ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ | ᠨᠢᠭᠡᠴᠡ ᠳᠤ᠄ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ | ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠶᠢᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠤᠨ ᠪᠡᠶ᠎ᠡ | ᠰᠡᠳᠬᠢᠯ ᠤᠨ ᠡᠷᠡᠭᠦᠯ ᠮᠡᠨᠳᠦ ᠶᠢ ᠨᠡᠩ ᠰᠠᠶᠢᠲᠤᠷ ᠬᠠᠮᠠᠭᠠᠯᠠᠵᠤ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ | ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠰᠢᠶᠠᠨ ᠤ | ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ | ᠳᠤᠭᠤᠶᠢᠯᠠᠩ ᠭᠡᠵᠦ ᠲᠣᠪᠴᠢᠯᠠᠨ᠎ᠠ︶ ᠪᠠᠶᠢᠭᠤᠯᠬᠤ ᠪᠠᠷ ᠲᠣᠭᠲᠠᠭᠠᠪᠠ᠂ ᠤᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ | ᠮᠡᠲᠦ ᠮᠡᠳᠡᠭᠳᠡᠶ᠎ᠡ᠄ | ᠨᠢᠭᠡ᠂ ᠪᠦᠷᠢᠯᠳᠦᠬᠦᠨ᠃ | ᠳᠤᠭᠤᠶᠢᠯᠠᠩ ᠤᠨ ᠳᠠᠷᠤᠭ᠎ᠠ᠄ ᠢᠦᠶ ᠬᠤᠩ ᠯᠢᠶᠠᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠂ ᠵᠠᠰᠠᠭ ᠤᠨ ᠣᠷᠳᠣᠨ ᠤ ᠳᠡᠳ᠋ ᠳᠠᠷᠤᠭ᠎ᠠ᠃ | ᠳᠡᠳ᠋ ᠳᠤᠭᠤᠶᠢᠯᠠᠩ ᠤᠨ ᠳᠠᠷᠤᠭ᠎ᠠ᠄ ᠸᠠᠩ ᠵᠢᠶᠠᠨ ᠴᠢᠶᠦ᠋ᠩ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠃ | | ᠯᠢ ᠬᠤᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ᠃ | ᠪᠦᠷᠢᠯᠳᠦᠬᠦᠨ᠄ ᠵᠠᠩ ᠬᠤᠤ ᠢᠦᠶ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ᠃ | ᠴᠠᠩ ᠰᠢᠤ ᠵᠢᠤᠸᠠᠨ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ | ᠲᠥᠪ ᠤᠨ ᠡᠷᠬᠢᠯᠡᠭᠴᠢ᠃ | ᠰᠦᠩ ᠶᠢᠨ ᠳ᠋ᠦᠩ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠃ | ᠱᠢ ᠸᠧᠶ ᠳ᠋ᠦᠩ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ᠃ | ᠴᠠᠩ ᠰᠢᠶᠠᠩ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ᠃ | ᠴᠢᠶᠣᠤ ᠵᠢᠶᠦ᠋ᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ᠃ | ᠹᠠᠨ ᠷᠤ ᠴᠢᠩ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ᠃ | ᠰᠦᠨ ᠫᠸᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠡᠳ᠋ ᠳᠠᠷᠤᠭ᠎ᠠ᠃ | ᠳ᠋ᠦᠩ ᡁᠢ ᠮᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶᠠᠨ ᠤ ᠳᠠᠷᠤᠭ᠎ᠠ᠃ | ᠵᠠᠩ ᠱᠤ᠋ ᠹᠠᠩ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠃ | ᠯᠦ ᠮᠧᠶ ᠷᠦᠩ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ᠃ | ᠯᠢᠦ ᠰᠢᠶᠤᠤ ᠬᠤᠶ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠡᠳ᠋ ᠳᠠᠷᠤᠭ᠎ᠠ᠃ | ᠯᠠᠨ ᠲᠢᠶᠠᠨ ᠠᠷᠠᠳ ᠤᠨ ᠰᠢᠭᠦᠬᠦ ᠬᠤᠷᠢᠶᠠᠨ ᠤ ᠳᠡᠳ᠋ ᠳᠠᠷᠤᠭ᠎ᠠ᠃ | ᠸᠠᠩ ᠰᠦ ᠫᠧᠩ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ᠃ | ᠯᠦᠸᠧ ᠰᠢᠤ ᠴᠢᠨ ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ᠃ | ᠱᠠᠩ ᠶᠤᠸᠠᠢ ᠯᠢᠩ ᠠᠵᠢᠯᠴᠢᠨ ᠤ ᠡᠪᠯᠡᠯ ᠤᠨ ᠳᠡᠳ᠋ ᠲᠡᠷᠢᠭᠦᠯᠡᠭᠴᠢ᠃ | ᠯᠢᠦ ᠹᠦ᠋ ᠰᠢᠤᠸᠠᠨ ᠡᠪᠯᠡᠯ ᠤᠨ ᠰᠢᠶᠠᠨ ᠤ ᠬᠤᠷᠢᠶᠠᠨ ᠤ ᠳᠡᠳ᠋ ᠱᠦᠵᠢ᠃ | ᠸᠠᠩ ᠰᠢᠶᠤᠤ ᠵᠥᠩ ᠵᠡᠮᠳᠡᠭᠴᠦᠳ ᠤᠨ ᠬᠤᠯᠪᠣᠭᠠᠨ ᠤ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ᠃ | ᠡᠤ ᠵᠧᠨ ᠯᠢᠨ ᠬᠤᠶᠢᠴᠢ ᠦᠶ᠎ᠡ ᠪᠠᠨ ᠬᠠᠯᠠᠮᠵᠢᠯᠠᠬᠤ ᠺᠣᠮᠢᠰ ᠤᠨ ᠠᠯᠪᠠᠨ ᠬᠡᠷ ᠤᠨ ᠡᠷᠬᠢᠯᠡᠭᠴᠢ᠃ | ᠯᠢᠦ ᠸᠧᠨ ᠬᠤᠩ ᠠᠷᠠᠳ ᠤᠨ ᠶᠠᠪᠤᠳᠠᠯ ᠤᠨ ᠲᠣᠪᠴᠢᠶᠠᠨ ᠤ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ ᠤᠨ | ᠳᠠᠷᠤᠭ᠎ᠠ᠃ | ᠤᠳᠤᠷᠢᠳᠬᠤ ᠳᠤᠭᠤᠶᠢᠯᠠᠩ ᠳᠤ ᠠᠯᠪᠠᠨ ᠬᠡᠷ ᠲᠣᠬᠢᠷᠠᠭᠤᠯᠵᠤ᠂ ᠠᠯᠪᠠᠨ ᠬᠡᠷ ᠢ ᠠᠷᠠᠳ ᠤᠨ ᠶᠠᠪᠤᠳᠠᠯ ᠤᠨ | ᠲᠣᠪᠴᠢᠶ᠎ᠠ ᠳᠤ ᠪᠠᠶᠢᠷᠢᠯᠠᠭᠤᠯᠤᠨ᠂ ᠠᠯᠪᠠᠨ ᠬᠡᠷ ᠤᠨ ᠡᠷᠬᠢᠯᠡᠭᠴᠢ ᠶᠢ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ | ᠸᠠᠩ ᠵᠢᠶᠠᠨ ᠴᠢᠶᠦ᠋ᠩ ᠬᠠᠪᠰᠤᠷᠭᠠᠨ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ | ᠡᠭᠦᠷᠭᠡᠯᠡᠵᠦ᠂ ᠪᠥᠬᠦ ᠰᠢᠶᠠᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠡᠳᠦᠷ ᠲᠤᠲᠤᠮ ᠤᠨ ᠠᠵᠢᠯ | ᠵᠢᠴᠢ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠵᠦᠢᠯᠡᠰ ᠢ ᠬᠠᠷᠢᠭᠤᠴᠠᠨ᠎ᠠ᠃ | ᠬᠤᠶᠠᠷ᠂ ᠭᠤᠣᠯ ᠡᠭᠦᠷᠭᠡ ᠬᠠᠷᠢᠭᠤᠴᠠᠯᠭ᠎ᠠ᠃ | ᠶᠡᠷᠦᠩᠬᠡᠶ ᠱᠦᠵᠢ ᠰᠢ ᠶᠢᠨ ᠫᠢᠩ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠲᠤᠬᠠᠶ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠢᠢᠳᠪᠦᠷᠢᠳᠦ ᠪᠣᠳᠣᠯᠭ᠎ᠠ | ᠪᠠᠶᠢᠷᠢᠯᠠᠭᠤᠯᠤᠯᠲᠠ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ ᠪᠦᠬᠦ ᠰᠢᠶᠠᠨ ᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ | ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠴᠢᠬᠤᠯᠠ ᠶᠡᠭᠡ ᠵᠦᠢᠯᠡᠰ ᠢ | ᠰᠤᠳᠤᠯᠤᠨ ᠬᠢᠨᠠᠨ ᠶᠠᠷᠢᠯᠴᠠᠨ᠎ᠠ︔ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ᠂ ᠪᠠᠷᠢᠮᠵᠢᠶ᠎ᠠ ᠶᠢ ᠲᠣᠭᠲᠠᠭᠠᠨ | ᠬᠡᠷᠡᠭᠵᠢᠭᠦᠯᠬᠦ ᠶᠢ ᠵᠣᠬᠢᠴᠠᠭᠤᠯᠤᠨ ᠠᠬᠢᠭᠤᠯᠤᠨ᠎ᠠ︔ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ | ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ | ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ | ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠴᠢᠬᠤᠯᠠ ᠶᠡᠭᠡ ᠬᠡᠷᠡᠭ ᠢ | ᠰᠢᠢᠳᠪᠦᠷᠢᠯᠡᠬᠦ ᠠᠵᠢᠯ ᠢ ᠰᠢᠮᠳᠠᠭᠤᠯᠤᠨ ᠰᠢᠢᠳᠪᠦᠷᠢᠭᠦᠯᠬᠦ ᠬᠡᠷᠡᠭᠲᠡᠶ︔ ᠡᠯ᠎ᠡ ᠰᠢᠶᠠᠩ ᠪᠠᠯᠭᠠᠰᠤ ᠪᠣᠯᠤᠨ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠨᠠᠰᠤᠨ ᠳᠤ ᠦᠯᠦ | ᠬᠦᠷᠦᠭᠰᠡᠳ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠭᠡᠭᠰᠡᠨ ᠦᠭᠡᠶ᠂ ᠮᠠᠭᠤ ᠨᠥᠯᠥᠭᠡ ᠭᠠᠷᠭᠠᠭᠰᠠᠨ ᠰᠠᠯᠠᠭ᠎ᠠ ᠮᠥᠴᠢᠷ ᠪᠤᠶᠤ ᠭᠠᠵᠠᠷ ᠣᠷᠣᠨ ᠳᠤ ᠰᠢᠮᠳᠠᠭᠤᠯᠤᠨ | ᠭᠦᠢᠴᠡᠳᠭᠡᠯᠭᠡᠬᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠬᠤ ᠬᠡᠷᠡᠭᠲᠡᠶ︔ ᠨᠠᠰᠤᠨ ᠳᠤ ᠦᠯᠦ ᠬᠦᠷᠦᠭᠰᠡᠳ ᠢ | ᠬᠠᠮᠠᠭᠠᠯᠠᠬᠤ ᠠᠵᠢᠯ ᠤᠨ ᠲᠤᠷᠰᠢᠯᠭ᠎ᠠ ᠪᠠᠨ ᠥᠩᠨᠡᠨ ᠳᠡᠯᠭᠡᠷᠡᠭᠦᠯᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ | ᠤᠬᠠᠭᠤᠯᠭ᠎ᠠ ᠬᠥᠮᠦᠵᠢᠯ ᠪᠣᠯᠤᠨ ᠬᠥᠬᠢᠭᠦᠯᠦᠨ ᠱᠠᠩᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ︔ | ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠪᠡᠶᠡᠯᠡᠭᠦᠯᠦᠨ᠎ᠡ᠃ | ᠭᠤᠷᠪᠠ᠂ ᠪᠤᠰᠤᠳ ᠵᠦᠢᠯ᠃ | ︵ᠨᠢᠭᠡ︶ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯᠳᠤᠭᠠᠨ ᠤ ᠲᠥᠷᠢᠮ ᠢ ᠬᠡᠷᠡᠭᠵᠢᠭᠦᠯᠦᠨ᠎ᠡ᠃ | ᠠᠵᠢᠯ ᠤᠨ ᠬᠤᠷᠠᠯ ᠢ ᠳᠤᠭᠤᠶᠢᠯᠠᠩ ᠤᠨ ᠳᠠᠷᠤᠭ᠎ᠠ ᠪᠤᠶᠤ ᠳᠡᠳ᠋ ᠳᠤᠭᠤᠶᠢᠯᠠᠩ ᠤᠨ ᠳᠠᠷᠤᠭ᠎ᠠ ᠳᠤ ᠨᠠᠶᠢᠳᠠᠵᠤ | ᠬᠤᠷᠠᠯᠳᠤᠭᠤᠯᠤᠨ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠣᠷᠣᠯᠴᠠᠭᠰᠠᠨ ᠬᠥᠮᠦᠰ ᠢᠶᠠᠷ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠪᠣᠯᠭᠠᠵᠤ᠂ ᠴᠢᠬᠤᠯᠠ ᠲᠠᠢ ᠦᠶ᠎ᠡ ᠳᠤ ᠪᠤᠰᠤᠳ ᠬᠤᠯᠪᠣᠭᠳᠠᠯ ᠪᠦᠬᠦᠢ ᠨᠢᠭᠡᠴᠡ ᠶᠢᠨ ᠬᠥᠮᠦᠰ ᠢ ᠤᠷᠢᠨ ᠣᠷᠣᠯᠴᠠᠭᠤᠯᠵᠤ | ᠪᠣᠯᠤᠨ᠎ᠠ᠃ | ︵ᠬᠤᠶᠠᠷ︶ ᠤᠳᠤᠷᠢᠳᠬᠤ ᠳᠤᠭᠤᠶᠢᠯᠠᠩ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠪᠦᠷᠢᠯᠳᠦᠬᠦᠨ | ᠨᠢᠭᠡᠴᠡ ᠶᠢᠨ ᠪᠦᠷᠢᠯᠳᠦᠯ ᠳᠤ ᠲᠣᠬᠢᠷᠠᠭᠤᠯᠤᠯᠲᠠ ᠬᠢᠵᠦ ᠪᠣᠯᠤᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠠᠵᠢᠯ ᠤᠨ ᠬᠤᠪᠢᠷᠠᠯᠲᠠ ᠶᠢᠨ ᠬᠡᠷᠡᠭᠴᠡᠭᠡ ᠠᠴᠠ ᠪᠣᠯᠵᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠪᠠᠶᠢᠭ᠎ᠠ | ᠨᠢᠭᠡᠴᠡ ᠠᠴᠠ ᠨᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠳᠤᠷᠠᠳᠴᠤ᠂ ᠳᠡᠰ ᠳᠠᠷᠠᠭᠠᠯᠠᠯ ᠤᠨ ᠶᠣᠰᠣᠭᠠᠷ | ᠤᠳᠤᠷᠢᠳᠬᠤ ᠳᠤᠭᠤᠶᠢᠯᠠᠩ ᠤᠨ ᠳᠠᠷᠤᠭ᠎ᠠ ᠳᠤ ᠮᠡᠳᠡᠭᠦᠯᠦᠨ ᠵᠥᠪᠰᠢᠶᠡᠷᠡᠭᠦᠯᠵᠦ᠂ ᠵᠠᠰᠠᠭ ᠤᠨ ᠣᠷᠳᠣᠨ ᠤ ᠠᠯᠪᠠᠨ | ᠭᠡᠷ ᠠᠴᠠ ᠳᠠᠬᠢᠨ ᠪᠢᠴᠢᠭ ᠮᠠᠲ᠋ᠧᠷᠢᠶᠠᠯ ᠶᠠᠪᠤᠭᠤᠯᠬᠤ ᠦᠭᠡᠶ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ | ᠪᠦᠷᠢᠯᠳᠦᠬᠦᠨ ᠢ ᠲᠣᠬᠢᠷᠠᠭᠤᠯᠬᠤ ᠴᠢᠬᠤᠯᠠᠲᠠᠶ ᠪᠣᠯ ᠪᠠᠶᠢᠭ᠎ᠠ ᠨᠢᠭᠡᠴᠡ ᠠᠴᠠ ᠳᠤᠷᠠᠳᠴᠤ᠂ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | | | ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 6 ᠳ᠋ᠤᠭᠠᠷ ᠰᠠᠷ᠎ᠠ ᠶᠢᠨ 9 ᠤ ᠡᠳᠦᠷ |