ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 8 ᠰᠠᠷ᠎ᠠ ᠶᠢᠨ | 10 ᠤ ᠡᠳᠦᠷ ︽ᠤᠯᠠᠨ ᠤᠯᠤᠰ ᠤᠨ ᠵᠠᠯᠠᠭᠤᠴᠤᠳ ᠤᠨ ᠤᠳᠤᠷᠢᠳᠤᠭᠴᠢ ᠶᠢᠨ ᠶᠠᠷᠢᠯᠴᠠᠭ᠎ᠠ︾ ᠶᠢᠨ ᠲᠦᠷᠦᠯ ᠵᠦᠢᠯ ᠤᠨ | ᠭᠠᠳᠠᠭᠠᠳᠤ ᠶᠢᠨ ᠬᠠᠷᠢᠶᠠᠳᠤ ᠵᠠᠯᠠᠭᠤᠴᠤᠳ ᠤᠨ ᠲᠥᠯᠥᠭᠡᠯᠡᠭᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠤ ᠳᠤᠮᠳᠠᠳᠤ | ᠤᠯᠤᠰ ᠤᠨ ᠡᠯ᠎ᠡ ᠭᠠᠵᠠᠷ ᠲᠤ ᠢᠳᠡᠪᠬᠢᠲᠡᠢ ᠬᠦᠷᠴᠦ ᠰᠤᠷᠪᠤᠯᠵᠢᠯᠠᠨ᠂ ᠳᠤᠮᠳᠠᠳᠤ ᠤᠯᠤᠰ ᠤᠨ ᠲᠤᠬᠠᠢ ᠣᠶᠢᠯᠠᠭᠠᠯᠲᠠ ᠪᠠᠨ | ᠭᠦᠨᠵᠡᠭᠡᠶᠢᠷᠡᠭᠦᠯᠦᠭᠰᠡᠨ ᠢ ᠮᠠᠭᠲᠠᠨ ᠰᠠᠶᠢᠰᠢᠶᠠᠵᠤ᠂ ᠲᠡᠳᠡᠨ ᠢ ᠰᠣᠯᠢᠯᠴᠠᠭ᠎ᠠ ᠲᠤᠯᠢᠳᠠᠯ ᠢᠶᠠᠨ ᠴᠢᠩᠭᠠᠳᠬᠠᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠵᠠᠯᠠᠭᠤ ᠨᠠᠰᠤᠨ ᠤ | ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃ | ᠰᠢ ᠶᠢᠨ ᠫᠢᠩ ᠵᠠᠬᠢᠳᠠᠯ ᠳᠠᠭᠠᠨ᠂ ᠲᠠ ᠨᠠᠷ ᠴᠥᠮ ᠳᠤᠮᠳᠠᠳᠤ ᠤᠯᠤᠰ ᠲᠤ ᠰᠤᠷᠤᠯᠴᠠᠵᠤ᠂ ᠠᠵᠢᠯᠯᠠᠵᠤ᠂ | ᠠᠮᠢᠳᠤᠷᠠᠵᠤ ᠪᠠᠶᠢᠨ᠎ᠡ᠂ ᠡᠨᠡ ᠤᠳᠠᠭ᠎ᠠ ᠵᠠᠪᠰᠢᠶᠠᠨ ᠢᠶᠠᠷ ᠡᠯ᠎ᠡ ᠭᠠᠵᠠᠷ ᠢᠶᠠᠷ ᠭᠦᠨᠵᠡᠭᠡᠶᠢᠷᠡᠨ ᠠᠶᠢᠯᠴᠢᠯᠠᠵᠤ᠂ ᠳᠤᠮᠳᠠᠳᠤ | ᠤᠯᠤᠰ ᠤᠨ ᠲᠤᠬᠠᠢ ᠲᠠᠨᠢᠯᠲᠠ ᠪᠠ ᠣᠶᠢᠯᠠᠭᠠᠯᠲᠠ ᠪᠠᠨ ᠭᠦᠨᠵᠡᠭᠡᠶᠢᠷᠡᠭᠦᠯᠦᠭᠰᠡᠨ ᠳᠤ ᠪᠢ ᠮᠠᠰᠢ ᠪᠠᠶᠠᠷᠯᠠᠵᠤ ᠪᠠᠶᠢᠨ᠎ᠡ ᠭᠡᠵᠤ | ᠬᠡᠯᠡᠪᠡ᠃ | ᠰᠢ ᠶᠢᠨ ᠫᠢᠩ᠂ ᠲᠠ ᠨᠠᠷ ᠤᠨ ᠢᠷᠡᠭᠦᠯᠦᠭᠰᠡᠨ ᠵᠠᠬᠢᠳᠠᠯ ᠳᠠᠭᠠᠨ ᠬᠡᠯᠡᠭᠰᠡᠨᠴᠢᠯᠡᠨ᠂ ᠳᠤᠮᠳᠠᠳᠤ ᠤᠯᠤᠰ ᠤᠨ ᠠᠷᠠᠳ | ᠲᠦᠮᠡᠨ ᠥᠪᠡᠷ ᠤᠨ ᠤᠶᠤᠨ ᠤᠬᠠᠭᠠᠨ ᠪᠣᠯᠤᠨ ᠬᠦᠴᠦ ᠬᠥᠯᠥᠰᠥ ᠳᠡᠭᠡᠨ ᠲᠦᠰᠢᠭᠯᠡᠵᠦ᠂ ᠳᠤᠮᠳᠠᠳᠤ ᠶᠢᠨ ᠡᠬᠡ ᠭᠠᠵᠠᠷ | ᠳᠡᠭᠡᠷ᠎ᠡ ᠪᠠᠶᠠᠨ ᠲᠠᠩᠰᠤᠭ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠳᠦᠭᠡᠨ ᠪᠠᠶᠢᠭᠤᠯᠵᠤ᠂ ᠪᠠᠶᠠᠯᠢᠭ ᠰᠠᠶᠢᠬᠠᠨ | ᠰᠣᠶᠣᠯ ᠢ ᠡᠭᠦᠳᠴᠦ᠂ ᠬᠦᠰᠡᠨ ᠮᠥᠷᠥᠭᠡᠳᠴᠦ ᠪᠠᠶᠢᠭᠰᠠᠨ ᠴᠢᠨᠡᠭᠡᠯᠢᠭ ᠠᠮᠢᠳᠤᠷᠠᠯ ᠢᠶᠠᠨ ᠪᠡᠶᠡᠯᠡᠭᠦᠯᠪᠡ᠃ ᠵᠣᠯ ᠵᠢᠷᠭᠠᠯ ᠲᠠᠢ | ᠠᠮᠢᠳᠤᠷᠠᠶ᠎ᠠ ᠭᠡᠪᠡᠯ ᠲᠡᠮᠡᠴᠡᠬᠦ ᠬᠡᠷᠡᠭᠲᠡᠶ᠃ ᠳᠤᠮᠳᠠᠳᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠥᠮᠦᠨ ᠠᠮᠠ | ᠤᠯᠠᠨ ᠪᠣᠯᠬᠤᠷ ᠬᠥᠭᠵᠢᠭᠦᠯᠦᠨ ᠮᠠᠨᠳᠤᠭᠤᠯᠬᠤ ᠭᠡᠪᠡᠯ ᠬᠠᠮᠤᠭ ᠤᠨ ᠴᠢᠬᠤᠯᠠ ᠨᠢ ᠤᠯᠤᠰ ᠤᠨ ᠪᠠᠶᠢᠳᠠᠯ ᠳᠠᠭᠠᠨ ᠰᠠᠭᠤᠷᠢᠯᠠᠵᠤ | ᠂ ᠥᠪᠡᠷ ᠤᠨ ᠵᠠᠮ ᠢᠶᠠᠷ ᠢᠶᠠᠨ ᠵᠠᠮᠨᠠᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ | ᠶᠠᠪᠤᠬᠤ ᠲᠤᠲᠤᠮ ᠥᠷᠭᠡᠨ ᠠᠭᠤᠳᠠᠮ ᠪᠣᠯᠵᠣ᠂ ᠲᠣᠰ ᠪᠡᠶ᠎ᠡ ᠪᠠᠨ ᠨᠠᠩ ᠰᠠᠶᠢᠨ ᠬᠥᠭᠵᠢᠭᠦᠯᠵᠦ᠂ ᠳᠡᠯᠡᠬᠡᠶ ᠳ᠋ᠠᠬᠢᠨ ᠳᠤ | ᠪᠤᠶᠠᠨ ᠦᠢᠯᠡᠳᠬᠦ ᠪᠣᠯᠤᠨ᠎ᠠ ᠭᠡᠳᠡᠭ ᠢ ᠦᠢᠯᠡᠳᠦᠯᠭᠡ ᠬᠡᠷᠡᠴᠢᠯᠡᠵᠤ ᠪᠠᠶᠢᠨ᠎ᠡ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠵᠠᠯᠠᠭᠤ ᠨᠠᠰᠤ ᠬᠡᠵᠢᠶᠡᠳᠡ ᠬᠦᠰᠡᠯ ᠵᠡᠭᠦᠳᠦ ᠪᠢᠯᠬᠠᠮ᠎ᠡ ᠪᠠᠶᠢᠳᠠᠭ᠃ ᠳᠤᠮᠳᠠᠳᠤ ᠤᠯᠤᠰ ᠤᠨ ᠡᠪ | ᠬᠠᠮᠲᠤ ᠨᠠᠮ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠦᠭᠰᠡᠨ ᠪᠣᠯᠪᠠᠴᠤ ᠪᠢᠳᠡᠨ ᠤ ᠤᠭ ᠰᠠᠨᠠᠭ᠎ᠠ ᠪᠣᠯᠤᠨ | ᠬᠦᠰᠡᠯ ᠵᠡᠭᠦᠳᠦ ᠶᠠᠪᠤᠬᠤ ᠲᠤᠳᠤᠮ ᠪᠠᠬᠢᠵᠢᠪᠡ᠃ ᠵᠠᠭᠤᠨ ᠵᠢᠯ ᠪᠣᠯ ᠶᠠᠭ ᠴᠤᠭ ᠵᠢᠪᠬᠤᠭ᠎ᠠ ᠪᠠᠳᠠᠷᠠᠩᠭᠤᠶ᠃ ᠰᠢᠨ᠎ᠡ | ᠠᠶᠠᠨ ᠳᠤ᠂ ᠪᠢᠳᠡ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠬᠥᠮᠦᠨ ᠲᠥᠷᠥᠯᠬᠢᠲᠡᠨ ᠤ | ᠬᠥᠭᠵᠢᠯᠲᠡ ᠲᠠᠪᠰᠢᠯᠳᠠ ᠶᠢ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ᠃ ᠪᠢᠳᠡ ᠨᠡᠩ ᠤᠯᠠᠨ | ᠤᠯᠤᠰ ᠤᠨ ᠵᠠᠯᠠᠭᠤᠴᠤᠳ ᠤᠨ ᠳᠤᠮᠳᠠᠳᠤ ᠤᠯᠤᠰ ᠲᠤ ᠢᠷᠡᠵᠤ ᠰᠣᠯᠢᠯᠴᠠᠬᠤ ᠶᠢ ᠪᠠᠶᠠᠷᠯᠠᠨ ᠤᠭᠲᠤᠵᠤ ᠪᠠᠶᠢᠨ᠎ᠡ᠂ | ᠳᠤᠮᠳᠠᠳᠤ ᠭᠠᠳᠠᠭᠠᠳᠤ ᠶᠢᠨ ᠵᠠᠯᠠᠭᠤᠴᠤᠳ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠳᠤᠮᠳᠠ ᠣᠶᠢᠯᠠᠭᠠᠯᠴᠠᠭ᠎ᠠ ᠪᠠᠨ | ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠤ᠂ ᠬᠠᠮᠲᠤ ᠪᠠᠷ ᠦᠰᠦᠨ ᠪᠤᠶᠢᠵᠢᠵᠤ᠂ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ | ᠡᠷᠭᠦᠬᠦ ᠶᠢ ᠬᠦᠰᠡᠵᠦ ᠪᠠᠶᠢᠨ᠎ᠡ ᠭᠡᠵᠤ ᠢᠯᠡᠳᠭᠡᠪᠡ᠃ | ︽ᠣᠯᠠᠨ ᠤᠯᠤᠰ ᠤᠨ ᠵᠠᠯᠠᠭᠤᠴᠤᠳ ᠤᠨ ᠤᠳᠤᠷᠢᠳᠤᠭᠴᠢ ᠶᠢᠨ ᠶᠠᠷᠢᠯᠴᠠᠭ᠎ᠠ︾ ᠶᠢᠨ ᠲᠥᠷᠥᠯ ᠵᠦᠢᠯ ᠪᠣᠯ | ᠳᠤᠮᠳᠠᠳᠤ ᠤᠯᠤᠰ ᠤᠨ ᠣᠶᠤᠨ ᠤ ᠬᠥᠮᠥᠷᠭᠡ ᠶᠢᠨ ᠪᠠᠶᠢᠭᠤᠯᠤᠮᠵᠢ ᠠᠴᠠ ᠡᠭᠦᠰᠭᠡᠭᠰᠡᠨ ᠳᠤᠮᠳᠠᠳᠤ ᠭᠠᠳᠠᠭᠠᠳᠤ ᠶᠢᠨ | ᠵᠠᠯᠠᠭᠤᠴᠤᠳ ᠤᠨ ᠰᠣᠯᠢᠯᠴᠠᠭᠠᠨ ᠤ ᠲᠣᠭᠲᠠᠴᠠ ᠪᠣᠯᠤᠨ᠎ᠠ᠃ ᠤᠢᠢᠷ᠎ᠠ ᠶᠢᠨ ᠡᠳᠦᠷ᠂ 28 ᠤᠯᠤᠰ ᠠᠴᠠ ᠢᠷᠡᠭᠰᠡᠨ 36 | ᠲᠦᠷᠦᠯ ᠵᠦᠢᠯ ᠤᠨ ᠭᠠᠳᠠᠭᠠᠳᠤ ᠶᠢᠨ ᠬᠠᠷᠢᠶᠠᠳᠤ ᠵᠠᠯᠠᠭᠤᠴᠤᠳ ᠤᠨ ᠲᠥᠯᠥᠭᠡᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ | ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠬᠳᠠᠬᠰᠡᠨ ᠵᠠᠭᠤᠨ ᠵᠢᠯ ᠤᠨ ᠤᠢ ᠳᠤ ᠪᠠᠶᠠᠷ ᠬᠦᠷᠭᠡᠵᠦ᠂ ᠲᠡᠳᠡᠨ ᠤ | ᠳᠤᠮᠳᠠᠳᠤ ᠤᠯᠤᠰ ᠤᠨ ᠡᠯ᠎ᠡ ᠭᠠᠵᠠᠷ ᠲᠤ ᠠᠶᠢᠯᠴᠢᠯᠠᠭᠰᠠᠨ ᠲᠦᠷᠦᠭᠳᠡᠯ ᠢᠶᠠᠨ ᠶᠠᠷᠢᠵᠤ᠂ ᠬᠥᠭᠦᠷᠭᠡ ᠶᠢᠨ ᠦᠢᠯᠡᠳᠦᠯ ᠢᠶᠠᠨ | ᠪᠠᠳᠠᠷᠠᠭᠤᠯᠵᠤ᠂ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠶᠠᠷᠢᠯᠴᠠᠭ᠎ᠠ ᠶᠢ ᠨᠡᠩ ᠰᠠᠶᠢᠲᠤᠷ ᠠᠬᠢᠭᠤᠯᠬᠤ ᠶᠢ ᠬᠦᠰᠡᠵᠦ | ᠪᠠᠶᠢᠬᠤ ᠪᠠᠨ ᠢᠯᠡᠳᠬᠡᠪᠡ᠃ | | |