ᠸᠢᠴᠠᠲ ᠤᠨ  ᠣᠯᠠᠨ  ᠨᠡᠶᠢᠲᠡ  ᠶᠢᠨ  ᠳ᠋ᠤᠭᠠᠷ ᠤᠨ ᠬᠢᠨ ᠤ ᠬᠠᠮᠤᠭ ᠰᠢᠨ᠎ᠡ  ᠠᠯᠪᠠᠨ ᠵᠠᠷ︕ ᠡᠳᠡᠭᠡᠷ ᠦᠢᠯᠡ ᠠᠵᠢᠯᠯᠠᠭ᠎ᠠ ᠶᠢ ᠡᠭᠦᠷᠢᠳᠡ ᠪᠢᠲᠡᠭᠦᠮᠵᠢᠯᠡᠨ  ᠬᠠᠭᠠᠨ᠎ᠠ︕
ᠨᠡᠶᠢᠲᠡᠯᠡᠭᠰᠡᠨ ᠴᠠᠭ᠄
2021/7/23
     ︽ᠸᠢᠴᠠᠲ ᠤᠨ ᠠᠮᠤᠷ ᠲᠦᠪᠰᠢᠨ ᠤ ᠲᠥᠪ︾  ᠸᠢᠴᠠᠲ ᠤᠨ ᠣᠯᠠᠨ  ᠨᠡᠶᠢᠲᠡ ᠶᠢᠨ ᠳ᠋ᠤᠭᠠᠷ ᠤᠨ ᠮᠡᠳᠡᠭᠡ᠂ 6 ᠰᠠᠷ᠎ᠠ ᠶᠢᠨ 9 ᠤ ᠡᠳᠦᠷ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠬᠢᠨ ᠲᠠᠪᠴᠠᠩ ᠤᠨ ᠠᠮᠢ ᠠᠬᠤᠶ ᠶᠢᠨ  ᠵᠠᠰᠠᠯᠲᠠ ᠶᠢ ᠤᠯᠠᠮ ᠴᠢᠨᠠᠬᠰᠢᠳᠠ ᠴᠢᠩᠭᠠᠳᠬᠠᠬᠤ ᠲᠤᠬᠠᠢ ᠠᠯᠪᠠᠨ ᠵᠠᠷ ᠨᠡᠶᠢᠲᠡᠯᠡᠪᠡ᠃ ᠪᠥᠬᠦ ᠠᠭᠤᠯᠭ᠎ᠠ ᠨᠢ ᠳᠤᠤᠷᠠᠬᠢ ᠮᠡᠲᠦ᠄ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠬᠢᠨ  ᠬᠡᠷᠡᠭᠯᠡᠭᠴᠢᠳ ᠲᠤ  ᠪᠣᠬᠢᠷᠲᠤᠯ ᠥᠬᠡᠶ᠂ ᠡᠷᠡᠭᠦᠯ  ᠰᠠᠷᠠᠭᠤᠯ ᠰᠦᠯᠵᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠩᠭᠠᠬᠤ ᠪᠠᠷ ᠴᠢᠷᠮᠠᠶᠢᠭᠰᠠᠭᠠᠷ ᠢᠷᠡᠭᠰᠡᠨ ᠪᠥᠭᠡᠳ ᠲᠠᠪᠴᠠᠩ ᠳᠤ ᠣᠷᠣᠰᠢᠵᠤ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ  ᠵᠦᠢᠯ ᠤᠨ  ᠦᠢᠯᠡ ᠠᠵᠢᠯᠯᠠᠭ᠎ᠠ ᠳᠤ ᠡᠷᠡᠰ  ᠴᠣᠬᠢᠯᠲᠠ ᠥᠭᠴᠡᠶ᠃ ᠬᠡᠷᠡᠭᠯᠡᠭᠴᠢ ᠶᠢᠨ ᠪᠡᠶᠡᠴᠢ ᠣᠶᠢᠯᠠᠭᠠᠯᠲᠠ ᠶᠢ ᠤᠯᠠᠮ ᠴᠢᠨᠠᠬᠰᠢᠳᠠ ᠰᠢᠯᠢᠳᠡᠭᠵᠢᠭᠦᠯᠵᠦ᠂ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠨ ᠪᠠᠲᠤᠯᠠᠬᠤ ᠶᠢᠨ ᠲᠥᠯᠥᠭᠡ᠂ ︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠠᠮᠢ ᠠᠬᠤᠶ ᠶᠢᠨ ᠵᠠᠰᠠᠯᠲᠠ ᠶᠢᠨ ᠲᠣᠭᠲᠠᠭᠠᠯ︾᠂ ︽ᠢᠨᠲ᠋ᠧᠷ ᠰᠦᠯᠵᠢᠶᠡᠨ ᠤ ᠬᠡᠷᠡᠭᠯᠡᠭᠴᠢ ᠶᠢᠨ ᠣᠯᠠᠨ ᠨᠡᠶᠢᠲᠡ ᠶᠢᠨ ᠲᠠᠩᠰᠠᠨ ᠨᠣᠮᠧᠷ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠶᠢᠨ  ᠱᠠᠭᠠᠷᠳᠠᠯᠭ᠎ᠠ ᠶᠣᠰᠣᠭᠠᠷ᠂ ᠸᠢᠴᠠᠲ ᠤᠨ ᠲᠠᠪᠴᠠᠩ ᠤᠨ ᠬᠠᠮᠢᠶ᠎ᠠ ᠪᠥᠬᠦᠶ ᠦᠢᠯᠡᠴᠢᠯᠡᠭᠡᠨ ᠤ ᠬᠡᠯᠡᠯᠴᠡᠭᠡᠷ ᠵᠢᠴᠢ ᠠᠵᠢᠯᠯᠠᠭᠠᠨ ᠤ  ᠵᠢᠷᠤᠮᠵᠢᠯ ᠳᠤ ᠰᠠᠭᠤᠷᠢᠯᠠᠨ᠂  ᠲᠣᠰ ᠡᠳᠦᠷ ᠠᠴᠠ ᠡᠬᠢᠯᠡᠨ ᠳᠤᠤᠷᠠᠬᠢ ᠦᠢᠯᠡ ᠠᠵᠢᠯᠯᠠᠭ᠎ᠠ ᠳᠤ ᠴᠢᠭᠯᠡᠭᠦᠯᠦᠨ ᠢᠯᠭᠠᠷᠠᠭᠤᠯᠤᠨ  ᠴᠡᠪᠡᠷᠯᠡᠨ᠎ᠡ᠄ 1 . ᠲᠡᠦᠬᠡ ᠶᠢᠨ ᠦᠭᠡᠶᠢᠰᠬᠡᠬᠦ ᠦᠵᠡᠯ ᠤᠨ ᠪᠤᠷᠤᠭᠤ ᠦᠭᠡ ᠶᠠᠷᠢᠶ᠎ᠠ᠂ ᠨᠠᠮ ᠤᠨ ᠲᠡᠦᠬᠡ ᠤᠯᠤᠰ ᠤᠨ ᠲᠡᠦᠬᠡ  ᠴᠡᠷᠢᠭ ᠤᠨ ᠲᠡᠦᠬᠡ ᠶᠢ ᠮᠠᠭᠤ ᠰᠠᠨᠠᠭ᠎ᠠ ᠪᠠᠷ ᠭᠠᠵᠢᠭᠤᠳᠠᠭᠤᠯᠤᠭᠰᠠᠨ᠂ ᠭᠦᠳᠬᠡᠭᠰᠡᠨ᠂ ᠦᠭᠡᠶᠢᠰᠬᠡᠭᠰᠡᠨ ᠵᠡᠷᠭᠡ ᠠᠭᠤᠯᠭ᠎ᠠ ᠶᠢ ᠲᠠᠷᠬᠠᠭᠠᠬᠤ︔  2 . ᠱᠠᠯᠢᠭ ᠵᠠᠪᠬᠠᠶ ᠪᠣᠯᠬᠢ ᠪᠦᠳᠦᠭᠦᠯᠢᠭ᠂ ᠴᠢᠰᠤᠲᠤ ᠬᠦᠴᠦᠷᠬᠡᠭᠯᠡᠯ ᠰᠦᠷᠳᠡᠭᠦᠯᠦᠯ ᠮᠤᠬᠤᠷ ᠪᠢᠰᠢᠷᠡᠯ ᠵᠡᠷᠭᠡ ᠬᠤᠤᠷ ᠬᠥᠨᠥᠭᠡᠯ ᠲᠠᠢ ᠮᠡᠳᠡᠭᠡ ᠵᠠᠩᠭᠢ ᠪᠤᠶᠤ ᠬᠡᠪᠯᠡᠭᠳᠡᠬᠦᠨ ᠵᠢᠴᠢ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠭᠰᠡᠨ ᠵᠡᠷᠭᠡ ᠬᠠᠤᠯᠢ ᠪᠤᠰᠤ ᠰᠦᠯᠵᠢᠶᠡᠨ ᠤ ᠬᠡᠪᠯᠡᠭᠳᠡᠬᠦᠨ ᠢ ᠦᠢᠯᠡᠳᠬᠦ᠂ ᠤᠯᠠᠮᠵᠢᠯᠠᠨ ᠲᠠᠷᠬᠠᠭᠠᠬᠤ︔ 3.ᠨᠡᠶᠢᠲᠡ ᠶᠢᠨ ᠡᠮᠬᠢ ᠵᠢᠷᠤᠮ  ᠪᠠ ᠰᠠᠶᠢᠨ ᠰᠠᠶᠢᠬᠠᠨ ᠬᠡᠪ ᠵᠠᠩᠰᠢᠯ ᠠᠴᠠ ᠵᠥᠷᠢᠴᠡᠭᠰᠡᠨ᠂ ᠨᠡᠶᠢᠭᠡᠮ ᠤᠨ ᠬᠡᠪ ᠰᠤᠷᠲᠠᠯ ᠢ ᠪᠣᠬᠢᠷᠲᠤᠭᠤᠯᠤᠭᠰᠠᠨ᠂ ᠪᠣᠯᠬᠢ ᠪᠦᠳᠦᠭᠦᠯᠢᠭ᠂ ︽ᠵᠥᠭᠡᠯᠡᠨ ᠱᠠᠯᠢᠭ ᠵᠠᠪᠬᠠᠢ ᠶᠠᠭᠤᠮᠠᠰ︾ ᠵᠢᠴᠢ ᠴᠤᠤᠷᠬᠠᠯ᠂ ᠮᠠᠭᠤᠬᠠᠶ ᠰᠣᠨᠣᠰᠬᠠᠯ᠂ ᠮᠠᠭᠤ ᠦᠢᠯᠡ ᠠᠵᠢᠯᠯᠠᠭ᠎ᠠ᠂ ᠲᠥᠪ ᠴᠢᠩᠭ᠎ᠠ ᠰᠡᠳᠦᠪᠲᠦ ᠵᠤᠭ᠎ᠠ ᠴᠡᠩᠭᠡᠬᠦᠨ ᠬᠡᠬᠦ ᠮᠡᠳᠦ ᠶᠢᠨ ᠨᠡᠶᠢᠭᠡᠮ ᠵᠢᠷᠤᠮ ᠤᠨ ᠭᠤᠣᠯᠯᠠᠬᠤ  ᠥᠷᠲᠡᠭ ᠤᠨ ᠦᠵᠡᠯᠲᠡ ᠠᠴᠠ ᠵᠥᠷᠢᠴᠡᠭᠰᠡᠨ ᠠᠭᠤᠯᠭ᠎ᠠ ᠶᠢ ᠨᠡᠶᠢᠲᠡᠯᠡᠬᠦ ᠪᠠ ᠤᠯᠠᠮᠵᠢᠯᠠᠬᠤ ᠦᠢᠯᠡ ᠠᠵᠢᠯᠯᠠᠭ᠎ᠠ᠃ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠣᠷᠣᠰᠢᠵᠤ  ᠪᠠᠶᠢᠭ᠎ᠠ ᠲᠠᠩᠰᠠᠨ ᠤ ᠨᠣᠮᠧᠷ ︵ᠭᠡᠪᠡᠴᠦ ᠣᠯᠠᠨ ᠨᠡᠶᠢᠲᠡ ᠶᠢᠨ ᠨᠣᠮᠧᠷ᠂ ᠵᠢᠵᠢᠭ ᠫᠷᠤᠭ᠍ᠷᠠᠮ᠂ ᠬᠠᠷᠠᠭᠠᠨ ᠳᠠᠪᠲᠠᠮᠵᠢ ᠶᠢᠨ ᠨᠣᠮᠧᠷ ᠵᠡᠷᠭᠡ ᠳᠤ ᠬᠢᠵᠠᠭᠠᠷᠯᠠᠭᠳᠠᠬᠤ ᠥᠬᠡᠶ︶ ᠢ ᠲᠠᠪᠴᠠᠩ ᠤᠨ ᠬᠢᠨ ᠪᠠᠶᠢᠴᠠᠭᠠᠨ ᠳᠣᠲᠣᠯᠠᠭᠰᠠᠨ ᠤ ᠳᠠᠷᠠᠭ᠎ᠠ  ᠵᠣᠬᠢᠴᠠᠩᠭᠤᠶ ᠴᠢᠳᠠᠪᠤᠷᠢ ᠪᠦᠬᠦᠢ ᠰᠢᠳᠭᠡᠯ ᠲᠤᠷᠭᠠᠭᠤᠯᠢ ᠬᠡᠷᠡᠭᠵᠢᠬᠦᠯᠬᠦ ᠶᠢᠨ ᠬᠠᠮᠲᠤ ᠬᠤᠯᠪᠣᠭᠳᠠᠯ ᠪᠥᠬᠦᠶ  ᠠᠭᠤᠯᠭ᠎ᠠ ᠶᠢ ᠨᠢ ᠬᠠᠰᠤᠵᠤ ᠬᠠᠶᠠᠨ᠎ᠠ᠃ ᠣᠯᠠᠨ ᠤᠳᠠᠭ᠎ᠠ ᠰᠢᠢᠳᠪᠦᠷᠢᠯᠡᠭᠰᠡᠨ ᠤ  ᠳᠠᠷᠠᠭ᠎ᠠ  ᠮᠥᠨ  ᠯᠡ  ᠲᠣᠭᠲᠠᠭᠠᠯ ᠠᠴᠠ  ᠵᠥᠷᠢᠴᠡᠭᠰᠡᠨ  ᠠᠭᠤᠯᠭ᠎ᠠ ᠪᠠᠨ ᠦᠷᠭᠦᠯᠵᠢᠯᠡᠨ ᠨᠡᠶᠢᠲᠡᠯᠡᠭᠰᠡᠨ᠂ ᠡᠰᠡᠬᠦᠯ᠎ᠡ ᠡᠯ᠎ᠡ ᠵᠦᠢᠯ ᠤᠨ ᠠᠷᠭ᠎ᠠ ᠪᠠᠷᠢᠯ ᠢ ᠵᠣᠷᠢᠭᠤᠳᠠ ᠠᠰᠢᠭᠯᠠᠨ ᠮᠠᠭᠤ ᠰᠠᠨᠠᠭ᠎ᠠ ᠪᠠᠷ ᠡᠰᠡᠷᠭᠦᠴᠡᠯᠳᠦᠭᠰᠡᠨ ᠲᠠᠩᠰᠠᠨ ᠨᠣᠮᠧᠷ ᠲᠤ ᠴᠢᠭᠯᠡᠬᠦᠯᠦᠨ ᠂  ᠲᠠᠪᠴᠠᠩ ᠤᠨ ᠬᠢᠨ  ᠲᠠᠩᠰᠠᠨ  ᠨᠣᠮᠧᠷ ᠢ ᠨᠢ  ᠡᠭᠦᠷᠢᠳᠡ  ᠪᠢᠲᠡᠭᠦᠮᠵᠢᠯᠡᠨ ᠬᠠᠭᠠᠨ᠎ᠠ᠃ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠬᠢᠨ ᠲᠠᠪᠴᠠᠩ ᠤᠨ ᠳᠣᠲᠣᠷᠠᠬᠢ  ᠡᠷᠡᠭᠦᠯ ᠪᠤᠰᠤ ᠮᠡᠳᠡᠭᠡ ᠵᠠᠩᠭᠢ ᠶᠢ ᠦᠷᠭᠦᠯᠵᠢᠯᠡᠨ ᠢᠯᠭᠠᠷᠠᠭᠤᠯᠤᠨ ᠴᠡᠪᠡᠷᠯᠡᠵᠦ᠂ ᠲᠠᠩᠰᠠᠨ ᠨᠣᠮᠧᠷ ᠢ ᠰᠠᠨᠠᠭᠠᠴᠢᠯᠠᠭ᠎ᠠ ᠠᠴᠠ ᠪᠠᠨ ᠬᠥᠲᠥᠯᠦᠨ ᠵᠢᠯᠣᠭᠤᠳᠴᠤ ᠪᠠᠶᠢᠭᠠᠳ  ᠨᠡᠶᠢᠭᠡᠮ ᠤᠨ ᠭᠤᠤᠯ ᠥᠷᠲᠡᠭ ᠤᠨ  ᠦᠵᠡᠯᠲᠡ ᠳᠤ  ᠨᠡᠶᠢᠴᠡᠬᠦ  ᠠᠭᠤᠯᠭ᠎ᠠ ᠶᠢ  ᠨᠡᠶᠢᠲᠡᠯᠡᠬᠦ ᠶᠢᠨ  ᠬᠠᠮᠲᠤ᠂ ᠬᠡᠷᠡᠭᠯᠡᠭᠴᠢ ᠶᠢᠨ ᠢᠯᠡᠴᠢᠯᠡᠨ ᠮᠡᠳᠡᠭᠦᠯᠬᠦ᠂ ᠮᠡᠷᠭᠡᠵᠢᠯ ᠤᠨ  ᠬᠢᠨᠠᠨ  ᠬᠠᠷᠭᠤᠭᠤᠯᠬᠤ ᠪᠠ ᠬᠥᠮᠦᠨ ᠤ ᠬᠦᠴᠦ ᠪᠠᠷ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠪᠴᠠᠩ ᠤᠨ ᠠᠭᠤᠯᠭ᠎ᠠ ᠶᠢᠨ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠴᠢᠨᠠᠬᠰᠢᠳᠠ ᠴᠢᠩᠭᠠᠳᠬᠠᠨ᠎ᠠ᠃ ᠲᠠ ᠪᠦᠬᠦᠨ ᠤ ᠨᠡᠩ  ᠤᠯᠠᠨ ᠰᠦᠪᠡᠭᠴᠢ ᠬᠠᠩᠭᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ  ᠴᠢᠩᠭᠠᠳᠬᠠᠵᠤ᠂ ᠡᠷᠡᠭᠦᠯ ᠰᠠᠶᠢᠨ ᠰᠦᠯᠵᠢᠶᠡᠨ ᠤ ᠠᠮᠢ ᠠᠬᠤᠢ ᠶᠢ ᠬᠠᠮᠲᠤ ᠪᠠᠷ ᠪᠤᠢ ᠪᠣᠯᠭᠠᠨ᠎ᠠ ᠬᠡᠪᠡ᠃                                             ᠢᠷᠡᠯᠲᠡ᠄ ᠠᠷᠠᠳ ᠤᠨ ᠰᠦᠯᠵᠢᠶ᠎ᠡ                                             ᠪᠡᠯᠡᠳᠬᠡᠭᠰᠡᠨ ᠨᠢ᠄ ᠨᠠᠷᠠᠰᠤ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3