ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ︾ ᠳᠤ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2021/5/8
     ᠣᠨᠴᠠ ᠬᠦᠴᠢᠷᠳᠡᠯ ᠲᠠᠢ ᠬᠥᠮᠦᠰ ᠤᠨ ᠠᠮᠢᠳᠤᠷᠠᠯ ᠨᠢ ᠬᠦᠴᠢᠷᠳᠡᠯ ᠲᠠᠢ᠂ ᠥᠮᠥᠭ ᠲᠦᠰᠢᠭ ᠥᠬᠡᠶ᠂ ᠬᠠᠷᠠᠭᠠᠯᠵᠠᠬᠤ ᠬᠥᠮᠦᠨ ᠥᠬᠡᠶ᠂ ᠶᠠᠳᠠᠭᠤ ᠬᠦᠴᠢᠷᠳᠡᠯ ᠲᠠᠢ ᠣᠯᠠᠨ ᠲᠦᠮᠡᠨ ᠤ ᠳᠣᠲᠣᠷᠠᠬᠢ ᠬᠠᠮᠤᠭ ᠤᠨ ᠬᠦᠴᠢᠷᠳᠡᠯ ᠲᠠᠢ᠂ ᠬᠠᠮᠤᠭ ᠤᠨ ᠬᠡᠪᠡᠷᠡᠭ ᠬᠠᠮᠲᠤᠯᠢᠭ ᠪᠣᠯᠤᠨ᠎ᠠ᠃ ᠲᠡᠳᠡᠨ ᠤ ᠦᠨᠳᠦᠰᠦᠨ ᠠᠮᠢᠳᠤᠷᠠᠯ ᠪᠠ ᠬᠠᠷᠠᠭᠠᠯᠵᠠᠬᠤ ᠦᠢᠯᠡᠴᠢᠯᠡᠭᠡ ᠶᠢ ᠰᠠᠶᠢᠲᠤᠷ ᠪᠠᠲᠤᠯᠠᠬᠤ ᠪᠣᠯ ᠡᠯ᠎ᠡ ᠱᠠᠲᠤᠨ ᠤ ᠵᠠᠰᠠᠭ ᠤᠨ ᠣᠷᠳᠣᠨ ᠤ ᠦᠨᠳᠦᠰᠦᠨ ᠵᠦᠢᠯ ᠢ ᠪᠠᠲᠤᠯᠠᠬᠤ ᠴᠢᠬᠤᠯᠠ ᠬᠠᠷᠢᠭᠤᠴᠠᠯᠭ᠎ᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠣᠨᠴᠠᠭᠠᠢ ᠬᠦᠴᠢᠷᠳᠡᠯᠲᠡᠢ ᠬᠠᠮᠲᠤᠯᠢᠭ ᠢ ᠬᠠᠪᠰᠤᠷᠤᠨ ᠲᠡᠳᠬᠦᠬᠦ ᠶᠢ ᠴᠢᠩᠭᠠᠳᠬᠠᠬᠤ ᠬᠡᠷᠡᠭᠲᠡᠢ ᠭᠡᠵᠦ ᠲᠤᠪᠤᠶᠢᠯᠭᠠᠨ ᠴᠢᠬᠤᠯᠠᠴᠢᠯᠠᠪᠠ᠃ ᠶᠡᠷᠦᠩᠬᠡᠶ ᠰᠠᠶᠢᠳ ᠯᠢ ᠺᠧ ᠴᠢᠶᠠᠩ ᠵᠡᠷᠭᠡ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠪᠠᠰᠠ ᠣᠯᠠᠨᠲᠠ ᠴᠣᠬᠤᠯᠠᠪᠤᠷᠢ ᠪᠢᠴᠢᠵᠦ᠂ ᠲᠣᠳᠣᠷᠬᠠᠶ ᠱᠠᠭᠠᠷᠳᠠᠯᠭ᠎ᠠ ᠳᠤᠷᠠᠳᠴᠠᠶ᠃ 2016 ᠣᠨ ᠤ 2 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠤᠨ ᠤ ᠲᠠᠪᠤᠨ ᠪᠠᠲᠤᠯᠠᠭ᠎ᠠ ᠲᠠᠢ ᠪᠠᠷ ᠠᠰᠠᠷᠠᠨ ᠲᠡᠵᠢᠭᠡᠬᠦ ᠲᠦᠷᠢᠮ ᠪᠠ ᠬᠤᠲᠠ ᠶᠢᠨ ︽ᠭᠤᠷᠪᠠ ᠥᠬᠡᠶ︾ ᠬᠥᠮᠦᠰ ᠢ ᠠᠪᠤᠷᠠᠨ ᠲᠤᠰᠠᠯᠠᠬᠤ ᠲᠦᠷᠢᠮ ᠢ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠪᠣᠯᠭᠠᠨ ᠨᠢᠭᠡᠳᠬᠡᠪᠡ᠃ ᠣᠨᠴᠠ ᠬᠦᠴᠢᠷᠳᠡᠯ ᠲᠠᠢ ᠬᠥᠮᠦᠰ ᠢ ᠮᠠᠭᠠᠳᠯᠠᠨ ᠲᠣᠭᠲᠠᠭᠠᠬᠤ ᠠᠵᠢᠯ ᠢ ᠵᠢᠷᠤᠮᠵᠢᠭᠤᠯᠬᠤ ᠶᠢᠨ ᠲᠥᠯᠥᠭᠡ᠂ 2016 ᠣᠨ ᠤ 10 ᠰᠠᠷ᠎ᠠ ᠳᠤ᠂ ᠠᠷᠠᠳ ᠤᠨ ᠶᠠᠪᠤᠳᠠᠯ ᠤᠨ ᠶᠠᠮᠤᠨ ᠠᠴᠠ ︽ᠣᠨᠴᠠ ᠬᠦᠴᠢᠷᠳᠡᠯ ᠲᠠᠢ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠣᠨᠴᠠ ᠬᠦᠴᠢᠷᠳᠡᠯ ᠲᠠᠢ ᠬᠥᠮᠦᠰ ᠢ ᠮᠠᠭᠠᠳᠯᠠᠨ ᠲᠣᠭᠲᠠᠭᠠᠬᠤ ᠨᠥᠬᠦᠴᠡᠯ᠂ ᠮᠠᠭᠠᠳᠯᠠᠨ ᠲᠣᠭᠲᠠᠭᠠᠬᠤ ᠵᠢᠷᠤᠮ᠂ ᠠᠮᠢᠳᠤᠷᠠᠯ ᠢᠶᠠᠨ ᠥᠪᠡᠰᠦᠪᠡᠨ ᠠᠷᠭᠠᠴᠠᠬᠤ ᠴᠢᠳᠠᠪᠤᠷᠢ ᠶᠢ ᠦᠨᠡᠯᠡᠨ ᠵᠢᠱᠢᠬᠦ ᠵᠡᠷᠭᠡ ᠳᠤ ᠲᠣᠳᠣᠷᠬᠠᠶ ᠲᠣᠭᠲᠠᠭᠠᠯ ᠭᠠᠷᠭᠠᠪᠠ᠃ ᠣᠶᠢᠷ᠎ᠠ ᠶᠢᠨ ᠵᠢᠯ ᠤᠳ ᠲᠤ᠂ ᠠᠷᠠᠳ ᠤᠨ ᠶᠠᠪᠤᠳᠠᠯ ᠤᠨ ᠶᠠᠮᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠨᠥᠬᠦᠴᠡᠯ ᠢ ᠲᠡᠭᠦᠯᠳᠡᠷᠵᠢᠭᠦᠯᠵᠦ᠂ ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠠᠵᠢᠯ ᠢ ᠵᠢᠷᠤᠮᠵᠢᠭᠤᠯᠤᠨ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠦᠨᠡᠨ ᠬᠦ ᠣᠷᠣᠭᠤᠯᠵᠤ᠂ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠶᠢᠨ᠎ᠠ᠃ 2020 ᠣᠨ ᠤ ᠰᠡᠭᠦᠯᠴᠢ ᠪᠣᠯᠲᠠᠯ᠎ᠠ᠂ ᠪᠦᠬᠦ ᠤᠯᠤᠰ ᠲᠤ ᠨᠡᠶᠢᠳᠡ 477.6 ᠲᠦᠮᠡᠨ ᠣᠨᠴᠠ ᠬᠦᠴᠢᠷᠳᠡᠯᠲᠡᠢ ᠬᠥᠮᠦᠨ ᠪᠤᠢ᠃ ᠡᠭᠦᠨ ᠤ ᠳᠣᠲᠣᠷ᠎ᠠ ᠬᠥᠳᠡᠭᠡ ᠲᠣᠰᠬᠤᠨ ᠳᠤ 446.5 ᠲᠦᠮᠡᠨ ᠬᠥᠮᠦᠨ᠂ ᠬᠤᠲᠠ ᠳᠤ 31.1 ᠲᠦᠮᠡᠨ ᠬᠥᠮᠦᠨ ᠪᠠᠶᠢᠨ᠎ᠠ᠃      ᠨᠢᠳᠤᠨᠤᠨ ᠤ 4 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ ᠶᠢ ᠲᠡᠭᠦᠯᠳᠡᠷᠵᠢᠭᠦᠯᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠬᠤᠶᠠᠷ ᠠᠯᠪᠠᠨ ᠲᠢᠩᠬᠢᠮ ᠤᠨ ︽ᠰᠠᠨᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠳᠦᠷᠢᠮ ᠤᠨ ᠪᠣᠯᠤᠮᠵᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠨᠠᠩ ᠣᠯᠠᠨ ᠪᠣᠳᠠᠲᠤ ᠬᠡᠷᠡᠭ ᠳᠡᠭᠡᠷᠡᠬᠢ ︽ᠭᠤᠷᠪᠠ ᠥᠬᠡᠶ ᠬᠥᠮᠦᠰ︾ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠵᠤ᠂ ᠠᠷᠠᠳ ᠤᠨ ᠶᠠᠪᠤᠳᠠᠯ ᠤᠨ ᠶᠠᠮᠤᠨ ︽ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠦᠨᠳᠦᠰᠦᠯᠡᠨ᠂ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠨ ᠱᠠᠲᠤᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠤᠭᠰᠠᠨ ᠰᠠᠭᠤᠷᠢᠨ ᠳᠡᠭᠡᠷ᠎ᠡ᠂ ︽ᠮᠠᠭᠠᠳᠯᠠᠨ ᠲᠣᠭᠲᠠᠭᠠᠬᠤ ᠠᠷᠭ᠎ᠠ︾ ᠳᠤ ᠵᠠᠰᠠᠪᠤᠷᠢ ᠣᠷᠣᠭᠤᠯᠵᠤ᠂ ᠣᠶᠢᠷ᠎ᠠ ᠳᠤ ᠳᠠᠷᠤᠮᠠᠯᠯᠠᠨ ᠲᠠᠷᠬᠠᠭᠠᠪᠠ᠃      ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠤᠲᠠᠯᠠᠨ ᠲᠣᠭᠲᠠᠭᠠᠬᠤ ᠠᠷᠭ᠎ᠠ︾ ᠳᠤ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠣᠨᠴᠠᠭᠠᠶ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠨᠥᠬᠦᠴᠡᠯ ᠢ ᠵᠣᠬᠢᠰᠲᠠᠶ ᠠᠭᠤᠵᠢᠭᠤ ᠪᠣᠯᠭᠠᠬᠤ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠬᠢᠵᠠᠭᠠᠷ ᠱᠤᠭᠤᠮ ᠢ ᠦᠨᠡᠨ ᠬᠦ ᠪᠠᠲᠤ ᠰᠠᠬᠢᠬᠤ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠣᠨᠴᠠ ᠬᠦᠴᠢᠷᠳᠡᠯᠲᠡᠶ ᠬᠥᠮᠦᠰ ᠤᠨ ᠬᠥᠳᠡᠯᠮᠦᠷᠢᠯᠡᠬᠦ ᠴᠢᠳᠠᠪᠤᠷᠢ ᠥᠬᠡᠶ᠂ ᠠᠮᠢᠳᠤᠷᠠᠯ ᠤᠨ ᠢᠷᠡᠯᠲᠡ ᠥᠬᠡᠶ᠂ ᠲᠣᠭᠲᠠᠭᠠᠬᠤ ᠶᠢᠨ ᠠᠷᠭ᠎ᠠ ᠥᠬᠡᠶ ᠡᠭᠦᠷᠭᠡᠲᠦ ᠬᠥᠮᠦᠨ ᠪᠤᠶᠤ ᠬᠠᠤᠯᠢ ᠪᠠᠷ ᠲᠣᠭᠲᠠᠭᠠᠭᠰᠠᠨ ᠡᠭᠦᠷᠭᠡᠲᠦ ᠬᠥᠮᠦᠨ ᠤ ᠡᠭᠦᠷᠭᠡ ᠪᠠᠨ ᠭᠦᠢᠴᠡᠳᠬᠡᠬᠦ ᠴᠢᠳᠠᠪᠤᠷᠢ ᠥᠬᠡᠶ ᠪᠠᠶᠢᠬᠤ ᠶᠢ ᠮᠠᠭᠠᠳᠯᠠᠨ ᠲᠣᠭᠲᠠᠭᠠᠬᠤ ᠳᠤ ᠬᠤᠯᠪᠣᠭᠳᠠᠭᠰᠠᠨ ᠬᠡᠰᠡᠭ ᠵᠦᠢᠯ ᠵᠤᠷᠪᠤᠰ ᠲᠤ ᠭᠤᠤᠯᠳᠠᠯᠭ᠎ᠠ ᠲᠠᠢ ᠪᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃      ᠨᠢᠭᠡ᠂ ︽ᠬᠥᠳᠡᠯᠮᠦᠷᠢᠯᠡᠬᠦ ᠴᠢᠳᠠᠪᠤᠷᠢ ᠥᠬᠡᠶ︾ ᠵᠡᠮᠳᠡᠭᠴᠦᠳ ᠤᠨ ᠲᠥᠷᠥᠯ ᠵᠦᠢᠯ ᠪᠠ ᠵᠡᠷᠭᠡ ᠳᠡᠰ ᠢ ᠵᠣᠬᠢᠬᠤ ᠬᠡᠮᠵᠢᠶ᠎ᠡ ᠪᠠᠷ ᠥᠷᠭᠡᠳᠬᠡᠪᠡ      ᠣᠷᠣᠨ ᠨᠤᠲᠤᠭ ᠤᠨ ᠦᠢᠯᠡᠳᠦᠯᠭᠡ ᠶᠢᠨ ᠰᠥᠪᠡᠭᠴᠢᠯᠡᠯᠲᠡ ᠪᠠ ᠪᠣᠳᠠᠲᠤ ᠬᠡᠷᠡᠭᠴᠡᠭᠡ ᠶᠢ ᠦᠨᠳᠦᠰᠦᠯᠡᠨ᠂ ︽ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠳᠤᠮᠳᠠ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾ ︵ᠠᠷᠠᠳ ᠲᠠᠷᠬᠠᠭᠠᠭᠰᠠᠨ ︹ 2018 ︺ 90 ᠳ᠋ᠦᠭᠡᠷ ᠲᠣᠭᠠᠲᠤ︶ ᠤᠨ ᠬᠦᠨᠳᠦ ᠵᠡᠮᠳᠡᠭᠴᠦᠳ ᠢ ᠵᠠᠭᠠᠭᠯᠠᠨ ᠲᠣᠭᠲᠠᠭᠠᠬᠤ ᠬᠡᠪᠴᠢᠶ᠎ᠡ ᠪᠠᠷ ᠯᠠᠪᠯᠠᠯᠲᠠ ᠪᠣᠯᠭᠠᠵᠤ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠮᠠᠭᠠᠳᠯᠠᠨ ᠲᠣᠭᠲᠠᠭᠠᠬᠤ ᠠᠷᠭ᠎ᠠ︾ ᠳᠤ ᠤᠤᠯ ᠤᠨ ︽ᠨᠢᠭᠡᠳᠦᠭᠡᠷ᠂ ᠬᠤᠶᠠᠳᠤᠭᠠᠷ ᠳᠡᠰ ᠤᠨ ᠣᠶᠤᠨ ᠤ ᠵᠡᠮᠳᠡᠭ ᠬᠥᠮᠦᠨ᠂ ᠮᠡᠳᠡᠷᠡᠯ ᠤᠨ ᠵᠡᠮᠳᠡᠭ ᠬᠥᠮᠦᠨ᠂ ᠨᠢᠭᠡᠳᠦᠭᠡᠷ ᠳᠡᠰ ᠤᠨ ᠮᠥᠴᠢ ᠵᠡᠮᠳᠡᠭ ᠬᠥᠮᠦᠨ︾ ᠢ ᠬᠥᠳᠡᠯᠮᠦᠷᠢᠯᠡᠬᠦ ᠴᠢᠳᠠᠪᠤᠷᠢ ᠥᠬᠡᠶ ᠭᠡᠵᠦ ᠮᠠᠭᠠᠳᠯᠠᠨ ᠲᠣᠭᠲᠠᠭᠠᠭᠰᠠᠨ ᠰᠠᠭᠤᠷᠢᠨ ᠳᠡᠭᠡᠷ᠎ᠡ᠂ ︽ᠭᠤᠷᠪᠠᠳᠤᠭᠠᠷ ᠳᠡᠰ ᠤᠨ ᠣᠶᠤᠨ ᠤ ᠵᠡᠮᠳᠡᠭ ᠬᠥᠮᠦᠨ᠂ ᠮᠡᠳᠡᠷᠡᠯ ᠤᠨ ᠵᠡᠮᠳᠡᠭ ᠬᠥᠮᠦᠨ᠂ ᠬᠤᠶᠠᠳᠤᠭᠠᠷ ᠳᠡᠰ ᠤᠨ ᠮᠥᠴᠢ ᠵᠡᠮᠳᠡᠭ ᠬᠥᠮᠦᠨ ᠪᠠ ᠨᠢᠭᠡᠳᠦᠭᠡᠷ ᠳᠡᠰ ᠤᠨ ᠬᠠᠷᠠᠭᠠᠨ ᠤ ᠵᠡᠮᠳᠡᠭ ᠬᠥᠮᠦᠨ︾ ᠢ ᠨᠡᠮᠡᠵᠦ᠂ ᠳᠡᠭᠡᠷ᠎ᠡ ᠳᠤᠷᠠᠳᠤᠭᠰᠠᠨ ᠵᠡᠮᠳᠡᠭᠴᠦᠳ ᠢ ᠬᠥᠳᠡᠯᠮᠦᠷᠢᠯᠡᠬᠦ ᠴᠢᠳᠠᠪᠤᠷᠢ ᠥᠬᠡᠶ ᠭᠡᠵᠦ ᠮᠠᠭᠠᠳᠯᠠᠨ ᠲᠣᠭᠲᠠᠭᠠᠬᠤ ᠬᠡᠷᠡᠭᠲᠡᠶ ᠭᠡᠵᠦ ᠲᠣᠭᠲᠠᠭᠠᠵᠠᠶ᠃      ᠬᠤᠶᠠᠷ᠂ ︽ᠠᠮᠢᠳᠤᠷᠠᠯ ᠤᠨ ᠢᠷᠡᠯᠲᠡ ᠥᠬᠡᠶ︾ ᠶᠢ ᠮᠠᠭᠠᠳᠯᠠᠨ ᠲᠣᠭᠲᠠᠭᠠᠬᠤ ᠨᠥᠬᠦᠴᠡᠯ ᠢ ᠲᠡᠭᠦᠯᠳᠡᠷᠵᠢᠭᠦᠯᠪᠡ      ᠣᠨᠴᠠ ᠬᠦᠴᠢᠷᠳᠡᠯᠲᠡᠶ ᠬᠥᠮᠦᠰ ᠤᠨ ︽ᠠᠮᠢᠳᠤᠷᠠᠯ ᠤᠨ ᠢᠷᠡᠯᠲᠡ ᠥᠬᠡᠶ︾ ᠪᠠᠶᠢᠬᠤ ᠶᠢ ᠮᠠᠭᠠᠳᠯᠠᠨ ᠲᠣᠭᠲᠠᠭᠠᠬᠤ ᠶᠢᠨ ᠪᠣᠳᠠᠲᠠᠶ ᠨᠥᠬᠦᠴᠡᠯ ᠪᠣᠯ ᠲᠡᠳᠡᠨ ᠤ ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠪᠠᠶᠢᠬᠤ ᠬᠡᠷᠡᠭᠲᠡᠶ ᠮᠥᠷᠲᠡᠭᠡᠨ ᠡᠳ᠋ ᠬᠥᠷᠥᠩᠭᠡ ᠨᠢ ᠲᠤᠬᠠᠶ ᠶᠢᠨ ᠭᠠᠵᠠᠷ ᠤᠨ ᠣᠨᠴᠠ ᠬᠦᠴᠢᠷᠳᠡᠯᠲᠡᠶ ᠬᠥᠮᠦᠰ ᠤᠨ ᠡᠳ᠋ ᠬᠥᠷᠥᠩᠭᠡ ᠶᠢᠨ ᠪᠠᠶᠢᠳᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠮᠠᠭᠠᠳᠯᠠᠨ ᠲᠣᠭᠲᠠᠭᠠᠬᠤ ᠠᠷᠭ᠎ᠠ︾ ᠳᠤ ᠬᠠᠷᠠᠭᠠᠯᠵᠠᠯ ᠤᠨ ᠠᠰᠠᠷᠠᠮᠵᠢ ᠶᠢᠨ ᠮᠥᠩᠭᠦ ᠶᠢ ᠭᠤᠶᠤᠴᠢᠯᠠᠭᠴᠢ ᠶᠢᠨ ᠣᠷᠣᠯᠭ᠎ᠠ ᠳᠤ ᠪᠤᠳᠤᠵᠤ ᠣᠷᠣᠭᠤᠯᠬᠤ ᠥᠬᠡᠶ ᠭᠡᠵᠦ ᠲᠣᠳᠣᠷᠬᠠᠶ ᠲᠣᠭᠲᠠᠭᠠᠵᠠᠶ᠃ ᠡᠭᠦᠨ ᠤ ᠬᠠᠮᠲᠤ᠂ ᠤᠤᠯ ᠤᠨ ᠥᠭᠦᠯᠡᠭᠰᠡᠨ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠠᠬᠢ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ︾ ᠭᠡᠳᠡᠭ ᠢ ︽ᠲᠥᠪ ᠠᠴᠠ ᠲᠣᠭᠲᠠᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ︾᠃      ᠭᠤᠷᠪᠠ᠂ ︽ᠬᠠᠤᠯᠢ ᠪᠠᠷ ᠲᠣᠭᠲᠠᠭᠠᠭᠰᠠᠨ ᠡᠭᠦᠷᠭᠡᠲᠦ ᠬᠥᠮᠦᠨ ᠡᠭᠦᠷᠭᠡ ᠪᠠᠨ ᠭᠦᠢᠴᠡᠳᠬᠡᠬᠦ ᠴᠢᠳᠠᠪᠤᠷᠢ ᠦᠭᠡᠢ︾ ᠪᠠᠶᠢᠬᠤ ᠶᠢ ᠮᠠᠭᠠᠳᠯᠠᠨ ᠲᠣᠭᠲᠠᠭᠠᠬᠤ ᠨᠥᠬᠦᠴᠡᠯ ᠢ ᠵᠣᠬᠢᠰᠲᠠᠶ ᠪᠠᠷ ᠠᠭᠤᠵᠢᠭᠤ ᠪᠣᠯᠭᠠᠪᠠ      ᠣᠳᠣᠬᠠᠨ ᠳᠤ ᠣᠷᠣᠨ ᠨᠤᠲᠤᠭ ᠤᠨ ᠨᠡᠶᠢᠳᠡᠮ ᠲᠤᠰᠬᠠᠵᠤ ᠪᠠᠶᠢᠭ᠎ᠠ ᠬᠦᠴᠢᠷᠳᠡᠯᠲᠡᠶ ᠬᠡᠷ ᠪᠦᠯᠢ ᠶᠢᠨ ᠳᠣᠲᠣᠷᠠᠬᠢ ︽ᠨᠠᠰᠤᠲᠠᠶᠢᠴᠤᠳ ᠢᠶᠠᠷ ᠵᠡᠮᠳᠡᠭᠴᠦᠳ ᠢ ᠲᠡᠵᠢᠭᠡᠬᠦ︾᠂ ︽ᠨᠢᠭᠡ ᠡᠷᠦᠬᠡ ᠳᠤ ᠣᠯᠠᠨ ᠵᠡᠮᠳᠡᠭᠴᠦᠳ ᠲᠠᠢ︾ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠷᠬᠦ ᠶᠢᠨ ᠲᠥᠯᠥᠭᠡ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠮᠠᠭᠠᠳᠯᠠᠨ ᠲᠣᠭᠲᠠᠭᠠᠬᠤ ᠠᠷᠭ᠎ᠠ︾ ᠳᠤ ︽ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠬᠦ ᠠᠰᠠᠷᠠᠨ ᠲᠡᠵᠢᠭᠡᠬᠦ ᠠᠰᠠᠷᠠᠨ ᠲᠡᠵᠢᠭᠡᠬᠦ ᠡᠭᠦᠷᠭᠡᠲᠦ ᠬᠥᠮᠦᠨ ᠡᠭᠦᠷᠭᠡ ᠪᠠᠨ ᠬᠦᠢᠴᠡᠳᠬᠡᠬᠦ ᠴᠢᠳᠠᠪᠤᠷᠢ ᠥᠬᠡᠶ︾ ᠪᠠᠶᠢᠬᠤ ᠶᠢ ᠮᠠᠭᠠᠳᠯᠠᠨ ᠲᠣᠭᠲᠠᠭᠠᠬᠤ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠪᠡ᠃ ᠤᠤᠯ ᠤᠨ ᠮᠠᠭᠠᠳᠯᠠᠨ ᠲᠣᠭᠲᠠᠭᠠᠭᠰᠠᠨ ᠬᠡᠪᠴᠢᠶ᠎ᠡ ᠶᠢᠨ ᠰᠠᠭᠤᠷᠢᠨ ᠳᠡᠭᠡᠷ᠎ᠡ᠂ ᠲᠤᠰ ᠬᠥᠮᠦᠨ ᠤ ᠣᠷᠣᠯᠭ᠎ᠠ ᠨᠢ ᠲᠤᠬᠠᠶ ᠶᠢᠨ ᠭᠠᠵᠠᠷ ᠤᠨ ᠲᠦᠷᠦᠭᠦᠦ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠳᠣᠣᠷ᠎ᠠ ᠮᠥᠷᠲᠡᠭᠡᠨ ᠡᠳ᠋ ᠬᠦᠷᠦᠩᠭᠡ ᠨᠢ ᠲᠤᠬᠠᠶ ᠶᠢᠨ ᠭᠠᠵᠠᠷ ᠤᠨ ᠣᠷᠣᠯᠭ᠎ᠠ ᠪᠠᠭᠠᠲᠠᠶ ᠭᠡᠷ ᠪᠦᠯᠢ ᠶᠢᠨ ᠡᠳ᠋ ᠬᠦᠷᠦᠩᠭᠡ ᠶᠢᠨ ᠪᠠᠶᠢᠳᠠᠯ ᠤᠨ ᠲᠤᠬᠠᠶ ᠲᠣᠭᠲᠠᠭᠠᠯ ᠳᠤ ᠨᠡᠶᠢᠴᠡᠭᠰᠡᠨ ᠪᠦᠬᠦᠯᠢ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠵᠢᠴᠢ ᠬᠦᠨᠳᠦ ᠵᠡᠮᠳᠡᠭ ᠬᠥᠮᠦᠨ ᠪᠠ ᠵᠡᠮᠳᠡᠭ ᠤᠨ ᠵᠡᠷᠭᠡ ᠳᠡᠰ ᠨᠢ ᠭᠤᠷᠪᠠᠳᠤᠭᠠᠷ ᠳᠡᠰ ᠤᠨ ᠤᠶᠤᠨ ᠤ ᠪᠠ ᠤᠶᠤᠨ ᠮᠡᠳᠡᠷᠡᠯ ᠤᠨ ᠵᠡᠮᠳᠡᠭ ᠬᠥᠮᠦᠨ ᠢ ᠡᠭᠦᠷᠭᠡ ᠭᠦᠢᠴᠡᠳᠬᠡᠬᠦ ᠴᠢᠳᠠᠪᠤᠷᠢ ᠦᠭᠡᠢ ᠪᠠᠷ ᠮᠠᠭᠠᠳᠯᠠᠨ ᠲᠣᠭᠲᠠᠭᠠᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃      ᠳᠥᠷᠪᠡ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠤᠨ ᠨᠠᠰᠤᠨ ᠳᠤ ᠥᠯᠥ ᠭᠦᠷᠦᠭᠰᠡᠳ ᠤᠨ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠠᠭᠤᠵᠢᠭᠤ ᠪᠣᠯᠭᠠᠪᠠ      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠰᠠᠨᠠᠯ︾ ︽ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠶᠢ ᠬᠠᠮᠤᠷᠤᠭᠰᠠᠨ ᠨᠠᠰᠤᠨ ᠳᠤ ᠥᠯᠥ ᠬᠦᠷᠦᠭᠰᠡᠳ ᠤᠨ ᠨᠠᠰᠤ ᠶᠢ ᠪᠦᠬᠦᠯᠢ 16 ᠨᠠᠰᠤ ᠪᠠᠶᠢᠭᠰᠠᠨ ᠠᠴᠠ ᠪᠦᠬᠦᠯᠢ 18 ᠨᠠᠰᠤ ᠪᠣᠯᠲᠠᠯ᠎ᠠ ᠤᠷᠲᠤᠳᠬᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠣᠨᠴᠠ ᠬᠦᠴᠢᠷᠳᠡᠯ ᠲᠠᠢ ᠬᠥᠮᠦᠰ ᠤᠨ ᠳᠣᠲᠣᠷᠠᠬᠢ ᠨᠠᠰᠤᠨ ᠳᠤ ᠥᠯᠥ ᠭᠦᠷᠦᠭᠰᠡᠳ ᠪᠦᠬᠦᠯᠢ 16 ᠨᠠᠰᠤ ᠭᠦᠷᠦᠭᠰᠡᠨ ᠤ ᠳᠠᠷᠠᠭ᠎ᠠ ᠲᠤᠯᠭᠠᠷᠠᠬᠤ ᠠᠮᠢᠳᠤᠷᠠᠯ ᠤᠨ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠨᠠᠰᠤᠨ ᠳᠤ ᠥᠯᠥ ᠭᠦᠷᠦᠭᠰᠡᠳ ᠤᠨ ᠦᠨᠳᠦᠰᠦᠨ ᠠᠮᠢᠳᠤᠷᠠᠯ ᠤᠨ ᠡᠷᠬᠡ ᠠᠰᠢᠭ ᠢ ᠬᠠᠮᠠᠭᠠᠯᠠᠨ᠎ᠠ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠮᠠᠭᠠᠳᠯᠠᠨ ᠲᠣᠭᠲᠠᠭᠠᠬᠤ ᠠᠷᠭ᠎ᠠ︾ ᠳᠤ ︽ᠣᠨᠴᠠ ᠬᠦᠴᠢᠷᠳᠡᠯ ᠲᠠᠢ ᠬᠥᠮᠦᠰ ᠤᠨ ᠳᠣᠲᠣᠷᠠᠬᠢ ᠨᠠᠰᠤᠨ ᠳᠤ ᠥᠯᠥ ᠭᠦᠷᠦᠭᠰᠡᠳ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠠᠷᠠᠭᠠᠯᠵᠠᠯ ᠢ ᠪᠦᠬᠦᠯᠢ 18 ᠨᠠᠰᠤ ᠬᠦᠷᠲᠡᠯ᠎ᠡ ᠦᠷᠭᠦᠯᠵᠢᠯᠡᠨ ᠡᠳ᠋ᠯᠡᠵᠦ ᠪᠣᠯᠤᠨ᠎ᠠ︾ ᠭᠡᠵᠦ ᠲᠣᠳᠣᠷᠬᠠᠶ ᠲᠣᠭᠲᠠᠭᠠᠵᠠᠶ︔ ᠡᠭᠦᠨ ᠤ ᠵᠡᠷᠭᠡ ᠳᠤ ᠪᠠᠰᠠ ︽ᠪᠦᠬᠦᠯᠢ 18 ᠨᠠᠰᠤ ᠬᠦᠷᠦᠭᠰᠡᠨ ᠤ ᠳᠠᠷᠠᠭ᠎ᠠ ᠮᠥᠨ ᠬᠦ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠵᠦ ᠪᠠᠶᠢᠭ᠎ᠠ ᠪᠤᠶᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠪᠣᠯ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠠᠷᠠᠭᠠᠯᠵᠠᠯ ᠢ ᠦᠷᠭᠦᠯᠵᠢᠯᠡᠨ ᠡᠳ᠋ᠯᠡᠵᠦ ᠪᠣᠯᠤᠨ᠎ᠠ︾ ᠭᠡᠵᠦ ᠲᠣᠭᠲᠠᠭᠠᠵᠠᠶ᠃     ᠡᠭᠦᠨ ᠠᠴᠠ ᠭᠠᠳᠠᠨ᠎ᠠ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠮᠠᠭᠠᠳᠯᠠᠨ ᠲᠣᠭᠲᠠᠭᠠᠬᠤ ᠠᠷᠭ᠎ᠠ︾ ᠳᠤ ᠪᠠᠶᠢᠴᠠᠭᠠᠨ ᠬᠠᠷᠭᠤᠭᠤᠯᠬᠤ ᠪᠠ ᠬᠢᠨᠠᠨ ᠬᠠᠷᠭᠤᠭᠤᠯᠵᠤ ᠨᠤᠲᠠᠯᠠᠬᠤ ᠴᠠᠭ ᠤᠨ ᠬᠢᠵᠠᠭᠠᠷ ᠢ ᠴᠥᠮ 20 ᠠᠵᠢᠯᠯᠠᠬᠤ ᠡᠳᠦᠷ ᠪᠠᠶᠢᠭᠰᠠᠨ ᠠᠴᠠ 15 ᠠᠵᠢᠯᠯᠠᠬᠤ ᠡᠳᠦᠷ ᠪᠣᠯᠭᠠᠨ ᠪᠠᠭᠠᠰᠬᠠᠬᠤ ᠶᠢᠨ ᠬᠠᠮᠲᠤ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠬᠢᠨᠠᠨ ᠬᠠᠷᠭᠤᠭᠤᠯᠵᠤ ᠨᠤᠲᠠᠯᠠᠬᠤ ᠡᠷᠬᠡ ᠶᠢᠨ ᠬᠢᠵᠠᠭᠠᠷ ᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠪᠠᠭᠤᠯᠭᠠᠵᠤ᠂ ᠮᠠᠭᠠᠳᠯᠠᠨ ᠲᠣᠭᠲᠠᠭᠠᠬᠤ ᠵᠢᠷᠤᠮ ᠢ ᠤᠯᠠᠮ ᠨᠢᠭᠡ ᠠᠯᠬᠤᠮ ᠳᠥᠭᠦᠮᠴᠢᠯᠡᠨ ᠰᠢᠯᠢᠳᠡᠭᠵᠢᠭᠦᠯᠵᠦ᠂ ᠰᠢᠢᠳᠪᠦᠷᠢᠯᠡᠬᠦ‌‍ᠴᠠᠭ ᠤᠨ ᠬᠢᠵᠠᠭᠠᠷ ᠢ ᠪᠣᠭᠤᠨᠢᠰᠬᠠᠵᠤ᠂ ᠬᠦᠴᠢᠷᠳᠡᠯᠲᠡᠶ ᠣᠯᠠᠨ ᠲᠦᠮᠡᠨ ᠤ ᠴᠠᠭ ᠲᠤᠬᠠᠶ ᠳᠤᠨᠢ᠂ ᠳᠥᠭᠦᠮ ᠳᠥᠲᠡ ᠪᠠᠷ ᠠᠪᠤᠷᠠᠨ ᠲᠤᠰᠠᠯᠠᠯᠲᠠ ᠭᠥᠷᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠳᠤᠮᠳᠠᠲᠤ ᠤᠯᠣᠰ ᠤᠨ ᠡᠪ  ᠬᠠᠮᠲᠤ ᠨᠠᠮ ᠤᠨ ᠵᠠᠭᠤᠨ ᠵᠢᠯ ᠤᠨ ᠣᠶ ᠪᠣᠯᠬᠤ ᠭᠡᠵᠦ ᠪᠠᠶᠢᠭ᠎ᠠ ᠴᠢᠬᠤᠯᠠ ᠴᠠᠭ ᠮᠥᠴᠡ ᠳᠤ᠂ ᠠᠷᠠᠳ ᠤᠨ ᠶᠠᠪᠤᠳᠠᠯ ᠤᠨ ᠶᠠᠮᠤᠨ ᠬᠦᠴᠢᠷᠳᠡᠯ ᠲᠠᠢ ᠣᠯᠠᠨ ᠲᠦᠮᠡᠨ ᠤ ᠪᠠᠴᠢᠮ ᠬᠡᠷᠡᠭᠴᠡᠭᠡ ᠪᠣᠯᠤᠨ ᠣᠷᠣᠨ ᠨᠤᠲᠤᠭ ᠤᠨ ᠪᠣᠳᠠᠲᠠᠶ ᠠᠵᠢᠯ ᠤᠨ ᠬᠡᠷᠡᠭᠴᠡᠭᠡ ᠳᠤ ᠢᠳᠡᠪᠬᠢᠲᠡᠶ ᠪᠠᠷ ᠬᠠᠷᠢᠭᠤᠯᠲᠠ ᠥᠭᠴᠦ᠂ ︽ᠣᠨᠴᠠ ᠬᠦᠴᠢᠷᠳᠡᠯ ᠲᠠᠢ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ︾ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠲᠥᠷᠥ ᠶᠢᠨ ᠪᠣᠳᠣᠯᠭ᠎ᠠ ᠶᠢ ᠠᠬᠢᠭᠤᠯᠵᠤ᠂ ᠠᠮᠢᠳᠤᠷᠠᠯ ᠨᠢ ᠬᠦᠴᠢᠷᠳᠡᠯ ᠲᠠᠢ ᠨᠡᠩ ᠣᠯᠠᠨ ᠵᠡᠮᠳᠡᠭᠴᠦᠳ᠂ ᠨᠠᠰᠤᠨ ᠳᠤ ᠥᠯᠥ ᠬᠦᠷᠦᠭᠰᠡᠳ ᠵᠡᠷᠭᠡ ᠬᠦᠴᠢᠷᠳᠡᠯ ᠲᠠᠢ ᠣᠯᠠᠨ ᠲᠦᠮᠡᠨ ᠳᠤ ᠠᠰᠢᠭ ᠬᠦᠷᠲᠡᠭᠡᠵᠦ᠂ ᠲᠡᠳᠡᠨ ᠤ ︽ᠪᠠᠴᠢᠮ ᠬᠦᠴᠢᠷ ᠵᠣᠪᠠᠨᠢᠯ︾ ᠤᠨ ᠠᠰᠠᠭᠤᠳᠠᠯ ᠢ ᠦᠨᠡᠨᠬᠦ ᠰᠢᠶ᠋ᠳᠪᠦᠷᠢᠯᠡᠵᠦ᠂ ᠨᠠᠮ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠦᠢᠯᠡᠳᠦᠯᠭᠡᠵᠢᠭᠦᠯᠬᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠪᠣᠳᠠᠲᠤ ᠠᠵᠢᠯᠯᠠᠭ᠎ᠠ ᠮᠥᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠ ︽ᠬᠦᠴᠢᠷ ᠵᠣᠪᠠᠭᠤᠷᠢ ᠶᠢ ᠨᠢ ᠲᠠᠶᠢᠯᠵᠤ ᠰᠡᠳᠬᠢᠯ ᠢ ᠨᠢ ᠳᠤᠯᠠᠭᠠᠴᠠᠭᠤᠯᠤᠨ ᠨᠠᠮ ᠤᠨ ᠠᠴᠢ ᠶᠢ ᠨᠢ ᠳᠠᠮᠵᠢᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠦᠴᠢᠷᠳᠡᠯᠲᠡᠢ ᠤᠯᠠᠨ ᠲᠦᠮᠡᠨ ᠳᠤ ᠨᠡᠩ ᠰᠠᠶᠢᠨ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠪᠣᠳᠠᠲᠠᠢ ᠠᠷᠭ᠎ᠠ ᠬᠡᠮᠵᠢᠶ᠎ᠡ ᠮᠥᠨ᠃ ᠳᠠᠷᠠᠭᠠᠴᠢ ᠶᠢᠨ ᠠᠯᠬᠤᠮ ᠳᠤ᠂ ᠠᠷᠠᠳ ᠤᠨ ᠶᠠᠪᠤᠳᠠᠯ ᠤᠨ ᠶᠠᠮᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠮᠠᠭᠠᠳᠯᠠᠨ ᠲᠣᠭᠲᠠᠭᠠᠬᠤ ᠠᠷᠭ᠎ᠠ︾ ᠶᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠣᠨᠴᠠ ᠬᠦᠴᠢᠷᠳᠡᠯᠲᠡᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠲᠡᠷᠡ ᠬᠡᠪ ᠢᠶᠠᠷ ᠨᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠮ ᠤᠨ ᠲᠥᠪ ᠬᠤᠷᠢᠶᠠᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠴᠢᠷᠳᠡᠯᠲᠡᠢ ᠤᠯᠠᠨ ᠲᠦᠮᠡᠨ ᠤ ᠰᠡᠳᠬᠢᠯ ᠳᠤ ᠬᠦᠷᠭᠡᠵᠦ᠂ ᠥᠷᠭᠡᠨ ᠤᠯᠠᠨ ᠲᠦᠮᠡᠨ ᠢ ᠬᠦᠳᠦᠯᠦᠨ ᠳᠠᠭᠠᠭᠤᠯᠵᠤ ᠨᠠᠮ ᠤᠨ ᠠᠴᠢ ᠲᠤᠰᠠ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢ ᠲᠠᠭᠠᠨ᠎ᠠ᠃                             ᠣᠷᠴᠢᠭᠤᠯᠤᠭᠴᠢ᠄ ᠡᠷᠳᠡᠨᠢᠭᠤᠸ᠎ᠠ    ᠨᠠᠷᠠᠰᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3