︽ᠸᠢᠴᠠᠲ ᠤᠨ ᠠᠮᠤᠷ ᠲᠦᠪᠰᠢᠨ ᠤ ᠲᠥᠪ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠮᠡᠳᠡᠭᠡ᠂ | 6 ᠰᠠᠷ᠎ᠠ ᠶᠢᠨ 9 ᠤ ᠡᠳᠦᠷ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠬᠢᠨ ᠲᠠᠪᠴᠠᠩ ᠤᠨ ᠠᠮᠢ ᠠᠬᠤᠶ ᠶᠢᠨ | ᠵᠠᠰᠠᠯᠲᠠ ᠶᠢ ᠤᠯᠠᠮ ᠴᠢᠨᠠᠬᠰᠢᠳᠠ ᠴᠢᠩᠭᠠᠳᠬᠠᠬᠤ ᠲᠤᠬᠠᠢ ᠠᠯᠪᠠᠨ ᠵᠠᠷ ᠨᠡᠶᠢᠲᠡᠯᠡᠪᠡ᠃ ᠪᠥᠬᠦ ᠠᠭᠤᠯᠭ᠎ᠠ ᠨᠢ | ᠳᠤᠤᠷᠠᠬᠢ ᠮᠡᠲᠦ᠄ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠬᠢᠨ ᠬᠡᠷᠡᠭᠯᠡᠭᠴᠢᠳ ᠲᠤ ᠪᠣᠬᠢᠷᠲᠤᠯ ᠥᠬᠡᠶ᠂ | ᠡᠷᠡᠭᠦᠯ ᠰᠠᠷᠠᠭᠤᠯ ᠰᠦᠯᠵᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠩᠭᠠᠬᠤ ᠪᠠᠷ ᠴᠢᠷᠮᠠᠶᠢᠭᠰᠠᠭᠠᠷ | ᠢᠷᠡᠭᠰᠡᠨ ᠪᠥᠭᠡᠳ ᠲᠠᠪᠴᠠᠩ ᠳᠤ ᠣᠷᠣᠰᠢᠵᠤ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ | ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠡᠶ᠃ ᠬᠡᠷᠡᠭᠯᠡᠭᠴᠢ ᠶᠢᠨ ᠪᠡᠶᠡᠴᠢ ᠣᠶᠢᠯᠠᠭᠠᠯᠲᠠ ᠶᠢ ᠤᠯᠠᠮ | ᠴᠢᠨᠠᠬᠰᠢᠳᠠ ᠰᠢᠯᠢᠳᠡᠭᠵᠢᠭᠦᠯᠵᠦ᠂ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠨ ᠪᠠᠲᠤᠯᠠᠬᠤ ᠶᠢᠨ | ᠲᠥᠯᠥᠭᠡ᠂ ︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠠᠮᠢ ᠠᠬᠤᠶ ᠶᠢᠨ ᠵᠠᠰᠠᠯᠲᠠ ᠶᠢᠨ ᠲᠣᠭᠲᠠᠭᠠᠯ︾᠂ | ︽ᠢᠨᠲ᠋ᠧᠷ ᠰᠦᠯᠵᠢᠶᠡᠨ ᠤ ᠬᠡᠷᠡᠭᠯᠡᠭᠴᠢ ᠶᠢᠨ ᠣᠯᠠᠨ ᠨᠡᠶᠢᠲᠡ ᠶᠢᠨ ᠲᠠᠩᠰᠠᠨ ᠨᠣᠮᠧᠷ ᠤᠨ ᠮᠡᠳᠡᠭᠡ ᠵᠠᠩᠭᠢ ᠶᠢᠨ | ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠶᠢᠨ ᠱᠠᠭᠠᠷᠳᠠᠯᠭ᠎ᠠ ᠶᠣᠰᠣᠭᠠᠷ᠂ ᠸᠢᠴᠠᠲ ᠤᠨ | ᠲᠠᠪᠴᠠᠩ ᠤᠨ ᠬᠠᠮᠢᠶ᠎ᠠ ᠪᠥᠬᠦᠶ ᠦᠢᠯᠡᠴᠢᠯᠡᠭᠡᠨ ᠤ ᠬᠡᠯᠡᠯᠴᠡᠭᠡᠷ ᠵᠢᠴᠢ ᠠᠵᠢᠯᠯᠠᠭᠠᠨ ᠤ ᠵᠢᠷᠤᠮᠵᠢᠯ ᠳᠤ ᠰᠠᠭᠤᠷᠢᠯᠠᠨ᠂ | ᠲᠣᠰ ᠡᠳᠦᠷ ᠠᠴᠠ ᠡᠬᠢᠯᠡᠨ ᠳᠤᠤᠷᠠᠬᠢ ᠦᠢᠯᠡ ᠠᠵᠢᠯᠯᠠᠭ᠎ᠠ ᠳᠤ ᠴᠢᠭᠯᠡᠭᠦᠯᠦᠨ ᠢᠯᠭᠠᠷᠠᠭᠤᠯᠤᠨ ᠴᠡᠪᠡᠷᠯᠡᠨ᠎ᠡ᠄ 1 . | ᠲᠡᠦᠬᠡ ᠶᠢᠨ ᠦᠭᠡᠶᠢᠰᠬᠡᠬᠦ ᠦᠵᠡᠯ ᠤᠨ ᠪᠤᠷᠤᠭᠤ ᠦᠭᠡ ᠶᠠᠷᠢᠶ᠎ᠠ᠂ ᠨᠠᠮ ᠤᠨ ᠲᠡᠦᠬᠡ ᠤᠯᠤᠰ ᠤᠨ ᠲᠡᠦᠬᠡ | ᠴᠡᠷᠢᠭ ᠤᠨ ᠲᠡᠦᠬᠡ ᠶᠢ ᠮᠠᠭᠤ ᠰᠠᠨᠠᠭ᠎ᠠ ᠪᠠᠷ ᠭᠠᠵᠢᠭᠤᠳᠠᠭᠤᠯᠤᠭᠰᠠᠨ᠂ ᠭᠦᠳᠬᠡᠭᠰᠡᠨ᠂ ᠦᠭᠡᠶᠢᠰᠬᠡᠭᠰᠡᠨ ᠵᠡᠷᠭᠡ | ᠠᠭᠤᠯᠭ᠎ᠠ ᠶᠢ ᠲᠠᠷᠬᠠᠭᠠᠬᠤ︔ 2 . ᠱᠠᠯᠢᠭ ᠵᠠᠪᠬᠠᠶ ᠪᠣᠯᠬᠢ ᠪᠦᠳᠦᠭᠦᠯᠢᠭ᠂ ᠴᠢᠰᠤᠲᠤ ᠬᠦᠴᠦᠷᠬᠡᠭᠯᠡᠯ ᠰᠦᠷᠳᠡᠭᠦᠯᠦᠯ | ᠮᠤᠬᠤᠷ ᠪᠢᠰᠢᠷᠡᠯ ᠵᠡᠷᠭᠡ ᠬᠤᠤᠷ ᠬᠥᠨᠥᠭᠡᠯ ᠲᠠᠢ ᠮᠡᠳᠡᠭᠡ ᠵᠠᠩᠭᠢ ᠪᠤᠶᠤ ᠬᠡᠪᠯᠡᠭᠳᠡᠬᠦᠨ ᠵᠢᠴᠢ ᠡᠷᠬᠡ ᠳᠤ ᠬᠠᠯᠳᠠᠵᠤ | ᠬᠤᠯᠠᠭᠠᠶᠢᠯᠠᠨ ᠬᠡᠪᠯᠡᠭᠰᠡᠨ ᠵᠡᠷᠭᠡ ᠬᠠᠤᠯᠢ ᠪᠤᠰᠤ ᠰᠦᠯᠵᠢᠶᠡᠨ ᠤ ᠬᠡᠪᠯᠡᠭᠳᠡᠬᠦᠨ ᠢ ᠦᠢᠯᠡᠳᠬᠦ᠂ ᠤᠯᠠᠮᠵᠢᠯᠠᠨ | ᠲᠠᠷᠬᠠᠭᠠᠬᠤ︔ 3.ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠠᠴᠠ ᠵᠥᠷᠢᠴᠡᠭᠰᠡᠨ᠂ | ᠨᠡᠶᠢᠭᠡᠮ ᠤᠨ ᠬᠡᠪ ᠰᠤᠷᠲᠠᠯ ᠢ ᠪᠣᠬᠢᠷᠲᠤᠭᠤᠯᠤᠭᠰᠠᠨ᠂ ᠪᠣᠯᠬᠢ ᠪᠦᠳᠦᠭᠦᠯᠢᠭ᠂ ︽ᠵᠥᠭᠡᠯᠡᠨ ᠱᠠᠯᠢᠭ ᠵᠠᠪᠬᠠᠢ ᠶᠠᠭᠤᠮᠠᠰ︾ | ᠵᠢᠴᠢ ᠴᠤᠤᠷᠬᠠᠯ᠂ ᠮᠠᠭᠤᠬᠠᠶ ᠰᠣᠨᠣᠰᠬᠠᠯ᠂ ᠮᠠᠭᠤ ᠦᠢᠯᠡ ᠠᠵᠢᠯᠯᠠᠭ᠎ᠠ᠂ ᠲᠥᠪ ᠴᠢᠩᠭ᠎ᠠ ᠰᠡᠳᠦᠪᠲᠦ ᠵᠤᠭ᠎ᠠ | ᠴᠡᠩᠭᠡᠬᠦᠨ ᠬᠡᠬᠦ ᠮᠡᠳᠦ ᠶᠢᠨ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠠᠴᠠ ᠵᠥᠷᠢᠴᠡᠭᠰᠡᠨ | ᠠᠭᠤᠯᠭ᠎ᠠ ᠶᠢ ᠨᠡᠶᠢᠲᠡᠯᠡᠬᠦ ᠪᠠ ᠤᠯᠠᠮᠵᠢᠯᠠᠬᠤ ᠦᠢᠯᠡ ᠠᠵᠢᠯᠯᠠᠭ᠎ᠠ᠃ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ | ᠣᠷᠣᠰᠢᠵᠤ ᠪᠠᠶᠢᠭ᠎ᠠ ᠲᠠᠩᠰᠠᠨ ᠤ ᠨᠣᠮᠧᠷ ︵ᠭᠡᠪᠡᠴᠦ ᠣᠯᠠᠨ ᠨᠡᠶᠢᠲᠡ ᠶᠢᠨ ᠨᠣᠮᠧᠷ᠂ ᠵᠢᠵᠢᠭ ᠫᠷᠤᠭ᠍ᠷᠠᠮ᠂ ᠬᠠᠷᠠᠭᠠᠨ | ᠳᠠᠪᠲᠠᠮᠵᠢ ᠶᠢᠨ ᠨᠣᠮᠧᠷ ᠵᠡᠷᠭᠡ ᠳᠤ ᠬᠢᠵᠠᠭᠠᠷᠯᠠᠭᠳᠠᠬᠤ ᠥᠬᠡᠶ︶ ᠢ ᠲᠠᠪᠴᠠᠩ ᠤᠨ ᠬᠢᠨ ᠪᠠᠶᠢᠴᠠᠭᠠᠨ ᠳᠣᠲᠣᠯᠠᠭᠰᠠᠨ ᠤ | ᠳᠠᠷᠠᠭ᠎ᠠ ᠵᠣᠬᠢᠴᠠᠩᠭᠤᠶ ᠴᠢᠳᠠᠪᠤᠷᠢ ᠪᠦᠬᠦᠢ ᠰᠢᠳᠭᠡᠯ ᠲᠤᠷᠭᠠᠭᠤᠯᠢ ᠬᠡᠷᠡᠭᠵᠢᠬᠦᠯᠬᠦ ᠶᠢᠨ ᠬᠠᠮᠲᠤ ᠬᠤᠯᠪᠣᠭᠳᠠᠯ ᠪᠥᠬᠦᠶ | ᠠᠭᠤᠯᠭ᠎ᠠ ᠶᠢ ᠨᠢ ᠬᠠᠰᠤᠵᠤ ᠬᠠᠶᠠᠨ᠎ᠠ᠃ ᠣᠯᠠᠨ ᠤᠳᠠᠭ᠎ᠠ ᠰᠢᠢᠳᠪᠦᠷᠢᠯᠡᠭᠰᠡᠨ ᠤ ᠳᠠᠷᠠᠭ᠎ᠠ ᠮᠥᠨ ᠯᠡ | ᠲᠣᠭᠲᠠᠭᠠᠯ ᠠᠴᠠ ᠵᠥᠷᠢᠴᠡᠭᠰᠡᠨ ᠠᠭᠤᠯᠭ᠎ᠠ ᠪᠠᠨ ᠦᠷᠭᠦᠯᠵᠢᠯᠡᠨ ᠨᠡᠶᠢᠲᠡᠯᠡᠭᠰᠡᠨ᠂ ᠡᠰᠡᠬᠦᠯ᠎ᠡ ᠡᠯ᠎ᠡ ᠵᠦᠢᠯ ᠤᠨ | ᠠᠷᠭ᠎ᠠ ᠪᠠᠷᠢᠯ ᠢ ᠵᠣᠷᠢᠭᠤᠳᠠ ᠠᠰᠢᠭᠯᠠᠨ ᠮᠠᠭᠤ ᠰᠠᠨᠠᠭ᠎ᠠ ᠪᠠᠷ ᠡᠰᠡᠷᠭᠦᠴᠡᠯᠳᠦᠭᠰᠡᠨ ᠲᠠᠩᠰᠠᠨ ᠨᠣᠮᠧᠷ ᠲᠤ ᠴᠢᠭᠯᠡᠬᠦᠯᠦᠨ | ᠂ ᠲᠠᠪᠴᠠᠩ ᠤᠨ ᠬᠢᠨ ᠲᠠᠩᠰᠠᠨ ᠨᠣᠮᠧᠷ ᠢ ᠨᠢ ᠡᠭᠦᠷᠢᠳᠡ ᠪᠢᠲᠡᠭᠦᠮᠵᠢᠯᠡᠨ ᠬᠠᠭᠠᠨ᠎ᠠ᠃ ᠸᠢᠴᠠᠲ ᠤᠨ ᠣᠯᠠᠨ | ᠨᠡᠶᠢᠲᠡ ᠶᠢᠨ ᠳ᠋ᠤᠭᠠᠷ ᠤᠨ ᠬᠢᠨ ᠲᠠᠪᠴᠠᠩ ᠤᠨ ᠳᠣᠲᠣᠷᠠᠬᠢ ᠡᠷᠡᠭᠦᠯ ᠪᠤᠰᠤ ᠮᠡᠳᠡᠭᠡ ᠵᠠᠩᠭᠢ ᠶᠢ ᠦᠷᠭᠦᠯᠵᠢᠯᠡᠨ | ᠢᠯᠭᠠᠷᠠᠭᠤᠯᠤᠨ ᠴᠡᠪᠡᠷᠯᠡᠵᠦ᠂ ᠲᠠᠩᠰᠠᠨ ᠨᠣᠮᠧᠷ ᠢ ᠰᠠᠨᠠᠭᠠᠴᠢᠯᠠᠭ᠎ᠠ ᠠᠴᠠ ᠪᠠᠨ ᠬᠥᠲᠥᠯᠦᠨ ᠵᠢᠯᠣᠭᠤᠳᠴᠤ ᠪᠠᠶᠢᠭᠠᠳ | ᠨᠡᠶᠢᠭᠡᠮ ᠤᠨ ᠭᠤᠤᠯ ᠥᠷᠲᠡᠭ ᠤᠨ ᠦᠵᠡᠯᠲᠡ ᠳᠤ ᠨᠡᠶᠢᠴᠡᠬᠦ ᠠᠭᠤᠯᠭ᠎ᠠ ᠶᠢ ᠨᠡᠶᠢᠲᠡᠯᠡᠬᠦ ᠶᠢᠨ ᠬᠠᠮᠲᠤ᠂ | ᠬᠡᠷᠡᠭᠯᠡᠭᠴᠢ ᠶᠢᠨ ᠢᠯᠡᠴᠢᠯᠡᠨ ᠮᠡᠳᠡᠭᠦᠯᠬᠦ᠂ ᠮᠡᠷᠭᠡᠵᠢᠯ ᠤᠨ ᠬᠢᠨᠠᠨ ᠬᠠᠷᠭᠤᠭᠤᠯᠬᠤ ᠪᠠ ᠬᠥᠮᠦᠨ ᠤ ᠬᠦᠴᠦ ᠪᠠᠷ | ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠪᠴᠠᠩ ᠤᠨ ᠠᠭᠤᠯᠭ᠎ᠠ ᠶᠢᠨ ᠠᠮᠢ ᠠᠬᠤᠶ ᠶᠢᠨ | ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠴᠢᠨᠠᠬᠰᠢᠳᠠ ᠴᠢᠩᠭᠠᠳᠬᠠᠨ᠎ᠠ᠃ ᠲᠠ ᠪᠦᠬᠦᠨ ᠤ ᠨᠡᠩ ᠤᠯᠠᠨ | ᠰᠦᠪᠡᠭᠴᠢ ᠬᠠᠩᠭᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠪᠠᠰᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠷᠡᠭᠦᠯ ᠰᠠᠶᠢᠨ ᠰᠦᠯᠵᠢᠶᠡᠨ ᠤ ᠠᠮᠢ ᠠᠬᠤᠢ ᠶᠢ | ᠬᠠᠮᠲᠤ ᠪᠠᠷ ᠪᠤᠢ ᠪᠣᠯᠭᠠᠨ᠎ᠠ ᠬᠡᠪᠡ᠃ | | ᠢᠷᠡᠯᠲᠡ᠄ ᠠᠷᠠᠳ ᠤᠨ ᠰᠦᠯᠵᠢᠶ᠎ᠡ | ᠪᠡᠯᠡᠳᠬᠡᠭᠰᠡᠨ ᠨᠢ᠄ ᠨᠠᠷᠠᠰᠤ |