ᠭᠤᠣᠯ ᠰᠡᠳᠦᠪ ᠄ | ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠵᠦ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ | ᠪᠠᠳᠠᠷᠠᠭᠤᠯᠵᠤ ᠰᠢᠩ ᠡᡁᠧ ᠰᠢᠶᠠᠨ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠦᠬᠦ ᠬᠦᠴᠦᠨ ᠢᠶᠠᠷ ᠢᠶᠠᠨ | ᠴᠣᠭᠴᠠᠯᠠᠨ ᠪᠠᠶᠢᠭᠤᠯᠤᠨ᠎ᠠ | ᠴᠠᠭ᠄ | 2021 ᠣᠨ ᠤ 8 ᠰᠠᠷ᠎ᠠ ᠶᠢᠨ 14 ᠤ ᠡᠳᠦᠷ | ᠵᠣᠴᠢᠨ᠄ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ | ᠲᠣᠪᠴᠢᠯᠠᠯ᠄ | ᠰᠢ ᠶᠢᠨ ᠫᠢᠩ ᠶᠡᠷᠦᠩᠬᠡᠢ ᠱᠦᠵᠢ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ | ᠬᠤᠷᠠᠯ ᠳᠡᠭᠡᠷ᠎ᠡ᠂ ᠤᠬ ᠰᠠᠨᠠᠭ᠎ᠠ ᠶᠢ ᠤᠯᠬᠤ ᠳᠤ ᠬᠢᠯᠪᠠᠷ᠂ ᠢᠮᠠᠭᠲᠠ ᠰᠠᠬᠢᠬᠤ ᠳᠤ ᠬᠦᠴᠢᠷ ᠶᠤᠮ ᠭᠡᠵᠦ | ᠴᠢᠬᠤᠯᠠᠴᠢᠯᠠᠪᠠ᠃ ᠰᠢᠩ ᠡᡁᠧ ᠰᠢᠶᠠᠨ ᠤ ᠬᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠡᠷᠡᠰ | ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠵᠠᠮ ᠨᠡᠭᠡᠭᠡᠨ ᠰᠢᠨ᠎ᠡ ᠶᠢ ᠡᠭᠦᠳᠬᠦ᠂ ᠦᠨᠡᠨᠬᠦ ᠠᠳᠬᠤᠵᠤ ᠪᠣᠳᠠᠲᠠᠢ | ᠠᠵᠢᠯᠯᠠᠬᠤ ᠤᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠶᠡᠷᠦᠩᠬᠡᠢ ᠱᠦᠵᠢ ᠶᠢᠨ ︽ | ᠲᠤᠯᠤᠭᠠᠨ ᠰᠠᠷ᠎ᠠ ᠶᠢᠨ ᠨᠢᠭᠡᠨ︾ ᠤ ᠶᠠᠷᠢᠶᠠᠨ ᠤ ᠰᠤᠷᠤᠯᠴᠠᠭᠰᠠᠨ ᠦᠷ᠎ᠡ ᠪᠦᠲᠦᠭᠡᠯ ᠢ ᠰᠢᠨ᠎ᠡ ᠠᠶᠠᠨ ᠵᠠᠮ ᠳᠤ | ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠵᠠᠢ᠃ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ | ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠨ᠎ᠠ᠃ | ᠰᠤᠷᠪᠤᠯᠵᠢᠯᠠᠭᠴᠢ᠄ ᠸᠠᠩ ᠱᠦᠵᠢ ᠲᠠ ᠰᠠᠶᠢᠨ ᠪᠠᠶᠢᠨ᠎ᠠ ᠤᠤ᠂ ᠰᠢᠩ ᠡᡁᠧ ᠰᠢᠶᠠᠨ ᠬᠡᠷᠬᠢᠨ ᠪᠦᠬᠦ | ᠬᠦᠴᠦᠨ ᠢᠶᠠᠷ ᠢᠶᠠᠨ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠠᠶᠢᠭᠤᠯᠵᠤ᠂ ᠠᠮᠢ ᠠᠬᠤᠢ ᠶᠢ ᠲᠡᠷᠢᠭᠦᠨ ᠳᠤ | ᠲᠠᠯᠪᠢᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠪᠤᠢ᠃ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ᠄ ᠨᠡᠶᠢᠰᠯᠡᠯ ᠳᠤ ᠬᠠᠨᠳᠤᠭᠰᠠᠨ ︽ᠲᠤᠮᠤ | ᠨᠣᠭᠤᠭ᠎ᠠ ᠶᠢᠨ ᠬᠦᠷᠢᠶᠡᠯᠡᠩ︾ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠰᠢᠩ ᠡᡁᠧ ᠣᠨᠴᠠᠭᠠᠢ ᠣᠷᠣᠨ | ᠪᠠᠶᠢᠷᠢ᠂ ᠵᠠᠮ ᠬᠠᠷᠢᠯᠴᠠᠭ᠎ᠠ᠂ ᠬᠥᠷᠥᠰᠥ ᠰᠢᠷᠣᠢ᠂ ᠤᠰᠤᠨ ᠤ ᠴᠢᠨᠠᠷ᠂ ᠠᠭᠤᠷ ᠠᠮᠢᠰᠬᠤᠯ ᠵᠡᠷᠭᠡ ᠳᠠᠪᠠᠭᠤᠯᠢᠭ ᠲᠤ | ᠰᠠᠭᠤᠷᠢᠯᠠᠵᠤ᠂ ᠪᠡᠭᠡᠵᠢᠩ ᠤᠨ ᠳᠡᠭᠡᠳᠦ ᠲᠡᠰ ᠤᠨ ᠵᠠᠬ᠎ᠠ ᠳᠡᠯᠭᠡᠭᠦᠷ ᠲᠠᠢ ᠤᠨᠢᠨ ᠳᠡᠭᠡᠷ᠎ᠡ ᠨᠢ ᠵᠣᠯᠭᠠᠭᠤᠯᠵᠤ᠂ | ᠤᠨᠴᠠᠯᠢᠬᠳᠤ ᠬᠦᠢᠳᠡᠨ ᠰᠡᠷᠢᠭᠦᠨ ᠢᠳᠡᠰᠢᠨ ᠨᠣᠭᠤᠭ᠎ᠠ ᠲᠠᠷᠢᠬᠤ᠂ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠪᠠ | ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠲᠠᠭᠠᠭᠤᠯᠤᠭᠴᠢ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠵᠠᠭᠤᠴᠢ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ᠂ ᠵᠠᠬᠢᠶᠠᠯᠠᠭ᠎ᠠ ᠶᠢᠨ ᠲᠠᠷᠢᠮᠠᠯ ᠢ | ᠬᠥᠭᠵᠢᠭᠦᠯᠵᠦ᠂ ︽ᠲᠥᠪ ᠲᠣᠭᠤᠭᠠᠨ ᠭᠡᠷ︾ ᠢ ᠪᠠᠶᠢᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ | ᠬᠦᠷᠲᠡᠯᠡᠬᠢ ᠪᠣᠬᠢᠷᠲᠤᠯ ᠦᠭᠡᠢ ᠣᠷᠭᠠᠨᠢᠭ ᠢᠳᠡᠰᠢᠨ ᠨᠣᠭᠤᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ | ᠲᠡᠭᠦᠯᠳᠡᠷᠵᠢᠭᠦᠯᠦᠨ᠎ᠡ᠃ | ︵ᠰᠢᠩ ᠾᠧ ᠰᠢᠶᠠᠨ ᠤ ᠲᠠᠭᠠᠯᠠᠮᠵᠢᠲᠠᠶ ᠠᠭᠤᠷ ᠠᠮᠢᠰᠬᠤᠯ ᠤᠨ ᠣᠷᠴᠢᠨ ᠲᠣᠭᠤᠷᠢᠨ ᠪᠠ ᠳᠥᠭᠦᠮ ᠳᠥᠲᠡ | ᠵᠠᠮ ᠬᠠᠷᠢᠯᠴᠠᠭᠠᠨ ᠤ ᠨᠥᠬᠦᠴᠡᠯ᠂ ᠰᠢᠩ ᠡᡁᠧ ᠰᠢᠶᠠᠨ ᠤ ᠬᠢᠨ ᠨᠡᠶᠢᠰᠯᠡᠯ ᠳᠤ ᠬᠠᠨᠳᠤᠭᠤᠯᠤᠭᠰᠠᠨ ᠳᠦᠷᠪᠡᠨ | ᠤᠯᠠᠷᠢᠯ ᠤᠨ ᠵᠤᠭᠠᠴᠠᠯ᠂ ᠪᠦᠬᠦ ᠣᠷᠣᠨ ᠪᠦᠰᠡ ᠶᠢᠨ ᠵᠤᠭᠠᠴᠠᠯ ᠤᠨ ᠠᠮᠠᠷᠠᠯᠲᠠ ᠶᠢᠨ ᠰᠠᠭᠤᠷᠢᠨ ᠢ ᠪᠦᠬᠦ | ᠬᠦᠴᠦᠨ ᠢᠶᠠᠷ ᠢᠶᠠᠨ ᠪᠠᠶᠢᠭᠤᠯᠬᠤ ᠳᠤ ᠪᠣᠯᠤᠮᠵᠢ ᠬᠠᠩᠭᠠᠵᠤ᠂ ᠪᠦᠬᠦ ᠣᠷᠣᠨ ᠪᠦᠰᠡ ᠶᠢᠨ ᠰᠣᠶᠣᠯ ᠠᠮᠢ ᠠᠬᠤᠢ ᠶᠢᠨ | ᠵᠤᠭᠠᠴᠠᠯ ᠢ ᠲᠦᠷᠭᠡᠨ ᠬᠥᠭᠵᠢᠭᠦᠯᠵᠦ᠂ ᠤᠳᠤ ᠦᠶ᠎ᠡ ᠶᠢᠨ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠦᠢᠯᠡᠴᠢᠯᠡᠭᠡᠨ ᠤ ᠪᠠᠷᠢᠮᠵᠢᠶ᠎ᠠ ᠶᠢ ᠪᠦᠷᠢᠨᠰᠢᠬᠦᠯᠵᠦ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠵᠦ᠂ ᠤᠤᠯ ᠤᠨ ᠠᠮᠢ ᠠᠬᠤᠢ ᠶᠢᠨ ᠪᠡᠭᠡᠵᠢᠩ ᠬᠤᠳᠠ ᠶᠢᠨ ᠲᠡᠭᠦᠷᠭᠡ ᠶᠢᠨ ᠵᠤᠭᠠᠴᠠᠯ ᠵᠤᠭᠠᠴᠠᠯ ᠤᠨ ︽ | ᠺᠠᠷᠲ ᠠᠪᠬᠤ ᠭᠠᠵᠠᠷ︾ ᠢ ᠪᠠᠶᠢᠭᠤᠯᠬᠤ ᠨᠢ ᠰᠢᠩ ᠡᡁᠧ ᠰᠢᠶᠠᠨ ᠤ ᠵᠤᠭᠠᠴᠠᠯ ᠤᠨ ᠬᠥᠭᠵᠢᠯᠲᠡ ᠶᠢᠨ ᠰᠢᠨ᠎ᠡ | ᠬᠠᠷᠠᠯᠲᠠ ᠪᠣᠯᠵᠠᠢ︶ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠶ᠄ ᠨᠡᠶᠢᠰᠯᠡᠯ ᠳᠤ ᠬᠠᠨᠳᠤᠭᠤᠯᠤᠭᠰᠠᠨ ︽ᠠᠷᠤ | ᠴᠡᠴᠡᠷᠯᠢᠭ︾ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠬᠥᠭᠵᠢᠨ ᠮᠠᠨᠳᠤᠬᠤ ᠪᠠ ᠦᠵᠡᠰᠬᠦᠯᠡᠩᠲᠦ ᠰᠠᠶᠢᠬᠠᠨ | ᠪᠠᠶᠢᠭᠠᠯᠢ ᠶᠢᠨ ᠠᠮᠢ ᠠᠬᠤᠶ ᠪᠠ ᠵᠠᠮ ᠬᠠᠷᠢᠯᠴᠠᠭᠠᠨ ᠤ ᠳᠠᠪᠠᠭᠤᠯᠢᠭ ᠣᠷᠣᠨ ᠪᠠᠶᠢᠷᠢ ᠳᠤ ᠰᠠᠭᠤᠷᠢᠯᠠᠵᠤ᠂ 2022 | ᠣᠨ ᠤ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠬᠤᠲᠠ ᠶᠢᠨ ᠪᠤᠶ ᠪᠣᠯᠭᠠᠭᠰᠠᠨ ᠯᠤᠲᠤ ᠶᠡᠭᠡ ᠵᠠᠬ᠎ᠠ | ᠳᠡᠯᠭᠡᠭᠦᠷ ᠤᠨ ᠠᠵᠠ ᠲᠣᠬᠢᠶᠠᠯ ᠢ ᠠᠮᠵᠢᠨ ᠠᠳᠬᠤᠵᠤ᠂ ᠰᠤᠮᠤᠨ ᠠᠭᠤᠯᠠ᠂ ᠴᠠᠷ ᠨᠠᠭᠤᠷ᠂ ᠳᠠᠯᠠᠨ ᠬᠠᠷ᠎ᠠ ᠠᠭᠤᠯᠠ | ᠂ ᠯᠣᠣ ᠯᠢ ᠬᠠᠶ᠂ ᠲᠤᠤ ᠵᠢᠦ ᠬᠤᠸᠠ ᠯᠢᠩ᠂ ᠴᠢ ᠵᠢᠶᠠ ᠶᠢᠩ ᠤᠰᠤᠨ ᠴᠥᠭᠦᠷᠥᠮ ᠵᠡᠷᠭᠡ ᠤᠤᠯ ᠤᠨ ᠠᠮᠢ | ᠠᠬᠤᠶ ᠶᠢᠨ ᠵᠢᠭᠤᠯᠴᠢᠯᠠᠯ ᠤᠨ ᠡᠬᠢ ᠪᠠᠶᠠᠯᠢᠭ ᠪᠠ ᠳ᠋ᠠ ᠨᠠᠨ ᠱᠠᠨ ᠤ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ | ᠣᠷᠣᠨ ᠤ ᠰᠣᠶᠣᠯ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠬᠤᠪᠢᠰᠬᠠᠯ ᠤᠨ ᠳᠤᠷᠠᠰᠬᠠᠯᠲᠤ | ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠯᠦ ᠵᠢᠶᠠ ᠶᠢᠩ ᠤᠨ ᠪᠥᠬᠦ ᠤᠯᠤᠰ ᠤᠨ ᠬᠥᠳᠡᠭᠡ ᠲᠣᠰᠬᠤᠨ ᠤ | ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠤ ᠪᠥᠲᠥᠭᠡᠨ ᠪᠠᠶᠢᠭᠤᠯᠤᠯᠲᠠ ᠪᠠᠷ ᠵᠢᠯᠣᠭᠤᠳᠣᠯᠭ᠎ᠠ ᠪᠣᠯᠭᠠᠵᠤ᠂ | ᠤᠨᠴᠠᠯᠢᠬᠳᠤ ᠵᠢᠵᠢᠭ ᠪᠠᠯᠭᠠᠰᠤ᠂ ᠬᠤᠸᠠ ᠬᠠᠶ ᠶᠢᠨ ᠤᠯᠠᠭ᠎ᠠ ᠥᠷᠲᠡᠭᠡ ᠪᠠ ᠥᠪᠡᠷ ᠢᠶᠠᠨ ᠵᠢᠯᠣᠭᠤᠳᠬᠤ | ᠬᠤᠸᠠᠷᠠᠨ ᠢ ᠵᠦᠶ ᠵᠣᠬᠢᠰᠲᠠᠶ ᠪᠠᠶᠢᠷᠢᠰᠢᠭᠤᠯᠵᠤ᠂ ᠰᠣᠶᠣᠯ ᠤᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ | ᠤᠶᠢᠯᠡᠰ ᠢ ᠲᠦᠷᠭᠡᠳᠬᠡᠨ ᠬᠥᠭᠵᠢᠭᠦᠯᠦᠨ᠎ᠡ᠃ | ︵ᠰᠢᠩ ᠡᡁᠧ ᠰᠢᠶᠠᠨ ᠪᠣᠯ ᠳᠤᠮᠳᠠᠳᠤ ᠤᠯᠤᠰ ᠤᠨ ᠭᠤᠷᠪᠠᠨ ᠶᠡᠭᠡ ᠪᠠᠯ ᠴᠢᠯᠠᠭᠤᠨ ᠤ ᠰᠠᠭᠤᠷᠢᠨ ᠤ ᠨᠢᠭᠡ | ᠪᠣᠯᠤᠨ᠎ᠠ᠂ ᠰᠢᠩ ᠡᡁᠧ ᠰᠢᠶᠠᠨ ᠪᠠᠯ ᠴᠢᠯᠠᠭᠤ᠂ ᠬᠥᠭᠡᠯᠭᠡᠭᠰᠡᠨ ᠰᠢᠷᠣᠢ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠲᠣᠭᠤᠷᠢᠨ ᠳᠤ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠪᠠᠯ ᠴᠢᠯᠠᠭᠤ᠂ ᠨᠡᠭᠦᠷᠡᠰᠦᠲᠥ᠋ᠷᠥᠭᠴᠢ᠂ ᠬᠥᠭᠡᠯᠭᠡᠭᠰᠡᠨ ᠰᠢᠷᠣᠢ ᠶᠢᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠠᠪᠠᠭᠤᠯᠢᠭ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ ᠪᠣᠯᠤᠨ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ | ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠶᠢᠷᠡᠨ ᠥᠷᠭᠡᠵᠢᠬᠦ᠂ ᠦᠷᠳᠡᠭ ᠤᠨ | ᠬᠡᠯᠬᠢᠶ᠎ᠡ ᠶᠢᠨ ᠳᠤᠮᠳᠠ ᠳᠡᠭᠡᠳᠦ ᠲᠦᠪᠰᠢᠨ ᠲᠡᠰᠢ ᠳᠡᠭᠡᠭᠰᠢᠯᠡᠬᠦ ᠶᠢ ᠠᠬᠢᠭᠤᠯᠤᠨ᠎ᠠ︶ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ᠄ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ | ᠠᠵᠤ ᠦᠢᠯᠡᠰ ᠤᠨ ︽ᠲᠥᠪᠯᠡᠷᠡᠭᠰᠡᠨ ᠣᠷᠣᠨ︾ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠶᠢ ᠭᠦᠢᠴᠡᠳ ᠠᠰᠢᠭᠯᠠᠨ᠂ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠬᠤ ᠠᠵᠤ | ᠤᠶᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠳᠠᠭᠠᠭᠠᠨ ᠠᠪᠴᠤ᠂ ᠥᠩᠭᠡ ᠦᠵᠡᠮᠵᠢ ᠤᠰᠤᠲᠥ᠋ᠷᠥᠭᠴᠢ | ᠡᠨᠧᠷᠭᠢ ᠶᠢᠨ ᠠᠵᠤ ᠤᠶᠢᠯᠡᠰ ᠵᠢᠴᠢ ᠰᠢᠨ᠎ᠡ ᠡᠨᠧᠷᠭᠢ ᠶᠢᠨ ᠳ᠋ᠢᠶᠠᠨ ᡂᠢ᠂ ᠳᠡᠭᠡᠳᠦ ᠲᠠᠰ ᠤᠨ ᠸᠠᠭᠠᠷ ᠱᠠᠭᠠᠵᠠᠩ ᠤᠨ | ᠠᠵᠤ ᠤᠶᠢᠯᠡᠰ ᠢ ᠶᠡᠬᠡᠪᠡᠷ ᠬᠥᠭᠵᠢᠭᠦᠯᠵᠦ᠂ ᠭᠤᠸᠠᠩ ᠬᠤᠸᠠ ᠵᠢᠩ ᠰᠢᠩ ᠰᠢᠨ᠎ᠡ ᠮᠠᠲ᠋ᠧᠷᠢᠶᠠᠯ ᠤᠨ ᠠᠵᠤ | ᠤᠶᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠢᠶᠠᠷ | ᠭᠤᠤᠯᠯᠠᠭᠤᠯᠤᠭᠰᠠᠨ ᠪᠣᠬᠢᠷᠲᠤᠯ ᠥᠬᠡᠶ ᠬᠥᠭᠵᠢᠯᠲᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠣᠶ ᠪᠣᠯᠭᠠᠨ᠎ᠠ᠃ | ︵ᠰᠢᠩ ᠾᠧ ᠰᠢᠶᠠᠨ ᠤ ︽ᠨᠡᠶᠢᠰᠯᠡᠯ ᠤᠨ ᠨᠢᠭᠡ ᠴᠠᠭ ᠤᠨ ᠠᠵᠤ ᠠᠬᠤᠶ ᠶᠢᠨ ᠲᠣᠭᠤᠷᠢᠭ︾ ᠤᠨ ᠣᠷᠣᠨ | ᠪᠠᠶᠢᠷᠢ ᠶᠢᠨ ᠳᠠᠪᠠᠭᠤᠯᠢᠭ ᠪᠠ ᠵᠠᠰᠠᠮᠠᠯ ᠵᠠᠮ᠂ ᠲᠡᠮᠦᠷ ᠵᠠᠮ ᠤᠨ ᠳᠥᠭᠦᠮ ᠳᠥᠲᠡ ᠵᠠᠮ ᠬᠠᠷᠢᠯᠴᠠᠭᠠᠨ ᠤ | ᠳᠠᠪᠠᠭᠤᠯᠢᠭ ᠲᠠᠢ᠂ ᠪᠦᠷᠢᠨ ᠲᠡᠭᠦᠯᠳᠡᠷ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮ ᠨᠢ ᠰᠢᠩ ᠾᠧ ᠰᠢᠶᠠᠨ ᠤ | ᠢᠷᠡᠭᠡᠳᠦᠶ ᠶᠢᠨ ᠬᠥᠭᠵᠢᠯᠲᠡ ᠶᠢᠨ ᠰᠢᠨ᠎ᠡ ᠲᠤᠯᠬᠤ ᠴᠡᠭ ᠪᠣᠯᠬᠤ ᠪᠣᠯᠤᠨ᠎ᠠ︶ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ᠄ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ | ᠠᠵᠤ ᠦᠢᠯᠡᠰ ᠤᠨ ︽ᠠᠴᠢᠶᠠᠯᠠᠪᠤᠷᠢ ᠶᠢᠨ ᠣᠷᠣᠨ︾ ᠢ ᠪᠦᠬᠦ ᠤᠯᠠᠭᠠᠨᠴᠠᠪ — ᠡᠷᠢᠶᠡᠨ ᠬᠤᠲᠠ ᠶᠢᠨ | ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠥᠷᠥᠴᠡ | ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠠᠵᠠ ᠲᠣᠬᠢᠶᠠᠯ ᠢ ᠠᠰᠢᠭᠯᠠᠨ᠂ ᠶᠡᠷᠦᠩᠬᠡᠶᠢᠯᠡᠭᠰᠡᠨ ᠪᠠᠷᠠᠭᠠᠨ ᠤ | ᠭᠦᠢᠯᠭᠡᠭᠡᠨ ᠤ ᠠᠵᠤ ᠤᠶᠢᠯᠡᠰ ᠤᠨ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠰᠠᠭᠤᠷᠢ | ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠤᠶᠢᠯᠡᠰ ᠤᠨ ᠲᠥᠷᠥᠯ ᠵᠤᠶᠢᠯ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠦᠷᠢᠶᠡᠯᠡᠩ ᠲᠣᠭᠤᠷᠢᠭ ᠢ ᠳᠤᠮᠳᠠᠳᠤ ᠣᠷᠣᠰ ᠮᠣᠩᠭᠤᠯ ᠳᠤ | ᠬᠠᠨᠳᠤᠭᠤᠯᠤᠭᠰᠠᠨ᠂ ᠪᠡᠭᠡᠵᠢᠩ ᠲᠢᠶᠠᠨᠵᠢᠨ ᠾᠤᠪᠸᠢ ᠪᠠ ᠬᠥᠬᠡᠬᠤᠲᠠ ᠪᠤᠭᠤᠲᠤ ᠣᠷᠳᠣᠰ ᠤᠬᠠᠨ ᠳᠤ | ᠤᠶᠢᠯᠡᠴᠢᠯᠡᠬᠦ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠤᠶᠢᠯᠡᠰ ᠤᠨ ︽ᠳᠠᠭᠠᠭᠠᠴᠠ ᠶᠢᠨ ᠣᠷᠣᠨ︾ | ᠪᠣᠯᠭᠠᠨ ᠬᠥᠭᠵᠢᠭᠦᠯᠦᠨ᠎ᠡ᠃ | ᠰᠤᠷᠪᠤᠯᠵᠢᠯᠠᠭᠴᠢ᠄ ᠵᠠ᠂ ᠸᠠᠩ ᠱᠦᠵᠢ ᠶᠢᠨ ᠪᠢᠳᠡᠨ ᠤ ᠰᠤᠷᠪᠤᠯᠵᠢᠯᠠᠭ᠎ᠠ ᠶᠢ ᠬᠦᠯᠢᠶᠡᠨ ᠠᠪᠤᠭᠰᠠᠨ ᠳᠤ | ᠲᠠᠯᠠᠷᠬᠠᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠤ ᠠᠨᠳᠠ | ᠨᠠᠷ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ᠃ | | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |