ᠠᠮᠠᠪᠴᠢ ᠵᠡᠭᠦᠬᠦ ᠳᠤ ᠶᠠᠮᠠᠷ ᠶᠠᠮᠠᠷ ᠰᠢᠨ᠎ᠡ ᠱᠠᠭᠠᠷᠳᠠᠯᠭ᠎ᠠ ᠪᠠᠶᠢᠬᠤ ᠪᠣᠶ︖ ᠨᠠᠰᠤᠨ ᠳᠤ ᠦᠯᠦ ᠬᠦᠷᠦᠭᠰᠡᠳ ᠰᠢᠨ᠎ᠡ ᠲᠢᠲᠢᠮᠯᠢᠭ ᠸᠠᠺᠼᠢᠨ ᠲᠠᠷᠢᠬᠤ ᠳᠤ ᠶᠠᠭᠤ ᠶᠢ ᠠᠩᠬᠠᠷᠬᠤ ᠪᠤᠢ︖ ᠡᠷᠬᠡ ᠰᠦᠷᠲᠦ ᠬᠠᠷᠢᠭᠤᠯᠲᠠ︕
ᠨᠡᠶᠢᠲᠡᠯᠡᠭᠰᠡᠨ ᠴᠠᠭ᠄
2021/8/6
     ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠬᠢᠨ 8 ᠰᠠᠷ᠎ᠠ ᠶᠢᠨ 13 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠨᠠᠭᠰᠢᠳᠠ ᠰᠠᠶᠢᠲᠤᠷ ᠬᠢᠬᠦ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠵᠤ᠂ ᠬᠢᠵᠢᠭ ᠤᠨ ᠪᠠᠶᠢᠳᠠᠯ᠂ ᠲᠠᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠠᠯᠪᠠᠨ ᠤ ᠲᠠᠯ᠎ᠠ ᠶᠢᠨ ᠬᠠᠷᠢᠭᠤ ᠲᠤᠰᠬᠠᠯ ᠭᠠᠷᠴᠠᠶ︕ ᠬᠠᠮᠲᠤ ᠪᠠᠷ ᠠᠩᠬᠠᠷᠬᠤ —                                               —— ᠬᠢᠵᠢᠭ ᠤᠨ ᠪᠠᠶᠢᠳᠠᠯ ᠤᠨ ᠲᠤᠬᠠᠶ——      ᠣᠲᠣ ᠶᠢᠨ ᠬᠢᠵᠢᠭ ᠤᠨ ᠪᠠᠶᠢᠳᠠᠯ ᠶᠠᠮᠠᠷ ᠪᠣᠶ︖      ᠣᠳᠣᠬᠠᠨ ᠪᠣᠯᠲᠠᠯ᠎ᠠ᠂ ᠪᠥᠬᠦ ᠤᠯᠤᠰ ᠲᠤ ᠣᠲᠣ ᠪᠠᠶᠢᠭ᠎ᠠ ᠲᠤᠬᠠᠶ ᠶᠢᠨ ᠭᠠᠵᠠᠷ ᠤᠨ ᠣᠨᠣᠰᠢᠯᠠᠭᠳᠠᠭᠰᠠᠨ ᠡᠪᠡᠳᠴᠢᠲᠡᠨ ᠵᠠᠯᠭᠠᠭ᠎ᠠ ᠪᠠᠷ 19 ᠡᠳᠦᠷ ᠨᠡᠮᠡᠭᠳᠡᠵᠦ᠂ 16 ᠮᠤᠵᠢ ᠣᠷᠣᠨ ᠳᠤ ᠬᠤᠯᠪᠣᠭᠳᠠᠵᠤ᠂ ᠣᠲᠣ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ 156 ᠪᠠᠶᠢᠵᠤ᠂ ᠮᠠᠨ ᠤ ᠤᠯᠤᠰ ᠲᠤ ᠣᠬᠤᠷᠬᠠᠨ ᠬᠤᠭᠤᠴᠠᠭᠠᠨ ᠳᠤ ᠣᠯᠠᠨ ᠡᠭᠦᠰᠦᠯ ᠲᠠᠢ ᠣᠯᠠᠨ ᠭᠠᠵᠠᠷ ᠲᠤ ᠬᠢᠵᠢᠭ ᠤᠨ ᠪᠠᠶᠢᠳᠠᠯ ᠭᠠᠷᠤᠭᠰᠠᠨ ᠪᠤᠳᠤᠯᠢᠶᠠᠨᠲᠠᠶ ᠪᠠᠶᠢᠳᠠᠯ ᠳᠤ ᠲᠤᠯᠭᠠᠷᠠᠵᠤ ᠪᠠᠶᠢᠨ᠎ᠠ᠃      ᠬᠢᠵᠢᠭ ᠭᠠᠷᠤᠭᠰᠠᠨ 48 ᠬᠤᠲᠠ ᠶᠢᠨ ᠳᠣᠲᠣᠷ᠎ᠠ᠂ ᠨᠢᠭᠡᠨᠲᠡ 36 ᠬᠤᠲᠠ ᠶᠢᠨ 5 ᠡᠳᠦᠷ ᠢ ᠬᠡᠲᠦᠷᠡᠭᠰᠡᠨ ᠪᠠᠶᠢᠲᠠᠯ᠎ᠠ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠮᠡᠳᠡᠭᠦᠯᠦᠯᠲᠡ ᠥᠬᠡᠶ ᠪᠠᠶᠢᠭᠰᠠᠭᠠᠷ᠃ ᠶᠠᠩᠵᠸᠦ᠂ ᠦᠬᠠᠨ᠂ ᠵᠠᠩ ᠵᠢᠶᠠ ᠵᠢᠶᠧ ᠬᠤᠲᠠ ᠠᠴᠠ ᠭᠠᠳᠠᠨ᠎ᠠ᠂ ᠪᠤᠰᠤᠳ ᠲᠤᠰᠬᠠᠶ ᠣᠷᠣᠨ ᠬᠤᠲᠠ ᠪᠣᠯ ᠵᠥᠪᠬᠡᠨ ᠬᠡᠰᠡᠭ ᠪᠤᠰᠠᠭ ᠡᠪᠡᠳᠴᠢᠨ ᠤ ᠵᠢᠱᠢᠶ᠎ᠡ ᠶᠢᠨ ᠮᠡᠳᠡᠭᠦᠯᠦᠯᠲᠡ ᠲᠡᠳᠦᠶ ᠶᠤᠮ᠃ ᠡᠨᠡ ᠬᠦ ᠪᠠᠶᠢᠳᠠᠯ ᠠᠴᠠ ᠦᠵᠡᠪᠡᠯ᠂ ᠪᠦᠬᠦ ᠤᠯᠤᠰ ᠤᠨ ᠬᠢᠵᠢᠭ ᠤᠨ ᠠᠶᠤᠯ ᠲᠦᠭᠰᠢᠭᠦᠷᠢ ᠶᠢ ᠶᠡᠷᠦᠩᠬᠡᠢ ᠳᠡᠭᠡᠨ ᠡᠵᠡᠮᠳᠡᠵᠦ ᠪᠣᠯᠤᠨ᠎ᠠ᠂ ᠪᠦᠬᠦ ᠤᠯᠤᠰ ᠤᠨ ᠳᠠᠪᠬᠤᠷᠭ᠎ᠠ ᠳᠤ ᠶᠡᠭᠡ ᠬᠡᠪᠴᠢᠶᠡᠨ ᠤ ᠬᠢᠵᠢᠭ ᠤᠨ ᠪᠠᠶᠢᠳᠠᠯ ᠡᠭᠦᠰᠬᠦ ᠠᠶᠤᠯ ᠲᠦᠭᠰᠢᠭᠦᠷᠢ ᠨᠡᠯᠢᠶᠡᠳ ᠪᠠᠭ᠎ᠠ ᠪᠠᠶᠢᠨ᠎ᠠ᠃     ᠬᠢᠵᠢᠭ ᠤᠨ ᠪᠠᠶᠢᠳᠠᠯ ᠢ ᠬᠡᠷᠬᠢᠨ ᠨᠡᠩ ᠰᠠᠶᠢᠲᠤᠷ ᠡᠵᠡᠮᠳᠡᠬᠦ ᠪᠤᠢ︖     ᠨᠢᠭᠡ ᠳᠤ᠂ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠤ ᠬᠢᠨ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠡᠬᠢ ᠡᠭᠦᠰᠦᠯ ᠢ ᠡᠷᠢᠬᠦ᠂ ᠪᠥᠭᠡᠮ ᠬᠦᠴᠢᠯ ᠢ ᠰᠢᠭᠰᠢᠨ ᠪᠠᠶᠢᠴᠠᠭᠠᠬᠤ᠂ ᠲᠥᠪᠯᠡᠷᠡᠭᠦᠯᠦᠨ ᠲᠤᠰᠠᠭᠠᠷᠯᠠᠬᠤ ᠪᠠ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠥᠮᠦᠨ ᠬᠠᠷ᠎ᠠ ᠭᠠᠳᠠᠭᠰᠢ ᠭᠠᠷᠬᠤ ᠶᠢ ᠬᠢᠵᠠᠭᠠᠷᠯᠠᠵᠤ᠂ ᠬᠢᠵᠢᠭ ᠤᠨ ᠪᠠᠶᠢᠳᠠᠯ ᠤᠨ ᠭᠠᠳᠠᠭᠰᠢ ᠲᠠᠷᠬᠠᠨ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠶ᠃     ᠬᠤᠶᠠᠷ ᠲᠤ᠂ ᠬᠤᠯᠪᠣᠭᠳᠠᠯ ᠪᠦᠬᠦᠢ ᠮᠤᠵᠢ ᠣᠷᠣᠨ ᠤ ᠬᠢᠨ ᠬᠢᠵᠢᠭ ᠲᠤ ᠬᠤᠯᠪᠣᠭᠳᠠᠬᠤ ᠠᠶᠤᠯ ᠲᠦᠭᠰᠢᠭᠦᠷᠢ ᠲᠠᠢ ᠬᠥᠮᠦᠰ ᠢ ᠰᠢᠭᠰᠢᠨ ᠪᠠᠶᠢᠴᠠᠭᠠᠬᠤ ᠪᠠᠨ ᠴᠢᠩᠭᠠᠳᠬᠠᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠢᠭᠤᠭᠳᠠᠮᠠᠯ ᠬᠠᠯᠳᠠᠪᠤᠷᠢᠯᠠᠭᠰᠠᠳ ᠢ ᠴᠠᠭ ᠲᠤᠬᠠᠢ ᠳᠤᠨᠢ ᠢᠯᠡᠷᠡᠭᠦᠯᠵᠦ᠂ ᠰᠢᠨ᠎ᠡ ᠬᠢᠵᠢᠭ ᠤᠨ ᠪᠠᠶᠢᠳᠠᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃      ᠭᠤᠷᠪᠠ ᠳᠤ᠂ ᠡᠯ᠎ᠡ ᠭᠠᠵᠠᠷ ᠤᠨ ᠬᠢᠨ ᠢ ᠵᠢᠯᠣᠭᠤᠳᠴᠤ ᠪᠠᠶᠢᠭᠠᠳ ᠬᠢᠯᠢ ᠶᠢᠨ ᠪᠣᠭᠤᠮᠲᠠ ᠶᠢᠨ ᠬᠤᠲᠠ᠂ ᠨᠢᠰᠬᠡᠯ ᠤᠨ ᠪᠠᠭᠤᠳᠠᠯ᠂ ᠭᠠᠷᠠᠮ᠂ ᠲᠣᠭᠲᠠᠭᠰᠠᠨ ᠡᠮᠨᠡᠯᠭᠡ ᠶᠢᠨ ᠬᠤᠷᠢᠶ᠎ᠠ᠂ ᠲᠥᠪᠯᠡᠷᠡᠭᠦᠯᠦᠨ ᠲᠤᠰᠠᠭᠠᠷᠯᠠᠬᠤ ᠴᠡᠭ ᠵᠡᠷᠭᠡ ᠠᠶᠤᠯ ᠲᠦᠭᠰᠢᠭᠦᠷᠢ ᠶᠡᠬᠡᠲᠡᠶ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠲᠠᠯ᠎ᠠ ᠪᠠᠷ ᠬᠢ ᠠᠯᠳᠠᠰᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠬᠢᠯᠢ ᠶᠢᠨ ᠭᠠᠳᠠᠨ᠎ᠠ ᠠᠴᠠ ᠬᠢᠵᠢᠭ ᠣᠷᠣᠵᠤ ᠢᠷᠡᠬᠦ ᠰᠢᠨ᠎ᠡ ᠪᠠᠶᠢᠳᠠᠯ ᠠᠴᠠ ᠵᠠᠶᠢᠯᠠᠰᠬᠢᠬᠦ ᠬᠡᠷᠡᠭᠲᠡᠶ᠃      ᠳᠥᠷᠪᠡ ᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠤᠪᠢ ᠬᠥᠮᠦᠨ ᠤ ᠬᠠᠮᠠᠭᠠᠯᠠᠯᠲᠠ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ︽ᠨᠢᠭᠡ ᠮᠧᠲᠷ ᠤᠨ ᠱᠤᠭᠤᠮ︾᠂ ᠴᠥᠭᠡᠨ ᠴᠤᠭᠯᠠᠷᠠᠬᠤ ᠵᠡᠷᠭᠡ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠰᠠᠶᠢᠲᠤᠷ ᠬᠢᠯᠭᠡᠵᠦ᠂ ᠬᠢᠵᠢᠭ ᠤᠨ ᠪᠠᠶᠢᠳᠠᠯ ᠢ ᠦᠨᠳᠦᠰᠦᠨ ᠠᠴᠠ ᠨᠢ ᠡᠷᠲᠡᠬᠡᠨ ᠡᠵᠡᠮᠳᠡᠬᠦ ᠬᠡᠷᠡᠭᠲᠡᠶ᠃       ——ᠸᠠᠺᠼᠢᠨ ᠤ ᠲᠠᠷᠢᠯᠭ᠎ᠠ ᠶᠢᠨ ᠲᠤᠬᠠᠶ——      8 ᠰᠠᠷ᠎ᠠ ᠶᠢᠨ 12 ᠤᠨ ᠡᠳᠦᠷ ᠪᠣᠯᠲᠠᠯ᠎ᠠ ᠲᠠᠷᠢᠯᠭ᠎ᠠ ᠬᠢᠬᠦ ᠪᠥᠬᠦ ᠶᠠᠪᠤᠴᠠ ᠶᠢ ᠪᠡᠶᠡᠯᠡᠭᠦᠯᠦᠭᠰᠡᠨ ᠬᠥᠮᠦᠨ ᠤ ᠲᠤᠭ᠎ᠠ 7 . 7 ᠳ᠋ᠦᠩᠰᠢᠭᠤᠷ ᠢ ᠳᠠᠪᠠᠪᠠ      8 ᠰᠠᠷ᠎ᠠ ᠶᠢᠨ 12 ᠤᠨ ᠡᠳᠦᠷ ᠪᠣᠯᠲᠠᠯ᠎ᠠ᠂ ᠪᠥᠬᠦ ᠤᠯᠤᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠨᠡᠶᠢᠲᠡ 18 ᠳ᠋ᠦᠩᠰᠢᠭᠤᠷ 3245 ᠲᠦᠮᠡᠨ ᠤᠳᠠᠭ᠎ᠠ ᠳᠠᠷᠢᠭᠤᠯᠵᠤ᠂ ᠪᠥᠬᠦ ᠶᠠᠪᠤᠴᠠ ᠶᠢ ᠪᠡᠶᠡᠯᠡᠭᠦᠯᠦᠭᠰᠡᠨ ᠬᠥᠮᠦᠨ ᠤ ᠲᠤᠭ᠎ᠠ 7 ᠳ᠋ᠦᠩᠰᠢᠭᠤᠷ 7704.6 ᠲᠦᠮᠡ ᠳᠤ ᠬᠦᠷᠴᠡᠶ᠃ ᠣᠳᠣᠬᠠᠨ ᠪᠣᠯᠲᠠᠯ᠎ᠠ᠂ 12— 17 ᠨᠠᠰᠤᠨ ᠤ ᠬᠥᠮᠦᠰ ᠲᠤ ᠲᠠᠷᠢᠯᠭ᠎ᠠ ᠬᠢᠬᠦ ᠠᠵᠢᠯ ᠪᠥᠬᠦ ᠤᠯᠤᠰ ᠲᠤ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃      31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠨᠡᠶᠢᠲᠡ 6000 ᠲᠦᠮᠡᠨ ᠲᠠᠷᠢᠯᠭ᠎ᠠ ᠲᠠᠷᠢᠭᠰᠠᠨ ᠢ ᠮᠡᠳᠡᠭᠦᠯᠪᠡ᠃      ᠶᠠᠭᠤᠨ ᠳᠤ 12 — 17 ᠨᠠᠰᠤᠨ ᠤ ᠵᠠᠯᠠᠭᠤᠴᠤᠳ ᠪᠠᠭᠠᠴᠤᠳ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠳᠠᠭ ᠪᠣᠶ︖      ᠣᠯᠠᠨ ᠢᠶᠠᠷ ᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠡᠮᠭᠡᠭ ᠢ ᠡᠷᠲᠡ ᠲᠠᠨᠢᠬᠤ ᠦᠶ᠎ᠡ ᠳᠤ᠂ ᠬᠡᠦᠬᠡᠳ ᠤᠨ ᠡᠪᠡᠳᠴᠢᠯᠡᠬᠦ ᠨᠣᠷᠮ᠎ᠠ ᠪᠠ ᠡᠪᠡᠳᠴᠢᠯᠡᠬᠦ ᠨᠣᠷᠮ᠎ᠠ ᠥᠨᠳᠥᠷ ᠪᠢᠰᠢ ᠭᠡᠵᠦ ᠦᠵᠡᠵᠦ ᠮᠡᠳᠡᠨ᠎ᠡ᠂ ᠭᠡᠪᠡᠴᠦ ᠬᠢᠵᠢᠭ ᠤᠨ ᠦᠷᠭᠦᠯᠵᠢᠯᠡᠨ ᠳᠡᠯᠭᠡᠷᠡᠬᠦ ᠶᠢ ᠳᠠᠭᠠᠯᠳᠤᠨ᠂ ᠢᠯᠠᠩᠭᠤᠶ᠎ᠠ ᠬᠢᠵᠢᠭ ᠤᠨ ᠪᠠᠶᠢᠳᠠᠯ ᠨᠡᠯᠢᠶᠡᠳ ᠬᠦᠨᠳᠦ ᠨᠣᠴᠢᠲᠠᠶ ᠵᠠᠷᠢᠮ ᠤᠯᠤᠰ ᠲᠤ ᠬᠡᠦᠬᠡᠳ ᠤᠨ ᠡᠪᠡᠳᠴᠢᠯᠡᠬᠦ ᠨᠣᠷᠮ᠎ᠠ ᠲᠠᠰᠤᠷᠠᠯᠲᠠ ᠥᠬᠡᠶ ᠳᠡᠭᠡᠭᠰᠢᠯᠡᠵᠦ ᠪᠠᠶᠢᠨ᠎ᠠ᠃      ᠬᠡᠦᠬᠡᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠣᠯᠤᠭᠰᠠᠨ ᠤ ᠳᠠᠷᠠᠭ᠎ᠠ᠂ ᠥᠩᠭᠡᠷᠡᠭᠰᠡᠨ ᠳᠤ ᠪᠢᠳᠡ ᠡᠪᠡᠳᠴᠢᠨ ᠤ ᠢᠯᠡᠷᠡᠯ ᠨᠢ ᠨᠡᠯᠢᠶᠡᠳ ᠬᠥᠩᠭᠡᠨ ᠭᠡᠵᠦ ᠦᠵᠡᠵᠦ ᠪᠠᠶᠢᠵᠠᠶ᠂ ᠭᠡᠪᠡᠴᠦ ᠣᠲᠣ ᠣᠯᠵᠤ ᠮᠡᠳᠡᠭᠰᠡᠨ ᠨᠢ᠂ ᠬᠡᠦᠬᠡᠳ ᠤᠨ ᠡᠪᠡᠳᠴᠢᠨ ᠲᠠᠰᠤᠷᠠᠯᠲᠠ ᠥᠬᠡᠶ ᠨᠡᠮᠡᠭᠳᠡᠬᠦ ᠶᠢ ᠳᠠᠭᠠᠯᠳᠤᠨ᠂ ᠦᠨᠡᠨ ᠳᠡᠭᠡᠨ ᠪᠠᠰᠠ ᠵᠠᠷᠢᠮ ᠬᠦᠨᠳᠦ ᠡᠪᠡᠳᠴᠢᠨ ᠢᠯᠡᠷᠡᠵᠦ᠂ ᠪᠠᠰᠠ ᠣᠨᠴᠠ ᠵᠠᠷᠢᠮ ᠬᠡᠦᠬᠡᠳ ᠥᠭᠦᠭᠰᠡᠨ ᠪᠠᠶᠢᠳᠠᠯ ᠢᠯᠡᠷᠡᠭᠰᠡᠨ ᠪᠠᠶᠢᠨ᠎ᠠ᠃      ᠲᠣᠮᠣ ᠬᠥᠮᠦᠨ ᠴᠦ ᠭᠡᠰᠡᠨ ᠬᠡᠦᠬᠡᠳ ᠴᠦ ᠭᠡᠰᠡᠨ᠂ ᠸᠢᠷᠦ᠋ᠰ ᠲᠤ ᠬᠠᠯᠳᠠᠪᠤᠷᠢᠯᠠᠭᠳᠠᠪᠠᠯ ᠳᠠᠷᠤᠶ ᠨᠢᠭᠡ ᠬᠠᠯᠳᠠᠪᠤᠷᠢᠯᠠᠬᠤ ᠡᠬᠢ ᠰᠤᠷᠪᠤᠯᠵᠢ ᠪᠣᠯᠤᠨ᠎ᠠ᠃ ᠬᠠᠯᠳᠠᠪᠤᠷᠢᠯᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠲᠠᠯ᠎ᠠ ᠠᠴᠠ ᠠᠪᠴᠤ ᠬᠡᠯᠡᠪᠡᠯ᠂ ᠬᠡᠦᠬᠡᠳ ᠲᠤ ᠪᠠᠰᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃      ᠣᠳᠣᠬᠠᠨ ᠳᠤ ᠬᠠᠯᠳᠠᠪᠤᠷᠢᠯᠠᠬᠤ ᠡᠬᠢ ᠰᠤᠷᠪᠤᠯᠵᠢ ᠶᠢ ᠬᠢᠵᠠᠭᠠᠷᠯᠠᠬᠤ ᠪᠤᠶᠤ ᠬᠠᠯᠳᠠᠪᠤᠷᠢᠯᠠᠬᠤ ᠵᠠᠮ ᠢ ᠲᠠᠰᠤᠯᠬᠤ ᠠᠷᠭ᠎ᠠ ᠶᠢ ᠠᠪᠤᠭᠰᠠᠨ ᠴᠤ᠂ ᠣᠯᠠᠩᠬᠢ ᠤᠯᠤᠰ ᠲᠤ᠂ ᠡᠨᠡ ᠬᠦ ᠡᠪᠡᠳᠴᠢᠨ ᠡᠮᠭᠡᠭ ᠢ ᠬᠢᠵᠠᠭᠠᠷᠯᠠᠵᠤ ᠳᠡᠶᠢᠯᠦᠭᠰᠡᠨ ᠥᠬᠡᠶ᠂ ᠬᠤᠵᠢᠮ ᠪᠢᠳᠡ ᠬᠠᠮᠲᠤᠯᠢᠭ ᠤᠨ ᠡᠭᠡᠯᠢᠯᠡᠭᠡ ᠶᠢᠨ ᠪᠠᠶᠢᠭᠤᠯᠤᠯᠲᠠ ᠬᠢᠬᠦ ᠶᠢ ᠬᠦᠰᠡᠵᠦ ᠪᠠᠶᠢᠨ᠎ᠠ ᠂ ᠬᠡᠦᠬᠡᠳ ᠸᠠᠺᠼᠢᠨ ᠳᠠᠷᠢᠬᠤ ᠪᠠᠷ ᠳᠡᠮᠵᠢᠨ᠂ ᠬᠠᠮᠲᠤᠯᠢᠭ ᠤᠨ ᠡᠭᠡᠯᠢᠯᠡᠭᠡ ᠶᠢᠨ ᠪᠠᠶᠢᠭᠤᠯᠤᠯᠲᠠ ᠬᠢᠬᠦ ᠶᠠᠪᠤᠴᠠ ᠳᠤ ᠮᠥᠨ ᠴᠦ ᠳᠤᠲᠠᠭᠳᠠᠵᠤ ᠪᠣᠯᠤᠰᠢ ᠥᠬᠡᠶ ᠨᠢᠭᠡ ᠬᠡᠰᠡᠭ ᠪᠣᠯᠤᠨ᠎ᠠ᠃      ᠨᠠᠰᠤᠨ ᠳᠤ ᠦᠯᠦ ᠬᠦᠷᠦᠭᠰᠡᠳ ᠸᠠᠺᠼᠢᠨ ᠲᠠᠷᠢᠬᠤ ᠦᠶᠡᠰ ᠶᠠᠮᠠᠷ ᠠᠩᠬᠠᠷᠬᠤ ᠵᠦᠢᠯ ᠪᠠᠢᠬᠤ ᠪᠤᠢ︖      ᠲᠠᠷᠢᠯᠭ᠎ᠠ ᠬᠢᠬᠦ ᠠᠴᠠ ᠡᠮᠦᠨ᠎ᠡ᠂ ᠬᠡᠷ ᠤᠨ ᠠᠬᠠᠮᠠᠳ ᠪᠤᠶᠤ ᠬᠢᠨᠠᠨ ᠬᠠᠮᠠᠭᠠᠯᠠᠭᠴᠢ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠡᠪᠡᠳᠴᠢᠨ ᠡᠮᠭᠡᠭ ᠤᠨ ᠮᠡᠳᠡᠯᠭᠡ᠂ ᠸᠠᠺᠼᠢᠨ ᠤ ᠮᠡᠳᠡᠯᠭᠡ ᠶᠢ ᠣᠶᠢᠯᠠᠭᠠᠬᠤ ᠬᠡᠷᠡᠭᠲᠡᠶ᠂ ᠪᠠᠰᠠ ᠲᠠᠷᠢᠯᠭ᠎ᠠ ᠬᠢᠬᠦ ᠴᠤᠪᠤᠷᠠᠯ ᠲᠠᠢ ᠪᠠᠶᠢᠬᠤ ᠬᠡᠷᠡᠭᠲᠡᠶ᠃      ᠲᠠᠷᠢᠯᠭ᠎ᠠ ᠬᠢᠬᠦ ᠶᠠᠪᠤᠴᠠ ᠳᠤ ᠬᠡᠷ ᠤᠨ ᠠᠬᠠᠮᠠᠳ ᠪᠤᠶᠤ ᠬᠢᠨᠠᠨ ᠬᠠᠮᠠᠭᠠᠯᠠᠭᠴᠢ ᠨᠢ ᠬᠡᠦᠬᠡᠳ ᠤᠨ ᠬᠤᠯᠪᠣᠭᠳᠠᠯ ᠪᠥᠬᠦᠶ ᠦᠨᠡᠮᠯᠡᠯ᠂ ᠪᠡᠶ᠎ᠡ ᠶᠢᠨ ᠦᠨᠡᠮᠯᠡᠯ᠂ ᠲᠠᠷᠢᠯᠭ᠎ᠠ ᠬᠢᠭᠰᠡᠨ ᠦᠨᠡᠮᠯᠡᠯ ᠵᠡᠷᠭᠡ ᠶᠢ ᠠᠪᠴᠤ ᠶᠠᠪᠤᠬᠤ ᠬᠡᠷᠡᠭᠲᠡᠶ᠃ ᠡᠭᠦᠨ ᠠᠴᠠ ᠭᠠᠳᠠᠨ᠎ᠠ ᠬᠡᠦᠬᠡᠳ ᠤᠨ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠬᠤ ᠬᠡᠷᠡᠭᠲᠡᠶ᠃ ᠲᠤᠬᠠᠶ ᠶᠢᠨ ᠲᠠᠯᠠᠪᠤᠷ ᠲᠤ ᠭᠦᠷᠦᠭᠰᠡᠨ ᠤ ᠳᠠᠷᠠᠭ᠎ᠠ᠂ ᠬᠡᠦᠬᠡᠳ ᠤᠨ ᠡᠷᠡᠭᠦᠯ ᠮᠡᠨᠳᠦ ᠶᠢᠨ ᠪᠠᠶᠢᠳᠠᠯ ᠵᠢᠴᠢ ᠥᠩᠭᠡᠷᠡᠭᠰᠡᠨ ᠳᠤ ᠸᠠᠺᠼᠢᠨ ᠤ ᠲᠠᠷᠢᠯᠭ᠎ᠠ ᠬᠢᠵᠦ ᠪᠠᠶᠢᠭᠰᠠᠨ ᠴᠡᠭᠡᠷ ᠪᠤᠶᠤ ᠡᠪᠡᠳᠴᠢᠨ ᠤ ᠲᠡᠦᠬᠡ ᠪᠠᠨ ᠡᠮᠴᠢ ᠳᠤ ᠦᠨᠡᠨ ᠮᠥᠨ ᠢᠶᠠᠷ ᠨᠢ ᠮᠡᠳᠡᠭᠳᠡᠵᠦ᠂ ᠡᠮᠴᠢ ᠪᠠᠷ ᠬᠡᠦᠬᠡᠳ ᠲᠤ ᠲᠠᠷᠢᠯᠭ᠎ᠠ ᠬᠢᠬᠦ ᠡᠰᠡᠬᠦ ᠶᠢ ᠮᠠᠭᠠᠳᠯᠠᠭᠤᠯᠤᠨ᠎ᠠ᠃      ᠲᠠᠷᠢᠯᠭ᠎ᠠ ᠬᠢᠵᠦ ᠪᠠᠷᠠᠭᠰᠠᠨ ᠤ ᠳᠠᠷᠠᠭ᠎ᠠ᠂ ᠲᠤᠬᠠᠶ ᠶᠢᠨ ᠲᠠᠯᠠᠪᠠᠶ ᠳᠤ 30 ᠮᠢᠨᠦ᠋ᠲ ᠦᠯᠡᠳᠡᠭᠡᠨ ᠠᠵᠢᠭᠯᠠᠵᠤ ᠂ ᠬᠡᠷ ᠤᠨ ᠠᠬᠠᠮᠠᠳ ᠪᠤᠶᠤ ᠬᠢᠨᠠᠨ ᠬᠠᠮᠠᠭᠠᠯᠠᠭᠴᠢ ᠨᠢ ᠪᠥᠬᠦ ᠶᠠᠪᠤᠴᠠ ᠳᠤ ᠪᠠᠷ᠎ᠠ ᠪᠣᠯᠵᠣ ᠰᠤᠪᠢᠯᠠᠬᠤ ᠬᠡᠷᠡᠭᠲᠡᠶ᠃      ᠲᠠᠷᠢᠯᠭ᠎ᠠ ᠬᠢᠯᠭᠡᠭᠰᠡᠨ ᠤ ᠳᠠᠷᠠᠭ᠎ᠠ ᠪᠡᠶ᠎ᠡ ᠨᠢ ᠡᠪ ᠥᠬᠡᠶ ᠪᠣᠯᠤᠭᠰᠠᠨ ᠭᠡᠵᠦ ᠰᠡᠵᠢᠭᠯᠡᠪᠡᠯ ᠸᠠᠺᠼᠢᠨ ᠲᠠᠢ ᠬᠤᠯᠪᠣᠭ᠎ᠠ ᠲᠠᠢ ᠪᠠᠶᠢᠵᠤ ᠮᠡᠳᠡᠨ᠎ᠡ᠂ ᠬᠡᠷᠪᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠴᠠᠭ ᠲᠤᠬᠠᠶ ᠳᠤᠨᠢ ᠡᠮᠨᠡᠭᠦᠯᠬᠦ ᠶᠢᠨ ᠬᠠᠮᠲᠤ ᠬᠠᠮᠢᠶ᠎ᠠ ᠪᠥᠬᠦᠶ ᠡᠮᠴᠢᠯᠡᠭᠡ ᠬᠢᠯᠭᠡᠬᠦ ᠬᠡᠷᠡᠭᠲᠡᠶ᠃           ——ᠬᠤᠪᠢ ᠬᠥᠮᠦᠨ ᠤ ᠬᠠᠮᠠᠭᠠᠯᠠᠯᠲᠠ ᠶᠢᠨ ᠲᠤᠬᠠᠶ——      ᠠᠮᠠᠪᠴᠢ ᠵᠡᠭᠦᠬᠦ ᠳᠤ ᠶᠠᠮᠠᠷ ᠶᠠᠮᠠᠷ ᠰᠢᠨ᠎ᠡ ᠱᠠᠭᠠᠷᠳᠠᠯᠭ᠎ᠠ ᠪᠠᠶᠢᠬᠤ ᠪᠣᠶ︖      ᠣᠯᠠᠨ ᠨᠡᠶᠢᠲᠡ ᠶᠢᠨ ᠬᠢᠨ᠂ ᠡᠭᠦᠨ ᠠᠴᠠ ᠡᠮᠦᠨ᠎ᠡ ᠬᠡᠷ ᠤᠨ ᠭᠠᠳᠠᠨᠠᠬᠢ ᠲᠠᠯᠠᠪᠤᠷ ᠲᠤ ᠠᠮᠠᠪᠴᠢ ᠵᠡᠭᠦᠬᠦ ᠥᠬᠡᠶ ᠪᠠᠶᠢᠵᠤ ᠪᠣᠯᠤᠨ᠎ᠠ ᠭᠡᠵᠦ ᠬᠡᠯᠡᠵᠦ ᠪᠠᠶᠢᠪᠠ᠂ ᠡᠨᠡ ᠤᠳᠠᠭ᠎ᠠ ᠬᠡᠷ ᠤᠨ ᠭᠠᠳᠠᠨ᠎ᠠ᠂ ᠬᠡᠷᠪᠡ ᠬᠥᠮᠦᠨ ᠣᠯᠠᠨ ᠬᠤᠷᠠᠪᠠᠯ ᠠᠮᠠᠪᠴᠢ ᠵᠡᠭᠦᠬᠦ ᠶᠢ ᠱᠠᠭᠠᠷᠳᠠᠨ᠎ᠠ ᠭᠡᠵᠦ ᠳᠤᠷᠠᠳᠪᠠ᠃ ᠬᠡᠷ ᠪᠦᠯᠢ ᠳᠤ ᠳᠡᠭᠡᠳᠦ ᠵᠡᠷᠭᠡ ᠶᠢᠨ ᠬᠠᠮᠠᠭᠠᠯᠠᠯᠲᠠ ᠲᠠᠢ ᠠᠮᠠᠪᠴᠢ ᠲᠣᠬᠢᠷᠠᠭᠤᠯᠵᠤ᠂ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠶᠠᠪᠤᠴᠠ ᠳᠤ ᠵᠡᠭᠦᠬᠦ ᠬᠡᠷᠡᠭᠲᠡᠶ᠃      ᠬᠢᠯᠢ ᠶᠢᠨ ᠭᠠᠳᠠᠨ᠎ᠠ ᠠᠴᠠ ᠣᠷᠣᠵᠤ ᠢᠷᠡᠬᠦ ᠪᠠ ᠬᠠᠯᠳᠠᠪᠤᠷᠢᠯᠠᠬᠤ ᠲᠦᠭᠰᠢᠭᠦᠷᠢ ᠨᠡᠯᠢᠶᠡᠳ ᠶᠡᠭᠡ ᠠᠵᠢᠯ ᠤᠨ ᠪᠠᠶᠢᠷᠢ ᠶᠢᠨ ᠬᠥᠮᠦᠰ᠂ ᠠᠵᠢᠯ ᠤᠨ ᠪᠥᠬᠦ ᠶᠠᠪᠤᠴᠠ ᠳᠠᠭᠠᠨ ᠮᠥᠬᠦᠯᠢᠭᠲᠦ ᠪᠣᠳᠠᠰ ᠢ ᠰᠡᠷᠭᠡᠶᠢᠯᠡᠬᠦ ᠠᠮᠠᠪᠴᠢ ᠵᠡᠭᠦᠬᠦ ᠬᠡᠷᠡᠭᠲᠡᠶ᠃      ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ᠂ ᠡᠮᠨᠡᠯᠭᠡ ᠶᠢᠨ ᠠᠵᠢᠯᠲᠠᠨ ᠤ ᠪᠣᠬᠢᠷᠲᠤᠯ ᠡᠳ᠋ ᠲᠠᠢ ᠰᠢᠭᠤᠳ ᠣᠶᠢᠷᠠᠲᠤᠵᠤ ᠪᠠᠶᠢᠭ᠎ᠠ ᠬᠥᠮᠦᠰ ᠭᠤᠤᠯᠳᠠᠯᠭ᠎ᠠ ᠲᠠᠢ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠬᠦ ᠠᠴᠠ ᠭᠠᠳᠠᠨ᠎ᠠ ᠂ ᠨᠢᠭᠤᠭᠳᠠᠮᠠᠯ ᠪᠣᠬᠢᠷᠲᠤᠯ ᠡᠳ᠋ ᠲᠠᠢ ᠣᠶᠢᠷᠠᠲᠤᠵᠤ ᠪᠠᠶᠢᠭ᠎ᠠ ᠬᠥᠮᠦᠰ᠂ ᠴᠡᠪᠡᠷᠯᠡᠭᠴᠢ᠂ ᠬᠠᠮᠠᠭᠠᠯᠠᠭᠴᠢ᠂ ᠤᠰᠤᠨ ᠳᠤᠯᠠᠭᠠᠯᠠᠯᠲᠠ ᠶᠢᠨ ᠠᠵᠢᠯᠴᠢᠨ ᠵᠡᠷᠭᠡ ᠶᠢ ᠠᠳᠠᠯᠢᠳᠬᠠᠵᠤ᠂ ᠠᠵᠢᠯ ᠤᠨ ᠪᠥᠬᠦ ᠶᠠᠪᠤᠴᠠ ᠳᠠᠭᠠᠨ ᠮᠥᠬᠦᠯᠢᠭᠲᠦ ᠪᠣᠳᠠᠰ ᠤᠨ ᠰᠡᠷᠭᠡᠶᠢᠯᠡᠯᠲᠡ ᠬᠠᠮᠠᠭᠠᠯᠠᠯᠲᠠ ᠶᠢᠨ ᠠᠮᠠᠪᠴᠢ ᠵᠡᠭᠦᠬᠦ ᠶᠢ ᠱᠠᠭᠠᠷᠳᠠᠨ᠎ᠠ᠃ ᠡᠮᠨᠡᠯᠭᠡ ᠶᠢᠨ ᠬᠤᠷᠢᠶᠠᠨ ᠳᠤ ᠠᠵᠢᠯᠯᠠᠵᠤ ᠪᠠᠶᠢᠭ᠎ᠠ ᠪᠤᠰᠤᠳ ᠬᠥᠮᠦᠰ᠂ ᠵᠢᠱᠢᠶᠡᠯᠡᠪᠡᠯ ᠠᠮᠤᠷ ᠢ ᠬᠠᠮᠠᠭᠠᠯᠠᠭᠴᠢ᠂ ᠡᠮᠴᠢᠯᠡᠭᠡᠨ ᠤ ᠬᠥᠲᠥᠴᠢ ᠵᠡᠷᠭᠡ ᠳᠤ ᠪᠥᠬᠦ ᠶᠠᠪᠤᠴᠠ ᠳᠤ ᠡᠮᠴᠢᠯᠡᠭᠡᠨ ᠤ ᠭᠠᠳᠠᠷ ᠰᠠᠯᠠᠭᠠᠨ ᠤ ᠠᠮᠠᠪᠴᠢ ᠪᠤᠶᠤ ᠳᠡᠭᠡᠷᠡᠬᠢ ᠰᠡᠷᠭᠡᠶᠢᠯᠡᠨ ᠬᠠᠮᠠᠭᠠᠯᠠᠬᠤ ᠲᠠᠰ ᠲᠠᠢ ᠠᠮᠠᠪᠴᠢ ᠵᠡᠭᠦᠬᠦ ᠬᠡᠷᠡᠭᠲᠡᠶ᠃      ᠣᠯᠠᠨ ᠨᠡᠶᠢᠲᠡ ᠶᠢᠨ ᠲᠠᠯᠠᠪᠤᠷ ᠤᠨ ᠦᠢᠯᠡᠴᠢᠯᠡᠭᠴᠢ᠂ ᠠᠵᠢᠯᠯᠠᠬᠤ ᠬᠤᠭᠤᠴᠠᠭᠠᠨ ᠳᠤ ᠪᠥᠬᠦ ᠶᠠᠪᠤᠴᠠ ᠳᠤ ᠡᠮᠴᠢᠯᠡᠭᠡᠨ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ ᠪᠤᠶᠤ ᠰᠡᠷᠭᠡᠶᠢᠯᠡᠨ ᠬᠠᠮᠠᠭᠠᠯᠠᠬᠤ ᠲᠠᠰ ᠠᠴᠠ ᠳᠡᠭᠡᠭᠰᠢᠬᠢ ᠠᠮᠠᠪᠴᠢ ᠵᠡᠭᠦᠬᠦ ᠶᠢ ᠱᠠᠭᠠᠷᠳᠠᠨ᠎ᠠ᠃      ᠡᠳᠡᠭᠡᠷ ᠬᠢᠵᠢᠭ ᠤᠨ ᠪᠠᠶᠢᠳᠠᠯ ᠤᠨ ᠦᠢᠯᠡᠴᠢᠯᠡᠭᠡ ᠨᠢ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠨᠡᠮᠡᠷᠢᠯᠡᠨ᠎ᠡ
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠠᠯᠠᠯ ᠤᠨ ᠺᠠᠷᠲ
     ᠪᠥᠭᠡᠮ ᠬᠦᠴᠢᠯ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠪᠠᠶᠢᠴᠠᠭᠠᠯᠲᠠ
     ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠪᠠᠶᠢᠴᠠᠭᠠᠨ ᠠᠰᠠᠭᠤᠬᠤ         ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ         ᠤᠷᠴᠢᠭᠤᠯᠤᠭᠴᠢ᠄ ᠨᠠᠷᠠᠰᠤ         ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3