︽2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2021/9/29
     ᠨᠢᠭᠡ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠶ ᠪᠠᠶᠢᠳᠠᠯ᠃      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠲᠣᠭᠲᠠᠭᠤᠨ ᠪᠥᠭᠡᠳ ᠦᠷᠭᠦᠯᠵᠢᠯᠡᠨ ᠪᠠᠯᠠ ᠴᠤᠭᠯᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠣᠯᠭᠤᠮᠵᠢ ᠶᠢ ᠦᠨᠡᠨᠬᠦ ᠪᠠᠲᠤᠯᠠᠬᠤ ᠶᠢᠨ ᠲᠤᠰᠠᠳᠠ᠃      ᠬᠤᠶᠠᠷ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠬᠦᠷᠢᠶ᠎ᠡ ᠬᠡᠪᠴᠢᠶ᠎ᠡ᠃      ᠲᠣᠰ ᠨᠢᠭᠡᠳᠦᠯᠲᠡᠶ ᠲᠥᠯᠥᠪᠯᠡᠬᠦ ᠣᠷᠣᠨ ᠤ ᠳᠣᠲᠣᠷ᠎ᠠ ᠭᠠᠳᠠᠨ᠎ᠠ 2022 ᠣᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠥᠬᠡᠶ ᠬᠤᠲᠠ ᠬᠥᠳᠡᠭᠡ ᠶᠢᠨ ᠰᠠᠭᠤᠭᠠᠯᠢ ᠠᠷᠠᠳ᠃      ᠭᠤᠷᠪᠠ᠂ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠬᠤᠭᠤᠴᠠᠭ᠎ᠠ ᠪᠠ ᠣᠯᠭᠤᠮᠵᠢ ᠭᠥᠷᠳᠡᠬᠦ ᠬᠤᠭᠤᠴᠠᠭ᠎ᠠ᠃      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠳᠤ ᠤᠷᠢᠳᠴᠢᠯᠠᠨ ᠰᠦᠢᠳᠭᠡᠯ ᠲᠤᠰᠢᠶᠠᠬᠤ ᠲᠦᠷᠢᠮ ᠢ ᠬᠡᠷᠡᠭᠵᠢᠭᠦᠯᠵᠦ᠂ 2021 ᠣᠨ ᠤ 9 ᠳ᠋ᠦᠭᠡᠷ ᠰᠠᠷ᠎ᠠ ᠶᠢᠨ 1 ᠤ ᠡᠳᠦᠷ ᠠᠴᠠ 2022 ᠣᠨ ᠤ 2 ᠳ᠋ᠤᠭᠠᠷ ᠰᠠᠷ᠎ᠠ ᠶᠢᠨ 28 ᠤ ᠡᠳᠦᠷ ᠪᠣᠯᠲᠠᠯ᠎ᠠ ᠰᠦᠢᠳᠭᠡᠯ ᠲᠤᠰᠢᠶᠠᠨ᠎ᠠ᠃ ᠡᠭᠦᠨ ᠳᠤ᠂ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠨᠢ 2021 ᠣᠨ ᠤ 9 ᠳ᠋ᠦᠭᠡᠷ ᠰᠠᠷ᠎ᠠ ᠶᠢᠨ 1 ᠤ ᠡᠳᠦᠷ ᠠᠴᠠ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ᠃ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠬᠤᠭᠤᠴᠠᠭ᠎ᠠ ᠨᠢ 2022 ᠣᠨ ᠤ 1 ᠰᠠᠷ᠎ᠠ ᠶᠢᠨ 1 ᠤ ᠡᠳᠦᠷ ᠠᠴᠠ 2022 ᠣᠨ ᠤ 12 ᠰᠠᠷ᠎ᠠ ᠶᠢᠨ 31 ᠤ ᠡᠳᠦᠷ ᠪᠣᠯᠤᠨ᠎ᠠ᠃      ᠳᠥᠷᠪᠡ᠂ ᠰᠦᠢᠳᠭᠡᠯ ᠲᠤᠰᠢᠶᠠᠬᠤ ᠪᠠᠷᠢᠮᠵᠢᠶ᠎ᠠ᠃     1 . 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠨᠢ ᠬᠥᠮᠦᠨ ᠪᠦᠷᠢ 380 ᠲᠥᠭᠦᠷᠢᠭ ᠲᠤᠰᠢᠶᠠᠨ᠎ᠠ᠃     2 . ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ᠃ ᠬᠤᠲᠠ ᠪᠠᠯᠭᠠᠰᠤ ᠶᠢᠨ ︽ᠭᠤᠷᠪᠠ ᠥᠬᠡᠶ︾ ᠂ ᠬᠥᠳᠡᠭᠡ ᠲᠣᠰᠬᠤᠨ ᠤ ︽ᠲᠠᠪᠤᠨ ᠪᠠᠲᠤᠯᠠᠭ᠎ᠠ︾᠂ ᠥᠨᠥᠴᠢᠨ ᠵᠡᠮᠳᠡᠭ ᠬᠡᠦᠬᠡᠳ ᠵᠡᠷᠭᠡ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠤᠨ ᠬᠤᠪᠢ ᠬᠥᠮᠦᠨ ᠨᠢ ᠳᠠᠭᠠᠳᠬᠠᠯ ᠤᠨ ᠰᠦᠢᠳᠭᠡᠯ ᠲᠤᠰᠢᠶᠠᠬᠤ ᠴᠢᠬᠤᠯᠠ ᠥᠬᠡᠶ ᠂ ᠡᠮᠴᠢᠯᠡᠭᠡ ᠪᠠᠷ ᠠᠪᠤᠷᠠᠨ ᠲᠤᠰᠠᠯᠠᠬᠤ ᠪᠠᠯᠠ ᠮᠥᠩᠭᠦ ᠪᠠᠷ ᠪᠥᠬᠦ ᠲᠤᠭ᠎ᠠ ᠪᠠᠷ ᠲᠤᠰᠠᠯᠠᠨ᠎ᠠ᠃     3 . ᠨᠢᠭᠡᠨᠲᠡ ᠶᠠᠳᠠᠭᠤ ᠠᠴᠠ ᠠᠩᠭᠢᠵᠢᠷᠠᠵᠤ ᠲᠥᠷᠥ ᠶᠢᠨ ᠪᠣᠳᠣᠯᠭ᠎ᠠ ᠶᠢ ᠡᠳ᠋ᠯᠡᠭᠰᠡᠨ ᠬᠥᠮᠦᠨ ᠠᠮᠠ᠃ ᠬᠤᠪᠢ ᠬᠥᠮᠦᠨ ᠤ ᠰᠦᠢᠳᠭᠡᠯ ᠲᠤᠰᠢᠶᠠᠬᠤ ᠬᠡᠰᠡᠭ ᠢ ᠣᠷᠣᠨ ᠨᠤᠲᠤᠭ ᠤᠨ ᠡᠳ᠋ ᠤᠨ ᠵᠠᠰᠠᠭ ᠠᠴᠠ ᠰᠦᠢᠳᠭᠡᠯ ᠲᠤᠰᠢᠶᠠᠬᠤ ᠪᠠᠷᠢᠮᠵᠢᠶ᠎ᠠ ᠶᠢᠨ 50 % ᠪᠠᠷ ᠨᠣᠷᠮ᠎ᠠ ᠲᠣᠭᠲᠠᠭᠠᠨ ᠲᠤᠰᠠᠯᠠᠵᠤ᠂ ᠲᠤᠰᠠᠯᠠᠭᠰᠠᠨ ᠵᠣᠭᠤᠰ ᠤᠨ ᠲᠤᠭ᠎ᠠ ᠨᠢ ᠬᠥᠮᠦᠨ ᠨᠢᠭᠡᠪᠦᠷᠢ ᠳᠤ 190 ᠲᠥᠭᠦᠷᠢᠭ ᠪᠣᠯᠤᠨ᠎ᠠ᠃     4 . ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ᠃ ᠬᠤᠪᠢ ᠬᠥᠮᠦᠨ ᠤ ᠲᠤᠰᠢᠶᠠᠬᠤ ᠬᠡᠰᠡᠭ ᠢ ᠡᠮ ᠡᠮᠨᠡᠯᠭᠡ ᠶᠢᠨ ᠲᠤᠰᠠᠯᠠᠮᠵᠢ ᠶᠢᠨ ᠰᠠᠭᠤᠷᠢ ᠮᠥᠩᠭᠦ ᠠᠴᠠ ᠮᠥᠨ ᠯᠡ ᠬᠥᠮᠦᠨ ᠪᠦᠷᠢ ᠳᠤ 75 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ᠃       ᠳᠡᠭᠡᠷ᠎ᠡ ᠳᠤᠷᠠᠳᠤᠭᠰᠠᠨ ᠬᠥᠮᠦᠰ ᠨᠢ ᠴᠥᠮ ᠤᠷᠢᠳ ᠢᠶᠠᠷ ᠰᠦᠢᠳᠭᠡᠯ ᠲᠤᠰᠢᠶᠠᠵᠤ ᠳᠠᠷᠠᠭ᠎ᠠ ᠨᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠥᠭᠡᠳ ᠬᠡᠷᠪᠡ ᠬᠡᠳᠦᠶ ᠬᠦᠨᠳᠦ ᠪᠡᠶ᠎ᠡ ᠶᠢᠨ ᠭᠠᠷᠤᠯ ᠲᠠᠢ ᠪᠠᠶᠢᠪᠠᠯ᠂ ᠥᠨᠳᠥᠷ ᠪᠠᠶᠢᠬᠤ ᠵᠠᠷᠴᠢᠮ ᠶᠣᠰᠣᠭᠠᠷ ᠵᠣᠭᠤᠰ ᠢᠶᠠᠷ ᠲᠤᠰᠠᠯᠠᠬᠤ ᠬᠡᠷᠡᠭᠲᠡᠶ᠃           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3