ᠵᠠᠰᠠᠭ ᠤᠨ ᠣᠷᠳᠣᠨ ᠤ ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠠᠵᠢᠯ ᠤᠨ ᠬᠤᠪᠢᠶᠠᠷᠢᠯᠠᠯ ᠢ ᠲᠣᠬᠢᠷᠠᠭᠤᠯᠬᠤ ᠲᠤᠬᠠᠶ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/7/19
     ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠳᠤ᠄      ᠦᠨᠳᠦᠰᠦᠨ ᠬᠠᠤᠯᠢ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ ᠶᠢᠨ ᠲᠣᠭᠲᠠᠭᠠᠯ ᠢ ᠦᠨᠳᠦᠰᠦᠯᠡᠪᠡᠯ᠂ ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠰᠢᠶᠠᠨ ᠤ ᠳᠠᠷᠤᠭ᠎ᠠ ᠶᠢᠨ ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ ᠰᠢᠶᠠᠨ ᠤ ᠳᠡᠳ᠋ ᠳᠠᠷᠤᠭ᠎ᠠ ᠨᠢ ᠰᠢᠶᠠᠨ ᠤ ᠳᠠᠷᠤᠭ᠎ᠠ ᠶᠢᠨ ᠠᠵᠢᠯ ᠢ ᠬᠠᠪᠰᠤᠷᠤᠨ᠎ᠠ᠃ ᠠᠵᠢᠯᠲᠠᠨ ᠤ ᠶᠠᠪᠤᠳᠠᠯ ᠤᠨ ᠬᠤᠪᠢᠷᠠᠯᠲᠠ ᠪᠠ ᠠᠵᠢᠯ ᠤᠨ ᠬᠡᠷᠡᠭᠴᠡᠭᠡ ᠠᠴᠠ ᠪᠣᠯᠵᠣ᠂ ᠰᠤᠳᠤᠯᠬᠤ ᠪᠠᠷ ᠳᠡᠮᠵᠢᠨ᠂ ᠣᠲᠣ ᠰᠢᠶᠠᠨ ᠤ ᠳᠠᠷᠤᠭ᠎ᠠ᠂ ᠰᠢᠶᠠᠨ ᠤ ᠳᠡᠳ᠋ ᠳᠠᠷᠤᠭ᠎ᠠ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠠᠵᠢᠯ ᠤᠨ ᠬᠤᠪᠢᠶᠠᠷᠢᠯᠠᠯ ᠳᠤ ᠳᠤᠤᠷᠠᠬᠢ ᠮᠡᠲᠦ ᠲᠣᠬᠢᠷᠠᠭᠤᠯᠤᠯᠲᠠ ᠬᠢᠪᠠ᠄      ᠯᠢ ᠺᠠᠶ ᠳ᠋ᠦᠩ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂  ᠳᠡᠳ᠋ ᠰᠢᠶᠠᠨ ᠤ ᠳᠠᠷᠤᠭ᠎ᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠾᠧ ᠶᠢᠩ ᠽᠢ ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠰᠢᠶᠠᠨ ᠤ ᠳᠠᠷᠤᠭ᠎ᠠ ᠶᠢ ᠬᠠᠪᠰᠤᠷᠤᠨ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ᠂ ᠭᠠᠳᠠᠭᠠᠳᠤ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠭᠡᠷ ︵ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ︶᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠤᠯᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ︵ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ︶᠂ ᠬᠤᠷᠰᠢᠨ ᠰᠣᠯᠢᠯᠴᠠᠬᠤ ᠲᠥᠪ ᠢ ᠬᠤᠪᠢᠳᠠᠨ ᠬᠠᠮᠢᠶᠠᠷᠤᠨ᠎ᠠ᠃ ᠰᠢᠶᠠᠨ ᠤ ᠳᠠᠷᠤᠭ᠎ᠠ ᠯᠢ ᠺᠠᠶ ᠳ᠋ᠦᠩ  ᠢ ᠬᠠᠪᠰᠤᠷᠴᠤ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠣᠷᠣᠨ ᠲᠣᠭᠠᠨ ᠤ ᠠᠯᠪᠠᠨ ᠭᠡᠷ᠂ ᠡᠪᠯᠡᠯ ᠤᠨ ᠬᠤᠷᠢᠶ᠎ᠠ᠂ ᠨᠠᠮ ᠤᠨ ᠰᠤᠷᠭᠠᠭᠤᠯᠢ᠂ ᠠᠬᠠᠮᠠᠳ ᠺᠠᠳ᠋ᠷ ᠤᠨ ᠲᠣᠪᠴᠢᠶ᠎ᠠ᠂ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠠᠵᠤ ᠦᠢᠯᠡᠳᠪᠦᠷᠢ ᠬᠤᠳᠠᠯᠳᠤᠭ᠎ᠠ ᠶᠢᠨ ᠪᠠᠩᠬᠢ᠂ ᠳᠤᠮᠳᠠᠳᠤ ᠤᠯᠤᠰ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠥᠪᠥᠷ ᠮᠣᠩᠭᠤᠯ ᠤᠨ ᠪᠠᠩᠬᠢ᠂ ᠮᠧᠩ ᠱᠠᠩ ᠪᠠᠩᠬᠢ᠂ ᠮᠧᠩ ᠱᠠᠩ ᠲᠣᠰᠬᠤᠨ ᠪᠠᠯᠭᠠᠰᠤ ᠶᠢᠨ ᠪᠠᠩᠬᠢ᠂ ᠬᠥᠮᠦᠨ ᠤ ᠳᠠᠭᠠᠳᠬᠠᠯ ᠤᠨ ᠺᠣᠮᠫᠠᠨᠢ᠂ ᠡᠳ᠋ ᠤᠨ ᠵᠠᠰᠠᠭ ᠤᠨ ᠳᠠᠭᠠᠳᠬᠠᠯ ᠤᠨ ᠺᠣᠮᠫᠠᠨᠢ᠂ ᠡᠯ᠎ᠡ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠲᠠᠷᠢᠶᠠᠯᠠᠩ ᠤᠨ ᠪᠠᠶᠢᠴᠠᠭᠠᠯᠲᠠ ᠶᠢᠨ ᠠᠩᠭᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠃      ᠪᠠᠶᠢᠩᠭᠤ ᠶᠢᠨ ᠭᠡᠰᠢᠭᠦᠨ ᠢᠦᠶ ᠬᠤᠩ ᠯᠢᠶᠠᠩ᠂ ᠰᠢᠶᠠᠨ ᠤ ᠳᠡᠳ᠋ ᠳᠠᠷᠤᠭ᠎ᠠ ᠰᠢᠶᠠᠨ ᠤ ᠳᠠᠷᠤᠭ᠎ᠠ ᠶᠢ ᠬᠠᠮᠵᠢᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠠᠷᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠴᠡᠴᠡᠷᠯᠢᠭ ᠤᠨ ᠦᠢᠯᠡᠴᠢᠯᠡᠭᠡᠨ ᠤ ᠲᠥᠪ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠰᠢᠩ ᠹᠠ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠸᠧᠠ ᠰᠢᠩ ᠢᠯᠴᠢ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠥᠷᠲᠡᠭᠡ᠂ 110 ᠤᠯᠤᠰ ᠤᠨ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠥᠷᠲᠡᠭᠡ᠂ 110 ᠤᠯᠤᠰ ᠤᠨ ᠵᠠᠮ ᠤᠨ ᠰᠦᠢᠳᠭᠡᠯ ᠬᠤᠷᠢᠶᠠᠬᠤ ᠥᠷᠲᠡᠭᠡ᠂ ᠥᠪᠥᠷ ᠮᠣᠩᠭᠤᠯ ᠤᠨ ᠳᠡᠭᠡᠳᠦ ᠲᠠᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠺᠣᠮᠫᠠᠨᠢ᠃      ᠪᠠᠶᠢᠩᠭᠤ ᠶᠢᠨ ᠭᠡᠰᠢᠭᠦᠨ ᠾᠧ ᠰᠢᠩ ᠬᠤᠸᠠ᠂ ᠰᠢᠶᠠᠨ ᠤ ᠳᠡᠳ᠋ ᠳᠠᠷᠤᠭ᠎ᠠ ᠰᠢᠶᠠᠨ ᠤ ᠳᠠᠷᠤᠭ᠎ᠠ ᠶᠢ ᠬᠠᠮᠵᠢᠨ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠤᠨ ᠠᠵᠢᠯ ᠢ ᠬᠠᠷᠢᠭᠤᠴᠠᠨ᠎ᠠ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠮᠵᠢᠯᠴᠠᠬᠤ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃ ᠳᠡᠳ᠋ ᠰᠢᠶᠠᠨ ᠤ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠴᠢᠩ ᠱᠠᠨ ᠤ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠭᠦᠩ ᠰᠢᠤ ᠯᠦᠩ ᠳᠡᠳ᠋ ᠰᠢᠶᠠᠨ ᠤ ᠳᠠᠷᠤᠭ᠎ᠠ ᠶᠢ ᠬᠠᠮᠵᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠢᠭᠤᠯᠴᠢᠯᠠᠯ ᠤᠨ  ᠦᠢᠯᠡᠴᠢᠯᠡᠭᠡᠨ ᠤ ᠲᠥᠪ᠂ ᠲᠠᠷᠢᠶᠠᠯᠠᠩ ᠢ ᠬᠥᠭᠵᠢᠭᠦᠯᠬᠦ ᠪᠠ ᠮᠠᠯ ᠠᠵᠤ ᠠᠬᠤᠶ ᠲᠠᠷᠢᠶᠠᠯᠠᠩ ᠤᠨ ᠪᠠᠯᠠ ᠣᠷᠣᠭᠤᠯᠤᠯᠲᠠ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ ᠰᠢᠶᠠᠨ ᠤ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠰᠣᠶᠣᠯ᠂ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠦᠨᠳᠦᠰᠦᠲᠡᠨ ᠤ ᠬᠡᠷᠡᠭ ᠶᠠᠪᠤᠳᠠᠯ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠴᠢᠩ ᠱᠠᠨ ᠤ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠬᠤ ᠶᠢ ᠬᠠᠷᠢᠭᠤᠴᠠᠨ᠎ᠠ᠃      ᠬᠠᠷᠢᠯᠴᠠᠬᠤ ᠨᠢ᠄ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠪᠠᠨ ᠬᠠᠯᠠᠮᠵᠢᠯᠠᠬᠤ ᠵᠥᠪᠯᠡᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠷᠠᠳᠢᠣ᠋ ᠨᠡᠪᠲᠡᠷᠡᠭᠦᠯᠭᠡ ᠲᠧᠯᠸᠢᠰ ᠤᠨ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠺᠣᠮᠫᠠᠨᠢ᠂ ᠰᠢᠨᠬᠤᠸᠠ ᠨᠣᠮ ᠤᠨ ᠳᠡᠯᠭᠡᠭᠦᠷ᠃      ᠰᠢᠶᠠᠨ ᠤ ᠳᠡᠳ᠋ ᠳᠠᠷᠤᠭ᠎ᠠ ᠬᠥᠩ ᠰᠢᠤ ᠯᠦᠩ ᠰᠢᠶᠠᠨ ᠤ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ᠂ ᠰᠢᠨᠵᠢᠯᠡᠬᠦ ᠤᠬᠠᠭᠠᠨ ᠮᠡᠷᠭᠡᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︵ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠠᠯᠪᠠᠨ ᠬᠡᠷ︶᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡᠨ ᠤ ᠲᠥᠪ᠂ ᠵᠢᠭᠤᠯᠴᠢᠯᠠᠯ ᠤᠨ ᠦᠢᠯᠡᠴᠢᠯᠡᠭᠡᠨ ᠤ ᠲᠥᠪ ︵ᠰᠤᠮᠤᠨ ᠠᠭᠤᠯᠠᠨ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ︶᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠶᠦᠩ ᠰᠢᠩ ᠣᠶ ᠰᠢᠭᠤᠶ ᠶᠢᠨ ᠪᠠᠯᠠ ᠣᠷᠣᠭᠤᠯᠤᠯᠲᠠ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃          ᠬᠠᠷᠢᠯᠴᠠᠬᠤ ᠨᠢ᠄ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ ᠤᠨ ᠲᠣᠪᠴᠢᠶ᠎ᠠ᠂ ᠲᠠᠷᠢᠶᠠᠯᠠᠩ ᠤᠨ ᠪᠠᠩᠬᠢ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠳᠤᠮᠳᠠᠳᠤ ᠶᠢᠨ ᠬᠤᠯᠪᠣᠭᠠᠲᠤ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ᠂ ᠠᠨ ᠬᠤᠸᠠ ᠲᠠᠷᠢᠶᠠᠯᠠᠩ ᠤᠨ ᠳᠠᠭᠠᠳᠬᠠᠯ ᠤᠨ ᠺᠣᠮᠫᠠᠨᠢ᠂ ᠳ᠋ᠠ ᠳ᠋ᠢ ᠳᠠᠭᠠᠳᠬᠠᠯ ᠤᠨ ᠺᠣᠮᠫᠠᠨᠢ᠃      ᠰᠦᠨ ᠬᠠᠶ ᠵᠢᠶᠦ᠋ᠨ ᠳᠡᠳ᠋ ᠰᠢᠶᠠᠨ ᠤ ᠳᠠᠷᠤᠭ᠎ᠠ ᠪᠥᠭᠡᠳ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ᠂ ᠰᠢᠶᠠᠨ ᠤ ᠳᠠᠷᠤᠭ᠎ᠠ ᠶᠢ ᠬᠠᠮᠵᠢᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠯ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠴᠠᠭᠳᠠᠭ᠎ᠠ᠃     ᠵᠠᠩ ᠵᠢᠶᠦ᠋ᠨ ᠳᠡᠳ᠋ ᠰᠢᠶᠠᠨ ᠤ ᠳᠠᠷᠤᠭ᠎ᠠ ᠰᠢᠶᠠᠨ ᠤ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠨ ᠤ ᠶᠠᠪᠤᠳᠠᠯ ᠤᠨ ᠪᠠᠷᠠᠭ᠎ᠠ ᠶᠢᠨ ᠭᠦᠢᠯᠭᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠲᠠᠢ ᠶᠠᠩ ᠡᠨᠧᠷᠭᠢ ᠶᠢᠨ ᠪᠡᠯᠡ ᠣᠷᠣᠭᠤᠯᠤᠯᠲᠠ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠰᠢᠩ ᠸᠠᠩ ᠵᠢᠶᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠰᠢᠦᠳᠠᠨ ᠤ ᠲᠣᠪᠴᠢᠶ᠎ᠠ᠂ ᠰᠢᠯᠵᠢᠮᠡᠯ ᠬᠤᠯᠪᠣᠭᠠᠨ ᠤ ᠺᠣᠮᠫᠠᠨᠢ ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠲᠠᠮᠠᠬᠢᠨ ᠤ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠃       ᠯᠢ ᠰᠢᠨ ᠺᠠᠢ ᠳᠡᠳ᠋ ᠰᠢᠶᠠᠨ ᠤ ᠳᠠᠷᠤᠭ᠎ᠠ ᠰᠢᠶᠠᠨ ᠤ ᠳᠠᠷᠤᠭ᠎ᠠ ᠶᠢ ᠬᠠᠮᠵᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠨ᠎ᠠ᠃ ᠳᠡᠳ᠋ ᠰᠢᠶᠠᠨ ᠤ ᠳᠠᠷᠤᠭ᠎ᠠ ᠾᠧ ᠶᠢᠩ ᠽᠢ ᠶᠢ ᠬᠠᠪᠰᠤᠷᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢ ᠬᠤᠪᠢᠳᠠᠨ ᠬᠠᠮᠢᠶᠠᠷᠤᠨ᠎ᠠ  ᠂ ᠳᠡᠳ᠋ ᠰᠢᠶᠠᠨ ᠤ ᠳᠠᠷᠤᠭ᠎ᠠ ᠵᠠᠩ ᠵᠢᠶᠦ᠋ᠨ ᠢ ᠬᠠᠮᠵᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠲᠠᠢ ᠶᠠᠩ ᠡᠨᠧᠷᠭᠢ ᠶᠢᠨ ᠪᠡᠯᠡ ᠣᠷᠣᠭᠤᠯᠤᠯᠲᠠ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠳ᠋ᠦᠩ ᠬᠤᠩ ᠦ᠋ ᠡᠷᠬᠢᠯᠡᠭᠴᠢ ᠰᠢᠩ ᠸᠠᠩ ᠵᠢᠶᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯ ᠢ ᠡᠷᠬᠢᠯᠡᠨ᠎ᠡ᠃ ᠰᠢᠩ ᠸᠠᠩ ᠵᠢᠶᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃      ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠣᠰᠣᠭᠠᠷ᠂ ᠬᠤᠪᠢᠳᠠᠨ ᠬᠠᠮᠢᠶᠠᠷᠴᠤ  ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ᠂ ᠠᠶᠤᠯ ᠥᠬᠡᠶ  ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ ᠰᠠᠶᠢᠲᠤᠷ ᠬᠢᠬᠦ ᠬᠡᠷᠡᠭᠲᠡᠶ᠃        ᠣᠨᠴᠠᠭᠠᠶᠢᠯᠠᠨ ᠮᠡᠳᠡᠭᠳᠡᠪᠡ᠃                                     ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                2021 ᠣᠨ ᠤ 6 ᠳ᠋ᠤᠭᠠᠷ ᠰᠠᠷ᠎ᠠ ᠶᠢᠨ 9 ᠤ ᠡᠳᠦᠷ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3