︽ᠳ᠋ᠧᠯᠲᠨ︾ ᠶᠢᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠡᠷᠬᠡ ᠰᠦᠷᠲᠦ ᠬᠠᠷᠢᠭᠤᠯᠲᠠ ᠥᠭᠴᠡᠶ ᡽
ᠨᠡᠶᠢᠲᠡᠯᠡᠭᠰᠡᠨ ᠴᠠᠭ᠄
2021/8/6
     ᠳ᠋ᠧᠯᠲᠨ ᠣᠨᠳᠣᠣᠰᠢᠭᠰᠠᠨ ᠰᠠᠭᠤᠷᠢ ᠪᠣᠯ ᠣᠳᠣᠬᠠᠨ ᠳᠤ ᠪᠦᠬᠦ ᠪᠥᠮᠪᠥᠷᠴᠡᠭ ᠤᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠳᠡᠯᠭᠡᠷᠡᠵᠦ ᠪᠠᠶᠢᠭ᠎ᠠ ᠭᠤᠣᠯ ᠬᠤᠣᠷᠲᠤ ᠰᠠᠭᠤᠷᠢ ᠮᠥᠨ᠃ ᠳ᠋ᠧᠯᠲᠨ ᠶᠢᠨ ᠣᠨᠳᠣᠣᠰᠢᠭᠰᠠᠨ ᠤᠷᠭᠤᠮᠠᠯ ᠤᠨ ᠣᠨᠴᠠᠯᠢᠭ᠂ ᠣᠳᠣ ᠶᠢᠨ ᠪᠠᠶᠢᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠪᠦᠲᠦᠮᠵᠢᠲᠡᠶ ᠡᠰᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ 8 ᠰᠠᠷ᠎ᠠ ᠶᠢᠨ 5 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠡᠷᠬᠡ ᠰᠦᠷᠲᠦ ᠬᠠᠷᠢᠭᠤᠯᠲᠠ ᠥᠭᠴᠡᠶ᠃      ᠳ᠋ᠧᠯᠲᠨ ᠣᠨᠳᠣᠣᠰᠢᠭᠰᠠᠨ ᠤᠷᠭᠤᠮᠠᠯ ᠢ ᠬᠠᠮᠤᠭ ᠡᠷᠲᠡ 2020 ᠣᠨ ᠤ 9 ᠰᠠᠷ᠎ᠠ ᠳᠤ ᠡᠨᠡᠳᠬᠡᠭ ᠤᠨ ᠮᠡᠳᠡᠭᠦᠯᠦᠭᠰᠡᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠠᠴᠠ ᠢᠯᠡᠷᠡᠭᠦᠯᠵᠦ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠠᠴᠠ ᠡᠨᠡ ᠵᠢᠯ ᠤᠨ 5 ᠰᠠᠷ᠎ᠠ ᠶᠢᠨ 10 ᠤ ᠡᠳᠦᠷ ᠳ᠋ᠧᠯᠲᠨ ᠣᠨᠳᠣᠣᠰᠢᠭᠰᠠᠨ ᠤᠷᠭᠤᠮᠠᠯ ᠢ ᠪᠦᠬᠦ ᠪᠥᠮᠪᠥᠷᠴᠡᠭ ᠤᠨ ᠠᠩᠬᠠᠷᠬᠤ ᠴᠢᠬᠤᠯᠠᠲᠠᠢ ᠰᠢᠨ᠎ᠡ ᠲᠢᠲᠢᠮ ᠲᠠᠢ ᠸᠢᠷᠦ᠋ᠰ ᠤᠨ ᠣᠨᠳᠣᠣᠰᠢᠭᠰᠠᠨ ᠤᠷᠭᠤᠮᠠᠯ ᠳᠤ ᠣᠷᠣᠭᠤᠯᠬᠤ ᠪᠠᠷ ᠨᠡᠶᠢᠲᠡᠯᠡᠪᠡ᠃ ᠣᠳᠣᠬᠠᠨ ᠳᠤ ᠨᠢᠭᠡᠨᠲᠡ 130 ᠭᠠᠷᠤᠶ ᠤᠯᠤᠰ ᠪᠠ ᠭᠠᠵᠠᠷ ᠣᠷᠣᠨ ᠳᠤ ᠳᠡᠯᠭᠡᠷᠡᠵᠦ᠂ ᠪᠥᠬᠦ ᠳᠡᠯᠡᠬᠡᠶ ᠶᠢᠨ ᠰᠢᠨ᠎ᠡ ᠲᠢᠲᠢᠮ ᠳᠤ ᠶᠡᠭᠡ ᠪᠠᠷ ᠳᠡᠯᠭᠡᠷᠡᠭᠰᠡᠨ ᠭᠤᠤᠯ ᠪᠣᠯᠬᠤ ᠸᠢᠷᠦ᠋ᠰ ᠤᠨ ᠰᠠᠭᠤᠷᠢ ᠪᠣᠯᠵᠠᠶ᠂ ᠲᠣᠰ ᠬᠤᠤᠷᠲᠤ ᠰᠠᠭᠤᠷᠢ ᠨᠢ ᠲᠠᠷᠬᠠᠬᠤ ᠬᠤᠷᠳᠤᠴᠠ ᠨᠢ ᠲᠦᠷᠭᠡᠨ᠂ ᠪᠡᠶ᠎ᠡ ᠶᠢᠨ ᠳᠣᠲᠣᠭᠠᠳᠤ ᠳᠤ ᠳᠠᠬᠢᠨ ᠤᠶᠢᠯᠡᠳᠬᠦ ᠨᠢ ᠲᠦᠷᠭᠡᠨ᠂ ᠪᠦᠷᠬᠦᠭ ᠪᠣᠯᠬᠤ ᠴᠠᠭ ᠨᠢ ᠣᠷᠳᠣ ᠵᠡᠷᠭᠡ ᠣᠨᠴᠠᠯᠢᠭ ᠲᠠᠢ ᠪᠠᠶᠢᠳᠠᠭ᠃      ᠤᠯᠤᠰ ᠤᠨ ᠳᠣᠲᠣᠭᠠᠳᠤ ᠭᠠᠳᠠᠭᠠᠳᠤ ᠶᠢᠨ ᠬᠤᠯᠪᠣᠭᠳᠠᠯ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠶᠢᠯᠡᠳᠤᠯᠭᠡ ᠠᠴᠠ ᠦᠵᠡᠪᠡᠯ᠂ ᠳ᠋ᠧᠯᠲᠨ ᠶᠢᠨ ᠣᠨᠳᠣᠣᠰᠢᠭᠰᠠᠨ ᠰᠠᠭᠤᠷᠢ ᠨᠢ ᠰᠢᠨ᠎ᠡ ᠲᠢᠲᠢᠮ ᠤᠨ ᠸᠢᠷᠦ᠋ᠰ ᠤᠨ ᠠᠮᠢᠳᠤ ᠪᠣᠳᠠᠰ ᠤᠨ ᠤᠬᠠᠭᠠᠨ ᠤ ᠥᠪᠡᠷᠮᠢᠴᠡ ᠴᠢᠨᠠᠷ ᠲᠤ ᠨᠤᠷᠠᠭᠠᠯᠲᠠ ᠶᠢᠨ ᠴᠢᠨᠠᠷᠲᠠᠶ ᠬᠤᠪᠢᠷᠠᠯᠲᠠ ᠭᠠᠷᠭᠠᠭᠰᠠᠨ ᠥᠬᠡᠶ᠂ ᠬᠠᠯᠳᠠᠪᠤᠷᠢᠯᠠᠬᠤ ᠡᠬᠢ ᠰᠤᠷᠪᠤᠯᠵᠢ᠂ ᠬᠠᠯᠳᠠᠪᠤᠷᠢᠯᠠᠬᠤ ᠠᠷᠭ᠎ᠠ ᠵᠠᠮ ᠨᠢ ᠦᠨᠳᠦᠰᠦᠨ ᠳᠡᠭᠡᠨ ᠲᠣᠳᠣᠷᠬᠠᠶ ᠪᠠᠶᠢᠵᠤ᠂ ᠣᠲᠣ ᠶᠢᠨ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠳ᠋ᠧᠯᠲᠨ ᠶᠢᠨ ᠣᠨᠳᠣᠣᠰᠢᠭᠰᠠᠨ ᠰᠠᠭᠤᠷᠢ ᠳᠡᠭᠡᠷ᠎ᠡ ᠮᠥᠨ ᠬᠦ ᠬᠦᠴᠦᠨ ᠲᠠᠢ ᠪᠠᠶᠢᠨ᠎ᠠ᠃ ᠣᠳᠣᠬᠠᠨ ᠳᠤ ᠪᠠᠶᠢᠭ᠎ᠠ ᠸᠠᠺᠼᠢᠨ ᠨᠢ ᠮᠥᠨ ᠬᠦ ᠮᠠᠰᠢ ᠰᠠᠶᠢᠨ ᠰᠡᠷᠭᠡᠶᠢᠯᠡᠬᠦ ᠪᠠ ᠬᠠᠮᠠᠭᠠᠯᠠᠬᠤ ᠤᠶᠢᠯᠡᠳᠤᠯ ᠲᠠᠢ ᠪᠠᠶᠢᠵᠤ᠂ ᠸᠢᠷᠦ᠋ᠰ ᠤᠨ ᠬᠥᠮᠦᠰ ᠤᠨ ᠳᠤᠮᠳᠠ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠵᠤ᠂ ᠬᠠᠯᠳᠠᠪᠤᠷᠢᠯᠠᠭᠰᠠᠳ ᠤᠨ ᠬᠠᠯᠳᠠᠪᠤᠷᠢᠯᠠᠬᠤ ᠴᠢᠳᠠᠪᠤᠷᠢ ᠶᠢ ᠪᠠᠭᠠᠰᠬᠠᠨ᠂ ᠬᠠᠯᠳᠠᠪᠤᠷᠢᠯᠠᠭᠰᠠᠨ ᠤ ᠳᠠᠷᠠᠭᠠᠬᠢ ᠬᠦᠨᠳᠦ ᠡᠪᠡᠳᠴᠢᠨ ᠤ ᠡᠭᠦᠰᠬᠦ ᠨᠣᠷᠮ᠎ᠠ ᠪᠠ ᠡᠪᠡᠳᠴᠢᠨ ᠢᠶᠠᠷ ᠥᠭᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ ᠲᠦᠷᠦᠭᠦᠦ ᠨᠢᠭᠡ ᠬᠤᠭᠤᠴᠠᠭᠠᠨ ᠳᠤ ᠮᠠᠨ ᠤ ᠤᠯᠤᠰ ᠬᠥᠮᠦᠨ ᠠᠮᠠ ᠨᠢᠭᠲᠠ᠂ ᠰᠢᠯᠵᠢᠮᠡᠯ ᠴᠢᠨᠠᠷ ᠢᠶᠠᠷ ᠶᠡᠭᠡ ᠭᠤᠸᠠᠩᠳᠦ᠋ᠩ ᠮᠤᠵᠢ ᠶᠢᠨ ᠬᠡᠳᠦᠨ ᠲᠤᠰᠬᠠᠶ ᠣᠷᠣᠨ ᠬᠤᠲᠠ ᠳᠤ ᠡᠭᠦᠰᠦᠭᠰᠡᠨ ᠳ᠋ᠤᠯᠲ᠋ᠠ ᠶᠢᠨ ᠣᠨᠳᠣᠣᠰᠢᠭᠰᠠᠨ ᠤᠷᠭᠤᠮᠠᠯ ᠤᠨ ᠲᠤᠰ ᠭᠠᠵᠠᠷ ᠤᠨ ᠬᠢᠵᠢᠭ ᠤᠨ ᠬᠠᠯᠳᠠᠪᠤᠷᠢᠯᠠᠯ ᠢ ᠠᠩᠬ᠎ᠠ ᠤᠳᠠᠭ᠎ᠠ ᠠᠮᠵᠢᠯᠲᠠ ᠲᠠᠢ ᠪᠠᠷ ᠲᠡᠰᠦᠯᠵᠦ᠂ ᠸᠠᠺᠼᠢᠨ ᠤ ᠲᠠᠷᠢᠯᠭ᠎ᠠ ᠬᠢᠬᠦ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ᠂ ᠣᠯᠠᠨ ᠬᠥᠮᠦᠨ ᠤ ᠴᠤᠭᠯᠠᠷᠠᠬᠤ ᠠᠴᠠ ᠵᠠᠶᠢᠯᠠᠰᠬᠢᠬᠦ ᠵᠡᠷᠭᠡ ᠠᠷᠭ᠎ᠠ ᠬᠡᠮᠵᠢᠶ᠎ᠡ ᠪᠣᠯ ᠪᠦᠲᠦᠮᠵᠢᠲᠡᠶ ᠭᠡᠳᠡᠭ ᠢ ᠭᠡᠷᠡᠴᠢᠯᠡᠵᠡᠶ᠃      ᠢᠷᠡᠯᠲᠡ᠄ ︽ᠡᠷᠡᠭᠦᠯ ᠡᠩᠬᠡ ᠳᠤᠮᠳᠠᠳᠤ ᠤᠯᠤᠰ︾ ᠸᠢᠴᠠᠲ ᠤᠨ ᠨᠡᠶᠢᠲᠡ ᠶᠢᠨ ᠳ᠋ᠤᠭᠠᠷ      ᠤᠷᠴᠢᠭᠤᠯᠤᠭᠴᠢ᠄ ᠨᠠᠷᠠᠰᠤ      ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3