ᠰᠢᠶᠠᠨ ᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/6/9
     ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄      ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠶᠢᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠡᠩ ᠰᠠᠶᠢᠲᠤᠷ ᠬᠠᠮᠠᠭᠠᠯᠠᠵᠤ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠰᠢᠶᠠᠨ ᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠪᠠᠶᠢᠭᠤᠯᠬᠤ ᠪᠠᠷ ᠲᠣᠭᠲᠠᠭᠠᠪᠠ᠂ ᠤᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠪᠦᠷᠢᠯᠳᠦᠬᠦᠨ᠃       ᠳᠤᠭᠤᠶᠢᠯᠠᠩ ᠤᠨ ᠳᠠᠷᠤᠭ᠎ᠠ᠄ ᠢᠦᠶ ᠬᠤᠩ ᠯᠢᠶᠠᠩ   ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠠᠰᠠᠭ ᠤᠨ ᠣᠷᠳᠣᠨ ᠤ ᠳᠡᠳ᠋ ᠳᠠᠷᠤᠭ᠎ᠠ᠃      ᠳᠡᠳ᠋ ᠳᠤᠭᠤᠶᠢᠯᠠᠩ ᠤᠨ ᠳᠠᠷᠤᠭ᠎ᠠ᠄ ᠸᠠᠩ ᠵᠢᠶᠠᠨ ᠴᠢᠶᠦ᠋ᠩ   ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ  ᠃      ᠯᠢ ᠬᠤᠤ   ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ᠃      ᠪᠦᠷᠢᠯᠳᠦᠬᠦᠨ᠄ ᠵᠠᠩ ᠬᠤᠤ ᠢᠦᠶ   ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ᠃      ᠴᠠᠩ ᠰᠢᠤ ᠵᠢᠤᠸᠠᠨ   ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠡᠷᠬᠢᠯᠡᠭᠴᠢ᠃      ᠰᠦᠩ ᠶᠢᠨ ᠳ᠋ᠦᠩ   ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠃      ᠱᠢ ᠸᠧᠶ ᠳ᠋ᠦᠩ   ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ᠃      ᠴᠠᠩ ᠰᠢᠶᠠᠩ   ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ᠃      ᠴᠢᠶᠣᠤ ᠵᠢᠶᠦ᠋ᠨ   ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ᠃      ᠹᠠᠨ ᠷᠤ ᠴᠢᠩ   ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ᠃      ᠰᠦᠨ ᠫᠸᠢ   ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠡᠳ᠋ ᠳᠠᠷᠤᠭ᠎ᠠ᠃      ᠳ᠋ᠦᠩ ᡁᠢ ᠮᠢᠨ   ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ᠃      ᠵᠠᠩ ᠱᠤ᠋ ᠹᠠᠩ   ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠃      ᠯᠦ ᠮᠧᠶ ᠷᠦᠩ   ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ᠃      ᠯᠢᠦ ᠰᠢᠶᠤᠤ ᠬᠤᠶ   ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠡᠳ᠋ ᠳᠠᠷᠤᠭ᠎ᠠ᠃      ᠯᠠᠨ ᠲᠢᠶᠠᠨ   ᠠᠷᠠᠳ ᠤᠨ ᠰᠢᠭᠦᠬᠦ ᠬᠤᠷᠢᠶᠠᠨ ᠤ ᠳᠡᠳ᠋ ᠳᠠᠷᠤᠭ᠎ᠠ᠃      ᠸᠠᠩ ᠰᠦ ᠫᠧᠩ   ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ᠃      ᠯᠦᠸᠧ ᠰᠢᠤ ᠴᠢᠨ   ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ᠃      ᠱᠠᠩ ᠶᠤᠸᠠᠢ ᠯᠢᠩ   ᠠᠵᠢᠯᠴᠢᠨ ᠤ ᠡᠪᠯᠡᠯ ᠤᠨ ᠳᠡᠳ᠋ ᠲᠡᠷᠢᠭᠦᠯᠡᠭᠴᠢ᠃      ᠯᠢᠦ ᠹᠦ᠋ ᠰᠢᠤᠸᠠᠨ   ᠡᠪᠯᠡᠯ ᠤᠨ ᠰᠢᠶᠠᠨ ᠤ ᠬᠤᠷᠢᠶᠠᠨ ᠤ ᠳᠡᠳ᠋ ᠱᠦᠵᠢ᠃      ᠸᠠᠩ ᠰᠢᠶᠤᠤ ᠵᠥᠩ   ᠵᠡᠮᠳᠡᠭᠴᠦᠳ ᠤᠨ ᠬᠤᠯᠪᠣᠭᠠᠨ ᠤ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ᠃      ᠡᠤ ᠵᠧᠨ ᠯᠢᠨ   ᠬᠤᠶᠢᠴᠢ ᠦᠶ᠎ᠡ ᠪᠠᠨ ᠬᠠᠯᠠᠮᠵᠢᠯᠠᠬᠤ ᠺᠣᠮᠢᠰ ᠤᠨ ᠠᠯᠪᠠᠨ ᠬᠡᠷ ᠤᠨ ᠡᠷᠬᠢᠯᠡᠭᠴᠢ᠃      ᠯᠢᠦ ᠸᠧᠨ ᠬᠤᠩ   ᠠᠷᠠᠳ ᠤᠨ ᠶᠠᠪᠤᠳᠠᠯ ᠤᠨ ᠲᠣᠪᠴᠢᠶᠠᠨ ᠤ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ ᠤᠨ ᠳᠠᠷᠤᠭ᠎ᠠ᠃     ᠤᠳᠤᠷᠢᠳᠬᠤ ᠳᠤᠭᠤᠶᠢᠯᠠᠩ ᠳᠤ ᠠᠯᠪᠠᠨ ᠬᠡᠷ ᠲᠣᠬᠢᠷᠠᠭᠤᠯᠵᠤ᠂ ᠠᠯᠪᠠᠨ ᠬᠡᠷ ᠢ ᠠᠷᠠᠳ ᠤᠨ ᠶᠠᠪᠤᠳᠠᠯ ᠤᠨ ᠲᠣᠪᠴᠢᠶ᠎ᠠ ᠳᠤ ᠪᠠᠶᠢᠷᠢᠯᠠᠭᠤᠯᠤᠨ᠂ ᠠᠯᠪᠠᠨ ᠬᠡᠷ ᠤᠨ  ᠡᠷᠬᠢᠯᠡᠭᠴᠢ ᠶᠢ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠸᠠᠩ ᠵᠢᠶᠠᠨ ᠴᠢᠶᠦ᠋ᠩ ᠬᠠᠪᠰᠤᠷᠭᠠᠨ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠪᠥᠬᠦ ᠰᠢᠶᠠᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠡᠳᠦᠷ ᠲᠤᠲᠤᠮ ᠤᠨ ᠠᠵᠢᠯ ᠵᠢᠴᠢ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ  ᠵᠦᠢᠯᠡᠰ ᠢ ᠬᠠᠷᠢᠭᠤᠴᠠᠨ᠎ᠠ᠃      ᠬᠤᠶᠠᠷ᠂ ᠭᠤᠣᠯ ᠡᠭᠦᠷᠭᠡ ᠬᠠᠷᠢᠭᠤᠴᠠᠯᠭ᠎ᠠ᠃      ᠶᠡᠷᠦᠩᠬᠡᠶ ᠱᠦᠵᠢ ᠰᠢ ᠶᠢᠨ ᠫᠢᠩ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ ᠪᠦᠬᠦ ᠰᠢᠶᠠᠨ ᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠴᠢᠬᠤᠯᠠ ᠶᠡᠭᠡ ᠵᠦᠢᠯᠡᠰ ᠢ ᠰᠤᠳᠤᠯᠤᠨ ᠬᠢᠨᠠᠨ ᠶᠠᠷᠢᠯᠴᠠᠨ᠎ᠠ︔ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ᠂ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠬᠦ ᠶᠢ ᠵᠣᠬᠢᠴᠠᠭᠤᠯᠤᠨ ᠠᠬᠢᠭᠤᠯᠤᠨ᠎ᠠ︔ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠴᠢᠬᠤᠯᠠ ᠶᠡᠭᠡ ᠬᠡᠷᠡᠭ ᠢ  ᠰᠢᠢᠳᠪᠦᠷᠢᠯᠡᠬᠦ ᠠᠵᠢᠯ ᠢ ᠰᠢᠮᠳᠠᠭᠤᠯᠤᠨ ᠰᠢᠢᠳᠪᠦᠷᠢᠭᠦᠯᠬᠦ ᠬᠡᠷᠡᠭᠲᠡᠶ︔ ᠡᠯ᠎ᠡ ᠰᠢᠶᠠᠩ ᠪᠠᠯᠭᠠᠰᠤ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠭᠰᠡᠨ ᠦᠭᠡᠶ᠂ ᠮᠠᠭᠤ ᠨᠥᠯᠥᠭᠡ ᠭᠠᠷᠭᠠᠭᠰᠠᠨ ᠰᠠᠯᠠᠭ᠎ᠠ ᠮᠥᠴᠢᠷ ᠪᠤᠶᠤ ᠭᠠᠵᠠᠷ ᠣᠷᠣᠨ ᠳᠤ ᠰᠢᠮᠳᠠᠭᠤᠯᠤᠨ ᠭᠦᠢᠴᠡᠳᠭᠡᠯᠭᠡᠬᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠬᠤ ᠬᠡᠷᠡᠭᠲᠡᠶ︔ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠲᠤᠷᠰᠢᠯᠭ᠎ᠠ ᠪᠠᠨ ᠥᠩᠨᠡᠨ ᠳᠡᠯᠭᠡᠷᠡᠭᠦᠯᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠤᠬᠠᠭᠤᠯᠭ᠎ᠠ ᠬᠥᠮᠦᠵᠢᠯ ᠪᠣᠯᠤᠨ ᠬᠥᠬᠢᠭᠦᠯᠦᠨ ᠱᠠᠩᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ︔ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠪᠡᠶᠡᠯᠡᠭᠦᠯᠦᠨ᠎ᠡ᠃      ᠭᠤᠷᠪᠠ᠂ ᠪᠤᠰᠤᠳ ᠵᠦᠢᠯ᠃      ︵ᠨᠢᠭᠡ︶ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯᠳᠤᠭᠠᠨ ᠤ ᠲᠥᠷᠢᠮ ᠢ ᠬᠡᠷᠡᠭᠵᠢᠭᠦᠯᠦᠨ᠎ᠡ᠃ ᠠᠵᠢᠯ ᠤᠨ ᠬᠤᠷᠠᠯ ᠢ ᠳᠤᠭᠤᠶᠢᠯᠠᠩ ᠤᠨ ᠳᠠᠷᠤᠭ᠎ᠠ ᠪᠤᠶᠤ ᠳᠡᠳ᠋ ᠳᠤᠭᠤᠶᠢᠯᠠᠩ ᠤᠨ ᠳᠠᠷᠤᠭ᠎ᠠ ᠳᠤ ᠨᠠᠶᠢᠳᠠᠵᠤ ᠬᠤᠷᠠᠯᠳᠤᠭᠤᠯᠤᠨ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠣᠷᠣᠯᠴᠠᠭᠰᠠᠨ ᠬᠥᠮᠦᠰ ᠢᠶᠠᠷ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠣᠯᠭᠠᠵᠤ᠂ ᠴᠢᠬᠤᠯᠠ ᠲᠠᠢ ᠦᠶ᠎ᠡ ᠳᠤ ᠪᠤᠰᠤᠳ ᠬᠤᠯᠪᠣᠭᠳᠠᠯ ᠪᠦᠬᠦᠢ ᠨᠢᠭᠡᠴᠡ ᠶᠢᠨ ᠬᠥᠮᠦᠰ ᠢ ᠤᠷᠢᠨ ᠣᠷᠣᠯᠴᠠᠭᠤᠯᠵᠤ ᠪᠣᠯᠤᠨ᠎ᠠ᠃       ︵ᠬᠤᠶᠠᠷ︶ ᠤᠳᠤᠷᠢᠳᠬᠤ ᠳᠤᠭᠤᠶᠢᠯᠠᠩ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠪᠦᠷᠢᠯᠳᠦᠬᠦᠨ ᠨᠢᠭᠡᠴᠡ ᠶᠢᠨ ᠪᠦᠷᠢᠯᠳᠦᠯ ᠳᠤ ᠲᠣᠬᠢᠷᠠᠭᠤᠯᠤᠯᠲᠠ ᠬᠢᠵᠦ ᠪᠣᠯᠤᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠠᠵᠢᠯ ᠤᠨ ᠬᠤᠪᠢᠷᠠᠯᠲᠠ ᠶᠢᠨ ᠬᠡᠷᠡᠭᠴᠡᠭᠡ ᠠᠴᠠ ᠪᠣᠯᠵᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠪᠠᠶᠢᠭ᠎ᠠ ᠨᠢᠭᠡᠴᠡ ᠠᠴᠠ ᠨᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠳᠤᠷᠠᠳᠴᠤ᠂ ᠳᠡᠰ ᠳᠠᠷᠠᠭᠠᠯᠠᠯ ᠤᠨ ᠶᠣᠰᠣᠭᠠᠷ ᠤᠳᠤᠷᠢᠳᠬᠤ ᠳᠤᠭᠤᠶᠢᠯᠠᠩ ᠤᠨ ᠳᠠᠷᠤᠭ᠎ᠠ ᠳᠤ ᠮᠡᠳᠡᠭᠦᠯᠦᠨ ᠵᠥᠪᠰᠢᠶᠡᠷᠡᠭᠦᠯᠵᠦ᠂ ᠵᠠᠰᠠᠭ ᠤᠨ ᠣᠷᠳᠣᠨ ᠤ ᠠᠯᠪᠠᠨ ᠭᠡᠷ ᠠᠴᠠ ᠳᠠᠬᠢᠨ ᠪᠢᠴᠢᠭ ᠮᠠᠲ᠋ᠧᠷᠢᠶᠠᠯ ᠶᠠᠪᠤᠭᠤᠯᠬᠤ ᠦᠭᠡᠶ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠦᠷᠢᠯᠳᠦᠬᠦᠨ ᠢ ᠲᠣᠬᠢᠷᠠᠭᠤᠯᠬᠤ ᠴᠢᠬᠤᠯᠠᠲᠠᠶ ᠪᠣᠯ ᠪᠠᠶᠢᠭ᠎ᠠ ᠨᠢᠭᠡᠴᠡ ᠠᠴᠠ ᠳᠤᠷᠠᠳᠴᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃                                                            ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                 2021 ᠣᠨ ᠤ 6 ᠳ᠋ᠤᠭᠠᠷ ᠰᠠᠷ᠎ᠠ ᠶᠢᠨ 9 ᠤ ᠡᠳᠦᠷ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3