ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠃ | ᠶᠡᠷᠦᠩᠬᠡᠶ ᠱᠦᠵᠢ ᠰᠢ ᠶᠢᠨ ᠫᠢᠩ ᠵᠢᠭᠠᠬᠤ ᠳᠤ ᠪᠠᠨ᠄ ︽ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠠᠵᠢᠯ ᠢ ᠰᠠᠶᠢᠲᠤᠷ ᠬᠢᠵᠦ᠂ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠮᠠᠨ ᠤ ᠤᠯᠤᠰ ᠤᠨ ᠬᠥᠭᠵᠢᠯᠲᠡ ᠶᠢᠨ ᠠᠩᠬᠠᠨ ᠤ ᠠᠯᠬᠤᠮ ᠢ ᠰᠠᠶᠢᠲᠤᠷ ᠠᠯᠬᠤᠬᠤ ᠪᠣᠯ ᠲᠦᠢᠯ ᠤᠨ ᠴᠢᠬᠤᠯᠠ ᠶᠤᠮ᠃ | ᠨᠢᠭᠡᠳᠦᠭᠡᠷ ᠠᠯᠬᠤᠮ ᠳᠤ ᠣᠨᠣᠴᠠᠲᠠᠢ ᠯᠠᠪᠳᠠᠭᠤᠨ ᠠᠯᠬᠤᠵᠤ᠂ ᠰᠢᠨ᠎ᠡ ᠳᠦᠷᠰᠦ ᠪᠠᠶᠢᠳᠠᠯ ᠢ ᠪᠤᠶ ᠪᠣᠯᠭᠠᠵᠤ᠂ ᠰᠢᠨ᠎ᠡ ᠦᠷ᠎ᠡ | ᠪᠦᠲᠦᠮᠵᠢ ᠶᠢ ᠣᠯᠬᠤ ᠬᠡᠷᠡᠭᠲᠡᠶ︾ ᠭᠡᠵᠡᠶ᠃ ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠵᠤ᠂ ᠠᠵᠤ ᠠᠬᠤᠢ ᠦᠷᠭᠦᠯᠵᠢᠯᠡᠨ ᠲᠣᠭᠲᠠᠭᠤᠨ ᠢᠶᠠᠷ | ᠰᠡᠷᠭᠦᠨ ᠰᠠᠶᠢᠵᠢᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠯᠠᠪᠳᠠᠭᠤᠨ ᠪᠠᠲᠤᠲᠠᠢ ᠪᠠᠷ | ᠡᠬᠢᠯᠡᠵᠡᠢ᠃ ︽ᠰᠣᠨᠢᠨ ᠮᠡᠳᠡᠭᠡᠨ ᠤ ᠨᠡᠪᠲᠡᠷᠡᠭᠦᠯᠭᠡ︾ ᠶᠢᠨ ᠰᠢᠷᠢᠰ ᠮᠡᠳᠡᠭᠡᠯᠡᠯ ︽ᠰᠢᠨ᠎ᠡ ᠴᠠᠭ ᠦᠶ᠎ᠡ ᠶᠢ ᠤᠳᠤᠷᠢᠳᠤᠨ | ᠰᠢᠨ᠎ᠡ ᠠᠶᠠᠨ ᠵᠠᠮ ᠢᠶᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠶᠢᠨ ᠫᠢᠩ ᠤᠨ ᠡᠨᠡ ᠵᠢᠯ ᠠᠴᠠ ᠨᠠᠭᠠᠰᠢᠬᠢ ᠲᠦᠷᠦ | ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ︾ ᠤᠨ ᠭᠤᠷᠪᠠᠳᠤᠭᠠᠷ ᠪᠦᠯᠦᠭ ︽ᠪᠠᠶᠢᠯᠳᠤᠬᠤ ᠪᠤᠳᠤᠯᠭ᠎ᠠ ᠶᠢᠨ | ᠰᠣᠩᠭᠤᠯᠲᠠ ᠠᠴᠠ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠵᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ | ᠴᠣᠭᠴᠠᠯᠠᠶ᠎ᠠ︾ ᠶᠢ ᠥᠨᠥᠳᠦᠷ ︵8 ᠳ᠋ᠤᠭᠠᠷ ᠰᠠᠷ᠎ᠠ ᠶᠢᠨ 11 ᠤ ᠡᠳᠦᠷ︶ ᠨᠡᠪᠲᠡᠷᠡᠭᠦᠯᠪᠡ᠃ | ᠶᠡᠷᠦᠩᠬᠡᠶ ᠱᠦᠵᠢ ᠰᠢ ᠶᠢᠨ ᠫᠢᠩ ᠵᠢᠭᠠᠬᠤ ᠳᠤ ᠪᠠᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷᠯᠢᠭ | ᠬᠥᠭᠵᠢᠯᠲᠡ ᠶᠢ ᠠᠬᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠥᠬᠦ ᠨᠠᠮ ᠪᠥᠬᠦ | ᠤᠯᠤᠰ ᠤᠨ ᠡᠷᠬᠡᠪᠰᠢ ᠴᠢᠩᠭ᠎ᠠ ᠪᠥᠭᠡᠳ ᠰᠠᠶᠢᠲᠤᠷ ᠠᠳᠬᠤᠬᠤ ᠴᠢᠬᠤᠯᠠᠲᠠᠢ ᠠᠵᠢᠯ ᠮᠥᠨ ᠭᠡᠵᠡᠢ᠃ | ᠡᠨᠡ ᠵᠢᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠡᠨᠡ ᠬᠦ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠮᠠᠭᠠᠳᠯᠠᠯᠲᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠨ᠎ᠡ | ᠬᠥᠭᠵᠢᠯᠲᠡ ᠶᠢᠨ ᠣᠨᠣᠯᠵᠢᠬᠤᠨ ᠭᠡᠬᠦ ᠡᠨᠡ ᠬᠦ ᠰᠢᠰᠲ᠋ᠧᠮᠲᠦ ᠤᠨᠤᠯ ᠤᠨ ᠲᠣᠭᠲᠠᠯᠴᠠᠭ᠎ᠠ ᠶᠢ ᠪᠦᠷᠢᠨ ᠲᠡᠭᠦᠯᠳᠡᠷ᠂ | ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠭᠤᠣᠯᠳᠠᠯᠭ᠎ᠠ ᠲᠠᠢ ᠴᠢᠬᠤᠯᠠᠴᠢᠯᠠᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠡᠨᠡ ᠬᠦ ᠮᠠᠨ ᠤ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠢᠮᠠᠭᠲᠠ ᠠᠳᠬᠤᠵᠤ᠂ ᠳᠤᠮᠳᠠᠳᠤ ᠤᠯᠤᠰ ᠤᠨ ᠠᠵᠤ ᠠᠬᠤᠢ ᠶᠢᠨ ᠠᠶᠠᠯᠠᠯ ᠤᠨ | ᠣᠩᠭᠤᠴᠠ ᠶᠢ ᠵᠢᠯᠣᠭᠤᠳᠤᠨ ᠰᠠᠯᠬᠢ ᠳᠠᠪᠠᠯᠭᠠᠨ ᠢ ᠰᠥᠷᠥᠨ ᠯᠠᠪᠳᠠᠭᠤᠨ ᠲᠣᠭᠲᠠᠭᠤᠨ ᠢᠶᠠᠷ ᠤᠷᠤᠭᠰᠢᠯᠠᠭᠤᠯᠪᠠ᠃ | 7 ᠳ᠋ᠤᠭᠠᠷ ᠰᠠᠷ᠎ᠠ ᠶᠢᠨ 15 ᠤ ᠡᠳᠦᠷ᠂ ᠡᠨᠡ ᠵᠢᠯ ᠤᠨ ᠳᠡᠭᠡᠷ᠎ᠡ ᠬᠠᠭᠠᠰ ᠵᠢᠯ ᠤᠨ ᠳᠤᠮᠳᠠᠳᠤ ᠤᠯᠤᠰ ᠤᠨ ᠠᠵᠤ | ᠠᠬᠤᠶ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠨᠡᠶᠢᠲᠡᠯᠡᠵᠦ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ | ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠵᠦ᠂ ᠳᠡᠯᠡᠬᠡᠢ ᠶᠢᠨ ᠠᠵᠤ ᠠᠬᠤᠢ ᠶᠢᠨ | ᠪᠠᠭᠤᠷᠠᠢ ᠰᠡᠷᠭᠦᠯᠲᠡ ᠶᠢᠨ ᠠᠬᠤᠢ ᠪᠠᠶᠢᠳᠠᠯ ᠳᠣᠣᠷ᠎ᠠ᠂ ᠡᠨᠡ ᠪᠣᠯ ᠬᠢᠯᠪᠡᠷ ᠪᠤᠰᠤ ᠪᠠᠷ ᠣᠯᠤᠭᠰᠠᠨ ᠠᠮᠵᠢᠯᠲᠠ ᠶᠢᠨ | ᠬᠠᠭᠤᠳᠠᠰᠤ ᠪᠣᠯᠤᠨ᠎ᠠ᠃ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠪᠠ | ᠤᠯᠠᠨ ᠤᠯᠤᠰ ᠤᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠣᠯ | ᠨᠠᠮ ᠤᠨ ᠲᠥᠪ ᠬᠤᠷᠢᠶᠠᠨ ᠠᠴᠠ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠮᠥᠨ᠃ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠥᠨᠳᠥᠷ | ᠲᠦᠪᠰᠢᠨ ᠠᠴᠠ ᠪᠡᠶ᠎ᠡ ᠪᠠᠨ ᠳᠠᠭᠠᠭᠠᠵᠤ ᠬᠦᠴᠦᠷᠬᠡᠭᠵᠢᠯ ᠢ ᠪᠡᠶᠡᠯᠡᠭᠦᠯᠬᠦ ᠶᠠᠪᠤᠳᠠᠯ ᠪᠣᠯᠤᠨ᠎ᠠ᠃ ᠡᠨᠡ ᠵᠢᠯ ᠤᠨ 4 ᠳ᠋ᠦ᠋ᠭᠡᠷ | ᠰᠠᠷ᠎ᠠ ᠳᠤ᠂ ᠶᠡᠷᠦᠩᠬᠡᠢ ᠱᠦᠵᠢ ᠭᠤᠸᠠᠩᠰᠢ ᠶᠢᠨ ᠯᠢᠦ ᠬᠦᠩ ᠪᠦᠯᠦᠭᠯᠡᠯ ᠳᠤ ᠰᠢᠨᠵᠢᠯᠡᠨ ᠪᠠᠶᠢᠴᠠᠭᠠᠬᠤ ᠳᠤ ᠪᠠᠨ᠂ ᠰᠢᠨ᠎ᠡ ᠶᠢ | ᠡᠭᠦᠳᠬᠦ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ | ᠦᠷᠭᠦᠯᠵᠢᠯᠡᠨ ᠴᠢᠩᠭᠠᠷᠠᠪᠠ᠃ ᠳᠡᠭᠡᠳᠦ ᠮᠡᠷᠭᠡᠵᠢᠯ ᠤᠨ ᠦᠢᠯᠡᠳᠬᠡᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 22.6% ᠪᠠᠷ ᠨᠡᠮᠡᠭᠳᠡᠵᠦ᠂ ᠪᠥᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠠᠴᠠ 6.7 ᠵᠠᠭᠤᠨ ᠤ ᠴᠡᠭ ᠲᠦᠷᠭᠡᠨ ᠪᠣᠯᠪᠠ᠃ | ᠡᠨᠡ ᠵᠢᠯ ᠠᠴᠠ ᠨᠠᠭᠠᠰᠢ᠂ ︽ᠲᠢᠶᠠᠨ ᠸᠧᠨ ᠨᠢᠭᠡᠳᠦᠭᠡᠷ︾ ᠭᠠᠯ ᠭᠠᠷᠠᠭ ᠲᠤ ᠠᠮᠵᠢᠯᠲᠠ ᠲᠠᠢ ᠪᠠᠷ ᠪᠠᠭᠤᠭᠰᠠᠨ ᠠᠴᠠ | ᠳᠤᠮᠳᠠᠳᠤ ᠤᠯᠤᠰ ᠤᠨ ᠬᠥᠮᠦᠨ ᠠᠩᠬ᠎ᠠ ᠤᠳᠠᠭ᠎ᠠ ᠥᠪᠡᠷ ᠤᠨ ᠰᠠᠨᠰᠠᠷ ᠤᠨ ᠦᠷᠳᠡᠭᠡ ᠳᠤ ᠪᠠᠨ ᠣᠷᠣᠬᠤ ᠬᠦᠷᠲᠡᠯ᠎ᠡ᠂ | ᡀᠠᠰᠠ— ᠯᠢᠨ ᡁᠢ ᠲᠡᠮᠦᠷ ᠵᠠᠮ ᠨᠡᠪᠲᠡᠷᠡᠵᠦ ᠠᠰᠢᠭᠯᠠᠯᠲᠠ ᠳᠤ ᠣᠷᠣᠭᠰᠠᠨ ᠠᠴᠠ ᠶᠢᠨ ᠱᠠ ᠵᠢᠶᠠᠩ ᠮᠥᠷᠡᠨ ᠤ ᠪᠠᠢ ᠡᡁᠧ | ᠲᠠᠨ ᠤᠰᠤᠨ ᠴᠠᠬᠢᠯᠭᠠᠨ ᠦᠷᠳᠡᠭᠡ ᠶᠢᠨ ᠲᠦᠷᠦᠭᠦᠦ ᠪᠦᠯᠦᠭ ᠮᠠᠰᠢᠨ ᠴᠣᠭᠴᠠᠯᠠᠪᠤᠷᠢ ᠠᠰᠢᠭᠯᠠᠯᠲᠠ ᠳᠤ ᠣᠷᠣᠵᠤ | ᠴᠠᠬᠢᠯᠭᠠᠨ ᠭᠠᠷᠭᠠᠬᠤ ᠬᠦᠷᠲᠡᠯ᠎ᠡ᠂ ᠶᠡᠷᠦᠩᠬᠡᠢ ᠱᠦᠵᠢ ᠢᠮᠠᠭᠲᠠ ᠥᠨᠳᠥᠷ ᠲᠦᠪᠰᠢᠨ ᠠᠴᠠ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠳᠤ ᠴᠢᠭᠯᠡᠯ ᠢ ᠲᠣᠳᠣᠷᠬᠠᠢ ᠵᠢᠭᠠᠨ ᠥᠭᠴᠡᠢ᠃ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠬᠤ ᠶᠢᠨ ᠵᠠᠩᠭᠢᠯᠠᠭ᠎ᠠ ᠨᠢ ᠠᠵᠤ ᠠᠬᠤᠶ ᠶᠢᠨ ᠣᠷᠴᠢᠯ ᠤᠨ | ᠰᠠᠭᠠᠳ ᠦᠭᠡᠶ ᠨᠡᠪᠲᠡᠷᠡᠬᠦ ᠳᠤ ᠪᠠᠶᠢᠳᠠᠭ᠂ ᠡᠭᠦᠨ ᠳᠤ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠣᠯ ᠭᠤᠣᠯᠯᠠᠬᠤ | ᠦᠢᠯᠡᠳᠦᠯ ᠦᠵᠡᠭᠦᠯᠵᠦ ᠪᠠᠶᠢᠭ᠎ᠠ ᠶᠤᠮ᠃ | ᠡᠨᠡ ᠵᠢᠯ ᠠᠴᠠ ᠨᠠᠭᠠᠰᠢ᠂ ᠶᠡᠷᠦᠩᠬᠡᠢ ᠱᠦᠵᠢ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠦᠲᠦᠮᠵᠢᠲᠡᠢ | ᠪᠠᠶᠢᠭᠤᠯᠤᠯ ᠢ ᠪᠠᠶᠢᠭᠤᠯᠵᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠤᠯᠤᠰ ᠤᠨ | ᠳᠣᠲᠣᠭᠠᠳᠤ ᠶᠢᠨ ᠬᠡᠷᠡᠭᠴᠡᠭᠡ ᠶᠢ ᠬᠠᠩᠭᠠᠬᠤ ᠪᠠ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠶᠢ | ᠨᠡᠩ ᠳᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ ᠡᠨᠡ ᠵᠢᠯ ᠤᠨ ᠳᠡᠭᠡᠷ᠎ᠡ ᠬᠠᠭᠠᠰ | ᠵᠢᠯ ᠳᠤ᠂ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠳᠠᠬᠢ ᠳᠣᠲᠣᠭᠠᠳᠤ ᠬᠡᠷᠡᠭᠴᠡᠭᠡ ᠶᠢᠨ ᠦᠵᠡᠭᠦᠯᠦᠭᠰᠡᠨ | ᠬᠤᠪᠢ ᠨᠡᠮᠡᠷᠢ ᠶᠢᠨ ᠨᠤᠷᠮ᠎ᠠ ᠨᠢ 80.9% ᠳᠤ ᠬᠦᠷᠴᠡᠢ᠃ | ᠡᠨᠡ ᠵᠢᠯ ᠠᠴᠠ ᠨᠠᠭᠠᠰᠢ ᠶᠡᠷᠦᠩᠬᠡᠢ ᠱᠦᠵᠢ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ | ᠨᠡᠬᠡᠬᠡᠯᠳᠡ ᠪᠠᠨ ᠥᠷᠭᠡᠳᠬᠡᠵᠦ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠠᠵᠠ | ᠲᠣᠬᠢᠶᠠᠯ ᠬᠠᠩᠭᠠᠬᠤ ᠪᠣᠯᠣᠨ᠎ᠠ ᠭᠡᠵᠦ ᠣᠯᠠᠨᠲᠠ ᠴᠢᠬᠤᠯᠠᠴᠢᠯᠠᠪᠠ᠃ ᠡᠨᠡ ᠵᠢᠯ ᠤᠨ 5 ᠳ᠋ᠤᠭᠠᠷ ᠰᠠᠷ᠎ᠠ ᠳᠤ᠂ ᠠᠩᠬᠠᠳᠤᠭᠠᠷ | ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠬᠡᠷᠡᠭᠯᠡᠭᠡᠨ ᠤ ᠵᠦᠢᠯ ᠤᠨ ᠦᠵᠡᠰᠬᠦᠯᠡᠩ ᠬᠠᠶᠢᠨᠠᠨ ᠳᠤ | ᠶᠠᠪᠤᠭᠳᠠᠪᠠ᠂ ᠡᠨᠡ ᠪᠣᠯ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠳᠠᠷᠠᠭᠠᠬᠢ ᠳᠤᠮᠳᠠᠳᠤ ᠤᠯᠤᠰ ᠤᠨ ᠵᠣᠬᠢᠶᠠᠨ | ᠪᠠᠶᠢᠭᠤᠯᠤᠭᠰᠠᠨ ᠪᠠᠰᠠ ᠨᠢᠭᠡᠨ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠲᠠᠪᠴᠠᠩ ᠪᠣᠯᠤᠨ᠎ᠠ᠃ ᠡᠨᠡ ᠵᠢᠯ ᠤᠨ ᠳᠡᠭᠡᠷ᠎ᠡ | ᠬᠠᠭᠠᠰ ᠵᠢᠯ ᠳᠤ᠂ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠪᠠ ᠭᠠᠳᠠᠭᠠᠳᠤ | ᠭᠠᠷᠭᠠᠯᠲᠠ ᠶᠢᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 27.1% ᠪᠠᠷ ᠨᠡᠮᠡᠭᠳᠡᠵᠦ᠂ ᠭᠠᠳᠠᠭᠠᠳᠤ | ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠬᠡᠪᠴᠢᠶ᠎ᠡ ᠲᠡᠦᠬᠡ ᠶᠢᠨ ᠠᠳᠠᠯᠢ ᠬᠤᠭᠤᠴᠠᠭᠠᠨ ᠤ ᠬᠠᠮᠤᠭ ᠤᠨ ᠰᠠᠶᠢᠨ | ᠬᠢᠷᠢ ᠪᠦᠲᠦᠮᠵᠢ ᠶᠢ ᠡᠭᠦᠳᠪᠡ᠃ | ᠡᠨᠡ ᠵᠢᠯ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠠᠨᠠᠯ | ᠨᠡᠶᠢᠲᠡᠯᠡᠵᠦ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠴᠢᠨᠠᠷᠯᠢᠭ ᠬᠥᠭᠵᠢᠯᠲᠡ ᠶᠢ ᠠᠬᠢᠭᠤᠯᠬᠤ᠂ | ᠫᠦᠳᠦ᠋ᠩ ᠰᠢᠨ᠎ᠡ ᠲᠣᠭᠤᠷᠢᠭ ᠤᠨ ᠥᠨᠳᠥᠷ ᠬᠢᠷᠢ ᠲᠦᠪᠰᠢᠨ ᠪᠥᠬᠦᠶ ᠥᠭᠡᠷᠡᠴᠢᠯᠡᠯᠲᠡ ᠨᠡᠭᠡᠭᠡᠯᠲᠡ ᠶᠢ ᠳᠡᠮᠵᠢᠬᠦ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ ᠣᠷᠣᠨ ᠢ ᠴᠣᠭᠴᠠᠯᠠᠨ | ᠪᠠᠶᠢᠭᠤᠯᠬᠤ᠂ ᠵᠧᠵᠢᠶᠠᠩ ᠤᠨ ᠴᠢᠨᠠᠷᠯᠢᠭ ᠢᠶᠠᠷ ᠬᠥᠭᠵᠢᠭᠦᠯᠦᠨ ᠬᠠᠮᠲᠤ ᠪᠠᠷ ᠴᠢᠨᠡᠭᠡᠯᠢᠭᠵᠢᠬᠦ ᠵᠢᠱᠢᠶ᠎ᠡ ᠦᠵᠡᠭᠦᠯᠬᠦ ᠣᠷᠣᠨ ᠢ | ᠪᠥᠲᠥᠭᠡᠨ ᠪᠠᠶᠢᠭᠤᠯᠬᠤ ᠶᠢ ᠳᠡᠮᠵᠢᠬᠦ ᠪᠠᠷ ᠲᠣᠭᠲᠠᠪᠠ᠃ ᠶᠡᠷᠦᠩᠬᠡᠢ ᠱᠦᠵᠢ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ | ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠡᠮᠦᠨᠡᠲᠦ ᠶᠢᠨ | ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠤᠨ ᠴᠢᠨᠠᠷᠯᠢᠭ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ ᠭᠡᠵᠦ ᠱᠠᠭᠠᠷᠳᠠᠪᠠ᠃ ᠡᠳᠡᠭᠡᠷ ᠪᠣᠯ ᠴᠥᠮ ᠵᠣᠬᠢᠴᠠᠩᠭᠤᠶ ᠬᠥᠭᠵᠢᠯᠲᠡ ᠶᠢ ᠠᠬᠢᠭᠤᠯᠬᠤ᠂ ᠬᠥᠭᠵᠢᠯᠲᠡ ᠶᠢ | ᠬᠠᠮᠲᠤ ᠪᠠᠷ ᠡᠳ᠋ᠯᠡᠬᠦ ᠴᠢᠬᠤᠯᠠ ᠪᠠᠶᠢᠷᠢᠯᠠᠭᠤᠯᠤᠯᠲᠠ ᠮᠥᠨ᠃ | ᠡᠨᠡ ᠵᠢᠯ ᠤᠨ 4 ᠳ᠋ᠦ᠋ᠭᠡᠷ ᠰᠠᠷ᠎ᠠ ᠳᠤ᠂ ᠶᠡᠷᠦᠩᠬᠡᠢ ᠱᠦᠵᠢ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ | ᠠᠵᠢᠯᠯᠠᠭ᠎ᠠ ᠳᠤ ᠣᠷᠣᠯᠴᠠᠬᠤ ᠳᠤ ᠪᠠᠨ᠂ ᠡᠷᠬᠡᠪᠰᠢ ᠶᠡᠭᠡ ᠬᠦᠴᠦ ᠵᠠᠷᠤᠴᠠᠭᠤᠯᠵᠤ ᠪᠠᠶᠢᠭᠠᠳ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠶᠡᠷᠦᠩᠬᠡᠶ ᠱᠦᠵᠢ ᠴᠢᠬᠤᠯᠠᠴᠢᠯᠠᠬᠤ ᠳᠤ ᠪᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ | ᠣᠷᠣᠰᠢᠬᠤ ᠣᠳᠣᠬᠢᠴᠢᠯᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠨᠠᠮ ᠤᠨ ᠲᠥᠪ ᠬᠤᠷᠢᠶ᠎ᠠ ᠠᠴᠠ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠤᠷᠬᠢᠯ ᠬᠡᠮᠵᠢᠭᠳᠡᠯ ᠳᠤ ᠬᠦᠷᠭᠡᠬᠦ᠂ | ᠨᠡᠭᠦᠷᠡᠰᠦᠲᠥ᠋ᠷᠥᠭᠴᠢ ᠤᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ | ᠣᠷᠴᠢᠯ ᠠᠵᠤ ᠠᠬᠤᠢ ᠶᠢᠨ ᠬᠥᠭᠵᠢᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ ᠭᠡᠵᠡᠢ᠃ ᠡᠨᠡ ᠵᠢᠯ ᠤᠨ 7 ᠳ᠋ᠤᠭᠠᠷ | ᠰᠠᠷ᠎ᠠ ᠳᠤ᠂ ᠪᠥᠬᠦ ᠳᠡᠯᠡᠬᠡᠶ ᠶᠢᠨ ᠬᠡᠪᠴᠢᠶ᠎ᠡ ᠪᠠᠷ ᠬᠠᠮᠤᠭ ᠤᠨ ᠶᠡᠭᠡ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ | ᠪᠣᠯᠤᠭᠰᠠᠨ ᠤ ᠬᠤᠪᠢ ᠳᠤ᠂ ᠪᠥᠬᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠰᠦᠯᠵᠢᠶᠡᠨ ᠳᠡᠭᠡᠷᠡᠬᠢ | ᠠᠷᠠᠯᠵᠢᠶ᠎ᠠ ᠶᠢ ᠵᠢᠩᠬᠢᠨᠢ ᠪᠠᠷ ᠡᠬᠢᠯᠡᠭᠦᠯᠪᠡ᠃ | ᠡᠨᠡ ᠵᠢᠯ ᠤᠨ 7 ᠳ᠋ᠤᠭᠠᠷ ᠰᠠᠷ᠎ᠠ ᠶᠢᠨ 9 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠳᠤᠭᠠᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠬᠤ ᠳᠤ ᠪᠠᠨ᠂ ᠨᠠᠮ ᠤᠨ ᠲᠥᠪ ᠬᠤᠷᠢᠶ᠎ᠠ ᠠᠴᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠥᠷᠭᠡᠳᠬᠡᠨ | ᠪᠠᠶᠢᠭᠤᠯᠬᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠭᠰᠡᠨ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠬᠦ᠂ ᠠᠵᠤ ᠠᠬᠤᠢ ᠶᠢᠨ | ᠣᠷᠴᠢᠯ ᠰᠠᠭᠠᠳ ᠦᠭᠡᠢ ᠨᠡᠪᠲᠡᠷᠡᠬᠦ ᠶᠢ ᠠᠬᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠬᠤ᠂ ᠥᠨᠳᠥᠷ ᠲᠦᠪᠰᠢᠨ ᠢᠶᠠᠷ ᠭᠠᠳᠠᠭᠠᠳᠤ ᠨᠡᠬᠡᠬᠡᠯᠳᠡ ᠬᠢᠬᠦ ᠶᠢ ᠬᠡᠷᠡᠭᠵᠢᠭᠦᠯᠬᠦ ᠵᠡᠷᠭᠡ ᠲᠠᠯ᠎ᠠ ᠪᠠᠷ | ᠶᠡᠭᠡ ᠬᠡᠮᠵᠢᠶᠡᠨ ᠤ ᠠᠵᠢᠯ ᠬᠢᠵᠦ᠂ ᠰᠠᠶᠢᠨ ᠡᠬᠢᠯᠡᠯᠲᠡ ᠲᠠᠢ ᠪᠣᠯᠵᠠᠢ ᠭᠡᠵᠦ ᠵᠢᠭᠠᠵᠤ ᠭᠠᠷᠭᠠᠪᠠ᠃ | ᠶᠡᠷᠦᠩᠬᠡᠢ ᠱᠦᠵᠢ ᠴᠢᠬᠤᠯᠠᠴᠢᠯᠠᠬᠤ ᠳᠤ ᠪᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ | ᠪᠣᠯ ᠡᠷᠡᠰ ᠬᠠᠲᠠᠭᠤ ᠲᠡᠮᠡᠴᠡᠯ ᠤᠨ ᠵᠣᠷᠢᠭ ᠪᠣᠯᠤᠨ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠷᠢᠮᠲᠠᠯᠠᠬᠤ | ᠴᠢᠬᠤᠯᠠᠲᠠᠢ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠪᠣᠯᠤᠨ᠎ᠠ᠃ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠳᠠᠶ᠎ᠠ ᠡᠨᠡ ᠬᠦ ᠵᠠᠩᠭᠢᠯᠠᠭ᠎ᠠ ᠶᠢᠨ | ᠳᠠᠶᠢᠯᠠᠯᠳᠤᠭᠠᠨ ᠤ ᠢᠯᠠᠯᠲᠠ ᠶᠢ ᠣᠯᠵᠤ᠂ ᠨᠠᠮ ᠲᠥᠷᠥ ᠶᠢᠨ ᠦᠢᠯᠡᠰ ᠤᠨ ᠬᠥᠭᠵᠢᠯᠲᠡ ᠶᠢᠨ ᠲᠡᠦᠬᠡᠨ ᠳᠡᠭᠡᠷᠡᠬᠢ | ᠰᠠᠨᠠᠭᠠᠴᠢᠯᠠᠭᠠᠲᠤ ᠡᠷᠬᠡ ᠶᠢ ᠢᠮᠠᠭᠲᠠ ᠪᠠᠲᠤ ᠡᠵᠡᠮᠰᠢᠬᠦ ᠪᠣᠯᠤᠨ᠎ᠠ ᠭᠡᠵᠡᠢ᠃ |