ᠰᠢ ᠶᠢᠨ ᠫᠢᠩ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ ᠬᠤᠷᠠᠯ ᠢ | ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠬᠠᠮᠲᠤ ᠪᠠᠷ | ᠪᠡᠶᠡᠵᠢᠬᠤ ᠶᠢ ᠠᠬᠢᠭᠤᠯᠵᠤ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠠᠵᠢᠯ ᠢ ᠨᠢᠭᠡᠳᠦᠯᠲᠡᠢ ᠲᠥᠯᠥᠪᠵᠢᠬᠦᠯᠦᠨ ᠰᠠᠶᠢᠲᠤᠷ ᠬᠢᠬᠦ ᠬᠡᠷᠡᠭᠲᠡᠢ | ᠯᠢ ᠺᠧ ᠴᠢᠶᠠᠩ ᠸᠠᠩ ᠶᠠᠩ ᠸᠠᠩ ᠬᠤ᠋ ᠨᠢᠩ ᠬᠠᠨ ᠵᠧᠩ ᠬᠤᠷᠠᠯ ᠳᠤ ᠣᠷᠣᠯᠴᠠᠪᠠ | ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 17 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠡᠷᠬᠢᠯᠡᠭᠴᠢ ᠰᠢ ᠶᠢᠨ ᠫᠢᠩ 8 ᠰᠠᠷ᠎ᠠ ᠶᠢᠨ 17 ᠤ ᠡᠳᠦᠷ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠬᠠᠮᠲᠤ ᠪᠠᠷ ᠪᠡᠶᠡᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠠᠰᠠᠭᠤᠳᠠᠯ ᠢ ᠰᠤᠳᠤᠯᠵᠤ᠂ ᠮᠥᠩᠭᠦᠨ | ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠮᠥᠩᠭᠦᠨ ᠭᠦᠢᠯᠭᠡᠭᠡᠨ ᠢ | ᠲᠣᠭᠲᠠᠭᠤᠨ ᠢᠶᠠᠷ ᠬᠦᠭᠵᠢᠬᠦᠯᠬᠦ ᠠᠵᠢᠯ ᠢ ᠰᠠᠶᠢᠲᠤᠷ ᠬᠢᠬᠦ ᠠᠰᠠᠭᠤᠳᠠᠯ ᠢ ᠰᠤᠳᠤᠯᠪᠠ᠃ ᠰᠢ ᠶᠢᠨ ᠫᠢᠩ ᠬᠤᠷᠠᠯ ᠳᠡᠭᠡᠷ᠎ᠡ | ᠴᠢᠬᠤᠯᠠ ᠶᠠᠷᠢᠶ᠎ᠠ ᠲᠠᠯᠪᠢᠬᠤ ᠳᠠᠭᠠᠨ᠂ ᠬᠠᠮᠲᠤ ᠪᠠᠷ ᠪᠡᠶᠡᠵᠢᠬᠤ ᠪᠣᠯ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ | ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠣᠨᠴᠠᠯᠢᠭ ᠮᠥᠨ᠂ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ | ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ︔ ᠮᠥᠩᠭᠦᠨ ᠭᠦᠢᠯᠭᠡᠭᠡᠨ ᠪᠣᠯ ᠤᠳᠤ ᠦᠶ᠎ᠡ ᠶᠢᠨ ᠠᠵᠤ ᠠᠬᠤᠢ ᠶᠢᠨ | ᠭᠤᠣᠯᠯᠠᠬᠴᠢ ᠮᠥᠨ᠂ ᠬᠥᠭᠵᠢᠯᠲᠡ ᠪᠠ ᠠᠮᠤᠷ ᠲᠦᠪᠰᠢᠨ ᠳᠤ ᠬᠤᠯᠪᠣᠭᠳᠠᠨ᠎ᠠ᠂ ᠵᠠᠬ᠎ᠠ ᠳᠡᠯᠭᠡᠭᠦᠷᠵᠢᠯᠲᠡ ᠬᠠᠤᠯᠢᠵᠢᠯᠳᠠ ᠶᠢᠨ | ᠵᠠᠷᠴᠢᠮ ᠢ ᠵᠢᠷᠤᠮᠯᠠᠵᠤ᠂ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ | ᠨᠢᠭᠡᠳᠦᠯᠲᠡᠢ ᠲᠦᠯᠦᠪᠵᠢᠬᠦᠯᠦᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠳᠡᠳ᠋ | ᠡᠷᠬᠢᠯᠡᠭᠴᠢ ᠯᠢ ᠺᠧ ᠴᠢᠶᠠᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ | ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ᠂ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ | ᠱᠦᠵᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠨ ᠸᠠᠩ ᠬᠤ᠋ ᠨᠢᠩ᠂ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ | ᠳᠡᠳ᠋ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠨ ᠬᠠᠨ ᠵᠧᠩ ᠬᠤᠷᠠᠯ ᠳᠤ | ᠣᠷᠣᠯᠴᠠᠵᠠᠢ᠃ | ᠬᠤᠷᠠᠯ ᠠᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠥᠪ ᠤᠨ ᠬᠥᠳᠡᠭᠡ ᠲᠣᠰᠬᠤᠨ ᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠮᠲᠤ ᠪᠠᠷ ᠪᠡᠶᠡᠵᠢᠬᠤ ᠶᠢ ᠯᠠᠪᠳᠠᠭᠤᠨ ᠪᠠᠲᠤᠲᠠᠶ | ᠠᠬᠢᠭᠤᠯᠬᠤ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠮᠳᠠᠳᠤ ᠤᠯᠤᠰ ᠤᠨ ᠠᠷᠠᠳ ᠤᠨ ᠪᠠᠩᠬᠢ | ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠦᠨᠡᠲᠦ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠶᠠᠮᠤᠨ ᠤ ᠮᠥᠩᠭᠦᠨ ᠭᠦᠶ᠋ᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ | ᠮᠥᠩᠭᠦᠨ ᠭᠦᠢᠯᠭᠡᠭᠡᠨ ᠢ ᠲᠣᠭᠲᠠᠭᠤᠨ ᠢᠶᠠᠷ ᠬᠦᠭᠵᠢᠬᠦᠯᠬᠦ ᠠᠵᠢᠯ ᠢ ᠰᠠᠶᠢᠲᠤᠷ ᠬᠢᠬᠦ ᠠᠰᠠᠭᠤᠳᠠᠯ ᠤᠨ ᠲᠤᠬᠠᠶ ᠬᠠᠷᠢᠭᠤ | ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠥᠭᠡᠷᠡᠴᠢᠯᠡᠯᠲᠡ ᠨᠡᠭᠡᠭᠡᠯᠳᠠ ᠬᠢᠭᠰᠡᠨ ᠤ ᠲᠠᠷᠠᠭ᠎ᠠ᠂ ᠮᠠᠨ ᠤ ᠨᠠᠮ ᠵᠥᠪ ᠪᠤᠷᠤᠭᠤ ᠬᠤᠶᠠᠷ ᠲᠠᠯ᠎ᠠ ᠶᠢᠨ | ᠲᠡᠦᠬᠡ ᠶᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠶᠠᠳᠠᠭᠤ ᠬᠤᠭᠤᠰᠣᠨ ᠪᠣᠯ ᠨᠡᠶᠢᠭᠡᠮ ᠵᠢᠷᠤᠮ ᠪᠢᠰᠢ ᠭᠡᠳᠡᠭ ᠢ ᠲᠠᠨᠢᠵᠤ᠂ | ᠤᠯᠠᠮᠵᠢᠯᠠᠯᠲᠤ ᠪᠠᠶᠢᠭᠤᠯᠤᠮᠵᠢ ᠶᠢᠨ ᠬᠦᠯᠢᠶᠡᠰᠦᠯᠡᠯ ᠢ ᠡᠪᠳᠡᠵᠦ᠂ ᠬᠡᠰᠡᠭ ᠬᠥᠮᠦᠨ᠂ ᠬᠡᠰᠡᠭ ᠭᠠᠵᠠᠷ ᠣᠷᠣᠨ ᠤᠷᠢᠳ ᠢᠶᠠᠷ | ᠪᠠᠶᠠᠵᠢᠬᠤ ᠶᠢ ᠵᠥᠪᠰᠢᠶᠡᠷᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠬᠦ ᠶᠢ ᠠᠬᠢᠭᠤᠯᠵᠠᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠪᠦᠬᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠬᠦᠴᠦᠲᠡᠢ | ᠠᠷᠭ᠎ᠠ ᠬᠡᠮᠵᠢᠶ᠎ᠡ ᠠᠪᠴᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ | ᠬᠠᠮᠲᠤ ᠪᠠᠷ ᠪᠠᠶᠠᠵᠢᠬᠤ ᠶᠢ ᠠᠬᠢᠭᠤᠯᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠴᠡᠢ᠃ ᠪᠢᠳᠡ ᠶᠠᠭ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ ᠪᠠᠶᠢᠨ᠎ᠠ᠂ ᠮᠠᠨ ᠤ ᠤᠯᠤᠰ ᠤᠨ ᠨᠡᠶᠢᠭᠡᠮ ᠤᠨ | ᠭᠤᠣᠯ ᠵᠥᠷᠢᠴᠡᠯ ᠤᠨ ᠬᠤᠪᠢᠷᠠᠯᠲᠠ ᠳᠤ ᠵᠣᠬᠢᠴᠠᠭᠤᠯᠤᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠳᠤ ᠡᠷᠬᠡᠪᠰᠢ ᠪᠦᠬᠦ ᠠᠷᠠᠳ | ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢ ᠠᠷᠠᠳ ᠲᠦᠮᠡᠨ ᠳᠤ ᠵᠣᠯ ᠵᠢᠷᠭᠠᠯ ᠣᠯᠭᠤᠬᠤ ᠬᠦᠴᠦᠯᠡᠬᠦ ᠴᠡᠭ | ᠪᠣᠯᠭᠠᠵᠤ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ | ᠭᠡᠵᠤ ᠵᠢᠭᠠᠵᠤ ᠭᠠᠷᠭᠠᠵᠠᠢ᠃ | ᠬᠤᠷᠠᠯ ᠠᠴᠠ᠂ ᠬᠠᠮᠲᠤ ᠪᠠᠷ ᠪᠡᠶᠡᠵᠢᠬᠤ ᠪᠣᠯ ᠪᠦᠬᠦ ᠠᠷᠠᠳ ᠲᠦᠮᠡᠨ ᠤ ᠪᠠᠶᠠᠵᠢᠯ ᠮᠥᠨ᠂ ᠠᠷᠠᠳ ᠤᠯᠠᠨ ᠤ | ᠪᠣᠳᠠᠰ ᠤᠨ ᠠᠮᠢᠳᠤᠷᠠᠯ ᠪᠣᠯᠤᠨ ᠤᠶᠤᠨ ᠤ ᠠᠮᠢᠳᠤᠷᠠᠯ ᠪᠦᠷ ᠪᠡᠶᠡᠵᠢᠬᠤ ᠶᠠᠪᠤᠳᠠᠯ ᠮᠦᠨ᠂ ᠬᠠᠷᠢᠨ ᠴᠥᠭᠡᠨ ᠲᠣᠭᠠᠨ ᠤ | ᠬᠥᠮᠦᠰ ᠤᠨ ᠪᠠᠶᠠᠵᠢᠯ ᠪᠢᠰᠢ᠂ ᠮᠦᠨ ᠴᠤ ᠵᠢᠭᠳᠡ ᠪᠠᠷ ᠲᠡᠭᠰᠢᠳᠬᠡᠬᠦ ᠦᠵᠡᠯ ᠪᠢᠰᠢ᠂ ᠱᠠᠳᠤ ᠬᠤᠪᠢᠶᠠᠨ ᠬᠠᠮᠲᠤ ᠪᠠᠷ | ᠪᠠᠶᠠᠵᠢᠬᠤ ᠶᠢ ᠠᠬᠢᠭᠤᠯᠬᠤ ᠬᠡᠷᠡᠭᠲᠡᠢ᠃ ᠠᠵᠢᠯᠴᠢ ᠬᠥᠳᠡᠯᠮᠦᠷᠢᠴᠢ ᠪᠠᠷ ᠰᠢᠨ᠎ᠡ ᠶᠢ ᠡᠭᠦᠳᠴᠦ ᠪᠠᠶᠠᠵᠢᠬᠤ ᠶᠢ | ᠵᠣᠷᠢᠭᠵᠢᠭᠤᠯᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ | ᠠᠷᠠᠳ ᠲᠦᠮᠡᠨ ᠤ ᠰᠤᠷᠭᠠᠨ ᠬᠥᠮᠦᠵᠢᠯ ᠬᠦᠷᠳᠡᠬᠦ ᠬᠡᠮᠵᠢᠶ᠎ᠡ ᠶᠢ ᠳᠡᠭᠡᠭᠰᠢᠯᠡᠭᠦᠯᠬᠦ᠂ ᠬᠥᠭᠵᠢᠯᠲᠡ ᠶᠢᠨ ᠴᠢᠳᠠᠪᠤᠷᠢ ᠶᠢ | ᠨᠡᠮᠡᠭᠳᠡᠭᠦᠯᠬᠦ ᠳᠤ ᠨᠡᠩ ᠲᠦᠭᠡᠮᠡᠯ ᠬᠦᠷᠳᠡᠭᠡᠮᠵᠢᠳᠤ ᠲᠥᠪ ᠭᠤᠣᠯᠴᠢ ᠨᠥᠬᠦᠴᠡᠯ ᠢ ᠡᠭᠦᠳᠦᠨ ᠦᠭᠴᠤ᠂ ᠥᠭᠡᠳᠡᠯᠡᠬᠦ ᠵᠠᠮ ᠢ | ᠰᠠᠭᠠᠳ ᠦᠭᠡᠢ ᠨᠡᠪᠲᠡᠷᠡᠭᠦᠯᠵᠦ᠂ ᠨᠡᠩ ᠤᠯᠠᠨ ᠬᠥᠮᠦᠨ ᠳᠤ ᠪᠠᠶᠠᠵᠢᠬᠤ ᠲᠣᠬᠢᠶᠠᠯ ᠢ ᠡᠭᠦᠳᠦᠨ ᠥᠭᠴᠦ᠂ ᠬᠥᠮᠦᠨ ᠪᠦᠬᠦᠨ | ᠣᠷᠣᠯᠴᠠᠬᠰᠠᠨ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠦᠨᠳᠦᠰᠦᠨ ᠠᠵᠤ ᠠᠬᠤᠢ ᠶᠢᠨ | ᠪᠠᠶᠢᠭᠤᠯᠤᠯ ᠢ ᠪᠠᠷᠢᠮᠲᠠᠯᠠᠵᠤ᠂ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠰᠠᠭᠤᠷᠢᠯᠠᠨ᠂ ︽ᠬᠤᠶᠠᠷ ᠥᠴᠦᠬᠡᠨ ᠴᠦ | ᠭᠤᠶᠢᠪᠢᠰᠢ ᠦᠭᠡᠢ ᠪᠠᠶᠢᠬᠤ︾ ᠶᠢ ᠪᠠᠷᠢᠮᠲᠠᠯᠠᠵᠤ᠂ ᠨᠡᠶᠢᠲᠡ ᠶᠢᠨ ᠥᠮᠴᠢᠯᠡᠯ ᠢᠶᠠᠷ ᠭᠤᠣᠯ ᠴᠣᠭᠴᠠ ᠪᠣᠯᠭᠠᠵᠤ᠂ ᠤᠯᠠᠨ | ᠲᠦᠷᠦᠯ ᠤᠨ ᠥᠮᠴᠢᠯᠡᠯ ᠤᠨ ᠲᠦᠷᠢᠮᠳᠤ ᠠᠵᠤ ᠠᠬᠤᠢ ᠶᠢ ᠬᠠᠮᠲᠤ ᠪᠠᠷ ᠬᠥᠭᠵᠢᠭᠦᠯᠬᠦ ᠶᠢ ᠪᠠᠷᠢᠮᠲᠠᠯᠠᠵᠤ᠂ ᠬᠡᠰᠡᠭ ᠬᠥᠮᠦᠰ | ᠤᠷᠢᠳ ᠢᠶᠠᠷ ᠪᠠᠶᠠᠵᠢᠬᠤ ᠶᠢ ᠵᠦᠪᠰᠢᠶᠡᠷᠡᠵᠤ᠂ ᠤᠷᠢᠳ ᠢᠶᠠᠷ ᠪᠠᠶᠠᠵᠢᠭᠰᠠᠨ ᠨᠢ ᠪᠠᠶᠠᠵᠢᠭᠠᠳᠤᠢ ᠪᠠᠨ ᠳᠠᠶᠢᠴᠢᠯᠠᠬᠤ᠂ | ᠪᠠᠶᠠᠵᠢᠭᠠᠳᠤᠢ ᠪᠠᠨ ᠬᠠᠪᠰᠤᠷᠴᠤ᠂ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠬᠦ᠂ ᠬᠠᠤᠯᠢ ᠶᠣᠰᠣᠭᠠᠷ ᠡᠵᠡᠩᠨᠡᠬᠦ᠂ | ᠵᠣᠷᠢᠭᠲᠠᠢ ᠪᠠᠷ ᠦᠢᠯᠡᠰ ᠪᠤᠰᠬᠠᠬᠤ ᠪᠠᠶᠠᠵᠢᠯ ᠤᠨ ᠲᠠᠭᠠᠭᠤᠯᠤᠬᠴᠢ ᠶᠢ ᠭᠤᠣᠯᠳᠠᠯᠭ᠎ᠠ ᠲᠠᠢ ᠵᠣᠷᠢᠭᠵᠢᠭᠤᠯᠬᠤ ᠬᠡᠷᠡᠭᠲᠡᠢ᠃ | ᠴᠢᠳᠠᠯ ᠤᠨ ᠬᠢᠷᠢ ᠪᠠᠷ ᠢᠶᠠᠨ ᠬᠢᠵᠦ᠂ ᠰᠢᠨᠵᠢᠯᠡᠬᠦ ᠤᠬᠠᠭᠠᠨᠴᠢ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠶᠢᠨ | ᠰᠢᠰᠲ᠋ᠧᠮ ᠢ ᠪᠠᠶᠢᠭᠤᠯᠵᠤ᠂ ᠬᠥᠮᠦᠨ ᠪᠦᠬᠦᠨ ᠡᠳ᠋ᠯᠡᠭᠰᠡᠨ ᠵᠦᠢ ᠵᠣᠬᠢᠰᠲᠠᠢ ᠬᠤᠪᠢᠶᠠᠷᠢᠯᠠᠯᠲᠠ ᠶᠢᠨ ᠪᠠᠶᠢᠷᠢᠰᠢᠯ ᠢ ᠪᠤᠢ | ᠪᠣᠯᠭᠠᠬᠤ ᠶᠢᠨ ᠬᠠᠮᠲᠤ ᠬᠡᠷᠡᠭᠴᠡᠭᠡ ᠪᠠ ᠪᠣᠯᠤᠮᠵᠢ ᠶᠢ ᠨᠢᠭᠡᠳᠦᠯᠲᠡᠢ ᠲᠥᠯᠥᠪᠵᠢᠭᠦᠯᠵᠤ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠢ ᠠᠵᠤ ᠠᠬᠤᠢ ᠶᠢᠨ ᠬᠥᠭᠵᠢᠯᠲᠡ ᠪᠠ ᠡᠳ᠋ ᠤᠨ ᠬᠦᠴᠦᠨ ᠤ ᠦᠷᠭᠦᠯᠵᠢᠯᠡᠬᠦ ᠰᠠᠭᠤᠷᠢᠨ ᠳᠡᠭᠡᠷ᠎ᠡ | ᠪᠠᠶᠢᠭᠤᠯᠵᠤ᠂ ᠰᠠᠭᠤᠷᠢ ᠴᠢᠨᠠᠷᠲᠠᠢ᠂ ᠲᠦᠭᠡᠮᠡᠯ ᠬᠦᠷᠳᠡᠭᠡᠮᠵᠢᠳᠤ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠬᠤ ᠬᠡᠷᠡᠭᠲᠡᠢ᠃ ᠠᠯᠬᠤᠮ | ᠲᠠᠷᠠᠭ᠎ᠠ ᠲᠠᠢ ᠪᠠᠷ ᠤᠷᠤᠭᠰᠢᠯᠠᠬᠤ ᠶᠢ ᠪᠠᠷᠢᠮᠲᠠᠯᠠᠵᠤ᠂ ᠬᠠᠮᠲᠤ ᠪᠠᠷ ᠪᠠᠶᠠᠵᠢᠬᠤ ᠶᠢᠨ ᠤᠷᠳᠤ ᠬᠤᠭᠤᠴᠠᠭᠠᠲᠤ ᠴᠢᠨᠠᠷ᠂ ᠪᠡᠷᠬᠡ | ᠬᠠᠲᠠᠭᠤᠵᠢᠯᠲᠤ ᠴᠢᠨᠠᠷ᠂ ᠪᠤᠳᠤᠯᠢᠶᠠᠨᠲᠤ ᠴᠢᠨᠠᠷ ᠢ ᠭᠦᠢᠴᠡᠳ ᠵᠢᠱᠢᠵᠦ᠂ ᠡᠯ᠎ᠡ ᠭᠠᠵᠠᠷ ᠤᠨ ᠬᠢᠨ ᠤ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠪᠦᠲᠦᠮᠵᠢᠲᠡᠢ ᠠᠷᠭ᠎ᠠ ᠵᠠᠮ ᠢ ᠬᠠᠶᠢᠨ ᠰᠦᠪᠡᠭᠴᠢᠯᠡᠵᠦ᠂ ᠲᠤᠷᠰᠢᠯᠭ᠎ᠠ ᠪᠠᠨ ᠳ᠋ᠦᠩᠨᠡᠨ᠂ | ᠠᠯᠬᠤᠮ ᠠᠯᠬᠤᠮ ᠢᠶᠠᠷ ᠳᠡᠯᠭᠡᠷᠡᠭᠦᠯᠬᠦ ᠶᠢ ᠵᠣᠷᠢᠭᠵᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠦᠷ᠎ᠡ ᠠᠰᠢᠭ ᠪᠠ ᠲᠥᠪ | ᠭᠤᠣᠯᠴᠢ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠤ᠂ ᠠᠩᠬᠠᠨ ᠤ ᠬᠤᠪᠢᠶᠠᠷᠢᠯᠠᠯᠲᠠ᠂ ᠳᠠᠬᠢᠨ ᠬᠤᠪᠢᠶᠠᠷᠢᠯᠠᠯᠲᠠ᠂ | ᠭᠤᠷᠪᠠᠳᠤᠭᠠᠷ ᠤᠳᠠᠭᠠᠨ ᠤ ᠬᠤᠪᠢᠶᠠᠷᠢᠯᠠᠯᠲᠠ ᠶᠢ ᠵᠣᠬᠢᠴᠠᠩᠭᠤᠢ ᠢᠵᠢ ᠪᠦᠷᠢᠳᠦᠭᠰᠡᠨ ᠰᠠᠭᠤᠷᠢ ᠴᠢᠨᠠᠷᠲᠠᠶ ᠳᠦᠷᠢᠮ ᠤᠨ | ᠲᠣᠬᠢᠷᠠᠭᠤᠯᠤᠯᠲᠠ ᠶᠢ ᠪᠠᠶᠢᠭᠤᠯᠵᠤ᠂ ᠭᠠᠶᠢᠯᠢ᠂ ᠨᠡᠶᠢᠭᠡᠮ ᠤᠨ ᠪᠠᠲᠤᠯᠠᠭ᠎ᠠ᠂ ᠰᠢᠯᠵᠢᠭᠦᠯᠦᠨ ᠥᠭᠴᠦ ᠲᠤᠭᠠᠴᠠᠭ᠎ᠠ ᠬᠢᠬᠦ | ᠵᠡᠷᠭᠡ ᠶᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠳᠤᠮᠳᠠ | ᠲᠡᠰ ᠤᠨ ᠣᠷᠣᠯᠭ᠎ᠠ ᠲᠠᠢ ᠬᠦᠮᠦᠰ ᠤᠨ ᠬᠤᠪᠢ ᠶᠢᠨ ᠵᠢᠩ ᠢ ᠥᠷᠭᠡᠳᠬᠡᠵᠦ᠂ ᠲᠤᠤᠷ᠎ᠠ ᠣᠷᠣᠯᠭ᠎ᠠ ᠲᠠᠢ ᠬᠦᠮᠦᠰ ᠤᠨ | ᠣᠷᠣᠯᠭ᠎ᠠ ᠶᠢ ᠨᠡᠮᠡᠭᠳᠡᠭᠦᠯᠵᠦ᠂ ᠥᠨᠳᠥᠷ ᠣᠷᠣᠯᠭ᠎ᠠ ᠶᠢ ᠵᠣᠬᠢᠰᠲᠠᠶ ᠲᠣᠬᠢᠷᠠᠭᠤᠯᠵᠤ᠂ ᠬᠠᠤᠯᠢ ᠪᠤᠰᠤ ᠣᠷᠣᠯᠭ᠎ᠠ ᠶᠢ | ᠴᠠᠭᠠᠵᠠᠯᠠᠵᠤ᠂ ᠳᠤᠮᠳᠠᠬᠢ ᠬᠡᠰᠡᠭ ᠨᠢ ᠶᠡᠭᠡ᠂ ᠬᠤᠶᠠᠷ ᠦᠵᠦᠭᠦᠷ ᠨᠢ ᠪᠠᠭ᠎ᠠ ᠠᠷᠤᠷ᠎ᠠ ᠬᠡᠯᠪᠡᠷᠢ ᠶᠢᠨ ᠬᠤᠪᠢᠶᠠᠷᠢᠯᠠᠯᠲᠠ ᠶᠢᠨ | ᠪᠦᠲᠦᠴᠡ ᠶᠢ ᠪᠦᠷᠢᠯᠳᠦᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠬᠥᠮᠦᠨ ᠤ ᠪᠦᠬᠦ | ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠦᠬᠦ ᠠᠷᠠᠳ ᠲᠦᠮᠡᠨ ᠢ ᠬᠠᠮᠲᠤ ᠪᠠᠷ ᠪᠠᠶᠠᠵᠢᠬᠤ ᠬᠠᠷᠠᠯᠲᠠ ᠲᠡᠶᠢᠰᠢ ᠯᠠᠪᠳᠠᠭᠤᠨ | ᠪᠠᠲᠤᠲᠠᠶ ᠤᠷᠤᠭᠰᠢᠯᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠥᠭᠵᠢᠯᠲᠡ ᠶᠢᠨ ᠲᠡᠩᠴᠡᠭᠦᠷᠢᠲᠦ ᠴᠢᠨᠠᠷ᠂ ᠵᠣᠬᠢᠴᠠᠩᠭᠤᠢ ᠴᠢᠨᠠᠷ᠂ ᠪᠠᠭᠲᠠᠭᠠᠮᠵᠢᠲᠤ ᠴᠢᠨᠠᠷ ᠢ | ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠲᠦᠷᠭᠡᠳᠬᠡᠨ | ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ ᠢ ᠴᠢᠩᠭᠠᠳᠬᠠᠵᠤ᠂ ᠠᠵᠢᠯ | ᠲᠦᠷᠦᠯ ᠤᠨ ᠬᠥᠭᠵᠢᠯᠲᠡ ᠶᠢᠨ ᠵᠣᠬᠢᠴᠠᠩᠭᠤᠢ ᠴᠢᠨᠠᠷ ᠢ ᠴᠢᠩᠭᠠᠳᠬᠠᠵᠤ᠂ ᠳᠤᠮᠳᠠ ᠪᠠᠭ᠎ᠠ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠬᠦ ᠬᠡᠷᠡᠭᠲᠡᠢ᠃ ᠳᠤᠮᠳᠠ ᠲᠡᠰ ᠤᠨ ᠣᠷᠣᠯᠭ᠎ᠠ ᠲᠠᠢ ᠬᠥᠮᠦᠰ ᠤᠨ ᠬᠡᠪᠴᠢᠶ᠎ᠡ ᠶᠢ ᠬᠦᠴᠦᠯᠡᠨ | ᠥᠷᠭᠡᠳᠬᠡᠵᠦ᠂ ᠭᠤᠣᠯᠳᠠᠯᠭ᠎ᠠ ᠶᠢ ᠠᠳᠬᠤᠨ᠂ ᠤᠨᠢᠨ ᠲᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠨᠡᠩ ᠤᠯᠠᠨ | ᠲᠤᠤᠷ᠎ᠠ ᠣᠷᠣᠯᠭ᠎ᠠ ᠲᠠᠢ ᠬᠥᠮᠦᠰ ᠤᠨ ᠳᠤᠮᠳᠠ ᠲᠡᠰ ᠤᠨ ᠣᠷᠣᠯᠭ᠎ᠠ ᠲᠠᠢ ᠬᠦᠮᠦᠰ ᠤᠨ ᠡᠩᠨᠡᠭᠡᠨ ᠳᠤ ᠣᠷᠣᠬᠤ ᠶᠢ | ᠠᠬᠢᠭᠤᠯᠬᠤ ᠬᠡᠷᠡᠭᠲᠡᠢ᠃ ᠣᠯᠠᠨ ᠨᠡᠶᠢᠲᠡ ᠶᠢᠨ ᠦᠨᠳᠦᠰᠦᠨ ᠦᠶ᠋ᠯᠡᠴᠢᠯᠡᠭᠡ ᠶᠢ ᠲᠡᠩᠴᠡᠬᠦᠷᠢᠰᠢᠬᠦᠯᠬᠦ ᠶᠢ ᠠᠬᠢᠭᠤᠯᠵᠤ᠂ | ᠲᠦᠭᠡᠮᠡᠯ ᠬᠦᠷᠳᠡᠬᠡᠮᠵᠢᠳᠤ ᠴᠢᠨᠠᠷᠲᠠᠶ ᠬᠥᠮᠦᠨ ᠤ ᠬᠦᠴᠦᠨ ᠤ ᠬᠥᠷᠥᠩᠭᠡ ᠶᠢᠨ ᠣᠷᠣᠭᠤᠯᠤᠯᠲᠠ ᠶᠢ ᠨᠡᠮᠡᠭᠳᠡᠭᠦᠯᠵᠦ᠂ | ᠨᠠᠰᠤᠵᠢᠯ ᠤᠨ ᠠᠰᠠᠷᠠᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ᠂ ᠦᠨᠳᠦᠰᠦᠨ ᠵᠦᠶ᠋ᠯ ᠢ ᠪᠠᠲᠤᠯᠠᠬᠤ ᠠᠪᠤᠷᠠᠨ | ᠲᠤᠰᠠᠯᠠᠬᠤ ᠰᠢᠰᠲ᠋ᠧᠮ᠂ ᠣᠷᠣᠨ ᠰᠠᠭᠤᠴᠠ ᠶᠢᠨ ᠬᠠᠩᠭᠠᠯᠭ᠎ᠠ ᠪᠠ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠶ | ᠃ ᠥᠨᠳᠥᠷ ᠣᠷᠣᠯᠭ᠎ᠠ ᠶᠢ ᠵᠢᠷᠤᠮᠵᠢᠭᠤᠯᠬᠤ ᠪᠠ ᠲᠣᠬᠢᠷᠠᠭᠤᠯᠬᠤ ᠠᠵᠢᠯ ᠢ ᠴᠢᠩᠭᠠᠳᠬᠠᠵᠤ᠂ ᠬᠠᠤᠯᠢ ᠶᠣᠰᠣᠨ ᠤ | ᠣᠷᠣᠯᠭ᠎ᠠ ᠶᠢ ᠬᠠᠤᠯᠢ ᠶᠣᠰᠣᠭᠠᠷ ᠬᠠᠮᠠᠭᠠᠯᠠᠵᠤ᠂ ᠬᠡᠳᠦ ᠥᠨᠳᠥᠷ ᠣᠷᠣᠯᠭ᠎ᠠ ᠶᠢ ᠵᠦᠢ ᠵᠣᠬᠢᠰᠲᠠᠢ ᠲᠣᠬᠢᠷᠠᠭᠤᠯᠵᠤ᠂ ᠥᠨᠳᠥᠷ | ᠣᠷᠣᠯᠭ᠎ᠠ ᠲᠠᠢ ᠬᠥᠮᠦᠰ ᠪᠠ ᠠᠵᠤ ᠠᠬᠤᠶᠢᠯᠠᠯ ᠤᠨ ᠨᠡᠶᠢᠭᠡᠮ ᠳᠤ ᠨᠡᠩ ᠢᠯᠡᠭᠦᠦ ᠠᠴᠢ ᠬᠠᠷᠢᠭᠤᠯᠠᠬᠤ ᠶᠢ ᠵᠣᠷᠢᠭᠵᠢᠭᠤᠯᠬᠤ | ᠬᠡᠷᠡᠭᠲᠡᠢ᠃ ᠵᠣᠬᠢᠰ ᠦᠭᠡᠶ ᠣᠷᠣᠯᠭ᠎ᠠ ᠶᠢ ᠢᠯᠭᠠᠷᠠᠭᠤᠯᠤᠨ ᠵᠢᠷᠤᠮᠵᠢᠭᠤᠯᠵᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠡᠮᠬᠢ | ᠳᠢᠭᠯᠢᠮ ᠢ ᠴᠡᠭᠴᠡᠯᠡᠨ᠂ ᠬᠠᠤᠯᠢ ᠪᠤᠰᠤ ᠣᠷᠣᠯᠭ᠎ᠠ ᠶᠢ ᠡᠷᠡᠰ ᠴᠠᠭᠠᠵᠠᠯᠠᠬᠤ ᠬᠡᠷᠡᠭᠲᠡᠶ᠃ ᠥᠮᠴᠢᠯᠡᠯ ᠤᠨ ᠡᠷᠬᠡ ᠪᠠ | ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠵᠤ᠂ ᠬᠠᠤᠯᠢ ᠶᠣᠰᠣᠭᠠᠷ ᠪᠠᠶᠠᠵᠢᠬᠤ ᠶᠢ ᠬᠠᠮᠠᠭᠠᠯᠠᠵᠤ᠂ ᠡᠯ᠎ᠡ ᠲᠦᠷᠦᠯ ᠤᠨ | ᠬᠦᠷᠦᠩᠭᠡ ᠶᠢᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠤ ᠤᠶᠤᠨ ᠤ | ᠠᠮᠢᠳᠤᠷᠠᠯ ᠤᠨ ᠬᠠᠮᠲᠤ ᠪᠠᠷ ᠪᠡᠶᠡᠵᠢᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ | ᠵᠢᠯᠤᠭᠤᠳᠤᠭᠤᠯᠬᠤ ᠶᠢ ᠴᠢᠩᠭᠠᠳᠬᠠᠵᠤ᠂ ᠠᠷᠠᠳ ᠤᠯᠠᠨ ᠤ ᠤᠯᠠᠨ ᠶᠠᠩᠵᠤ ᠶᠢᠨ᠂ ᠤᠯᠠᠨ ᠲᠡᠰ ᠳᠠᠪᠬᠤᠷᠭ᠎ᠠ ᠶᠢᠨ᠂ ᠤᠯᠠᠨ | ᠲᠠᠯ᠎ᠠ ᠶᠢᠨ ᠤᠶᠤᠨ ᠤ ᠪᠡ ᠰᠣᠶᠣᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃ ᠬᠠᠮᠲᠤ ᠪᠠᠷ | ᠪᠠᠶᠠᠵᠢᠬᠤ ᠶᠢ ᠠᠬᠢᠭᠤᠯᠬᠤ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠵᠤ᠂ ᠬᠠᠮᠲᠤ ᠪᠠᠷ ᠪᠠᠶᠠᠵᠢᠬᠤ ᠶᠢ | ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ ᠬᠠᠩᠭᠠᠬᠤ ᠬᠡᠷᠡᠭᠲᠡᠢ᠃ ᠲᠠᠷᠢᠶᠠᠴᠢᠨ | ᠬᠥᠳᠡᠭᠡ ᠲᠣᠰᠬᠤᠨ ᠤ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠤᠨ ᠤᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠣᠷᠣᠰᠢᠨ | ᠰᠠᠭᠤᠷᠢᠰᠢᠬᠤ ᠣᠷᠴᠢᠨ ᠨᠦᠬᠦᠴᠡᠯ ᠢ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠶᠢ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠨᠢᠭᠡ ᠪᠣᠯᠭᠠᠵᠤ᠂ ᠬᠡᠳᠦᠨ ᠵᠢᠯ ᠤᠨ | ᠲᠤᠷᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠮᠥᠩᠭᠦᠨ ᠭᠦᠢᠯᠭᠡᠭᠡᠨ ᠤ ᠵᠥᠪᠯᠡᠯ ︽ᠶᠡᠭᠡ ᠲᠠᠯ᠎ᠠ ᠶᠢ ᠲᠣᠭᠲᠠᠪᠤᠷᠢᠵᠢᠭᠤᠯᠬᠤ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ᠂ ᠤᠨᠢᠨ ᠳᠡᠭᠡᠷ᠎ᠡ ᠨᠢ ᠵᠠᠳᠠᠯᠬᠤ | ︾ ᠦᠨᠳᠦᠰᠦᠨ ᠴᠢᠭᠯᠡᠯᠲᠡ ᠶᠣᠰᠣᠭᠠᠷ ᠠᠵᠢᠯ ᠢᠶᠠᠨ ᠠᠬᠢᠭᠤᠯᠵᠤ᠂ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠬᠤᠯᠠ ᠱᠠᠳᠤ ᠦᠶᠡᠴᠢ ᠴᠢᠨᠠᠷᠲᠠᠢ | ᠦᠷ᠎ᠡ ᠪᠦᠲᠦᠭᠡᠯ ᠢ ᠣᠯᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠡᠭᠦᠰᠬᠦ | ᠬᠤᠷᠢᠭ᠎ᠠ ᠱᠤᠭᠤᠮ ᠢ ᠪᠠᠲᠤ ᠰᠠᠬᠢᠵᠤ᠂ ᠤᠯᠤᠰ ᠤᠨ ᠠᠵᠤ ᠠᠬᠤᠢ ᠮᠥᠩᠭᠦᠨ ᠭᠦᠢᠯᠭᠡᠭᠡᠨ ᠤ ᠲᠣᠭᠲᠠᠭᠤᠨ ᠪᠠ ᠠᠷᠠᠳ | ᠲᠦᠮᠡᠨ ᠤ ᠡᠳ᠋ ᠬᠦᠷᠦᠩᠭᠡ ᠶᠢᠨ ᠠᠮᠤᠷ ᠲᠦᠪᠰᠢᠨ ᠢ ᠬᠦᠴᠦᠲᠡᠢ ᠬᠠᠮᠠᠭᠠᠯᠠᠪᠠ ᠬᠡᠵᠤ ᠵᠢᠭᠠᠵᠤ ᠭᠠᠷᠭᠠᠪᠠ᠃ | ᠬᠤᠷᠠᠯ ᠠᠴᠠ᠂ ᠠᠵᠤ ᠠᠬᠤᠢ ᠮᠥᠩᠭᠦᠨ ᠭᠦᠢᠯᠭᠡᠭᠡᠨ ᠤ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠨᠢ | ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ | ᠰᠢᠰᠲ᠋ᠧᠮᠳᠤ ᠦᠵᠡᠯᠲᠡ ᠪᠠᠨ ᠴᠢᠩᠭᠠᠳᠬᠠᠵᠤ᠂ ᠵᠠᠬ᠎ᠠ ᠳᠡᠯᠭᠡᠭᠦᠷᠵᠢᠯᠳᠠ ᠬᠠᠤᠯᠢᠵᠢᠯᠳᠠ ᠶᠢᠨ ᠵᠠᠷᠴᠢᠮ ᠢ ᠵᠢᠷᠤᠮᠯᠠᠵᠤ᠂ | ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠲᠣᠭᠲᠠᠭᠤᠨ ᠤ ᠰᠠᠭᠤᠷᠢ ᠶᠢ ᠪᠠᠬᠢᠵᠢᠭᠦᠯᠵᠦ᠂ | ᠨᠡᠮᠡᠭᠳᠡᠯ ᠢ ᠲᠣᠭᠲᠠᠪᠤᠷᠢᠵᠢᠭᠤᠯᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ | ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠪᠠᠷ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠠᠷᠢᠯᠭᠠᠵᠤ᠂ ᠪᠤᠰᠤᠳ | ᠬᠦᠷᠢᠶ᠎ᠠ ᠴᠠᠷᠠᠭᠠᠨ ᠳᠠᠬᠢ ᠠᠶᠤᠯ ᠲᠦᠭᠰᠢᠭᠦᠷᠢ ᠶᠢ ᠰᠢᠢᠳᠪᠦᠷᠢᠯᠡᠬᠦ ᠶᠠᠪᠤᠴᠠ ᠳᠤ ᠲᠠᠭᠠᠯᠳᠤᠨ ᠡᠬᠦᠰᠬᠦ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠣᠷᠣᠨ ᠨᠤᠲᠤᠭ ᠤᠨ ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ ᠶᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠴᠠ ᠶᠢ | ᠰᠢᠯᠤᠭᠤᠳᠬᠠᠵᠤ᠂ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ᠂ | ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠰᠢᠰᠲ᠋ᠧᠮ ᠤᠨ ᠺᠠᠳ᠋ᠷ ᠤᠨ ᠡᠩᠨᠡᠭᠡᠨ ᠤ ᠬᠢᠨᠠᠯᠲᠠ ᠬᠠᠮᠢᠶᠠᠷᠤᠯᠲᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠲᠣᠭᠠᠴᠢᠯᠠᠭᠰᠠᠨ ᠤᠶᠤᠨᠴᠢᠯᠠᠬᠰᠠᠨ ᠲᠦᠪᠰᠢᠨ ᠢ | ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠢᠯᠵᠠᠷᠡᠯ ᠢ ᠵᠠᠯᠬᠠᠭᠠᠨ ᠰᠢᠢᠳᠬᠡᠬᠦ ᠪᠠ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠠ | ᠴᠠᠷᠠᠭᠠᠨ ᠤ ᠥᠭᠡᠷᠡᠴᠢᠯᠡᠯᠲᠡ ᠶᠢ ᠲᠦᠷᠭᠡᠳᠬᠡᠵᠦ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠦᠳᠦᠯᠦᠨ ᠲᠠᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠠᠤᠯᠢᠵᠢᠯ ᠪᠠ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠬᠢᠨᠠᠨ ᠬᠡᠮᠵᠢᠬᠦ᠂ ᠬᠠᠮᠢᠶᠠᠷᠬᠤ᠂ | ᠰᠢᠢᠳᠪᠦᠷᠢᠯᠡᠬᠦ ᠵᠡᠷᠭᠡ ᠭᠤᠭᠴᠤᠭ᠎ᠠ ᠳᠠᠬᠢ ᠢᠲᠡᠭᠡᠮᠵᠢ ᠶᠢᠨ ᠰᠠᠭᠤᠷᠢ ᠦᠢᠯᠡᠳᠦᠯ ᠢ ᠪᠠᠳᠠᠷᠠᠭᠤᠯᠬᠤ ᠬᠡᠷᠡᠭᠲᠡᠢ ᠬᠡᠵᠤ | ᠴᠢᠬᠤᠯᠠᠴᠢᠯᠠᠪᠠ᠃ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ | ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ | ᠰᠤᠯᠠ ᠣᠷᠣᠯᠴᠠᠵᠠᠢ᠃ |