ᠪᠡᠶ᠎ᠡ ᠶᠢᠨ ᠦᠨᠡᠮᠯᠡᠯ ᠢᠶᠠᠨ ᠭᠡᠭᠡᠪᠡᠯ ᠪᠤᠰᠤᠳ ᠬᠦᠮᠦᠨ ᠬᠠᠭᠤᠷᠮᠠᠭ ᠢᠶᠠᠷ ᠬᠡᠷᠡᠭᠯᠡᠬᠦ ᠠᠴᠠ ᠠᠶᠤᠨ᠎ᠠ᠂ ᠲᠡᠭᠡᠪᠡᠯ | ᠶᠠᠭᠠᠬᠢᠬᠤ ᠪᠤᠢ︖ | ᠰᠠᠭᠤᠭᠠᠯᠢ ᠠᠷᠠᠳ ᠤᠨ ᠭᠡᠭᠡᠭᠰᠡᠨ᠂ ᠬᠤᠯᠠᠭᠠᠶᠢᠯᠠᠭᠳᠠᠭᠰᠠᠨ ᠪᠡᠶ᠎ᠡ ᠶᠢᠨ ᠦᠨᠡᠮᠯᠡᠯ ᠢ ᠪᠤᠰᠤᠳ ᠬᠥᠮᠦᠨ | ᠬᠠᠭᠤᠷᠮᠠᠭ ᠢᠶᠠᠷ ᠬᠡᠷᠡᠭᠯᠡᠬᠦ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ | 2016 ᠣᠨ ᠤ 10 ᠰᠠᠷ᠎ᠠ ᠳᠤ ᠬᠦᠴᠦᠨ ᠥᠬᠡᠶ ᠪᠣᠯᠤᠭᠰᠠᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠤᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠣᠯᠠᠨ ᠲᠦᠮᠡᠨ ᠤ ᠭᠡᠭᠡᠭᠰᠡᠨ | ᠬᠤᠯᠠᠭᠠᠶᠢᠯᠠᠭᠳᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠵᠢᠴᠢ ᠰᠢᠨ᠎ᠡ ᠦᠨᠡᠮᠯᠡᠯ | ᠰᠣᠯᠢᠵᠤ ᠠᠪᠤᠭᠰᠠᠨ ᠤ ᠳᠠᠷᠠᠭᠠᠬᠢ ᠤᠤᠯ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ | ᠴᠤᠭᠯᠠᠭᠤᠯᠤᠬᠰᠠᠨ ᠤ ᠬᠠᠮᠲᠤ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ | ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠨᠡᠶᠢᠭᠡᠮ ᠤᠨ ᠬᠠᠮᠢᠶ᠎ᠠ ᠪᠥᠬᠦᠶ ᠦᠨᠡᠮᠯᠡᠯ ᠬᠡᠷᠡᠭᠯᠡᠬᠦ ᠰᠠᠯᠠᠭ᠎ᠠ | ᠮᠥᠴᠢᠷ ᠪᠠ ᠨᠢᠭᠡᠴᠡ ᠳᠤ ᠬᠦᠴᠦᠨ ᠥᠬᠡᠶ ᠪᠣᠯᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ | ᠵᠠᠩᠭᠢ ᠶᠢ ᠬᠠᠷᠭᠤᠭᠤᠯᠤᠨ ᠪᠠᠶᠢᠴᠠᠭᠠᠬᠤ ᠦᠢᠯᠡᠴᠢᠯᠡᠭᠡ ᠬᠠᠩᠭᠠᠪᠠ᠃ | ᠤᠳᠤᠬᠠᠨ ᠪᠣᠯᠲᠠᠯ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ | ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠶᠢᠨ ᠬᠢᠨ ᠨᠢᠭᠡᠨᠲᠡ ᠳᠣᠲᠣᠭᠠᠳᠤ ᠶᠢ ᠬᠠᠮᠠᠭᠠᠯᠠᠬᠤ ᠶᠠᠮᠤᠨ ᠯᠤᠭ᠎ᠠ ᠬᠦᠴᠦᠨ | ᠥᠬᠡᠶ ᠪᠣᠯᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠤᠨ | ᠪᠠᠶᠢᠴᠠᠭᠠᠵᠤ ᠬᠡᠷᠡᠭᠯᠡᠬᠦ ᠠᠵᠢᠯ ᠢ ᠥᠷᠨᠢᠭᠦᠯᠪᠡ᠃ | ᠲᠠᠷᠠᠭᠠᠴᠢ ᠶᠢᠨ ᠠᠯᠬᠤᠮ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ᠬᠦᠴᠦᠨ ᠥᠬᠡᠶ ᠪᠣᠯᠤᠭᠰᠠᠨ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠦᠢᠯᠡᠴᠢᠯᠡᠭᠡᠨ ᠤ | ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ | ᠬᠠᠭᠤᠷᠮᠠᠭ ᠢᠶᠠᠷ ᠬᠡᠷᠡᠭᠯᠡᠬᠦ ᠠᠰᠠᠭᠤᠳᠠᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠪᠠᠷ ᠪᠤᠢ᠃ | ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠢᠶᠠᠨ ᠰᠦᠯᠵᠢᠶᠡᠨ ᠳᠡᠭᠡᠷ᠎ᠡ ᠮᠡᠳᠡᠭᠦᠯᠵᠦ ᠪᠣᠯᠤᠨ᠎ᠠ ᠦᠭᠡᠢ ᠦᠦ︖ | | 2017 ᠣᠨ ᠤ 7 ᠰᠠᠷ᠎ᠠ ᠶᠢᠨ 1 ᠤ ᠡᠳᠦᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠤᠨᠳᠤᠤ | ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠭᠡᠭᠡᠭᠰᠡᠨ ᠢᠶᠠᠨ ᠮᠡᠳᠡᠭᠦᠯᠬᠦ ᠪᠠ ᠭᠡᠭᠡᠭᠰᠡᠨ ᠡᠵᠡᠨ ᠢ ᠨᠢ ᠡᠷᠢᠬᠦ | ︽ᠭᠤᠷᠪᠠᠨ ᠵᠦᠢᠯ ᠤᠨ ᠲᠦᠷᠢᠮ︾ ᠢ ᠪᠥᠬᠦ ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠦᠭᠰᠡᠨ ᠠᠴᠠ ᠠᠷᠠᠳ | ᠢᠷᠭᠡᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠪᠤᠶᠤ ᠬᠤᠯᠠᠭᠠᠶᠢᠯᠠᠭᠳᠠᠭᠰᠠᠨ ᠳᠤ | ᠬᠦᠷᠪᠡᠯ᠂ ᠣᠶᠢᠷ᠎ᠠ ᠬᠠᠪᠢ ᠶᠢᠨ ᠲᠣᠮᠢᠯᠠᠭᠰᠠᠨ ᠰᠠᠯᠪᠤᠷᠢ ᠪᠤᠶᠤ ᠡᠷᠦᠬᠡ ᠠᠮᠠ ᠶᠢᠨ ᠶᠠᠪᠤᠳᠠᠯ ᠤᠨ ᠭᠠᠷᠳᠠᠮ | ᠬᠦᠢᠴᠡᠳᠭᠡᠬᠦ ᠲᠢᠩᠬᠢᠮ ᠳᠤ ᠬᠦᠷᠴᠦ ᠭᠡᠭᠡᠭᠰᠡᠨ ᠢᠶᠠᠨ ᠮᠡᠳᠡᠭᠦᠯᠵᠦ ᠪᠣᠯᠬᠤ ᠪᠤᠯᠪᠠ᠃ | ᠪᠡᠶ᠎ᠡ ᠶᠢᠨ ᠦᠨᠡᠮᠯᠡᠯ ᠢᠶᠠᠨ ᠬᠡᠬᠡᠭᠰᠡᠨ ᠢᠶᠠᠨ ᠰᠦᠯᠵᠢᠶᠡᠨ ᠳᠡᠭᠡᠷ᠎ᠡ ᠮᠡᠳᠡᠬᠦᠯᠬᠦ ᠳᠤ ᠪᠤᠰᠤᠳ ᠬᠦᠮᠦᠨ ᠨᠡᠷ᠎ᠡ ᠪᠠᠷ | ᠨᠢ ᠭᠡᠭᠡᠭᠰᠡᠨ ᠭᠡᠵᠦ ᠳᠠᠩᠰᠠᠯᠠᠭᠤᠯᠬᠤ ᠲᠦᠭᠰᠢᠭᠦᠷᠢ ᠣᠷᠣᠰᠢᠵᠤ ᠪᠠᠶᠢᠬᠤ ᠶᠢ ᠪᠣᠳᠣᠯᠬᠢᠯᠠᠭᠠᠳ᠂ ᠣᠳᠣᠬᠠᠨ ᠳᠤ | ᠪᠣᠳᠠᠲᠠᠶ ᠠᠵᠢᠯ ᠤᠨ ᠳᠤᠮᠳᠠ᠂ ᠪᠡᠶ᠎ᠡ ᠶᠢᠨ ᠦᠨᠡᠮᠯᠡᠯ ᠢᠶᠠᠨ ᠬᠡᠬᠡᠭᠰᠡᠨ ᠢᠶᠠᠨ ᠮᠡᠳᠡᠬᠦᠯᠬᠦ ᠳᠤ ᠠᠷᠠᠳ ᠢᠷᠭᠡᠳ ᠢ ᠴᠥᠮ | ᠥᠪᠡᠷ ᠤᠨ ᠪᠡᠶ᠎ᠡ ᠪᠠᠷ ᠨᠢ ᠲᠣᠮᠢᠯᠠᠭᠰᠠᠨ ᠰᠠᠯᠪᠤᠷᠢ ᠪᠤᠶᠤ ᠡᠷᠦᠬᠡ ᠠᠮᠠ ᠶᠢᠨ ᠶᠠᠪᠤᠳᠠᠯ ᠤᠨ ᠭᠠᠷᠳᠠᠮ ᠬᠦᠢᠴᠡᠳᠭᠡᠬᠦ | ᠲᠢᠩᠬᠢᠮ ᠤᠨ ᠴᠣᠩᠬᠤᠪᠴᠢ ᠳᠤ ᠤᠴᠢᠭᠤᠯᠤᠨ ᠬᠦᠢᠴᠡᠳᠭᠡᠯᠭᠡᠵᠦ ᠪᠠᠶᠢᠨ᠎ᠠ᠃ | ᠪᠡᠶ᠎ᠡ ᠶᠢᠨ ᠦᠨᠡᠮᠯᠡᠯ ᠢᠶᠠᠨ ᠭᠡᠭᠡᠪᠡᠯ ᠶᠠᠭᠠᠬᠢᠵᠤ ᠨᠦᠬᠦᠵᠦ ᠬᠢᠯᠭᠡᠬᠦ ᠪᠤᠢ︖ | ᠠᠷᠠᠳ ᠢᠷᠭᠡᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠪᠡᠯ᠂ ᠲᠡᠷᠡ ᠲᠤᠤᠷ᠎ᠠ ᠪᠠᠨ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠮᠡᠳᠡᠭᠦᠯᠬᠦ ᠬᠡᠷᠡᠭᠲᠡᠢ᠃ ᠮᠡᠳᠡᠭᠦᠯᠦᠭᠰᠡᠨ ᠡᠳᠦᠷ ᠠᠴᠠ ᠡᠬᠢᠯᠡᠨ 3 | ᠰᠠᠷ᠎ᠠ ᠶᠢᠨ ᠲᠤᠳᠤᠷ᠎ᠠ ᠮᠥᠨ ᠬᠦ ᠡᠷᠢᠵᠦ ᠣᠯᠤᠬᠰᠠᠨ ᠦᠭᠡᠢ ᠳᠤ ᠬᠦᠷᠪᠡᠯ ᠰᠢᠨ᠎ᠡ ᠦᠨᠡᠮᠯᠡᠯ ᠬᠢᠯᠭᠡᠵᠦ ᠠᠪᠬᠤ ᠪᠠᠷ | ᠮᠡᠳᠡᠭᠦᠯᠬᠦ ᠬᠡᠷᠡᠭᠲᠡᠶ᠃ | ᠪᠡᠶ᠎ᠡ ᠶᠢᠨ ᠦᠨᠡᠮᠯᠡᠯ ᠢᠶᠠᠨ ᠡᠷᠦᠬᠡ ᠠᠮᠠ ᠪᠠᠶᠢᠭ᠎ᠠ ᠭᠠᠵᠠᠷ ᠲᠠᠭᠠᠨ ᠨᠦᠬᠦᠨ ᠬᠢᠯᠬᠡᠵᠦ ᠠᠪᠬᠤ ᠳᠤ | ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ ᠢᠶᠠᠨ ᠦᠭᠴᠦ ᠰᠢᠯᠭᠠᠭᠤᠯᠤᠨ᠂ ᠬᠡᠷᠡᠯ ᠵᠢᠷᠤᠭ ᠠᠪᠤᠭᠤᠯᠵᠤ᠂ | ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠳᠠᠩᠰᠠᠯᠠᠯ ᠤᠨ ᠬᠦᠰᠦᠨᠦᠭᠲᠦ︾ ᠶᠢ ᠲᠠᠭᠯᠠᠵᠤ᠂ | ᠪᠡᠶ᠎ᠡ ᠶᠢᠨ ᠦᠨᠡᠮᠯᠡᠯ ᠬᠢᠯᠭᠡᠬᠦ ᠵᠠᠷᠤᠲᠠᠯ ᠲᠤᠰᠢᠶᠠᠬᠤ ᠬᠡᠷᠡᠭᠲᠡᠶ᠃ | ᠭᠠᠷ ᠬᠦᠢᠴᠡᠳᠭᠡᠯ ᠬᠢᠵᠦ ᠪᠠᠷᠠᠭᠰᠠᠨ ᠤ ᠳᠠᠷᠠᠭ᠎ᠠ ᠵᠢᠷᠠᠨ ᠡᠳᠦᠷ ᠤᠨ ᠳᠣᠲᠣᠷ᠎ᠠ ᠪᠡᠶ᠎ᠡ ᠶᠢᠨ ᠦᠨᠡᠮᠯᠡᠯ ᠢᠶᠠᠨ | ᠠᠪᠤᠨ᠎ᠠ︔ ᠵᠠᠮ ᠬᠠᠷᠢᠯᠴᠠᠭ᠎ᠠ ᠳᠥᠭᠦᠮ ᠦᠭᠡᠢ ᠭᠠᠵᠠᠷ ᠣᠷᠣᠨ ᠤ ᠴᠠᠬ ᠬᠤᠭᠤᠴᠠᠭ᠎ᠠ ᠶᠢ ᠤᠷᠳᠤᠳᠬᠠᠬᠤ ᠳᠤ | ᠭᠤᠴᠢᠨ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠨᠥᠬᠦᠴᠡᠯ ᠲᠠᠢ ᠭᠠᠵᠠᠷ ᠣᠷᠣᠨ ᠨᠢ ᠪᠣᠳᠠᠲᠤ | ᠪᠠᠶᠢᠳᠠᠯ ᠢᠶᠠᠨ ᠦᠨᠳᠦᠰᠦᠯᠡᠨ ᠦᠨᠡᠮᠯᠡᠯ ᠦᠢᠯᠡᠳᠦᠨ ᠬᠢᠬᠦ ᠪᠡ ᠣᠯᠭᠤᠬᠤ ᠦᠶᠡᠯᠡᠯ ᠤᠨ ᠴᠠᠬ ᠬᠤᠭᠤᠴᠠᠭ᠎ᠠ ᠶᠢ | ᠪᠣᠭᠤᠨᠢᠰᠬᠠᠵᠤ ᠪᠣᠯᠤᠨ᠎ᠠ᠃ | ᠤᠨᠳᠤᠤ ᠭᠠᠵᠠᠷ ᠲᠤ ᠪᠡᠶ᠎ᠡ ᠶᠢᠨ ᠦᠨᠡᠮᠯᠡᠯ ᠨᠥᠬᠦᠨ ᠬᠢᠯᠭᠡᠵᠦ ᠪᠣᠯᠤᠨ᠎ᠠ ᠦᠦ︖ | ᠡᠷᠦᠬᠡ ᠠᠮᠠ ᠶᠢᠨ ᠪᠠᠶᠢᠭ᠎ᠠ ᠪᠠᠶᠢᠩᠭᠤ ᠰᠠᠭᠤᠭ᠎ᠠ ᠭᠠᠵᠠᠷ ᠠᠴᠠ ᠪᠠᠨ ᠰᠠᠯᠵᠤ ᠪᠤᠰᠤᠳ ᠮᠤᠵᠢ ︵ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠳᠤ ᠬᠦᠷᠴᠦ ᠬᠠᠤᠯᠢ ᠶᠣᠰᠣᠨ ᠤ ᠲᠣᠭᠲᠠᠪᠤᠷᠢᠲᠠᠶ ᠠᠵᠢᠯ ᠤᠯᠬᠤ᠂ | ᠰᠤᠷᠭᠠᠭᠤᠯᠢ ᠳᠤ ᠣᠷᠣᠬᠤ᠂ ᠣᠷᠣᠰᠢᠨ ᠰᠠᠭᠤᠬᠤ ᠠᠷᠠᠳ ᠢᠷᠭᠡᠳ ᠨᠢ ᠣᠲᠣ ᠶᠢᠨ ᠰᠠᠭᠤᠭ᠎ᠠ ᠭᠠᠵᠠᠷ ᠤᠨ ᠢᠶᠠᠨ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠰᠣᠯᠢᠵᠤ ᠠᠪᠬᠤ᠂ | ᠨᠥᠬᠦᠵᠦ ᠠᠪᠬᠤ ᠪᠠᠷ ᠭᠤᠶᠤᠴᠢᠯᠠᠵᠤ ᠪᠣᠯᠤᠨ᠎ᠠ᠃ | ᠤᠨᠳᠤᠤ ᠭᠠᠵᠠᠷ ᠲᠤ ᠲᠦᠷ ᠴᠠᠭ ᠤᠨ ᠪᠡᠶ᠎ᠡ ᠶᠢᠨ ᠦᠨᠡᠮᠯᠡᠯ ᠬᠢᠯᠭᠡᠵᠦ ᠠᠪᠴᠤ ᠪᠣᠯᠤᠨ᠎ᠠ ᠦᠦ︖ | ᠣᠳᠣᠬᠠᠨ ᠳᠤ ᠣᠨᠳᠣᠣ ᠭᠠᠵᠠᠷ ᠲᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠳᠤ ᠵᠦᠪᠭᠡᠨ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠰᠣᠯᠢᠵᠤ ᠠᠪᠬᠤ᠂ ᠨᠥᠬᠦᠨ ᠬᠢᠯᠭᠡᠵᠦ ᠠᠪᠬᠤ ᠪᠠᠷ ᠭᠤᠶᠤᠴᠢᠯᠠᠬᠤ | ᠶᠠᠪᠤᠳᠠᠯ ᠯᠡ ᠪᠠᠭᠳᠠᠬᠤ ᠠᠴᠠ ᠪᠢᠰᠢ᠂ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠬᠢᠯᠭᠡᠬᠦ | ᠶᠠᠪᠤᠳᠠᠯ ᠪᠠᠭᠲᠠᠬᠤ ᠦᠭᠡᠢ᠃ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠭᠡᠭᠡᠭᠰᠡᠨ᠂ ᠬᠤᠯᠠᠭᠠᠶᠢᠯᠠᠭᠳᠠᠭᠰᠠᠨ ᠪᠤᠶᠤ ᠠᠪᠴᠤ | ᠶᠠᠪᠤᠬᠤ ᠪᠠᠨ ᠮᠠᠷᠲᠠᠭᠰᠠᠨ ᠬᠦᠮᠦᠰ ᠨᠢ ᠨᠢᠰᠬᠡᠯ ᠳᠤ ᠰᠠᠭᠤᠬᠤ᠂ ᠭᠠᠯᠲᠤ ᠲᠡᠷᠭᠡᠨ ᠳᠤ ᠰᠠᠭᠤᠬᠤ᠂ ᠪᠠᠭᠤᠳᠠᠯ ᠳᠤ | ᠰᠠᠭᠤᠬᠤ ᠪᠠᠴᠢᠮ ᠬᠡᠷᠡᠭᠴᠡᠭᠡ ᠲᠠᠢ ᠪᠤᠯᠬᠤ ᠲᠤᠬᠠᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠨᠢᠰᠬᠡᠯ ᠤᠨ | ᠪᠠᠭᠤᠳᠠᠯ᠂ ᠭᠠᠯᠲᠤ ᠲᠡᠷᠭᠡᠨ ᠤ ᠥᠷᠲᠡᠭᠡᠨ ᠤ ᠲᠣᠮᠢᠯᠠᠭᠰᠠᠨ ᠰᠠᠯᠪᠤᠷᠢ ᠪᠠ ᠪᠠᠭᠤᠳᠠᠯ ᠤᠨ ᠬᠠᠷᠢᠶ᠎ᠠ | ᠲᠣᠭᠤᠷᠢᠭ ᠤᠨ ᠲᠣᠮᠢᠯᠠᠭᠰᠠᠨ ᠰᠠᠯᠪᠤᠷᠢ ᠶᠢ ᠣᠯᠠᠨ ᠲᠦᠮᠡᠨ ᠳᠤ ᠲᠦᠷ ᠴᠠᠭ ᠤᠨ ᠪᠡᠶ᠎ᠡ ᠶᠢᠨ ᠦᠨᠡᠮᠯᠡᠯ ᠢ ᠴᠠᠭ | ᠲᠤᠬᠠᠶ ᠳᠤᠨᠢ ᠬᠢᠵᠦ ᠥᠭᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ | ᠪᠡᠶ᠎ᠡ ᠶᠢᠨ ᠦᠨᠡᠮᠯᠡᠯ ᠤᠨ ︽ᠰᠦᠯᠵᠢᠶᠡᠨ ᠤ ᠦᠨᠡᠮᠯᠡᠯ︾ ᠢ ᠳᠡᠯᠭᠡᠷᠡᠭᠦᠯᠦᠨ᠎ᠡ ᠤᠤ ᠦᠭᠡᠢ ᠦᠦ︖ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ︽ᠰᠦᠯᠵᠢᠶᠡᠨ ᠤ ᠦᠨᠡᠮᠯᠡᠯ︾ ᠪᠣᠯ ᠮᠥᠨ ᠴᠢᠨᠠᠷ | ᠳᠡᠭᠡᠷ᠎ᠡ ᠪᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠡᠯᠧᠺᠲᠷᠣᠨ ᠦᠨᠡᠮᠯᠡᠯ ᠮᠥᠨ᠂ ᠳᠣᠲᠣᠭᠠᠳᠤ ᠶᠢ | ᠬᠠᠮᠠᠭᠠᠯᠠᠬᠤ ᠶᠠᠮᠤᠨ ᠬᠤᠶᠢᠰᠢᠳᠠ ᠶᠢᠨ ᠠᠵᠢᠯ ᠤᠨ ᠳᠤᠮᠳᠠ ᠪᠠᠨ ᠡᠭᠦᠨ ᠢ ᠭᠦᠨᠵᠡᠭᠡᠶ ᠰᠤᠳᠤᠯᠤᠨ ᠨᠤᠲᠠᠯᠠᠬᠤ | ᠪᠣᠯᠤᠨ᠎ᠠ᠃ | | ᠢᠷᠡᠯᠲᠡ᠄ ᠠᠷᠠᠳ ᠤᠨ ᠰᠦᠯᠵᠢᠶ᠎ᠡ | ᠪᠡᠯᠡᠳᠬᠡᠭᠰᠡᠨ ᠨᠢ᠄ ᠨᠠᠷᠠᠰᠤ |