5 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠵᠢᠴᠢ | ᠬᠤᠲᠠ ᠶᠢᠨ ᠳᠦᠷᠢ ᠲᠥᠷᠬᠦ ᠶᠢᠨ ᠬᠠᠮᠢᠶᠠᠷᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠵᠢᠯᠣᠭᠤᠳᠴᠤ | ᠪᠠᠶᠢᠭ᠎ᠠ ᠨᠢ᠃ | | ᠢᠦᠶ ᠰᠢᠶᠠᠨ ᠤ ᠳᠠᠷᠤᠭ᠎ᠠ ᠨᠠᠷ ᠬᠡᠰᠡᠭ ᠵᠠᠮ ᠤᠨ ᠬᠡᠰᠡᠭ ᠤᠨ ᠬᠤᠲᠠ ᠶᠢᠨ ᠦᠵᠡᠮᠵᠢ ᠵᠢᠴᠢ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ᠂ ᠵᠠᠮ ᠤᠨ ᠳ᠋ᠧᠩ ᠤᠨ ᠭᠡᠷᠡᠯᠲᠦᠭᠦᠯᠭᠡ ᠶᠢᠨ ᠪᠠᠶᠢᠳᠠᠯ ᠢ ᠪᠠᠶᠢᠴᠠᠭᠠᠵᠤ᠂ ᠳᠠᠷᠠᠭ᠎ᠠ ᠨᠢ | ᠵᠢᠦᠢ ᠰᠢᠨ ᠾᠧᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠪᠡ᠃ ᠡᠭᠦᠨ ᠤ | ᠬᠠᠮᠲᠤ᠂ ᠡᠯ᠎ᠡ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠠᠯ᠎ᠠ ᠶᠢᠨ ᠬᠢᠨ ︽ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ︾ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠢᠶᠠᠷ ᠪᠠᠷᠢᠯᠭ᠎ᠠ ᠪᠠᠷᠢᠬᠤ ᠶᠢ ᠴᠢᠬᠤᠯᠠᠴᠢᠯᠠᠵᠤ᠂ ᠤᠰᠤ᠂ ᠴᠠᠬᠢᠯᠭᠠᠨ᠂ ᠳᠤᠯᠠᠭᠠᠯᠠᠭ᠎ᠠ᠂ ᠵᠠᠮ ᠵᠡᠷᠭᠡ | ᠰᠠᠭᠤᠷᠢ ᠲᠥᠬᠦᠭᠡᠷᠦᠮᠵᠢ ᠶᠢ ᠡᠷᠬᠡᠪᠰᠢ ᠵᠡᠷᠭᠡ ᠪᠠᠷ ᠲᠥᠬᠦᠷᠵᠢᠭᠦᠯᠵᠦ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠶᠠᠰᠤ ᠴᠢᠨᠠᠷ ᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ | ᠰᠢᠨ᠎ᠡ ᠪᠠᠷ ᠮᠠᠨᠳᠤᠭᠰᠠᠨ ᠪᠠ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ | ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠠᠵᠢᠯᠲᠠᠨ ᠳᠤ ᠱᠠᠭᠠᠷᠳᠠᠯᠭ᠎ᠠ ᠳᠤᠷᠠᠳᠪᠠ᠂ ᠨᠢᠭᠡ ᠳᠤ᠂ ᠠᠭᠤᠷ ᠠᠮᠢᠰᠬᠤᠯ ᠳᠤᠯᠠᠭᠠᠷᠠᠬᠤ᠂ | ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ ᠦᠢᠯᠡ ᠠᠵᠢᠯᠯᠠᠭ᠎ᠠ ᠡᠬᠢᠯᠡᠨ ᠡᠭᠦᠰᠴᠦ᠂ ᠡᠷᠬᠡᠪᠰᠢ ᠬᠠᠤᠯᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠲᠥᠯᠥᠪᠵᠢᠭᠦᠯᠭᠡ ᠠᠴᠠ | ᠵᠥᠷᠢᠴᠡᠬᠦ ᠪᠠᠷᠢᠯᠭ᠎ᠠ ᠶᠢᠨ ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠬᠡᠷᠡᠭᠲᠡᠶ︔ ᠬᠤᠶᠠᠷ ᠲᠤ᠂ ᠡᠯ᠎ᠡ | ᠪᠠᠷᠢᠯᠭ᠎ᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠡᠳ᠋ ᠪᠣᠳᠠᠰ ᠤᠨ ᠲᠡᠭᠡᠭᠡᠪᠦᠷᠢ ᠪᠠᠷ | ᠬᠤᠳᠠ ᠶᠢᠨ ᠦᠵᠡᠮᠵᠢ ᠣᠷᠴᠢᠨ ᠲᠣᠭᠤᠷᠢᠨ ᠤ ᠳᠦᠷᠰᠦ ᠪᠠᠶᠢᠳᠠᠯ ᠢ ᠨᠥᠯᠥᠭᠡᠯᠡᠬᠦ᠂ ᠱᠤᠤᠭᠢᠶᠠᠨ ᠢᠶᠠᠷ ᠠᠷᠠᠳ ᠢ | ᠦᠢᠮᠡᠭᠦᠯᠬᠦ ᠵᠡᠷᠭᠡ ᠠᠵᠢᠯᠯᠠᠭ᠎ᠠ ᠶᠢ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠮᠠᠨ ᠤ ᠰᠢᠶᠠᠨ ᠤ | ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠬᠦ ᠳᠤ᠂ ︽ | ᠲᠦᠷᠦ ᠭᠦᠷᠦᠨ ᠪᠣᠯ ᠠᠷᠠᠳ ᠲᠦᠮᠡᠨ᠂ ᠠᠷᠠᠳ ᠲᠦᠮᠡᠨ ᠪᠣᠯ ᠲᠦᠷᠦ ᠭᠦᠷᠦᠨ︾ ᠭᠡᠬᠦ ᠦᠵᠡᠯ ᠰᠠᠨᠠᠭ᠎ᠠ ᠶᠢ | ᠢᠯᠡᠷᠡᠭᠦᠯᠵᠦ᠂ ᠢᠮᠠᠭᠲᠠ ᠠᠷᠠᠳ ᠲᠦᠮᠡᠨ ᠢ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ | ᠲᠠᠯᠪᠢᠬᠤ ᠬᠡᠷᠡᠭᠲᠡᠢ᠃ | ᠣᠷᠴᠢᠭᠤᠯᠤᠭᠴᠢ᠄ ᠡᠷᠳᠡᠨᠢᠭᠤᠸ᠎ᠠ ᠨᠠᠷᠠᠰᠤ |