ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠵᠢᠴᠢ ᠬᠤᠲᠠ ᠶᠢᠨ ᠦᠵᠡᠮᠵᠢ ᠶᠢᠨ ᠬᠠᠮᠢᠶᠠᠷᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠵᠢᠯᠣᠭᠤᠳᠪᠠ
ᠨᠡᠶᠢᠲᠡᠯᠡᠭᠰᠡᠨ ᠴᠠᠭ᠄
2021/5/22
     5 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠵᠢᠴᠢ ᠬᠤᠲᠠ ᠶᠢᠨ ᠳᠦᠷᠢ ᠲᠥᠷᠬᠦ ᠶᠢᠨ ᠬᠠᠮᠢᠶᠠᠷᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠵᠢᠯᠣᠭᠤᠳᠴᠤ ᠪᠠᠶᠢᠭ᠎ᠠ ᠨᠢ᠃
     ᠢᠦᠶ ᠰᠢᠶᠠᠨ ᠤ ᠳᠠᠷᠤᠭ᠎ᠠ ᠨᠠᠷ ᠬᠡᠰᠡᠭ ᠵᠠᠮ ᠤᠨ ᠬᠡᠰᠡᠭ ᠤᠨ ᠬᠤᠲᠠ ᠶᠢᠨ ᠦᠵᠡᠮᠵᠢ ᠵᠢᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠤᠨ ᠳ᠋ᠧᠩ ᠤᠨ ᠭᠡᠷᠡᠯᠲᠦᠭᠦᠯᠭᠡ ᠶᠢᠨ ᠪᠠᠶᠢᠳᠠᠯ ᠢ ᠪᠠᠶᠢᠴᠠᠭᠠᠵᠤ᠂ ᠳᠠᠷᠠᠭ᠎ᠠ ᠨᠢ ᠵᠢᠦᠢ ᠰᠢᠨ ᠾᠧᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠪᠡ᠃ ᠡᠭᠦᠨ ᠤ ᠬᠠᠮᠲᠤ᠂ ᠡᠯ᠎ᠡ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠠᠯ᠎ᠠ ᠶᠢᠨ ᠬᠢᠨ ︽ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ︾ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠶᠢ ᠴᠢᠬᠤᠯᠠᠴᠢᠯᠠᠵᠤ᠂ ᠤᠰᠤ᠂ ᠴᠠᠬᠢᠯᠭᠠᠨ᠂ ᠳᠤᠯᠠᠭᠠᠯᠠᠭ᠎ᠠ᠂ ᠵᠠᠮ ᠵᠡᠷᠭᠡ ᠰᠠᠭᠤᠷᠢ ᠲᠥᠬᠦᠭᠡᠷᠦᠮᠵᠢ ᠶᠢ ᠡᠷᠬᠡᠪᠰᠢ ᠵᠡᠷᠭᠡ ᠪᠠᠷ ᠲᠥᠬᠦᠷᠵᠢᠭᠦᠯᠵᠦ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠰᠢᠨ᠎ᠡ ᠪᠠᠷ ᠮᠠᠨᠳᠤᠭᠰᠠᠨ ᠪᠠ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠳᠤ ᠱᠠᠭᠠᠷᠳᠠᠯᠭ᠎ᠠ ᠳᠤᠷᠠᠳᠪᠠ᠂ ᠨᠢᠭᠡ ᠳᠤ᠂ ᠠᠭᠤᠷ ᠠᠮᠢᠰᠬᠤᠯ ᠳᠤᠯᠠᠭᠠᠷᠠᠬᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ ᠦᠢᠯᠡ ᠠᠵᠢᠯᠯᠠᠭ᠎ᠠ ᠡᠬᠢᠯᠡᠨ ᠡᠭᠦᠰᠴᠦ᠂ ᠡᠷᠬᠡᠪᠰᠢ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠲᠥᠯᠥᠪᠵᠢᠭᠦᠯᠭᠡ ᠠᠴᠠ ᠵᠥᠷᠢᠴᠡᠬᠦ ᠪᠠᠷᠢᠯᠭ᠎ᠠ ᠶᠢᠨ ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠬᠡᠷᠡᠭᠲᠡᠶ︔ ᠬᠤᠶᠠᠷ ᠲᠤ᠂ ᠡᠯ᠎ᠡ ᠪᠠᠷᠢᠯᠭ᠎ᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠡᠳ᠋ ᠪᠣᠳᠠᠰ ᠤᠨ ᠲᠡᠭᠡᠭᠡᠪᠦᠷᠢ ᠪᠠᠷ ᠬᠤᠳᠠ ᠶᠢᠨ ᠦᠵᠡᠮᠵᠢ ᠣᠷᠴᠢᠨ ᠲᠣᠭᠤᠷᠢᠨ ᠤ ᠳᠦᠷᠰᠦ ᠪᠠᠶᠢᠳᠠᠯ ᠢ ᠨᠥᠯᠥᠭᠡᠯᠡᠬᠦ᠂ ᠱᠤᠤᠭᠢᠶᠠᠨ ᠢᠶᠠᠷ ᠠᠷᠠᠳ ᠢ ᠦᠢᠮᠡᠭᠦᠯᠬᠦ ᠵᠡᠷᠭᠡ ᠠᠵᠢᠯᠯᠠᠭ᠎ᠠ ᠶᠢ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠮᠠᠨ ᠤ ᠰᠢᠶᠠᠨ ᠤ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠬᠦ ᠳᠤ᠂ ︽ᠲᠦᠷᠦ ᠭᠦᠷᠦᠨ ᠪᠣᠯ ᠠᠷᠠᠳ ᠲᠦᠮᠡᠨ᠂ ᠠᠷᠠᠳ ᠲᠦᠮᠡᠨ ᠪᠣᠯ ᠲᠦᠷᠦ ᠭᠦᠷᠦᠨ︾ ᠭᠡᠬᠦ ᠦᠵᠡᠯ ᠰᠠᠨᠠᠭ᠎ᠠ ᠶᠢ ᠢᠯᠡᠷᠡᠭᠦᠯᠵᠦ᠂ ᠢᠮᠠᠭᠲᠠ ᠠᠷᠠᠳ ᠲᠦᠮᠡᠨ ᠢ ᠰᠡᠳᠬᠢᠯ  ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠬᠤ ᠬᠡᠷᠡᠭᠲᠡᠢ᠃                              ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3