ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠵᠦ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ ᠰᠢᠩ ᠡᡁᠧ ᠰᠢᠶᠠᠨ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2021/8/16
ᠭᠤᠣᠯ ᠰᠡᠳᠦᠪ  ᠄      ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠵᠦ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ ᠰᠢᠩ ᠡᡁᠧ ᠰᠢᠶᠠᠨ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ ᠴᠠᠭ᠄       2021 ᠣᠨ ᠤ 8 ᠰᠠᠷ᠎ᠠ ᠶᠢᠨ 14᠎ ᠤ ᠡᠳᠦᠷ ᠵᠣᠴᠢᠨ᠄       ᠰᠢᠶᠠᠨ ᠤ ᠨᠠᠮ ᠤᠨ ᠬᠤᠷᠢᠶᠠᠨ ᠤ ᠱᠦᠵᠢ  ᠸᠠᠩ ᠬᠤᠢ ᠢᠦᠢᠲᠣᠪᠴᠢᠯᠠᠯ᠄      ᠰᠢ ᠶᠢᠨ ᠫᠢᠩ ᠶᠡᠷᠦᠩᠬᠡᠢ ᠱᠦᠵᠢ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠤᠬ ᠰᠠᠨᠠᠭ᠎ᠠ ᠶᠢ ᠤᠯᠬᠤ ᠳᠤ ᠬᠢᠯᠪᠠᠷ᠂ ᠢᠮᠠᠭᠲᠠ ᠰᠠᠬᠢᠬᠤ ᠳᠤ ᠬᠦᠴᠢᠷ ᠶᠤᠮ ᠭᠡᠵᠦ ᠴᠢᠬᠤᠯᠠᠴᠢᠯᠠᠪᠠ᠃ ᠰᠢᠩ ᠡᡁᠧ ᠰᠢᠶᠠᠨ ᠤ ᠬᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠵᠠᠮ ᠨᠡᠭᠡᠭᠡᠨ ᠰᠢᠨ᠎ᠡ ᠶᠢ ᠡᠭᠦᠳᠬᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠤᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠶᠡᠷᠦᠩᠬᠡᠢ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾᠎ ᠤ ᠶᠠᠷᠢᠶᠠᠨ ᠤ ᠰᠤᠷᠤᠯᠴᠠᠭᠰᠠᠨ ᠦᠷ᠎ᠡ ᠪᠦᠲᠦᠭᠡᠯ ᠢ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠠᠢ᠃ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠨ᠎ᠠ᠃      ᠰᠤᠷᠪᠤᠯᠵᠢᠯᠠᠭᠴᠢ᠄ ᠸᠠᠩ ᠱᠦᠵᠢ ᠲᠠ ᠰᠠᠶᠢᠨ ᠪᠠᠶᠢᠨ᠎ᠠ ᠤᠤ᠂ ᠰᠢᠩ ᠡᡁᠧ ᠰᠢᠶᠠᠨ ᠬᠡᠷᠬᠢᠨ ᠪᠦᠬᠦ ᠬᠦᠴᠦᠨ ᠢᠶᠠᠷ ᠢᠶᠠᠨ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠠᠶᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠪᠤᠢ᠃      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ᠄ ᠨᠡᠶᠢᠰᠯᠡᠯ ᠳᠤ ᠬᠠᠨᠳᠤᠭᠰᠠᠨ ︽ᠲᠤᠮᠤ ᠨᠣᠭᠤᠭ᠎ᠠ ᠶᠢᠨ ᠬᠦᠷᠢᠶᠡᠯᠡᠩ︾᠎ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠰᠢᠩ ᠡᡁᠧ ᠣᠨᠴᠠᠭᠠᠢ ᠣᠷᠣᠨ ᠪᠠᠶᠢᠷᠢ᠂ ᠵᠠᠮ ᠬᠠᠷᠢᠯᠴᠠᠭ᠎ᠠ᠂ ᠬᠥᠷᠥᠰᠥ ᠰᠢᠷᠣᠢ᠂ ᠤᠰᠤᠨ ᠤ ᠴᠢᠨᠠᠷ᠂ ᠠᠭᠤᠷ ᠠᠮᠢᠰᠬᠤᠯ ᠵᠡᠷᠭᠡ ᠳᠠᠪᠠᠭᠤᠯᠢᠭ ᠲᠤ ᠰᠠᠭᠤᠷᠢᠯᠠᠵᠤ᠂ ᠪᠡᠭᠡᠵᠢᠩ ᠤᠨ ᠳᠡᠭᠡᠳᠦ ᠲᠡᠰ ᠤᠨ ᠵᠠᠬ᠎ᠠ ᠳᠡᠯᠭᠡᠭᠦᠷ ᠲᠠᠢ ᠤᠨᠢᠨ ᠳᠡᠭᠡᠷ᠎ᠡ ᠨᠢ ᠵᠣᠯᠭᠠᠭᠤᠯᠵᠤ᠂ ᠤᠨᠴᠠᠯᠢᠬᠳᠤ ᠬᠦᠢᠳᠡᠨ ᠰᠡᠷᠢᠭᠦᠨ ᠢᠳᠡᠰᠢᠨ ᠨᠣᠭᠤᠭ᠎ᠠ ᠲᠠᠷᠢᠬᠤ᠂ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠪᠠ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠲᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠵᠠᠭᠤᠴᠢ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ᠂ ᠵᠠᠬᠢᠶᠠᠯᠠᠭ᠎ᠠ ᠶᠢᠨ ᠲᠠᠷᠢᠮᠠᠯ ᠢ ᠬᠥᠭᠵᠢᠭᠦᠯᠵᠦ᠂ ︽ᠲᠥᠪ ᠲᠣᠭᠤᠭᠠᠨ ᠭᠡᠷ︾᠎ ᠢ ᠪᠠᠶᠢᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠣᠬᠢᠷᠲᠤᠯ ᠦᠭᠡᠢ ᠣᠷᠭᠠᠨᠢᠭ ᠢᠳᠡᠰᠢᠨ ᠨᠣᠭᠤᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃      ︵ᠰᠢᠩ ᠾᠧ ᠰᠢᠶᠠᠨ ᠤ ᠲᠠᠭᠠᠯᠠᠮᠵᠢᠲᠠᠶ ᠠᠭᠤᠷ ᠠᠮᠢᠰᠬᠤᠯ ᠤᠨ ᠣᠷᠴᠢᠨ ᠲᠣᠭᠤᠷᠢᠨ ᠪᠠ ᠳᠥᠭᠦᠮ ᠳᠥᠲᠡ ᠵᠠᠮ ᠬᠠᠷᠢᠯᠴᠠᠭᠠᠨ ᠤ ᠨᠥᠬᠦᠴᠡᠯ᠂ ᠰᠢᠩ ᠡᡁᠧ ᠰᠢᠶᠠᠨ ᠤ ᠬᠢᠨ ᠨᠡᠶᠢᠰᠯᠡᠯ ᠳᠤ ᠬᠠᠨᠳᠤᠭᠤᠯᠤᠭᠰᠠᠨ ᠳᠦᠷᠪᠡᠨ ᠤᠯᠠᠷᠢᠯ ᠤᠨ ᠵᠤᠭᠠᠴᠠᠯ᠂ ᠪᠦᠬᠦ ᠣᠷᠣᠨ ᠪᠦᠰᠡ ᠶᠢᠨ ᠵᠤᠭᠠᠴᠠᠯ ᠤᠨ ᠠᠮᠠᠷᠠᠯᠲᠠ ᠶᠢᠨ ᠰᠠᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠳᠤ ᠪᠣᠯᠤᠮᠵᠢ ᠬᠠᠩᠭᠠᠵᠤ᠂ ᠪᠦᠬᠦ ᠣᠷᠣᠨ ᠪᠦᠰᠡ ᠶᠢᠨ ᠰᠣᠶᠣᠯ ᠠᠮᠢ ᠠᠬᠤᠢ ᠶᠢᠨ ᠵᠤᠭᠠᠴᠠᠯ ᠢ ᠲᠦᠷᠭᠡᠨ ᠬᠥᠭᠵᠢᠭᠦᠯᠵᠦ᠂ ᠤᠳᠤ ᠦᠶ᠎ᠡ ᠶᠢᠨ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠦᠢᠯᠡᠴᠢᠯᠡᠭᠡᠨ ᠤ ᠪᠠᠷᠢᠮᠵᠢᠶ᠎ᠠ ᠶᠢ ᠪᠦᠷᠢᠨᠰᠢᠬᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠤᠯ ᠤᠨ ᠠᠮᠢ ᠠᠬᠤᠢ ᠶᠢᠨ ᠪᠡᠭᠡᠵᠢᠩ ᠬᠤᠳᠠ ᠶᠢᠨ ᠲᠡᠭᠦᠷᠭᠡ ᠶᠢᠨ ᠵᠤᠭᠠᠴᠠᠯ ᠵᠤᠭᠠᠴᠠᠯ ᠤᠨ ︽ᠺᠠᠷᠲ ᠠᠪᠬᠤ ᠭᠠᠵᠠᠷ︾᠎ ᠢ ᠪᠠᠶᠢᠭᠤᠯᠬᠤ ᠨᠢ ᠰᠢᠩ ᠡᡁᠧ ᠰᠢᠶᠠᠨ ᠤ ᠵᠤᠭᠠᠴᠠᠯ ᠤᠨ ᠬᠥᠭᠵᠢᠯᠲᠡ ᠶᠢᠨ ᠰᠢᠨ᠎ᠡ ᠬᠠᠷᠠᠯᠲᠠ ᠪᠣᠯᠵᠠᠢ︶      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠶ᠄ ᠨᠡᠶᠢᠰᠯᠡᠯ ᠳᠤ ᠬᠠᠨᠳᠤᠭᠤᠯᠤᠭᠰᠠᠨ ︽ᠠᠷᠤ ᠴᠡᠴᠡᠷᠯᠢᠭ︾᠎ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠬᠥᠭᠵᠢᠨ ᠮᠠᠨᠳᠤᠬᠤ ᠪᠠ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠠᠮᠢ ᠠᠬᠤᠶ ᠪᠠ ᠵᠠᠮ ᠬᠠᠷᠢᠯᠴᠠᠭᠠᠨ ᠤ ᠳᠠᠪᠠᠭᠤᠯᠢᠭ ᠣᠷᠣᠨ ᠪᠠᠶᠢᠷᠢ ᠳᠤ ᠰᠠᠭᠤᠷᠢᠯᠠᠵᠤ᠂ 2022 ᠣᠨ ᠤ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠬᠤᠲᠠ ᠶᠢᠨ ᠪᠤᠶ ᠪᠣᠯᠭᠠᠭᠰᠠᠨ ᠯᠤᠲᠤ ᠶᠡᠭᠡ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠠᠮᠵᠢᠨ ᠠᠳᠬᠤᠵᠤ᠂ ᠰᠤᠮᠤᠨ ᠠᠭᠤᠯᠠ᠂ ᠴᠠᠷ ᠨᠠᠭᠤᠷ᠂ ᠳᠠᠯᠠᠨ ᠬᠠᠷ᠎ᠠ ᠠᠭᠤᠯᠠ ᠂  ᠯᠣᠣ ᠯᠢ ᠬᠠᠶ᠂ ᠲᠤᠤ ᠵᠢᠦ ᠬᠤᠸᠠ ᠯᠢᠩ᠂ ᠴᠢ ᠵᠢᠶᠠ ᠶᠢᠩ ᠤᠰᠤᠨ ᠴᠥᠭᠦᠷᠥᠮ ᠵᠡᠷᠭᠡ ᠤᠤᠯ ᠤᠨ ᠠᠮᠢ ᠠᠬᠤᠶ ᠶᠢᠨ ᠵᠢᠭᠤᠯᠴᠢᠯᠠᠯ ᠤᠨ ᠡᠬᠢ ᠪᠠᠶᠠᠯᠢᠭ ᠪᠠ ᠳ᠋ᠠ ᠨᠠᠨ ᠱᠠᠨ ᠤ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠰᠣᠶᠣᠯ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠯᠦ ᠵᠢᠶᠠ ᠶᠢᠩ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠤ ᠪᠥᠲᠥᠭᠡᠨ ᠪᠠᠶᠢᠭᠤᠯᠤᠯᠲᠠ ᠪᠠᠷ ᠵᠢᠯᠣᠭᠤᠳᠣᠯᠭ᠎ᠠ ᠪᠣᠯᠭᠠᠵᠤ᠂ ᠤᠨᠴᠠᠯᠢᠬᠳᠤ ᠵᠢᠵᠢᠭ ᠪᠠᠯᠭᠠᠰᠤ᠂ ᠬᠤᠸᠠ ᠬᠠᠶ ᠶᠢᠨ ᠤᠯᠠᠭ᠎ᠠ ᠥᠷᠲᠡᠭᠡ ᠪᠠ ᠥᠪᠡᠷ ᠢᠶᠠᠨ ᠵᠢᠯᠣᠭᠤᠳᠬᠤ ᠬᠤᠸᠠᠷᠠᠨ ᠢ ᠵᠦᠶ ᠵᠣᠬᠢᠰᠲᠠᠶ ᠪᠠᠶᠢᠷᠢᠰᠢᠭᠤᠯᠵᠤ᠂ ᠰᠣᠶᠣᠯ ᠤᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠤᠶᠢᠯᠡᠰ ᠢ ᠲᠦᠷᠭᠡᠳᠬᠡᠨ ᠬᠥᠭᠵᠢᠭᠦᠯᠦᠨ᠎ᠡ᠃      ︵ᠰᠢᠩ ᠡᡁᠧ ᠰᠢᠶᠠᠨ ᠪᠣᠯ ᠳᠤᠮᠳᠠᠳᠤ ᠤᠯᠤᠰ ᠤᠨ ᠭᠤᠷᠪᠠᠨ ᠶᠡᠭᠡ ᠪᠠᠯ ᠴᠢᠯᠠᠭᠤᠨ ᠤ ᠰᠠᠭᠤᠷᠢᠨ ᠤ ᠨᠢᠭᠡ ᠪᠣᠯᠤᠨ᠎ᠠ᠂ ᠰᠢᠩ ᠡᡁᠧ ᠰᠢᠶᠠᠨ ᠪᠠᠯ ᠴᠢᠯᠠᠭᠤ᠂ ᠬᠥᠭᠡᠯᠭᠡᠭᠰᠡᠨ ᠰᠢᠷᠣᠢ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠣᠭᠤᠷᠢᠨ ᠳᠤ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠡᠷᠴᠢᠮ ᠢᠶᠠᠨ ᠴᠢᠩᠭᠠᠷᠠᠭᠤᠯᠵᠤ᠂ ᠪᠠᠯ ᠴᠢᠯᠠᠭᠤ᠂ ᠨᠡᠭᠦᠷᠡᠰᠦᠲᠥ᠋ᠷᠥᠭᠴᠢ᠂ ᠬᠥᠭᠡᠯᠭᠡᠭᠰᠡᠨ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠠᠪᠠᠭᠤᠯᠢᠭ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ ᠪᠣᠯᠤᠨ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ  ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠶᠢᠷᠡᠨ ᠥᠷᠭᠡᠵᠢᠬᠦ᠂ ᠦᠷᠳᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠦᠪᠰᠢᠨ ᠲᠡᠰᠢ ᠳᠡᠭᠡᠭᠰᠢᠯᠡᠬᠦ ᠶᠢ ᠠᠬᠢᠭᠤᠯᠤᠨ᠎ᠠ︶      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ᠄ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ︽ᠲᠥᠪᠯᠡᠷᠡᠭᠰᠡᠨ ᠣᠷᠣᠨ︾᠎ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠢᠴᠡᠳ ᠠᠰᠢᠭᠯᠠᠨ᠂ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠬᠤ ᠠᠵᠤ  ᠤᠶᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠳᠠᠭᠠᠭᠠᠨ ᠠᠪᠴᠤ᠂ ᠥᠩᠭᠡ ᠦᠵᠡᠮᠵᠢ ᠤᠰᠤᠲᠥ᠋ᠷᠥᠭᠴᠢ ᠡᠨᠧᠷᠭᠢ ᠶᠢᠨ ᠠᠵᠤ ᠤᠶᠢᠯᠡᠰ ᠵᠢᠴᠢ ᠰᠢᠨ᠎ᠡ ᠡᠨᠧᠷᠭᠢ ᠶᠢᠨ ᠳ᠋ᠢᠶᠠᠨ ᡂᠢ᠂ ᠳᠡᠭᠡᠳᠦ ᠲᠠᠰ ᠤᠨ ᠸᠠᠭᠠᠷ ᠱᠠᠭᠠᠵᠠᠩ ᠤᠨ ᠠᠵᠤ ᠤᠶᠢᠯᠡᠰ ᠢ ᠶᠡᠬᠡᠪᠡᠷ ᠬᠥᠭᠵᠢᠭᠦᠯᠵᠦ᠂ ᠭᠤᠸᠠᠩ ᠬᠤᠸᠠ ᠵᠢᠩ ᠰᠢᠩ ᠰᠢᠨ᠎ᠡ ᠮᠠᠲ᠋ᠧᠷᠢᠶᠠᠯ ᠤᠨ ᠠᠵᠤ ᠤᠶᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠢᠶᠠᠷ ᠭᠤᠤᠯᠯᠠᠭᠤᠯᠤᠭᠰᠠᠨ ᠪᠣᠬᠢᠷᠲᠤᠯ ᠥᠬᠡᠶ ᠬᠥᠭᠵᠢᠯᠲᠡ ᠶᠢᠨ ᠠᠵᠤ  ᠦᠢᠯᠡᠰ ᠤᠨ ᠰᠢᠰᠲ᠋ᠧᠮᠵᠢ ᠶᠢ ᠪᠣᠶ ᠪᠣᠯᠭᠠᠨ᠎ᠠ᠃      ︵ᠰᠢᠩ ᠾᠧ ᠰᠢᠶᠠᠨ ᠤ ︽ᠨᠡᠶᠢᠰᠯᠡᠯ ᠤᠨ ᠨᠢᠭᠡ ᠴᠠᠭ ᠤᠨ ᠠᠵᠤ ᠠᠬᠤᠶ ᠶᠢᠨ ᠲᠣᠭᠤᠷᠢᠭ︾᠎ ᠤᠨ ᠣᠷᠣᠨ ᠪᠠᠶᠢᠷᠢ ᠶᠢᠨ ᠳᠠᠪᠠᠭᠤᠯᠢᠭ ᠪᠠ ᠵᠠᠰᠠᠮᠠᠯ ᠵᠠᠮ᠂ ᠲᠡᠮᠦᠷ ᠵᠠᠮ ᠤᠨ ᠳᠥᠭᠦᠮ ᠳᠥᠲᠡ ᠵᠠᠮ ᠬᠠᠷᠢᠯᠴᠠᠭᠠᠨ ᠤ ᠳᠠᠪᠠᠭᠤᠯᠢᠭ ᠲᠠᠢ᠂ ᠪᠦᠷᠢᠨ ᠲᠡᠭᠦᠯᠳᠡᠷ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮ ᠨᠢ ᠰᠢᠩ ᠾᠧ ᠰᠢᠶᠠᠨ ᠤ ᠢᠷᠡᠭᠡᠳᠦᠶ ᠶᠢᠨ ᠬᠥᠭᠵᠢᠯᠲᠡ ᠶᠢᠨ ᠰᠢᠨ᠎ᠡ ᠲᠤᠯᠬᠤ ᠴᠡᠭ ᠪᠣᠯᠬᠤ ᠪᠣᠯᠤᠨ᠎ᠠ︶      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ᠄ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ︽ᠠᠴᠢᠶᠠᠯᠠᠪᠤᠷᠢ ᠶᠢᠨ ᠣᠷᠣᠨ︾᠎ ᠢ ᠪᠦᠬᠦ ᠤᠯᠠᠭᠠᠨᠴᠠᠪ — ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠥᠷᠥᠴᠡ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠠᠵᠠ ᠲᠣᠬᠢᠶᠠᠯ ᠢ ᠠᠰᠢᠭᠯᠠᠨ᠂ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠤᠶᠢᠯᠡᠰ ᠤᠨ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠤᠶᠢᠯᠡᠰ ᠤᠨ ᠲᠥᠷᠥᠯ ᠵᠤᠶᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠦᠷᠢᠶᠡᠯᠡᠩ ᠲᠣᠭᠤᠷᠢᠭ ᠢ ᠳᠤᠮᠳᠠᠳᠤ ᠣᠷᠣᠰ ᠮᠣᠩᠭᠤᠯ ᠳᠤ ᠬᠠᠨᠳᠤᠭᠤᠯᠤᠭᠰᠠᠨ᠂ ᠪᠡᠭᠡᠵᠢᠩ ᠲᠢᠶᠠᠨᠵᠢᠨ ᠾᠤᠪᠸᠢ ᠪᠠ ᠬᠥᠬᠡᠬᠤᠲᠠ ᠪᠤᠭᠤᠲᠤ ᠣᠷᠳᠣᠰ ᠤᠬᠠᠨ ᠳᠤ ᠤᠶᠢᠯᠡᠴᠢᠯᠡᠬᠦ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠤᠶᠢᠯᠡᠰ ᠤᠨ ︽ᠳᠠᠭᠠᠭᠠᠴᠠ ᠶᠢᠨ ᠣᠷᠣᠨ︾ ᠪᠣᠯᠭᠠᠨ ᠬᠥᠭᠵᠢᠭᠦᠯᠦᠨ᠎ᠡ᠃     ᠰᠤᠷᠪᠤᠯᠵᠢᠯᠠᠭᠴᠢ᠄ ᠵᠠ᠂ ᠸᠠᠩ ᠱᠦᠵᠢ ᠶᠢᠨ ᠪᠢᠳᠡᠨ ᠤ ᠰᠤᠷᠪᠤᠯᠵᠢᠯᠠᠭ᠎ᠠ ᠶᠢ ᠬᠦᠯᠢᠶᠡᠨ ᠠᠪᠤᠭᠰᠠᠨ ᠳᠤ ᠲᠠᠯᠠᠷᠬᠠᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠤ ᠠᠨᠳᠠ ᠨᠠᠷ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ᠃         ᠤᠷᠴᠢᠭᠤᠯᠤᠭᠴᠢ᠄ ᠨᠠᠷᠠᠰᠤ         ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3