ᠴᠠᠩ ᠳ᠋ᠠ ᠸᠧᠢ ᠰᠢᠶᠠᠨ ᠤ ᠵᠠᠰᠠᠭ ᠤᠨ ᠣᠷᠳᠣᠨ ᠤ 2021 ᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/20
     5 ᠰᠠᠷ᠎ᠠ ᠶᠢᠨ 18᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠠᠩ ᠳ᠋ᠠ ᠸᠧᠢ ᠰᠢᠶᠠᠨ ᠤ ᠵᠠᠰᠠᠭ ᠤᠨ ᠣᠷᠳᠣᠨ ᠤ 2021 ᠣᠨ ᠤ 9 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠪᠣᠯᠤᠨ ᠶᠢᠩ ᠽᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ᠂ ᠰᠢᠶᠤᠤ ᠹᠤᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ᠂ ᠵᠠᠩ ᠵᠢᠶᠦ᠋ᠨ᠂ ᠯᠢ ᠰᠢᠨ ᠺᠠᠶ ᠬᠤᠷᠠᠯ ᠳᠤ ᠣᠷᠣᠯᠴᠠᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠹᠧᠩ ᠬᠤᠷᠠᠯ ᠳᠤ ᠰᠤᠯᠠ ᠣᠷᠣᠯᠴᠠᠵᠠᠶ᠃
     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ︔ ᠶᠡᠷᠦᠩᠬᠡᠶ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ︔ ᠱᠢ ᠲᠠᠢ ᠹᠧᠩ ᠱᠦᠵᠢ ᠤᠯᠠᠭᠠᠨᠬᠠᠳᠠ ᠬᠤᠳᠠ ᠪᠣᠯᠤᠨ ᠲᠦᠩᠯᠢᠶᠣᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠶᠠᠷᠢᠶᠠᠨ ᠤ ᠵᠣᠷᠢᠭ ᠰᠠᠨᠠᠭ᠎ᠠ︔ ᠱᠢ ᠲᠠᠢ ᠹᠧᠩ ᠱᠦᠵᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠶᠠᠷᠢᠶᠠᠨ ᠤ ᠵᠣᠷᠢᠭ ᠰᠠᠨᠠᠭ᠎ᠠ︔ ᠰᠦᠶ ᠸᠧᠶ ᠵᠢᠶᠦ᠋ᠨ ᠱᠦᠵᠢ ᠤᠯᠠᠭᠠᠨᠴᠠᠪ ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠶ᠋ᠰᠦ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠨᠢᠭᠡ ᠴᠤᠭᠴᠠᠵᠢᠭᠰᠠᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠶᠠᠷᠢᠶ᠎ᠠ ᠶᠢᠨ ᠵᠣᠷᠢᠭ ᠰᠠᠨᠠᠭ᠎ᠠ︔ ᠴᠢ ᠹᠧᠶ ᠶᠦᠨ ᠬᠤᠲᠠ ᠶᠢᠨ ᠳᠠᠷᠤᠭ᠎ᠠ ᠪᠦᠬᠦ ᠬᠤᠲᠠ ᠶᠢᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠠᠬᠢᠭᠤᠯᠬᠤ ᠬᠤᠷᠠᠯ ᠤᠨ ᠶᠠᠷᠢᠶᠠᠨ ᠤ ᠵᠣᠷᠢᠭ ᠰᠠᠨᠠᠭ᠎ᠠ ᠶᠢ ᠡᠷᠬᠢᠯᠡᠨ ᠬᠤᠷᠠᠯᠳᠤᠭᠤᠯᠪᠠ︔ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠢ ᠰᠠᠨᠠᠯ︾᠂ ︽ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠬᠠᠷᠢᠭᠤᠴᠠᠯᠭ᠎ᠠ ᠲᠠᠢ ᠬᠥᠮᠦᠨ ᠢ ᠰᠢᠢᠳᠬᠡᠬᠦ ᠪᠠ ᠰᠢᠢᠳᠪᠦᠷᠢᠯᠡᠬᠦ ᠰᠠᠨᠠᠭᠤᠯᠭ᠎ᠠ ᠶᠢᠨ ᠠᠷᠭ᠎ᠠ︾᠂ ︽ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠣᠭᠲᠠᠭᠠᠯ︾᠎ ᠢ ᠳᠠᠷᠤᠮᠠᠯᠯᠠᠨ ᠲᠠᠷᠬᠠᠭᠠᠪᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠰᠠᠭᠤᠷᠢ ᠲᠥᠬᠦᠭᠡᠷᠦᠮᠵᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠠᠷᠭ᠎ᠠ ᠬᠡᠮᠵᠢᠶ᠎ᠡ︾᠎ ᠶᠢ ᠳᠠᠷᠤᠮᠠᠯᠯᠠᠨ ᠲᠠᠷᠬᠠᠭᠠᠪᠠ᠃       ᠴᠠᠩ ᠳ᠋ᠠ ᠸᠧᠢ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠬᠦᠴᠦᠯᠡᠨ ᠠᠷᠢᠯᠭᠠᠬᠤ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠥᠷᠥᠯ ᠵᠤᠶᠢᠯ ᠢ ᠠᠳᠬᠤᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠢᠨ᠎ᠡ ᠪᠠᠷ ᠡᠬᠢᠯᠡᠭᠦᠯᠦᠭᠰᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠨᠠᠩ ᠣᠯᠠᠨ ᠲᠥᠷᠥᠯ ᠵᠤᠶᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃       ᠴᠠᠩ ᠳ᠋ᠠ ᠸᠧᠶ ᠴᠢᠬᠤᠯᠠᠴᠢᠯᠠᠭᠰᠠᠨ ᠨᠢ᠂ ᠪᠦᠬᠦ ᠰᠢᠶᠠᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠬᠡᠷᠡᠭᠲᠡᠶ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠦᠢᠯᠡᠳᠦᠯᠭᠡᠵᠢᠭᠦᠯᠦᠶ᠎ᠡ᠂ ᠤᠯᠤᠰ ᠤᠨ ᠲᠤᠭ᠎ᠠ ᠪᠦᠷᠢᠳᠬᠡᠯ ᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ᠎ᠠ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠰᠢᠯᠭᠠᠯᠲᠠ ᠪᠣᠯᠤᠭᠰᠠᠨ ᠤ ᠬᠤᠪᠢ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠬᠡᠮᠵᠢᠭᠦᠷ᠂ ᠵᠠᠷᠢᠮ ᠨᠢ ᠰᠤᠮᠤ ᠬᠠᠷᠪᠤᠵᠤ ᠠᠯᠳᠠᠰᠢ ᠭᠠᠷᠬᠤ ᠶᠢ ᠬᠤᠷᠢᠭᠯᠠᠪᠠ᠂ ᠴᠢᠩᠭ᠎ᠠ ᠪᠠᠭᠤᠷᠠᠶ ᠲᠠᠯ᠎ᠠ᠂ ᠳᠤᠲᠠᠭᠤᠳᠠᠯ ᠢ ᠨᠥᠬᠦᠪᠥᠷᠢᠯᠡᠬᠦ᠂ ᠬᠠᠮᠤᠭ ᠤᠨ ᠡᠷᠡᠰ ᠰᠢᠭᠤᠷᠬᠠᠶ ᠣᠪᠣᠷ ᠢᠶᠠᠷ᠂ ᠬᠠᠮᠤᠭ ᠤᠨ ᠡᠷᠡᠰ ᠰᠢᠭᠤᠷᠬᠠᠶ ᠠᠷᠭ᠎ᠠ ᠬᠡᠮᠵᠢᠶ᠎ᠡ᠂ ᠬᠠᠮᠤᠭ ᠤᠨ ᠴᠢᠩᠭ᠎ᠠ ᠪᠣᠳᠠᠲᠠᠶ ᠰᠤᠷᠲᠠᠯ᠂ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠠᠷᠢᠨ ᠮᠡᠳᠡᠵᠦ ᠪᠠᠷᠢᠨ ᠥᠭᠡᠷᠡᠴᠢᠯᠡᠬᠦ ᠶᠢ ᠠᠬᠢᠭᠤᠯᠤᠨ᠎ᠠ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ᠂ ᠦᠨᠡᠨᠬᠦ ᠠᠳᠬᠤᠨ ᠪᠣᠳᠠᠲᠠᠶ ᠥᠭᠡᠷᠡᠴᠢᠯᠡᠵᠦ᠃       ᠬᠤᠷᠠᠯ ᠠᠴᠠ ᠤᠯᠤᠰ ᠤᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠵᠤᠶᠢᠯᠡᠰ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠵᠤᠶᠢᠯᠡᠰ᠂ ᠴᠢᠬᠤᠯᠠ ᠶᠡᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠵᠢᠴᠢ ᠠᠮᠤ ᠪᠤᠳᠠᠭᠠᠨ ᠤ ᠬᠥᠮᠥᠷᠭᠡ ᠶᠢᠨ ᠲᠣᠭᠲᠠᠴᠠ ᠶᠢ ᠬᠤᠪᠢᠷᠠᠭᠤᠯᠬᠤ ᠵᠤᠶᠢᠯᠡᠰ ᠵᠡᠷᠭᠡ ᠵᠥᠪᠯᠡᠬᠦ ᠵᠤᠶᠢᠯᠡᠰ ᠢ ᠰᠤᠳᠤᠯᠤᠨ ᠪᠠᠶᠢᠷᠢᠯᠠᠭᠤᠯᠪᠠ᠃       ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠡ᠂ ᠬᠠᠤᠯᠢ ᠴᠠᠭᠠᠵᠠ ᠶᠢᠨ ᠲᠤᠪᠴᠢᠶ᠎ᠡ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠡ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠡ᠂ ᠰᠣᠶᠣᠯ ᠵᠢᠭᠤᠯᠴᠢᠯᠠᠯ ᠤᠨ ᠲᠤᠪᠴᠢᠶ᠎ᠡ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠵᠡᠷᠭᠡ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                             ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ  ᠾᠧ                             ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3