2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/1/10
     —— 2022 ᠣᠨ ᠤ 1 ᠰᠠᠷ᠎ᠠ ᠶᠢᠨ 6᠎ ᠤ ᠡᠳᠦᠷ᠂ ᠰᠢᠩ ᠾᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ                 ᠣᠷᠣᠯᠠᠭᠴᠢ ᠰᠢᠶᠠᠨ ᠤ ᠳᠠᠷᠤᠭ᠎ᠠ ᠯᠢ ᠺᠠᠶ ᠳ᠋ᠦᠩ ᠲᠥᠯᠥᠭᠡᠯᠡᠭᠴᠢᠳ ᠡ᠄      ᠤᠳᠤ ᠪᠢ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ︕        ᠨᠢᠭᠡ᠂ ᠲᠤᠰ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ       ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠠᠴᠠ ᠨᠠᠰᠢ᠂ ᠡᠭᠡᠳᠡᠷᠡᠭᠡᠨ ᠪᠤᠳᠤᠯᠢᠶᠠᠨᠲᠠᠶ ᠳᠡᠯᠡᠬᠡᠶ ᠶᠢᠨ ᠪᠠᠶᠢᠳᠠᠯ ᠪᠠ ᠬᠤᠷᠸ᠎ᠠ ᠠᠵᠤ ᠠᠬᠤᠶ ᠦᠷᠭᠦᠯᠵᠢᠯᠡᠨ ᠪᠠᠭᠤᠷᠠᠵᠦ ᠪᠠᠶᠢᠬᠤ ᠵᠢᠴᠢ ᠰᠢᠨ᠎ᠡ ᠲᠢᠳᠢᠮᠯᠢᠭᠳᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠵᠡᠷᠭᠡ ᠠᠯᠢ ᠣᠯᠠᠨ ᠠᠰᠢᠭ ᠥᠬᠡᠶ ᠨᠦᠯᠦᠬᠡᠨ ᠲᠤᠤᠷ᠎ᠠ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠪᠠ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠦᠢᠯᠡᠳᠦᠯᠬᠡᠵᠢᠬᠦᠯᠦᠨ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠲᠠᠭᠠᠭᠤᠯᠵᠦ᠂ ᠨᠠᠮ ᠤᠨ ᠲᠥᠪ ᠬᠤᠷᠢᠶᠠᠨ ᠤ ᠲᠤᠭᠤᠷᠢᠨ ᠳᠤ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠴᠢ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠲᠠᠯᠪᠢᠬᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠵᠢᠴᠢ ᠳᠡᠮᠵᠢᠯᠭᠡ ᠳᠤᠤᠷ᠎ᠠ᠂ ᠢᠮᠠᠭᠲᠠ ᠲᠣᠭᠲᠠᠯ ᠬᠦᠴᠦᠨ ᠢᠶᠠᠨ ᠭᠤᠶᠢᠪᠢᠰᠢ ᠦᠭᠡᠢ ᠪᠠᠷᠢᠮᠳᠠᠯᠠᠨ᠂ ᠬᠦᠴᠢᠷ ᠢ ᠰᠦᠷᠦᠨ ᠤᠷᠤᠭᠰᠢᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠨ ᠴᠠᠯᠠᠭᠠᠶᠢᠷᠠᠬᠤ ᠦᠭᠡᠢ ᠪᠠᠶᠢᠵᠦ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠣᠭᠲᠠᠭᠠᠭᠰᠠᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠠᠶᠡᠯᠡᠬᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠢᠨ᠎ᠡ ᠠᠶᠠᠯᠠᠯ ᠢᠶᠠᠨ ᠤᠷᠤᠭᠰᠢᠲᠠᠶ ᠡᠬᠢᠯᠡᠭᠦᠯᠪᠡ᠃      ᠪᠢᠳᠡ ᠨᠡᠮᠡᠭᠳᠡᠯ ᠢ ᠲᠤᠭᠲᠠᠪᠤᠷᠢᠵᠢᠭᠤᠯᠵᠤ᠂ ᠶᠡᠷᠦᠩᠬᠡᠢ ᠬᠡᠮᠵᠢᠶ᠎ᠡ ᠶᠢ ᠦᠷᠭᠡᠳᠭᠡᠭᠰᠡᠨ ᠠᠴᠠ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠴᠢᠩᠭᠠᠷᠠᠪᠠ᠃ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠨᠡᠶᠢᠲᠡ 270 ᠳ᠋ᠦᠩᠰᠢᠭᠤᠷ ᠲᠥᠭᠦᠷᠢᠭ ᠪᠠ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠨᠡᠶᠢᠲᠡ 210 ᠳ᠋ᠦᠩᠰᠢᠭᠤᠷ ᠲᠥᠭᠦᠷᠢᠭ ᠢ ᠳᠠᠪᠠᠵᠤ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠡᠶᠢᠲᠡ 83 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠨᠡᠶᠢᠲᠡ 100 ᠳ᠋ᠦᠩᠰᠢᠭᠤᠷ ᠲᠥᠭᠦᠷᠢᠭ ᠲᠤ ᠬᠥᠷᠪᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25475 ᠲᠥᠭᠦᠷᠢᠭ ᠪᠠ 8892 ᠲᠥᠭᠦᠷᠢᠭ ᠪᠠᠶᠢᠭᠰᠠᠨ ᠠᠴᠠ ᠪᠠᠨ 32432 ᠲᠥᠭᠦᠷᠢᠭ ᠪᠠ 12787 ᠲᠥᠭᠦᠷᠢᠭ ᠪᠤᠯᠵᠤ ᠨᠡᠮᠡᠭᠳᠡᠪᠡ᠃      ᠪᠢᠳᠡ ᠳᠤᠲᠠᠭᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠪᠠᠷ ᠴᠢᠷᠮᠠᠶᠢᠬᠰᠠᠨ ᠠᠴᠠ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠦᠷ᠎ᠡ ᠪᠦᠲᠦᠮᠵᠢ ᠤᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠲᠡᠭᠦᠰ ᠠᠮᠵᠢᠯᠲᠠ ᠎ ᠪᠠᠷ ᠥᠨᠳᠥᠷᠯᠡᠪᠡ᠃ ᠪᠦᠬᠦ ᠰᠢᠶᠠᠨ ᠤ 87 ᠶᠠᠳᠠᠭᠤ ᠬᠦᠴᠢᠷᠳᠡᠯᠲᠡᠢ ᠲᠣᠰᠬᠤᠨ ᠤ 9034 ᠡᠷᠦᠬᠡ ᠶᠢᠨ 20427 ᠶᠠᠳᠠᠭᠤ ᠬᠦᠴᠢᠷᠳᠡᠯᠲᠡᠢ ᠡᠲᠡᠭᠡᠳ ᠢ ᠪᠦᠬᠦᠨ ᠢᠶᠠᠷ ᠨᠢ ᠶᠠᠳᠠᠭᠤ ᠠᠴᠠ ᠠᠩᠭᠢᠵᠢᠷᠠᠭᠤᠯᠵᠤ᠂ 2019 ᠣᠨ ᠳᠤ ᠪᠦᠬᠦ ᠰᠢᠶᠠᠨ ᠢᠶᠠᠷ ᠢᠶᠠᠨ ᠶᠠᠳᠠᠭᠤ ᠠᠴᠠ ᠠᠩᠭᠢᠵᠢᠷᠠᠬᠤ ᠶᠢ  ᠪᠡᠶᠡᠯᠡᠬᠦᠯᠦᠨ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠠᠵᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠭᠲᠠᠭᠠᠯ ᠰᠠᠶᠢᠰᠢᠶᠠᠯ ᠢ ᠤᠯᠪᠠ᠃  2020 ᠣᠨ ᠳᠤ ᠤᠯᠤᠰ ᠤᠨ ᠰᠤᠭᠤᠴᠢᠨ ᠪᠠᠶᠢᠴᠠᠭᠠᠵᠤ ᠰᠢᠯᠭᠠᠨ ᠠᠪᠬᠤ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠪᠠ ᠤᠯᠤᠰ ᠤᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢ ᠴᠢᠨᠠᠷ ᠰᠠᠶᠢᠲᠠᠢ ᠦᠩᠭᠡᠷᠡᠭᠡᠪᠡ᠃ ᠳ᠋ᠧᠩ ᠢ ᠱᠤᠸᠠᠢ᠂ ᠾᠧ ᠯᠦᠩ ᠬᠤᠶᠠᠷ ᠨᠥᠬᠦᠷ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠤᠪᠢ ᠬᠥᠮᠦᠨ ᠢᠶᠠᠷ ᠦᠨᠡᠯᠡᠭᠳᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠠᠵᠢᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠦᠬᠦ ᠲᠠᠯ᠎ᠠ ᠪᠠᠷ ᠳᠡᠰ ᠳᠡᠪᠰᠢᠭᠦᠯᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ ᠠᠬᠤᠶᠢᠯᠠᠯ ᠢ ᠪᠦᠲᠦᠮᠵᠢᠲᠡᠢ ᠴᠡᠭᠴᠡᠯᠡᠨ ᠵᠠᠰᠠᠪᠠ᠃ ᠠᠵᠤ ᠤᠶᠢᠯᠡᠳᠪᠤᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠠᠯᠠᠪᠠᠢ ᠶᠢ ᠬᠤᠶᠠᠷ ᠪᠠᠶᠢᠭᠤᠯᠪᠠ᠃ ᠬᠢᠮᠢ ᠶᠢᠨ ᠪᠣᠷᠳᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠵᠢᠯ ᠳᠠᠷᠠᠭᠠᠯᠠᠨ ᠪᠠᠭᠠᠰᠪᠠ᠃ ᠠᠭᠠᠷ ᠤᠨ ᠴᠢᠨᠠᠷ ᠴᠢᠨᠰᠠᠭ᠎ᠠ ᠲᠣᠭᠲᠠᠭᠤᠨ ᠢᠶᠠᠷ ᠰᠠᠶᠢᠵᠢᠷᠠᠵᠤ᠂ ᠭᠤᠣᠯ ᠬᠤᠲᠠ ᠲᠣᠭᠤᠷᠢᠭ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 93 %᠎ ᠳᠤ ᠬᠦᠷᠪᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠲᠦᠮᠵᠢᠲᠡᠶ ᠠᠷᠢᠯᠭᠠᠪᠠ᠃ ᠡᠳ᠋ ᠬᠥᠷᠥᠩᠭᠡ ᠶᠢ ᠰᠢᠢᠳᠪᠦᠷᠢᠯᠡᠬᠦ᠂ ᠲᠥᠰᠦᠪ ᠢ ᠲᠣᠬᠢᠷᠠᠭᠤᠯᠬᠤ᠂ ︽ᠥᠷᠢ ᠥᠭᠴᠡᠭᠡ ᠶᠢ ᠬᠤᠪᠢᠴᠠᠭ᠎ᠠ ᠪᠣᠯᠭᠠᠨ ᠬᠤᠪᠢᠷᠠᠭᠤᠯᠬᠤ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠠᠯᠳᠠ ᠥᠷᠢ ᠥᠭᠴᠡᠭᠡ ᠶᠢ ᠨᠡᠶᠢᠲᠡ 10 ᠳ᠋ᠦᠩᠰᠢᠭᠤᠷ ᠭᠠᠷᠤᠶ ᠲᠥᠭᠦᠷᠢᠭ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ ᠳᠥᠯᠥᠪᠡ᠃      ᠪᠢᠳᠡ ᠪᠦᠲᠦᠴᠡ ᠪᠠᠨ ᠲᠣᠬᠢᠷᠠᠭᠤᠯᠬᠤ ᠪᠠ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠᠷ  ᠴᠢᠷᠮᠠᠶᠢᠬᠰᠠᠨ ᠠᠴᠠ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠦᠷᠭᠦᠯᠵᠢᠯᠡᠨ ᠰᠠᠶᠢᠵᠢᠷᠠᠪᠠ᠃ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠠᠮᠤ ᠪᠤᠳᠠᠭᠠᠨ ᠤ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 2 . 8 ᠳ᠋ᠦᠩᠰᠢᠭᠤᠷ ᠵᠢᠩ ᠳᠤ ᠬᠦᠷᠪᠡ᠃ ᠲᠥᠮᠥᠰᠥ ᠲᠠᠷᠢᠬᠤ ᠲᠠᠯᠠᠪᠠᠢ ᠶᠢ 39 ᠲᠦᠮᠡᠨ ᠮᠤ᠋᠂ ᠬᠦᠢᠲᠡᠨ ᠰᠡᠷᠢᠭᠦᠨ ᠴᠢᠨᠠᠷᠳᠠᠢ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ 10 ᠲᠦᠮᠡᠨ ᠮᠤ᠋᠂ ᠨᠣᠬᠠᠢ ᠶᠢᠨ ᠬᠤᠰᠢᠭᠤ ᠲᠠᠷᠢᠬᠤ ᠲᠠᠯᠠᠪᠠᠢ ᠶᠢ 22 ᠲᠦᠮᠡᠨ ᠮᠤ᠋ ᠳᠤ ᠲᠣᠭᠲᠠᠪᠤᠷᠢᠵᠢᠭᠤᠯᠵᠤ᠂ ᠬᠡᠪᠴᠢᠶᠡᠵᠢᠭᠰᠡᠨ ᠡᠷᠴᠢᠮᠵᠢᠭᠰᠡᠨ ᠲᠠᠷᠢᠮᠠᠯ ᠢ ᠪᠡᠶᠡᠯᠡᠭᠦᠯᠪᠡ᠃ ᠰᠢᠨ᠎ᠡ ᠪᠠᠷ ᠭᠡᠷᠡᠴᠢᠯᠡᠭᠰᠡᠨ ᠪᠣᠬᠢᠷᠲᠤᠯ ᠥᠬᠡᠶ᠂ ᠣᠷᠭᠠᠨᠢᠭ ᠪᠦᠲᠦᠭᠡᠭᠳᠡᠬᠦᠨ 15 ᠪᠠᠶᠢᠵᠤ᠂ ᠰᠢᠩ ᠾᠧ ᠨᠠᠷᠢᠮᠤ᠂ ᠰᠢᠩ ᠾᠧ ᠰᠠᠭᠠᠭ᠂ ᠰᠢᠩ ᠾᠧ ᠨᠣᠬᠠᠶ ᠶᠢᠨ ᠬᠤᠰᠢᠭᠤ ᠶᠢᠨ ᠭᠤᠯᠢᠷ᠂ ᠰᠢᠩ ᠾᠧ ᠬᠤᠮᠠ ᠶᠢᠨ ᠲᠣᠰᠣ ᠨᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠵᠤ᠂ ᠬᠠᠶ ᠹᠧᠩ᠂ ᠰᠢᠶᠦ᠋ᠩ ᠹᠧᠩ ᠲᠠᠷᠢᠶᠠᠯᠠᠩ ᠮᠠᠯ ᠠᠵᠤ ᠠᠬᠤᠶ ᠶᠢᠨ ᠲᠠᠷᠢᠶᠠᠴᠢᠳ ᠤᠨ ᠲᠤᠰᠬᠠᠶ ᠬᠤᠷᠰᠢᠶ᠎ᠠ ᠨᠢ ᠤᠯᠤᠰ ᠤᠨ ᠵᠢᠱᠢᠶ᠎ᠡ ᠦᠵᠡᠭᠦᠯᠬᠦ ᠬᠤᠷᠰᠢᠶ᠎ᠠ ᠪᠠᠷ ᠦᠨᠡᠯᠡᠭᠳᠡᠪᠡ᠃  ᠫᠦ᠋ ᠢᠦᠢ᠂ ᠳ᠋ᠠ ᠪᠧᠢ ᠨᠦᠩ ᠵᠡᠷᠭᠡ 7 ᠲᠣᠮᠣ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠠᠰᠢᠭᠯᠠᠯᠲᠠ ᠳᠤ ᠣᠷᠣᠪᠠ᠃ ᠬᠡᠪᠴᠢᠶᠡᠵᠢᠯ ᠤᠨ ᠲᠡᠵᠢᠭᠡᠨ ᠦᠷᠡᠵᠢᠭᠦᠯᠬᠦ ᠲᠠᠯᠠᠪᠠᠢ ᠶᠢ 26 ᠡᠷᠦᠬᠡ ᠳᠤ ᠬᠦᠷᠭᠡᠵᠦ᠂ ᠵᠢᠯ ᠳᠤ ᠳᠤᠮᠳᠠᠴᠢ ᠪᠠᠷ 80 ᠲᠦᠮᠡᠨ ᠲᠣᠯᠣᠭᠠᠢ ᠮᠠᠯ ᠢ ᠪᠣᠷᠣᠯᠠᠭᠤᠯᠤᠨ᠎ᠠ ᠃ 7000 ᠮᠦ ᠭᠠᠵᠠᠷ ᠡᠵᠡᠯᠡᠭᠰᠡᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ 8 ᠠᠵᠤ ᠠᠬᠤᠶᠢᠯᠠᠯ ᠢ ᠣᠷᠣᠭᠤᠯᠤᠨ᠂ ᠴᠤᠸᠠᠨ ᠱᠦᠨ᠂  ᠵᠦ ᠬᠤᠸᠠ ᠵᠢᠶᠠᠨ ᠴᠧᠩ ᠠᠰᠢᠭᠯᠠᠯᠲᠠ ᠳᠤ ᠣᠷᠣᠪᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠠᠬᠢᠴᠠ ᠢᠯᠡᠳᠲᠡ ᠲᠦᠷᠭᠡᠳᠴᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ 14 ᠪᠣᠯᠵᠤ᠂ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ 66 . 8 % ᠬᠦᠷᠲᠡᠯ᠎ᠡ ᠳᠡᠭᠡᠭᠰᠢᠯᠡᠪᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠪᠡ᠃ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ 22 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠯᠦᠩ ᠰᠢᠩ᠂ ᠵᠢᠶᠠ ᠲᠠᠢ᠂ ᠶᠠᠨ ᠶᠠᠩ᠂ ᠰᠢᠩ ᠵᠢᠶᠧ ᠪᠠᠶᠢᠭᠠᠯᠢ ᠶᠢᠨ ᠰᠢᠲᠠᠮᠠᠬᠠᠢ ᠬᠡᠢ᠂ ᠳ᠋ᠠ ᠳᠠᠩ ᠸᠠᠨ ᠶᠤᠸᠠᠨ ᠵᠡᠷᠭᠡ ᠰᠢᠨ᠎ᠡ ᠮᠠᠲ᠋ᠧᠷᠢᠶᠠᠯ ᠤᠨ ᠰᠢᠨ᠎ᠡ ᠡᠨᠧᠷᠭᠢ ᠶᠢᠨ ᠠᠵᠤ ᠠᠬᠤᠶᠢᠯᠠᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 50 ᠲᠦᠮᠡᠨ ᠺᠢᠯᠤᠸᠠᠲ ᠤᠨ ᠰᠠᠯᠬᠢᠨ ᠬᠦᠴᠦᠨ ᠎ ᠤ ᠴᠠᠬᠢᠯᠭᠠᠨ ᠤ ᠲᠥᠷᠥᠯ ᠵᠦᠢᠯ ᠢ ᠶᠠᠭ ᠰᠠᠶᠢᠬᠠᠨ ᠪᠦᠲᠦᠭᠡᠨ ᠪᠠᠶᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠡᠵᠡᠯᠡᠬᠦ ᠬᠠᠷᠢᠴᠠᠯ 67 %᠎ ᠳᠤ ᠬᠦᠷᠴᠦ᠂ ᠭᠤᠣᠯᠳᠠᠯᠭ᠎ᠠ ᠲᠠᠢ ᠳᠠᠶᠢᠴᠢᠯᠠᠬᠤ᠂ ᠣᠯᠠᠨ ᠴᠡᠭ ᠢᠶᠠᠷ ᠲᠤᠯᠭᠠᠭᠤᠷᠢᠯᠠᠭᠰᠠᠨ ᠰᠢᠨ᠎ᠡ ᠪᠠᠷ ᠮᠠᠨᠳᠤᠭᠰᠠᠨ ᠠᠵᠤ ᠦᠢᠯᠡᠰᠵᠢᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ ᠦᠢᠯᠡᠴᠢᠯᠡᠭᠡᠨ ᠤ ᠦᠢᠯᠡᠰ ᠥᠷᠨᠢᠩᠭᠦᠢ ᠬᠥᠭᠵᠢᠪᠡ᠃ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠳᠤᠮᠳᠠᠳᠤ ᠮᠣᠩᠭᠤᠯ ᠤᠨ ᠬᠡᠦᠷᠡᠰᠦ ᠨᠡᠭᠦᠷᠡᠰᠦᠨ ᠤ ᠡᠭᠡᠯᠵᠢ ᠶᠢᠨ ᠭᠠᠯᠲᠤ ᠲᠡᠷᠭᠡ ᠨᠡᠪᠲᠡᠷᠡᠵᠦ᠂ ᠲᠢᠶᠠᠨᠵᠢᠨ ᠠᠴᠠ ᠰᠢᠩ ᠭᠠᠩ ᠬᠦᠷᠬᠦ ᠲᠡᠮᠦᠷ ᠵᠠᠮ ᠤᠨ ᠪᠠᠷᠠᠭ᠎ᠠ ᠶᠢᠨ ᠲᠠᠯᠠᠪᠠᠢ ᠪᠠᠶᠢᠭᠤᠯᠤᠭᠳᠠᠨ ᠠᠰᠢᠭᠯᠠᠯᠲᠠ ᠳᠤ ᠣᠷᠣᠪᠠ᠃ ᠰᠤᠮᠤᠨ ᠠᠭᠤᠯᠠ ᠪᠠ  ᠴᠠᠷ ᠨᠠᠭᠤᠷ ᠤᠨ 4 A ᠲᠡᠰ ᠤᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠬᠦᠯᠢᠶᠡᠨ ᠠᠪᠬᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠯᠦ ᠵᠢᠶᠠ ᠶᠢᠩ ᠠᠮᠢ ᠠᠬᠤᠶ ᠶᠢᠨ ᠵᠢᠭᠤᠯᠴᠢᠯᠠᠯ ᠤᠨ ᠵᠢᠵᠢᠭ ᠪᠠᠯᠭᠠᠰᠤ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠪᠡ᠃ ᠥᠪᠥᠷ ᠮᠣᠩᠭᠤᠯ ᠤᠨ ᠠᠩᠬᠠᠳᠠᠭᠴᠢ ︽ᠵᠠᠭᠤᠨ ᠰᠠᠶᠢᠬᠠᠨ ᠲᠣᠰᠬᠤᠨ ᠤ ᠪᠠᠭᠤᠳᠠᠯ︾᠎ ᠤᠨ ᠵᠢᠱᠢᠶ᠎ᠡ ᠦᠵᠡᠭᠦᠯᠬᠦ ᠲᠥᠷᠥᠯ ᠵᠦᠢᠯ ᠰᠢᠩ ᠾᠧ ᠶᠢᠨ ᠡᠷᠦᠭᠡ ᠠᠮᠠ ᠶᠢᠨ ᠲᠠᠩᠰᠠᠨ ᠳᠤ ᠤᠷᠤᠪᠠ᠃ ᠰᠤᠮᠤᠨ ᠠᠭᠤᠯᠠ᠂ ᠳ᠋ᠠ ᠨᠠᠨ ᠱᠠᠨ ᠠᠭᠤᠯᠠ ᠨᠢ ᠰᠤᠷᠭᠠᠨ ᠬᠥᠮᠦᠵᠢᠯ ᠪᠣᠯᠪᠠᠰᠤᠷᠠᠭᠤᠯᠤᠯ ᠤᠨ ᠴᠢᠬᠤᠯᠠ ᠰᠠᠭᠤᠷᠢᠨ ᠭᠠᠵᠠᠷ ᠪᠣᠯᠪᠠ᠃ ᠰᠢᠩ ᠾᠧ ᠰᠢᠶᠠᠨ ᠤ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠠᠮᠵᠢᠯᠲᠠ ᠲᠠᠢ ᠡᠷᠬᠢᠯᠡᠪᠡ᠃      ᠪᠢᠳᠡ ᠰᠠᠭᠤᠷᠢ ᠪᠠᠨ ᠪᠠᠲᠤᠳᠬᠠᠵᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠢ ᠶᠡᠬᠡᠪᠡᠷ ᠰᠠᠶᠢᠵᠢᠷᠠᠭᠤᠯᠪᠠ᠃ ᠬᠤᠲᠠ ᠶᠢᠨ ᠴᠢᠳᠠᠮᠵᠢ ᠲᠠᠰᠤᠷᠠᠯᠲᠠ ᠦᠭᠡᠢ ᠲᠡᠭᠡᠭᠰᠢᠯᠡᠵᠦ᠂ ᠬᠤᠲᠠ ᠶᠢᠨ ᠲᠣᠭᠤᠷᠢᠭ ᠤᠨ ᠪᠠᠶᠢᠭᠤᠯᠤᠭᠰᠠᠨ ᠲᠠᠯᠠᠪᠠᠢ 19.87 ᠲᠡᠭᠰᠢ ᠳᠥᠷᠪᠡᠯᠵᠢᠨ ᠺᠢᠯᠤᠮᠧᠲᠷ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠨ ᠭᠠᠵᠠᠷ ᠤᠨ ᠲᠠᠯᠠᠪᠠᠢ 13.64 ᠲᠡᠭᠰᠢ ᠳᠥᠷᠪᠡᠯᠵᠢᠨ ᠮᠧᠲᠷ᠂ ᠨᠣᠭᠤᠭᠠᠨ ᠭᠠᠵᠠᠷ ᠤᠨ ᠨᠣᠷᠮ᠎ᠠ 31.42 %᠎ ᠲᠤ ᠬᠦᠷᠪᠡ᠃ ᠨᠡᠶᠢᠲᠡ 36 .7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠲᠠ ᠶᠢᠨ ᠵᠠᠮ ᠢ15 ᠺᠢᠯᠤᠮᠧᠲᠷ ᠪᠠ ᠬᠤᠭᠤᠯᠠᠢ ᠲᠣᠣᠷ ᠢ 73.8 ᠺᠢᠯᠤᠮᠧᠲᠷ ᠰᠢᠨ᠎ᠡ ᠪᠠᠷ ᠪᠤᠶᠤ ᠥᠭᠡᠷᠡᠴᠢᠯᠡᠨ ᠵᠠᠰᠠᠵᠤ᠂ ᠪᠠᠰᠠ 9 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠪᠠ᠃ ᠬᠤᠲᠠ ᠪᠠᠯᠭᠠᠰᠤᠨ ᠤ ᠤᠰᠤ ᠬᠠᠩᠭᠠᠬᠤ ᠲᠦᠭᠡᠮᠡᠯᠵᠢᠭᠰᠡᠨ ᠨᠣᠷᠮ᠎ᠠ 98%᠂ ᠢᠯᠴᠢ ᠬᠠᠩᠭᠠᠬᠤ ᠲᠦᠭᠡᠮᠡᠯᠵᠢᠭᠰᠡᠨ ᠨᠣᠷᠮ᠎ᠠ 85 %᠂ ᠬᠡᠶ ᠬᠠᠩᠭᠠᠬᠤ ᠲᠦᠭᠡᠮᠡᠯᠵᠢᠭᠰᠡᠨ ᠨᠣᠷᠮ᠎ᠠ 98.8 %᠂ ᠠᠮᠢᠳᠤᠷᠠᠯ ᠤᠨ ᠪᠣᠬᠢᠷ ᠤᠰᠤ ᠶᠢ ᠰᠢᠢᠳᠪᠤᠷᠢᠯᠡᠭᠰᠡᠨ ᠨᠣᠷᠮ᠎ᠠ 96.4 %᠎ ᠳᠤ ᠬᠥᠷᠪᠡ᠃ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠲᠡᠰ ᠤᠨ ᠬᠤᠲᠠ︾ ︽ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠰᠡᠨ ᠰᠢᠶᠠᠨ ᠤ ᠲᠡᠰ ᠤᠨ ᠬᠤᠲᠠ︾ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠲᠡᠰ ᠤᠨ ᠬᠤᠲᠠ︾ ︽ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠰᠢᠶᠠᠨ ᠤ ᠲᠡᠰ ᠤᠨ ᠬᠤᠲᠠ︾᠎ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠲᠦᠷᠭᠡᠳᠪᠡ᠃ ᠬᠥᠳᠡᠭᠡ ᠲᠣᠰᠬᠤᠨ ᠤ 1 .72 ᠲᠦᠮᠡᠨ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠢᠨᠵᠧᠨᠧᠷᠢᠩ ᠢ 141 ᠰᠢᠨ᠎ᠡ ᠪᠠᠷ ᠪᠠᠶᠢᠭᠤᠯᠪᠠ᠃ ᠲᠣᠰᠬᠤᠨ ᠤ ᠰᠣᠶᠣᠯ ᠤᠨ ᠬᠥᠳᠡᠯᠭᠡᠭᠡᠨ ᠤ ᠲᠠᠰᠤᠭ᠂ ᠡᠷᠡᠭᠦᠯ ᠬᠠᠮᠠᠭᠠᠯᠠᠯ ᠤᠨ ᠲᠠᠰᠤᠭ ᠤᠨ ᠤᠶᠢᠯᠡᠴᠢᠯᠡᠭᠡᠨ ᠤ ᠴᠢᠳᠠᠪᠤᠷᠢ ᠪᠥᠬᠦ ᠲᠠᠯ᠎ᠠ ᠪᠠᠷ ᠳᠡᠭᠡᠭᠰᠢᠯᠡᠪᠡ᠃ 4 G ᠰᠦᠯᠵᠢᠶ᠎ᠡ ᠶᠢ ᠨᠡᠶᠢᠳᠡᠮ ᠪᠥᠷᠬᠦᠭᠦᠯᠵᠦ᠂ 5 G ᠰᠠᠭᠤᠷᠢ ᠥᠷᠲᠡᠭᠡ ᠶᠢ 70 ᠪᠠᠶᠢᠭᠤᠯᠪᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠬᠥᠳᠡᠭᠡ ᠲᠣᠰᠬᠤᠨ ᠤ 1 . 1 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠭᠰᠡᠨ ᠨᠣᠷᠮ᠎ᠠ 92.5%᠎ ᠳᠤ ᠬᠦᠷᠪᠡ᠃ ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠪᠡ᠃ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠨᠡᠶᠢᠲᠡ 121 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠤᠰᠤ᠂ ᠴᠠᠬᠢᠯᠭᠠᠨ᠂ ᠵᠠᠮ᠂ ᠴᠢᠮᠡᠭᠡ ᠨᠡᠪᠲᠡᠷᠡᠯᠭᠡ᠂ ᠬᠡᠢ᠂ ᠪᠣᠬᠢᠷ ᠤᠰᠤ ᠰᠢᠢᠳᠪᠤᠷᠢᠯᠡᠬᠦ ᠵᠡᠷᠭᠡ ᠰᠠᠭᠤᠷᠢ ᠪᠡᠯᠡᠳᠬᠡᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠦᠷ᠎ᠡ ᠪᠦᠲᠦᠮᠵᠢ ᠶᠢ ᠪᠠᠬᠢᠵᠢᠭᠦᠯᠬᠦ ᠵᠡᠷᠭᠡ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠨᠡᠶᠢᠲᠡ 62.2 ᠲᠦᠮᠡᠨ ᠮᠥ ᠪᠡᠶᠡᠯᠡᠭᠦᠯᠵᠦ᠂ ᠪᠥᠬᠦ ᠰᠢᠶᠠᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ 2017 ᠣᠨ ᠤ ᠵᠢᠯ ᠤᠨ ᠡᠴᠦᠰ ᠲᠤ 24.1 % ᠪᠠᠶᠢᠭᠰᠠᠨ ᠠᠴᠠ ᠪᠠᠨ 24.8 % ᠪᠣᠯᠤᠨ ᠳᠡᠭᠡᠭᠰᠢᠯᠡᠵᠦ᠂ ᠣᠶ ᠰᠢᠭᠤᠶ ᠡᠪᠡᠰᠦᠨ ᠤ ᠪᠦᠷᠬᠦᠴᠡ ᠶᠢᠨ ᠬᠡᠮᠵᠢᠶ᠎ᠡ 2017 ᠣᠨ ᠤ ᠵᠢᠯ ᠤᠨ ᠡᠴᠦᠰ ᠲᠤ 51.2 % ᠪᠠᠶᠢᠭᠰᠠᠨ ᠠᠴᠠ ᠪᠠᠨ 53.6 % ᠪᠣᠯᠤᠨ ᠳᠡᠭᠡᠭᠰᠢᠯᠡᠪᠡ᠃ 223 ᠮᠤᠵᠢ ᠶᠢᠨ ᠲᠡᠰ ᠤᠨ ᠵᠠᠰᠠᠮᠠᠯ ᠵᠠᠮ ᠤᠨ ᠱᠠᠩᠳᠤ ᠠᠴᠠ ᠰᠢᠩ ᠾᠧ ᠬᠦᠷᠬᠦ ᠬᠡᠰᠡᠭ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠪᠡ᠃ 9 ᠰᠢᠶᠠᠩ ᠪᠠᠯᠭᠠᠰᠤ ᠪᠦᠬᠦᠨ ᠢᠶᠠᠷ ᠢᠶᠠᠨ ᠭᠤᠷᠪᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠵᠦ᠂ 161 ᠵᠠᠰᠠᠭ ᠵᠠᠬᠢᠷᠭᠠᠨ ᠤ ᠲᠣᠰᠬᠤᠨ ᠳᠤ ᠪᠦᠬᠦᠨ ᠢᠶᠠᠷ ᠢᠶᠠᠨ ᠴᠠᠷᠳᠠᠮᠠᠯ ᠵᠠᠮ ᠪᠤᠶᠤ ᠱᠦᠢᠨᠢ ᠵᠠᠮ ᠨᠡᠪᠲᠡᠷᠡᠵᠦ᠂ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠶᠡᠷᠦᠩᠬᠡᠶ ᠤᠷᠲᠤ 1590 ᠺᠢᠯᠦᠮᠧᠲᠷ ᠲᠤ ᠬᠦᠷᠪᠡ᠃ 3 ᠰᠠᠭᠤᠷᠢ ᠬᠦᠴᠦᠳᠡᠯ ᠥᠭᠡᠷᠡᠴᠢᠯᠡᠬᠦ ᠥᠷᠲᠡᠭᠡ᠂ 1045 ᠺᠢᠯᠦᠮᠧᠲᠷ ᠴᠠᠬᠢᠯᠭᠠᠨ ᠬᠦᠷᠭᠡᠬᠦ ᠱᠤᠭᠤᠮ ᠢ ᠰᠢᠨ᠎ᠡ ᠪᠠᠷ ᠪᠠᠶᠢᠭᠤᠯᠵᠤ ᠦᠭᠡᠷᠡᠴᠢᠯᠡᠪᠡ᠃      ᠪᠢᠳᠡ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠣᠭᠲᠠᠭᠤᠨ ᠪᠠᠶᠢᠳᠠᠯ ᠢ ᠪᠠᠲᠤᠯᠠᠬᠤ᠂ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠶᠡᠭᠡ ᠪᠠᠷ ᠳᠡᠭᠡᠭᠰᠢᠯᠡᠭᠦᠯᠬᠦ ᠪᠠᠷ ᠴᠢᠷᠮᠠᠶᠢᠵᠤ ᠪᠠᠶᠢᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ ᠬᠦᠴᠦᠲᠡᠶ ᠪᠣᠯᠪᠠ᠃ ᠠᠷᠠᠳ ᠤᠯᠠᠨ ᠤ ᠠᠮᠤᠷ ᠲᠦᠪᠰᠢᠨ ᠠᠶᠤᠯ ᠲᠦᠭᠰᠢᠭᠦᠷᠢ᠂ ᠬᠠᠯᠠᠭᠤᠨ ᠬᠦᠢᠳᠡᠨ ᠢ ᠢᠮᠠᠭᠲᠠ ᠰᠡᠳᠬᠢᠯ ᠳᠡᠭᠡᠨ ᠪᠤᠳᠤᠵᠤ᠂ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠵᠢᠴᠢ ᠨᠡᠶᠢᠭᠡᠮ ᠤᠨ ᠦᠢᠯᠡᠰ ᠲᠤ ᠬᠡᠷᠡᠭᠯᠡᠭᠰᠡᠨ ᠵᠠᠷᠤᠯᠭ᠎ᠠ ᠨᠡᠶᠢᠳᠡ 84.32 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠪᠦᠬᠦ ᠵᠠᠷᠤᠯᠭ᠎ᠠ ᠶᠢᠨ 75%᠎ ᠶᠢ ᠡᠵᠡᠯᠡᠪᠡ᠃ ᠬᠤᠲᠠ ᠪᠠᠯᠭᠠᠰᠤᠨ ᠤ 5673 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠯᠮᠦᠷᠢ ᠬᠦᠴᠦᠨ ᠢ ᠵᠢᠯ ᠪᠦᠷᠢ ᠳᠤᠮᠳᠠᠴᠢ ᠪᠠᠷ 3.2 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠶᠢ ᠲᠥᠪᠬᠢᠨᠡᠭᠦᠯᠬᠦ ᠲᠦᠷᠦ ᠶᠢᠨ ᠪᠤᠳᠤᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠪᠠ᠃ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠ ᠠᠪᠤᠷᠠᠨ ᠲᠤᠰᠠᠯᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠵᠡᠷᠭᠡ ᠡᠯ᠎ᠡ ᠵᠦᠢᠯ ᠤᠨ ᠪᠠᠲᠤᠯᠠᠭ᠎ᠠ ᠶᠢᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 22.1ᠲᠦᠮᠡ ᠳᠤ ᠬᠦᠷᠪᠡ᠃ ᠨᠡᠶᠢᠭᠡᠮ ᠤᠨ ᠦᠢᠯᠡᠰ ᠯᠠᠪᠳᠠᠭᠤᠨ ᠢᠶᠠᠷ ᠬᠥᠭᠵᠢᠪᠡ᠃ 1.7 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠂ ᠬᠡᠦᠬᠡᠳ ᠤᠨ ᠴᠡᠴᠡᠷᠯᠢᠭ᠂ ᠲᠠᠪᠤᠨ ᠪᠠᠭ᠎ᠠ ᠰᠤᠷᠭᠠᠭᠤᠯᠢ᠂ ᠨᠢᠬᠡ ᠬᠥᠯ ᠪᠥᠮᠪᠦᠭᠡ ᠶᠢᠨ ᠣᠷᠳᠣᠨ ᠢ ᠰᠢᠨ᠎ᠡ ᠪᠠᠷ ᠪᠠᠶᠢᠭᠤᠯᠵᠤ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ ᠨᠢᠬᠡ ᠥᠷᠭᠡᠳᠬᠡᠨ ᠪᠠᠶᠢᠭᠤᠯᠪᠠ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠶᠡᠭᠡ ᠰᠤᠷᠭᠠᠭᠤᠯᠢ ᠲᠡᠭᠦᠰᠦᠭᠰᠡᠨ 376 ᠰᠢᠯᠢᠳᠡᠭ ᠣᠶᠤᠲᠠᠨ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠣᠴᠢᠵᠤ ᠲᠡᠭᠦᠯᠳᠡᠷᠵᠢᠪᠡ᠃ ︽ᠬᠤᠶᠠᠷ ᠢ ᠪᠠᠭᠠᠰᠬᠠᠬᠤ ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠦᠢᠯᠡ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠪᠣᠯᠤᠨ ᠤᠷᠤᠯᠳᠤᠭᠠᠨ ᠤ ᠪᠡᠶ᠎ᠡ ᠶᠢᠨ ᠲᠠᠮᠢᠷ ᠵᠣᠬᠢᠴᠠᠩᠭᠤᠶ ᠬᠥᠭᠵᠢᠪᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠲᠠᠰᠤᠷᠠᠯᠲᠠ ᠦᠭᠡᠢ ᠰᠢᠯᠢᠳᠡᠭᠵᠢᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠤᠯᠠᠮ ᠴᠢᠨᠠᠭᠰᠢᠳᠠ ᠴᠢᠩᠭᠠᠷᠠᠪᠠ᠃ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠣᠣᠷ ᠲᠠᠰᠤᠷᠠᠯᠲᠠ ᠤᠢᠭᠡᠢ ᠪᠦᠷᠢᠨᠰᠢᠵᠦ᠂ ᠬᠤᠲᠠ ᠬᠥᠳᠡᠭᠡ ᠶᠢ ᠬᠠᠮᠤᠷᠤᠭᠰᠠᠨ ᠠᠯᠤᠰ ᠠᠴᠠ ᠬᠠᠮᠲᠤᠷᠠᠨ ᠣᠨᠣᠰᠢᠯᠠᠬᠤ᠂ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠰᠢᠨ᠎ᠡ   ᠲᠢᠳᠢᠮᠯᠢᠭᠳᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ︽ᠣᠷᠣᠵᠤ ᠢᠷᠡᠬᠦ ᠲᠡᠶᠢᠯᠬᠦ ᠦᠭᠡᠢ᠂  ᠬᠠᠯᠳᠠᠪᠤᠷᠢᠯᠠᠬᠳᠠᠬᠤ ᠦᠭᠡᠢ︾ ᠪᠣᠯᠪᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠲᠠᠰᠤᠷᠠᠯᠲᠠ ᠤᠢᠭᠡᠢ ᠪᠦᠷᠢᠨᠰᠢᠵᠦ᠂ ᠰᠣᠶᠣᠯ ᠤᠨ ᠦᠢᠯᠡᠰ ᠥᠷᠨᠢᠨ ᠬᠥᠭᠵᠢᠵᠦ᠂ ᠨᠢᠭᠡ ᠪᠦᠯᠦᠭ ᠰᠢᠯᠢᠳᠡᠭ ᠵᠦᠴᠦᠭᠡ ᠪᠣᠯᠤᠨ ᠤᠯᠠᠮᠵᠢᠯᠠᠨ ᠵᠠᠯᠭᠠᠮᠵᠢᠯᠠᠭᠴᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠰᠠᠶᠢᠰᠢᠶᠠᠯ ᠢ ᠬᠦᠷᠲᠡᠪᠡ᠃ ᠤᠯᠠᠭᠠᠨᠮᠥ᠋ᠴᠢᠷ ᠤᠨ ᠬᠥᠩᠭᠡᠨ ᠮᠣᠷᠢᠲᠤ ᠴᠡᠷᠢᠭ ᠤᠨ ᠦᠢᠯᠡᠳᠦᠯ ᠲᠠᠰᠤᠷᠠᠯᠲᠠ ᠥᠬᠡᠶ ᠲᠣᠪᠤᠶᠢᠮ᠎ᠠ ᠢᠯᠡᠷᠡᠵᠦ᠂ ᠦᠵᠡᠰᠭᠦᠯᠡᠩᠳᠦ ᠰᠢᠩ ᠾᠧ ᠲᠥᠪ ᠲᠧᠯᠸᠢᠰ ᠤᠨ ︽ᠬᠥᠳᠡᠭᠡ ᠲᠣᠰᠬᠤᠨ ᠤ ᠲᠣᠮᠣ ᠲᠠᠪᠴᠠᠩ︾᠎ ᠢ ᠬᠠᠩᠭᠢᠨᠠᠭᠤᠯᠪᠠ᠃ 86 ᠲᠣᠰᠬᠤᠨ ᠪᠣᠯᠪᠠᠰᠤᠨ ᠲᠣᠰᠬᠤᠨ ᠪᠠᠯᠭᠠᠰᠤ ᠶᠢᠨ ᠢᠷᠠᠭᠤ ᠠᠯᠳᠠᠷ ᠤᠨ ᠴᠣᠯᠠ ᠶᠢ ᠬᠦᠷᠲᠡᠪᠡ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠴᠢᠨᠠᠷ ᠰᠠᠶᠢᠲᠠᠶ ᠪᠡᠶᠡᠯᠡᠭᠦᠯᠪᠡ᠃ ᠡᠮᠡᠭᠲᠡᠶᠢᠴᠦᠳ ᠤᠨ ᠬᠤᠯᠪᠣᠭ᠎ᠠ ᠪᠦᠬᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ ᠪᠠᠷ ᠦᠨᠡᠯᠡᠭᠳᠡᠪᠡ᠃ ᠴᠠᠭ ᠠᠭᠤᠷ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠬᠠᠩᠭᠠᠨ ᠪᠣᠷᠣᠯᠠᠭᠤᠯᠬᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠦᠢᠯᠡᠰ ᠰᠢᠨ᠎ᠡ ᠠᠬᠢᠴᠠ ᠲᠠᠢ ᠪᠣᠯᠪᠠ᠃ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠰᠠᠶᠢᠵᠢᠷᠠᠪᠠ᠃ ︽ᠠᠮᠤᠷ ᠠᠮᠤᠭᠤᠯᠠᠩ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ︾᠎ ᠤ ᠢᠷᠠᠭᠤ ᠠᠯᠳᠠᠷ  ᠬᠦᠷᠳᠡᠵᠦ᠂ ᠭᠠᠵᠠᠷ ᠣᠷᠣᠨ ᠤ ᠨᠡᠷ᠎ᠡ ᠠᠯᠳᠠᠷᠰᠢᠯ᠂ ᠨᠡᠶᠢᠭᠡᠮ ᠤᠨ ᠡᠶ᠎ᠡ ᠵᠣᠬᠢᠴᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢᠨ ︽ᠠᠯᠲᠠᠨ ᠨᠡᠷ᠎ᠡ ᠶᠢᠨ ᠬᠠᠭᠤᠳᠠᠰᠤ︾ ᠪᠣᠯᠪᠠ᠃ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠵᠣᠬᠢᠴᠠᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠣᠯᠠᠨ ᠲᠦᠮᠡᠨ ᠤ ︽ᠪᠠᠴᠢᠮ ᠬᠦᠴᠢᠷᠲᠡᠢ ᠠᠰᠠᠭᠤᠳᠠᠯ︾᠎ ᠢ ᠵᠣᠬᠢᠰᠲᠠᠢ ᠰᠢᠢᠳᠪᠦᠷᠢᠯᠡᠪᠡ᠃ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠬᠦ ᠪᠠ ᠴᠣᠬᠢᠯᠲᠠ ᠥᠭᠪᠡ᠃ ᠠᠶᠤᠯᠭᠦᠶ ᠤᠶᠢᠯᠡᠳᠪᠤᠷᠢᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠢᠯᠡᠳᠲᠡ ᠦᠷ᠎ᠡ ᠪᠦᠲᠦᠮᠵᠢ ᠣᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠤᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠶᠡᠭᠡ ᠪᠠᠷ ᠳᠡᠭᠡᠭᠰᠢᠯᠡᠪᠡ᠃      ᠪᠢᠳᠡ ᠥᠭᠡᠷᠡᠴᠢᠯᠡᠯᠲᠡ ᠶᠢ ᠠᠳᠬᠤᠵᠤ ᠰᠢᠨ᠎ᠡ ᠶᠢ ᠡᠭᠦᠳᠬᠦ ᠪᠠᠷ ᠬᠦᠴᠦᠯᠡᠨ ᠴᠢᠷᠮᠠᠶᠢᠵᠤ᠂ ᠭᠠᠵᠠᠷ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠬᠭᠠᠷᠠᠭᠤᠯᠪᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠪᠠ᠃ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠢ ᠴᠣᠮᠬᠠᠳᠬᠠᠨ ᠨᠡᠶᠢᠯᠡᠭᠦᠯᠦᠭᠡᠳ 27 ᠪᠣᠯᠭᠠᠪᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠬᠤ ᠪᠠ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠵᠡᠷᠭᠡ ᠵᠠᠩᠭᠢᠯᠠᠭ᠎ᠠ ᠶᠢᠨ ᠬᠦᠷᠢᠶᠡᠨ ᠤ ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ︽ᠣᠯᠠᠨ ᠦᠨᠡᠮᠯᠡᠯ ᠢ ᠨᠢᠭᠡᠳᠬᠡᠬᠦ︾ ᠳᠠᠩᠰᠠᠯᠠᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ 7778 ᠡᠷᠦᠬᠡ ᠰᠢᠨ᠎ᠡ ᠪᠠᠷ ᠨᠡᠮᠡᠭᠳᠡᠪᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤᠮᠳᠠᠴᠢ ᠭᠦᠢᠴᠡᠳᠭᠡᠬᠦ ᠴᠠᠭ ᠢ 19.7 ᠡᠳᠦᠷ ᠪᠠᠶᠢᠭᠰᠠᠨ ᠠᠴᠠ 5.8 ᠡᠳᠦᠷ ᠪᠣᠯᠭᠠᠨ ᠪᠣᠭᠤᠨᠢᠰᠬᠠᠪᠠ᠃ ︽ᠨᠢᠭᠡ ᠰᠦᠯᠵᠢᠶ᠎ᠡ ᠪᠠᠷ ᠭᠦᠢᠴᠡᠳᠭᠡᠬᠦ᠂ ᠠᠯᠠᠭᠠᠨ ᠳᠡᠭᠡᠷ᠎ᠡ ᠭᠦᠢᠴᠡᠳᠭᠡᠬᠦ᠂ ᠨᠢᠭᠡ ᠯᠡ ᠤᠳᠠᠭ᠎ᠠ ᠳᠤ  ᠭᠦᠢᠴᠡᠳᠭᠡᠬᠦ᠂ ᠬᠠᠪᠰᠤᠷᠤᠨ ᠭᠦᠢᠴᠡᠳᠭᠡᠬᠦ︾ ᠣᠶᠤᠨᠴᠢ ᠵᠠᠰᠠᠭ ᠤᠨ ᠶᠠᠪᠤᠳᠠᠯ ᠢ ᠪᠥᠬᠦ ᠲᠠᠯ᠎ᠠ ᠪᠠᠷ ᠬᠡᠷᠡᠭᠵᠢᠭᠦᠯᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠠᠶᠢᠯᠢ ᠰᠦᠢᠳᠬᠡᠯ ᠢ ᠨᠡᠶᠢᠲᠡ 3.82 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ 48 ᠵᠦᠢᠯ ᠤᠨ ᠴᠢᠬᠤᠯᠠ ᠶᠡᠭᠡ ᠲᠥᠷᠥᠯ ᠵᠦᠢᠯ ᠪᠠ 54.4 ᠳ᠋ᠦᠩᠰᠢᠭᠤᠷ ᠲᠥᠭᠦᠷᠢᠭ ᠤᠨ ᠡᠯ᠎ᠡ ᠲᠥᠷᠥᠯ ᠤᠨ ᠪᠡᠯᠡ ᠮᠥᠩᠭᠦ ᠶᠢ ᠲᠡᠳᠡᠨ ᠣᠷᠣᠭᠤᠯᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠤᠯᠠᠮ ᠨᠢᠭᠡ ᠠᠯᠬᠤᠮ ᠴᠢᠩᠭᠠᠷᠠᠪᠠ᠃      ᠪᠢᠳᠡ ᠰᠤᠷᠲᠠᠯ ᠢᠶᠠᠨ ᠬᠤᠪᠢᠷᠠᠭᠤᠯᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠪᠠᠷ ᠴᠢᠷᠮᠠᠶᠢᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ   ᠬᠡᠷᠡᠭᠵᠢᠬᠦᠯᠦᠨ᠂ ︽ᠠᠯᠵᠠᠭᠤ ᠬᠤᠶᠢᠷᠭᠤ ᠰᠤᠯᠠ ᠵᠠᠳᠠᠭᠠᠶ᠂ ᠤᠳᠠᠭᠠᠰᠢᠷᠠᠭᠤᠯᠵᠤ ᠬᠤᠶᠢᠰᠢᠯᠠᠭᠤᠯᠬᠤ ᠲᠤᠭᠤᠷᠢᠵᠦ  ᠲᠤᠬᠰᠢᠭᠤᠯᠬᠤ᠂ ᠴᠠᠯᠠᠭᠠᠶᠢᠷᠠᠬᠤ ᠡᠷᠤᠢ ᠬᠤᠷᠦᠢ︾ ᠪᠠᠶᠢᠬᠤ ᠰᠤᠷᠲᠠᠯ ᠤᠨ ᠠᠷᠬᠠᠭ ᠬᠡᠮ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠪᠠ ᠨᠡᠶᠢᠭᠡᠮ ᠤᠨ ᠬᠡᠪ ᠰᠤᠷᠲᠠᠯ ᠦᠷᠭᠦᠯᠵᠢᠯᠡᠨ ᠰᠠᠶᠢᠵᠢᠷᠠᠪᠠ᠃ ︽ᠭᠤᠷᠪᠠᠨ ᠴᠢᠬᠤᠯᠠ ᠨᠢᠭᠡ ᠲᠣᠮᠣ︾ ᠬᠠᠮᠲᠤ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠣᠳᠣᠵᠤ ᠬᠢᠨᠠᠯᠲᠠ ᠲᠠᠯᠪᠢᠬᠤ ᠡᠷᠴᠢᠮ ᠢᠶᠠᠨ ᠨᠡᠮᠡᠭᠳᠡᠭᠦᠯᠦᠨ᠂ ᠡᠯ᠎ᠡ ᠲᠥᠷᠥᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ︽ᠭᠤᠷᠪᠠᠨ ᠰᠠᠬᠢᠯᠭ᠎ᠠ ᠲᠦᠷᠢᠮ︾᠎ ᠢ ᠡᠷᠡᠰ ᠲᠤᠭᠤᠰᠢᠯᠠᠭᠤᠯᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠢ 2017 ᠣᠨ ᠤ ᠬᠢ ᠠᠴᠠ27.3%᠎ ᠪᠠᠷ ᠪᠠᠭᠤᠷᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ᠂ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠡᠶᠢᠲᠡ 441 ᠬᠤᠪᠢ ᠰᠢᠢᠳᠪᠦᠷᠢᠯᠡᠪᠡ᠃ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠥᠨᠳᠥᠷ ᠪᠦᠲᠦᠮᠵᠢᠲᠡᠶ ᠪᠠᠶᠢᠵᠦ᠂ ᠣᠯᠠᠨ ᠲᠦᠮᠡᠨ ᠤ ᠪᠦᠲᠦᠮᠵᠢᠲᠡᠶ ᠤᠲᠠᠰᠤ ᠶᠢ 6629 ᠬᠤᠪᠢ ᠭᠥᠯᠢᠶᠡᠨ ᠠᠪᠴᠤ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ 99 %᠎ ᠳᠤ ᠬᠦᠷᠴᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ 98 %᠎ ᠳᠤ ᠬᠥᠷᠪᠡ᠃      ᠲᠦᠷᠪᠡᠨ ᠵᠢᠯ ᠤᠨ ᠰᠠᠯᠬᠢ ᠪᠣᠷᠣᠭᠠᠨ ᠤ ᠲᠤᠮᠳᠠᠬᠢ ᠲᠡᠮᠡᠴᠡᠯ᠂ ᠲᠦᠷᠪᠡᠨ ᠵᠢᠯ ᠤᠨ ᠡᠷᠡᠮᠡᠬᠡᠶᠢᠯᠡᠨ  ᠤᠷᠤᠭᠰᠢᠯᠠᠯᠲᠠ᠂ ᠲᠦᠷᠪᠡᠨ ᠵᠢᠯ ᠤᠨ ᠡᠷᠬᠢᠮ ᠨᠠᠨᠳᠢᠨ ᠲᠤᠷᠰᠢᠯᠭ᠎ᠠ ᠨᠢ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠤᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠵᠤ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠢᠷᠭᠠᠭᠤ ᠬᠠᠲᠠᠭᠤᠵᠢᠯᠲᠠᠢ ᠬᠦᠴᠦ ᠬᠥᠯᠥᠰᠥ ᠶᠢ ᠪᠦᠷᠢᠨ ᠠᠭᠤᠯᠵᠤ ᠪᠠᠶᠢᠳᠠᠭ᠃ ᠡᠳᠡᠭᠡᠷ ᠠᠮᠵᠢᠯᠲᠠ ᠶᠢ ᠣᠯᠤᠭᠰᠠᠨ ᠨᠢ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠠᠴᠠ ᠰᠠᠯᠵᠤ ᠴᠢᠳᠠᠬᠤ ᠦᠭᠡᠢ ᠶᠤᠮ︕ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠲᠡᠰᠪᠦᠷᠢ ᠬᠠᠲᠠᠭᠤᠵᠢᠯᠲᠠᠶ ᠲᠡᠮᠡᠴᠡᠯ ᠪᠠ ᠰᠢᠷᠭᠠᠭᠤ ᠲᠡᠮᠡᠴᠡᠯ ᠎ ᠠᠴᠠ ᠰᠠᠯᠵᠤ ᠴᠢᠳᠠᠬᠤ ᠦᠭᠡᠢ ᠶᠤᠮ︕ ᠬᠤᠭᠤᠴᠠᠭ᠎ᠠ ᠪᠦᠷᠢ ᠶᠢᠨ ᠤᠳᠤᠷᠢᠳᠬᠤ ᠪᠠᠭ᠂ ᠬᠤᠭᠤᠴᠠᠭ᠎ᠠ ᠪᠦᠷᠢ ᠶᠢᠨ ᠤᠳᠤᠷᠢᠳᠤᠯᠭ᠎ᠠ ᠶᠢᠨ ᠲᠠᠯᠪᠢᠭᠰᠠᠨ ᠪᠠᠲᠤ ᠪᠠᠬᠢ ᠰᠠᠭᠤᠷᠢ ᠠᠴᠠ ᠰᠠᠯᠵᠤ ᠴᠢᠳᠠᠬᠤ ᠦᠭᠡᠢ ᠶᠤᠮ︕ ᠠᠳᠡ ᠪᠢ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠠ ᠰᠢᠩ ᠾᠧ ᠶᠢᠨ ᠪᠦᠲᠦᠭᠡᠨ ᠪᠠᠶᠢᠭᠤᠯᠤᠯᠳᠠ ᠬᠥᠭᠵᠢᠯᠲᠡ ᠶᠢ ᠬᠠᠯᠠᠮᠵᠢᠯᠠᠵᠤ᠂ ᠳᠡᠮᠵᠢᠵᠦ᠂ ᠬᠠᠪᠰᠤᠷᠤᠭᠰᠠᠨ ᠡᠯ᠎ᠡ ᠡᠲᠡᠭᠡᠳ ᠤᠨ ᠬᠥᠮᠦᠰ᠂ ᠭᠠᠳᠠᠭᠠᠳᠤ ᠳᠤ ᠰᠠᠭᠤᠭ᠎ᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠲᠥᠯᠥᠭᠡᠯᠡᠭᠴᠢᠳ ᠡ︕ ᠳᠥᠷᠪᠡᠨ ᠵᠢᠯ ᠤᠨ ᠰᠢᠷᠭᠠᠭᠤ ᠬᠥᠳᠡᠯᠮᠦᠷᠢ᠂ ᠲᠤᠷᠰᠢᠯᠭ᠎ᠠ ᠮᠠᠰᠢ ᠡᠷᠬᠢᠮ ᠨᠠᠨᠳᠢᠨ ᠄ ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠠ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠡᠷᠬᠡᠪᠰᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠨ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠤᠨ ᠵᠥᠪ ᠴᠢᠭᠯᠡᠯ ᠢᠶᠠᠷ ᠤᠷᠤᠭᠰᠢᠯᠠᠬᠤ ᠶᠢ ᠪᠠᠳᠤᠯᠠᠨ᠎ᠠ᠃ ᠬᠤᠶᠠᠷ ᠲᠤ᠂ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠡᠷᠬᠡᠪᠰᠢ ᠲᠠᠰᠤᠷᠠᠯᠳᠠ ᠦᠭᠡᠢ ᠬᠠᠩᠭᠠᠨ᠎ᠠ᠃ ᠭᠤᠷᠪᠠ ᠳᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠢᠮᠠᠭᠲᠠ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠤᠨ ᠲᠣᠭᠤᠷᠢᠨ ᠳᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠰᠢᠨ᠎ᠡ ᠵᠠᠮ ᠢᠶᠠᠷ ᠡᠷᠬᠡᠪᠰᠢ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠨ᠎ᠠ᠃ ᠲᠦᠷᠪᠡ ᠳᠤ᠂ ᠢᠮᠠᠭᠲᠠ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠢᠶᠠᠷ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠡᠷᠬᠡᠪᠰᠢ ᠠᠬᠢᠭᠤᠯᠤᠨ᠎ᠠ᠃ ᠲᠠᠪᠤ ᠳᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠢᠶᠠᠷ ᠯᠠᠪᠳᠠᠭᠤᠨ ᠢᠶᠠᠷ ᠤᠷᠤᠭᠰᠢᠯᠠᠭᠤᠯᠬᠤ ᠶᠢ ᠡᠷᠬᠡᠪᠰᠢ ᠪᠠᠳᠤᠯᠠᠨ᠎ᠠ᠃      ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠰᠡᠷᠭᠡᠭ ᠢᠶᠠᠷ ᠲᠠᠨᠢᠵᠤ ᠣᠯᠤᠭᠰᠠᠨ ᠨᠢ᠄ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠮᠥᠨ ᠯᠡ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠨ᠎ᠠ᠃ ᠭᠤᠣᠯᠳᠠᠭᠤ ᠠᠵᠤ ᠦᠢᠯᠡᠰ ᠤᠨ ᠪᠦᠲᠦᠴᠡ ᠵᠣᠬᠢᠰᠲᠠᠢ ᠪᠢᠰᠢ᠂ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠢᠯᠡᠷᠬᠡᠢ ᠪᠢᠰᠢ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠲᠡᠰ ᠳᠡᠪᠰᠢᠭᠦᠯᠬᠦ ᠡᠭᠦᠷᠭᠡ ᠪᠠᠴᠢᠮ ᠲᠤᠯᠭᠠᠮ᠎ᠠ ᠪᠠᠶᠢᠨ᠎ᠠ︔ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠬᠤᠴᠣᠷᠤᠩᠭᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠬᠦᠨᠳᠦ ᠵᠠᠮ ᠬᠤᠯᠠ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠡᠯᠢᠶᠡᠳ ᠶᠡᠭᠡ᠂ ᠠᠷᠠᠳ ᠤᠨ ᠠᠮᠢᠳᠤᠷᠠᠯ ᠤᠨ ᠥᠷᠢ ᠰᠢᠷᠢ ᠨᠡᠯᠢᠶᠡᠳ ᠠᠷᠪᠢᠨ ᠪᠠᠶᠢᠵᠤ᠂ ᠵᠠᠷᠢᠮ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠪᠠᠰᠠ ᠲᠣᠬᠢᠲᠠᠢ ᠰᠢᠢᠳᠪᠦᠷᠢᠯᠡᠵᠦ ᠴᠢᠳᠠᠭᠠᠳᠤᠢ ᠪᠠᠶᠢᠨ᠎ᠠ︔ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠰᠠ ᠪᠣᠳᠠᠲᠠᠶᠢᠵᠢᠭᠠᠳᠤᠶ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠬᠡᠰᠡᠭ ᠺᠠᠳ᠋ᠷ ᠤᠨ ᠬᠠᠷᠢᠭᠤᠴᠠᠯᠭ᠎ᠠ ᠪᠠᠨ ᠡᠭᠦᠷᠭᠡᠯᠡᠬᠦ ᠤᠬᠠᠮᠰᠠᠷ ᠴᠢᠩᠭ᠎ᠠ ᠪᠢᠰᠢ᠂ ᠠᠵᠢᠯ ᠤᠨ ᠰᠤᠷᠲᠠᠯ ᠪᠣᠳᠠᠲᠠᠢ ᠪᠢᠰᠢ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠬᠢᠭᠤᠯᠤᠭᠰᠠᠨ ᠦᠭᠡᠢ ᠵᠡᠷᠭᠡ ᠦᠵᠡᠭᠳᠡᠯ ᠤᠷᠤᠰᠢᠵᠦ ᠪᠠᠶᠢᠨ᠎ᠠ᠃ ᠡᠭᠦᠨ ᠳᠤ ᠪᠢᠳᠡ ᠠᠰᠠᠭᠤᠳᠠᠯ ᠳᠤ ᠰᠢᠭᠤᠳ ᠮᠦᠷᠳᠡᠭᠡᠨ ᠵᠥᠪ ᠢᠶᠠᠷ ᠬᠠᠨᠳᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠬᠢᠨᠠᠮᠠᠭᠠᠢ ᠰᠢᠢᠳᠪᠦᠷᠢᠯᠡᠵᠦ᠂ ᠰᠢᠨ᠎ᠡ ᠡᠬᠢᠯᠡᠯᠲᠡ ᠶᠢᠨ ᠴᠡᠭ ᠲᠤ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃      ᠬᠤᠶᠠᠷ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠭᠤᠣᠯ ᠬᠠᠷᠠᠯᠲᠠ ᠡᠭᠦᠷᠭᠡ      ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠲᠠᠪᠤᠨ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠰᠢᠨ᠎ᠡ ᠠᠶᠠᠯᠠᠯ ᠢᠶᠠᠨ ᠡᠬᠢᠯᠡᠭᠦᠯᠬᠦ ᠵᠠᠩᠭᠢᠯᠠᠭ᠎ᠠ ᠶᠢᠨ ᠲᠠᠪᠤᠨ ᠵᠢᠯ ᠮᠥᠨ᠂ ᠪᠠᠰᠠ ᠴᠤ ᠮᠠᠨ ᠤ ᠰᠢᠶᠠᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠤ ᠠᠩᠬᠠᠨ ᠤ ᠲᠠᠪᠤᠨ ᠵᠢᠯ ᠮᠥᠨ᠃ ᠪᠠᠶᠢᠳᠠᠯ ᠢ ᠶᠡᠷᠦᠩᠬᠡᠶᠢᠯᠡᠨ ᠦᠵᠡᠪᠡᠯ᠂ ᠪᠢᠳᠡᠨ ᠳᠤ ᠣᠯᠳᠠᠬᠤᠶ᠎ᠠ ᠪᠡᠷᠬᠡ ᠬᠥᠭᠵᠢᠯᠲᠡ ᠶᠢᠨ ᠠᠵᠠ ᠲᠣᠬᠢᠶᠠᠯ ᠪᠠ ᠰᠠᠶᠢᠨ ᠰᠠᠶᠢᠬᠠᠨ ᠨᠥᠬᠦᠴᠡᠯ ᠪᠠᠶᠢᠨ᠎ᠠ᠃      ᠭᠠᠳᠠᠭᠠᠳᠤ ᠣᠷᠴᠢᠨ ᠠᠴᠠ ᠦᠵᠡᠪᠡᠯ᠂ ᠤᠯᠤᠰ ᠠᠴᠠ ︽ᠬᠤᠶᠠᠷ ᠰᠢᠨ᠎ᠡ ᠨᠢᠭᠡ ᠴᠢᠬᠤᠯᠠ︾ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠵᠦ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠲᠠᠰᠤᠷᠠᠯᠲᠠ ᠥᠬᠡᠶ ᠴᠢᠩᠭᠠᠷᠠᠵᠤ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ᠂ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠶᠢ ᠵᠣᠷᠢᠭᠵᠢᠭᠤᠯᠬᠤ ᠵᠡᠷᠭᠡ ᠠᠰᠢᠭᠲᠠᠶ ᠲᠥᠷᠥ ᠶᠢᠨ ᠪᠣᠳᠣᠯᠭ᠎ᠠ ᠳᠠᠪᠬᠤᠴᠠᠵᠤ᠂ ᠪᠢᠳᠡᠨ ᠳᠤ ᠣᠯᠳᠠᠬᠤᠶ᠎ᠠ ᠪᠡᠷᠬᠡ ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠵᠤ ᠥᠭᠪᠡ᠃ ᠥᠪᠡᠷᠲᠡᠭᠡᠨ ᠵᠠᠰᠠᠬᠤ ᠣᠷᠣᠨ ᠠᠴᠠ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠬᠥᠭᠦᠷᠭᠡᠨ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠤᠯᠠᠭᠠᠨᠴᠠᠪ ᠬᠤᠲᠠ ᠶᠢᠨ ᠲᠣᠭᠠᠴᠢᠯᠠᠭᠰᠠᠨ ᠠᠵᠤ ᠠᠬᠤᠶ᠂  ᠵᠠᠩᠭᠢᠯᠠᠭ᠎ᠠ ᠶᠢᠨ ᠠᠵᠤ ᠠᠬᠤᠶ᠂ ᠪᠣᠬᠢᠷᠲᠤᠯ ᠥᠬᠡᠶ ᠠᠵᠤ ᠠᠬᠤᠶ᠂ ᠳᠤᠤᠷ᠎ᠠ ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠶ ᠪᠠ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠵᠡᠷᠭᠡ ︽ᠲᠠᠪᠤᠨ ᠶᠡᠭᠡ ᠠᠵᠤ ᠠᠬᠤᠶ︾᠎ ᠶᠢᠨ ᠬᠥᠭᠵᠢᠯᠲᠡ ᠶᠢᠨ ᠬᠠᠷᠠᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠰᠢᠶᠠᠨ ᠤ ᠬᠥᠭᠵᠢᠯᠲᠡ ᠳᠤ ᠴᠢᠭᠯᠡᠯ ᠢ ᠲᠣᠳᠣᠷᠬᠠᠶ ᠵᠢᠭᠠᠵᠤ ᠦᠭᠪᠡ᠃      ᠲᠣᠰ ᠪᠡᠶ᠎ᠡ ᠶᠢᠨ ᠨᠥᠬᠦᠴᠡᠯ ᠠᠴᠠ ᠦᠵᠡᠪᠡᠯ᠂ ᠣᠯᠠᠨ ᠵᠢᠯ ᠤᠨ ᠦᠷᠭᠦᠯᠵᠢᠯᠡᠭᠰᠡᠨ ᠲᠡᠮᠡᠴᠡᠯ ᠢᠶᠠᠷ ᠳᠠᠮᠵᠢᠭᠠᠳ᠂ ᠮᠠᠨ ᠤ ᠰᠢᠶᠠᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠬᠥᠭᠵᠢᠯᠲᠡ ᠶᠢᠨ ᠬᠢᠷᠢ ᠲᠦᠪᠰᠢᠨ ᠨᠡᠯᠢᠶᠡᠳ ᠶᠡᠭᠡ ᠪᠠᠷ ᠳᠡᠭᠡᠭᠰᠢᠯᠡᠵᠦ᠂ ᠣᠯᠠᠨ ᠵᠢᠯ ᠤᠨ ᠲᠤᠷᠰᠢ ᠬᠤᠷᠠᠮᠳᠤᠭᠤᠯᠤᠭᠰᠠᠨ ᠲᠠᠷᠢᠶᠠᠯᠠᠩ ᠤᠨ ᠠᠵᠤ  ᠦᠢᠯᠡᠰ᠂ ᠠᠵᠤ  ᠦᠢᠯᠡᠳᠪᠦᠷᠢ ᠶᠢᠨ ᠰᠠᠭᠤᠷᠢ᠂ ᠠᠵᠤ ᠦᠢᠯᠡᠰ ᠤᠨ ᠪᠠᠶᠢᠷᠢᠰᠢᠯ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠬᠠᠷᠢᠴᠠᠭᠤᠯᠤᠭᠰᠠᠨ ᠳᠠᠪᠠᠭᠤᠯᠢᠭ ᠨᠢ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠬᠥᠭᠵᠢᠯᠲᠡ ᠶᠢᠨ ᠣᠷᠴᠢᠨ ᠲᠣᠭᠤᠷᠢᠨ ᠨᠢ ᠤᠯᠠᠮ ᠨᠢᠭᠡ ᠠᠯᠬᠤᠮ ᠰᠢᠯᠢᠳᠡᠭᠵᠢᠵᠦ᠂ ᠮᠠᠨ ᠤ ᠰᠢᠶᠠᠨ ᠤ ︽ᠤᠯᠠᠭᠠᠨᠴᠠᠪ ᠳ᠋ᠠᠲ᠋ᠦ᠋ᠩ ᠴᠢᠭᠤᠯᠤᠯᠳᠤ ᠬᠠᠭᠠᠯᠭ᠎ᠠ︾᠂ ᠪᠡᠭᠡᠵᠢᠩ ᠲᠢᠶᠠᠨᠵᠢᠨ ᠾᠧᠪᠧᠶ ᠳᠤ ᠦᠢᠯᠡᠴᠢᠯᠡᠬᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠵᠡᠷᠭᠡ ᠳᠤ ᠲᠦᠰᠢᠭᠯᠡᠬᠦ ᠳᠤ ᠠᠰᠢᠭᠲᠠᠶ ᠨᠥᠬᠦᠴᠡᠯ ᠢ ᠪᠦᠷᠢᠯᠳᠦᠭᠦᠯᠵᠦ ᠦᠭᠪᠡ᠃ ᠨᠡᠩ ᠡᠷᠬᠢᠮ ᠨᠠᠨᠳᠢᠨ ᠨᠢ ᠭᠡᠪᠡᠯ᠂ ᠪᠦᠬᠦ ᠰᠢᠶᠠᠨ ᠤ ᠡᠯ᠎ᠡ ᠱᠠᠲᠤ ᠡᠯ᠎ᠡ ᠡᠲᠡᠭᠡᠳ ᠤᠨ ᠬᠢᠨ ᠬᠦᠭᠵᠢᠬᠦ ᠪᠠᠷ ᠴᠢᠷᠮᠠᠶᠢᠨ᠂ ᠬᠥᠭᠵᠢᠭᠦᠯᠬᠦ ᠎ ᠶᠢ ᠡᠷᠢᠯᠬᠢᠯᠡᠵᠦ ᠠᠵᠢᠯ ᠬᠢᠵᠦ ᠦᠢᠯᠡᠰ ᠪᠤᠰᠬᠠᠬᠤ ᠣᠷᠭᠢᠯᠤᠮ᠎ᠠ ᠰᠡᠳᠬᠢᠯᠭᠡ ᠲᠠᠰᠤᠷᠠᠯᠲᠠ ᠦᠭᠡᠢ ᠤᠷᠬᠢᠯᠤᠨ᠂ ᠪᠦᠬᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠠᠭᠤᠯᠤᠭᠳᠠᠵᠤ ᠪᠠᠶᠢᠨ᠎ᠠ᠃ ᠪᠢᠳᠠ ᠲᠣᠭᠲᠠᠯ ᠬᠦᠴᠦᠨ ᠢᠶᠠᠨ ᠪᠠᠲᠤᠯᠠᠵᠤ᠂ ᠠᠵᠠ ᠲᠣᠬᠢᠶᠠᠯ ᠢ ᠠᠮᠵᠢᠨ᠂ ᠠᠰᠢᠭᠲᠠᠢ ᠪᠠᠶᠢᠳᠠᠯ ᠢ ᠠᠰᠢᠭᠯᠠᠨ ᠤᠷᠤᠭᠰᠢᠯᠠᠳᠠᠭ ᠯᠠ ᠶᠤᠮ ᠪᠣᠯ ᠨᠠᠮ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ᠂ ᠴᠠᠭ ᠦᠶ᠎ᠡ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ ᠯᠠᠪᠲᠠᠢ ᠡᠭᠦᠳᠴᠦ ᠴᠢᠳᠠᠨ᠎ᠠ︕      ᠬᠤᠶᠢᠰᠢᠳᠠ ᠶᠢᠨ ᠲᠠᠪᠤᠨ ᠵᠢᠯ᠂ ᠵᠠᠰᠠᠭ ᠤᠨ ᠣᠷᠳᠣᠨ ᠨᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠠ ᠠᠷᠠᠳ ᠲᠦᠮᠡᠨ ᠢᠶᠠᠷ ᠭᠤᠣᠯ ᠪᠣᠯᠭᠠᠬᠤ ᠵᠢᠴᠢ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠎ ᠶᠢ ᠪᠠᠲᠤ ᠴᠤᠬᠴᠠᠯᠠᠨ᠂ ︽ᠬᠤᠶᠠᠷ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠵᠦ᠂ ︽ᠨᠢᠭᠡ ᠬᠥᠭᠦᠷᠭᠡᠨ ᠪᠠᠬᠢᠯᠡᠯᠲᠡ ︾᠎ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠪᠠ ᠤᠯᠠᠭᠠᠨᠴᠠᠪ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠶᠡᠷᠦᠩᠬᠡᠶ ᠪᠠᠶᠢᠷᠢᠯᠠᠭᠤᠯᠤᠯᠲᠠ᠂ ᠰᠢᠶᠠᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠳᠣᠷᠬᠠᠶᠢᠯᠠᠭᠰᠠᠨ ᠶᠤᠰᠤᠭᠠᠷ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ︽ᠳᠥᠷᠪᠡ ᠶᠢ ᠲᠦᠷᠭᠡᠳᠬᠡᠬᠦ︾᠎ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠤᠯᠦᠪᠵᠢᠬᠦᠯᠦᠨ᠂ ︽ᠲᠠᠪᠤᠨ ᠰᠢᠨ᠎ᠡ ᠰᠢᠪᠲᠤᠯᠤᠯᠲᠠ︾᠎ ᠶᠢ ᠬᠦᠴᠦᠯᠡᠨ  ᠪᠡᠶᠡᠯᠡᠬᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠭᠤᠶᠢᠪᠢᠰᠢ ᠦᠭᠡᠢ ᠪᠠᠷᠢᠮᠳᠠᠯᠠᠨ᠂ ᠪᠣᠬᠢᠷᠲᠤᠯ ᠦᠭᠡᠢ ᠬᠥᠭᠵᠢᠯᠲᠡ ᠶᠢᠨ ᠵᠠᠮ᠂ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠪᠠᠶᠢᠳᠠᠯ ᠢ ᠪᠠᠬᠢᠵᠢᠬᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠶ ᠠᠬᠢᠭᠤᠯᠤᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠢ ᠲᠠᠰᠤᠷᠠᠯᠲᠠ‌ᠦᠭᠡᠢ ᠨᠡᠮᠡᠭᠳᠡᠭᠦᠯᠵᠦ᠂ ᠰᠢᠩ ᠾᠧ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ  ᠨᠡᠬᠡᠬᠡᠨ᠎ᠡ᠃      ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠢ ᠵᠢᠯ ᠪᠦᠷᠢ ᠳᠤᠮᠳᠠᠴᠢ ᠪᠠᠷ 7 % ᠣᠷᠴᠢᠮ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 7% ᠣᠷᠴᠢᠮ᠂ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠢ ᠵᠢᠯ ᠪᠦᠷᠢ ᠳᠤᠮᠳᠠᠴᠢ ᠪᠠᠷ 6 % ᠣᠷᠴᠢᠮ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 5.5 % ᠣᠷᠴᠢᠮ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ ᠵᠢᠯ ᠪᠦᠷᠢ ᠳᠤᠮᠳᠠᠴᠢ ᠪᠠᠷ 7 % ᠣᠷᠴᠢᠮ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠲᠤᠰ ᠲᠤᠰ 6 % ᠪᠠ 8 % ᠣᠷᠴᠢᠮ ᠢᠶᠠᠷ ᠨᠡᠮᠡᠭᠳᠡᠭᠦᠯᠦᠨ᠎ᠡ᠃      ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠬᠤᠶᠢᠰᠢᠳᠠ ᠶᠢᠨ ᠲᠠᠪᠤᠨ ᠵᠢᠯ ᠳᠤ ᠳᠣᠣᠷᠠᠬᠢ ᠲᠠᠪᠤᠨ ᠵᠦᠢᠯ ᠤᠨ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠨ᠎ᠠ᠄      ︵ᠨᠢᠭᠡ︶ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠠ ᠪᠣᠬᠢᠷᠲᠤᠯ ᠦᠭᠡᠢ ᠬᠥᠭᠵᠢᠭᠦᠯᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠢᠯᠡ ᠲᠣᠳᠣ ᠳᠡᠪᠢᠰᠬᠡᠷ ᠦᠩᠭᠡ ᠶᠢ ᠪᠤᠢ ᠪᠤᠯᠭᠠᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ  ᠪᠠᠶᠢᠯᠳᠤᠬᠤ ᠪᠤᠳᠤᠯᠭ᠎ᠠ ᠶᠢ ᠡᠷᠡᠰ ᠲᠤᠭᠤᠰᠢᠯᠠᠭᠤᠯᠤᠨ᠂ ᠡᠨᠧᠷᠭᠢ ᠶᠢᠨ ᠬᠤᠷᠣᠭᠳᠠᠭᠤᠯᠤᠯ ᠢ ᠲᠥᠰᠦᠪᠵᠢᠭᠦᠯᠦᠨ ᠬᠠᠮᠢᠶᠠᠷᠬᠤ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ   ᠵᠦᠢᠯᠡᠰ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ 2026 ᠤᠨ ᠪᠣᠯᠬᠤ ᠳᠤ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 90 %᠎ ᠠᠴᠠ ᠳᠡᠭᠡᠭᠰᠢ ᠳᠤ ᠬᠦᠷᠦᠭᠦᠯᠦᠨ᠎ᠡ᠃ ᠴᠡᠪᠡᠷ ᠡᠨᠧᠷᠭᠢ ᠪᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠪᠣᠬᠢᠷᠲᠤᠯ ᠥᠬᠡᠶ ᠬᠦᠷᠢᠶᠡᠯᠡᠩ ᠲᠣᠭᠤᠷᠢᠭ᠂ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠴᠡᠪᠡᠷ᠂ ᠳᠤᠤᠷ᠎ᠠ ᠨᠡᠭᠦᠷᠡᠰᠦᠲᠥ᠋ᠷᠥᠭᠴᠢᠲᠦ᠂ ᠡᠷᠬᠢᠯᠳᠡᠳᠦ ᠪᠣᠬᠢᠷᠲᠤᠯ ᠥᠬᠡᠶ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠰᠤᠨ ᠤ ᠡᠬᠢ ᠪᠠᠶᠠᠯᠢᠭ ᠢ ᠠᠷᠪᠢᠯᠠᠨ᠎ᠠ᠃ ᠪᠣᠷᠣᠭᠠᠨ ᠪᠣᠬᠢᠷ ᠤᠰᠤ ᠶᠢ ᠰᠠᠯᠭᠠᠬᠤ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠨᠦᠬᠦᠪᠦᠷᠢᠯᠡᠨ᠎ᠡ᠃ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠶ ᠤᠰᠤ ᠶᠡᠭᠡ ᠬᠤᠷᠣᠭᠳᠠᠭᠤᠯᠬᠤ ᠠᠵᠤ ᠠᠬᠤᠶᠢᠯᠠᠯ ᠢ ᠡᠷᠡᠰ ᠬᠠᠭᠠᠵᠤ ᠵᠣᠭᠰᠣᠭᠠᠨ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃ ᠰᠢᠲᠠᠭᠠᠯᠭ᠎ᠠ ᠶᠢᠨ ᠨᠡᠭᠦᠷᠡᠰᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶ ᠬᠡᠷᠡᠭᠵᠢᠭᠦᠯᠵᠦ᠂ ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠠᠯᠬᠤᠴᠠ ᠶᠢ ᠲᠦᠷᠭᠡᠳᠬᠡᠨ᠎ᠡ᠃ ᠠᠵᠤ ᠠᠬᠤᠶᠢᠯᠠᠯ ᠢ ᠵᠠᠰᠠᠬᠤ᠂ ᠲᠣᠭᠤᠰᠣ ᠳᠠᠷᠤᠬᠤ᠂ ᠴᠡᠪᠡᠷᠯᠡᠵᠦ ᠰᠠᠷᠨᠢᠭᠤᠯᠬᠤ᠂ ᠲᠠᠲᠠᠷᠠᠭᠤᠯᠵᠤ ᠭᠠᠳᠠᠭᠰᠢᠯᠠᠭᠤᠯᠬᠤ ᠶᠢ ᠪᠠᠭᠠᠰᠬᠠᠬᠤ ᠬᠠᠮ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠬᠢᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠪᠠᠶᠢᠬᠤ ᠨᠣᠷᠮ᠎ᠠ ᠶᠢ 94 %᠎ ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠤᠣᠰ ᠬᠠᠰᠤᠭᠳᠠᠯ ᠬᠤᠣᠰ ᠬᠢᠵᠠᠭᠠᠷᠯᠠᠯ ᠵᠢᠯ ᠳᠠᠷᠠᠭᠠᠯᠠᠨ 2 %᠎ ᠢᠶᠠᠷ ᠠᠬᠢᠨ ᠬᠠᠰᠤᠭᠳᠠᠬᠤ ᠶᠢ ᠦᠨᠡᠨ ᠬᠦ ᠪᠠᠲᠤᠯᠠᠨ᠎ᠠ᠃ ᠣᠶ ᠰᠢᠭᠤᠶ ᠡᠪᠡᠰᠦᠨ ᠤ ᠠᠮᠢ ᠠᠬᠤᠶ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠤᠯᠤᠰ ᠤᠨ ᠨᠥᠭᠡᠴᠡ ᠣᠶ ᠶᠢᠨ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ᠤᠯᠤᠰ ᠤᠨ ᠣᠶ ᠰᠢᠭᠤᠶ ᠶᠢᠨ ᠬᠤᠲᠠ ᠶᠢ ᠡᠭᠦᠳᠦᠨ ᠪᠠᠶᠢᠭᠤᠯᠵᠤ᠂ ᠰᠤᠮᠤᠨ ᠠᠭᠤᠯᠠ ᠶᠢᠨ ᠣᠶ ᠰᠢᠭᠤᠶ ᠶᠢᠨ ᠲᠠᠯᠠᠪᠠᠶ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠠᠷᠠᠯᠵᠢᠶᠠᠯᠠᠬᠤ ᠲᠤᠷᠰᠢᠯᠲᠠ ᠶᠢᠨ ᠲᠥᠷᠥᠯ ᠵᠦᠢᠯ ᠢ ᠢᠳᠡᠪᠬᠢᠲᠡᠶ ᠠᠬᠢᠭᠤᠯᠤᠨ᠎ᠠ᠃ ᠬᠥᠬᠡᠬᠤᠲᠠ ᠠᠴᠠ ᠴᠢᠭᠤᠯᠤᠯᠲᠤ ᠬᠠᠭᠠᠯᠭ᠎ᠠ ᠬᠥᠷᠬᠦ ᠳᠡᠭᠡᠳᠦ ᠬᠤᠷᠳᠤᠴᠠᠳᠤ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ᠂ G 6᠂ G 7᠂ ᠮᠤᠵᠢ ᠶᠢᠨ ᠵᠠᠮ ᠤᠨ 223 ᠱᠤᠭᠤᠮ ᠤᠨ ᠰᠢᠩ ᠾᠧ ᠬᠡᠰᠡᠭ ᠵᠡᠷᠭᠡ ᠴᠢᠬᠤᠯᠠ ᠵᠠᠮ ᠤᠨ ᠬᠡᠰᠡᠭ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠪᠡᠶᠡᠯᠡᠭᠦᠯᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ 2026 ᠤᠨ ᠪᠣᠯᠬᠤ ᠳᠤ᠂ ᠪᠥᠬᠦ ᠰᠢᠶᠠᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 26 %᠎ ᠳᠤ ᠬᠦᠷᠭᠡᠵᠦ᠂ ᠣᠶ ᠰᠢᠭᠤᠶ ᠡᠪᠡᠰᠦ ᠪᠡᠯᠴᠢᠭᠡᠷ ᠤᠨ ᠪᠦᠷᠬᠦᠴᠡ ᠶᠢ 54 %᠎ ᠳᠤ ᠬᠦᠷᠭᠡᠨ᠎ᠡ᠃      ︵ᠬᠤᠶᠠᠷ︶ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠡᠷᠡᠰ ᠭᠤᠶᠢᠪᠢᠰᠢ ᠦᠭᠡᠢ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠠᠵᠤ ᠠᠬᠤᠢ ᠶᠢ ᠬᠥᠭᠵᠢᠭᠦᠯᠬᠦ ᠬᠦᠴᠦᠯᠡᠴᠡ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠲᠠᠷᠢᠶᠠᠯᠠᠩ ᠤᠨ ᠨᠠᠷᠢᠯᠢᠭᠵᠢᠯᠲᠠ᠂ ᠠᠵᠤ ᠦᠢᠯᠡᠳᠪᠦᠷᠢ ᠶᠢᠨ ᠪᠥᠭᠡᠮᠨᠡᠷᠡᠯ᠂ ᠦᠢᠯᠡᠴᠢᠯᠡᠭᠡᠨ ᠤ ᠦᠢᠯᠡᠰ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠤᠯᠠᠨ ᠲᠠᠯ᠎ᠠ ᠪᠠᠷ ᠲᠤᠯᠭᠠᠭᠤᠷᠢᠯᠠᠬᠤ᠂ ᠤᠯᠠᠨ ᠦᠢᠯᠡᠰ ᠢ ᠵᠡᠷᠭᠡ ᠪᠠᠷ ᠬᠥᠭᠵᠢᠭᠦᠯᠬᠦ᠂ ᠤᠯᠠᠨ ᠡᠰᠢᠵᠢᠬᠦᠯᠦᠨ ᠬᠥᠭᠵᠢᠭᠦᠯᠬᠦ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ ᠃ ᠲᠠᠷᠢᠶᠠᠯᠠᠩ ᠮᠠᠯ ᠠᠵᠤ ᠠᠬᠤᠢ ᠶᠢᠨ ᠥᠨᠳᠥᠷ ᠦᠷ᠎ᠡ ᠠᠰᠢᠭᠲᠤ ᠬᠥᠭᠵᠢᠯᠲᠡ ᠶᠢ ᠲᠦᠷᠭᠡᠳᠬᠡᠨ᠎ᠡ᠃ ᠲᠠᠷᠢᠶᠠᠯᠠᠩ ᠤᠨ ᠨᠠᠷᠢᠯᠢᠭᠵᠢᠭᠤᠯᠤᠯᠲᠠ ᠶᠢᠨ ᠲᠣᠭᠤᠷᠢᠨ ᠳᠤ᠂ ᠠᠮᠤ ᠪᠤᠳᠠᠭ᠎ᠠ ᠠᠵᠤ ᠠᠬᠤᠶ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠡᠶ ᠲᠥᠯᠥᠪᠯᠡᠬᠦ᠂ ᠳᠠᠷᠢᠵᠤ ᠲᠡᠵᠢᠭᠡᠬᠦ ᠪᠣᠯᠪᠠᠰᠤᠷᠠᠭᠤᠯᠬᠤ ᠶᠢ ᠨᠢᠭᠡ ᠴᠤᠭᠴᠠᠵᠢᠭᠤᠯᠤᠭᠰᠠᠨ᠂ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠤᠭᠰᠠᠨ ᠣᠲᠣ ᠦᠶ᠎ᠡ ᠶᠢᠨ ᠲᠠᠷᠢᠶᠠᠯᠠᠩ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠲᠥᠮᠥᠰᠥ᠂ ᠨᠣᠬᠠᠶ ᠶᠢᠨ ᠬᠤᠰᠢᠭᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠪᠠ ᠢᠳᠡᠰᠢᠨ ᠦᠬᠡᠷ᠂ ᠢᠳᠡᠰᠢᠨ ᠬᠤᠨᠢᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ ᠂ ᠨᠡᠶᠢᠰᠯᠡᠯ ᠳᠤ ᠬᠠᠨᠳᠤᠭᠤᠯᠤᠭᠰᠠᠨ ︽ᠲᠣᠮᠣ ᠨᠣᠭᠤᠭ᠎ᠠ ᠶᠢᠨ ᠬᠦᠷᠢᠶᠡᠯᠡᠩ︾᠎ ᠢ ᠪᠠᠶᠢᠭᠤᠯᠵᠤ᠂ ᠰᠢᠩ ᠾᠧ ᠰᠢᠶᠠᠨ ᠤ ᠪᠣᠬᠢᠷᠲᠤᠯ ᠥᠬᠡᠶ ᠢᠳᠡᠭᠡᠨ ᠤ ᠮᠠᠲ᠋ᠧᠷᠢᠶᠠᠯ ᠢ ᠪᠡᠭᠡᠵᠢᠩ ᠬᠤᠲᠠ ᠶᠢᠨ ᠠᠷᠠᠳ ᠤᠨ ᠬᠤᠭᠤᠯᠠᠨ ᠰᠢᠷᠡᠭᠡᠨ ᠎ ᠳᠤ ᠭᠠᠷᠭᠠᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠯᠠᠪᠳᠠᠭᠤᠨ ᠡᠭᠦᠷᠭᠡᠯᠡᠬᠦ ᠶᠢ ᠪᠠᠷᠢᠮᠲᠠᠯᠠᠵᠤ᠂ ᠪᠦᠬᠦ ᠰᠢᠶᠠᠨ ᠤ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠢ ᠠᠰᠢᠭᠯᠠᠨ᠂ ︽ᠲᠣᠭᠠᠴᠢᠯᠠᠯᠲᠠ︾᠎ ᠪᠠᠷ ᠳᠠᠮᠵᠢᠭᠤᠯᠤᠨ ᠡᠨᠧᠷᠭᠢ ᠣᠯᠭᠤᠵᠤ᠂ ᠲᠠᠷᠢᠶᠠᠯᠠᠩ ᠤᠨ ᠠᠵᠤ ᠦᠢᠯᠡᠳᠪᠦᠷᠢᠵᠢᠯᠡᠯᠳᠡ ᠶᠢᠨ ᠠᠬᠢᠴᠠ ᠶᠢ ᠲᠦᠯᠬᠢᠨ ᠠᠬᠢᠭᠤᠯᠤᠨ᠎ᠠ᠃ ᠨᠢᠭᠡ ᠪᠦᠯᠦᠭ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠵᠦ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠪᠠ ᠬᠥᠲᠥᠴᠢ ᠵᠢᠱᠢᠶᠡᠴᠢ ᠠᠵᠤ ᠠᠬᠤᠶᠢᠯᠠᠯ ᠢ ᠣᠷᠣᠭᠤᠯᠤᠨ ᠪᠤᠶᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠭᠰᠡᠨ ᠪᠠᠷᠢᠮᠵᠢᠶᠠᠵᠢᠭᠰᠠᠨ ᠦᠢᠯᠡᠳᠪᠦᠷᠢᠯᠡᠵᠦ ᠡᠳ᠋ᠰᠢᠭᠦᠯᠬᠦ ᠰᠢᠰᠲ᠋ᠧᠮᠵᠢ ᠶᠢ ᠪᠠᠶᠢᠭᠤᠯᠵᠤ᠂ 2026 ᠤᠨ ᠪᠣᠯᠬᠤ ᠳᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠵᠦ ᠤᠯᠠᠷᠢᠭᠤᠯᠬᠤ ᠨᠣᠷᠮ᠎ᠠ ᠶᠢ 70%᠎ ᠠᠴᠠ ᠳᠡᠭᠡᠭᠰᠢ ᠳᠤ ᠬᠦᠷᠲᠡᠯ᠎ᠡ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠥᠮᠥᠰᠥ ᠶᠢᠨ ᠰᠠᠶᠢᠨ ᠡᠭᠦᠯᠳᠡᠷ ᠤᠨ ᠨᠣᠷᠮ᠎ᠠ ᠶᠢ 95 %᠎ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠮᠠᠯ ᠵᠢᠭᠦᠷᠲᠡᠨ ᠤ ᠰᠠᠶᠢᠨ ᠡᠭᠦᠯᠳᠡᠷ ᠢ ᠥᠷᠭᠡᠳᠬᠡᠨ ᠦᠷᠡᠵᠢᠭᠦᠯᠬᠦ ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠤᠨ᠎ᠠ᠃ ︽ᠤᠤᠯ ᠠᠮᠲᠠ ᠶᠢᠨ ᠤᠯᠠᠭᠠᠨᠴᠠᠪ︾᠎ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠲᠡᠮᠳᠡᠭᠲᠦ ᠬᠤᠷᠳᠤᠨ ᠲᠡᠷᠭᠡᠨ ᠳᠤ ᠠᠮᠵᠢᠨ᠂ ᠪᠣᠬᠢᠷᠲᠤᠯ ᠦᠭᠡᠢ᠂ ᠣᠷᠭᠠᠨᠢᠭ᠂ ᠭᠠᠵᠠᠷ ᠵᠦᠢ ᠶᠢᠨ ᠲᠡᠮᠳᠡᠭᠲᠦ ᠦᠢᠯᠡᠳᠬᠦᠨ ᠢ ᠶᠡᠬᠡᠪᠡᠷ ᠪᠤᠶᠢᠵᠢᠭᠤᠯᠤᠨ᠎ᠠ᠃ ᠠᠵᠤ  ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠪᠥᠭᠡᠮᠨᠡᠷᠡᠯ ᠤᠨ ᠲᠣᠭᠤᠷᠢᠨ ᠳᠤ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠢᠶᠠᠷ ᠤᠳᠤᠷᠢᠳᠤᠮᠵᠢ ᠪᠣᠯᠭᠠᠭᠰᠠᠨ ᠪᠣᠬᠢᠷᠲᠤᠯ ᠥᠬᠡᠶ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ︽ᠲᠥᠪᠯᠡᠷᠡᠯ ᠤᠨ ᠣᠷᠣᠨ︾᠎ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠤᠯᠠᠭᠠᠨᠴᠠᠪ ᠬᠤᠲᠠ ᠶᠢ ᠠᠰᠢᠭᠯᠠᠨ ᠡᠨᠧᠷᠭᠢ ᠶᠢᠨ ᠰᠤᠷᠪᠤᠯᠵᠢ ᠲᠤᠤᠷ ᠳᠠᠭᠠᠭᠠᠴᠠ ᠨᠥᠭᠡᠴᠡᠯᠡᠬᠦ᠂ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠥᠨᠳᠦᠷᠯᠢᠭ ᠭᠠᠵᠠᠷ ᠢ ᠪᠥᠲᠥᠭᠡᠨ ᠪᠠᠶᠢᠭᠤᠯᠤᠨ᠎ᠠ᠃ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠠᠬᠢᠯᠭᠠᠨ ᠤ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠴᠡᠪᠡᠷ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 280 ᠲᠦᠮᠡᠨ ᠬᠢᠯᠦᠸᠠᠲ ᠲᠤ ᠬᠦᠷᠦᠭᠦᠯᠬᠦ ᠪᠠᠷ ᠴᠢᠷᠮᠠᠶᠢᠨ᠎ᠠ᠃ ᠥᠪᠥᠷ ᠮᠣᠩᠭᠤᠯ ᠤᠨ ᠪᠠᠯ ᠴᠢᠯᠠᠭᠤᠨ ︵ᠠᠯᠺᠧᠨ︶᠎ ᠤ ᠰᠢᠨ᠎ᠡ ᠶᠢ ᠡᠭᠦᠳᠬᠦ ᠲᠥᠪ ᠲᠤ ᠲᠦᠰᠢᠭᠯᠡᠨ᠂ ᠪᠠᠯ ᠴᠢᠯᠠᠭᠤᠨ ᠤ ᠠᠯᠺᠧᠨ ᠤ ᠳᠤᠤᠷᠠᠳᠤ ᠤᠷᠤᠰᠬᠠᠯ ᠤᠨ ᠦᠢᠯᠡᠳᠭᠦᠨ ᠢ ᠰᠤᠳᠤᠯᠤᠨ ᠨᠡᠭᠡᠭᠡᠵᠦ ᠬᠡᠷᠡᠭᠯᠡᠬᠦ ᠶᠢ ᠴᠢᠩᠭᠠᠷᠠᠭᠤᠯᠵᠤ᠂ ᠪᠢᠯᠢᠭ ᠲᠦᠢᠯ ᠤᠨ ᠮᠠᠲ᠋ᠧᠷᠢᠶᠠᠯ ᠤᠨ ᠠᠵᠤ ᠦᠢᠯᠡᠰ ᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠎ᠠ ᠃ ᠬᠥᠪᠰᠥᠭᠡᠷ ᠬᠥᠷᠥᠰᠥ᠂ ᠭᠤᠣᠯᠢᠩ ᠰᠢᠷᠣᠶ ᠶᠢ ᠨᠠᠷᠢᠯᠢᠭ ᠭᠦᠨᠵᠡᠭᠡᠶ ᠪᠤᠯᠪᠠᠰᠤᠷᠠᠭᠤᠯᠵᠤ᠂ ᠠᠵᠤ ᠦᠢᠯᠡᠰ ᠤᠨ ᠲᠥᠪᠯᠡᠷᠡᠯ ᠢ ᠲᠦᠷᠭᠡᠳᠬᠡᠨ  ᠠᠬᠢᠭᠤᠯᠤᠨ᠎ᠠ  ᠃ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠨᠠᠩ ᠣᠯᠠᠨ ᠰᠢᠯᠢᠳᠡᠭ ᠠᠵᠤ ᠠᠬᠤᠶᠢᠯᠠᠯ ᠢ ᠬᠦᠷᠢᠶᠡᠯᠡᠩ ᠲᠣᠭᠤᠷᠢᠭ ᠲᠤ ᠲᠦᠪᠯᠡᠷᠡᠭᠦᠯᠦᠨ᠂ 2026 ᠤᠨ ᠪᠣᠯᠬᠤ ᠳᠤ ᠦᠢᠯᠡᠳᠪᠦᠷᠢᠯᠡᠯ ᠤᠨ ᠥᠷᠲᠡᠭ ᠢ 90 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠣᠳᠣᠬᠢᠴᠢᠯᠠᠯᠲᠠ ᠶᠢᠨ ᠲᠣᠭᠤᠷᠢᠨ ᠳᠤ᠂ ᠡᠬᠢ ᠪᠠᠶᠠᠯᠢᠭ ᠲᠤ ᠲᠦᠰᠢᠭᠯᠡᠨ᠂ ᠳᠠᠪᠠᠭᠤᠯᠢᠭ ᠢᠶᠠᠨ ᠥᠷᠭᠡᠳᠬᠡᠵᠦ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ︽ᠳᠠᠭᠠᠭᠠᠴᠠ ᠶᠢᠨ ᠣᠷᠣᠨ︾ ᠪᠠ ᠨᠡᠶᠢᠰᠯᠡᠯ ᠳᠤ ᠬᠠᠨᠳᠤᠭᠰᠠᠨ ︽ᠠᠷᠤ ᠴᠡᠴᠡᠷᠯᠢᠭ︾᠎ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠤᠯᠠᠭᠠᠨᠴᠠᠪ—ᠡᠷᠢᠶᠡᠨ ᠬᠤᠲᠠ ᠶᠢᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠪᠠ ᠪᠣᠭᠤᠮᠲᠠ ᠶᠢᠨ ᠳᠣᠲᠣᠷ᠎ᠠ ᠭᠠᠵᠠᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠠᠵᠠ ᠲᠣᠬᠢᠶᠠᠯ ᠢ ᠴᠢᠩᠭ᠎ᠠ ᠠᠳᠬᠤᠵᠤ ᠂ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠰᠠᠶᠢᠲᠤᠷ ᠠᠰᠢᠭᠯᠠᠵᠤ ᠰᠠᠶᠢᠲᠤᠷ ᠦᠢᠯᠡᠴᠢᠯᠡᠨ᠎ᠡ᠃ ᠨᠢᠭᠡ ᠪᠦᠯᠦᠭ ᠪᠠᠷᠠᠭ᠎ᠠ ᠶᠢᠨ ᠭᠦᠢᠯᠭᠡᠭᠡᠨ ᠤ ᠬᠥᠮᠥᠷᠭᠡᠯᠡᠨ ᠬᠠᠳᠠᠭᠠᠯᠠᠵᠤ ᠡᠳ᠋ᠰᠢᠭᠦᠯᠬᠦ ᠠᠵᠤ ᠠᠬᠤᠶᠢᠯᠠᠯ ᠢ ᠲᠦᠷᠭᠡᠳᠬᠡᠨ ᠣᠷᠣᠭᠤᠯᠵᠤ᠂ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠢ ᠭᠤᠣᠯᠳᠠᠯᠭ᠎ᠠ ᠲᠠᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠣᠲᠣ ᠦᠶ᠎ᠡ ᠶᠢᠨ ᠭᠦᠢᠯᠭᠡᠭᠡᠨ ᠤ ᠰᠢᠰᠲ᠋ᠧᠮᠵᠢ ᠶᠢ ᠪᠦᠷᠢᠨᠰᠢᠬᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠪᠣᠳᠠᠲᠤ ᠴᠣᠭᠴᠠ ᠶᠢᠨ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠠᠷᠠᠯᠵᠢᠶ᠎ᠠ ᠶᠢᠨ ᠬᠡᠪᠴᠢᠶ᠎ᠡ ᠶᠢ ᠥᠷᠭᠡᠳᠬᠡᠨ᠎ᠡ᠃ ᠪᠡᠭᠡᠵᠢᠩ ᠴᠢᠭᠤᠯᠤᠯᠲᠤ ᠬᠠᠭᠠᠯᠭ᠎ᠠ ᠶᠢᠨ ᠪᠡᠶ᠎ᠡ ᠶᠢᠨ ᠲᠠᠮᠢᠷ ᠤᠨ ᠰᠣᠶᠣᠯ ᠵᠢᠭᠤᠯᠴᠢᠯᠠᠯ ᠤᠨ ᠪᠦᠰᠡ ᠶᠢ ᠪᠠᠷᠠᠭᠤᠨᠰᠢ ᠤᠷᠲᠤᠳᠬᠠᠬᠤ ᠴᠢᠬᠤᠯᠠ ᠶᠡᠭᠡ ᠠᠵᠠ ᠲᠣᠬᠢᠶᠠᠯ ᠢ ᠭᠦᠢᠴᠡᠳ ᠠᠰᠢᠭᠯᠠᠨ᠂ ᠲᠣᠮᠣ ᠬᠡᠯᠪᠡᠷᠢ ᠶᠢᠨ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠵᠡᠷᠭᠡ ᠪᠠᠶᠢᠭᠠᠯᠢ ᠶᠢᠨ ᠥᠩᠭᠡ ᠦᠵᠡᠮᠵᠢ ᠳᠤ ᠲᠦᠰᠢᠭᠯᠡᠨ᠂ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠪᠡᠭᠡᠵᠢᠩ ᠲᠢᠶᠠᠨᠵᠢᠨ ᠱᠠᠨ ᠰᠢ ᠾᠧᠪᠧᠶ ᠶᠢᠨ ᠣᠷᠣᠨ ᠪᠦᠰᠡ ᠶᠢᠨ ᠬᠤᠭᠤᠷᠣᠨᠳᠣᠬᠢ ᠡᠬᠢ ᠪᠠᠶᠠᠯᠢᠭ ᠢ ᠬᠠᠮᠲᠤᠪᠠᠷ ᠭᠥᠷᠳᠡᠬᠦ ᠪᠠ ᠥᠨᠳᠥᠷ ᠬᠢᠷᠢ ᠲᠦᠪᠰᠢᠨ ᠪᠥᠬᠦᠶ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠲᠦᠷᠭᠡᠳᠬᠡᠨ᠂ ︽ᠲᠡᠭ ᠨᠡᠭᠦᠷᠡᠰᠦᠲᠥ᠋ᠷᠥᠭᠴᠢ︾᠎ ᠶᠢᠨ ᠦᠵᠡᠮᠵᠢ ᠶᠢᠨ ᠣᠷᠣᠨ ᠪᠠ ᠰᠣᠳᠣᠨ ᠠᠮᠢ ᠠᠬᠤᠶ ᠶᠢᠨ ᠵᠢᠭᠤᠯᠴᠢᠯᠠᠯ ᠤᠨ ᠱᠤᠭᠤᠮ ᠢ ᠪᠥᠲᠥᠭᠡᠨ ᠪᠠᠶᠢᠭᠤᠯᠤᠨ᠎ᠠ᠃ ᠭᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠥᠷᠢ ᠪᠣᠯᠭᠠᠭᠰᠠᠨ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠡᠷᠡᠭᠦᠯᠵᠢᠯ ᠰᠤᠪᠢᠯᠠᠯᠲᠠ ᠶᠢᠨ ᠰᠢᠨ᠎ᠡ ᠵᠠᠭᠪᠤᠷ ᠢ ᠶᠡᠬᠡᠪᠡᠷ ᠬᠡᠷᠡᠭᠵᠢᠭᠦᠯᠦᠨ᠎ᠡ᠃ ᠨᠠᠰᠤᠵᠢᠯ᠂ ᠬᠡᠦᠬᠡᠳ ᠰᠠᠭᠠᠲᠠᠭᠤᠯᠬᠤ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠣᠮᠣ ᠬᠡᠯᠪᠡᠷᠢ ᠶᠢᠨ ᠡᠷᠡᠭᠦᠯᠵᠢᠯ ᠰᠤᠪᠢᠯᠠᠯᠲᠠ ᠪᠠ ᠬᠡᠦᠬᠡᠳ ᠰᠠᠭᠠᠲᠠᠭᠤᠯᠬᠤ ᠨᠡᠷᠡᠲᠦ ᠲᠡᠮᠳᠡᠭᠲᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ︽ᠪᠡᠭᠡᠵᠢᠩ ᠲᠢᠶᠠᠨᠵᠢᠨ ᠾᠧᠪᠧᠢ︾ ᠭᠠᠵᠠᠷ ᠣᠷᠣᠨ ᠤ ᠣᠯᠠᠨ ᠳᠡᠰ ᠳᠠᠪᠬᠤᠷᠭ᠎ᠠ ᠶᠢᠨ ᠡᠷᠡᠭᠦᠯᠵᠢᠯ ᠰᠤᠪᠢᠯᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ︵ᠭᠤᠷᠪᠠ︶ ᠴᠢᠳᠠᠪᠬᠢ ᠬᠡᠪ ᠴᠢᠨᠠᠷ ᠢᠶᠠᠨ ᠭᠤᠶᠢᠪᠢᠰᠢ ᠥᠬᠡᠶ ᠳᠡᠭᠡᠭᠰᠢᠯᠡᠭᠦᠯᠵᠦ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠤᠭ᠎ᠠ ᠪᠠᠷᠢᠮᠲᠠ ᠶᠢ ᠳᠣᠪᠤᠶᠢᠯᠭᠠᠨ ᠴᠢᠳᠠᠮᠵᠢ ᠣᠯᠭᠤᠵᠤ᠂ ᠰᠠᠭᠤᠷᠢ ᠴᠢᠳᠠᠮᠵᠢ ᠶᠢ ᠲᠡᠭᠦᠯᠳᠡᠷᠵᠢᠬᠦᠯᠦᠨ᠂ ᠣᠷᠣᠰᠢᠨ ᠠᠮᠢᠳᠤᠷᠠᠬᠤ ᠦᠢᠯᠡᠰ ᠪᠦᠲᠦᠭᠡᠬᠦ ᠵᠤᠭᠠᠴᠠᠨ ᠲᠣᠭᠤᠷᠢᠬᠤ ᠳᠤ ᠲᠣᠬᠢᠷᠠᠮᠵᠢᠲᠠᠶ ᠴᠢᠨᠠᠷ ᠰᠠᠶᠢᠲᠠᠶ ᠬᠤᠲᠠ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠲᠠ ᠶᠢᠨ ᠲᠣᠭᠤᠷᠢᠭ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 27 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠬᠤᠲᠠ ᠶᠢᠨ ᠲᠣᠭᠤᠷᠢᠭ ᠤᠨ 14 ᠺᠢᠯᠤᠮᠧᠲᠷ ᠵᠠᠮ ᠪᠠ 125 ᠺᠢᠯᠤᠮᠧᠲᠷ ᠬᠤᠭᠤᠯᠠᠢ ᠲᠣᠣᠷ ᠢ ᠰᠢᠨ᠎ᠡ ᠪᠠᠷ ᠵᠠᠰᠠᠬᠤ ᠪᠠ ᠥᠭᠡᠷᠡᠴᠢᠯᠡᠨ ᠵᠠᠰᠠᠨ᠎ᠠ᠃ ᠨᠠᠢᠮᠠᠨ ᠬᠤᠭ ᠨᠣᠪᠰᠢ ᠳᠠᠮᠵᠢᠭᠤᠯᠬᠤ ᠥᠷᠲᠡᠭᠡ ᠪᠠ ᠬᠤᠶᠠᠷ ᠪᠣᠬᠢᠷ ᠤᠰᠤ ᠰᠢᠢᠳᠪᠦᠷᠢᠯᠡᠬᠦ ᠥᠷᠲᠡᠭᠡ ᠶᠢ ᠪᠠᠶᠢᠭᠤᠯᠤᠨ᠎ᠠ᠃ ᠬᠠᠭᠤᠴᠢᠨ ᠬᠤᠲᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠵᠦ᠂ ᠹᠦ᠋ ᠷᠦᠢ ᠵᠡᠭᠡᠯᠢ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠦᠨ᠎ᠡ᠃ ︽ᠲᠣᠭᠠᠴᠢᠯᠠᠭᠰᠠᠨ ᠰᠢᠨᠡᠴᠢᠯᠡᠯᠲᠡ︾᠎ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠢᠯᠴᠢ ᠶᠢᠨ ᠬᠦᠴᠦᠨ᠂ ᠤᠰᠤ ᠬᠠᠩᠭᠠᠬᠤ᠂ ᠤᠰᠤ ᠲᠠᠲᠠᠷᠠᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ ᠤᠨ ᠨᠣᠭᠤᠭᠠᠷᠠᠭᠤᠯᠤᠯᠲᠠ ᠶᠢ ᠨᠢᠭᠡ ᠴᠣᠭᠴᠠᠵᠢᠭᠤᠯᠤᠭᠰᠠᠨ ᠣᠶᠤᠨᠴᠢ ᠬᠠᠮᠢᠶᠠᠷᠤᠯᠲᠠ ᠶᠢᠨ ᠲᠠᠪᠴᠠᠩ᠂ ᠪᠠᠴᠢᠮ ᠪᠠᠶᠢᠳᠠᠯ ᠢ ᠠᠷᠭᠠᠴᠠᠭᠠᠵᠦ ᠲᠤᠬᠢᠷᠠᠭᠤᠯᠤᠨ ᠵᠢᠯᠣᠭᠤᠳᠬᠤ ᠲᠠᠪᠴᠠᠩ ᠪᠠ ᠲᠣᠮᠣ ᠳ᠋ᠠᠶᠢᠲ᠋ᠠ ᠶᠢᠨ ᠲᠠᠪᠴᠠᠩ ᠢ ᠲᠦᠷᠭᠡᠳᠬᠡᠨ ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠣᠶᠤᠨᠴᠢᠯᠠᠭᠰᠠᠨ᠂ ᠲᠣᠭᠠᠴᠢᠯᠠᠭᠰᠠᠨ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠥᠯᠥᠪᠵᠢᠭᠦᠯᠭᠡ ᠶᠢ ᠤᠷᠢᠳ ᠢᠶᠠᠷ ᠬᠡᠷᠡᠭᠵᠢᠭᠦᠯᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠭᠤᠤᠯᠳᠠᠯᠭ᠎ᠠ ᠲᠠᠢ ᠰᠢᠪᠲᠤᠯᠤᠯᠲᠠ ᠬᠢᠬᠦ᠂ ᠡᠩ ᠤᠨ ᠪᠠᠶᠢᠳᠠᠯ ᠢᠶᠠᠷ ᠳᠠᠭᠠᠬᠤ ᠵᠠᠷᠴᠢᠮ ᠶᠣᠰᠣᠭᠠᠷ᠂ ᠭᠢᠯᠠᠰ ᠴᠡᠭ ᠲᠠᠢ ᠂ ᠣᠨᠴᠠᠯᠢᠭ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 34 ᠵᠢᠱᠢᠶ᠎ᠡ ᠦᠵᠡᠭᠦᠯᠬᠦ ᠲᠣᠰᠬᠤᠨ ᠢ ᠪᠥᠲᠥᠭᠡᠨ ᠪᠠᠶᠢᠭᠤᠯᠤᠨ᠎ᠠ᠃ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ 487.5ᠺᠢᠯᠣᠮᠧᠲᠷ ᠥᠭᠡᠷᠡᠴᠢᠯᠡᠨ ᠳᠡᠰ ᠲᠡᠪᠰᠢᠬᠦᠯᠦᠨ᠎ᠡ᠃ ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠴᠠᠬᠢᠯᠭᠠᠨ ᠲᠣᠣᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠴᠠᠬᠢᠯᠭᠠᠨ ᠬᠠᠩᠭᠠᠬᠤ ᠨᠠᠶᠢᠳᠠᠪᠤᠷᠢᠲᠤ ᠴᠢᠨᠠᠷ ᠢ 99.8 %᠎ ᠳᠤ ᠬᠦᠷᠭᠡᠬᠦ ᠪᠠᠷ ᠴᠢᠷᠮᠠᠶᠢᠨ᠎ᠠ᠃ ᠥᠨᠳᠥᠷ ᠬᠤᠷᠳᠤᠴᠠᠲᠤ ᠥᠷᠭᠡᠨ ᠪᠦᠰᠡᠲᠦ ᠰᠢᠯᠵᠢᠮᠡᠯ ᠰᠦᠯᠵᠢᠶ᠎ᠡ ᠪᠠ ᠭᠡᠷᠡᠯᠯᠢᠭ ᠰᠢᠷᠬᠡᠭ ᠤᠨ ᠰᠦᠯᠵᠢᠶ᠎ᠡ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠲᠣᠰᠬᠤᠨ ᠤ ᠢᠨᠲ᠋ᠧᠷ ᠰᠦᠯᠵᠢᠶᠡᠨ ᠳᠤ ᠵᠠᠯᠭᠠᠨ ᠣᠷᠣᠭᠤᠯᠬᠤ ᠨᠣᠷᠮ᠎ᠠ ᠶᠢ 100 % ᠪᠠ ᠠᠶᠢᠯ ᠲᠣᠰᠬᠤᠨ ᠤ ᠢᠨᠲ᠋ᠧᠷ ᠰᠦᠯᠵᠢᠶᠡᠨ ᠳᠤ ᠵᠠᠯᠭᠠᠨ ᠣᠷᠣᠭᠤᠯᠬᠤ ᠨᠣᠷᠮ᠎ᠠ ᠶᠢ 85 %᠎ ᠠᠴᠠ ᠳᠡᠭᠡᠭᠰᠢ ᠳᠤ ᠬᠦᠷᠦᠭᠦᠯᠦᠨ᠎ᠡ᠃ ᠬᠡᠢ ᠬᠠᠳᠠᠭᠠᠯᠠᠬᠤ ᠪᠡᠯᠡᠳᠬᠡᠮᠵᠢ ᠪᠣᠯᠤᠨ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠲᠠᠮᠠᠬᠠᠶ ᠬᠡᠢ ᠶᠢ ᠬᠥᠳᠡᠭᠡ ᠪᠠᠭᠤᠯᠭᠠᠬᠤ ᠶᠢ ᠲᠦᠯᠬᠢᠨ ᠠᠬᠢᠭᠤᠯᠤᠨ᠎ᠠ᠃ ᠵᠣᠷᠯᠣᠩ ᠤᠨ ᠬᠤᠪᠢᠰᠬᠠᠯ᠂ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠬᠦᠯᠦᠨ᠂ ᠪᠥᠬᠦ ᠤᠯᠤᠰ ᠤᠨ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠤᠷᠮᠠᠰᠢᠭᠤᠯᠬᠤ ᠰᠢᠶᠠᠨ ᠢ ᠴᠢᠷᠮᠠᠶᠢᠨ ᠪᠠᠶᠢᠭᠤᠯᠤᠨ᠎ᠠ᠃ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ︵ᠲᠦᠷᠪᠡ︶ ᠨᠡᠶᠢᠭᠡᠮ ᠤᠨ ᠠᠷᠠᠳ ᠤᠨ ᠠᠮᠢᠳᠤᠷᠠᠯ ᠢ ᠡᠷᠡᠰ ᠭᠤᠶᠢᠪᠢᠰᠢ ᠦᠭᠡᠢ ᠪᠠᠲᠤᠯᠠᠵᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠬᠠᠮᠲᠤ ᠪᠠᠷ ᠴᠢᠨᠡᠭᠡᠯᠢᠭᠵᠢᠬᠦ ᠴᠢᠭᠯᠡᠯ ᠢ ᠪᠠᠷᠢᠮᠳᠠᠯᠠᠨ᠂ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ ᠠᠷᠠᠳ ᠣᠯᠠᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠣᠯᠠᠨ ᠨᠠᠩ ᠰᠠᠶᠢᠲᠤᠷ ᠡᠳ᠋ᠯᠡᠭᠦᠯᠦᠨ᠎ᠡ᠃ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠨᠠᠩ ᠭᠦᠢᠴᠡᠳ ᠪᠣᠯᠭᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠳᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠣᠷᠣᠨ ᠵᠠᠶ ᠶᠢ ᠥᠷᠭᠡᠳᠬᠡᠵᠦ᠂ ᠣᠷᠣᠯᠭ᠎ᠠ ᠪᠠᠭᠠᠲᠠᠶ ᠣᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠂ ︽ᠨᠢᠭᠡ ᠴᠦ ᠪᠠᠰᠠ ᠠᠵᠢᠯ ᠣᠯᠤᠭᠰᠠᠨ ᠥᠬᠡᠶ ᠬᠡᠷ ᠪᠦᠯᠢ︾᠎ ᠶᠢ ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨᠬᠦ ᠪᠠᠲᠤᠯᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠭᠡᠷ ᠲᠡᠭᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠨᠡᠶᠢᠳᠡᠮ ᠬᠡᠷᠡᠭᠵᠢᠭᠦᠯᠬᠦ ᠶᠢ ᠠᠬᠢᠭᠤᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠦᠰ᠂ ᠵᠡᠮᠳᠡᠭᠴᠦᠳ᠂ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠨᠴᠠ ᠬᠦᠴᠢᠷᠳᠡᠯᠲᠡᠢ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ ᠠᠷᠠᠳ ᠣᠯᠠᠨ ᠤ ᠵᠣᠯ ᠵᠢᠷᠭᠠᠯ ᠤᠨ ᠲᠥᠷᠥᠭᠳᠡᠯ ᠢ ᠨᠠᠩ ᠦᠷᠭᠦᠯᠵᠢᠯᠡᠬᠦ ᠪᠣᠯᠭᠠᠨ᠎ᠠ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠢ ᠴᠢᠩᠭᠠᠳᠬᠠᠵᠤ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠴᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠡᠩᠨᠡᠭᠡ ᠶᠢ ᠪᠠᠶᠢᠭᠤᠯᠤᠨ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠦᠬᠦ ᠰᠢᠶᠠᠨ ᠤ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠣᠷᠮ᠎ᠠ ᠶᠢ 95 %᠎ ᠠᠴᠠ ᠳᠡᠭᠡᠭᠰᠢ ᠪᠠᠶᠢᠯᠭᠠᠬᠤ ᠪᠠᠷ ᠴᠢᠷᠮᠠᠶᠢᠨ᠎ᠠ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠰᠡᠨ ᠰᠢᠶᠠᠨ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ ᠣᠨᠴᠠᠯᠢᠭᠲᠤ ᠣᠯᠠᠨ ᠶᠠᠩᠵᠤᠴᠢᠯᠬᠠᠰᠠᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠬᠥᠭᠵᠢᠭᠦᠯᠵᠦ᠂ ᠡᠩ ᠤᠨ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠭᠤᠰᠤᠯᠴᠠᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ᠃ ᠰᠢᠩ ᠾᠧ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠪᠦᠬᠦ ᠬᠤᠲᠠ ᠶᠢᠨ ᠲᠡᠷᠢᠭᠦᠨ ᠤ ᠡᠩᠨᠡᠭᠡᠨ ᠳᠤ ᠣᠷᠣᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠠᠭᠤᠷᠢ ᠨᠥᠬᠦᠴᠡᠯ ᠢ ᠨᠢ ᠲᠠᠰᠤᠷᠠᠯᠲᠠ ᠤᠢᠭᠡᠢ ᠰᠠᠶᠢᠵᠢᠷᠠᠭᠤᠯᠵᠤ᠂ ᠦᠢᠯᠡᠴᠢᠯᠡᠭᠡᠨ ᠬᠠᠩᠭᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠰᠢᠶᠠᠨ ᠤ ᠱᠠᠲᠤᠨ ᠤ ᠰᠣᠶᠣᠯ ᠤᠨ ᠭᠠᠵᠠᠷ ᠲᠠᠯᠠᠪᠤᠷ ᠢ ᠤᠯᠤᠰ ᠤᠨ ᠭᠤᠷᠪᠠᠳᠤᠭᠠᠷ ᠳᠡᠰ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ︽ᠠᠷᠪᠠᠨ ᠶᠡᠭᠡ ᠠᠵᠢᠯᠯᠠᠭ᠎ᠠ︾᠎ ᠶᠢ ᠭᠦᠨᠵᠡᠭᠡᠶ ᠬᠡᠷᠡᠭᠵᠢᠬᠦᠯᠦᠨ᠎ᠡ᠃ ᠤᠯᠠᠭᠠᠨᠮᠥ᠋ᠴᠢᠷ ᠤᠨ ᠦᠢᠯᠡᠴᠢᠯᠡᠭᠡᠨ ᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠬᠤᠲᠠ ᠶᠢᠨ ᠳᠡᠰ ᠠᠴᠠ ᠳᠡᠭᠡᠭᠰᠢᠬᠢ 10 ᠰᠣᠳᠣᠨ ᠵᠦᠴᠦᠭᠡ ᠶᠢ ᠵᠣᠬᠢᠶᠠᠨ ᠪᠦᠲᠦᠭᠡᠬᠦ ᠪᠠᠷ ᠴᠢᠷᠮᠠᠶᠢᠨ᠎ᠠ᠃ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ  ᠲᠤᠳᠠᠬᠳᠠᠯ ᠢ ᠲᠦᠷᠭᠡᠳᠬᠡᠨ ᠨᠥᠬᠦᠪᠥᠷᠢᠯᠡᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠠᠯᠠᠪᠤᠷ ᠭᠠᠵᠠᠷ ᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠠᠷᠠᠳ ᠣᠯᠠᠨ ᠤ ᠳᠡᠷᠭᠡᠳᠡᠬᠢ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾᠎ ᠢ ᠴᠢᠷᠮᠠᠶᠢᠨ ᠪᠠᠶᠢᠭᠤᠯᠤᠨ᠎ᠠ᠃ ︽ᠭᠤᠷᠪᠠᠨ ᠡᠮᠴᠢᠯᠡᠭᠡ︾᠎ ᠶᠢᠨ ᠬᠤᠯᠪᠣᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠰᠢᠶᠠᠨ ᠤ ᠬᠡᠪᠴᠢᠶᠡᠨ ᠤ ᠨᠢᠭᠲᠠᠷᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠨᠠᠩ ᠠᠰᠢᠭ ᠬᠦᠷᠲᠡᠭᠡᠬᠦ ᠡᠮᠴᠢᠯᠡᠭᠡᠨ ᠤ ᠦᠢᠯᠡᠴᠢᠯᠡᠭᠡ ᠬᠦᠷᠲᠡᠭᠡᠨ᠎ᠡ᠃ ᠰᠢᠶᠠᠨ ᠤ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠮᠡᠷᠭᠡᠵᠢᠯ ᠤᠨ ᠠᠵᠢᠯᠲᠠᠨ ᠤ ᠡᠩᠨᠡᠭᠡ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠬᠢᠲᠠᠳ ︵ᠮᠣᠩᠭᠤᠯ︶ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠲᠢᠳᠢᠮᠯᠢᠭᠳᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ  ᠠᠳᠬᠤᠨ᠎ᠠ᠃ ᠭᠤᠷᠪᠠᠨ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠵᠢᠴᠢ ᠢᠵᠢ ᠪᠦᠷᠢᠳᠦᠭᠰᠡᠨ ᠳᠡᠮᠵᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠥᠮᠦᠨ ᠠᠮᠠ ᠶᠢᠨ ᠨᠠᠰᠤᠵᠢᠯᠲᠠ ᠶᠢᠨ ᠠᠬᠢᠴᠠ ᠶᠢ ᠨᠠᠮᠳᠠᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠨ᠎ᠠ᠃ ᠰᠢᠶᠠᠨ ᠤ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩᠳᠤ ᠬᠥᠭᠵᠢᠯ ᠮᠠᠨᠳᠤᠯ ᠢ ᠪᠦᠲᠦᠭᠡᠨ ᠪᠠᠶᠢᠭᠤᠯᠤᠨ᠎ᠠ᠃ ᠠᠶᠤᠯ ᠦᠭᠡᠶ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠣᠯᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ  ᠠᠳᠬᠤᠨ᠎ᠠ᠃ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠵᠥᠷᠢᠴᠡᠯ ᠵᠢᠭᠤᠷᠠᠯᠳᠤᠭᠠᠨ ᠢ ᠠᠷᠢᠯᠭᠠᠨ ᠵᠣᠬᠢᠴᠠᠭᠤᠯᠬᠤ ᠣᠯᠠᠨ ᠡᠰᠢᠵᠢᠭᠰᠡᠨ ᠲᠣᠭᠲᠠᠴᠠ ᠶᠢ ᠪᠦᠷᠢᠨᠰᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠨᠡᠪᠲᠡᠷᠡᠯ ᠵᠠᠮ ᠢ ᠰᠢᠯᠤᠭᠤᠳᠬᠠᠨ᠎ᠠ᠃ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠭᠠᠵᠠᠷ ᠬᠥᠳᠡᠯᠦᠯᠲᠡ ᠬᠢᠭᠡᠳ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠶᠡᠬᠡᠪᠡᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠶ ᠪᠣᠯᠭᠠᠨ᠎ᠠ᠃      ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠶᠢᠨ ᠠᠰᠢᠭ ᠢ  ᠪᠠᠳᠠᠷᠠᠭᠤᠯᠤᠨ᠂ ᠨᠡᠭᠡᠭᠡᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠨ᠎ᠡ᠃ ᠨᠡᠭᠡᠭᠡᠯᠲᠡ ᠶᠢᠨ ᠲᠦᠪᠰᠢᠨ ᠢ ᠲᠠᠰᠤᠷᠠᠯᠲᠠ ᠥᠬᠡᠶ ᠥᠷᠭᠡᠳᠬᠡᠨ᠎ᠡ᠃ ᠤᠯᠤᠰ ᠤᠨ ᠪᠡᠭᠡᠵᠢᠩ ᠲᠢᠶᠠᠨᠵᠢᠨ ᠾᠧᠪᠧᠶ ᠶᠢ ᠵᠣᠬᠢᠴᠠᠭᠤᠯᠤᠨ ᠬᠥᠭᠵᠢᠭᠦᠯᠬᠦ ᠪᠠ ︽ᠨᠢᠭᠡ ᠪᠦᠰᠡ ᠨᠢᠭᠡ ᠵᠠᠮ︾᠎ ᠢ ᠬᠡᠷᠡᠭᠵᠢᠭᠦᠯᠬᠦ ᠵᠡᠷᠭᠡ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ ᠬᠥᠭᠵᠢᠯᠲᠡ ᠪᠠ ︽ᠤᠯᠠᠭᠠᠨᠴᠠᠪ ᠳ᠋ᠠᠲ᠋ᠦ᠋ᠩ ᠴᠢᠭᠤᠯᠤᠯᠳᠤ ᠬᠠᠭᠠᠯᠭ᠎ᠠ︾᠎ ᠶᠢᠨ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ  ᠠᠰᠢᠬᠯᠠᠨ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠬᠥᠬᠡ ᠮᠥᠷᠡᠨ ᠤ ᠭᠤᠷᠪᠠᠯᠵᠢᠨ ᠬᠤᠶᠢᠭ ᠲᠠᠢ ᠭᠦᠨᠵᠡᠭᠡᠶ ᠵᠣᠯᠭᠠᠭᠤᠯᠵᠤ᠂ ᠨᠡᠭᠡᠭᠡᠯᠲᠡ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠥᠷᠭᠡᠳᠬᠡᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠠᠵᠤ ᠠᠬᠤᠶ ᠠᠷᠠᠯᠵᠢᠶ᠎ᠠ᠂ ᠵᠠᠮ ᠬᠠᠷᠢᠯᠴᠠᠭ᠎ᠠ᠂ ᠰᠣᠶᠣᠯ ᠵᠢᠭᠤᠯᠴᠢᠯᠠᠯ᠂ ᠠᠮᠢ ᠠᠬᠤᠶ ᠵᠡᠷᠭᠡ ᠲᠠᠯ᠎ᠠ ᠪᠠᠷ ᠪᠡᠭᠡᠵᠢᠩ ᠤᠨ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠵᠠᠯᠭᠠᠨ ᠠᠪᠴᠤ᠂ ᠴᠡᠪᠡᠷ ᠨᠣᠭᠤᠭ᠎ᠠ ᠰᠢᠨ᠎ᠡ ᠮᠢᠬ᠎ᠠ ᠶᠢ ᠪᠡᠭᠡᠵᠢᠩ ᠳᠤ ᠣᠷᠣᠭᠤᠯᠬᠤ᠂ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠵᠢᠭᠤᠯᠴᠢᠯᠠᠯ ᠤᠨ ᠤᠬᠠᠭᠤᠯᠭ᠎ᠠ ᠪᠣᠷᠣᠯᠠᠭᠤᠯᠭ᠎ᠠ ᠵᠡᠷᠭᠡ ᠲᠠᠯ᠎ᠠ ᠪᠠᠷ ᠨᠢᠭᠡ ᠪᠦᠯᠦᠭ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠣᠶ ᠪᠣᠯᠭᠠᠬᠤ ᠪᠠᠷ ᠴᠢᠷᠮᠠᠶᠢᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ ᠪᠦᠲᠦᠮᠵᠢᠲᠡᠶ ᠵᠠᠬ᠎ᠠ ᠳᠡᠯᠭᠡᠭᠦᠷ ᠢ ᠪᠠᠶᠢᠭᠤᠯᠬᠤ᠂ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠢ ᠪᠠᠶᠢᠭᠤᠯᠬᠤ ᠶᠢᠨ ᠲᠣᠭᠤᠷᠢᠨ ᠳᠤ᠂ ︽ᠲᠠᠯᠪᠢᠬᠤ ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠳᠥᠷᠪᠡ ᠶᠢ ᠭᠦᠢᠴᠡᠳᠭᠡᠬᠦ︾ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ︽ᠨᠡᠶᠢᠯᠡᠭᠦᠯᠦᠨ ᠬᠠᠮᠲᠤᠷᠠᠭᠤᠯᠵᠤ ᠬᠢᠨᠠᠨ ᠵᠥᠪᠰᠢᠶᠡᠷᠡᠬᠦ᠂ ᠰᠠᠯᠠᠭ᠎ᠠ ᠮᠥᠴᠢᠷ ᠬᠠᠮᠵᠢᠯᠴᠠᠬᠤ᠂ ᠴᠠᠭ ᠲᠤᠬᠠᠶ ᠳᠤᠨᠢ ᠡᠷᠭᠢᠯᠳᠦᠭᠦᠯᠬᠦ︾ ᠵᠠᠭᠪᠤᠷ ᠢ ᠬᠡᠷᠡᠭᠵᠢᠭᠦᠯᠦᠨ ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠶᠢ ᠪᠡᠶᠡᠯᠡᠭᠦᠯᠦᠨ᠎ᠡ᠃ ᠤᠯᠤᠰ ᠤᠨ ᠭᠠᠶᠢᠯᠢ ᠬᠥᠩᠭᠡᠷᠡᠭᠦᠯᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠭᠡᠯ ᠬᠤᠷᠢᠶᠠᠬᠤ ᠶᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠨᠢ ᠤᠯᠠᠮ ᠨᠢᠭᠡ ᠠᠯᠬᠤᠮ ᠪᠠᠭᠤᠷᠠᠭᠤᠯᠵᠤ ᠳᠠᠷᠤᠭᠠᠰᠤ ᠶᠢ ᠨᠢ ᠬᠥᠩᠭᠡᠷᠡᠭᠦᠯᠦᠨ᠎ᠡ᠃ ᠬᠠᠤᠯᠢ ᠶᠣᠰᠣᠭᠠᠷ ᠭᠠᠷᠭᠠᠭᠰᠠᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠣᠯᠤᠨ ᠲᠣᠭᠲᠠᠭᠰᠠᠨ ᠡᠯ᠎ᠡ ᠲᠥᠷᠥᠯ ᠤᠨ ᠭᠡᠷ᠎ᠡ᠂ ᠬᠡᠯᠡᠯᠴᠡᠭᠡᠷ ᠢ ᠬᠢᠨᠠᠮᠠᠭᠠᠶ ᠭᠦᠢᠴᠡᠳᠬᠡᠵᠦ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠪᠠᠶᠢᠭᠤᠯᠤᠨ᠎ᠠ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠴᠢᠩᠭ᠎ᠠ ᠬᠡᠷᠡᠭᠵᠢᠭᠦᠯᠵᠦ᠂ ︽ᠳᠤᠮᠳᠠᠬᠢ ᠲᠦᠭᠵᠢᠷᠡᠯ︾᠎ ᠢ ᠴᠢᠩᠭ᠎ᠠ ᠰᠢᠢᠳᠭᠡᠨ᠂ ︽ᠳᠡᠯᠭᠡᠭᠦᠷ ᠤᠨ ᠵᠠᠷᠤᠴᠠ︾᠎ ᠶᠢ ᠰᠠᠶᠢᠲᠤᠷ ᠬᠢᠨ᠎ᠡ᠃ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠵᠢᠷᠤᠮᠵᠢᠭᠤᠯᠤᠨ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠳᠣᠷᠣᠭᠰᠢᠯᠠᠭᠤᠯᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠦᠬᠦ ᠶᠠᠪᠤᠴᠠ ᠶᠢ ᠡᠯᠧᠺᠲᠷᠤᠨᠴᠢᠯᠠᠬᠦ ᠶᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠥᠰᠦᠪ ᠤᠨ ᠬᠢᠵᠠᠭᠠᠷᠯᠠᠯ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠬᠢᠵᠠᠭᠠᠷᠲᠠᠢ ᠡᠳ᠋ ᠤᠨ ᠬᠦᠴᠦᠨ ᠢ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠵᠦᠢᠯᠡᠰ ᠪᠠ ᠦᠨᠳᠦᠰᠦᠨ ᠠᠷᠠᠳ ᠤᠨ ᠠᠮᠢᠳᠤᠷᠠᠯ ᠢ ᠪᠠᠳᠤᠯᠠᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠵᠤ ᠪᠡᠯᠡ ᠲᠤᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠨ᠂ ᠵᠠᠰᠠᠭ ᠤᠨ ᠣᠷᠳᠣᠨ ᠤ ᠥᠭᠴᠡᠭᠡᠨ ᠤ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠪᠠ ᠪᠣᠬᠢᠷᠲᠤᠯ ᠦᠭᠡᠢ ᠮᠥᠩᠭᠦᠨ ᠭᠦᠢᠯᠭᠡᠭᠡ ᠶᠢ ᠢᠳᠡᠪᠬᠢᠲᠡᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠡᠬᠢ ᠪᠠᠶᠠᠯᠢᠭ ᠤᠨ ᠴᠢᠨᠠᠷᠲᠠᠢ ᠡᠳ᠋ ᠬᠦᠷᠦᠩᠭᠡ ᠶᠢᠨ ᠪᠦᠲᠦᠮᠵᠢᠲᠡᠢ ᠡᠷᠭᠢᠯᠲᠡ ᠶᠢ ᠠᠬᠢᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠴᠢᠳᠠᠪᠤᠷᠢᠲᠠᠨ ᠢ ᠦᠨᠡᠯᠡᠵᠦ ᠬᠡᠷᠡᠭᠯᠡᠬᠦ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠰᠬᠠᠶ ᠪᠠᠯᠠ ᠮᠥᠩᠭᠦ ᠶᠢ ᠳᠣᠭᠢᠷᠠᠭᠤᠯᠵᠤ᠂ ᠴᠢᠳᠠᠪᠤᠷᠢᠲᠠᠨ ᠢ ᠲᠠᠲᠠᠬᠤ᠂ ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ ᠰᠠᠶᠢᠲᠤᠷ ᠬᠡᠷᠡᠭᠯᠡᠬᠦ᠂ ᠴᠢᠳᠠᠪᠤᠷᠢᠲᠠᠨ ᠢ ᠪᠣᠶ ᠪᠣᠯᠭᠠᠬᠤ ᠰᠠᠶᠢᠨ ᠲᠣᠭᠲᠠᠴᠠ ᠶᠢ ᠪᠦᠷᠢᠯᠳᠦᠭᠦᠯᠦᠨ᠎ᠡ᠃       ᠭᠤᠷᠪᠠ᠂ 2022 ᠤᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ      2022 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠢ ᠠᠳᠠᠯᠢ ᠬᠤᠭᠤᠴᠠᠭᠠᠨ ᠤ ᠬᠢ ᠠᠴᠠ 6 %᠎ ᠪᠠᠷ ᠨᠡᠮᠡᠭᠳᠡᠭᠦᠯᠦᠨ᠎ᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7 %᠎ ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6 %᠎ ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 6.5 %᠎ ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 6 %᠎ ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 6% ᠪᠠ 8%᠎ ᠪᠠᠷ ᠨᠡᠮᠡᠭᠳᠡᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ ᠬᠤᠷᠣᠭᠳᠠᠯ ᠤᠨ ᠪᠠᠭᠤᠯᠭᠠᠭᠰᠠᠨ ᠬᠠᠷᠠᠯᠲᠠ ᠡᠭᠦᠷᠭᠡ ᠶᠢ ᠪᠡᠶᠡᠯᠡᠬᠦᠯᠦᠨ᠎ᠡ᠃      ︵ᠨᠢᠭᠡ︶ ᠠᠮᠢ ᠠᠬᠤᠶ ᠶᠢᠨ ᠰᠠᠭᠤᠷᠢ ᠥᠩᠭᠡ ᠶᠢ ᠵᠤᠵᠠᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠴᠢᠳᠠᠮᠵᠢ ᠶᠢ ᠬᠠᠮᠠᠭᠠᠯᠠᠬᠤ ᠪᠠ ᠰᠡᠷᠭᠦᠭᠡᠬᠦ ᠶᠢ ᠦᠷᠭᠦᠯᠵᠢᠯᠡᠨ ᠠᠬᠢᠭᠤᠯᠤᠨ᠎ᠠ᠃      ᠠᠮᠢ ᠠᠬᠤᠢ ᠶᠢᠨ ᠬᠠᠮᠠᠭᠠᠯᠠᠯᠲᠠ ᠶᠢᠨ ︽ᠤᠯᠠᠭᠠᠨ ᠱᠤᠭᠤᠮ︾᠎ ᠢ ᠴᠢᠩᠭ᠎ᠠ ᠰᠠᠬᠢᠨ᠎ᠠ᠃ ᠡᠯ ᠳ᠋ᠤᠤ ᠾᠧ ᠭᠤᠤᠯ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ 4.85 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠶᠢ ᠰᠡᠷᠭᠦᠭᠡᠨ ᠵᠠᠰᠠᠨ᠎ᠠ᠃ ᠵᠤ᠋ ᠵᠢᠶᠠ ᠶᠢᠩ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠨ ᠵᠠᠰᠠᠬᠤ ᠲᠥᠷᠥᠯ ᠵᠦᠢᠯ ᠢ ᠢᠳᠡᠪᠬᠢᠯᠡᠨ ᠲᠡᠮᠡᠴᠡᠨ ᠣᠯᠤᠨ᠎ᠠ᠃ ᠨᠡᠭᠦᠷᠡᠰᠦ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶ ᠬᠡᠷᠡᠭᠵᠢᠭᠦᠯᠵᠦ᠂ ᠬᠤᠷᠢᠨ 10 ᠲᠣᠨ ᠠᠴᠠ ᠳᠣᠷᠣᠭᠰᠢᠬᠢ ᠠᠭᠤᠷᠰᠢᠯᠠᠭᠤᠯᠬᠤ ᠨᠡᠭᠦᠷᠡᠰᠦ ᠰᠢᠲᠠᠭᠠᠬᠤ ᠭᠦᠸᠧᠯᠦ ᠶᠢ ᠬᠦᠴᠦᠨ ᠦᠭᠡᠶ ᠪᠣᠯᠭᠠᠨ᠎ᠠ ᠃ ︽ᠳᠥᠷᠪᠡ ᠶᠢ ᠬᠢᠵᠠᠭᠠᠷᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠮᠢ ᠶᠢᠨ ᠪᠣᠷᠲᠣᠭᠤᠷ ᠲᠠᠷᠢᠶᠠᠨ ᠡᠮ ᠢ 2 %᠎ ᠢᠶᠠᠷ ᠪᠠᠭᠤᠷᠠᠭᠤᠯᠬᠤ ᠬᠠᠷᠠᠯᠲᠠᠲᠤ ᠡᠭᠦᠷᠭᠡ ᠶᠢ ᠪᠡᠶᠡᠯᠡᠭᠦᠯᠦᠨ᠎ᠡ᠃ 2.9 ᠲᠡᠭᠰᠢ ᠳᠥᠷᠪᠡᠯᠵᠢᠨ ᠺᠢᠯᠤᠮᠧᠲᠷ ᠬᠠᠶᠠᠭᠳᠠᠮᠠᠯ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠵᠦ᠂ ᠲᠠᠯ᠎ᠠ ᠨᠤᠲᠤᠭ ᠪᠠ ᠣᠢ ᠰᠢᠭᠤᠢ ᠶᠢᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠬᠦᠴᠦᠯᠡᠴᠡ ᠪᠠᠨ ᠨᠡᠮᠡᠭᠳᠡᠬᠦᠯᠦᠨ᠂ ᠵᠢᠯ ᠤᠨ ᠳᠣᠲᠣᠷ᠎ᠠ ᠲᠠᠴᠢᠷᠳᠠᠭᠰᠠᠨ ᠬᠠᠯᠬᠠᠪᠴᠢ ᠣᠢ ᠶᠢ ᠰᠡᠷᠭᠦᠭᠡᠬᠦ᠂ ᠲᠠᠯ᠎ᠠ ᠨᠤᠲᠤᠭ ᠤᠨ ᠠᠮᠢ ᠠᠬᠤᠢ ᠶᠢ ᠰᠡᠷᠭᠦᠭᠡᠬᠦ᠂ ᠣᠢ ᠰᠢᠭᠤᠢ ᠶᠢ ᠪᠤᠶᠢᠵᠢᠭᠤᠯᠬᠤ᠂ ᠲᠣᠰᠬᠤᠨ ᠪᠠᠯᠭᠠᠰᠤ ᠶᠢ ᠨᠣᠭᠤᠭᠠᠷᠠᠭᠤᠯᠬᠤ ᠵᠡᠷᠭᠡ 3 ᠲᠦᠮᠡᠨ ᠮᠦ ᠶᠢ ᠪᠡᠶᠡᠯᠡᠭᠦᠯᠦᠨ᠎ᠡ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ︽ᠪᠣᠭᠤᠮᠲᠠ ᠳᠡᠭᠡᠷᠡᠬᠢ ᠲᠡᠨᠡᠭ ᠡᠪᠦᠭᠡᠨ︾ ᠳ᠋ᠦᠩ ᠬᠤᠩ ᠷᠤ᠋ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠶᠡᠭᠡ ᠪᠠᠷ ᠪᠠᠳᠠᠷᠠᠭᠤᠯᠵᠤ᠂ ᠠᠮᠢ ᠠᠬᠤᠢ ᠶᠢᠨ ᠪᠣᠯᠪᠠᠰᠤᠨ ᠢ ᠬᠠᠮᠲᠤ ᠪᠠᠷ ᠪᠦᠲᠦᠭᠡᠨ ᠪᠠᠶᠢᠭᠤᠯᠬᠤ᠂ ᠦᠵᠡᠰᠬᠦᠯᠡᠩᠲᠦ ᠰᠠᠶᠢᠬᠠᠨ ᠡᠩᠬᠡ ᠲᠠᠶᠢᠪᠤᠩ ᠢ ᠪᠦᠲᠦᠭᠡᠨ ᠪᠠᠶᠢᠭᠤᠯᠬᠤ ᠠᠮᠢᠳᠤᠯᠢᠭ ᠪᠠᠶᠢᠳᠠᠯ ᠢ ᠪᠤᠢ ᠪᠤᠯᠭᠠᠨ᠎ᠠ᠃      ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ︽ᠳᠡᠭᠡᠳᠦ ᠬᠢᠵᠠᠭᠠᠷ︾᠎ ᠢ ᠴᠢᠩᠭ᠎ᠠ ᠬᠢᠵᠠᠭᠠᠷᠯᠠᠨ᠎ᠠ᠃ ︽ᠳᠥᠷᠪᠡᠨ ᠤᠰᠤ ᠳᠥᠷᠪᠡᠨ ᠲᠣᠭᠲᠠᠭᠠᠯ︾᠎ ᠤᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠣᠷᠭᠠᠨᠢᠭ ᠬᠠᠭᠤᠷᠠᠢ ᠲᠠᠷᠢᠶᠠᠯᠠᠩ ᠢ ᠶᠡᠬᠡᠪᠡᠷ ᠬᠥᠭᠵᠢᠭᠦᠯᠦᠨ᠂ ᠣᠷᠭᠠᠨᠢᠭ ᠬᠠᠭᠤᠷᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ 5 ᠲᠦᠮᠡᠨ ᠮᠤ᠋᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ 11 ᠲᠦᠮᠡᠨ ᠮᠤ᠋ ᠶᠢ ᠪᠡᠶᠡᠯᠡᠭᠦᠯᠦᠨ᠎ᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ 1645 ᠢᠵᠢ ᠬᠡᠮᠵᠢᠯᠲᠡ ᠶᠢᠨ ᠲᠥᠬᠦᠭᠡᠷᠦᠮᠵᠢ ᠶᠢ ᠤᠬᠰᠠᠷᠠᠨ᠎ᠠ᠃ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠴᠧᠩ ᠭᠤᠸᠠᠨ ᠪᠠᠯᠭᠠᠰᠤᠨ ᠤ ᠲᠠᠷᠢᠶᠠᠯᠠᠩ ᠤᠨ ᠠᠵᠤ ᠦᠢᠯᠡᠰ ᠤᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ ᠢ ᠪᠡᠶᠡᠯᠡᠭᠦᠯᠦᠨ᠎ᠡ᠃ ᠳᠤᠮᠳᠠ ᠤᠰᠤ ᠶᠢ ᠡᠭᠡᠭᠦᠯᠦᠨ ᠬᠡᠷᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠵᠦ ᠂ ᠳᠤᠮᠳᠠ ᠤᠰᠤᠨ ᠤ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠦᠨ᠎ᠡ᠃      ᠡᠨᠧᠷᠭᠢ ᠶᠢᠨ ᠬᠤᠷᠣᠭᠳᠠᠯ ᠤᠨ ︽ᠥᠨᠳᠥᠷ ᠬᠢᠵᠠᠭᠠᠷ︾᠎ ᠢ ᠴᠢᠩᠭ᠎ᠠ ᠬᠢᠵᠠᠭᠠᠷᠯᠠᠨ᠎ᠠ᠃ ︽ᠡᠨᠧᠷᠭᠢ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠴᠢᠳᠠᠯ ᠤᠨ ᠢᠶᠠᠨ ᠬᠢᠷᠢ ᠪᠠᠷ ᠬᠢᠵᠦ︾᠂ ᠨᠢᠭᠡᠴᠢ GDP᠎ ᠶᠢᠨ ᠡᠨᠧᠷᠭᠢ ᠶᠢᠨ ᠬᠤᠷᠣᠭᠳᠠᠭᠤᠯᠭ᠎ᠠ ᠶᠢ 3 . 5 %᠎ ᠪᠠᠷ ᠪᠠᠭᠤᠷᠠᠭᠤᠯᠬᠤ ᠶᠢ ᠦᠨᠡᠨᠬᠦ ᠪᠠᠲᠤᠯᠠᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠶᠢᠨ ᠬᠤᠷᠣᠭᠳᠠᠯ ᠵᠡᠷᠭᠡ ᠲᠥᠷᠥᠯ ᠵᠤᠶᠢᠯ ᠤᠨ ᠵᠥᠪᠰᠢᠶᠡᠷᠡᠨ ᠣᠷᠣᠭᠤᠯᠬᠤ ᠨᠥᠬᠦᠴᠡᠯ ᠢ ᠴᠢᠩᠭ᠎ᠠ ᠬᠡᠷᠡᠭᠵᠢᠭᠦᠯᠵᠦ᠂ ᠨᠢᠭᠡᠴᠢ ᠨᠡᠮᠡᠭᠳᠡᠯ ᠥᠷᠲᠡᠭ ᠤᠨ ᠡᠨᠧᠷᠭᠢ ᠶᠢᠨ ᠦᠷ᠎ᠡ ᠠᠰᠢᠭ ᠤᠨ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠨᠢᠭᠡᠴᠢ ᠦᠢᠯᠡᠳᠭᠦᠨ ᠤ ᠡᠨᠧᠷᠭᠢ ᠶᠢᠨ ᠬᠤᠷᠣᠭᠳᠠᠯ ᠢ ᠡᠷᠬᠡᠪᠰᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ  ᠬᠦᠷᠦᠬᠦᠯᠦᠨ᠎ᠡ᠃ ︽ᠮᠦ ᠪᠦᠷᠢ ᠶᠢᠨ ᠳᠤᠮᠳᠠᠴᠢ ᠦᠷᠳᠡᠭ ᠢᠶᠠᠷ ᠪᠠᠭᠠᠲᠤᠷ ᠨᠡᠷ᠎ᠡ ᠦᠨᠡᠯᠡᠬᠦ︾᠎ ᠶᠢ ᠠᠬᠢᠭᠤᠯᠵᠤ᠂ ᠠᠵᠤ ᠠᠬᠤᠢ ᠶᠢᠨ ᠳᠠᠩᠰᠠ᠂ ᠡᠬᠢ ᠪᠠᠶᠠᠯᠢᠭ ᠤᠨ ᠳᠠᠩᠰᠠ᠂ ᠣᠷᠴᠢᠨ ᠲᠣᠭᠤᠷᠢᠨ ᠤ ᠳᠠᠩᠰᠠ ᠶᠢ ᠰᠠᠶᠢᠲᠤᠷ ᠪᠣᠳᠣᠵᠤ᠂ ᠬᠥᠭᠵᠢᠯᠲᠡ ᠶᠢ ᠨᠠᠩ ᠦᠨ᠎ᠡ ᠴᠡᠨ᠎ᠡ ᠲᠠᠢ ᠪᠣᠯᠭᠠᠨ᠎ᠠ᠃ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ ᠴᠠᠬᠢᠯᠭᠠᠨ ᠬᠡᠷᠡᠭᠯᠡᠬᠦ ᠳᠠᠷᠤᠭᠠᠰᠤ ᠶᠢ ᠠᠯᠬᠤᠮ ᠠᠯᠬᠤᠮ ᠢᠶᠠᠷ ᠪᠠᠭᠠᠰᠬᠠᠵᠤ᠂ ᠨᠡᠭᠦᠷᠡᠰᠦᠲᠥ᠋ᠷᠥᠭᠴᠢ ᠡᠳ᠋᠂ ᠬᠠᠶᠢᠯᠤᠰᠢ ᠵᠡᠷᠭᠡ ᠤᠯᠠᠮᠵᠢᠯᠠᠯᠲᠤ ᠠᠵᠤ ᠤᠶᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠶᠢ ᠴᠢᠩᠭᠠᠳᠬᠠᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃      ︵ᠬᠤᠶᠠᠷ︶ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠪᠦᠲᠦᠴᠡ ᠶᠢᠨ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠤᠨ᠎ᠠ᠃ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠬᠢᠯᠳᠡᠳᠤ ᠬᠥᠭᠵᠢᠯᠲᠡ ᠶᠢ ᠡᠷᠡᠰ ᠭᠤᠶᠢᠪᠢᠰᠢ ᠥᠬᠡᠶ ᠠᠬᠢᠭᠤᠯᠵᠤ ᠂ ᠴᠢᠨᠠᠷ ᠰᠠᠶᠢᠲᠠᠶ ᠬᠥᠭᠵᠢᠯᠲᠡ ᠶᠢᠨ ᠪᠣᠬᠢᠷᠲᠤᠯ ᠥᠬᠡᠶ ᠳᠡᠪᠢᠰᠬᠡᠷ ᠥᠩᠭᠡ ᠶᠢ ᠵᠤᠵᠠᠭᠠᠳᠬᠠᠨ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃      ᠪᠣᠬᠢᠷᠲᠤᠯ ᠦᠭᠡᠢ ᠮᠠᠯ ᠠᠵᠤ ᠠᠬᠤᠶ ᠲᠠᠷᠢᠶᠠᠯᠠᠩ ᠢ ᠨᠠᠷᠢᠯᠢᠭᠵᠢᠭᠤᠯᠤᠨ᠎ᠠ᠃ ︽ᠲᠠᠷᠢᠶᠠᠨ ᠭᠠᠵᠠᠷ ᠤᠨ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠵᠤ᠂ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠶᠠᠰᠤ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠎ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ ᠪᠣᠯᠭᠠᠬᠤ︾᠎ ᠶᠢ ᠰᠡᠷᠭᠡᠶᠢᠯᠡᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 90 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠤᠨ᠂ ᠶᠡᠷᠦᠩᠬᠡᠶ ᠤᠨᠠᠯᠲᠠ ᠶᠢ 3 ᠳ᠋ᠦᠩᠰᠢᠭᠤᠷ ᠵᠢᠩ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠠᠭᠤᠷᠠᠶ ᠪᠠᠷ ᠳᠠᠷᠢᠬᠤ ᠲᠥᠮᠥᠰᠥ᠂ ᠨᠣᠬᠠᠶ ᠶᠢᠨ ᠬᠤᠰᠢᠭᠤ ᠳᠠᠷᠢᠬᠤ ᠶᠢ ᠦᠷᠭᠦᠯᠵᠢᠯᠡᠨ ᠳᠡᠯᠭᠡᠷᠡᠭᠦᠯᠵᠦ᠂ ᠲᠠᠯᠠᠪᠠᠶ ᠶᠢ ᠴᠥᠮ 30 ᠲᠦᠮᠡᠨ ᠮᠥ ᠳᠤ ᠲᠣᠭᠲᠠᠭᠤᠨ ᠪᠠᠶᠢᠯᠭᠠᠨ᠎ᠠ᠃ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠬᠡᠪᠴᠢᠶᠡᠵᠢᠭᠦᠯᠦᠨ ᠬᠥᠭᠵᠢᠭᠦᠯᠵᠦ᠂ ᠲᠠᠯᠠᠪᠠᠢ ᠶᠢ 15 ᠲᠦᠮᠡᠨ ᠮᠦ ᠳᠤ ᠬᠦᠷᠭᠡᠨ᠎ᠡ᠃ ᠳᠠᠷᠤᠰᠢᠭᠤᠯᠬᠤ ᠡᠷᠳᠡᠨᠢ ᠰᠢᠰᠢ᠂ ᠴᠢᠨᠠᠷ ᠰᠠᠶᠢᠲᠠᠢ ᠴᠠᠷᠭᠠᠰᠤ ᠲᠠᠷᠢᠬᠤ ᠶᠢ ᠵᠣᠷᠢᠭᠵᠢᠭᠤᠯᠤᠨ ᠬᠥᠭᠵᠢᠭᠦᠯᠦᠨ᠎ᠡ᠃ ︽ᠬᠤᠨᠢ ᠶᠢ ᠲᠣᠭᠲᠠᠪᠤᠷᠢᠵᠢᠭᠤᠯᠤᠨ᠂ ᠦᠬᠡᠷ ᠢ ᠨᠡᠮᠡᠭᠳᠡᠭᠦᠯᠵᠦ᠂ ᠭᠠᠭ᠋ᠠᠢ ᠶᠢ ᠬᠢᠵᠠᠭᠠᠷᠯᠠᠬᠤ︾ ᠪᠦᠲᠦᠴᠡ ᠶᠢ ᠰᠢᠯᠢᠳᠡᠭᠵᠢᠭᠦᠯᠦᠨ᠂ ᠠᠯᠠᠰᠢᠨ ᠬᠤᠨᠢᠨ ᠤ ᠭᠠᠷᠭᠠᠯᠲᠠ ᠶᠢ 120 ᠲᠦᠮᠡᠨ ᠲᠣᠯᠣᠭᠠᠢ ᠳᠤ ᠲᠣᠭᠲᠠᠪᠤᠷᠢᠵᠢᠭᠤᠯᠬᠤ ᠪᠠᠷ ᠴᠢᠷᠮᠠᠶᠢᠵᠤ᠂ ᠠᠯᠠᠰᠢᠨ ᠦᠨᠢᠶᠡᠨ ᠤ ᠭᠠᠷᠭᠠᠯᠲᠠ ᠶᠢ 5 ᠲᠦᠮᠡ ᠭᠠᠷᠤᠢ ᠪᠤᠯᠭᠠᠨ᠂ ᠠᠮᠢᠳᠤ ᠭᠠᠭ᠋ᠠᠢ ᠶᠢᠨ ᠭᠠᠷᠭᠠᠯᠲᠠ ᠶᠢ 5.5 ᠲᠦᠮᠡᠨ ᠲᠣᠯᠣᠭᠠᠢ ᠶᠢᠨ ᠳᠣᠲᠣᠷ᠎ᠠ ᠬᠢᠵᠠᠭᠠᠷᠯᠠᠨ᠎ᠠ᠃ ︽ᠴᠡᠪᠡᠷ ᠨᠣᠭᠤᠭ᠎ᠠ ᠰᠢᠨ᠎ᠡ ᠮᠢᠬ᠎ᠠ ᠶᠢ ᠪᠡᠭᠡᠵᠢᠩ ᠳᠤ ᠣᠷᠣᠭᠤᠯᠬᠤ ᠠᠵᠢᠯᠯᠠᠭ᠎ᠠ︾᠎ ᠶᠢ ᠬᠡᠷᠡᠭᠵᠢᠬᠦᠯᠦᠨ᠎ᠡ᠃ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠴᠤᠸᠠᠨ ᠱᠦᠨ᠂ ᠰᠢᠨ ᠯᠦ ᠮᠧᠩ᠂ ᠵᠦ ᠬᠤᠸᠠ ᠵᠡᠷᠭᠡ ᠣᠳᠣ ᠪᠠᠶᠢᠭ᠎ᠠ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠢᠶᠠ ᠹᠦ᠋ ᠰᠢᠶᠠ ᠹᠦ᠋᠂ ᠾᠧ ᠮᠠ ᠵᠡᠷᠭᠡ ᠲᠣᠮᠣ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠵᠠᠯᠠᠨ ᠣᠷᠣᠭᠤᠯᠵᠤ᠂ ᠢᠳᠡᠰᠢᠨ ᠨᠣᠭᠤᠭ᠎ᠠ ᠶᠢ ᠨᠠᠷᠢᠯᠢᠭ ᠭᠦᠨᠵᠡᠭᠡᠶ ᠪᠤᠯᠪᠠᠰᠤᠷᠠᠭᠤᠯᠵᠤ᠂ ᠮᠠᠯ ᠤᠨᠤᠭ᠎ᠠ ᠶᠢ ᠪᠣᠷᠳᠣᠨ ᠲᠠᠷᠭᠤᠯᠠᠭᠤᠯᠵᠤ ᠨᠢᠳᠤᠯᠵᠤ  ᠪᠤᠯᠪᠠᠰᠤᠷᠠᠭᠤᠯᠬᠤ ᠪᠠ ᠬᠥᠯᠳᠡᠭᠡᠵᠦ ᠬᠡᠯᠬᠢᠶᠡᠵᠢᠭᠦᠯᠦᠨ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠢ ᠲᠦᠷᠭᠡᠳᠬᠡᠨ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ︽ᠲᠥᠪ ᠲᠣᠭᠤᠭᠠᠨ ᠭᠡᠷ︾᠎ ᠢ ᠪᠦᠲᠦᠭᠡᠨ ᠪᠠᠶᠢᠭᠤᠯᠤᠨ᠎ᠠ᠃ ᠳᠡᠭᠡᠳᠦ ᠤᠷᠤᠰᠬᠠᠯ ᠤᠨ ᠵᠠᠬᠢᠶᠠᠯᠠᠭ᠎ᠠ ᠶᠢ 5 ᠲᠦᠮᠡᠨ ᠮᠥ ᠠᠴᠠ ᠳᠡᠭᠡᠭᠰᠢ ᠳᠤ ᠬᠦᠷᠭᠡᠵᠦ᠂ ᠳᠤᠤᠷᠠᠳᠤ ᠤᠷᠤᠰᠬᠠᠯ ᠤᠨ ᠲᠠᠷᠢᠶᠠᠯᠠᠩ ᠤᠨ ᠪᠦᠲᠦᠭᠡᠭᠳᠡᠬᠦᠨ ᠢ 20 ᠲᠦᠮᠡᠨ ᠲᠣᠨ ᠳᠤ ᠬᠦᠷᠭᠡᠨ᠎ᠡ᠃ ᠲᠥᠮᠥᠰᠥᠨ ᠤ ᠰᠠᠶᠢᠨ ᠦᠷᠡᠵᠢᠭᠦᠯᠬᠦ ᠰᠠᠭᠤᠷᠢᠨ ᠭᠠᠵᠠᠷ ᠢ 5000 ᠮᠦ ᠪᠠᠶᠢᠭᠤᠯᠤᠨ᠎ᠠ᠃ ᠲᠠᠸᠠᠷ ᠤᠨ ᠲᠥᠮᠥᠰᠥ᠂ ᠡᠳ᠋ᠰᠢᠬᠦᠯᠬᠦ ᠲᠤᠰᠬᠠᠶ ᠬᠡᠷᠡᠭᠯᠡᠭᠡᠨ ᠤ ᠲᠥᠮᠥᠰᠥ ᠶᠢᠨ ᠬᠡᠪᠴᠢᠶᠡᠵᠢᠭᠦᠯᠦᠨ ᠪᠠᠷᠢᠮᠵᠢᠶᠠᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ᠃ ᠰᠢᠯᠢᠳᠡᠭ ᠮᠠᠯ ᠵᠢᠭᠦᠷᠲᠡᠨ ᠢ ᠳᠡᠯᠭᠡᠷᠡᠭᠦᠯᠬᠦ ᠶᠢ ᠴᠢᠩᠭᠠᠳᠬᠠᠵᠤ᠂ ᠮᠠᠯ ᠵᠢᠭᠦᠷᠲᠡᠨ ᠤ ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠵᠦ᠂ ᠲᠠᠷᠢᠶᠠᠯᠠᠩ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠪᠠ ᠡᠪᠡᠳᠴᠢᠨ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠴᠢᠳᠠᠪᠤᠷᠢ ᠶᠢ ᠬᠦᠴᠦᠯᠡᠨ  ᠲᠡᠭᠡᠭᠰᠢᠯᠡᠬᠦᠯᠦᠨ᠎ᠡ᠃ ᠲᠤᠰᠬᠠᠶᠢᠵᠢᠭᠰᠠᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 82 %᠎ ᠲᠤ ᠬᠦᠷᠦᠭᠦᠯᠬᠦ ᠪᠠᠷ ᠴᠢᠷᠮᠠᠶᠢᠨ᠎ᠠ᠃ ᠲᠣᠭᠠᠴᠢᠯᠠᠭᠰᠠᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠶᠤᠨᠲᠤ ᠲᠠᠷᠢᠶᠠᠯᠠᠩ ᠢ ᠶᠡᠭᠡ ᠪᠠᠷ ᠬᠥᠭᠵᠢᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠵᠢᠯ ᠤᠨ ᠳᠣᠲᠣᠷ᠎ᠠ ᠪᠣᠬᠢᠷᠲᠤᠯ ᠥᠬᠡᠶ᠂ ᠣᠷᠭᠠᠨᠢᠭ ᠪᠦᠲᠦᠭᠡᠭᠳᠡᠬᠦᠨ ᠪᠠ ᠨᠠᠷᠠᠲᠤ ᠣᠨᠴᠠ ᠰᠢᠯᠢᠳᠡᠭ ᠰᠢᠨ᠎ᠡ ᠪᠦᠲᠦᠭᠡᠭᠳᠡᠬᠦᠨ ᠢ 20᠎ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃      ᠰᠢᠨ᠎ᠡ ᠪᠠᠷ ᠬᠥᠭᠵᠢᠭᠰᠡᠨ ᠠᠵᠤ ᠦᠢᠯᠡᠳᠪᠦᠷᠢ ᠶᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠭᠦᠢᠴᠡᠳ ᠪᠦᠬᠦᠢ ᠰᠠᠯᠬᠢ ᠭᠡᠷᠡᠯ ᠤᠰᠤᠨ ᠴᠠᠬᠢᠯᠭᠠᠨ ᠤ ᠳᠠᠪᠠᠭᠤᠯᠢᠭ ᠢ ᠠᠰᠢᠭᠯᠠᠨ᠂ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠪᠣᠯᠤᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠶᠡᠬᠡᠪᠡᠷ ᠬᠥᠭᠵᠢᠭᠦᠯᠦᠨ᠎ᠡ᠃ ᠲᠣᠰ ᠵᠢᠯ ᠳᠤ 50 ᠲᠦᠮᠡᠨ ᠬᠢᠯᠦᠸᠠᠲ ᠤᠨ ᠰᠠᠯᠬᠢᠨ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ ᠥᠪᠥᠷ ᠮᠣᠩᠭᠤᠯ ᠤᠨ ᠪᠠᠯ ᠴᠢᠯᠠᠭᠤ ︵ᠠᠯᠺᠧᠨ︶᠎ ᠶᠢᠨ ᠰᠢᠨ᠎ᠡ ᠶᠢ ᠡᠭᠦᠳᠬᠦ ᠲᠥᠪ ᠲᠤ ᠲᠦᠰᠢᠭᠯᠡᠨ᠂ ᠷᠦᠢ ᠱᠧᠩ ᠰᠢᠨ᠎ᠡ ᠡᠨᠧᠷᠭᠢ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠬᠦ ᠵᠢᠭᠠᠨ ᠰᠤᠳᠤᠯᠬᠤ ᠶᠢᠨ ᠪᠣᠭᠤᠮᠲᠠ ᠰᠢᠪᠲᠤᠯᠬᠤ ᠶᠢ ᠳᠡᠮᠵᠢᠵᠦ᠂ ᠵᠢᠯ ᠳᠤ 2000 ᠲᠣᠨ ᠪᠠᠯ ᠴᠢᠯᠠᠭᠤ ᠶᠢᠨ ᠠᠯᠺᠧᠨ ᠤ ᠢᠰᠦᠯ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠶᠢ ᠬᠦᠴᠦᠯᠡᠨ ᠠᠬᠢᠭᠤᠯᠤᠨ᠎ᠠ᠃ ᠢᠦᠢ ᠴᠧᠩ ᠤᠨ ᠭᠤᠤ ᠯᠢᠩ ᠰᠢᠷᠣᠢ᠂ ᠯᠦᠩ ᠰᠢᠩ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠣᠯᠣᠭᠠᠶᠢᠯᠠᠭᠴᠢ ᠪᠤᠯᠭᠠᠨ᠂ ᠸᠠᠭᠠᠷ ᠱᠠᠭᠠᠵᠠᠩ ᠤᠨ ᠰᠢᠷᠢᠰ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠶᠢ ᠴᠢᠩᠭᠠᠳᠬᠠᠵᠤ᠂ ᠪᠡᠯᠡᠭ ᠤᠨ ᠡᠳ᠋᠂ ᠱᠠᠭᠠᠵᠠᠩ᠂ ᠤᠷᠠᠯᠢᠭ ᠤᠨ ᠡᠳ᠋᠂ ᠵᠢᠭᠤᠯᠴᠢᠯᠠᠯ ᠤᠨ ᠳᠤᠷᠠᠰᠬᠠᠯ ᠤᠨ ᠡᠳ᠋᠂ ᠱᠠᠭᠠᠵᠠᠩ ᠵᠡᠷᠭᠡ ᠳᠡᠭᠡᠳᠦ ᠲᠡᠰ ᠤᠨ ᠸᠠᠭᠠᠷ ᠱᠠᠭᠠᠵᠠᠩ ᠤᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠭᠤᠸᠠᠩ ᠬᠤᠸᠠ ᠶᠢᠨ ᠵᠢᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠤᠰᠤᠲᠥ᠋ᠷᠥᠭᠴᠢ ᠦᠢᠯᠡᠳᠬᠦ ᠲᠥᠷᠦᠯ ᠵᠦᠢᠯ ᠤᠨ ᠪᠠᠷᠢᠯᠭ᠎ᠠ ᠡᠬᠢᠯᠡᠬᠦ ᠶᠢ ᠠᠬᠢᠭᠤᠯᠵᠤ᠂ ᠶᠠᠩ ᠭᠤᠸᠠᠩ ᠰᠢᠨ᠎ᠡ ᠡᠨᠧᠷᠭᠢ ᠶᠢᠨ 1 GW ᠣᠯᠠᠨ ᠲᠠᠯᠠᠰᠲᠤ ᠴᠠᠬᠢᠭᠤᠷ ᠢᠯᠲᠠᠰᠤ ᠶᠢᠨ ᠲᠥᠷᠦᠯ ᠵᠦᠢᠯ ᠢ ᠠᠰᠢᠭᠯᠠᠯᠲᠠ ᠳᠤ ᠣᠷᠣᠭᠤᠯᠤᠨ᠎ᠠ᠃ ᠰᠢᠨ ᠲᠠᠢ᠂ ᠱᠠᠨ ᠾᠧ ᠵᠡᠷᠭᠡ ᠬᠠᠶᠢᠯᠤᠰᠢ ᠶᠢᠨ ᠠᠵᠤ ᠠᠬᠤᠶᠢᠯᠠᠯ ᠢ ᠲᠡᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ ᠶᠢ ᠲᠦᠷᠭᠡᠳᠬᠡᠵᠦ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠬᠦ ᠶᠢ ᠠᠬᠢᠭᠤᠯᠤᠨ᠎ᠠ᠃      ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠢ ᠪᠤᠵᠠᠭᠠᠶᠢᠷᠠᠭᠤᠯᠤᠨ ᠬᠥᠭᠵᠢᠭᠡᠨ᠎ᠡ᠃ ᠮᠠᠨ ᠤ ᠰᠢᠶᠠᠨ ᠤ ︽ᠨᠡᠶᠢᠰᠯᠡᠯ ᠤᠨ ᠨᠢᠭᠡ ᠴᠠᠭ ᠤᠨ ᠠᠵᠤ ᠠᠬᠤᠶ ᠶᠢᠨ ᠲᠣᠭᠤᠷᠢᠭ︾᠎ ᠤᠨ ᠣᠷᠣᠨ ᠪᠠᠶᠢᠷᠢ ᠶᠢᠨ ᠳᠠᠪᠠᠭᠤᠯᠢᠭ ᠪᠠ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ︽ᠠᠴᠢᠶᠠᠯᠠᠪᠤᠷᠢ ᠶᠢᠨ ᠣᠷᠣᠨ︾᠎ ᠢ ᠪᠦᠬᠦ ᠬᠦᠴᠦᠨ ᠢᠶᠠᠷ ᠢᠶᠠᠨ ᠪᠤᠶ ᠪᠣᠯᠭᠠᠨ᠎ᠠ᠃ ᠬᠤᠸᠠ ᠲᠦᠩ᠂ ᠶᠢᠨ ᠰᠢᠩ ᠭᠠᠩ᠂ ᠪᠥᠸᠧ ᠶᠤᠸᠠᠨ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠵᠡᠷᠭᠡ ᠳᠥᠷᠪᠡᠨ ᠶᠡᠭᠡ ᠪᠠᠷᠠᠭ᠎ᠠ ᠶᠢᠨ ᠲᠠᠯᠠᠪᠠᠢ ᠳᠤ ᠲᠦᠰᠢᠭᠯᠡᠨ᠂ ᠪᠠᠷᠠᠭ᠎ᠠ ᠶᠢᠨ ᠭᠦᠢᠯᠭᠡᠭᠡᠨ ᠤ ᠳᠣᠲᠣᠭᠠᠳᠤ ᠬᠠᠭᠤᠷᠠᠶ ᠶᠢᠨ ᠭᠠᠷᠠᠮ ᠢ ᠪᠠᠶᠢᠭᠤᠯᠤᠨ᠎ᠠ᠃ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠪᠠᠶᠢᠷᠢ ᠲᠣᠭᠲᠠᠭᠠᠯᠲᠠ ᠳᠤ ᠴᠢᠭᠯᠡᠭᠦᠯᠦᠨ᠂ ᠮᠣᠩᠭᠤᠯ ᠤᠯᠤᠰ ᠤᠨ ᠬᠡᠦᠷᠡᠰᠦ ᠶᠢ ᠨᠠᠷᠢᠯᠢᠭ ᠭᠦᠨ ᠪᠣᠯᠪᠠᠰᠤᠷᠠᠭᠤᠯᠬᠤ ᠬᠡᠮᠵᠢᠶ᠎ᠡ ᠶᠢ ᠥᠷᠭᠡᠳᠬᠡᠵᠦ᠂ ᠵᠢᠯ ᠤᠨ ᠳᠣᠲᠣᠷ᠎ᠠ 100 ᠲᠦᠮᠡᠨ ᠲᠣᠨ ᠳᠤ ᠬᠦᠷᠭᠡᠬᠦ ᠪᠠᠷ ᠴᠢᠷᠮᠠᠶᠢᠨ᠎ᠠ᠃ ᠠᠭᠤᠷᠬᠠᠶ ᠶᠢᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ᠂ ᠬᠤᠪᠢᠶᠠᠨ ᠰᠣᠩᠭᠤᠬᠤ᠂ ᠲᠣᠬᠢᠷᠠᠭᠤᠯᠤᠨ ᠬᠦᠷᠭᠡᠬᠦ ᠲᠥᠷᠥᠯ ᠵᠦᠢᠯ ᠤᠨ ᠬᠦᠷᠢᠶᠡᠯᠡᠩ ᠲᠣᠭᠤᠷᠢᠭ ᠲᠤ ᠨᠤᠲᠤᠭᠰᠢᠬᠤ ᠶᠢ ᠬᠦᠴᠦᠯᠡᠨ ᠠᠬᠢᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ ᠤᠯᠤᠰ ᠤᠨ ᠨᠢᠷᠤᠭᠤᠪᠴᠢ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠵᠠᠩᠭᠢᠶᠠᠰᠤ ᠪᠣᠯᠬᠤ ᠬᠤᠲᠠ ᠶᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠰᠢᠶᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠪᠡᠶᠡᠯᠡᠭᠦᠯᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠨᠰᠢᠭᠦᠯᠦᠨ᠂ ᠬᠥᠳᠡᠭᠡ ᠲᠣᠰᠬᠤᠨ ᠤ ᠬᠡᠷᠡᠭᠯᠡᠭᠡ ᠶᠢ ᠪᠦᠬᠦ ᠲᠠᠯ᠎ᠠ ᠪᠠᠷ ᠥᠷᠭᠡᠳᠬᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 20 % ᠨᠡᠮᠡᠭᠳᠡᠭᠦᠯᠬᠦ ᠪᠠᠷ ᠴᠢᠷᠮᠠᠶᠢᠨ᠎ᠠ᠃ ᠰᠢᠨ᠎ᠡ ᠮᠠᠶ᠋ᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠲᠦᠷᠭᠡᠯᠡᠨ ᠪᠤᠶᠢᠵᠢᠭᠤᠯᠵᠤ᠂ ︽ᠰᠥᠨᠢ ᠶᠢᠨ ᠠᠵᠤ ᠠᠬᠤᠢ︾᠂ ︽ᠵᠢᠵᠢᠭ ᠳᠡᠯᠭᠡᠭᠦᠷ ᠤᠨ ᠠᠵᠤ ᠠᠬᠤᠢ︾᠂ ︽ᠪᠠᠶᠠᠷ ᠤᠨ ᠡᠳᠦᠷ ᠤᠨ ᠠᠵᠤ ᠠᠬᠤᠢ︾᠂ ︽ᠰᠦᠯᠵᠢᠶᠡᠨ ᠳᠤ ᠨᠡᠷᠡᠳᠡᠢ ᠠᠵᠤ ᠠᠬᠤᠢ︾᠎ ᠶᠢ ᠶᠡᠭᠡ ᠪᠠᠷ ᠬᠥᠭᠵᠢᠭᠦᠯᠦᠨ᠂ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃      ᠰᠢᠨ᠎ᠡ ᠰᠣᠶᠣᠯ ᠵᠢᠭᠤᠯᠴᠢᠯᠠᠯ ᠡᠷᠡᠭᠦᠯᠵᠢᠯ ᠤᠨ ᠦᠢᠯᠡᠰ ᠢ ᠰᠠᠶᠢᠲᠤᠷ ᠬᠢᠨ᠎ᠠ᠃ ᠨᠡᠶᠢᠰᠯᠡᠯ ᠳᠤ ᠬᠠᠨᠳᠤᠭᠤᠯᠤᠭᠰᠠᠨ ︽ᠠᠷᠤ ᠴᠡᠴᠡᠷᠯᠢᠭ︾ ᠪᠠ ᠤᠤᠯ ᠤᠨ ᠠᠮᠢ ᠠᠬᠤᠶ ᠶᠢᠨ ᠪᠡᠭᠡᠵᠢᠩ ᠬᠤᠲᠠ ᠶᠢᠨ ᠲᠡᠭᠦᠷᠭᠡ ᠶᠢᠨ ᠰᠡᠯᠡᠭᠦᠴᠡᠯ ᠵᠢᠭᠤᠯᠴᠢᠯᠠᠯ ᠤᠨ ︽ᠺᠠᠷᠲ ᠴᠣᠬᠢᠬᠤ ᠭᠠᠵᠠᠷ︾᠎ ᠢ ᠬᠦᠴᠦᠯᠡᠨ ᠪᠠᠶᠢᠭᠤᠯᠤᠨ᠎ᠠ᠃ ᠰᠤᠮᠤᠨ ᠠᠭᠤᠯᠠ᠂ ᠴᠠᠬᠠᠷ ᠨᠠᠭᠤᠷ ᠤᠨ ᠳᠡᠰ ᠳᠡᠪᠰᠢᠬᠦ ᠶᠢ ᠠᠬᠢᠭᠤᠯᠤᠨ᠎ᠠ᠃ ᠯᠦ ᠵᠢᠶᠠ ᠶᠢᠩ ᠠᠮᠢ ᠠᠬᠤᠢ ᠶᠢᠨ ᠵᠤᠭᠠᠴᠠᠯ ᠤᠨ ᠵᠢᠵᠢᠭ ᠪᠠᠯᠭᠠᠰᠤᠨ ᠤ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠵᠦ᠂ ᠯᠣᠣ ᠯᠢ ᠬᠠᠢ ᠶᠢᠨ ︽ᠵᠠᠭᠤᠨ ᠰᠠᠶᠢᠬᠠᠨ ᠲᠣᠰᠬᠤᠨ ᠤ ᠪᠠᠶᠢᠷᠢ︾᠎ ᠶᠢᠨ ᠲᠥᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ  ᠪᠠᠶᠢᠭᠤᠯᠤᠯᠲᠠ ᠶᠢ ᠪᠡᠶᠡᠯᠡᠭᠦᠯᠦᠨ᠎ᠡ᠃ ᠰᠤᠮᠤᠨ ᠠᠭᠤᠯᠠ᠂ ᠳ᠋ᠠ ᠨᠠᠨ ᠱᠠᠨ ᠤ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠭᠦᠨ ᠠᠭᠤᠳᠠᠯᠵᠤ᠂ ᠰᠤᠳᠤᠯᠤᠨ ᠰᠤᠷᠤᠯᠴᠠᠬᠤ ᠵᠤᠭᠠᠴᠠᠯ᠂ ᠬᠤᠪᠢᠰᠬᠠᠯ ᠤᠨ ᠵᠤᠭᠠᠴᠠᠯ ᠢ ᠶᠡᠬᠡᠪᠡᠷ ᠬᠥᠭᠵᠢᠭᠦᠯᠦᠨ᠎ᠡ᠃ ᠳᠠᠯᠠᠨ ᠬᠠᠷ᠎ᠠ ᠠᠭᠤᠯᠠ᠂ ᠴᠢ ᠵᠢᠶᠠ ᠶᠢᠩ ᠤᠰᠤᠨ ᠴᠥᠭᠦᠷᠥᠮ᠂ ᠲᠤᠤ ᠵᠢᠦ ᠬᠤᠸᠠ ᠯᠢᠩ ᠤᠨ ᠠᠮᠢ ᠠᠬᠤᠶ ᠶᠢᠨ ᠵᠢᠭᠤᠯᠴᠢᠯᠠᠯ ᠤᠨ ᠲᠥᠷᠥᠯ ᠵᠦᠢᠯ ᠤᠨ ᠨᠡᠭᠡᠭᠡᠯᠲᠡ ᠶᠢ ᠢᠳᠡᠪᠬᠢᠲᠡᠶ ᠠᠬᠢᠭᠤᠯᠵᠤ᠂ ᠣᠯᠠᠨ ᠲᠠᠯ᠎ᠠ ᠪᠠᠷ ᠲᠤᠯᠭᠠᠭᠤᠷᠢᠯᠠᠭᠰᠠᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠤᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠵᠠ ᠲᠣᠬᠢᠶᠠᠯ ᠢ ᠠᠮᠵᠢᠵᠤ᠂ ᠮᠥᠰᠥ ᠴᠠᠰᠤᠨ ᠤ ᠵᠢᠭᠤᠯᠴᠢᠯᠠᠯ ᠢ ᠶᠡᠭᠡ ᠪᠠᠷ ᠬᠥᠭᠵᠢᠭᠦᠯᠦᠨ᠎ᠡ᠃ ᠵᠢᠭᠤᠯᠴᠢᠯᠠᠯ ᠤᠨ ᠬᠤᠷᠰᠢᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠡᠭᠡᠵᠢᠩ᠂ ᠲᠢᠶᠠᠨᠵᠢᠨ᠂ ᠾᠧᠪᠧᠶ᠂ ᠱᠠᠨ ᠰᠢ ᠵᠡᠷᠭᠡ ᠬᠥᠷᠰᠢ ᠵᠡᠷᠭᠡᠯᠡᠳᠡᠭᠡ ᠮᠤᠵᠢ ᠬᠤᠲᠠ ᠵᠢᠴᠢ ᠡᠷᠭᠢᠨ ᠲᠣᠭᠤᠷᠢᠨ ᠤ ᠣᠷᠣᠨ ᠰᠢᠶᠠᠨ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠭᠦᠨᠵᠡᠭᠡᠶ ᠬᠤᠷᠰᠢᠯᠴᠠᠭ᠎ᠠ ᠶᠢ ᠴᠢᠩᠭᠠᠳᠬᠠᠨ᠂ ᠰᠣᠳᠣᠨ ᠵᠢᠭᠤᠯᠴᠢᠯᠠᠯ ᠤᠨ ᠱᠤᠭᠤᠮ ᠢ ᠬᠠᠮᠲᠤᠷᠠᠨ ᠪᠠᠶᠢᠭᠤᠯᠤᠨ᠎ᠠ᠃ ᠢᠳᠡᠵᠦ ᠤᠤᠭᠤᠬᠤ ᠬᠤᠨᠣᠵᠤ ᠬᠡᠪᠲᠡᠬᠦ ᠵᠤᠭᠠᠴᠠᠵᠤ ᠲᠣᠭᠤᠷᠢᠬᠤ ᠵᠤᠭ᠎ᠠ ᠴᠡᠩᠭᠡᠯ ᠤᠨ ᠡᠯᠧᠮᠧᠨ᠋ᠲ ᠤᠨ ᠬᠡᠯᠬᠢᠶ᠎ᠡ ᠶᠢ ᠨᠡᠪᠲᠡᠷᠡᠭᠦᠯᠬᠦ᠂ ᠣᠨᠴᠠᠯᠢᠭᠲᠤ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ᠂ ᠬᠤᠲᠠ ᠶᠢᠨ ᠠᠷᠠᠳ ᠤᠨ ᠵᠢᠭᠤᠯᠴᠢᠯᠠᠭᠴᠢᠳ ᠲᠤ ᠦᠢᠯᠡᠴᠢᠯᠡᠬᠦ ᠲᠥᠪ ᠢ ᠪᠦᠲᠦᠭᠡᠨ ᠪᠠᠶᠢᠭᠤᠯᠬᠤ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ ᠂ ᠪᠠᠶᠠᠷ ᠳᠤᠷᠠᠰᠬᠠᠯ ᠤᠨ ᠡᠳᠦᠷ ᠬᠤᠷᠠᠯ ᠴᠤᠬᠯᠠᠭᠠᠨ ᠦᠵᠡᠰᠬᠦᠯᠡᠩ ᠵᠡᠷᠭᠡ ᠲᠥᠬᠦᠷ ᠦᠢᠯᠡᠴᠢᠯᠡᠭᠡ ᠶᠢ ᠤᠷᠲᠤᠳᠬᠠᠨ ᠥᠷᠭᠡᠳᠬᠡᠬᠦ᠂ ᠭᠡᠷ ᠲᠡᠷᠭᠡ ᠪᠠᠭᠤᠳᠠᠯ ᠭᠠᠵᠠᠷ ᠵᠡᠷᠭᠡ ᠢᠳᠡᠭᠡᠨ ᠤᠮᠳᠠᠭᠠᠨ ᠬᠤᠨᠤᠭ ᠪᠠᠭᠤᠳᠠᠯ ᠪᠠ ᠰᠡᠯᠡᠭᠦᠴᠡᠯ ᠵᠤᠭ᠎ᠠ ᠴᠡᠩᠭᠡᠯ ᠤᠨ ᠬᠡᠷᠡᠭᠯᠡᠭᠡᠨ ᠤ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠪᠠᠶᠢᠭᠠᠯᠢ ᠶᠢᠨ ᠬᠦᠴᠢᠯᠲᠥ᠋ᠷᠥᠭᠴᠢᠲᠦ ᠪᠠᠭᠠᠷ ᠰᠤᠮᠤᠨ ᠠᠭᠤᠯᠠ᠂ ᠡᠷᠡᠭᠦᠯ ᠮᠡᠨᠳᠦ ᠪᠡᠶ᠎ᠡ ᠰᠤᠪᠢᠯᠠᠬᠤ ᠬᠥᠨᠳᠡᠶ ᠶᠢᠨ  ᠴᠠᠷ ᠨᠠᠭᠤᠷ ᠤᠨ ᠨᠡᠷ᠎ᠡ ᠶᠢᠨ ᠬᠠᠭᠤᠳᠠᠰᠤ ᠶᠢ ᠠᠷᠴᠢᠵᠤ ᠂ ᠬᠢᠲᠠᠳ ︵ᠮᠣᠩᠭᠤᠯ︶ ᠡᠮ ᠡᠮᠨᠡᠯᠭᠡ ᠶᠢᠨ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠡᠷᠡᠭᠦᠯ ᠮᠡᠨᠳᠦ ᠪᠡᠶ᠎ᠡ ᠰᠤᠪᠢᠯᠠᠬᠤ ᠠᠵᠤ ᠦᠢᠯᠡᠰ ᠢ ᠶᠡᠭᠡ ᠪᠠᠷ ᠠᠬᠢᠭᠤᠯᠤᠨ᠎ᠠ᠃      ︵ᠭᠤᠷᠪᠠ︶ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠦᠵᠡᠰᠬᠦᠯᠡᠩᠲᠦ ᠰᠠᠶᠢᠬᠠᠨ ᠬᠤᠲᠠ ᠪᠠᠯᠭᠠᠰᠤ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ ᠰᠢᠨ᠎ᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠵᠠ ᠲᠣᠬᠢᠶᠠᠯ ᠢ ᠠᠮᠵᠢᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ  ᠲᠤᠳᠠᠬᠳᠠᠯ ᠢ ᠨᠥᠬᠦᠪᠥᠷᠢᠯᠡᠨ᠎ᠡ᠃      ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠠᠭᠤᠴᠢᠨ ᠬᠤᠲᠠ ᠲᠣᠭᠤᠷᠢᠭ᠂ ᠰᠢᠨ᠎ᠡ ᠬᠤᠲᠠ ᠲᠣᠭᠤᠷᠢᠭ᠂ ᠲᠦᠷᠭᠡᠨ ᠬᠤᠷᠳᠤᠴᠠᠳᠤ ᠲᠡᠮᠦᠷ ᠵᠠᠮ ᠤᠨ ᠥᠷᠲᠡᠭᠡ ᠶᠢᠨ ᠬᠡᠰᠡᠭ ᠲᠣᠭᠤᠷᠢᠭ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠤᠯᠠᠮ ᠴᠢᠨᠠᠭᠰᠢᠳᠠ ᠰᠢᠯᠢᠳᠡᠭᠵᠢᠭᠦᠯᠦᠨ᠎ᠡ᠃ ᠬᠠᠭᠤᠴᠢᠨ ᠬᠤᠲᠠ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠵᠢᠴᠢ ᠢᠵᠢ ᠪᠦᠷᠢᠳᠦᠭᠦᠯᠬᠦ ᠬᠤᠭᠤᠯᠠᠢ ᠲᠣᠣᠷ ᠤᠨ ᠪᠦᠲᠦᠭᠡᠨ ᠪᠠᠢᠭᠤᠯᠤᠯᠲᠠ ᠶᠢ ᠬᠦᠴᠦᠯᠡᠨ ᠠᠬᠢᠭᠤᠯᠵᠤ᠂ ᠬᠠᠭᠤᠴᠢᠨ ᠬᠤᠲᠠ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠠᠰᠠᠭᠤᠳᠠᠯ ᠢ ᠰᠢᠢᠳᠪᠦᠷᠢᠯᠡᠨ᠎ᠡ᠃ ᠹᠦ᠋ ᠷᠦᠢ ᠪᠠᠭ᠎ᠠ ᠲᠣᠭᠤᠷᠢᠭ ᠤᠨ ᠪᠤᠴᠠᠭᠠᠨ ᠨᠡᠭᠦᠯᠭᠡᠬᠦ ᠠᠰᠠᠷ ᠪᠣᠯᠤᠨ ᠨᠡᠭᠦᠳᠡᠯ ᠠᠷᠠᠳ ᠤᠨ ᠲᠣᠭᠤᠷᠢᠭ ᠤᠨ ᠢᠵᠢ ᠪᠦᠷᠢᠳᠦᠭᠡᠳᠦᠶ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠨᠤᠷᠠᠭᠠᠵᠤ ᠨᠡᠭᠦᠯᠭᠡᠬᠦ ᠣᠷᠣᠨ ᠤ ᠣᠷᠴᠢᠨ ᠲᠣᠭᠤᠷᠢᠨ ᠢ ᠡᠮᠬᠢᠯᠡᠨ ᠵᠠᠰᠠᠬᠤ ᠪᠠ ᠭᠠᠵᠠᠷ ᠰᠢᠷᠣᠢ ᠶᠢ ᠡᠮᠬᠢᠯᠡᠨ ᠵᠠᠰᠠᠬᠤ ᠠᠵᠢᠯ ᠢ ᠥᠷᠨᠢᠭᠦᠯᠦᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠰᠠᠭᠤᠷᠢ ᠪᠡᠯᠡᠳᠬᠡᠮᠵᠢ ᠶᠢ ᠥᠭᠡᠷᠡᠴᠢᠯᠡᠬᠦ᠂ ᠨᠣᠭᠤᠭᠠᠷᠠᠭᠤᠯᠤᠨ ᠭᠤᠶᠤᠵᠢᠭᠤᠯᠬᠤ ᠠᠵᠢᠯ ᠬᠢᠵᠦ᠂ ᠬᠠᠭᠤᠴᠢᠨ ᠬᠤᠳᠠ ᠲᠣᠭᠤᠷᠢᠭ ᠤᠨ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠲᠦᠷᠭᠡᠬᠡᠨ  ᠰᠠᠶᠢᠵᠢᠷᠠᠭᠤᠯᠤᠨ᠎ᠠ᠃ ᠰᠢᠩ ᠸᠠᠩ᠂ ᠵᠢᠢ ᠶᠤᠸᠠᠨ ᠵᠡᠷᠭᠡ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠦᠨ᠎ᠡ᠃ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠵᠦ᠂ ᠬᠠᠭᠤᠴᠢᠨ ᠬᠤᠲᠠ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠵᠤ᠂ ᠪᠣᠷᠣᠭᠠᠨ ᠤ ᠤᠰᠤ᠂ ᠪᠣᠬᠢᠷ ᠤᠰᠤ᠂ ᠤᠰᠤ ᠬᠠᠩᠭᠠᠬᠤ ᠬᠤᠭᠤᠯᠠᠢ ᠶᠢᠨ ᠲᠣᠣᠷ ᠢ 25.4  ᠺᠢᠯᠤᠮᠧᠲᠷ ᠪᠠᠶᠢᠭᠤᠯᠤᠨ᠎ᠠ᠃      ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠤᠶᠤᠨᠲᠤ ᠬᠤᠲᠠ ᠶᠢᠨ ᠬᠠᠮᠢᠶᠠᠷᠤᠯᠲᠠ︾᠎ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠯᠠᠨ ᠰᠠᠯᠠᠭ᠎ᠠ ᠮᠥᠴᠢᠷ ᠤᠨ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠬᠦᠷᠲᠡᠬᠦ᠂ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠤᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠳᠦᠷᠢ ᠲᠥᠷᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠭ ᠨᠣᠪᠰᠢ ᠶᠢ ᠬᠤᠷᠢᠶᠠᠨ ᠠᠪᠬᠤ ᠴᠡᠭ᠂ ᠲᠡᠷᠭᠡᠨ ᠵᠣᠭᠰᠣᠭᠠᠯ ᠢ ᠵᠦᠶ ᠵᠣᠬᠢᠰᠲᠠᠶ   ᠲᠤᠬᠢᠷᠠᠭᠤᠯᠤᠨ ᠂ ᠴᠠᠬᠢᠯᠭᠠᠨ ᠴᠡᠨᠡᠭᠯᠡᠬᠦ ᠱᠣᠩ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠵᠠᠮ ᠡᠵᠡᠯᠡᠨ ᠡᠵᠡᠩᠨᠡᠬᠦ ᠶᠢ ᠬᠠᠤᠯᠢ ᠶᠣᠰᠣᠭᠠᠷ ᠴᠢᠩᠭ᠎ᠠ ᠴᠡᠭᠴᠡᠯᠡᠨ ᠵᠠᠰᠠᠵᠤ᠂ ᠴᠡᠪᠡᠷ᠂ ᠭᠤᠶᠣ ᠰᠠᠶᠢᠬᠠᠨ᠂ ᠡᠮᠬᠢ ᠵᠢᠷᠤᠮ ᠲᠠᠢ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠬᠠᠳᠬᠤᠮᠠᠯ ᠬᠠᠳᠬᠤᠬᠤ  ᠮᠡᠳᠤ ᠬᠦᠴᠦ ᠰᠢᠪᠬᠠᠨ᠂ ᠬᠤᠲᠠ ᠶᠢᠨ ᠬᠠᠮᠢᠶᠠᠷᠤᠯᠲᠠ ᠶᠢ ᠵᠠᠬ᠎ᠠ ᠵᠡᠭᠡᠯᠢ ᠭᠤᠳᠤᠮᠵᠢ ᠲᠡᠰᠢ ᠤᠷᠲᠤᠳᠬᠠᠵᠤ᠂ ᠵᠢᠵᠢᠭ ᠰᠠᠵᠢᠭ ᠵᠦᠢᠯ ᠲᠡᠰᠢ ᠲᠦᠪᠯᠡᠷᠡᠭᠦᠯᠦᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠷ ᠬᠤᠲᠠ ᠶᠢᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠨᠡᠶᠢᠭᠡᠮ ᠲᠣᠭᠤᠷᠢᠭ + ᠥᠮᠴᠢᠲᠡᠨ ᠤ ᠵᠥᠪᠯᠡᠯ︾᠎ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ︵ᠳᠥᠷᠪᠡ︶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠬᠥᠳᠡᠭᠡ ᠲᠣᠰᠬᠤᠨ ᠢ ᠦᠷᠭᠦᠯᠵᠢᠯᠡᠨ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠰᠠᠭᠤᠷᠢᠨ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠶᠡᠭᠡ ᠶᠠᠪᠤᠳᠠᠯ ᠢ ᠰᠠᠶᠢᠲᠤᠷ ᠬᠢᠨ᠎ᠡ᠃      ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ︽ᠳᠥᠷᠪᠡ ᠶᠢ ᠲᠠᠶᠠᠭᠳᠠᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠤᠨ᠂ ᠰᠢᠯᠵᠢᠯᠲᠡ ᠶᠢᠨ ᠬᠤᠭᠤᠴᠠᠭᠠᠨ ᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠲᠠᠷᠢᠶᠠᠯᠠᠩ ᠳᠤ ᠬᠤᠯᠪᠣᠭᠳᠠᠭᠰᠠᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠬᠡᠪᠴᠢᠶᠡᠲᠦ ᠴᠢᠨᠠᠷᠲᠠᠶ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ︽ᠰᠡᠭᠦᠯᠴᠢ ᠶᠢᠨ ᠦᠨᠡᠯᠡᠯᠲᠡ︾᠎ ᠶᠢᠨ ᠱᠠᠭᠠᠷᠳᠠᠯᠭ᠎ᠠ ᠲᠠᠢ ᠬᠠᠷᠭᠤᠭᠤᠯᠵᠤ᠂ ᠲᠤᠳᠠᠬᠳᠠᠯ ᠢᠶᠠᠨ ᠨᠠᠷᠢᠨ ᠬᠢᠨᠠᠮᠠᠭᠠᠢ ᠪᠠᠶᠢᠴᠠᠭᠠᠨ ᠨᠥᠬᠦᠪᠥᠷᠢᠯᠡᠵᠦ᠂ ᠲᠤᠳᠠᠬᠳᠠᠯ ᠪᠠᠭᠤᠷᠠᠢ ᠲᠠᠯ᠎ᠠ ᠪᠠᠨ ᠨᠦᠬᠦᠪᠦᠷᠢᠯᠡᠨ᠎ᠡ᠃ ︽ᠠᠷᠪᠠᠨ ᠲᠥᠷᠥᠯ ᠤᠨ ᠡᠷᠦᠬᠡ︾᠎ ᠶᠢ ᠭᠤᠤᠯᠳᠠᠯᠭ᠎ᠠ ᠲᠠᠢ ᠠᠩᠬᠠᠷᠴᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠶᠢ ᠦᠷᠭᠦᠯᠵᠢᠯᠡᠨ ᠴᠢᠩᠭᠠᠳᠬᠠᠨ᠎ᠠ᠃ ᠬᠥᠳᠡᠯᠮᠦᠷᠢᠯᠡᠬᠦ ᠴᠢᠳᠠᠪᠤᠷᠢ ᠲᠠᠢ ᠶᠢ ᠨᠢ ᠨᠡᠭᠡᠭᠡᠨ ᠬᠥᠭᠵᠢᠭᠦᠯᠬᠦ ᠬᠡᠯᠪᠡᠷᠢ ᠪᠠᠷ ᠬᠠᠪᠰᠤᠷᠤᠨ ᠲᠡᠳᠬᠦᠬᠦ ᠶᠢ ᠪᠠᠷᠢᠮᠲᠠᠯᠠᠵᠤ᠂ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠠᠵᠢᠯ ᠣᠯᠭᠤᠯᠲᠠ ᠶᠢ ᠠᠬᠢᠭᠤᠯᠵᠤ ᠂ ᠦᠷᠭᠦᠯᠵᠢᠯᠡᠨ ᠪᠠᠶᠠᠵᠢᠬᠤ ᠶᠢ ᠲᠠᠶᠢᠴᠢᠯᠠᠨ᠎ᠠ︔ ᠬᠥᠳᠡᠯᠮᠦᠷᠢᠯᠡᠬᠦ ᠴᠢᠳᠠᠪᠤᠷᠢ ᠦᠭᠡᠢ ᠬᠥᠮᠦᠰ ᠤᠨ ᠦᠨᠳᠦᠰᠦᠨ ᠵᠦᠢᠯ ᠢ ᠨᠢ ᠪᠠᠲᠤᠯᠠᠬᠤ ᠠᠵᠢᠯ ᠢ ᠰᠠᠶᠢᠲᠤᠷ ᠬᠢᠨ᠎ᠠ︔ ᠤᠨᠳᠤᠤ ᠭᠠᠵᠠᠷ ᠨᠡᠭᠦᠯᠭᠡᠭᠰᠡᠨ ᠡᠷᠦᠬᠡ ᠶᠢ ᠦᠷᠭᠦᠯᠵᠢᠯᠡᠨ ᠲᠡᠳᠬᠦᠨ ᠳᠡᠮᠵᠢᠬᠦ ᠶᠢ ᠴᠢᠩᠭᠠᠳᠬᠠᠵᠤ᠂ ᠲᠣᠭᠲᠠᠭᠤᠨ ᠪᠠᠶᠢᠯᠭᠠᠬᠤ᠂ ᠠᠵᠢᠯ ᠤᠯᠭᠤᠬᠤ᠂ ᠠᠯᠬᠤᠮ ᠠᠯᠬᠤᠮ ᠢᠶᠠᠷ ᠪᠠᠶᠠᠵᠢᠭᠤᠯᠬᠤ ᠶᠢ ᠦᠨᠡᠨ ᠬᠦ ᠪᠠᠲᠤᠯᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ᠂ ᠨᠡᠶᠢᠭᠡᠮ ᠤᠨ ᠬᠦᠴᠦᠨ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠳᠤ ᠣᠷᠣᠯᠴᠠᠬᠤ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ᠂ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ᠂ ᠡᠳ᠋ ᠬᠥᠷᠥᠩᠭᠡ ᠶᠢ ᠪᠠᠶᠢᠴᠠᠭᠠᠨ ᠬᠠᠷᠭᠤᠭᠤᠯᠬᠤ ᠵᠡᠷᠭᠡ ᠠᠵᠢᠯ ᠢ ᠦᠷᠭᠦᠯᠵᠢᠯᠡᠨ ᠠᠬᠢᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠬᠥᠳᠡᠭᠡ ᠲᠣᠰᠬᠤᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠨᠠᠶᠢᠷᠠᠭᠤᠯᠤᠨ ᠲᠣᠭᠲᠠᠭᠠᠵᠤ᠂ ᠬᠥᠳᠡᠭᠡ ᠲᠣᠰᠬᠤᠨ ᠤ ᠳᠦᠷᠢ ᠲᠥᠷᠬᠦ ᠶᠢ ᠬᠥᠲᠥᠯᠥᠨ ᠵᠢᠯᠣᠭᠤᠳᠬᠤ ᠶᠢ ᠳᠣᠪᠤᠶᠢᠯᠭᠠᠵᠤ᠂ ᠵᠢᠯ ᠤᠨ ᠳᠣᠲᠣᠷ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 20᠎ ᠶᠢ ᠪᠠᠶᠢᠭᠤᠯᠤᠨ᠎ᠠ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠠᠶᠢᠯ ᠲᠣᠰᠬᠤᠨ ᠤ ᠵᠠᠮ ᠢ ᠬᠠᠲᠠᠭᠤᠷᠠᠭᠤᠯᠬᠤ᠂ ᠠᠵᠤ ᠦᠢᠯᠡᠰ ᠤᠨ ᠵᠠᠮ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠤᠤᠷᠵᠢᠭᠤᠯᠬᠤ ᠵᠠᠮ᠂ ᠲᠣᠰᠬᠤᠨ ᠤ ᠵᠠᠮ ᠤᠨ ᠠᠮᠢ ᠨᠠᠰᠤᠨ ᠤ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠢᠨᠵᠧᠨᠧᠷᠢᠩ ᠢ 86.7 ᠺᠢᠯᠣᠮᠧᠲᠷ ᠴᠢᠷᠮᠠᠶᠢᠨ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠲᠤᠤᠷ ᠤᠨ ᠥᠭᠡᠷᠡᠴᠢᠯᠡᠯᠲᠡ ᠶᠢ 45.4 ᠺᠢᠯᠣᠮᠧᠲᠷ ᠪᠡᠶᠡᠯᠡᠬᠦᠯᠦᠨ᠎ᠡ᠃ ᠤᠰᠤᠨ ᠰᠤᠷᠪᠤᠯᠵᠢ ᠶᠢᠨ ᠬᠠᠮᠠᠭᠠᠯᠠᠯᠲᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 10 ᠵᠠᠰᠠᠭ ᠵᠠᠬᠢᠷᠭᠠᠨ ᠤ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠃ ᠭᠠᠯ ᠤᠨᠲᠠᠷᠠᠭᠠᠬᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ 3 ᠰᠢᠶᠠᠩ ᠪᠠᠯᠭᠠᠰᠤᠨ ᠤ ᠭᠠᠯ ᠤᠨᠲᠠᠷᠠᠭᠠᠬᠤ ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠤᠨ᠎ᠠ᠃ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠠᠬᠢᠭᠤᠯᠵᠤ᠂ ᠵᠢᠯ ᠤᠨ ᠳᠣᠲᠣᠷ᠎ᠠ 1186 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠤᠨ᠎ᠠ᠃ ᠪᠦᠬᠦ ᠬᠦᠴᠦᠨ ᠢᠶᠠᠷ ᠢᠶᠠᠨ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠪᠣᠯᠤᠨ ᠪᠣᠬᠢᠷ ᠤᠰᠤ ᠶᠢ ᠵᠠᠰᠠᠬᠤ ᠪᠡᠯᠡᠳᠬᠡᠮᠵᠢ ᠲᠥᠬᠦᠭᠡᠷᠦᠮᠵᠢ ᠶᠢ ᠭᠦᠢᠴᠡᠳ ᠲᠤᠬᠢᠷᠠᠭᠤᠯᠤᠨ᠎ᠠ᠃ ᠳᠦᠷᠢᠮ ᠰᠢᠯᠢᠳᠡᠭ᠂ ᠪᠠᠷᠢᠮᠵᠢᠶ᠎ᠠ ᠥᠨᠳᠥᠷ᠂ ᠡᠩᠨᠡᠭᠡ ᠴᠢᠩᠭ᠎ᠠ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠬᠠᠮᠢᠶᠠᠷᠤᠯᠲᠠ ᠬᠠᠮᠠᠭᠠᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠬᠡᠷᠡᠭᠵᠢᠬᠦᠯᠦᠨ᠂ ᠠᠶᠢᠯ ᠲᠣᠰᠬᠤᠨ ᠤ ᠠᠷᠢᠭᠤᠨ ᠴᠡᠪᠡᠷ ᠢ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠲᠦᠯᠬᠢᠨ ᠠᠬᠢᠭᠤᠯᠤᠨ᠎ᠠ᠃ ︽ᠴᠢᠳᠠᠪᠤᠷᠢᠲᠠᠨ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠨᠤᠲᠤᠭ ᠲᠠᠭᠠᠨ ᠪᠤᠴᠠᠭᠰᠠᠨ ᠵᠠᠯᠠᠭᠤᠴᠤᠳ ᠤᠨ ᠦᠢᠯᠡᠰ ᠪᠤᠰᠬᠠᠬᠤ ᠲᠠᠪᠴᠠᠩ ᠢ ᠢᠳᠡᠪᠬᠢᠲᠡᠢ ᠪᠠᠶᠢᠭᠤᠯᠤᠨ᠂ ᠬᠥᠳᠡᠭᠡ ᠲᠣᠰᠬᠤᠨ ᠢ ᠵᠠᠯᠠᠭᠤᠴᠤᠳ ᠤᠨ ᠦᠢᠯᠡᠰ ᠪᠤᠰᠬᠠᠬᠤ ᠬᠠᠯᠠᠭᠤᠨ ᠬᠥᠷᠥᠰᠥ ᠪᠣᠯᠭᠠᠨ᠎ᠠ᠃      ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ ᠶᠢ ᠠᠬᠢᠭᠤᠯᠤᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠡᠭᠡᠭᠡᠯᠲᠡ ᠶᠢ ᠥᠷᠭᠡᠳᠬᠡᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠬᠥᠭᠵᠢᠯᠲᠡ ᠶᠢᠨ ᠨᠥᠭᠡᠴᠡ ᠬᠦᠴᠦᠨ ᠢ ᠨᠡᠮᠡᠭᠳᠡᠭᠦᠯᠦᠨ᠎ᠡ᠃      ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ ᠶᠢᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠯᠠᠬᠤ ᠠᠵᠢᠯᠯᠠᠭ᠎ᠠ ᠶᠢ ᠥᠷᠨᠢᠭᠦᠯᠦᠨ᠂ ︽ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠤᠷᠢᠯᠡᠬᠦ᠂ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠪᠢᠴᠢᠭ ᠮᠠᠲ᠋ᠧᠷᠢᠶᠠᠯ ᠭᠠᠷᠭᠠᠬᠤ︾ ᠠᠵᠢᠯ ᠤᠨ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ︽ᠨᠢᠭᠡ ᠰᠦᠯᠵᠢᠶ᠎ᠡ ᠨᠢᠭᠡ ᠦᠵᠦᠭᠦᠷ ᠨᠢᠭᠡ ᠲᠢᠩᠬᠢᠮ︾᠎ ᠢ ᠰᠠᠶᠢᠲᠤᠷ ᠬᠢᠵᠦ᠂ 24 ᠴᠠᠭ ᠥᠪᠡᠰᠦᠪᠡᠨ ᠦᠢᠯᠡᠴᠢᠯᠡᠬᠦ ᠶᠢ ᠬᠡᠷᠡᠭᠵᠢᠭᠦᠯᠦᠨ᠂ ᠪᠣᠯᠵᠣᠬᠤ᠂ ᠬᠤᠢᠰᠢᠯᠠᠭᠤᠯᠬᠤ ᠵᠢᠴᠢ ᠬᠦᠯᠢᠶᠡᠬᠦ᠂  ᠭᠦᠢᠴᠡᠳᠭᠡᠵᠦ ᠳᠠᠭᠤᠰᠬᠠᠬᠤ ᠣᠬᠤᠷ ᠴᠢᠮᠡᠭᠡ ᠪᠠᠷ ᠰᠠᠨᠠᠭᠤᠯᠬᠤ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠯᠲᠠ ᠶᠢ ᠪᠠᠷᠢᠮᠵᠢᠶᠠᠵᠢᠭᠤᠯᠬᠤ ᠳᠠᠰᠢ ᠬᠤᠪᠢᠷᠠᠭᠤᠯᠤᠨ᠂ ᠣᠯᠠᠨ ᠠᠷᠭ᠎ᠠ ᠵᠠᠮ ᠢᠶᠠᠷ ᠣᠯᠠᠨ ᠲᠦᠮᠡᠨ ᠳᠤ ᠦᠢᠯᠡᠴᠢᠯᠡᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠠ ᠪᠣᠳᠠᠲᠤ ᠴᠣᠭᠴᠠ ᠶᠢᠨ ᠶᠡᠭᠡ ᠲᠢᠩᠬᠢᠮ ᠢ ᠭᠦᠨᠵᠡᠭᠡᠶ ᠠᠭᠤᠰᠤᠯᠴᠠᠭᠤᠯᠤᠨ᠎ᠠ᠃ ︽ᠲᠣᠰᠬᠤᠨ ᠤ ᠱᠠᠲᠤᠨ ᠤ ᠢᠷᠭᠡᠨ ᠤ ᠬᠡᠷᠡᠭ ᠤᠨ ᠣᠷᠣᠯᠠᠨ ᠭᠦᠢᠴᠡᠳᠭᠡᠬᠦ ᠲᠦᠷᠢᠮ︾᠎ ᠢ ᠪᠠᠶᠢᠭᠤᠯᠵᠤ᠂ ᠵᠠᠰᠠᠭ ᠪᠠ ᠪᠠᠩᠬᠢ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠦᠢᠯᠡᠴᠢᠯᠡᠭᠡᠨ ᠤ ᠲᠤᠤᠷ ᠴᠢᠬ ᠢ ᠥᠷᠭᠡᠳᠬᠡᠵᠦ᠂ ᠦᠨᠳᠦᠰᠦᠨ ᠱᠠᠲᠤᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠵᠠᠰᠠᠭ ᠤᠨ ᠶᠠᠪᠤᠳᠠᠯ ᠢ ᠬᠥᠭᠵᠢᠭᠦᠯᠦᠨ ᠮᠠᠨᠳᠤᠭᠤᠯᠬᠤ︾ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠣᠯᠠᠨ ᠨᠡᠶᠢᠲᠡ ᠶᠢᠨ ᠳ᠋ᠤᠭᠠᠷ᠂ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠶᠢᠨ ᠣᠶᠢᠯᠠᠭᠠᠵᠤ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠨᠠᠯᠲᠠ ᠲᠠᠯᠪᠢᠬᠤ ᠪᠠ ᠦᠨᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ︽ᠰᠠᠶᠢᠨ ᠮᠠᠭᠤ ᠦᠨᠡᠯᠡᠯᠲᠡ︾᠎ ᠶᠢᠨ ᠡᠯᠧᠺᠲᠷᠣᠨ ᠬᠢᠨᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠᠯᠳᠤᠭᠠᠴᠢᠨ ᠤᠷᠢᠬᠤ ᠪᠠ ᠲᠥᠷᠥᠯ ᠵᠦᠢᠯ ᠢ ᠠᠳᠬᠤᠬᠤ ᠶᠢ ᠠᠵᠤ ᠠᠬᠤᠶ ᠶᠢᠨ ᠠᠵᠢᠯ ᠤᠨ ᠴᠢᠬᠤᠯᠠ ᠡᠭᠦᠷᠭᠡ ᠪᠣᠯᠭᠠᠵᠤ᠂ ︽ᠰᠢᠩ ᠾᠧ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶ ︾᠂ ︽ᠰᠢᠩ ᠾᠧ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ  ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾᠎ ᠢ ᠲᠣᠭᠲᠠᠭᠠᠨ ᠨᠡᠶᠢᠲᠡᠯᠡᠵᠦ᠂ ᠪᠥᠬᠦ ᠠᠵᠢᠯᠲᠠᠨ ᠤ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠭᠤᠤᠯᠳᠠᠯᠭ᠎ᠠ ᠲᠠᠢ ᠠᠵᠤ ᠦᠢᠯᠡᠰ ᠢ ᠳᠣᠪᠤᠶᠢᠯᠭᠠᠵᠤ᠂ ᠬᠤᠳᠠᠯᠳᠤᠭᠠᠴᠢᠨ ᠤᠷᠢᠬᠤ ᠠᠷᠭ᠎ᠠ ᠵᠠᠮ ᠢ ᠥᠷᠭᠡᠳᠬᠡᠨ᠂ ᠠᠵᠤ  ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ᠂ ᠠᠵᠢᠯ ᠲᠥᠷᠥᠯ ᠢᠶᠠᠷ ᠢᠶᠠᠨ ᠬᠤᠳᠠᠯᠳᠤᠭᠠᠴᠢᠨ ᠤᠷᠢᠬᠤ᠂ ᠳᠣᠲᠣᠨᠣ ᠰᠡᠳᠬᠢᠯᠭᠡ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠤᠷᠢᠬᠤ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠲᠥᠷᠥᠯ ᠵᠦᠢᠯ ᠤᠨ ᠭᠡᠷ᠎ᠡ ᠲᠣᠭᠲᠠᠵᠤ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠬᠤᠤᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠵᠢᠯ ᠤᠨ ᠳᠣᠲᠣᠷ᠎ᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠦᠯ ᠵᠦᠢᠯ 4᠂ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠦᠯ ᠵᠦᠢᠯ 20᠎ ᠶᠢ ᠣᠷᠣᠭᠤᠯᠤᠨ ᠠᠪᠴᠢᠷᠠᠨ᠎ᠠ᠃ ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ ᠂ ᠨᠢᠭᠡ ᠲᠤᠰᠬᠠᠶ ᠠᠩᠭᠢ᠂ ᠡᠴᠦᠰ ᠲᠤᠨᠢ ᠲᠤᠯᠲᠠᠯ᠎ᠠ ᠠᠳᠬᠤᠬᠤ ︽ᠳᠥᠷᠪᠡᠨ ᠨᠢᠭᠡ︾᠎ ᠶᠢᠨ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠶᠠᠪᠤᠴᠠ ᠳᠤ ᠮᠥᠷᠳᠡᠨ  ᠦᠢᠯᠡᠴᠢᠯᠡᠬᠦ ᠶᠢ ᠰᠢᠯᠢᠳᠡᠭᠵᠢᠭᠦᠯᠵᠦ ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠡᠭᠦᠷᠭᠡᠯᠡᠵᠦ᠂ ᠲᠥᠷᠥᠯ ᠵᠦᠢᠯ ᠳᠤ ᠦᠨᠡᠨ ᠪᠣᠳᠠᠲᠠᠶ ᠬᠠᠷᠢᠭᠤᠴᠠᠵᠤ᠂ ᠵᠣᠯᠭᠠᠭᠤᠯᠬᠤ ᠲᠥᠷᠥᠯ ᠵᠦᠢᠯ ᠢ ᠡᠷᠲᠡᠬᠡᠨ ᠭᠡᠷ᠎ᠡ ᠲᠣᠭᠲᠠᠬᠤ᠂ ᠭᠡᠷ᠎ᠡ ᠲᠣᠭᠲᠠᠭᠰᠠᠨ ᠲᠥᠷᠥᠯ ᠵᠤᠶᠢᠯ ᠢ ᠡᠷᠲᠡᠬᠡᠨ ᠨᠠᠶᠢᠳᠠᠪᠤᠷᠢᠵᠢᠭᠤᠯᠬᠤ᠂ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠬᠦ᠂ ᠠᠵᠢᠯ ᠡᠬᠢᠯᠡᠭᠦᠯᠬᠦ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠦᠨ᠎ᠡ᠃      ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠲᠦᠮᠡᠨ ᠤ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠠᠪᠤᠳᠠᠯ ᠢ ᠠᠯᠢᠪᠠ ᠠᠵᠢᠯ ᠤᠨ ᠢᠶᠠᠨ ᠡᠭᠦᠰᠦᠯᠲᠡ ᠪᠠ ᠦᠷ᠎ᠡ ᠳ᠋ᠦᠩ ᠪᠣᠯᠭᠠᠬᠤ ᠶᠢ ᠪᠠᠷᠢᠮᠲᠠᠯᠠᠵᠤ᠂ ᠲᠦᠷᠢᠮ ᠢ ᠲᠡᠭᠦᠯᠳᠡᠷᠵᠢᠭᠦᠯᠦᠨ᠂ ᠬᠢᠵᠠᠭᠠᠷ ᠱᠤᠭᠤᠮ ᠢ ᠰᠠᠬᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠨ᠎ᠠ᠃      ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠨᠥᠬᠦᠪᠥᠷᠢ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠠᠵᠢᠯ ᠣᠯᠭᠤᠯᠲᠠ ᠶᠢᠨ ᠲᠤᠰᠬᠠᠢ ᠪᠡᠯᠡ ᠮᠥᠩᠭᠦ ᠶᠢ ᠲᠡᠩᠴᠡᠭᠦᠷᠢᠲᠡᠢ ᠬᠡᠷᠡᠭᠯᠡᠵᠦ᠂ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠨᠡᠩ ᠤᠯᠠᠨ ᠠᠵᠤ ᠠᠬᠤᠶᠢᠯᠠᠯ ᠪᠠ ᠤᠯᠠᠨ ᠲᠦᠮᠡᠨ ᠳᠤ ᠬᠦᠷᠲᠡᠭᠡᠨ᠎ᠡ᠃ ᠵᠢᠯ ᠤᠨ ᠳᠣᠲᠣᠷ᠎ᠠ 600᠎ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ 150᠎ ᠠᠴᠠ ᠳᠡᠭᠡᠭᠰᠢ  ᠠᠵᠢᠯ ᠤᠯᠬᠤ ᠳᠤ ᠬᠦᠴᠢᠷᠳᠡᠢ ᠬᠦᠮᠦᠰ ᠲᠤ ᠠᠵᠢᠯ ᠤᠯᠭᠤᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.5 %᠎ ᠶᠢᠨ ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ︽ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95 %᠎ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠲᠥᠷᠥᠯ ᠬᠤᠪᠢᠶᠠᠨ᠂ ᠲᠠᠰ ᠳᠠᠪᠬᠤᠷᠭ᠎ᠠ ᠬᠤᠪᠢᠶᠠᠨ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠪᠠᠳᠤᠯᠠᠨ᠎ᠠ ᠃ ᠡᠮᠴᠢᠯᠡᠭᠡᠨ ᠤ ᠳᠠᠭᠠᠳᠬᠠᠯ ᠤᠨ ᠬᠦᠷᠢᠶ᠎ᠡ ᠴᠠᠷᠠᠭ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠳ᠋ᠦᠩᠨᠡᠨ ᠪᠤᠳᠤᠬᠤ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠠ ᠰᠢᠶᠠᠨ ᠤ ᠲᠡᠰ ᠤᠨ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃      ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠴᠢ ᠾᠦᠢ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠵᠢᠩᠮᠧᠩ ᠬᠡᠦᠬᠡᠳ ᠤᠨ ᠴᠡᠴᠡᠷᠯᠢᠭ ᠤᠨ ᠬᠡᠷ ᠤᠨ ᠭᠠᠳᠠᠨᠠᠬᠢ ᠬᠥᠳᠡᠯᠭᠡᠭᠡᠨ ᠤ ᠲᠠᠯᠠᠪᠠᠶ ᠪᠠ ᠢᠦᠢ ᠼᠠᠢ᠂ ᠱᠤ᠋ ᠭᠤᠸᠠᠩ ᠬᠤᠶᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠬᠤᠶᠠᠷ ᠢ ᠬᠠᠰᠤᠬᠤ︾ ᠠᠵᠢᠯ ᠢ ᠴᠢᠩᠭ᠎ᠠ ᠰᠠᠶᠢᠲᠤᠷ ᠬᠢᠵᠦ᠂ ᠬᠥᠮᠦᠵᠢᠯ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠬᠢᠴᠢᠶᠡᠯ ᠤᠨ ᠲᠢᠩᠭᠢᠮ ᠤᠨ ᠦᠷ᠎ᠡ ᠪᠦᠲᠦᠮᠵᠢ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠡ᠃ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠴᠢᠩᠭ᠎ᠠ ᠠᠩᠬᠠᠷᠴᠤ᠂ ᠪᠠᠶᠢᠩᠭᠤᠵᠢᠬᠰᠠᠨ ᠰᠢᠨᠵᠢᠯᠡᠬᠦ ᠤᠬᠠᠭᠠᠨᠴᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠬᠦᠯᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠳᠤᠯᠠᠨ᠎ᠠ᠃ ᠰᠢᠶᠠᠨ ᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢᠨ ᠠᠰᠠᠷ ᠢ ᠪᠠᠶᠢᠭᠤᠯᠵᠤ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃ ᠬᠢᠲᠠᠳ ᠡᠮᠨᠡᠯᠭᠡ ᠶᠢᠨ ᠭᠤᠣᠯᠳᠠᠯᠭ᠎ᠠ ᠲᠠᠢ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮᠨᠡᠯᠭᠡ ᠶᠢᠨ ᠪᠡᠶ᠎ᠡ ᠰᠤᠪᠢᠯᠠᠬᠤ ᠦᠢᠯᠡᠴᠢᠯᠡᠭᠡ ᠶᠢ ᠬᠥᠭᠵᠢᠭᠦᠯᠦᠨ᠂ ᠠᠷᠠᠳ ᠤᠯᠠᠨ ᠤ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ ᠬᠤᠲᠠ ᠶᠢᠨ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠲᠥᠪ ᠢ ᠪᠠᠶᠢᠭᠤᠯᠵᠤ᠂ ᠪᠦᠬᠦ ᠰᠢᠶᠠᠨ ᠤ ᠠᠷᠠᠳ ᠢᠷᠭᠡᠳ ᠲᠤ ᠶᠡᠷᠦᠩᠬᠡᠶᠢᠯᠡᠭᠰᠡᠨ᠂ ᠨᠡᠭᠡᠭᠡᠯᠲᠡ ᠲᠠᠢ᠂ ᠣᠳᠣᠬᠢᠴᠢᠯᠠᠭᠰᠠᠨ ᠰᠣᠶᠣᠯ ᠰᠡᠯᠡᠭᠦᠴᠡᠯ ᠤᠨ ᠠᠵᠢᠯᠯᠠᠭᠠᠨ ᠤ ᠲᠠᠯᠠᠪᠤᠷ ᠬᠠᠩᠭᠠᠨ᠎ᠠ᠃ ᠤᠯᠠᠭᠠᠨᠮᠥ᠋ᠴᠢᠷ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠰᠣᠶᠣᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠠᠵᠢᠯ ᠲᠥᠷᠥᠯ ᠤᠨ ᠬᠡᠪ ᠰᠤᠷᠲᠠᠯ ᠢ ᠢᠮᠠᠭᠲᠠ ᠪᠠᠲᠤᠯᠠᠨ᠎ᠠ᠃      ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠤᠷᠭᠠᠨ ᠬᠥᠮᠦᠵᠢᠯ᠂ ᠰᠣᠶᠣᠯ᠂ ᠡᠮᠴᠢᠯᠡᠭᠡ ᠡᠷᠡᠭᠦᠯ ᠬᠠᠮᠠᠭᠠᠯᠠᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ 100 ᠰᠢᠯᠢᠳᠡᠭ ᠴᠢᠳᠠᠪᠤᠷᠢᠲᠠᠨ ᠢ ᠤᠷᠢᠨ ᠠᠪᠴᠢᠷᠠᠬᠤ ᠪᠠᠷ ᠴᠢᠷᠮᠠᠶᠢᠨ᠎ᠠ᠂ ᠡᠭᠦᠨ ᠳᠤ᠄ ᠳᠡᠭᠡᠳᠦ ᠰᠤᠷᠭᠠᠭᠤᠯᠢ ᠲᠡᠭᠦᠰᠦᠭᠰᠡᠳ᠂ ᠨᠡᠷᠡᠲᠦ ᠪᠠᠭᠰᠢ 40 ᠨᠡᠷᠡᠰ᠂ ᠡᠮᠴᠢ 40 ᠨᠡᠷᠡᠰ᠂ ᠤᠷᠠᠯᠢᠭ ᠤᠨ ᠲᠥᠷᠥᠯ ᠤᠨ ᠴᠢᠳᠠᠪᠤᠷᠢᠲᠠᠨ 20 ᠨᠡᠷᠡᠰ᠃      ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠦᠯᠡᠳᠡᠭᠡᠯ ᠲᠦᠭᠰᠢᠭᠦᠷᠢ ᠶᠢ ᠠᠷᠢᠯᠭᠠᠬᠤ ᠪᠠ ᠲᠦᠭᠰᠢᠭᠦᠷᠢ ᠶᠢ ᠨᠡᠮᠡᠭᠳᠡᠭᠦᠯᠬᠦ ᠰᠡᠷᠭᠡᠶᠢᠯᠡᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ  ᠠᠳᠬᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠭᠦᠨᠵᠡᠭᠡᠢ ᠠᠬᠢᠭᠤᠯᠵᠤ᠂ ᠦᠯᠡᠳᠡᠵᠦ ᠪᠠᠶᠢᠭ᠎ᠠ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠰᠢᠢᠳᠪᠦᠷᠢᠯᠡᠨ᠂ ᠪᠦᠬᠦ ᠵᠢᠯ ᠳᠤ 4.4 ᠳ᠋ᠦᠩᠰᠢᠭᠤᠷ ᠲᠥᠭᠦᠷᠢᠭ ᠲᠤ ᠬᠦᠷᠪᠡ᠃ ᠳᠠᠯᠳᠠ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠬᠤ ᠶᠢ ᠡᠷᠡᠰ ᠬᠤᠷᠢᠭᠯᠠᠨ᠎ᠠ᠃ ᠡᠷᠡᠭᠦᠯ ᠪᠤᠰᠤ ᠵᠢᠭᠡᠯᠡᠯᠭᠡ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠶᠤᠯ ᠦᠭᠡᠶ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠣᠳᠠᠰ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠲᠠᠢ ᠲᠡᠮᠡᠴᠡᠬᠦ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠢᠳᠡᠭᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃      ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ︽ᠠᠮᠤᠷ ᠠᠮᠤᠭᠤᠯᠠᠩᠳᠤ ᠬᠤᠲᠠ︾᠎ ᠶᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠡᠬᠡᠪᠡᠷ ᠪᠠᠳᠠᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾᠎ ᠶᠢ  ᠴᠢᠩᠭᠠᠳᠬᠠᠨ᠎ᠠ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ ᠬᠠᠤᠯᠢ ᠪᠠᠷ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠣᠢ ᠪᠣᠯᠭᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠵᠤ᠂ ᠶᠡᠭᠡ ᠡᠶᠡᠳᠡᠭᠦᠯᠭᠡ ᠶᠢᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃ ᠴᠡᠷᠢᠭ ᠢ ᠰᠢᠯᠢᠳᠡᠭᠴᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠵᠦ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ ᠱᠠᠰᠢᠨ ᠰᠤᠷᠲᠠᠬᠤᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠡᠶᠢᠭᠡᠮ ᠤᠨ ᠡᠯ᠎ᠡ ᠵᠤᠶᠢᠯ ᠤᠨ ᠤᠶᠢᠯᠡᠰ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠤᠨ᠎ᠠ᠃       ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃     ᠲᠥᠯᠥᠭᠡᠯᠡᠭᠴᠢᠳ ᠡ︕ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠥᠷᠢᠰᠥᠯᠳᠦᠭᠡᠨ ᠤ ᠡᠮᠦᠨ᠎ᠡ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ︽ᠬᠤᠶᠠᠷ ᠶᠡᠭᠡ ᠲᠠᠯ᠎ᠠ︾᠎ ᠶᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ︽ᠤᠯᠤᠰ ᠤᠨ ᠶᠡᠭᠡ ᠲᠠᠯ᠎ᠠ︾᠎ ᠶᠢ ᠰᠡᠳᠬᠢᠯ ᠳᠡᠭᠡᠨ  ᠪᠤᠳᠤᠨ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠬᠡᠢ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠬᠡᠢ ᠪᠠᠷ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠦᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠨ᠎ᠠ᠃ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠰᠢᠢᠳᠪᠦᠷᠢᠳᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨ ᠪᠣᠯᠭᠠᠨ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ᠰᠢᠢᠳᠪᠤᠷᠢᠲᠤ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠪᠠᠶᠢᠬᠤ ᠶᠢ ᠠᠬᠢᠭᠤᠯᠤᠨ᠂ ᠠᠵᠢᠯᠯᠠᠭᠠᠨ ᠤ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠵᠤ᠂ ᠤᠳᠤᠷᠢᠳᠤᠯᠭ᠎ᠠ ᠶᠢᠨ ᠬᠦᠴᠦᠨ ᠲᠡᠭᠦᠯᠳᠡᠷ ᠪᠠᠶᠢᠬᠤ ᠶᠢ ᠪᠡᠶᠡᠯᠡᠭᠦᠯᠦᠨ᠎ᠡ᠃      ᠬᠠᠤᠯᠢ ᠪᠠᠷ ᠵᠠᠰᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠲᠤᠭᠤᠰᠢᠯᠠᠭᠤᠯᠬᠤ ᠶᠢ ᠢᠮᠠᠭᠲᠠ ᠪᠠᠷᠢᠮᠲᠠᠯᠠᠵᠤ᠂ ᠬᠠᠤᠯᠢᠵᠢᠯ ᠤᠨ ᠰᠡᠳᠬᠢᠬᠦᠶ ᠪᠠ ᠬᠠᠤᠯᠢᠵᠢᠯ ᠤᠨ ᠠᠷᠭ᠎ᠠ ᠬᠡᠯᠪᠡᠷᠢ ᠶᠢ ᠬᠡᠷᠡᠭᠯᠡᠨ ᠠᠵᠢᠯ ᠢᠶᠠᠨ ᠲᠥᠯᠥᠪᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠠᠤᠯᠢ ᠴᠠᠭᠠᠵᠠ ᠶᠢᠨ ᠡᠷᠬᠡ ᠶᠢᠨ ᠬᠢᠵᠠᠭᠠᠷ ᠪᠠ ᠵᠢᠷᠤᠮ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠪᠠ ᠠᠷᠠᠳ ᠤᠯᠠᠨ ᠤ ᠵᠠᠬᠢᠳᠠᠯ ᠰᠤᠷᠪᠤᠯᠵᠢᠯᠠᠭ᠎ᠠ ᠶᠢ ᠴᠢᠨᠠᠷ ᠰᠠᠶᠢᠲᠠᠢ ᠰᠠᠶᠢᠲᠤᠷ ᠬᠢᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃      ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠤᠶᠢᠪᠢᠰᠢ ᠦᠭᠡᠢ ᠠᠬᠢᠭᠤᠯᠤᠨ᠎ᠠ᠃ ᠬᠢᠨᠠᠨ ᠵᠥᠪᠰᠢᠶᠡᠷᠡᠬᠦ ᠦᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠴᠢᠬᠡᠴᠢ ᠵᠠᠰᠠᠭ ᠤᠨ ᠠᠶᠤᠯ ᠲᠦᠭᠰᠢᠭᠦᠷᠢ ᠶᠢᠨ ᠴᠡᠭ ᠢ ᠰᠡᠷᠭᠡᠶᠢᠯᠡᠨ ᠡᠵᠡᠮᠳᠡᠬᠦ ᠪᠠ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠤᠯᠠᠮ ᠨᠢᠭᠡ ᠠᠯᠬᠤᠮ ᠠᠯᠳᠠᠰᠢ ᠭᠠᠷᠬᠤ ᠶᠢ ᠬᠤᠷᠢᠬᠯᠠᠨ᠂ ᠲᠦᠷᠢᠮ ᠤᠨ ᠰᠢᠩᠭᠡᠯᠢᠭ ᠢ ᠪᠠᠬᠢᠯᠡᠨ᠎ᠡ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ᠂ ᠤᠯᠠᠨ ᠲᠦᠮᠡᠨ ᠤ ᠳᠡᠷᠭᠡᠳᠡ ᠡᠭᠦᠰᠦᠭᠰᠡᠨ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠵᠠᠰᠠᠭ ᠤᠨ ᠣᠷᠳᠣᠨ ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠨ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠪᠡᠯᠡ ᠮᠥᠩᠭᠦ ᠶᠢ ᠠᠵᠤ ᠠᠬᠤᠢ ᠶᠢ ᠬᠥᠭᠵᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠬᠡᠷᠡᠭᠯᠡᠨ᠎ᠡ᠃      ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠨ ᠦᠢᠯᠡᠳᠦᠯᠭᠡᠵᠢᠭᠦᠯᠵᠦ᠂ ᠪᠦᠯᠬᠦᠮᠳᠡᠨ ᠲᠡᠮᠡᠴᠡᠬᠦ ᠳᠡᠭᠡᠨ ᠴᠠᠯᠠᠭᠠᠶᠢᠷᠠᠬᠤ ᠥᠬᠡᠶ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠳᠡᠭᠡᠨ ᠰᠤᠯᠠᠷᠠᠬᠤ ᠥᠬᠡᠶ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠠᠰᠢᠭ ᠲᠤᠰᠠ ᠣᠯᠭᠤᠬᠤ ᠶᠢ  ᠪᠠᠷᠢᠮᠳᠠᠯᠠᠨ᠎ᠠ᠃ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠠᠪᠴᠠᠩ ᠢ ᠰᠠᠶᠢᠲᠤᠷ ᠬᠡᠷᠡᠭᠯᠡᠵᠦ᠂ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠲᠦᠪᠡᠭᠳᠡᠵᠦ ᠪᠠᠶᠢᠭ᠎ᠠ ᠶᠠᠪᠤᠳᠠᠯ᠂ ᠰᠡᠳᠬᠢᠯ ᠵᠤᠪᠠᠵᠤ ᠪᠠᠶᠢᠭ᠎ᠠ ᠶᠠᠪᠤᠳᠠᠯ ᠢ ᠰᠡᠳᠬᠢᠯ ᠳᠡᠯᠪᠢᠨ ᠬᠦᠴᠦ ᠳᠡᠯᠪᠢᠨ ᠰᠢᠢᠳᠪᠦᠷᠢᠯᠡᠵᠦ᠂ ᠳᠠᠭᠤᠳᠠᠪᠠᠯ ᠵᠠᠪᠠᠯ ᠳᠠᠭᠠᠵᠤ᠂ ᠠᠷᠭᠠᠴᠠᠭᠠᠪᠠᠯ ᠵᠠᠪᠠᠯ ᠦᠷ᠎ᠡ ᠪᠦᠲᠦᠮᠵᠢ ᠤᠯᠬᠤ ᠶᠢ ᠪᠡᠶᠡᠯᠡᠭᠦᠯᠦᠨ᠎ᠡ᠃ ︽ᠠᠯᠵᠠᠭᠤ ᠬᠤᠶᠢᠷᠭᠤ ᠰᠤᠯᠠ ᠵᠠᠳᠠᠭᠠᠶ᠂ ᠤᠳᠠᠭᠠᠰᠢᠷᠠᠭᠤᠯᠵᠤ ᠬᠤᠶᠢᠰᠢᠯᠠᠭᠤᠯᠬᠤ ᠲᠤᠭᠤᠷᠢᠵᠦ ᠲᠤᠬᠰᠢᠭᠤᠯᠬᠤ᠂ ᠴᠠᠯᠠᠭᠠᠶᠢᠷᠠᠬᠤ ᠡᠷᠤᠢ ᠬᠤᠷᠦᠢ︾ ᠪᠠᠶᠢᠬᠤ ᠪᠠᠶᠢᠳᠠᠯ ‍ᠤᠨ‌‍ᠲ᠋ᠤᠬᠠᠢ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠤᠢ ᠪᠤᠯᠭᠠᠨ᠂ ᠵᠥᠪ ᠴᠢᠭᠯᠡᠯ ᠢᠶᠠᠷ ᠤᠷᠮᠠᠰᠢᠭᠤᠯᠬᠤ ᠶᠢ ᠴᠢᠩᠭᠠᠳᠬᠠᠵᠤ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠰᠤᠷᠲᠠᠯ ᠢ ᠶᠡᠭᠡ ᠪᠠᠷ ᠪᠠᠳᠠᠷᠠᠭᠤᠯᠤᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃      ᠲᠥᠯᠥᠭᠡᠯᠡᠭᠴᠢᠳ ᠡ᠂ ᠪᠢᠳᠡ ᠠᠭᠤᠤ ᠶᠡᠭᠡ ᠡᠬᠡ ᠣᠷᠣᠨ ᠪᠠ ᠠᠭᠤᠤ ᠶᠡᠭᠡ ᠴᠠᠭ ᠦᠶ᠎ᠡ ᠳᠤ ᠣᠷᠣᠰᠢᠵᠤ ᠪᠠᠶᠢᠨ᠎ᠠ᠂ ᠡᠷᠬᠡᠪᠰᠢ ᠰᠢᠨ᠎ᠡ ᠡᠭᠦᠷᠭᠡ ᠬᠠᠷᠢᠭᠤᠴᠠᠯᠭ᠎ᠠ ᠶᠢ ᠴᠢᠷᠮᠠᠶᠢᠨ ᠡᠭᠦᠷᠭᠡᠯᠡᠵᠦ᠂ ᠰᠢᠨ᠎ᠡ ᠠᠮᠵᠢᠯᠲᠠ ᠪᠦᠲᠦᠮᠵᠢ ᠶᠢ ᠢᠯᠡᠷᠡᠭᠦᠯᠦᠨ᠂ ᠰᠢᠨ᠎ᠡ ᠠᠮᠵᠢᠯᠲᠠ ᠪᠦᠲᠦᠮᠵᠢ ᠶᠢ ᠡᠬᠦᠳᠦᠨ᠎ᠡ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠭᠠᠪᠰᠢᠭᠠᠶᠢᠯᠠᠨ ᠤᠷᠤᠭᠰᠢᠯᠠᠬᠤ ᠵᠣᠷᠢᠭ ᠰᠠᠨᠠᠭ᠎ᠠ᠂ ᠡᠭᠦᠳᠦᠨ ᠪᠦᠲᠦᠭᠡᠬᠦ ᠡᠷᠴᠢ ᠵᠣᠷᠢᠭ᠂ ᠠᠵᠢᠯᠯᠠᠬᠤ ᠰᠤᠷᠲᠠᠯ ᠢᠶᠠᠨ ᠡᠭᠦᠷᠢᠳᠡ ᠪᠠᠲᠤᠯᠠᠵᠤ᠂ ᠡᠷᠴᠢ ᠵᠣᠷᠢᠭ ᠢᠶᠠᠨ ᠬᠥᠪᠴᠢᠯᠡᠨ ᠬᠦᠴᠦᠯᠡᠨ ᠴᠢᠷᠮᠠᠶᠢᠵᠤ᠂ ᠴᠥᠬᠦᠷᠡᠰᠢ ᠦᠭᠡᠢ ᠵᠢᠳᠭᠦᠨ᠂ ᠰᠡᠷᠭᠦᠨ ᠮᠠᠨᠳᠤᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3