ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶ ᠶᠢᠨ ᠠᠵᠢᠯᠯᠠᠭᠠᠨ ᠤ | ᠰᠢᠨ᠎ᠡ ᠪᠠᠶᠢᠳᠠᠯ ᠳᠤ ᠴᠢᠭᠯᠡᠭᠦᠯᠦᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ | ᠱᠠᠭᠠᠷᠳᠠᠪᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠢᠯ ᠣᠯᠭᠤᠯᠲᠠ ᠶᠢ ᠠᠬᠢᠭᠤᠯᠬᠤ ᠲᠥᠯᠥᠪᠵᠢᠭᠦᠯᠭᠡ ᠶᠢ ᠬᠢᠨᠠᠨ | ᠪᠠᠲᠤᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 8 ᠳ᠋ᠤᠭᠠᠷ ᠰᠠᠷ᠎ᠠ ᠶᠢᠨ 16 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠢ ᠶᠢᠨ ᠠᠵᠢᠯᠯᠠᠭᠠᠨ ᠤ ᠰᠢᠨ᠎ᠡ | ᠪᠠᠶᠢᠳᠠᠯ ᠳᠤ ᠴᠢᠭᠯᠡᠭᠦᠯᠦᠨ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ︔ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠢᠯ ᠣᠯᠭᠤᠯᠲᠠ ᠶᠢ ᠠᠬᠢᠭᠤᠯᠬᠤ ᠲᠥᠯᠥᠪᠵᠢᠭᠦᠯᠭᠡ ᠶᠢ ᠬᠢᠨᠠᠨ ᠪᠠᠲᠤᠯᠠᠵᠤ | ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠵᠢᠯ | ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ 7 ᠳ᠋ᠤᠭᠠᠷ ᠰᠠᠷ᠎ᠠ ᠶᠢᠨ ᠳᠤᠮᠳᠠᠴᠢ ᠠᠴᠠ ᠨᠠᠭᠠᠰᠢ᠂ ᠮᠠᠨ ᠤ ᠤᠯᠤᠰ ᠤᠨ ᠣᠯᠠᠨ | ᠭᠠᠵᠠᠷ ᠲᠤ ᠣᠨᠴᠠᠭᠠᠶ ᠠᠭᠤᠷ ᠠᠮᠢᠰᠬᠤᠯ ᠤᠨ ᠪᠠᠶᠢᠳᠠᠯ ᠭᠠᠷᠴᠤ᠂ ᠬᠦᠨᠳᠦ ᠨᠣᠴᠢᠲᠠᠶ ᠦᠶᠡᠷ ᠤᠰᠤᠲᠤᠯ ᠤᠨ ᠭᠠᠮᠰᠢᠭ ᠢ | ᠪᠣᠢ ᠪᠣᠯᠭᠠᠵᠤ᠂ ᠣᠯᠠᠨ ᠮᠤᠵᠢ ᠣᠯᠠᠨ ᠭᠠᠵᠠᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠥᠷᠪᠢᠰᠴᠦ᠂ | ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠶᠡᠭᠡ ᠪᠠᠷ ᠬᠡᠯᠪᠡᠯᠵᠡᠵᠦ᠂ ᠳᠡᠯᠡᠬᠡᠶ ᠶᠢᠨ ᠠᠵᠤ ᠠᠬᠤᠶ ᠶᠢᠨ ᠪᠠᠶᠢᠳᠠᠯ | ᠡᠭᠡᠳᠡᠷᠡᠭᠡᠨ ᠪᠤᠳᠤᠯᠢᠶᠠᠨᠲᠠᠶ ᠪᠣᠯᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠰᠢᠨ᠎ᠡ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠵᠤ᠂ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠴᠢᠩᠭᠠᠳᠬᠠᠵᠤ | ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠨᠢᠭᠡ ᠳᠤ᠂ | ᠬᠢᠵᠢᠭ ᠤᠨ ᠪᠠᠶᠢᠳᠠᠯ ᠢ ᠬᠤᠷᠢᠭᠯᠠᠬᠤ ᠪᠠ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ᠂ ᠰᠡᠷᠭᠦᠭᠡᠨ ᠲᠠᠬᠢᠨ ᠪᠠᠶᠢᠭᠤᠯᠬᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠪᠠᠨ | ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ | ᠦᠭᠡᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠲᠣᠭᠲᠠᠴᠠ ᠶᠢ | ᠪᠦᠷᠢᠨᠰᠢᠭᠦᠯᠵᠦ᠂ ᠢᠯᠠᠩᠭᠤᠶ᠎ᠠ ᠭᠤᠣᠯ ᠭᠤᠭᠴᠤᠭ᠎ᠠ ᠶᠢᠨ ᠵᠠᠩᠭᠢᠯᠠᠭ᠎ᠠ ᠶᠢᠨ ᠪᠣᠭᠤᠮᠲᠠ ᠶᠢ ᠪᠠᠲᠤ ᠰᠠᠬᠢᠬᠤ ᠬᠡᠷᠡᠭᠲᠡᠶ᠃ | ᠦᠶᠡᠷ ᠤᠰᠤᠲᠤᠯ ᠵᠡᠷᠭᠡ ᠭᠠᠶ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠠ ᠠᠶᠤᠯ ᠠᠴᠠ ᠠᠪᠤᠷᠠᠨ ᠠᠷᠭᠠᠴᠠᠭᠠᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠳᠡᠮᠵᠢᠯᠭᠡ ᠶᠢᠨ ᠡᠷᠴᠢᠮ ᠢᠶᠠᠨ ᠴᠢᠩᠭᠠᠳᠬᠠᠵᠤ᠂ | ᠭᠠᠮᠰᠢᠭᠳᠠᠭᠰᠠᠨ ᠭᠠᠵᠠᠷ ᠣᠷᠣᠨ ᠢ ᠲᠦᠷᠭᠡᠪᠴᠢᠯᠡᠨ ᠰᠡᠷᠭᠦᠭᠡᠵᠦ ᠲᠠᠬᠢᠨ ᠪᠥᠳᠥᠭᠡᠨ ᠪᠠᠶᠢᠭᠤᠯᠬᠤ ᠠᠵᠢᠯ ᠢ ᠠᠬᠢᠭᠤᠯᠬᠤ | ᠬᠡᠷᠡᠭᠲᠡᠢ᠃ ᠨᠠᠮᠤᠷ ᠤᠨ ᠠᠮᠤ ᠲᠠᠷᠢᠶ᠎ᠠ ᠶᠢ ᠨᠥᠬᠦᠵᠦ ᠳᠠᠷᠢᠬᠤ ᠪᠠ ᠥᠭᠡᠷᠡᠴᠢᠯᠡᠨ ᠳᠠᠷᠢᠬᠤ᠂ ᠤᠰᠤᠨ ᠳᠤ ᠠᠪᠲᠠᠭᠰᠠᠨ | ᠲᠠᠷᠢᠶᠠᠨ ᠭᠠᠵᠠᠷ ᠪᠠ ᠪᠡᠯᠡᠳᠬᠡᠮᠵᠢ ᠶᠢ ᠰᠡᠯᠪᠢᠨ ᠵᠠᠰᠠᠬᠤ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ | ᠪᠡᠯᠡᠳᠬᠡᠮᠵᠢ ᠶᠢ ᠪᠦᠷᠢᠨᠰᠢᠭᠦᠯᠬᠦ ᠵᠡᠷᠭᠡ ᠶᠢ ᠴᠢᠩᠭ᠎ᠠ ᠪᠥᠭᠡᠳ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠠᠵᠢᠯ | ᠣᠯᠭᠤᠯᠲᠠ ᠶᠢ ᠪᠠᠲᠤᠯᠠᠬᠤ ᠠᠵᠢᠯ ᠢ ᠲᠤᠪᠤᠶᠢᠯᠭᠠᠨ ᠰᠠᠶᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠪᠠ | ᠨᠡᠶᠢᠭᠡᠮᠴᠢᠯᠡᠭᠰᠡᠨ ᠠᠵᠢᠯ ᠣᠯᠭᠤᠯᠲᠠ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ | ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠬᠥᠮᠥᠰ ᠪᠠ ᠬᠦᠴᠢᠷᠳᠡᠯ ᠲᠠᠢ ᠤᠯᠠᠨ ᠲᠦᠮᠡᠨ ᠤ ᠠᠵᠢᠯ ᠣᠯᠭᠤᠯᠲᠠ ᠶᠢ | ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠᠷ ᠳᠠᠮᠵᠢᠭᠤᠯᠤᠨ ᠤᠯᠠᠨ | ᠲᠦᠮᠡᠨ ᠤ ᠣᠷᠣᠯᠭ᠎ᠠ ᠪᠠ ᠠᠮᠢᠳᠤᠷᠠᠯ ᠢ ᠪᠠᠲᠤᠯᠠᠬᠤ ᠬᠡᠷᠡᠭᠲᠡᠢ᠃ ᠭᠤᠷᠪᠠ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠦᠴᠢᠷᠳᠡᠯ ᠢ ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠨᠢᠭᠡᠨᠲᠡ ᠲᠣᠭᠲᠠᠭᠠᠭᠰᠠᠨ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠳᠤᠷ᠎ᠠ ᠪᠠᠷ ᠢᠶᠠᠨ ᠰᠦᠢᠳᠬᠡᠯ | ᠬᠤᠷᠢᠶᠠᠬᠤ ᠶᠢ ᠬᠤᠷᠢᠭᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ | ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ ᠪᠠᠭᠤᠷᠠᠭᠤᠯᠤᠭᠰᠠᠨ ᠪᠠᠯᠠ ᠮᠥᠩᠭᠦ ᠵᠡᠷᠭᠡ ᠶᠢ ᠰᠠᠶᠢᠲᠤᠷ | ᠬᠡᠷᠡᠭᠯᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠦᠵᠡᠭᠦᠯᠬᠦ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠴᠢᠩᠭᠠᠳᠬᠠᠬᠤ ᠬᠡᠷᠡᠭᠲᠡᠢ᠃ ᠲᠦᠷᠪᠡ ᠳᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠴᠢᠬᠤᠯᠠ ᠲᠦᠭᠦᠬᠡᠶ ᠮᠠᠲ᠋ᠧᠷᠢᠶᠠᠯ ᠤᠨ ᠦᠨ᠎ᠡ ᠬᠠᠩᠰᠢ ᠶᠢᠨ | ᠥᠰᠥᠯᠲᠡ ᠶᠢ ᠠᠷᠭᠠᠴᠠᠭᠠᠬᠤ ᠲᠥᠰᠦᠯ ᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠢ ᠵᠦᠢ ᠵᠣᠬᠢᠰᠲᠠᠶ ᠪᠠᠷ ᠨᠡᠮᠡᠭᠳᠡᠭᠦᠯᠦᠨ᠂ ᠨᠥᠭᠡᠴᠡᠯᠡᠬᠦ ᠪᠠ ᠲᠠᠯᠪᠢᠬᠤ ᠶᠢ ᠰᠢᠨᠵᠢᠯᠡᠬᠦ ᠤᠬᠠᠭᠠᠨᠴᠢ ᠪᠠᠷ | ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠲᠠᠸᠠᠷ ᠤᠨ ᠵᠠᠬ᠎ᠠ ᠳᠡᠯᠭᠡᠭᠦᠷ ᠤᠨ ᠬᠤᠯᠪᠣᠯᠳᠤᠭᠰᠠᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢᠨ ᠲᠣᠭᠲᠠᠴᠠ ᠶᠢ ᠦᠷᠭᠦᠯᠵᠢᠯᠡᠨ | ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠲᠠᠪᠤ ᠳᠤ᠂ | ᠭᠠᠮᠰᠢᠭᠳᠠᠭᠰᠠᠨ ᠤᠯᠠᠨ ᠲᠦᠮᠡᠨ ᠢ ᠲᠥᠪᠬᠢᠨᠡᠭᠦᠯᠬᠦ ᠪᠠ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠵᠦ᠂ | ᠤᠮᠠᠷᠠᠲᠤ ᠣᠷᠣᠨ ᠭᠠᠮᠰᠢᠭᠳᠠᠭᠰᠠᠨ ᠤᠯᠠᠨ ᠲᠦᠮᠡᠨ ᠤ ᠠᠮᠤᠷ ᠲᠦᠪᠰᠢᠨ ᠮᠥᠷᠲᠡᠭᠡᠨ ᠳᠤᠯᠠᠭᠠᠨ ᠢᠶᠠᠷ ᠡᠪᠦᠯᠵᠢᠬᠦ ᠶᠢ | ᠪᠠᠲᠤᠯᠠᠬᠤ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠶ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠳ ᠠᠵᠤ ᠠᠬᠤᠢ ᠶᠢᠨ ᠬᠠᠨᠳᠤᠰᠢ ᠶᠢᠨ ᠬᠤᠪᠢᠷᠠᠯᠲᠠ ᠶᠢ ᠨᠠᠷᠢᠨ ᠨᠢᠭᠲᠠ ᠮᠥᠷᠳᠡᠨ | ᠳᠠᠭᠠᠵᠤ᠂ ᠲᠦᠷᠦ ᠶᠢᠨ ᠪᠤᠳᠤᠯᠭ᠎ᠠ ᠶᠢᠨ ᠤᠶᠠᠯᠳᠤᠯ ᠢ ᠰᠢᠯᠢᠳᠡᠭᠵᠢᠭᠦᠯᠬᠦ ᠬᠡᠷᠡᠭᠲᠡᠢ᠃ ᠬᠡᠷᠡᠭᠯᠡᠭᠡ ᠶᠢ ᠲᠣᠭᠲᠠᠭᠤᠨ ᠢᠶᠠᠷ | ᠰᠡᠷᠭᠦᠭᠡᠨ ᠨᠡᠮᠡᠭᠳᠡᠭᠦᠯᠬᠦ ᠶᠢ ᠠᠬᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢ | ᠰᠠᠶᠢᠲᠤᠷ ᠬᠡᠷᠡᠭᠯᠡᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠶᠢ ᠲᠠᠶᠢᠴᠢᠯᠠᠵᠤ᠂ ᠨᠡᠩ ᠪᠦᠲᠦᠮᠵᠢᠲᠡᠶ | ᠨᠡᠭᠡᠭᠡᠯᠳᠡ ᠶᠢᠨ ᠠᠷᠭ᠎ᠠ ᠬᠡᠮᠵᠢᠶ᠎ᠡ ᠪᠠᠷ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠵᠤ᠂ | ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠪᠠ ᠲᠠᠶᠢᠯᠤᠮᠵᠢ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠢᠲᠡᠭᠡᠯ ᠢ ᠨᠡᠮᠡᠭᠳᠡᠭᠦᠯᠵᠦ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠮᠠᠨ ᠤ ᠤᠯᠤᠰ ᠤᠨ ᠬᠤᠲᠠ ᠪᠠᠯᠭᠠᠰᠤᠨ ᠤ ᠠᠵᠢᠯ ᠣᠯᠭᠤᠯᠲᠠ ᠶᠢᠨ ᠳᠠᠷᠤᠯᠲᠠ ᠮᠥᠨ ᠬᠦ ᠨᠡᠯᠢᠶᠡᠳ | ᠶᠡᠭᠡ ᠪᠠᠶᠢᠭ᠎ᠠ ᠪᠣᠯᠬᠤᠷ ᠠᠵᠢᠯ ᠣᠯᠭᠤᠯᠲᠠ ᠶᠢ ᠦᠷᠭᠦᠯᠵᠢᠯᠡᠨ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠬᠤᠷᠸ᠎ᠠ | ᠲᠥᠷᠥ ᠶᠢᠨ ᠪᠣᠳᠣᠯᠭ᠎ᠠ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ | ᠴᠢᠩᠭᠠᠳᠬᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠩ ᠭᠦᠢᠴᠡᠳ ᠨᠡᠩ ᠴᠢᠨᠠᠷᠯᠢᠭ | ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ ᠨᠢᠭᠡ ᠳᠤ᠂ ᠡᠳ᠋ ᠤᠨ ᠵᠠᠰᠠᠭ᠂ ᠵᠣᠭᠤᠰ ᠮᠥᠩᠭᠦ ᠵᠡᠷᠭᠡ | ᠲᠦᠷᠦ ᠶᠢᠨ ᠪᠤᠳᠤᠯᠭ᠎ᠠ ᠪᠠᠷ ᠠᠵᠢᠯ ᠣᠯᠭᠤᠯᠲᠠ ᠶᠢ ᠳᠡᠮᠵᠢᠬᠦ ᠤᠳᠤᠷᠢᠳᠤᠮᠵᠢ ᠶᠢ ᠴᠢᠩᠭᠠᠳᠬᠠᠵᠤ᠂ ᠠᠵᠢᠯ ᠣᠯᠭᠤᠯᠲᠠ ᠶᠢᠨ | ᠴᠢᠳᠠᠪᠤᠷᠢ ᠪᠠᠷ ᠴᠢᠩᠭ᠎ᠠ ᠬᠥᠳᠡᠯᠮᠦᠷᠢ ᠬᠤᠷᠠᠭᠰᠠᠨ ᠬᠡᠯᠪᠡᠷᠢ ᠶᠢᠨ ᠠᠵᠢᠯ ᠲᠦᠷᠦᠯ ᠤᠨ ᠬᠥᠭᠵᠢᠯᠲᠡ ᠶᠢ ᠰᠢᠩᠭᠡᠭᠡᠨ ᠠᠪᠬᠤ ᠶᠢ | ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠠᠭᠤᠰᠤᠯᠳᠤᠨ | ᠬᠥᠭᠵᠢᠬᠦ ᠶᠢ ᠠᠬᠢᠭᠤᠯᠵᠤ᠂ ᠤᠯᠠᠨ ᠠᠷᠭ᠎ᠠ ᠵᠠᠮ ᠢᠶᠠᠷ ᠠᠮᠢᠳᠤᠯᠢᠭ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ᠃ | ᠬᠤᠶᠠᠷ ᠲᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠴᠢᠩᠭᠠᠳᠬᠠᠵᠤ᠂ ᠠᠵᠢᠯ | ᠣᠯᠭᠤᠯᠲᠠ ᠶᠢᠨ ᠳᠠᠬᠢᠨ ᠢᠶᠠᠷ ᠨᠡᠮᠡᠭᠳᠡᠬᠦ ᠦᠢᠯᠡᠳᠦᠯ ᠢ ᠶᠡᠬᠡᠰᠬᠡᠬᠦ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠳᠠᠯ ᠦᠢᠯᠡᠰ ᠴᠣᠭᠴᠠᠯᠠᠬᠤ ᠶᠢ ᠬᠦᠯᠢᠶᠡᠰᠦᠯᠡᠵᠦ ᠪᠠᠶᠢᠭ᠎ᠠ ᠪᠠᠬᠢᠯᠡᠯᠲᠡ ᠶᠢ | ᠡᠪᠳᠡᠵᠦ᠂ ᠠᠳᠠᠯ ᠦᠢᠯᠡᠰ ᠴᠣᠭᠴᠠᠯᠠᠬᠤ ᠳᠤ ᠦᠵᠡᠭᠦᠯᠬᠦ ᠳᠡᠮᠵᠢᠯᠭᠡ ᠶᠢ ᠴᠢᠩᠭᠠᠳᠬᠠᠨ᠂ ᠠᠵᠤ ᠠᠬᠤᠶᠢᠯᠠᠯᠲᠠᠨ ᠤ ᠵᠣᠷᠢᠭ | ᠰᠠᠨᠠᠭ᠎ᠠ ᠶᠢ ᠬᠠᠮᠠᠭᠠᠯᠠᠵᠤ᠂ ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠬᠤ ᠢᠳᠡᠪᠬᠢᠵᠢᠯ ᠢ ᠨᠢ ᠬᠥᠭᠵᠢᠭᠡᠬᠦ ᠬᠡᠷᠡᠭᠲᠡᠢ᠃ | ᠭᠤᠷᠪᠠ ᠳᠤ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠬᠤᠳᠠᠯᠳᠤᠭᠠᠨ ᠤ ᠵᠠᠭᠪᠤᠷ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠢᠨ᠎ᠡ ᠠᠵᠢᠯ ᠤᠨ ᠪᠠᠶᠢᠷᠢ ᠶᠢ ᠨᠡᠮᠡᠭᠳᠡᠭᠦᠯᠬᠦ ᠬᠡᠷᠡᠭᠲᠡᠢ᠃ ᠲᠦᠷᠪᠡ ᠳᠤ᠂ | ᠲᠣᠭᠲᠠᠴᠠ ᠪᠠ ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ | ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠪᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ | ᠵᠡᠷᠭᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃ ᠠᠵᠢᠯ ᠣᠯᠭᠤᠯᠲᠠ ᠶᠢᠨ | ᠭᠠᠳᠠᠭᠤᠷᠴᠢᠯᠠᠯ ᠢ ᠴᠢᠷᠮᠠᠶᠢᠨ ᠠᠷᠢᠯᠭᠠᠵᠤ᠂ ᠠᠮᠢᠳᠤᠯᠢᠭ ᠢᠶᠠᠷ ᠠᠵᠢᠯ ᠣᠯᠤᠭᠰᠠᠳ ᠪᠠ ᠨᠠᠰᠤ ᠠᠬᠢᠬᠰᠠᠨ᠂ ᠡᠮᠡᠭᠲᠡᠶ | ᠬᠥᠳᠡᠯᠮᠦᠷᠢᠴᠢᠨ ᠵᠡᠷᠭᠡ ᠶᠢᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠲᠠᠪᠤ ᠳᠤ᠂ ᠵᠠᠬ᠎ᠠ | ᠳᠡᠯᠭᠡᠭᠦᠷ ᠤᠨ ᠬᠡᠷᠡᠭᠴᠡᠭᠡ ᠳᠤ ᠬᠠᠨᠳᠤᠭᠤᠯᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ | ᠴᠢᠩᠭᠠᠳᠬᠠᠵᠤ᠂ ᠬᠥᠳᠡᠯᠮᠦᠷᠢᠴᠢᠳ ᠤᠨ ᠤᠷ᠎ᠠ ᠴᠢᠳᠠᠪᠤᠷᠢ ᠪᠠ ᠠᠶᠤᠯ ᠦᠭᠡᠢ ᠦᠢᠯᠡᠳᠪᠦᠷᠢᠯᠡᠯ ᠤᠨ ᠬᠡᠪ ᠴᠢᠨᠠᠷ ᠢ ᠨᠢ | ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |