᠨ ᠣᠷᠣᠭᠤᠯᠬᠤ ᠠᠷᠭ᠎ᠠ ᠵᠠᠮ ᠢ ᠨᠠᠷᠢᠨ ᠠᠰᠠᠭᠤᠵᠤ᠂ ᠢᠳᠡᠭᠡᠨ ᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠵᠤ᠂ ᠬᠤᠳᠠᠯᠳᠤᠭᠠᠨ ᠤ ᠡᠷᠦᠬᠡ ᠶᠢᠨ ᠪᠠᠷᠠᠭ᠎ᠠ ᠣᠷᠣᠭᠤᠯᠬᠤ ᠳᠤ ᠭᠡᠷᠡᠴᠢ ᠪᠠᠷᠢᠮᠲᠠ ᠠᠪᠤᠭᠰᠠᠨ ᠪᠠᠶᠢᠳᠠᠯ ᠵᠢᠴᠢ ᠬᠥᠮᠥᠷᠭᠡ ᠳᠤ ᠣᠷᠣᠭᠤᠯᠵᠤ ᠪᠠᠶᠢᠴᠠᠭᠠᠨ ᠰᠢᠯᠭᠠᠵᠤ ᠳᠠᠩᠰᠠᠯᠠᠭᠰᠠᠨ ᠪᠠᠶᠢᠳᠠᠯ ᠢ ᠪᠠᠶᠢᠴᠠᠭᠠᠵᠤ᠂ ᠢᠳᠡᠭᠡᠨ ᠤ ᠬᠦᠢᠲᠡᠨ ᠬᠥᠮᠥᠷᠭᠡ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠴᠠᠩ ᠳ᠋ᠠ ᠸᠧᠢ᠂ ᠬᠥᠯᠳᠡᠭᠡᠭᠰᠡᠨ ᠪᠣᠳᠠᠰ ᠤᠨ ᠡᠵᠡᠩᠨᠡᠯᠲᠡ ᠶᠢᠨ ᠳᠡᠯᠭᠡᠭᠦᠷ ᠡᠷᠬᠡᠪᠰᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ᠂ ᠠᠷᠢᠭᠤᠳᠬᠠᠬᠤ ᠵᠡᠷᠭᠡ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠢᠮᠠᠭᠲᠠ ᠴᠢᠩᠭᠠᠷᠠᠭᠤᠯᠵᠤ᠂ ᠡᠬᠢ ᠰᠤᠷᠪᠤᠯᠵᠢ ᠶᠢ ᠨᠢ ᠮᠥᠷᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ᠂ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠧᠩ ᠭᠤᠸᠠᠨ ᠪᠠᠯᠭᠠᠰᠤ ᠵᠡᠷᠭᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠲᠤᠬᠠᠶ ᠶᠢᠨ ᠲᠠᠯᠠᠪᠠᠢ ᠶᠢᠨ ᠬᠤᠷᠠᠯ ᠳᠤ ᠣᠷᠣᠯᠴᠠᠪᠠ᠃                 ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ  ᠾᠧ                 ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3