ᠡᠷᠢᠨ ᠵᠠᠭᠤᠨ ᠤ ᠬᠤᠪᠢᠰᠤᠯᠲᠠ ᠪᠠ ᠵᠠᠭᠤᠨ ᠵᠢᠯ ᠳᠤ ᠳᠣᠬᠢᠶᠠᠯᠳᠤᠬᠤ ᠬᠢᠵᠢᠭ ᠤᠨ ᠪᠠᠶᠢᠳᠠᠯ ᠰᠣᠯᠪᠢᠴᠠᠨ | ᠳᠠᠪᠬᠤᠴᠠᠵᠤ᠂ ᠳᠡᠯᠡᠬᠡᠶ ᠳ᠋ᠠᠬᠢᠨ ᠣᠷᠤᠭ᠎ᠠ ᠪᠤᠰᠬᠠᠭ᠎ᠠ ᠬᠤᠭᠤᠴᠠᠭᠠᠨ ᠳᠤ ᠣᠷᠣᠪᠠ᠃ ᠡᠨᠡ ᠵᠢᠯ ᠠᠴᠠ ᠨᠠᠭᠠᠰᠢ᠂ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠪᠣᠯᠤᠨ | ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠳᠡᠯᠡᠬᠡᠢ ᠨᠡᠶᠢᠭᠡᠮ ᠢᠶᠠᠷ ᠢᠶᠠᠨ ᠪᠦᠯᠬᠦᠮᠳᠡᠨ | ᠬᠢᠵᠢᠭ ᠢ ᠡᠰᠡᠷᠭᠦᠴᠡᠵᠦ᠂ ᠭᠠᠷ ᠭᠠᠷ ᠢᠶᠠᠨ ᠬᠤᠯᠪᠣᠯᠴᠠᠨ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠤᠷᠢᠶᠠᠯᠠᠵᠤ᠂ ᠬᠥᠮᠦᠨ ᠪᠣᠯᠤᠨ ᠪᠠᠶᠢᠭᠠᠯᠢ ᠶᠢᠨ ᠠᠮᠢ ᠨᠠᠰᠤᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠰᠠᠨᠠᠭᠠᠴᠢᠯᠠᠵᠤ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ | ᠳ᠋ᠠᠬᠢᠨ ᠳᠤ ᠰᠢᠨ᠎ᠡ ᠠᠵᠠ ᠲᠣᠬᠢᠶᠠᠯ ᠬᠠᠩᠭᠠᠪᠠ᠃ ︽ᠰᠣᠨᠢᠨ ᠮᠡᠳᠡᠭᠡᠨ ᠤ ᠨᠡᠪᠲᠡᠷᠡᠭᠦᠯᠭᠡ︾ ᠶᠢᠨ ᠰᠢᠷᠢᠰ ᠮᠡᠳᠡᠭᠡᠯᠡᠯ ︽ | ᠰᠢᠨ᠎ᠡ ᠴᠠᠭ ᠦᠶ᠎ᠡ ᠶᠢ ᠤᠳᠤᠷᠢᠳᠤᠨ ᠰᠢᠨ᠎ᠡ ᠠᠶᠠᠨ ᠵᠠᠮ ᠢᠶᠠᠨ ᠡᠬᠢᠯᠡᠭᠦᠯᠰᠦᠭᠡᠢ — ᠶᠡᠷᠦᠩᠬᠡᠢ ᠱᠦᠵᠢ ᠰᠢ ᠶᠢᠨ | ᠫᠢᠩ ᠤᠨ ᠡᠨᠡ ᠵᠢᠯ ᠠᠴᠠ ᠨᠠᠭᠠᠰᠢᠬᠢ ᠲᠦᠷᠦ ᠵᠠᠰᠠᠵᠤ ᠵᠠᠰᠠᠭ ᠶᠠᠪᠤᠭᠤᠯᠤᠭᠰᠠᠨ ᠪᠣᠳᠠᠲᠤ ᠲᠡᠮᠳᠡᠭᠯᠡᠯ︾ ᠤᠨ ᠳᠥᠷᠪᠡᠳᠦᠭᠡᠷ | ᠪᠦᠯᠦᠭ ︽ᠪᠠᠷᠠᠭᠠᠨ ᠡᠭᠦᠯᠡ ᠪᠦᠷᠬᠦᠭᠰᠡᠨ ᠴᠦ ᠲᠠᠶᠢᠪᠤᠭᠤᠬᠠᠨ ᠪᠠᠶᠢᠳᠠᠯ ᠢᠶᠠᠨ ᠪᠠᠲᠤᠯᠠᠵᠤ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ︾ ᠶᠢ ᠥᠨᠥᠳᠦᠷ ︵8 | ᠳ᠋ᠤᠭᠠᠷ ᠰᠠᠷ᠎ᠠ ᠶᠢᠨ 12 ᠤᠨ ᠡᠳᠦᠷ︶ ᠨᠡᠪᠲᠡᠷᠡᠭᠦᠯᠪᠡ᠃ | 2021 ᠣᠨ ᠳᠤ᠂ ᠳᠡᠯᠡᠬᠡᠢ ᠶᠢᠨ ᠲᠣᠭᠲᠠᠭᠤᠨ ᠪᠤᠰᠤ ᠴᠢᠨᠠᠷ ᠪᠣᠯᠤᠨ ᠲᠣᠭᠲᠠᠪᠤᠷᠢ ᠦᠭᠡᠢ ᠴᠢᠨᠠᠷ ᠨᠢ ᠰᠢᠨ᠎ᠡ ᠵᠢᠯ | ᠬᠦᠷᠴᠦ ᠢᠷᠡᠭᠰᠡᠨ ᠴᠦ ᠥᠴᠦᠬᠡᠨ ᠨᠠᠮᠳᠠᠭᠰᠠᠨ ᠦᠭᠡᠢ᠂ ᠬᠢᠵᠢᠭ ᠤᠨ ᠬᠦᠨᠳᠦ ᠬᠡᠴᠡᠭᠦᠦ ᠪᠠᠶᠢᠳᠠᠯ ᠮᠥᠨ ᠬᠦ ᠠᠷᠢᠯᠤᠭᠠᠳᠤᠢ | ᠂ ᠡᠯ᠎ᠡ ᠵᠦᠢᠯ ᠤᠨ ᠰᠠᠯᠬᠢ ᠳᠠᠪᠠᠯᠭᠠᠨ ᠲᠠᠰᠤᠷᠠᠯᠲᠠ ᠦᠭᠡᠢ ᠬᠤᠶᠢᠯᠠᠷᠠᠨ ᠢᠰᠬᠢᠷᠴᠦ ᠪᠠᠶᠢᠨ᠎ᠠ᠃ ᠯᠤᠲᠤ ᠶᠡᠭᠡ | ᠥᠷᠢᠰᠥᠯᠳᠦᠭᠡᠨ ᠪᠣᠯᠤᠨ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠲᠡᠷᠢᠭᠦᠯᠡᠭᠴᠢ ᠰᠢ ᠶᠢᠨ ᠫᠢᠩ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠨᠣᠯᠵᠢᠬᠤᠨ ᠢ ᠪᠠᠷᠢᠮᠲᠠᠯᠠᠵᠤ᠂ ᠤᠯᠤᠰ ᠤᠨ | ᠲᠡᠷᠢᠭᠦᠨ ᠤ ᠭᠠᠳᠠᠭᠠᠳᠤ ᠬᠠᠷᠢᠯᠴᠠᠭ᠎ᠠ ᠶᠢ ᠲᠥᠪᠯᠡᠷᠡᠭᠦᠯᠦᠨ ᠥᠷᠨᠢᠭᠦᠯᠪᠡ᠃ ᠡᠨᠡ ᠵᠢᠯ ᠠᠴᠠ ᠨᠠᠭᠠᠰᠢ᠂ ᠲᠡᠷᠢᠭᠦᠯᠡᠭᠴᠢ | ᠰᠢ ᠶᠢᠨ ᠫᠢᠩ ᠤᠷᠢᠳ ᠬᠤᠵᠢᠳ ᠸᠢᠳᠢᠣ᠋ ᠶᠢᠨ ᠬᠡᠯᠪᠡᠷᠢ ᠪᠠᠷ 11 ᠤᠳᠠᠭ᠎ᠠ ᠶᠢᠨ ᠤᠯᠠᠨ ᠲᠠᠯ᠎ᠠ ᠶᠢᠨ ᠪᠠ ᠬᠤᠶᠠᠷ | ᠲᠠᠯ᠎ᠠ ᠶᠢᠨ ᠴᠢᠬᠤᠯᠠ ᠠᠵᠢᠯᠯᠠᠭ᠎ᠠ ᠳᠤ ᠣᠷᠣᠯᠴᠠᠵᠤ᠂ 49 ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠡᠷᠢᠭᠦᠨ | ᠪᠤᠶᠤ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠲᠠᠢ 50 ᠤᠳᠠᠭ᠎ᠠ ᠤᠲᠠᠰᠤ ᠪᠠᠷ ᠶᠠᠷᠢᠯᠴᠠᠵᠤ | ᠂ ᠸᠢᠳᠢᠣ᠋ ᠪᠠᠷ ᠶᠠᠷᠢᠶ᠎ᠠ ᠲᠠᠯᠪᠢᠬᠤ᠂ ᠴᠠᠬᠢᠯᠭᠠᠨ ᠶᠠᠪᠤᠭᠤᠯᠬᠤ᠂ ᠵᠠᠬᠢᠳᠠᠯ ᠢᠯᠡᠭᠡᠬᠦ ᠵᠡᠷᠭᠡ ᠬᠡᠯᠪᠡᠷᠢ ᠪᠠᠷ 50 ᠭᠠᠷᠤᠢ | ᠤᠳᠠᠭ᠎ᠠ ᠶᠢᠨ ︽ᠡᠭᠦᠯᠡᠨ ᠭᠠᠳᠠᠭᠠᠳᠤ ᠬᠠᠷᠢᠯᠴᠠᠭ᠎ᠠ︾ ᠶᠢᠨ ᠠᠵᠢᠯᠯᠠᠭ᠎ᠠ ᠥᠷᠨᠢᠭᠦᠯᠵᠦ᠂ 29 ᠤᠯᠤᠰ ᠤᠨ ᠰᠢᠨ᠎ᠡ ᠪᠠᠷ | ᠲᠤᠰᠢᠶᠠᠯ ᠳᠤ ᠭᠠᠷᠤᠭᠰᠠᠨ ᠳᠤᠮᠳᠠᠳᠤ ᠤᠯᠤᠰ ᠲᠤ ᠰᠠᠭᠤᠬᠤ ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ | ᠪᠢᠴᠢᠭ ᠢ ᠬᠦᠯᠢᠶᠡᠨ ᠠᠪᠤᠪᠠ᠃ ᠬᠢᠵᠢᠭ ᠤᠨ ᠪᠠᠶᠢᠳᠠᠯ ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠶᠡᠭᠡ ᠤᠯᠤᠰ ᠤᠨ | ᠭᠠᠳᠠᠭᠠᠳᠤ ᠬᠠᠷᠢᠯᠴᠠᠭᠠᠨ ᠤ ᠠᠯᠬᠤᠴᠠ ᠶᠢ ᠬᠠᠷᠰᠢᠯᠠᠭᠰᠠᠨ ᠦᠭᠡᠢ ᠬᠠᠷᠢᠨ ᠵᠢᠷᠦᠬᠡ ᠰᠡᠳᠬᠢᠯ ᠤᠨ ᠨᠡᠪᠲᠡᠷᠡᠯᠴᠡᠭᠡ ᠶᠢᠨ | ᠬᠤᠯᠪᠣᠭᠠᠰᠤ ᠶᠢ ᠴᠢᠩᠭᠠᠷᠠᠭᠤᠯᠵᠤ᠂ ᠳᠡᠯᠡᠬᠡᠢ ᠳ᠋ᠠᠬᠢᠨ ᠢᠶᠠᠷ ᠢᠶᠠᠨ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠠᠯᠤᠰ ᠬᠡᠲᠦ ᠶᠢᠨ ᠲᠠᠨᠢᠯᠲᠠ ᠪᠣᠯᠤᠨ ᠶᠡᠷᠦ | ᠪᠤᠰᠤ ᠶᠢᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠪᠠ᠃ | ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠠᠶᠢᠨ ᠳᠠᠬᠢᠨ ᠥᠷᠪᠢᠰᠴᠦ᠂ | ᠸᠢᠷᠦ᠋ᠰ ᠳᠠᠬᠢᠨ ᠳᠠᠪᠲᠠᠨ ᠣᠨᠳᠣᠣᠰᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠠᠰᠠ ᠴᠦ ᠬᠦᠨᠳᠦ | ᠬᠡᠴᠡᠭᠦᠦ ᠪᠠᠶᠢᠭᠰᠠᠭᠠᠷ᠃ ᠡᠨᠡ ᠵᠢᠯ ᠤᠨ 5 ᠳ᠋ᠤᠭᠠᠷ ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠪᠦᠬᠦ ᠪᠥᠮᠪᠥᠷᠴᠡᠭ ᠤᠨ | ᠡᠷᠡᠭᠦᠯ ᠮᠡᠨᠳᠦ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ᠂ ᠭᠠᠷ ᠭᠠᠷ ᠢᠶᠠᠨ ᠬᠤᠯᠪᠣᠯᠴᠠᠨ ᠬᠥᠮᠦᠨ | ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠳᠠᠬᠢᠨᠲᠠ | ᠤᠷᠢᠶᠠᠯᠠᠪᠠ᠃ ᠸᠠᠺᠼᠢᠨ ᠪᠣᠯ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠬᠦᠴᠦᠲᠦ ᠵᠡᠪᠰᠡᠭ ᠮᠥᠨ᠃ 7 ᠳ᠋ᠤᠭᠠᠷ | ᠰᠠᠷ᠎ᠠ ᠶᠢᠨ 12 ᠤᠨ ᠡᠳᠦᠷ᠂ ᠳᠤᠮᠳᠠᠳᠤ ᠤᠯᠤᠰ ᠤᠨ ᠸᠠᠺᠼᠢᠨ ᠨᠢ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠸᠠᠺᠼᠢᠨ ᠢ ᠬᠡᠷᠡᠭᠵᠢᠭᠦᠯᠬᠦ ᠲᠥᠯᠥᠪᠯᠡᠭᠡ︾ ᠶᠢᠨ ᠸᠠᠺᠼᠢᠨ ᠤ ᠬᠥᠮᠥᠷᠭᠡ ᠳᠤ ᠣᠷᠣᠪᠠ᠃ ᠳᠤᠮᠳᠠᠳᠤ ᠤᠯᠤᠰ ᠥᠪᠡᠷ ᠤᠨ | ᠶᠡᠭᠡ ᠬᠡᠪᠴᠢᠶᠡᠨ ᠤ ᠲᠠᠷᠢᠯᠭ᠎ᠠ ᠬᠢᠬᠦ ᠠᠴᠠ ᠪᠣᠯᠤᠭᠰᠠᠨ ᠥᠷᠢᠰᠥᠯᠳᠦᠭᠡᠨ ᠢ ᠢᠯᠠᠨ ᠳᠠᠪᠠᠵᠤ᠂ ᠳᠡᠯᠡᠬᠡᠶ ᠳ᠋ᠠᠬᠢᠨ ᠢᠯᠠᠩᠭᠤᠶ᠎ᠠ | ᠬᠥᠭᠵᠢᠵᠦ ᠪᠠᠶᠢᠭ᠎ᠠ ᠤᠯᠤᠰ ᠤᠳ ᠲᠤ ᠸᠠᠺᠼᠢᠨ ᠬᠠᠩᠭᠠᠵᠤ᠂ ᠶᠡᠷᠦᠩᠬᠡᠶ ᠲᠤᠭ᠎ᠠ ᠨᠢ ᠨᠢᠭᠡᠨᠲᠡ 7.5 ᠳ᠋ᠦᠩᠰᠢᠭᠤᠷ ᠢ | ᠳᠠᠪᠠᠭᠰᠠᠨ ᠪᠠᠶᠢᠨ᠎ᠠ᠃ ᠳᠤᠮᠳᠠᠳᠤ ᠤᠯᠤᠰ ᠸᠠᠺᠼᠢᠨ ᠢ ︽ᠪᠥᠬᠦ ᠪᠥᠮᠪᠥᠷᠴᠡᠭ ᠤᠨ ᠣᠯᠠᠨ ᠨᠡᠶᠢᠲᠡ ᠶᠢᠨ ᠦᠢᠯᠡᠳᠬᠦᠨ︾ | ᠪᠣᠯᠭᠠᠬᠤ ᠲᠥᠪ ᠴᠢᠩᠭ᠎ᠠ ᠠᠮᠠᠯᠠᠯᠲᠠ ᠪᠠᠨ ᠪᠣᠳᠠᠲᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠪᠡ᠃ | ᠶᠡᠷᠦᠩᠬᠡᠶ ᠱᠦᠵᠢ ᠰᠢ ᠶᠢᠨ ᠫᠢᠩ ᠬᠡᠯᠡᠬᠦ ᠳᠤ ᠪᠠᠨ᠄ ︽ᠣᠳᠣᠬᠠᠨ ᠳᠤ ᠸᠠᠺᠼᠢᠨ ᠤ ᠲᠠᠷᠢᠯᠭ᠎ᠠ ᠬᠢᠬᠦ ᠲᠡᠩᠴᠡᠭᠦᠷᠢ | ᠥᠬᠡᠶ ᠠᠰᠠᠭᠤᠳᠠᠯ ᠨᠠᠩ ᠲᠣᠪᠤᠶᠢᠮ᠎ᠠ ᠪᠣᠯᠵᠣ ᠪᠠᠶᠢᠨ᠎ᠠ᠂ ᠲᠣᠮᠣ ᠤᠯᠤᠰ ᠤᠳ ᠬᠠᠷᠢᠭᠤᠴᠠᠯᠭ᠎ᠠ ᠡᠭᠦᠷᠭᠡᠯᠡᠵᠦ᠂ ᠸᠠᠺᠼᠢᠨ ᠢ | ᠪᠠᠴᠢᠮ ᠬᠡᠷᠡᠭᠴᠡᠭᠡ ᠲᠠᠢ ᠬᠥᠭᠵᠢᠵᠦ ᠪᠠᠶᠢᠭ᠎ᠠ ᠤᠯᠤᠰ ᠲᠤ ᠢᠯᠡᠭᠦᠬᠡᠨ ᠬᠠᠩᠭᠠᠬᠤ ᠬᠡᠷᠡᠭᠲᠡᠶ︾ ᠭᠡᠵᠡᠶ᠃ | ᠳᠤᠮᠳᠠᠳᠤ ᠤᠯᠤᠰ ᠪᠣᠯ ᠢᠮᠠᠭᠲᠠ ᠪᠦᠬᠦ ᠪᠥᠮᠪᠥᠷᠴᠡᠭ ᠤᠨ ᠬᠢᠵᠢᠭ ᠢ ᠡᠰᠡᠷᠭᠦᠴᠡᠬᠦ ᠬᠠᠮᠲᠤᠷᠠᠯᠴᠠᠭᠠᠨ ᠤ | ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠮᠥᠨ᠃ ᠣᠨᠴᠠ ᠵᠠᠷᠢᠮ ᠤᠯᠤᠰ ᠬᠢᠵᠢᠭ ᠤᠨ ᠪᠠᠶᠢᠳᠠᠯ ᠪᠠ ᠸᠢᠷᠦ᠋ᠰ ᠤᠨ | ᠡᠬᠢ ᠡᠭᠦᠰᠦᠯ ᠢ ᠠᠰᠢᠭᠯᠠᠨ ᠭᠦᠳᠬᠡᠬᠦ᠂ ᠤᠯᠤᠰ ᠲᠥᠷᠥ ᠶᠢᠨ ᠴᠢᠨᠠᠷ ᠲᠠᠢ ᠪᠣᠯᠭᠠᠬᠤ ᠪᠠᠷ ᠬᠤᠤᠪᠢᠯᠳᠤᠬᠤ ᠦᠶ᠎ᠡ ᠳᠤ᠂ | ᠳᠤᠮᠳᠠᠳᠤ ᠤᠯᠤᠰ ᠸᠠᠺᠼᠢᠨ ᠤ ᠣᠯᠠᠨ ᠤᠯᠤᠰ ᠤᠨ ᠬᠠᠮᠲᠤᠷᠠᠯᠴᠠᠭ᠎ᠠ ᠶᠢ ᠪᠣᠳᠠᠲᠠᠶ ᠪᠠᠷ ᠠᠬᠢᠭᠤᠯᠵᠤ᠂ ᠳᠡᠯᠡᠬᠡᠶ ᠨᠡᠶᠢᠲᠡ ᠳᠤ | ᠬᠢᠵᠢᠭ ᠢ ᠡᠰᠡᠷᠭᠦᠴᠡᠬᠦ ᠡᠳ᠋ ᠪᠣᠳᠠᠰ ᠤᠨ ᠲᠤᠰᠠᠯᠠᠮᠵᠢ ᠶᠢ ᠢᠳᠡᠪᠬᠢᠲᠡᠶ ᠬᠠᠩᠭᠠᠪᠠ᠃ ᠳᠤᠮᠳᠠᠳᠤ ᠤᠯᠤᠰ ᠪᠣᠯ ᠮᠥᠨ ᠴᠦ | ᠬᠤᠷᠢᠨ ᠤᠯᠤᠰ ᠤᠨ ᠪᠦᠯᠦᠭᠯᠡᠯ ᠤᠨ ᠭᠡᠰᠢᠭᠦᠨ ᠤᠯᠤᠰ ᠤᠨ ᠳᠣᠲᠣᠷᠠᠬᠢ ᠥᠷᠢ ᠥᠭᠴᠡᠭᠡ ᠶᠢ ᠬᠤᠶᠢᠰᠢᠯᠠᠭᠤᠯᠤᠭᠰᠠᠨ | ᠵᠣᠭᠤᠰ ᠤᠨ ᠲᠤᠭ᠎ᠠ ᠪᠠᠷ ᠬᠠᠮᠤᠭ ᠤᠨ ᠶᠡᠭᠡ ᠤᠯᠤᠰ ᠪᠣᠯᠤᠨ᠎ᠠ᠃ ᠣᠳᠣᠬᠠᠨ ᠳᠤ᠂ ᠬᠥᠮᠦᠨ ᠲᠥᠷᠥᠯᠬᠢᠲᠡᠨ ᠶᠠᠭ | ᠳᠡᠯᠡᠬᠡᠶ ᠶᠢᠨ ᠬᠤᠶᠠᠳᠤᠭᠠᠷ ᠲᠠᠶᠢᠨ ᠳᠠᠭᠤᠰᠤᠭᠰᠠᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠶ ᠠᠵᠤ ᠠᠬᠤᠶ ᠶᠢᠨ | ᠪᠠᠭᠤᠷᠠᠯᠲᠠ ᠳᠤ ᠤᠴᠠᠷᠠᠵᠤ ᠪᠠᠶᠢᠨ᠎ᠠ᠂ ᠳᠤᠮᠳᠠᠳᠤ ᠤᠯᠤᠰ ᠠᠵᠤ ᠠᠬᠤᠶ ᠶᠢᠨ ᠳᠡᠯᠡᠬᠡᠶᠢᠴᠢᠯᠡᠯᠲᠡ ᠶᠢᠨ ᠲᠤᠭ ᠢ ᠥᠨᠳᠥᠷ | ᠮᠠᠨᠳᠤᠭᠤᠯᠵᠤ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠨ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ | ᠨᠡᠭᠡᠭᠡᠯᠳᠡ ᠶᠢ ᠥᠷᠭᠡᠳᠬᠡᠵᠦ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠶ ᠳ᠋ᠠᠬᠢᠨ ᠳᠤ ᠰᠢᠨ᠎ᠡ ᠠᠵᠠ | ᠲᠣᠬᠢᠶᠠᠯ ᠬᠠᠩᠭᠠᠵᠤ ᠪᠣᠢ᠃ ᠡᠨᠡ ᠵᠢᠯ ᠠᠴᠠ ᠨᠠᠭᠠᠰᠢ᠂ ᠲᠡᠷᠢᠭᠦᠯᠡᠭᠴᠢ ᠰᠢ ᠶᠢᠨ ᠫᠢᠩ ᠳᠡᠯᠡᠬᠡᠢ ᠶᠢᠨ ᠠᠵᠤ ᠠᠬᠤᠢ ᠶᠢᠨ | ᠶᠠᠷᠢᠶᠠᠨ ᠤ ᠲᠠᠪᠴᠠᠩ ᠤᠨ ︽ᠳ᠋ᠠᠸᠦ᠋ᠰ ᠤᠨ ᠵᠥᠪᠯᠡᠬᠦ ᠵᠦᠢᠯ︾ ᠤᠨ ᠶᠠᠷᠢᠯᠴᠠᠭᠠᠨ ᠤ ᠬᠤᠷᠠᠯ᠂ ᠪᠥᠸᠧ ᠤᠣ ᠶᠢᠨ ᠠᠽᠢᠶ᠎ᠠ | ᠲᠢᠪ ᠤᠨ ᠶᠠᠷᠢᠶᠠᠨ ᠤ ᠲᠠᠪᠴᠠᠩ ᠤᠨ 2021 ᠣᠨ ᠤ ᠵᠢᠯ ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ | ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ | ᠪᠤᠰᠤ ᠬᠤᠷᠠᠯ ᠵᠡᠷᠭᠡ ᠴᠢᠬᠤᠯᠠ ᠬᠤᠷᠠᠯ ᠳᠤ ᠣᠷᠣᠯᠴᠠᠵᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ | ᠴᠣᠭᠴᠠᠵᠢᠭᠤᠯᠤᠯᠲᠠ ᠶᠢ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠠ ᠲᠣᠬᠢᠶᠠᠯ ᠢ | ᠡᠵᠡᠮᠳᠡᠬᠦ᠂ ︽ᠨᠢᠭᠡ ᠪᠦᠰᠡ ᠨᠢᠭᠡ ᠵᠠᠮ︾ ᠤᠨ ᠴᠢᠨᠠᠷᠯᠢᠭ ᠬᠥᠭᠵᠢᠯᠲᠡ ᠶᠢ ᠬᠠᠮᠲᠤ ᠪᠠᠷ ᠪᠠᠶᠢᠭᠤᠯᠬᠤ ᠶᠢ ᠠᠬᠢᠭᠤᠯᠬᠤ ᠵᠡᠷᠭᠡ | ᠴᠢᠬᠤᠯᠠ ᠵᠣᠷᠢᠯᠲᠠ ᠶᠢ ᠳᠤᠷᠠᠳᠴᠠᠢ᠃ | ᠶᠡᠷᠦᠩᠬᠡᠢ ᠱᠦᠵᠢ ᠰᠢ ᠶᠢᠨ ᠫᠢᠩ᠄ ︽ᠪᠢᠳᠠ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠵᠣᠷᠢᠭ ᠰᠠᠨᠠᠭ᠎ᠠ ᠪᠠᠷ ︿ᠨᠢᠭᠡ | ᠪᠦᠰᠡ ᠨᠢᠭᠡ ᠵᠠᠮ﹀ ᠢ ︿ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ ᠵᠠᠮ﹀ ︿ᠨᠡᠮᠡᠭᠳᠡᠯ ᠤᠨ ᠵᠠᠮ﹀ ᠪᠣᠯᠭᠠᠨ | ᠪᠦᠳᠦᠭᠡᠨ ᠪᠠᠶᠢᠭᠤᠯᠵᠤ᠂ ᠬᠥᠮᠦᠨ ᠲᠥᠷᠥᠯᠬᠢᠲᠡᠨ ᠤ ᠬᠠᠮᠲᠤ ᠶᠢᠨ ᠬᠥᠭᠵᠢᠯ ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠨ᠎ᠡ︾ ᠭᠡᠵᠡᠢ᠃ | ᠬᠥᠮᠦᠨ ᠲᠥᠷᠥᠯᠬᠢᠲᠡᠨ ᠤ ᠬᠤᠪᠢ ᠵᠠᠶᠠᠭ᠎ᠠ ᠪᠣᠯ ᠬᠠᠮᠲᠤ ᠶᠢᠨ ᠶᠤᠮ᠂ ᠶᠠᠮᠠᠷᠪᠠ ᠬᠥᠮᠦᠨ ᠶᠠᠮᠠᠷᠪᠠ ᠤᠯᠤᠰ ᠭᠡᠳ | ᠬᠤᠪᠢ ᠪᠡᠶ᠎ᠡ ᠪᠠᠨ ᠯᠡ ᠪᠤᠳᠤᠵᠤ ᠪᠣᠯᠬᠤ ᠦᠭᠡᠢ᠃ ᠤᠢᠢᠷ᠎ᠠ ᠶᠢᠨ ᠵᠢᠯ ᠤᠳ ᠲᠤ᠂ ᠠᠭᠤᠷ ᠠᠮᠢᠰᠬᠤᠯ ᠤᠨ ᠬᠤᠪᠢᠷᠠᠯᠲᠠ᠂ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠠᠯᠳᠠᠭᠳᠠᠯ᠂ ᠴᠦᠯᠡᠷᠬᠡᠭᠵᠢᠯ ᠰᠢᠷᠦᠭᠦᠰᠬᠦ᠂ ᠲᠦᠢᠯ ᠤᠨ ᠠᠭᠤᠷ | ᠠᠮᠢᠰᠬᠤᠯ ᠤᠨ ᠬᠡᠷᠡᠭ ᠪᠠᠶᠢᠨ ᠳᠠᠬᠢᠨ ᠡᠭᠦᠰᠴᠦ᠂ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠯ ᠪᠠ ᠬᠥᠭᠵᠢᠯ | ᠴᠡᠴᠡᠭᠯᠡᠯ ᠳᠤ ᠬᠦᠨᠳᠦ ᠬᠡᠴᠡᠭᠦᠦ ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ ᠬᠠᠮᠲᠤ ᠶᠢᠨ ᠥᠷᠢᠰᠥᠯᠳᠦᠭᠡᠨ ᠤ ᠡᠮᠦᠨ᠎ᠡ᠂ | ᠳᠤᠮᠳᠠᠳᠤ ᠤᠯᠤᠰ ᠬᠥᠮᠦᠨ ᠲᠥᠷᠥᠯᠬᠢᠲᠡᠨ ᠤ ᠬᠠᠮᠲᠤ ᠶᠢᠨ ᠠᠰᠢᠭ ᠲᠤᠰᠠ ᠶᠢ ᠪᠣᠳᠣᠯᠬᠢᠯᠠᠵᠤ᠂ ᠪᠦᠬᠦ ᠪᠥᠮᠪᠥᠷᠴᠡᠭ ᠢ | ᠬᠦᠳᠦᠯᠦᠨ ᠳᠠᠭᠠᠭᠤᠯᠵᠤ ᠪᠠᠶᠢᠭᠠᠳ ᠣᠷᠴᠢᠨ ᠲᠣᠭᠤᠷᠢᠨ ᠤ ᠵᠠᠰᠠᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ | ᠡᠨᠡ ᠵᠢᠯ ᠤᠨ 4 ᠳ᠋ᠦ᠋ᠭᠡᠷ ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠤᠳᠤᠷᠢᠳᠬᠤ ᠬᠥᠮᠦᠰ ᠤᠨ ᠠᠭᠤᠷ ᠠᠮᠢᠰᠬᠤᠯ ᠤᠨ | ᠲᠦᠷᠦᠭᠦᠴᠦᠳ ᠤᠨ ᠬᠤᠷᠠᠯ ᠳᠡᠭᠡᠷ᠎ᠡ ᠠᠩᠬ᠎ᠠ ᠤᠳᠠᠭ᠎ᠠ ᠬᠥᠮᠦᠨ ᠪᠣᠯᠤᠨ ᠪᠠᠶᠢᠭᠠᠯᠢ ᠶᠢᠨ ᠠᠮᠢ ᠨᠠᠰᠤᠨ ᠤ ᠬᠠᠮᠲᠤ ᠶᠢᠨ | ᠴᠣᠭᠴᠠ ᠶᠢ ᠬᠠᠮᠲᠤ ᠪᠠᠷ ᠪᠠᠶᠢᠭᠤᠯᠰᠤᠭᠠᠢ ᠭᠡᠵᠦ ᠳᠤᠷᠠᠳᠤᠭᠰᠠᠨ ᠪᠥᠭᠡᠳ ᠳᠤᠮᠳᠠᠳᠤ ᠤᠯᠤᠰ 2030 ᠣᠨ ᠠᠴᠠ ᠡᠮᠦᠨ᠎ᠡ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠶᠢ | ᠪᠡᠶᠡᠯᠡᠭᠦᠯᠵᠦ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠠᠭᠠᠷᠮᠠᠭᠵᠢᠯ ᠢ | ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠳᠠᠬᠢᠨᠲᠠ ᠲᠣᠳᠣᠷᠬᠠᠶᠢᠯᠠᠪᠠ᠃ | ᠶᠡᠷᠦᠩᠬᠡᠶ ᠱᠦᠵᠢ ᠰᠢ ᠶᠢᠨ ᠫᠢᠩ ᠬᠡᠯᠡᠬᠦ ᠳᠤ ᠪᠠᠨ᠄ ︽ᠮᠠᠨ ᠤ ᠦᠵᠡᠬᠦ ᠪᠠᠷ᠂ ᠪᠦᠬᠦ ᠬᠥᠮᠦᠨ ᠲᠥᠷᠥᠯᠬᠢᠲᠡᠨ ᠳᠤ | ᠠᠰᠢᠭᠲᠠᠶ ᠶᠠᠪᠤᠳᠠᠯ ᠪᠦᠬᠦᠨ ᠢ ᠳᠤᠮᠳᠠᠳᠤ ᠤᠯᠤᠰ ᠳᠠᠷᠤᠶ ᠴᠢᠳᠠᠯ ᠤᠨ ᠬᠢᠷᠢ ᠪᠠᠷ ᠢᠶᠠᠨ ᠬᠢᠬᠦ ᠮᠥᠷᠲᠡᠭᠡᠨ ᠰᠠᠶᠢᠲᠤᠷ ᠬᠢᠬᠦ | ᠬᠡᠷᠡᠭᠲᠡᠶ︾ ᠭᠡᠵᠡᠶ᠃ | ᠵᠢᠷᠦᠬᠡ ᠰᠡᠳᠬᠢᠯ ᠢᠶᠠᠨ ᠬᠠᠮᠲᠤᠳᠬᠠᠨ ᠬᠠᠲᠠᠭᠤ ᠪᠡᠷᠬᠡᠰᠢᠶᠡᠯ ᠢ ᠲᠤᠭᠤᠯᠵᠤ᠂ ᠰᠠᠯᠬᠢ ᠳᠠᠪᠠᠯᠭᠠᠨ ᠢ ᠰᠥᠷᠥᠨ | ᠲᠦᠮᠡᠨ ᠭᠠᠵᠠᠷ ᠤᠨ ᠠᠶᠠᠨ ᠳᠤ ᠤᠷᠤᠭᠰᠢᠯᠠᠨ᠎ᠠ᠃ ᠡᠨᠡ ᠵᠢᠯ ᠠᠴᠠ ᠨᠠᠭᠠᠰᠢ᠂ ᠲᠡᠷᠢᠭᠦᠯᠡᠭᠴᠢ ᠰᠢ ᠶᠢᠨ ᠫᠢᠩ ᠤᠨ | ᠳᠠᠭᠠᠭᠤᠯᠭ᠎ᠠ ᠳᠣᠣᠷ᠎ᠠ᠂ ᠳᠤᠮᠳᠠᠳᠤ ᠤᠯᠤᠰ ᠪᠦᠬᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢᠨ ᠲᠣᠣᠷ ᠢ ᠢᠳᠡᠪᠬᠢᠲᠡᠢ | ᠪᠠᠶᠢᠭᠤᠯᠵᠤ᠂ ᠭᠠᠳᠠᠭᠠᠳᠤ ᠨᠡᠬᠡᠬᠡᠯᠳᠡ ᠪᠣᠯᠤᠨ ᠬᠠᠮᠲᠤᠷᠠᠯᠴᠠᠭ᠎ᠠ ᠶᠢ ᠥᠷᠭᠡᠳᠬᠡᠨ᠂ ᠬᠠᠮᠲᠤ ᠪᠠᠷ ᠠᠰᠢᠭ ᠬᠦᠷᠳᠡᠬᠦ ᠰᠢᠨ᠎ᠡ | ᠪᠠᠶᠢᠳᠠᠯ ᠢ ᠨᠡᠭᠡᠭᠡᠪᠡ᠃ ᠲᠡᠦᠬᠡ ᠶᠢᠨ ᠵᠥᠪ ᠲᠠᠯ᠎ᠠ ᠪᠠ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ | ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ | ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠤᠯᠵᠤ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠨᠡᠩ ᠰᠠᠶᠢᠨ ᠰᠠᠶᠢᠬᠠᠨ ᠳᠡᠯᠡᠬᠡᠢ | ᠶᠢᠷᠲᠢᠨᠴᠦ ᠶᠢ ᠪᠦᠳᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ ᠪᠣᠢ︕ | |