—— 2022 ᠣᠨ ᠤ 1 ᠰᠠᠷ᠎ᠠ ᠶᠢᠨ 6 ᠤ ᠡᠳᠦᠷ᠂ ᠰᠢᠩ ᠾᠧ ᠰᠢᠶᠠᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | ᠣᠷᠣᠯᠠᠭᠴᠢ ᠰᠢᠶᠠᠨ ᠤ ᠳᠠᠷᠤᠭ᠎ᠠ ᠯᠢ ᠺᠠᠶ ᠳ᠋ᠦᠩ | ᠲᠥᠯᠥᠭᠡᠯᠡᠭᠴᠢᠳ ᠡ᠄ | ᠤᠳᠤ ᠪᠢ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ | ᠣᠷᠳᠣᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ | ᠲᠡᠭᠦᠨᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ | ᠨᠥᠬᠦᠳ ᠰᠠᠨᠠᠯ ᠢᠶᠠᠨ ᠳᠤᠷᠠᠳᠬᠤ ᠪᠣᠯᠪᠠᠤ︕ | ᠨᠢᠭᠡ᠂ ᠲᠤᠰ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠠᠴᠠ | ᠨᠠᠰᠢ᠂ ᠡᠭᠡᠳᠡᠷᠡᠭᠡᠨ ᠪᠤᠳᠤᠯᠢᠶᠠᠨᠲᠠᠶ ᠳᠡᠯᠡᠬᠡᠶ ᠶᠢᠨ ᠪᠠᠶᠢᠳᠠᠯ ᠪᠠ ᠬᠤᠷᠸ᠎ᠠ ᠠᠵᠤ ᠠᠬᠤᠶ ᠦᠷᠭᠦᠯᠵᠢᠯᠡᠨ ᠪᠠᠭᠤᠷᠠᠵᠦ | ᠪᠠᠶᠢᠬᠤ ᠵᠢᠴᠢ ᠰᠢᠨ᠎ᠡ ᠲᠢᠳᠢᠮᠯᠢᠭᠳᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ | ᠲᠠᠭᠠᠷᠢᠯᠲᠠ ᠵᠡᠷᠭᠡ ᠠᠯᠢ ᠣᠯᠠᠨ ᠠᠰᠢᠭ ᠥᠬᠡᠶ ᠨᠦᠯᠦᠬᠡᠨ ᠲᠤᠤᠷ᠎ᠠ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠪᠠ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠳᠠᠯᠠᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ | ᠲᠠᠯ᠎ᠠ ᠪᠠᠷ ᠦᠢᠯᠡᠳᠦᠯᠬᠡᠵᠢᠬᠦᠯᠦᠨ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ | ᠪᠦᠯᠬᠦᠮᠳᠡᠭᠦᠯᠦᠨ ᠲᠠᠭᠠᠭᠤᠯᠵᠦ᠂ ᠨᠠᠮ ᠤᠨ ᠲᠥᠪ ᠬᠤᠷᠢᠶᠠᠨ ᠤ ᠲᠤᠭᠤᠷᠢᠨ ᠳᠤ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠵᠢᠴᠢ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠠᠵᠢᠯ ᠤᠨ ᠱᠠᠭᠠᠷᠳᠠᠯᠭ᠎ᠠ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠲᠠᠯᠪᠢᠬᠤ ᠬᠠᠤᠯᠢ | ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠵᠢᠴᠢ ᠳᠡᠮᠵᠢᠯᠭᠡ ᠳᠤᠤᠷ᠎ᠠ᠂ ᠢᠮᠠᠭᠲᠠ ᠲᠣᠭᠲᠠᠯ ᠬᠦᠴᠦᠨ ᠢᠶᠠᠨ ᠭᠤᠶᠢᠪᠢᠰᠢ ᠦᠭᠡᠢ | ᠪᠠᠷᠢᠮᠳᠠᠯᠠᠨ᠂ ᠬᠦᠴᠢᠷ ᠢ ᠰᠦᠷᠦᠨ ᠤᠷᠤᠭᠰᠢᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠨ ᠴᠠᠯᠠᠭᠠᠶᠢᠷᠠᠬᠤ ᠦᠭᠡᠢ | ᠪᠠᠶᠢᠵᠦ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠣᠭᠲᠠᠭᠠᠭᠰᠠᠨ ᠬᠠᠷᠠᠯᠲᠠ ᠡᠭᠦᠷᠭᠡ ᠪᠠᠨ ᠲᠡᠭᠦᠰ | ᠠᠮᠵᠢᠯᠲᠠ ᠲᠠᠢ ᠪᠠᠶᠡᠯᠡᠬᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠨ᠎ᠡ ᠠᠶᠠᠯᠠᠯ ᠢᠶᠠᠨ ᠤᠷᠤᠭᠰᠢᠲᠠᠶ | ᠡᠬᠢᠯᠡᠭᠦᠯᠪᠡ᠃ | ᠪᠢᠳᠡ ᠨᠡᠮᠡᠭᠳᠡᠯ ᠢ ᠲᠤᠭᠲᠠᠪᠤᠷᠢᠵᠢᠭᠤᠯᠵᠤ᠂ ᠶᠡᠷᠦᠩᠬᠡᠢ ᠬᠡᠮᠵᠢᠶ᠎ᠡ ᠶᠢ ᠦᠷᠭᠡᠳᠭᠡᠭᠰᠡᠨ ᠠᠴᠠ ᠶᠡᠷᠦᠩᠬᠡᠶᠢᠯᠡᠭᠰᠡᠨ | ᠪᠣᠳᠠᠲᠤ ᠬᠦᠴᠦᠨ ᠢᠯᠡᠳᠲᠡ ᠴᠢᠩᠭᠠᠷᠠᠪᠠ᠃ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠨᠡᠶᠢᠲᠡ | 270 ᠳ᠋ᠦᠩᠰᠢᠭᠤᠷ ᠲᠥᠭᠦᠷᠢᠭ ᠪᠠ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ | ᠤᠶᠢᠯᠡᠳᠪᠤᠷᠢᠯᠡᠯ ᠤᠨ ᠶᠡᠷᠦᠩᠬᠡᠶ ᠥᠷᠲᠡᠭ ᠨᠡᠶᠢᠲᠡ 210 ᠳ᠋ᠦᠩᠰᠢᠭᠤᠷ ᠲᠥᠭᠦᠷᠢᠭ ᠢ ᠳᠠᠪᠠᠵᠤ᠂ 500 ᠲᠦᠮᠡᠨ | ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠡᠶᠢᠲᠡ 83 ᠳ᠋ᠦᠩᠰᠢᠭᠤᠷ | ᠲᠥᠭᠦᠷᠢᠭ ᠲᠤ ᠬᠦᠷᠴᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ | ᠨᠡᠶᠢᠲᠡ 100 ᠳ᠋ᠦᠩᠰᠢᠭᠤᠷ ᠲᠥᠭᠦᠷᠢᠭ ᠲᠤ ᠬᠥᠷᠪᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25475 ᠲᠥᠭᠦᠷᠢᠭ ᠪᠠ 8892 ᠲᠥᠭᠦᠷᠢᠭ | ᠪᠠᠶᠢᠭᠰᠠᠨ ᠠᠴᠠ ᠪᠠᠨ 32432 ᠲᠥᠭᠦᠷᠢᠭ ᠪᠠ 12787 ᠲᠥᠭᠦᠷᠢᠭ ᠪᠤᠯᠵᠤ ᠨᠡᠮᠡᠭᠳᠡᠪᠡ᠃ | ᠪᠢᠳᠡ ᠳᠤᠲᠠᠭᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠪᠠᠷ | ᠴᠢᠷᠮᠠᠶᠢᠬᠰᠠᠨ ᠠᠴᠠ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠦᠷ᠎ᠡ | ᠪᠦᠲᠦᠮᠵᠢ ᠤᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠲᠡᠭᠦᠰ ᠠᠮᠵᠢᠯᠲᠠ | ᠪᠠᠷ ᠥᠨᠳᠥᠷᠯᠡᠪᠡ᠃ ᠪᠦᠬᠦ ᠰᠢᠶᠠᠨ ᠤ 87 ᠶᠠᠳᠠᠭᠤ ᠬᠦᠴᠢᠷᠳᠡᠯᠲᠡᠢ ᠲᠣᠰᠬᠤᠨ ᠤ 9034 ᠡᠷᠦᠬᠡ ᠶᠢᠨ | 20427 ᠶᠠᠳᠠᠭᠤ ᠬᠦᠴᠢᠷᠳᠡᠯᠲᠡᠢ ᠡᠲᠡᠭᠡᠳ ᠢ ᠪᠦᠬᠦᠨ ᠢᠶᠠᠷ ᠨᠢ ᠶᠠᠳᠠᠭᠤ ᠠᠴᠠ ᠠᠩᠭᠢᠵᠢᠷᠠᠭᠤᠯᠵᠤ᠂ 2019 | ᠣᠨ ᠳᠤ ᠪᠦᠬᠦ ᠰᠢᠶᠠᠨ ᠢᠶᠠᠷ ᠢᠶᠠᠨ ᠶᠠᠳᠠᠭᠤ ᠠᠴᠠ ᠠᠩᠭᠢᠵᠢᠷᠠᠬᠤ ᠶᠢ ᠪᠡᠶᠡᠯᠡᠬᠦᠯᠦᠨ᠂ ᠬᠥᠳᠡᠭᠡ ᠲᠣᠰᠬᠤᠨ ᠤ | ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠠᠵᠢᠯ ᠲᠦᠷᠦ ᠶᠢᠨ ᠶᠠᠪᠤᠳᠠᠯ ᠤᠨ ᠬᠤᠷᠢᠶᠠᠨ ᠤ | ᠮᠠᠭᠲᠠᠭᠠᠯ ᠰᠠᠶᠢᠰᠢᠶᠠᠯ ᠢ ᠤᠯᠪᠠ᠃ 2020 ᠣᠨ ᠳᠤ ᠤᠯᠤᠰ ᠤᠨ ᠰᠤᠭᠤᠴᠢᠨ ᠪᠠᠶᠢᠴᠠᠭᠠᠵᠤ ᠰᠢᠯᠭᠠᠨ ᠠᠪᠬᠤ᠂ | ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠪᠠ | ᠤᠯᠤᠰ ᠤᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢ ᠴᠢᠨᠠᠷ ᠰᠠᠶᠢᠲᠠᠢ ᠦᠩᠭᠡᠷᠡᠭᠡᠪᠡ᠃ ᠳ᠋ᠧᠩ ᠢ ᠱᠤᠸᠠᠢ᠂ | ᠾᠧ ᠯᠦᠩ ᠬᠤᠶᠠᠷ ᠨᠥᠬᠦᠷ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠲᠡᠷᠢᠭᠦᠨ ᠤ ᠬᠤᠪᠢ ᠬᠥᠮᠦᠨ ᠢᠶᠠᠷ ᠦᠨᠡᠯᠡᠭᠳᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ | ᠪᠦᠲᠦᠮᠵᠢ ᠤᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠢᠴᠢ ︽ | ᠡᠷᠬᠢᠨ ᠬᠠᠷᠠᠬᠤ︾ ᠠᠵᠢᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠦᠬᠦ ᠲᠠᠯ᠎ᠠ ᠪᠠᠷ ᠳᠡᠰ | ᠳᠡᠪᠰᠢᠭᠦᠯᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠂ | ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ ᠠᠬᠤᠶᠢᠯᠠᠯ ᠢ ᠪᠦᠲᠦᠮᠵᠢᠲᠡᠢ ᠴᠡᠭᠴᠡᠯᠡᠨ | ᠵᠠᠰᠠᠪᠠ᠃ ᠠᠵᠤ ᠤᠶᠢᠯᠡᠳᠪᠤᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠠᠯᠠᠪᠠᠢ ᠶᠢ ᠬᠤᠶᠠᠷ ᠪᠠᠶᠢᠭᠤᠯᠪᠠ᠃ | ᠬᠢᠮᠢ ᠶᠢᠨ ᠪᠣᠷᠳᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠵᠢᠯ ᠳᠠᠷᠠᠭᠠᠯᠠᠨ ᠪᠠᠭᠠᠰᠪᠠ᠃ ᠠᠭᠠᠷ ᠤᠨ ᠴᠢᠨᠠᠷ | ᠴᠢᠨᠰᠠᠭ᠎ᠠ ᠲᠣᠭᠲᠠᠭᠤᠨ ᠢᠶᠠᠷ ᠰᠠᠶᠢᠵᠢᠷᠠᠵᠤ᠂ ᠭᠤᠣᠯ ᠬᠤᠲᠠ ᠲᠣᠭᠤᠷᠢᠭ ᠤᠨ ᠰᠢᠯᠢᠳᠡᠭ ᠰᠠᠶᠢᠨ ᠡᠳᠦᠷ ᠤᠨ | ᠲᠤᠭ᠎ᠠ ᠶᠢᠨ ᠬᠠᠷᠢᠴᠠᠯ 93 % ᠳᠤ ᠬᠦᠷᠪᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠲᠦᠮᠵᠢᠲᠡᠶ | ᠠᠷᠢᠯᠭᠠᠪᠠ᠃ ᠡᠳ᠋ ᠬᠥᠷᠥᠩᠭᠡ ᠶᠢ ᠰᠢᠢᠳᠪᠦᠷᠢᠯᠡᠬᠦ᠂ ᠲᠥᠰᠦᠪ ᠢ ᠲᠣᠬᠢᠷᠠᠭᠤᠯᠬᠤ᠂ ︽ᠥᠷᠢ ᠥᠭᠴᠡᠭᠡ ᠶᠢ | ᠬᠤᠪᠢᠴᠠᠭ᠎ᠠ ᠪᠣᠯᠭᠠᠨ ᠬᠤᠪᠢᠷᠠᠭᠤᠯᠬᠤ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠠᠯᠳᠠ ᠥᠷᠢ ᠥᠭᠴᠡᠭᠡ ᠶᠢ | ᠨᠡᠶᠢᠲᠡ 10 ᠳ᠋ᠦᠩᠰᠢᠭᠤᠷ ᠭᠠᠷᠤᠶ ᠲᠥᠭᠦᠷᠢᠭ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ | ᠠᠵᠤ ᠠᠬᠤᠶᠢᠯᠠᠯ ᠤᠨ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ ᠳᠥᠯᠥᠪᠡ᠃ | ᠪᠢᠳᠡ ᠪᠦᠲᠦᠴᠡ ᠪᠠᠨ ᠲᠣᠬᠢᠷᠠᠭᠤᠯᠬᠤ ᠪᠠ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠᠷ | ᠴᠢᠷᠮᠠᠶᠢᠬᠰᠠᠨ ᠠᠴᠠ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠦᠷᠭᠦᠯᠵᠢᠯᠡᠨ ᠰᠠᠶᠢᠵᠢᠷᠠᠪᠠ᠃ ᠲᠠᠷᠢᠶᠠᠯᠠᠩ ᠮᠠᠯ | ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠠᠮᠤ ᠪᠤᠳᠠᠭᠠᠨ ᠤ ᠤᠨᠠᠯᠲᠠ | ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 2 . 8 ᠳ᠋ᠦᠩᠰᠢᠭᠤᠷ ᠵᠢᠩ ᠳᠤ ᠬᠦᠷᠪᠡ᠃ ᠲᠥᠮᠥᠰᠥ ᠲᠠᠷᠢᠬᠤ | ᠲᠠᠯᠠᠪᠠᠢ ᠶᠢ 39 ᠲᠦᠮᠡᠨ ᠮᠤ᠋᠂ ᠬᠦᠢᠲᠡᠨ ᠰᠡᠷᠢᠭᠦᠨ ᠴᠢᠨᠠᠷᠳᠠᠢ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ 10 | ᠲᠦᠮᠡᠨ ᠮᠤ᠋᠂ ᠨᠣᠬᠠᠢ ᠶᠢᠨ ᠬᠤᠰᠢᠭᠤ ᠲᠠᠷᠢᠬᠤ ᠲᠠᠯᠠᠪᠠᠢ ᠶᠢ 22 ᠲᠦᠮᠡᠨ ᠮᠤ᠋ ᠳᠤ ᠲᠣᠭᠲᠠᠪᠤᠷᠢᠵᠢᠭᠤᠯᠵᠤ᠂ | ᠬᠡᠪᠴᠢᠶᠡᠵᠢᠭᠰᠡᠨ ᠡᠷᠴᠢᠮᠵᠢᠭᠰᠡᠨ ᠲᠠᠷᠢᠮᠠᠯ ᠢ ᠪᠡᠶᠡᠯᠡᠭᠦᠯᠪᠡ᠃ ᠰᠢᠨ᠎ᠡ ᠪᠠᠷ ᠭᠡᠷᠡᠴᠢᠯᠡᠭᠰᠡᠨ ᠪᠣᠬᠢᠷᠲᠤᠯ ᠥᠬᠡᠶ᠂ | ᠣᠷᠭᠠᠨᠢᠭ ᠪᠦᠲᠦᠭᠡᠭᠳᠡᠬᠦᠨ 15 ᠪᠠᠶᠢᠵᠤ᠂ ᠰᠢᠩ ᠾᠧ ᠨᠠᠷᠢᠮᠤ᠂ ᠰᠢᠩ ᠾᠧ ᠰᠠᠭᠠᠭ᠂ ᠰᠢᠩ ᠾᠧ ᠨᠣᠬᠠᠶ ᠶᠢᠨ | ᠬᠤᠰᠢᠭᠤ ᠶᠢᠨ ᠭᠤᠯᠢᠷ᠂ ᠰᠢᠩ ᠾᠧ ᠬᠤᠮᠠ ᠶᠢᠨ ᠲᠣᠰᠣ ᠨᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ | ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠵᠤ᠂ ᠬᠠᠶ ᠹᠧᠩ᠂ ᠰᠢᠶᠦ᠋ᠩ ᠹᠧᠩ | ᠲᠠᠷᠢᠶᠠᠯᠠᠩ ᠮᠠᠯ ᠠᠵᠤ ᠠᠬᠤᠶ ᠶᠢᠨ ᠲᠠᠷᠢᠶᠠᠴᠢᠳ ᠤᠨ ᠲᠤᠰᠬᠠᠶ ᠬᠤᠷᠰᠢᠶ᠎ᠠ ᠨᠢ ᠤᠯᠤᠰ ᠤᠨ ᠵᠢᠱᠢᠶ᠎ᠡ ᠦᠵᠡᠭᠦᠯᠬᠦ | ᠬᠤᠷᠰᠢᠶ᠎ᠠ ᠪᠠᠷ ᠦᠨᠡᠯᠡᠭᠳᠡᠪᠡ᠃ ᠫᠦ᠋ ᠢᠦᠢ᠂ ᠳ᠋ᠠ ᠪᠧᠢ ᠨᠦᠩ ᠵᠡᠷᠭᠡ 7 ᠲᠣᠮᠣ ᠬᠡᠯᠪᠡᠷᠢ ᠶᠢᠨ ᠲᠠᠷᠢᠶᠠᠯᠠᠩ ᠮᠠᠯ | ᠠᠵᠤ ᠠᠬᠤᠢ ᠶᠢᠨ ᠠᠵᠤ ᠠᠬᠤᠶᠢᠯᠠᠯ ᠠᠰᠢᠭᠯᠠᠯᠲᠠ ᠳᠤ ᠣᠷᠣᠪᠠ᠃ ᠬᠡᠪᠴᠢᠶᠡᠵᠢᠯ ᠤᠨ ᠲᠡᠵᠢᠭᠡᠨ ᠦᠷᠡᠵᠢᠭᠦᠯᠬᠦ | ᠲᠠᠯᠠᠪᠠᠢ ᠶᠢ 26 ᠡᠷᠦᠬᠡ ᠳᠤ ᠬᠦᠷᠭᠡᠵᠦ᠂ ᠵᠢᠯ ᠳᠤ ᠳᠤᠮᠳᠠᠴᠢ ᠪᠠᠷ 80 ᠲᠦᠮᠡᠨ ᠲᠣᠯᠣᠭᠠᠢ ᠮᠠᠯ ᠢ ᠪᠣᠷᠣᠯᠠᠭᠤᠯᠤᠨ᠎ᠠ | ᠃ 7000 ᠮᠦ ᠭᠠᠵᠠᠷ ᠡᠵᠡᠯᠡᠭᠰᠡᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ 8 | ᠠᠵᠤ ᠠᠬᠤᠶᠢᠯᠠᠯ ᠢ ᠣᠷᠣᠭᠤᠯᠤᠨ᠂ ᠴᠤᠸᠠᠨ ᠱᠦᠨ᠂ ᠵᠦ ᠬᠤᠸᠠ ᠵᠢᠶᠠᠨ ᠴᠧᠩ ᠠᠰᠢᠭᠯᠠᠯᠲᠠ ᠳᠤ ᠣᠷᠣᠪᠠ᠃ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠠᠬᠢᠴᠠ ᠢᠯᠡᠳᠲᠡ ᠲᠦᠷᠭᠡᠳᠴᠦ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ 14 ᠪᠣᠯᠵᠤ᠂ ᠪᠦᠲᠦᠭᠡᠭᠳᠡᠬᠦᠨ ᠢ | ᠡᠳ᠋ᠰᠢᠭᠦᠯᠦᠨ ᠬᠤᠪᠢᠷᠠᠭᠤᠯᠬᠤ ᠨᠣᠷᠮ᠎ᠠ 66 . 8 % ᠬᠦᠷᠲᠡᠯ᠎ᠡ ᠳᠡᠭᠡᠭᠰᠢᠯᠡᠪᠡ᠃ ᠠᠵᠤ ᠦᠢᠯᠡᠳᠪᠦᠷᠢ ᠶᠢᠨ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠪᠡ᠃ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ 22 | ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠯᠦᠩ ᠰᠢᠩ᠂ ᠵᠢᠶᠠ ᠲᠠᠢ᠂ ᠶᠠᠨ ᠶᠠᠩ᠂ ᠰᠢᠩ ᠵᠢᠶᠧ | ᠪᠠᠶᠢᠭᠠᠯᠢ ᠶᠢᠨ ᠰᠢᠲᠠᠮᠠᠬᠠᠢ ᠬᠡᠢ᠂ ᠳ᠋ᠠ ᠳᠠᠩ ᠸᠠᠨ ᠶᠤᠸᠠᠨ ᠵᠡᠷᠭᠡ ᠰᠢᠨ᠎ᠡ ᠮᠠᠲ᠋ᠧᠷᠢᠶᠠᠯ ᠤᠨ ᠰᠢᠨ᠎ᠡ ᠡᠨᠧᠷᠭᠢ ᠶᠢᠨ | ᠠᠵᠤ ᠠᠬᠤᠶᠢᠯᠠᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 50 ᠲᠦᠮᠡᠨ ᠺᠢᠯᠤᠸᠠᠲ ᠤᠨ ᠰᠠᠯᠬᠢᠨ ᠬᠦᠴᠦᠨ | ᠤ ᠴᠠᠬᠢᠯᠭᠠᠨ ᠤ ᠲᠥᠷᠥᠯ ᠵᠦᠢᠯ ᠢ ᠶᠠᠭ ᠰᠠᠶᠢᠬᠠᠨ ᠪᠦᠲᠦᠭᠡᠨ ᠪᠠᠶᠢᠭᠤᠯᠵᠤ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠡᠵᠡᠯᠡᠬᠦ ᠬᠠᠷᠢᠴᠠᠯ 67 % ᠳᠤ ᠬᠦᠷᠴᠦ᠂ ᠭᠤᠣᠯᠳᠠᠯᠭ᠎ᠠ ᠲᠠᠢ ᠳᠠᠶᠢᠴᠢᠯᠠᠬᠤ᠂ ᠣᠯᠠᠨ ᠴᠡᠭ ᠢᠶᠠᠷ | ᠲᠤᠯᠭᠠᠭᠤᠷᠢᠯᠠᠭᠰᠠᠨ ᠰᠢᠨ᠎ᠡ ᠪᠠᠷ ᠮᠠᠨᠳᠤᠭᠰᠠᠨ ᠠᠵᠤ ᠦᠢᠯᠡᠰᠵᠢᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ | ᠪᠦᠷᠢᠯᠳᠦᠭᠦᠯᠪᠡ᠃ ᠦᠢᠯᠡᠴᠢᠯᠡᠭᠡᠨ ᠤ ᠦᠢᠯᠡᠰ ᠥᠷᠨᠢᠩᠭᠦᠢ ᠬᠥᠭᠵᠢᠪᠡ᠃ ᠤᠯᠠᠭᠠᠨᠴᠠᠪ ᠤᠨ ᠶᠡᠷᠦᠩᠬᠡᠶᠢᠯᠡᠭᠰᠡᠨ | ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠳᠤᠮᠳᠠᠳᠤ ᠮᠣᠩᠭᠤᠯ ᠤᠨ ᠬᠡᠦᠷᠡᠰᠦ ᠨᠡᠭᠦᠷᠡᠰᠦᠨ ᠤ | ᠡᠭᠡᠯᠵᠢ ᠶᠢᠨ ᠭᠠᠯᠲᠤ ᠲᠡᠷᠭᠡ ᠨᠡᠪᠲᠡᠷᠡᠵᠦ᠂ ᠲᠢᠶᠠᠨᠵᠢᠨ ᠠᠴᠠ ᠰᠢᠩ ᠭᠠᠩ ᠬᠦᠷᠬᠦ ᠲᠡᠮᠦᠷ ᠵᠠᠮ ᠤᠨ ᠪᠠᠷᠠᠭ᠎ᠠ ᠶᠢᠨ | ᠲᠠᠯᠠᠪᠠᠢ ᠪᠠᠶᠢᠭᠤᠯᠤᠭᠳᠠᠨ ᠠᠰᠢᠭᠯᠠᠯᠲᠠ ᠳᠤ ᠣᠷᠣᠪᠠ᠃ ᠰᠤᠮᠤᠨ ᠠᠭᠤᠯᠠ ᠪᠠ ᠴᠠᠷ ᠨᠠᠭᠤᠷ ᠤᠨ 4 A ᠲᠡᠰ ᠤᠨ | ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠬᠦᠯᠢᠶᠡᠨ ᠠᠪᠬᠤ | ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠯᠦ ᠵᠢᠶᠠ ᠶᠢᠩ ᠠᠮᠢ ᠠᠬᠤᠶ ᠶᠢᠨ ᠵᠢᠭᠤᠯᠴᠢᠯᠠᠯ ᠤᠨ ᠵᠢᠵᠢᠭ | ᠪᠠᠯᠭᠠᠰᠤ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢᠶᠠᠷ | ᠦᠨᠡᠯᠡᠭᠳᠡᠪᠡ᠃ ᠥᠪᠥᠷ ᠮᠣᠩᠭᠤᠯ ᠤᠨ ᠠᠩᠬᠠᠳᠠᠭᠴᠢ ︽ᠵᠠᠭᠤᠨ ᠰᠠᠶᠢᠬᠠᠨ ᠲᠣᠰᠬᠤᠨ ᠤ ᠪᠠᠭᠤᠳᠠᠯ︾ ᠤᠨ ᠵᠢᠱᠢᠶ᠎ᠡ | ᠦᠵᠡᠭᠦᠯᠬᠦ ᠲᠥᠷᠥᠯ ᠵᠦᠢᠯ ᠰᠢᠩ ᠾᠧ ᠶᠢᠨ ᠡᠷᠦᠭᠡ ᠠᠮᠠ ᠶᠢᠨ ᠲᠠᠩᠰᠠᠨ ᠳᠤ ᠤᠷᠤᠪᠠ᠃ ᠰᠤᠮᠤᠨ ᠠᠭᠤᠯᠠ᠂ | ᠳ᠋ᠠ ᠨᠠᠨ ᠱᠠᠨ ᠠᠭᠤᠯᠠ ᠨᠢ ᠰᠤᠷᠭᠠᠨ ᠬᠥᠮᠦᠵᠢᠯ ᠪᠣᠯᠪᠠᠰᠤᠷᠠᠭᠤᠯᠤᠯ ᠤᠨ ᠴᠢᠬᠤᠯᠠ ᠰᠠᠭᠤᠷᠢᠨ ᠭᠠᠵᠠᠷ ᠪᠣᠯᠪᠠ᠃ | ᠰᠢᠩ ᠾᠧ ᠰᠢᠶᠠᠨ ᠤ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ | ᠬᠤᠷᠢᠶᠠᠯᠲᠠ ᠶᠢᠨ ᠪᠠᠶᠠᠷ ᠢ ᠠᠮᠵᠢᠯᠲᠠ ᠲᠠᠢ ᠡᠷᠬᠢᠯᠡᠪᠡ᠃ | ᠪᠢᠳᠡ ᠰᠠᠭᠤᠷᠢ ᠪᠠᠨ ᠪᠠᠲᠤᠳᠬᠠᠵᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ | ᠬᠤᠳᠠ ᠬᠥᠳᠡᠭᠡ ᠶᠢᠨ ᠳᠦᠷᠰᠦ ᠪᠠᠶᠢᠳᠠᠯ ᠢ ᠶᠡᠬᠡᠪᠡᠷ ᠰᠠᠶᠢᠵᠢᠷᠠᠭᠤᠯᠪᠠ᠃ ᠬᠤᠲᠠ ᠶᠢᠨ ᠴᠢᠳᠠᠮᠵᠢ ᠲᠠᠰᠤᠷᠠᠯᠲᠠ | ᠦᠭᠡᠢ ᠲᠡᠭᠡᠭᠰᠢᠯᠡᠵᠦ᠂ ᠬᠤᠲᠠ ᠶᠢᠨ ᠲᠣᠭᠤᠷᠢᠭ ᠤᠨ ᠪᠠᠶᠢᠭᠤᠯᠤᠭᠰᠠᠨ ᠲᠠᠯᠠᠪᠠᠢ 19.87 ᠲᠡᠭᠰᠢ ᠳᠥᠷᠪᠡᠯᠵᠢᠨ | ᠺᠢᠯᠤᠮᠧᠲᠷ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠨ ᠭᠠᠵᠠᠷ ᠤᠨ ᠲᠠᠯᠠᠪᠠᠢ 13.64 ᠲᠡᠭᠰᠢ | ᠳᠥᠷᠪᠡᠯᠵᠢᠨ ᠮᠧᠲᠷ᠂ ᠨᠣᠭᠤᠭᠠᠨ ᠭᠠᠵᠠᠷ ᠤᠨ ᠨᠣᠷᠮ᠎ᠠ 31.42 % ᠲᠤ ᠬᠦᠷᠪᠡ᠃ ᠨᠡᠶᠢᠲᠡ 36 .7 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠲᠠ ᠶᠢᠨ ᠵᠠᠮ ᠢ15 ᠺᠢᠯᠤᠮᠧᠲᠷ ᠪᠠ ᠬᠤᠭᠤᠯᠠᠢ ᠲᠣᠣᠷ ᠢ | 73.8 ᠺᠢᠯᠤᠮᠧᠲᠷ ᠰᠢᠨ᠎ᠡ ᠪᠠᠷ ᠪᠤᠶᠤ ᠥᠭᠡᠷᠡᠴᠢᠯᠡᠨ ᠵᠠᠰᠠᠵᠤ᠂ ᠪᠠᠰᠠ 9 ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠵᠠᠰᠠᠪᠠ᠃ ᠬᠤᠲᠠ ᠪᠠᠯᠭᠠᠰᠤᠨ ᠤ ᠤᠰᠤ ᠬᠠᠩᠭᠠᠬᠤ ᠲᠦᠭᠡᠮᠡᠯᠵᠢᠭᠰᠡᠨ ᠨᠣᠷᠮ᠎ᠠ 98%᠂ ᠢᠯᠴᠢ | ᠬᠠᠩᠭᠠᠬᠤ ᠲᠦᠭᠡᠮᠡᠯᠵᠢᠭᠰᠡᠨ ᠨᠣᠷᠮ᠎ᠠ 85 %᠂ ᠬᠡᠶ ᠬᠠᠩᠭᠠᠬᠤ ᠲᠦᠭᠡᠮᠡᠯᠵᠢᠭᠰᠡᠨ ᠨᠣᠷᠮ᠎ᠠ 98.8 %᠂ | ᠠᠮᠢᠳᠤᠷᠠᠯ ᠤᠨ ᠪᠣᠬᠢᠷ ᠤᠰᠤ ᠶᠢ ᠰᠢᠢᠳᠪᠤᠷᠢᠯᠡᠭᠰᠡᠨ ᠨᠣᠷᠮ᠎ᠠ 96.4 % ᠳᠤ ᠬᠥᠷᠪᠡ᠃ ︽ᠤᠯᠤᠰ ᠤᠨ ᠡᠷᠡᠭᠦᠯ | ᠬᠠᠮᠠᠭᠠᠯᠠᠯ ᠤᠨ ᠰᠢᠶᠠᠨ ᠤ ᠲᠡᠰ ᠤᠨ ᠬᠤᠲᠠ︾ ︽ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠰᠡᠨ ᠰᠢᠶᠠᠨ ᠤ | ᠲᠡᠰ ᠤᠨ ᠬᠤᠲᠠ︾ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠲᠡᠰ ᠤᠨ ᠬᠤᠲᠠ︾ ︽ | ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠰᠢᠶᠠᠨ ᠤ ᠲᠡᠰ ᠤᠨ ᠬᠤᠲᠠ︾ ᠶᠢ | ᠠᠮᠵᠢᠯᠲᠠ ᠲᠠᠢ ᠡᠭᠦᠳᠦᠨ ᠪᠠᠶᠢᠭᠤᠯᠪᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠲᠠᠰᠤᠷᠠᠯᠲᠠ ᠦᠭᠡᠢ ᠲᠦᠷᠭᠡᠳᠪᠡ᠃ ᠬᠥᠳᠡᠭᠡ ᠲᠣᠰᠬᠤᠨ ᠤ 1 .72 ᠲᠦᠮᠡᠨ ᠡᠷᠦᠬᠡ ᠶᠢᠨ | ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠤᠤᠭᠤᠬᠤ ᠤᠰᠤᠨ ᠤ | ᠠᠶᠤᠯᠭᠦᠢ ᠢᠨᠵᠧᠨᠧᠷᠢᠩ ᠢ 141 ᠰᠢᠨ᠎ᠡ ᠪᠠᠷ ᠪᠠᠶᠢᠭᠤᠯᠪᠠ᠃ ᠲᠣᠰᠬᠤᠨ ᠤ ᠰᠣᠶᠣᠯ ᠤᠨ ᠬᠥᠳᠡᠯᠭᠡᠭᠡᠨ ᠤ ᠲᠠᠰᠤᠭ᠂ | ᠡᠷᠡᠭᠦᠯ ᠬᠠᠮᠠᠭᠠᠯᠠᠯ ᠤᠨ ᠲᠠᠰᠤᠭ ᠤᠨ ᠤᠶᠢᠯᠡᠴᠢᠯᠡᠭᠡᠨ ᠤ ᠴᠢᠳᠠᠪᠤᠷᠢ ᠪᠥᠬᠦ ᠲᠠᠯ᠎ᠠ ᠪᠠᠷ ᠳᠡᠭᠡᠭᠰᠢᠯᠡᠪᠡ᠃ 4 G | ᠰᠦᠯᠵᠢᠶ᠎ᠡ ᠶᠢ ᠨᠡᠶᠢᠳᠡᠮ ᠪᠥᠷᠬᠦᠭᠦᠯᠵᠦ᠂ 5 G ᠰᠠᠭᠤᠷᠢ ᠥᠷᠲᠡᠭᠡ ᠶᠢ 70 ᠪᠠᠶᠢᠭᠤᠯᠪᠠ᠃ ᠬᠥᠳᠡᠭᠡ | ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ | ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠬᠥᠳᠡᠭᠡ ᠲᠣᠰᠬᠤᠨ ᠤ 1 . 1 ᠲᠦᠮᠡᠨ ᠡᠷᠦᠬᠡ ᠶᠢᠨ ᠵᠣᠷᠯᠣᠩ ᠢ | ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠭᠰᠡᠨ ᠨᠣᠷᠮ᠎ᠠ 92. | 5% ᠳᠤ ᠬᠦᠷᠪᠡ᠃ ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠪᠡ᠃ ᠪᠠᠷᠠᠭ᠎ᠠ ᠶᠢᠨ ᠭᠦᠢᠯᠭᠡᠭᠡᠨ ᠤ | ᠬᠦᠷᠢᠶᠡᠯᠡᠩ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠨᠡᠶᠢᠲᠡ 121 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | ᠤᠰᠤ᠂ ᠴᠠᠬᠢᠯᠭᠠᠨ᠂ ᠵᠠᠮ᠂ ᠴᠢᠮᠡᠭᠡ ᠨᠡᠪᠲᠡᠷᠡᠯᠭᠡ᠂ ᠬᠡᠢ᠂ ᠪᠣᠬᠢᠷ ᠤᠰᠤ ᠰᠢᠢᠳᠪᠤᠷᠢᠯᠡᠬᠦ ᠵᠡᠷᠭᠡ ᠰᠠᠭᠤᠷᠢ | ᠪᠡᠯᠡᠳᠬᠡᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ | ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠦᠷ᠎ᠡ ᠪᠦᠲᠦᠮᠵᠢ ᠶᠢ ᠪᠠᠬᠢᠵᠢᠭᠦᠯᠬᠦ ᠵᠡᠷᠭᠡ ᠤᠯᠤᠰ ᠤᠨ | ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠨᠡᠶᠢᠲᠡ 62.2 ᠲᠦᠮᠡᠨ ᠮᠥ ᠪᠡᠶᠡᠯᠡᠭᠦᠯᠵᠦ᠂ ᠪᠥᠬᠦ | ᠰᠢᠶᠠᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ 2017 ᠣᠨ ᠤ ᠵᠢᠯ ᠤᠨ ᠡᠴᠦᠰ ᠲᠤ 24.1 % | ᠪᠠᠶᠢᠭᠰᠠᠨ ᠠᠴᠠ ᠪᠠᠨ 24.8 % ᠪᠣᠯᠤᠨ ᠳᠡᠭᠡᠭᠰᠢᠯᠡᠵᠦ᠂ ᠣᠶ ᠰᠢᠭᠤᠶ ᠡᠪᠡᠰᠦᠨ ᠤ ᠪᠦᠷᠬᠦᠴᠡ ᠶᠢᠨ ᠬᠡᠮᠵᠢᠶ᠎ᠡ | 2017 ᠣᠨ ᠤ ᠵᠢᠯ ᠤᠨ ᠡᠴᠦᠰ ᠲᠤ 51.2 % ᠪᠠᠶᠢᠭᠰᠠᠨ ᠠᠴᠠ ᠪᠠᠨ 53.6 % ᠪᠣᠯᠤᠨ ᠳᠡᠭᠡᠭᠰᠢᠯᠡᠪᠡ᠃ | 223 ᠮᠤᠵᠢ ᠶᠢᠨ ᠲᠡᠰ ᠤᠨ ᠵᠠᠰᠠᠮᠠᠯ ᠵᠠᠮ ᠤᠨ ᠱᠠᠩᠳᠤ ᠠᠴᠠ ᠰᠢᠩ ᠾᠧ ᠬᠦᠷᠬᠦ ᠬᠡᠰᠡᠭ ᠤᠨ ᠪᠠᠷᠢᠯᠭ᠎ᠠ ᠳᠠᠭᠤᠰᠴᠤ | ᠲᠡᠷᠭᠡ ᠨᠡᠪᠲᠡᠷᠡᠪᠡ᠃ 9 ᠰᠢᠶᠠᠩ ᠪᠠᠯᠭᠠᠰᠤ ᠪᠦᠬᠦᠨ ᠢᠶᠠᠷ ᠢᠶᠠᠨ ᠭᠤᠷᠪᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ | ᠨᠡᠪᠲᠡᠷᠡᠵᠦ᠂ 161 ᠵᠠᠰᠠᠭ ᠵᠠᠬᠢᠷᠭᠠᠨ ᠤ ᠲᠣᠰᠬᠤᠨ ᠳᠤ ᠪᠦᠬᠦᠨ ᠢᠶᠠᠷ ᠢᠶᠠᠨ ᠴᠠᠷᠳᠠᠮᠠᠯ ᠵᠠᠮ ᠪᠤᠶᠤ ᠱᠦᠢᠨᠢ ᠵᠠᠮ | ᠨᠡᠪᠲᠡᠷᠡᠵᠦ᠂ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠶᠡᠷᠦᠩᠬᠡᠶ ᠤᠷᠲᠤ 1590 ᠺᠢᠯᠦᠮᠧᠲᠷ ᠲᠤ ᠬᠦᠷᠪᠡ᠃ 3 | ᠰᠠᠭᠤᠷᠢ ᠬᠦᠴᠦᠳᠡᠯ ᠥᠭᠡᠷᠡᠴᠢᠯᠡᠬᠦ ᠥᠷᠲᠡᠭᠡ᠂ 1045 ᠺᠢᠯᠦᠮᠧᠲᠷ ᠴᠠᠬᠢᠯᠭᠠᠨ ᠬᠦᠷᠭᠡᠬᠦ ᠱᠤᠭᠤᠮ ᠢ ᠰᠢᠨ᠎ᠡ ᠪᠠᠷ | ᠪᠠᠶᠢᠭᠤᠯᠵᠤ ᠦᠭᠡᠷᠡᠴᠢᠯᠡᠪᠡ᠃ | ᠪᠢᠳᠡ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠣᠭᠲᠠᠭᠤᠨ ᠪᠠᠶᠢᠳᠠᠯ ᠢ ᠪᠠᠲᠤᠯᠠᠬᠤ᠂ ᠠᠷᠠᠳ | ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠶᠡᠭᠡ ᠪᠠᠷ ᠳᠡᠭᠡᠭᠰᠢᠯᠡᠭᠦᠯᠬᠦ ᠪᠠᠷ ᠴᠢᠷᠮᠠᠶᠢᠵᠤ ᠪᠠᠶᠢᠨ᠎ᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ ᠬᠦᠴᠦᠲᠡᠶ ᠪᠣᠯᠪᠠ᠃ ᠠᠷᠠᠳ ᠤᠯᠠᠨ ᠤ ᠠᠮᠤᠷ ᠲᠦᠪᠰᠢᠨ ᠠᠶᠤᠯ | ᠲᠦᠭᠰᠢᠭᠦᠷᠢ᠂ ᠬᠠᠯᠠᠭᠤᠨ ᠬᠦᠢᠳᠡᠨ ᠢ ᠢᠮᠠᠭᠲᠠ ᠰᠡᠳᠬᠢᠯ ᠳᠡᠭᠡᠨ ᠪᠤᠳᠤᠵᠤ᠂ ᠡᠳ᠋ ᠤᠨ ᠵᠠᠰᠠᠭ ᠤᠨ ᠠᠷᠠᠳ ᠤᠨ | ᠠᠮᠢᠳᠤᠷᠠᠯ ᠵᠢᠴᠢ ᠨᠡᠶᠢᠭᠡᠮ ᠤᠨ ᠦᠢᠯᠡᠰ ᠲᠤ ᠬᠡᠷᠡᠭᠯᠡᠭᠰᠡᠨ ᠵᠠᠷᠤᠯᠭ᠎ᠠ ᠨᠡᠶᠢᠳᠡ 84.32 ᠳ᠋ᠦᠩᠰᠢᠭᠤᠷ | ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠪᠦᠬᠦ ᠵᠠᠷᠤᠯᠭ᠎ᠠ ᠶᠢᠨ 75% ᠶᠢ ᠡᠵᠡᠯᠡᠪᠡ᠃ ᠬᠤᠲᠠ | ᠪᠠᠯᠭᠠᠰᠤᠨ ᠤ 5673 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠯᠮᠦᠷᠢ ᠬᠦᠴᠦᠨ ᠢ ᠵᠢᠯ ᠪᠦᠷᠢ | ᠳᠤᠮᠳᠠᠴᠢ ᠪᠠᠷ 3.2 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠴᠡᠷᠢᠭ ᠠᠴᠠ ᠬᠠᠯᠠᠭᠳᠠᠭᠰᠠᠨ | ᠺᠠᠳ᠋ᠷ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠶᠢ ᠲᠥᠪᠬᠢᠨᠡᠭᠦᠯᠬᠦ ᠲᠦᠷᠦ ᠶᠢᠨ ᠪᠤᠳᠤᠯᠭ᠎ᠠ ᠶᠢ ᠪᠦᠲᠦᠮᠵᠢᠲᠡᠢ | ᠨᠠᠶᠢᠳᠠᠪᠤᠷᠢᠵᠢᠭᠤᠯᠪᠠ᠃ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠ ᠠᠪᠤᠷᠠᠨ | ᠲᠤᠰᠠᠯᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ | ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ | ᠪᠣᠯᠤᠭᠰᠠᠨ ᠭᠡᠮᠲᠦᠯ᠂ ᠦᠷᠡᠵᠢᠯ ᠵᠡᠷᠭᠡ ᠡᠯ᠎ᠡ ᠵᠦᠢᠯ ᠤᠨ ᠪᠠᠲᠤᠯᠠᠭ᠎ᠠ ᠶᠢᠨ ᠪᠠᠲᠤᠯᠠᠬᠤ ᠶᠣᠰᠣᠲᠠᠢ ᠶᠢ ᠨᠢ ᠴᠥᠮ | ᠪᠠᠲᠤᠯᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠬᠥᠮᠦᠨ ᠤ ᠲᠤᠭ᠎ᠠ 22.1ᠲᠦᠮᠡ ᠳᠤ ᠬᠦᠷᠪᠡ᠃ ᠨᠡᠶᠢᠭᠡᠮ ᠤᠨ ᠦᠢᠯᠡᠰ ᠯᠠᠪᠳᠠᠭᠤᠨ ᠢᠶᠠᠷ | ᠬᠥᠭᠵᠢᠪᠡ᠃ 1.7 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠂ ᠬᠡᠦᠬᠡᠳ ᠤᠨ ᠴᠡᠴᠡᠷᠯᠢᠭ᠂ ᠲᠠᠪᠤᠨ ᠪᠠᠭ᠎ᠠ | ᠰᠤᠷᠭᠠᠭᠤᠯᠢ᠂ ᠨᠢᠬᠡ ᠬᠥᠯ ᠪᠥᠮᠪᠦᠭᠡ ᠶᠢᠨ ᠣᠷᠳᠣᠨ ᠢ ᠰᠢᠨ᠎ᠡ ᠪᠠᠷ ᠪᠠᠶᠢᠭᠤᠯᠵᠤ᠂ ᠣᠨᠴᠠᠭᠠᠢ ᠰᠤᠷᠭᠠᠨ | ᠬᠥᠮᠦᠵᠢᠯ ᠤᠨ ᠰᠤᠷᠭᠠᠭᠤᠯᠢ ᠶᠢ ᠨᠢᠬᠡ ᠥᠷᠭᠡᠳᠬᠡᠨ ᠪᠠᠶᠢᠭᠤᠯᠪᠠ᠃ ᠰᠤᠷᠭᠠᠨ ᠬᠥᠮᠦᠵᠢᠯ ᠤᠨ ᠦᠨᠡᠯᠡᠯᠲᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠶᠡᠭᠡ ᠰᠤᠷᠭᠠᠭᠤᠯᠢ ᠲᠡᠭᠦᠰᠦᠭᠰᠡᠨ 376 ᠰᠢᠯᠢᠳᠡᠭ | ᠣᠶᠤᠲᠠᠨ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠣᠴᠢᠵᠤ ᠲᠡᠭᠦᠯᠳᠡᠷᠵᠢᠪᠡ᠃ ︽ᠬᠤᠶᠠᠷ ᠢ ᠪᠠᠭᠠᠰᠬᠠᠬᠤ | ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠦᠢᠯᠡ | ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ | ᠶᠡᠬᠡᠪᠡᠷ ᠥᠷᠨᠢᠭᠦᠯᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠪᠣᠯᠤᠨ ᠤᠷᠤᠯᠳᠤᠭᠠᠨ ᠤ ᠪᠡᠶ᠎ᠡ ᠶᠢᠨ ᠲᠠᠮᠢᠷ | ᠵᠣᠬᠢᠴᠠᠩᠭᠤᠶ ᠬᠥᠭᠵᠢᠪᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ | ᠰᠢᠰᠲ᠋ᠧᠮ ᠲᠠᠰᠤᠷᠠᠯᠲᠠ ᠦᠭᠡᠢ ᠰᠢᠯᠢᠳᠡᠭᠵᠢᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠤᠯᠠᠮ | ᠴᠢᠨᠠᠭᠰᠢᠳᠠ ᠴᠢᠩᠭᠠᠷᠠᠪᠠ᠃ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ | ᠲᠣᠣᠷ ᠲᠠᠰᠤᠷᠠᠯᠲᠠ ᠤᠢᠭᠡᠢ ᠪᠦᠷᠢᠨᠰᠢᠵᠦ᠂ ᠬᠤᠲᠠ ᠬᠥᠳᠡᠭᠡ ᠶᠢ ᠬᠠᠮᠤᠷᠤᠭᠰᠠᠨ ᠠᠯᠤᠰ ᠠᠴᠠ ᠬᠠᠮᠲᠤᠷᠠᠨ | ᠣᠨᠣᠰᠢᠯᠠᠬᠤ᠂ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠡᠳᠦᠷ ᠢᠷᠡᠬᠦᠶ᠎ᠡ ᠲᠡᠭᠦᠯᠳᠡᠷᠵᠢᠪᠡ᠃ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠰᠢᠨ᠎ᠡ ᠲᠢᠳᠢᠮᠯᠢᠭᠳᠦ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ︽ᠣᠷᠣᠵᠤ ᠢᠷᠡᠬᠦ ᠲᠡᠶᠢᠯᠬᠦ ᠦᠭᠡᠢ᠂ ᠬᠠᠯᠳᠠᠪᠤᠷᠢᠯᠠᠬᠳᠠᠬᠤ | ᠦᠭᠡᠢ︾ ᠪᠣᠯᠪᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠲᠠᠰᠤᠷᠠᠯᠲᠠ ᠤᠢᠭᠡᠢ | ᠪᠦᠷᠢᠨᠰᠢᠵᠦ᠂ ᠰᠣᠶᠣᠯ ᠤᠨ ᠦᠢᠯᠡᠰ ᠥᠷᠨᠢᠨ ᠬᠥᠭᠵᠢᠵᠦ᠂ ᠨᠢᠭᠡ ᠪᠦᠯᠦᠭ ᠰᠢᠯᠢᠳᠡᠭ ᠵᠦᠴᠦᠭᠡ ᠪᠣᠯᠤᠨ | ᠤᠯᠠᠮᠵᠢᠯᠠᠨ ᠵᠠᠯᠭᠠᠮᠵᠢᠯᠠᠭᠴᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠰᠠᠶᠢᠰᠢᠶᠠᠯ ᠢ ᠬᠦᠷᠲᠡᠪᠡ᠃ | ᠤᠯᠠᠭᠠᠨᠮᠥ᠋ᠴᠢᠷ ᠤᠨ ᠬᠥᠩᠭᠡᠨ ᠮᠣᠷᠢᠲᠤ ᠴᠡᠷᠢᠭ ᠤᠨ ᠦᠢᠯᠡᠳᠦᠯ ᠲᠠᠰᠤᠷᠠᠯᠲᠠ ᠥᠬᠡᠶ ᠲᠣᠪᠤᠶᠢᠮ᠎ᠠ ᠢᠯᠡᠷᠡᠵᠦ᠂ | ᠦᠵᠡᠰᠭᠦᠯᠡᠩᠳᠦ ᠰᠢᠩ ᠾᠧ ᠲᠥᠪ ᠲᠧᠯᠸᠢᠰ ᠤᠨ ︽ᠬᠥᠳᠡᠭᠡ ᠲᠣᠰᠬᠤᠨ ᠤ ᠲᠣᠮᠣ ᠲᠠᠪᠴᠠᠩ︾ ᠢ | ᠬᠠᠩᠭᠢᠨᠠᠭᠤᠯᠪᠠ᠃ 86 ᠲᠣᠰᠬᠤᠨ ᠪᠣᠯᠪᠠᠰᠤᠨ ᠲᠣᠰᠬᠤᠨ ᠪᠠᠯᠭᠠᠰᠤ ᠶᠢᠨ ᠢᠷᠠᠭᠤ ᠠᠯᠳᠠᠷ ᠤᠨ ᠴᠣᠯᠠ ᠶᠢ | ᠬᠦᠷᠲᠡᠪᠡ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠴᠢᠨᠠᠷ ᠰᠠᠶᠢᠲᠠᠶ | ᠪᠡᠶᠡᠯᠡᠭᠦᠯᠪᠡ᠃ ᠡᠮᠡᠭᠲᠡᠶᠢᠴᠦᠳ ᠤᠨ ᠬᠤᠯᠪᠣᠭ᠎ᠠ ᠪᠦᠬᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ | ᠪᠠᠶᠢᠷᠢ ᠪᠠᠷ ᠦᠨᠡᠯᠡᠭᠳᠡᠪᠡ᠃ ᠴᠠᠭ ᠠᠭᠤᠷ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠬᠠᠩᠭᠠᠨ ᠪᠣᠷᠣᠯᠠᠭᠤᠯᠬᠤ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠦᠢᠯᠡᠰ ᠰᠢᠨ᠎ᠡ ᠠᠬᠢᠴᠠ ᠲᠠᠢ ᠪᠣᠯᠪᠠ᠃ ᠨᠡᠶᠢᠭᠡᠮ ᠤᠨ | ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠰᠠᠶᠢᠵᠢᠷᠠᠪᠠ᠃ ︽ᠠᠮᠤᠷ ᠠᠮᠤᠭᠤᠯᠠᠩ ᠳᠤᠮᠳᠠᠳᠤ ᠤᠯᠤᠰ ᠤᠨ | ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ︾ ᠤ ᠢᠷᠠᠭᠤ ᠠᠯᠳᠠᠷ ᠬᠦᠷᠳᠡᠵᠦ᠂ ᠭᠠᠵᠠᠷ ᠣᠷᠣᠨ ᠤ | ᠨᠡᠷ᠎ᠡ ᠠᠯᠳᠠᠷᠰᠢᠯ᠂ ᠨᠡᠶᠢᠭᠡᠮ ᠤᠨ ᠡᠶ᠎ᠡ ᠵᠣᠬᠢᠴᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢᠨ ︽ᠠᠯᠲᠠᠨ | ᠨᠡᠷ᠎ᠡ ᠶᠢᠨ ᠬᠠᠭᠤᠳᠠᠰᠤ︾ ᠪᠣᠯᠪᠠ᠃ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠵᠣᠬᠢᠴᠠᠮᠵᠢ ᠲᠠᠰᠤᠷᠠᠯᠲᠠ | ᠦᠭᠡᠢ ᠲᠡᠭᠦᠯᠳᠡᠷᠵᠢᠵᠦ᠂ ᠣᠯᠠᠨ ᠲᠦᠮᠡᠨ ᠤ ︽ᠪᠠᠴᠢᠮ ᠬᠦᠴᠢᠷᠲᠡᠢ ᠠᠰᠠᠭᠤᠳᠠᠯ︾ ᠢ ᠵᠣᠬᠢᠰᠲᠠᠢ ᠰᠢᠢᠳᠪᠦᠷᠢᠯᠡᠪᠡ᠃ | ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠲᠡᠭᠦᠰ | ᠠᠮᠵᠢᠯᠲᠠ ᠲᠠᠢ ᠪᠡᠶᠡᠯᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠬᠦ ᠪᠠ | ᠴᠣᠬᠢᠯᠲᠠ ᠥᠭᠪᠡ᠃ ᠠᠶᠤᠯᠭᠦᠶ ᠤᠶᠢᠯᠡᠳᠪᠤᠷᠢᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ | ᠢᠯᠡᠳᠲᠡ ᠦᠷ᠎ᠡ ᠪᠦᠲᠦᠮᠵᠢ ᠣᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠤᠯ ᠵᠢᠷᠭᠠᠯᠲᠤ ᠲᠥᠷᠥᠭᠳᠡᠯ | ᠠᠮᠤᠷ ᠲᠦᠪᠰᠢᠨ ᠤ ᠲᠥᠷᠥᠭᠳᠡᠯ ᠶᠡᠭᠡ ᠪᠠᠷ ᠳᠡᠭᠡᠭᠰᠢᠯᠡᠪᠡ᠃ | ᠪᠢᠳᠡ ᠥᠭᠡᠷᠡᠴᠢᠯᠡᠯᠲᠡ ᠶᠢ ᠠᠳᠬᠤᠵᠤ ᠰᠢᠨ᠎ᠡ ᠶᠢ ᠡᠭᠦᠳᠬᠦ ᠪᠠᠷ ᠬᠦᠴᠦᠯᠡᠨ ᠴᠢᠷᠮᠠᠶᠢᠵᠤ᠂ ᠭᠠᠵᠠᠷ | ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠬᠭᠠᠷᠠᠭᠤᠯᠪᠠ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠪᠠ᠃ ᠰᠢᠨ᠎ᠡ ᠨᠢᠭᠡᠨ ᠡᠭᠡᠯᠵᠢ ᠶᠢᠨ | ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠠᠰᠠᠭ ᠤᠨ | ᠣᠷᠳᠣᠨ ᠤ ᠰᠠᠯᠠᠭ᠎ᠠ ᠮᠥᠴᠢᠷ ᠢ ᠴᠣᠮᠬᠠᠳᠬᠠᠨ ᠨᠡᠶᠢᠯᠡᠭᠦᠯᠦᠭᠡᠳ 27 ᠪᠣᠯᠭᠠᠪᠠ᠃ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ | ᠥᠭᠡᠷᠡᠴᠢᠯᠡᠯᠲᠡ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠬᠤ ᠪᠠ ᠬᠠᠮᠲᠤ ᠶᠢᠨ | ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠵᠡᠷᠭᠡ ᠵᠠᠩᠭᠢᠯᠠᠭ᠎ᠠ ᠶᠢᠨ ᠬᠦᠷᠢᠶᠡᠨ ᠤ ᠥᠭᠡᠷᠡᠴᠢᠯᠡᠯᠲᠡ ᠶᠢ | ᠤᠷᠤᠭᠰᠢᠲᠠᠢ ᠪᠡᠶᠡᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ | ︽ᠣᠯᠠᠨ ᠦᠨᠡᠮᠯᠡᠯ ᠢ ᠨᠢᠭᠡᠳᠬᠡᠬᠦ︾ ᠳᠠᠩᠰᠠᠯᠠᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ 7778 ᠡᠷᠦᠬᠡ ᠰᠢᠨ᠎ᠡ ᠪᠠᠷ ᠨᠡᠮᠡᠭᠳᠡᠪᠡ᠃ ︽ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠲᠥᠷᠥᠯ | ᠵᠦᠢᠯ ᠢ ᠬᠢᠨᠠᠨ ᠵᠥᠪᠰᠢᠶᠡᠷᠡᠬᠦ ᠳᠤᠮᠳᠠᠴᠢ ᠭᠦᠢᠴᠡᠳᠭᠡᠬᠦ ᠴᠠᠭ ᠢ 19.7 ᠡᠳᠦᠷ ᠪᠠᠶᠢᠭᠰᠠᠨ ᠠᠴᠠ 5.8 ᠡᠳᠦᠷ | ᠪᠣᠯᠭᠠᠨ ᠪᠣᠭᠤᠨᠢᠰᠬᠠᠪᠠ᠃ ︽ᠨᠢᠭᠡ ᠰᠦᠯᠵᠢᠶ᠎ᠡ ᠪᠠᠷ ᠭᠦᠢᠴᠡᠳᠭᠡᠬᠦ᠂ ᠠᠯᠠᠭᠠᠨ ᠳᠡᠭᠡᠷ᠎ᠡ ᠭᠦᠢᠴᠡᠳᠭᠡᠬᠦ᠂ ᠨᠢᠭᠡ ᠯᠡ | ᠤᠳᠠᠭ᠎ᠠ ᠳᠤ ᠭᠦᠢᠴᠡᠳᠭᠡᠬᠦ᠂ ᠬᠠᠪᠰᠤᠷᠤᠨ ᠭᠦᠢᠴᠡᠳᠭᠡᠬᠦ︾ ᠣᠶᠤᠨᠴᠢ ᠵᠠᠰᠠᠭ ᠤᠨ ᠶᠠᠪᠤᠳᠠᠯ ᠢ ᠪᠥᠬᠦ ᠲᠠᠯ᠎ᠠ ᠪᠠᠷ | ᠬᠡᠷᠡᠭᠵᠢᠭᠦᠯᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠠᠶᠢᠯᠢ ᠰᠦᠢᠳᠬᠡᠯ ᠢ ᠨᠡᠶᠢᠲᠡ 3.82 ᠳ᠋ᠦᠩᠰᠢᠭᠤᠷ ᠲᠥᠭᠦᠷᠢᠭ | ᠬᠠᠰᠤᠵᠤ ᠬᠡᠯᠲᠦᠷᠢᠭᠦᠯᠪᠡ᠃ 48 ᠵᠦᠢᠯ ᠤᠨ ᠴᠢᠬᠤᠯᠠ ᠶᠡᠭᠡ ᠲᠥᠷᠥᠯ ᠵᠦᠢᠯ ᠪᠠ 54.4 ᠳ᠋ᠦᠩᠰᠢᠭᠤᠷ | ᠲᠥᠭᠦᠷᠢᠭ ᠤᠨ ᠡᠯ᠎ᠡ ᠲᠥᠷᠥᠯ ᠤᠨ ᠪᠡᠯᠡ ᠮᠥᠩᠭᠦ ᠶᠢ ᠲᠡᠳᠡᠨ ᠣᠷᠣᠭᠤᠯᠵᠤ᠂ ᠬᠥᠭᠵᠢᠯᠲᠡ ᠶᠢᠨ ᠠᠮᠢᠵᠢᠷᠠᠯ ᠤᠨ | ᠬᠦᠴᠦᠨ ᠤᠯᠠᠮ ᠨᠢᠭᠡ ᠠᠯᠬᠤᠮ ᠴᠢᠩᠭᠠᠷᠠᠪᠠ᠃ | ᠪᠢᠳᠡ ᠰᠤᠷᠲᠠᠯ ᠢᠶᠠᠨ ᠬᠤᠪᠢᠷᠠᠭᠤᠯᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠪᠠᠷ ᠴᠢᠷᠮᠠᠶᠢᠵᠤ᠂ | ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠬᠤᠶᠠᠷ ᠢ | ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ | ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠬᠦᠯᠦᠨ᠂ ︽ᠠᠯᠵᠠᠭᠤ | ᠬᠤᠶᠢᠷᠭᠤ ᠰᠤᠯᠠ ᠵᠠᠳᠠᠭᠠᠶ᠂ ᠤᠳᠠᠭᠠᠰᠢᠷᠠᠭᠤᠯᠵᠤ ᠬᠤᠶᠢᠰᠢᠯᠠᠭᠤᠯᠬᠤ ᠲᠤᠭᠤᠷᠢᠵᠦ ᠲᠤᠬᠰᠢᠭᠤᠯᠬᠤ᠂ ᠴᠠᠯᠠᠭᠠᠶᠢᠷᠠᠬᠤ | ᠡᠷᠤᠢ ᠬᠤᠷᠦᠢ︾ ᠪᠠᠶᠢᠬᠤ ᠰᠤᠷᠲᠠᠯ ᠤᠨ ᠠᠷᠬᠠᠭ ᠬᠡᠮ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠨᠠᠮ ᠤᠨ ᠰᠤᠷᠲᠠᠯ | ᠵᠠᠰᠠᠭ ᠤᠨ ᠰᠤᠷᠲᠠᠯ ᠪᠠ ᠨᠡᠶᠢᠭᠡᠮ ᠤᠨ ᠬᠡᠪ ᠰᠤᠷᠲᠠᠯ ᠦᠷᠭᠦᠯᠵᠢᠯᠡᠨ ᠰᠠᠶᠢᠵᠢᠷᠠᠪᠠ᠃ ︽ᠭᠤᠷᠪᠠᠨ ᠴᠢᠬᠤᠯᠠ ᠨᠢᠭᠡ | ᠲᠣᠮᠣ︾ ᠬᠠᠮᠲᠤ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ | ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠣᠳᠣᠵᠤ ᠬᠢᠨᠠᠯᠲᠠ ᠲᠠᠯᠪᠢᠬᠤ ᠡᠷᠴᠢᠮ ᠢᠶᠠᠨ ᠨᠡᠮᠡᠭᠳᠡᠭᠦᠯᠦᠨ᠂ ᠡᠯ᠎ᠡ | ᠲᠥᠷᠥᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ | ᠂ ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ︽ᠭᠤᠷᠪᠠᠨ ᠰᠠᠬᠢᠯᠭ᠎ᠠ | ᠲᠦᠷᠢᠮ︾ ᠢ ᠡᠷᠡᠰ ᠲᠤᠭᠤᠰᠢᠯᠠᠭᠤᠯᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ 2017 | ᠣᠨ ᠤ ᠬᠢ ᠠᠴᠠ27.3% ᠪᠠᠷ ᠪᠠᠭᠤᠷᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ | ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ᠂ ᠰᠠᠨᠠᠭᠤᠯᠭ᠎ᠠ ᠪᠠ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠡᠶᠢᠲᠡ 441 ᠬᠤᠪᠢ ᠰᠢᠢᠳᠪᠦᠷᠢᠯᠡᠪᠡ᠃ | ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠥᠨᠳᠥᠷ ᠪᠦᠲᠦᠮᠵᠢᠲᠡᠶ ᠪᠠᠶᠢᠵᠦ᠂ ᠣᠯᠠᠨ | ᠲᠦᠮᠡᠨ ᠤ ᠪᠦᠲᠦᠮᠵᠢᠲᠡᠶ ᠤᠲᠠᠰᠤ ᠶᠢ 6629 ᠬᠤᠪᠢ ᠭᠥᠯᠢᠶᠡᠨ ᠠᠪᠴᠤ᠂ ᠰᠢᠢᠳᠪᠦᠷᠢᠯᠡᠵᠦ ᠬᠠᠷᠢᠭᠤᠯᠲᠠ | ᠥᠭᠭᠦᠭᠰᠡᠨ ᠨᠣᠷᠮ᠎ᠠ 99 % ᠳᠤ ᠬᠦᠷᠴᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ 98 % ᠳᠤ ᠬᠥᠷᠪᠡ᠃ | ᠲᠦᠷᠪᠡᠨ ᠵᠢᠯ ᠤᠨ ᠰᠠᠯᠬᠢ ᠪᠣᠷᠣᠭᠠᠨ ᠤ ᠲᠤᠮᠳᠠᠬᠢ ᠲᠡᠮᠡᠴᠡᠯ᠂ ᠲᠦᠷᠪᠡᠨ ᠵᠢᠯ ᠤᠨ ᠡᠷᠡᠮᠡᠬᠡᠶᠢᠯᠡᠨ | ᠤᠷᠤᠭᠰᠢᠯᠠᠯᠲᠠ᠂ ᠲᠦᠷᠪᠡᠨ ᠵᠢᠯ ᠤᠨ ᠡᠷᠬᠢᠮ ᠨᠠᠨᠳᠢᠨ ᠲᠤᠷᠰᠢᠯᠭ᠎ᠠ ᠨᠢ ᠪᠦᠬᠦ ᠰᠢᠶᠠᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠤᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠵᠤ᠂ | ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠢᠷᠭᠠᠭᠤ ᠬᠠᠲᠠᠭᠤᠵᠢᠯᠲᠠᠢ ᠬᠦᠴᠦ | ᠬᠥᠯᠥᠰᠥ ᠶᠢ ᠪᠦᠷᠢᠨ ᠠᠭᠤᠯᠵᠤ ᠪᠠᠶᠢᠳᠠᠭ᠃ ᠡᠳᠡᠭᠡᠷ ᠠᠮᠵᠢᠯᠲᠠ ᠶᠢ ᠣᠯᠤᠭᠰᠠᠨ ᠨᠢ ᠳᠡᠭᠡᠳᠦ ᠱᠠᠲᠤᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ | ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠠᠴᠠ ᠰᠠᠯᠵᠤ ᠴᠢᠳᠠᠬᠤ ᠦᠭᠡᠢ ᠶᠤᠮ︕ ᠪᠦᠬᠦ ᠰᠢᠶᠠᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠲᠡᠰᠪᠦᠷᠢ ᠬᠠᠲᠠᠭᠤᠵᠢᠯᠲᠠᠶ ᠲᠡᠮᠡᠴᠡᠯ ᠪᠠ ᠰᠢᠷᠭᠠᠭᠤ ᠲᠡᠮᠡᠴᠡᠯ | ᠠᠴᠠ ᠰᠠᠯᠵᠤ ᠴᠢᠳᠠᠬᠤ ᠦᠭᠡᠢ ᠶᠤᠮ︕ ᠬᠤᠭᠤᠴᠠᠭ᠎ᠠ ᠪᠦᠷᠢ ᠶᠢᠨ ᠤᠳᠤᠷᠢᠳᠬᠤ ᠪᠠᠭ᠂ ᠬᠤᠭᠤᠴᠠᠭ᠎ᠠ ᠪᠦᠷᠢ ᠶᠢᠨ | ᠤᠳᠤᠷᠢᠳᠤᠯᠭ᠎ᠠ ᠶᠢᠨ ᠲᠠᠯᠪᠢᠭᠰᠠᠨ ᠪᠠᠲᠤ ᠪᠠᠬᠢ ᠰᠠᠭᠤᠷᠢ ᠠᠴᠠ ᠰᠠᠯᠵᠤ ᠴᠢᠳᠠᠬᠤ ᠦᠭᠡᠢ ᠶᠤᠮ︕ ᠠᠳᠡ ᠪᠢ | ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ | ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠠ ᠰᠢᠩ ᠾᠧ ᠶᠢᠨ ᠪᠦᠲᠦᠭᠡᠨ | ᠪᠠᠶᠢᠭᠤᠯᠤᠯᠳᠠ ᠬᠥᠭᠵᠢᠯᠲᠡ ᠶᠢ ᠬᠠᠯᠠᠮᠵᠢᠯᠠᠵᠤ᠂ ᠳᠡᠮᠵᠢᠵᠦ᠂ ᠬᠠᠪᠰᠤᠷᠤᠭᠰᠠᠨ ᠡᠯ᠎ᠡ ᠡᠲᠡᠭᠡᠳ ᠤᠨ ᠬᠥᠮᠦᠰ᠂ | ᠭᠠᠳᠠᠭᠠᠳᠤ ᠳᠤ ᠰᠠᠭᠤᠭ᠎ᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ᠲᠥᠯᠥᠭᠡᠯᠡᠭᠴᠢᠳ ᠡ︕ ᠳᠥᠷᠪᠡᠨ ᠵᠢᠯ ᠤᠨ ᠰᠢᠷᠭᠠᠭᠤ ᠬᠥᠳᠡᠯᠮᠦᠷᠢ᠂ ᠲᠤᠷᠰᠢᠯᠭ᠎ᠠ ᠮᠠᠰᠢ ᠡᠷᠬᠢᠮ ᠨᠠᠨᠳᠢᠨ | ᠄ ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠠ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ | ᠲᠤᠷᠰᠢᠯᠭ᠎ᠠ ᠶᠢ ᠡᠷᠬᠡᠪᠰᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠨ᠂ | ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠳᠤᠳᠬᠠᠨ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠤᠨ ᠵᠥᠪ ᠴᠢᠭᠯᠡᠯ ᠢᠶᠠᠷ ᠤᠷᠤᠭᠰᠢᠯᠠᠬᠤ ᠶᠢ ᠪᠠᠳᠤᠯᠠᠨ᠎ᠠ᠃ | ᠬᠤᠶᠠᠷ ᠲᠤ᠂ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ | ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠡᠷᠬᠡᠪᠰᠢ ᠲᠠᠰᠤᠷᠠᠯᠳᠠ | ᠦᠭᠡᠢ ᠬᠠᠩᠭᠠᠨ᠎ᠠ᠃ ᠭᠤᠷᠪᠠ ᠳᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ | ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠢᠮᠠᠭᠲᠠ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ | ᠰᠡᠳᠦᠪ ᠤᠨ ᠲᠣᠭᠤᠷᠢᠨ ᠳᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ | ᠰᠢᠨ᠎ᠡ ᠵᠠᠮ ᠢᠶᠠᠷ ᠡᠷᠬᠡᠪᠰᠢ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠨ᠎ᠠ᠃ ᠲᠦᠷᠪᠡ ᠳᠤ᠂ ᠢᠮᠠᠭᠲᠠ ᠦᠨᠡᠨ ᠢ | ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠥᠭᠡᠷᠡᠴᠢᠯᠡᠯᠲᠡ ᠬᠥᠭᠵᠢᠯᠲᠡ | ᠲᠣᠭᠲᠠᠭᠤᠨ ᠢᠶᠠᠷ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠡᠷᠬᠡᠪᠰᠢ ᠠᠬᠢᠭᠤᠯᠤᠨ᠎ᠠ᠃ ᠲᠠᠪᠤ ᠳᠤ᠂ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ | ᠵᠠᠰᠠᠬᠤ ᠵᠠᠮ ᠢᠶᠠᠷ ᠯᠠᠪᠳᠠᠭᠤᠨ ᠢᠶᠠᠷ ᠤᠷᠤᠭᠰᠢᠯᠠᠭᠤᠯᠬᠤ ᠶᠢ ᠡᠷᠬᠡᠪᠰᠢ ᠪᠠᠳᠤᠯᠠᠨ᠎ᠠ᠃ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠰᠡᠷᠭᠡᠭ ᠢᠶᠠᠷ ᠲᠠᠨᠢᠵᠤ ᠣᠯᠤᠭᠰᠠᠨ ᠨᠢ᠄ ᠮᠠᠨ ᠤ | ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠮᠥᠨ ᠯᠡ ᠨᠠᠷᠢᠨ | ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠨ᠎ᠠ᠃ ᠭᠤᠣᠯᠳᠠᠭᠤ ᠠᠵᠤ ᠦᠢᠯᠡᠰ ᠤᠨ ᠪᠦᠲᠦᠴᠡ ᠵᠣᠬᠢᠰᠲᠠᠢ | ᠪᠢᠰᠢ᠂ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠢᠯᠡᠷᠬᠡᠢ ᠪᠢᠰᠢ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠵᠤ ᠲᠡᠰ ᠳᠡᠪᠰᠢᠭᠦᠯᠬᠦ ᠡᠭᠦᠷᠭᠡ ᠪᠠᠴᠢᠮ ᠲᠤᠯᠭᠠᠮ᠎ᠠ ᠪᠠᠶᠢᠨ᠎ᠠ︔ ᠬᠤᠳᠠ ᠬᠥᠳᠡᠭᠡ ᠶᠢᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠬᠤᠴᠣᠷᠤᠩᠭᠤᠢ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠡᠭᠦᠷᠭᠡ ᠬᠦᠨᠳᠦ ᠵᠠᠮ ᠬᠤᠯᠠ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠨᠡᠯᠢᠶᠡᠳ ᠶᠡᠭᠡ᠂ ᠠᠷᠠᠳ ᠤᠨ ᠠᠮᠢᠳᠤᠷᠠᠯ ᠤᠨ ᠥᠷᠢ ᠰᠢᠷᠢ ᠨᠡᠯᠢᠶᠡᠳ ᠠᠷᠪᠢᠨ ᠪᠠᠶᠢᠵᠤ᠂ ᠵᠠᠷᠢᠮ ᠭᠦᠨ | ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠪᠠᠰᠠ ᠲᠣᠬᠢᠲᠠᠢ ᠰᠢᠢᠳᠪᠦᠷᠢᠯᠡᠵᠦ ᠴᠢᠳᠠᠭᠠᠳᠤᠢ ᠪᠠᠶᠢᠨ᠎ᠠ︔ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠰᠠ ᠪᠣᠳᠠᠲᠠᠶᠢᠵᠢᠭᠠᠳᠤᠶ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠬᠡᠰᠡᠭ ᠺᠠᠳ᠋ᠷ ᠤᠨ | ᠬᠠᠷᠢᠭᠤᠴᠠᠯᠭ᠎ᠠ ᠪᠠᠨ ᠡᠭᠦᠷᠭᠡᠯᠡᠬᠦ ᠤᠬᠠᠮᠰᠠᠷ ᠴᠢᠩᠭ᠎ᠠ ᠪᠢᠰᠢ᠂ ᠠᠵᠢᠯ ᠤᠨ ᠰᠤᠷᠲᠠᠯ ᠪᠣᠳᠠᠲᠠᠢ ᠪᠢᠰᠢ᠂ | ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠬᠢᠭᠤᠯᠤᠭᠰᠠᠨ ᠦᠭᠡᠢ ᠵᠡᠷᠭᠡ ᠦᠵᠡᠭᠳᠡᠯ ᠤᠷᠤᠰᠢᠵᠦ ᠪᠠᠶᠢᠨ᠎ᠠ᠃ | ᠡᠭᠦᠨ ᠳᠤ ᠪᠢᠳᠡ ᠠᠰᠠᠭᠤᠳᠠᠯ ᠳᠤ ᠰᠢᠭᠤᠳ ᠮᠦᠷᠳᠡᠭᠡᠨ ᠵᠥᠪ ᠢᠶᠠᠷ ᠬᠠᠨᠳᠤᠵᠤ᠂ ᠬᠦᠴᠦᠲᠡᠢ ᠠᠷᠭ᠎ᠠ ᠬᠡᠮᠵᠢᠶ᠎ᠡ | ᠠᠪᠴᠤ᠂ ᠬᠢᠨᠠᠮᠠᠭᠠᠢ ᠰᠢᠢᠳᠪᠦᠷᠢᠯᠡᠵᠦ᠂ ᠰᠢᠨ᠎ᠡ ᠡᠬᠢᠯᠡᠯᠲᠡ ᠶᠢᠨ ᠴᠡᠭ ᠲᠤ ᠰᠢᠨ᠎ᠡ ᠰᠢᠪᠲᠤᠯᠤᠯᠲᠠ ᠭᠠᠷᠭᠠᠬᠤ ᠪᠠᠷ | ᠴᠢᠷᠮᠠᠶᠢᠨ᠎ᠠ᠃ | ᠬᠤᠶᠠᠷ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠭᠤᠣᠯ ᠬᠠᠷᠠᠯᠲᠠ ᠡᠭᠦᠷᠭᠡ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠲᠠᠪᠤᠨ ᠵᠢᠯ ᠪᠣᠯ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠰᠡᠨ ᠤ ᠳᠠᠷᠠᠭ᠎ᠠ᠂ ᠢᠯᠠᠯᠲᠠ ᠶᠢᠨ ᠡᠷᠴᠢᠨ | ᠳᠡᠭᠡᠷ᠎ᠡ ᠪᠠᠨ ᠰᠢᠨ᠎ᠡ ᠠᠶᠠᠯᠠᠯ ᠢᠶᠠᠨ ᠡᠬᠢᠯᠡᠭᠦᠯᠬᠦ ᠵᠠᠩᠭᠢᠯᠠᠭ᠎ᠠ ᠶᠢᠨ ᠲᠠᠪᠤᠨ ᠵᠢᠯ ᠮᠥᠨ᠂ ᠪᠠᠰᠠ ᠴᠤ ᠮᠠᠨ ᠤ ᠰᠢᠶᠠᠨ ᠤ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠤ | ᠠᠩᠬᠠᠨ ᠤ ᠲᠠᠪᠤᠨ ᠵᠢᠯ ᠮᠥᠨ᠃ ᠪᠠᠶᠢᠳᠠᠯ ᠢ ᠶᠡᠷᠦᠩᠬᠡᠶᠢᠯᠡᠨ ᠦᠵᠡᠪᠡᠯ᠂ ᠪᠢᠳᠡᠨ ᠳᠤ ᠣᠯᠳᠠᠬᠤᠶ᠎ᠠ ᠪᠡᠷᠬᠡ | ᠬᠥᠭᠵᠢᠯᠲᠡ ᠶᠢᠨ ᠠᠵᠠ ᠲᠣᠬᠢᠶᠠᠯ ᠪᠠ ᠰᠠᠶᠢᠨ ᠰᠠᠶᠢᠬᠠᠨ ᠨᠥᠬᠦᠴᠡᠯ ᠪᠠᠶᠢᠨ᠎ᠠ᠃ | ᠭᠠᠳᠠᠭᠠᠳᠤ ᠣᠷᠴᠢᠨ ᠠᠴᠠ ᠦᠵᠡᠪᠡᠯ᠂ ᠤᠯᠤᠰ ᠠᠴᠠ ︽ᠬᠤᠶᠠᠷ ᠰᠢᠨ᠎ᠡ ᠨᠢᠭᠡ ᠴᠢᠬᠤᠯᠠ︾ ᠪᠥᠲᠥᠭᠡᠨ | ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠵᠦ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠪᠠ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠳᠡᠮᠵᠢᠯᠭᠡ ᠶᠢᠨ | ᠡᠷᠴᠢᠮ ᠲᠠᠰᠤᠷᠠᠯᠲᠠ ᠥᠬᠡᠶ ᠴᠢᠩᠭᠠᠷᠠᠵᠤ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠶᠢ ᠠᠬᠢᠭᠤᠯᠬᠤ᠂ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ᠂ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠶᠢ ᠵᠣᠷᠢᠭᠵᠢᠭᠤᠯᠬᠤ ᠵᠡᠷᠭᠡ ᠠᠰᠢᠭᠲᠠᠶ | ᠲᠥᠷᠥ ᠶᠢᠨ ᠪᠣᠳᠣᠯᠭ᠎ᠠ ᠳᠠᠪᠬᠤᠴᠠᠵᠤ᠂ ᠪᠢᠳᠡᠨ ᠳᠤ ᠣᠯᠳᠠᠬᠤᠶ᠎ᠠ ᠪᠡᠷᠬᠡ ᠬᠥᠭᠵᠢᠯᠲᠡ ᠶᠢᠨ ᠠᠵᠠ ᠲᠣᠬᠢᠶᠠᠯ ᠢ | ᠠᠪᠴᠢᠷᠠᠵᠤ ᠥᠭᠪᠡ᠃ ᠥᠪᠡᠷᠲᠡᠭᠡᠨ ᠵᠠᠰᠠᠬᠤ ᠣᠷᠣᠨ ᠠᠴᠠ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ | ᠭᠠᠵᠠᠷ︾᠂ ︽ᠨᠢᠭᠡ ᠬᠥᠭᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ | ᠤᠯᠠᠭᠠᠨᠴᠠᠪ ᠬᠤᠲᠠ ᠶᠢᠨ ᠲᠣᠭᠠᠴᠢᠯᠠᠭᠰᠠᠨ ᠠᠵᠤ ᠠᠬᠤᠶ᠂ ᠵᠠᠩᠭᠢᠯᠠᠭ᠎ᠠ ᠶᠢᠨ ᠠᠵᠤ ᠠᠬᠤᠶ᠂ ᠪᠣᠬᠢᠷᠲᠤᠯ ᠥᠬᠡᠶ | ᠠᠵᠤ ᠠᠬᠤᠶ᠂ ᠳᠤᠤᠷ᠎ᠠ ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠶ ᠪᠠ ᠣᠲᠣ ᠦᠶ᠎ᠡ ᠶᠢᠨ ᠡᠨᠧᠷᠭᠢ ᠶᠢᠨ | ᠠᠵᠤ ᠠᠬᠤᠶ ᠵᠡᠷᠭᠡ ︽ᠲᠠᠪᠤᠨ ᠶᠡᠭᠡ ᠠᠵᠤ ᠠᠬᠤᠶ︾ ᠶᠢᠨ ᠬᠥᠭᠵᠢᠯᠲᠡ ᠶᠢᠨ ᠬᠠᠷᠠᠯᠲᠠ ᠶᠢ ᠲᠦᠷᠭᠡᠳᠬᠡᠨ | ᠠᠬᠢᠭᠤᠯᠵᠤ᠂ ᠮᠠᠨ ᠤ ᠰᠢᠶᠠᠨ ᠤ ᠬᠥᠭᠵᠢᠯᠲᠡ ᠳᠤ ᠴᠢᠭᠯᠡᠯ ᠢ ᠲᠣᠳᠣᠷᠬᠠᠶ ᠵᠢᠭᠠᠵᠤ ᠦᠭᠪᠡ᠃ | ᠲᠣᠰ ᠪᠡᠶ᠎ᠡ ᠶᠢᠨ ᠨᠥᠬᠦᠴᠡᠯ ᠠᠴᠠ ᠦᠵᠡᠪᠡᠯ᠂ ᠣᠯᠠᠨ ᠵᠢᠯ ᠤᠨ ᠦᠷᠭᠦᠯᠵᠢᠯᠡᠭᠰᠡᠨ ᠲᠡᠮᠡᠴᠡᠯ ᠢᠶᠠᠷ | ᠳᠠᠮᠵᠢᠭᠠᠳ᠂ ᠮᠠᠨ ᠤ ᠰᠢᠶᠠᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠬᠥᠭᠵᠢᠯᠲᠡ ᠶᠢᠨ ᠬᠢᠷᠢ ᠲᠦᠪᠰᠢᠨ | ᠨᠡᠯᠢᠶᠡᠳ ᠶᠡᠭᠡ ᠪᠠᠷ ᠳᠡᠭᠡᠭᠰᠢᠯᠡᠵᠦ᠂ ᠣᠯᠠᠨ ᠵᠢᠯ ᠤᠨ ᠲᠤᠷᠰᠢ ᠬᠤᠷᠠᠮᠳᠤᠭᠤᠯᠤᠭᠰᠠᠨ ᠲᠠᠷᠢᠶᠠᠯᠠᠩ ᠤᠨ ᠠᠵᠤ | ᠦᠢᠯᠡᠰ᠂ ᠠᠵᠤ ᠦᠢᠯᠡᠳᠪᠦᠷᠢ ᠶᠢᠨ ᠰᠠᠭᠤᠷᠢ᠂ ᠠᠵᠤ ᠦᠢᠯᠡᠰ ᠤᠨ ᠪᠠᠶᠢᠷᠢᠰᠢᠯ᠂ ᠬᠦᠷᠢᠶᠡᠯᠡᠩ ᠲᠣᠭᠤᠷᠢᠭ ᠤᠨ | ᠪᠥᠲᠥᠭᠡᠨ ᠪᠠᠶᠢᠭᠤᠯᠤᠯᠲᠠ ᠵᠡᠷᠭᠡ ᠬᠠᠷᠢᠴᠠᠭᠤᠯᠤᠭᠰᠠᠨ ᠳᠠᠪᠠᠭᠤᠯᠢᠭ ᠨᠢ ᠡᠳᠦᠷ ᠢᠷᠡᠬᠦᠶ᠎ᠡ ᠲᠣᠪᠤᠶᠢᠮ᠎ᠠ ᠪᠣᠯᠵᠣ᠂ | ᠬᠥᠭᠵᠢᠯᠲᠡ ᠶᠢᠨ ᠣᠷᠴᠢᠨ ᠲᠣᠭᠤᠷᠢᠨ ᠨᠢ ᠤᠯᠠᠮ ᠨᠢᠭᠡ ᠠᠯᠬᠤᠮ ᠰᠢᠯᠢᠳᠡᠭᠵᠢᠵᠦ᠂ ᠮᠠᠨ ᠤ ᠰᠢᠶᠠᠨ ᠤ ︽ | ᠤᠯᠠᠭᠠᠨᠴᠠᠪ ᠳ᠋ᠠᠲ᠋ᠦ᠋ᠩ ᠴᠢᠭᠤᠯᠤᠯᠳᠤ ᠬᠠᠭᠠᠯᠭ᠎ᠠ︾᠂ ᠪᠡᠭᠡᠵᠢᠩ ᠲᠢᠶᠠᠨᠵᠢᠨ ᠾᠧᠪᠧᠶ ᠳᠤ ᠦᠢᠯᠡᠴᠢᠯᠡᠬᠦ᠂ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠵᠡᠷᠭᠡ ᠳᠤ ᠲᠦᠰᠢᠭᠯᠡᠬᠦ ᠳᠤ | ᠠᠰᠢᠭᠲᠠᠶ ᠨᠥᠬᠦᠴᠡᠯ ᠢ ᠪᠦᠷᠢᠯᠳᠦᠭᠦᠯᠵᠦ ᠦᠭᠪᠡ᠃ ᠨᠡᠩ ᠡᠷᠬᠢᠮ ᠨᠠᠨᠳᠢᠨ ᠨᠢ ᠭᠡᠪᠡᠯ᠂ ᠪᠦᠬᠦ ᠰᠢᠶᠠᠨ ᠤ ᠡᠯ᠎ᠡ | ᠱᠠᠲᠤ ᠡᠯ᠎ᠡ ᠡᠲᠡᠭᠡᠳ ᠤᠨ ᠬᠢᠨ ᠬᠦᠭᠵᠢᠬᠦ ᠪᠠᠷ ᠴᠢᠷᠮᠠᠶᠢᠨ᠂ ᠬᠥᠭᠵᠢᠭᠦᠯᠬᠦ ᠶᠢ ᠡᠷᠢᠯᠬᠢᠯᠡᠵᠦ ᠠᠵᠢᠯ ᠬᠢᠵᠦ ᠦᠢᠯᠡᠰ | ᠪᠤᠰᠬᠠᠬᠤ ᠣᠷᠭᠢᠯᠤᠮ᠎ᠠ ᠰᠡᠳᠬᠢᠯᠭᠡ ᠲᠠᠰᠤᠷᠠᠯᠲᠠ ᠦᠭᠡᠢ ᠤᠷᠬᠢᠯᠤᠨ᠂ ᠪᠦᠬᠦᠨ ᠢ ᠪᠠᠭᠲᠠᠭᠠᠵᠤ ᠪᠠᠶᠢᠳᠠᠭ ᠢ | ᠬᠠᠳᠠᠭᠠᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠠᠭᠤᠯᠤᠭᠳᠠᠵᠤ ᠪᠠᠶᠢᠨ᠎ᠠ᠃ ᠪᠢᠳᠠ ᠲᠣᠭᠲᠠᠯ ᠬᠦᠴᠦᠨ ᠢᠶᠠᠨ | ᠪᠠᠲᠤᠯᠠᠵᠤ᠂ ᠠᠵᠠ ᠲᠣᠬᠢᠶᠠᠯ ᠢ ᠠᠮᠵᠢᠨ᠂ ᠠᠰᠢᠭᠲᠠᠢ ᠪᠠᠶᠢᠳᠠᠯ ᠢ ᠠᠰᠢᠭᠯᠠᠨ ᠤᠷᠤᠭᠰᠢᠯᠠᠳᠠᠭ ᠯᠠ ᠶᠤᠮ ᠪᠣᠯ | ᠨᠠᠮ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ᠂ ᠴᠠᠭ ᠦᠶ᠎ᠡ ᠳᠤ ᠣᠰᠣᠯᠳᠠᠬᠤ ᠦᠭᠡᠢ | ᠰᠢᠨ᠎ᠡ ᠠᠮᠵᠢᠯᠲᠠ ᠪᠦᠲᠦᠮᠵᠢ ᠶᠢ ᠯᠠᠪᠲᠠᠢ ᠡᠭᠦᠳᠴᠦ ᠴᠢᠳᠠᠨ᠎ᠠ︕ | ᠬᠤᠶᠢᠰᠢᠳᠠ ᠶᠢᠨ ᠲᠠᠪᠤᠨ ᠵᠢᠯ᠂ ᠵᠠᠰᠠᠭ ᠤᠨ ᠣᠷᠳᠣᠨ ᠨᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ | ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ | ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠠ ᠠᠷᠠᠳ ᠲᠦᠮᠡᠨ ᠢᠶᠠᠷ ᠭᠤᠣᠯ ᠪᠣᠯᠭᠠᠬᠤ ᠵᠢᠴᠢ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ᠶᠢ | ᠪᠠᠲᠤ ᠴᠤᠬᠴᠠᠯᠠᠨ᠂ ︽ᠬᠤᠶᠠᠷ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠵᠦ᠂ ︽ᠨᠢᠭᠡ ᠬᠥᠭᠦᠷᠭᠡᠨ ᠪᠠᠬᠢᠯᠡᠯᠲᠡ | ︾ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠤᠳᠠᠭᠠᠨ ᠤ ᠪᠠ ᠤᠯᠠᠭᠠᠨᠴᠠᠪ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠶᠡᠷᠦᠩᠬᠡᠶ ᠪᠠᠶᠢᠷᠢᠯᠠᠭᠤᠯᠤᠯᠲᠠ᠂ ᠰᠢᠶᠠᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠣᠳᠣᠷᠬᠠᠶᠢᠯᠠᠭᠰᠠᠨ ᠶᠤᠰᠤᠭᠠᠷ ︽ᠬᠤᠶᠠᠷ ᠬᠦᠷᠢᠶᠡᠯᠡᠩ ᠬᠤᠶᠠᠷ | ᠲᠣᠭᠤᠷᠢᠭ︾ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ︽ᠳᠥᠷᠪᠡ ᠶᠢ ᠲᠦᠷᠭᠡᠳᠬᠡᠬᠦ︾ ᠶᠢ | ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠤᠯᠦᠪᠵᠢᠬᠦᠯᠦᠨ᠂ ︽ᠲᠠᠪᠤᠨ ᠰᠢᠨ᠎ᠡ ᠰᠢᠪᠲᠤᠯᠤᠯᠲᠠ︾ ᠶᠢ ᠬᠦᠴᠦᠯᠡᠨ | ᠪᠡᠶᠡᠯᠡᠬᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠭᠤᠶᠢᠪᠢᠰᠢ ᠦᠭᠡᠢ ᠪᠠᠷᠢᠮᠳᠠᠯᠠᠨ᠂ ᠪᠣᠬᠢᠷᠲᠤᠯ ᠦᠭᠡᠢ | ᠬᠥᠭᠵᠢᠯᠲᠡ ᠶᠢᠨ ᠵᠠᠮ᠂ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠪᠠᠶᠢᠳᠠᠯ ᠢ ᠪᠠᠬᠢᠵᠢᠬᠦᠯᠵᠦ᠂ ᠬᠠᠮᠲᠤ ᠪᠠᠷ | ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠶ ᠠᠬᠢᠭᠤᠯᠤᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠢ ᠲᠠᠰᠤᠷᠠᠯᠲᠠᠦᠭᠡᠢ ᠨᠡᠮᠡᠭᠳᠡᠭᠦᠯᠵᠦ᠂ ᠰᠢᠩ ᠾᠧ | ᠰᠢᠶᠠᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠨᠡᠬᠡᠬᠡᠨ᠎ᠡ᠃ | ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠤᠶᠢᠯᠡᠳᠪᠤᠷᠢᠯᠡᠯ ᠤᠨ ᠶᠡᠷᠦᠩᠬᠡᠶ ᠥᠷᠲᠡᠭ ᠢ ᠵᠢᠯ ᠪᠦᠷᠢ ᠳᠤᠮᠳᠠᠴᠢ ᠪᠠᠷ 7 % ᠣᠷᠴᠢᠮ᠂ 500 ᠲᠦᠮᠡᠨ | ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ | 7% ᠣᠷᠴᠢᠮ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠵᠢᠯ ᠪᠦᠷᠢ | ᠳᠤᠮᠳᠠᠴᠢ ᠪᠠᠷ 6 % ᠣᠷᠴᠢᠮ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ | ᠳᠤᠮᠳᠠᠴᠢ ᠪᠠᠷ 5.5 % ᠣᠷᠴᠢᠮ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ | ᠲᠤᠭ᠎ᠠ ᠶᠢ ᠵᠢᠯ ᠪᠦᠷᠢ ᠳᠤᠮᠳᠠᠴᠢ ᠪᠠᠷ 7 % ᠣᠷᠴᠢᠮ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠲᠤᠰ ᠲᠤᠰ 6 % ᠪᠠ 8 % | ᠣᠷᠴᠢᠮ ᠢᠶᠠᠷ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠬᠤᠶᠢᠰᠢᠳᠠ ᠶᠢᠨ ᠲᠠᠪᠤᠨ | ᠵᠢᠯ ᠳᠤ ᠳᠣᠣᠷᠠᠬᠢ ᠲᠠᠪᠤᠨ ᠵᠦᠢᠯ ᠤᠨ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠨ᠎ᠠ᠄ | ︵ᠨᠢᠭᠡ︶ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠠ ᠪᠣᠬᠢᠷᠲᠤᠯ ᠦᠭᠡᠢ ᠬᠥᠭᠵᠢᠭᠦᠯᠬᠦ ᠶᠢ ᠡᠷᠡᠰ | ᠭᠤᠶᠢᠪᠢᠰᠢ ᠦᠭᠡᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ | ᠴᠢᠷᠮᠠᠶᠢᠨ ᠡᠭᠦᠳᠦᠨ᠎ᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠢᠯᠡ ᠲᠣᠳᠣ | ᠳᠡᠪᠢᠰᠬᠡᠷ ᠦᠩᠭᠡ ᠶᠢ ᠪᠤᠢ ᠪᠤᠯᠭᠠᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ | ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠪᠠᠶᠢᠯᠳᠤᠬᠤ ᠪᠤᠳᠤᠯᠭ᠎ᠠ ᠶᠢ ᠡᠷᠡᠰ ᠲᠤᠭᠤᠰᠢᠯᠠᠭᠤᠯᠤᠨ᠂ ᠡᠨᠧᠷᠭᠢ ᠶᠢᠨ ᠬᠤᠷᠣᠭᠳᠠᠭᠤᠯᠤᠯ ᠢ ᠲᠥᠰᠦᠪᠵᠢᠭᠦᠯᠦᠨ | ᠬᠠᠮᠢᠶᠠᠷᠬᠤ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ | ᠵᠦᠢᠯᠡᠰ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠵᠤ | ᠬᠤᠷᠣᠭᠳᠠᠯ ᠢ ᠪᠠᠭᠠᠰᠬᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ 2026 ᠤᠨ ᠪᠣᠯᠬᠤ ᠳᠤ ᠪᠣᠬᠢᠷᠲᠤᠯ ᠥᠬᠡᠶ | ᠪᠠᠷᠢᠯᠭ᠎ᠠ ᠶᠢᠨ ᠡᠵᠡᠯᠡᠬᠦ ᠬᠠᠷᠢᠴᠠᠯ ᠢ 90 % ᠠᠴᠠ ᠳᠡᠭᠡᠭᠰᠢ ᠳᠤ ᠬᠦᠷᠦᠭᠦᠯᠦᠨ᠎ᠡ᠃ ᠴᠡᠪᠡᠷ ᠡᠨᠧᠷᠭᠢ ᠪᠠ ᠰᠢᠨ᠎ᠡ | ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠪᠣᠬᠢᠷᠲᠤᠯ ᠥᠬᠡᠶ ᠬᠦᠷᠢᠶᠡᠯᠡᠩ | ᠲᠣᠭᠤᠷᠢᠭ᠂ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠴᠡᠪᠡᠷ᠂ ᠳᠤᠤᠷ᠎ᠠ ᠨᠡᠭᠦᠷᠡᠰᠦᠲᠥ᠋ᠷᠥᠭᠴᠢᠲᠦ᠂ ᠡᠷᠬᠢᠯᠳᠡᠳᠦ ᠪᠣᠬᠢᠷᠲᠤᠯ | ᠥᠬᠡᠶ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠤᠰᠤᠨ ᠤ ᠡᠬᠢ ᠪᠠᠶᠠᠯᠢᠭ ᠤᠨ ᠬᠠᠮᠤᠭ ᠤᠨ | ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠴᠢᠩᠭ᠎ᠠ | ᠬᠢᠵᠠᠭᠠᠷᠯᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠰᠤᠨ ᠤ ᠡᠬᠢ ᠪᠠᠶᠠᠯᠢᠭ ᠢ ᠠᠷᠪᠢᠯᠠᠨ᠎ᠠ᠃ | ᠪᠣᠷᠣᠭᠠᠨ ᠪᠣᠬᠢᠷ ᠤᠰᠤ ᠶᠢ ᠰᠠᠯᠭᠠᠬᠤ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ | ᠨᠦᠬᠦᠪᠦᠷᠢᠯᠡᠨ᠎ᠡ᠃ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ | ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠶ ᠤᠰᠤ ᠶᠡᠭᠡ ᠬᠤᠷᠣᠭᠳᠠᠭᠤᠯᠬᠤ ᠠᠵᠤ ᠠᠬᠤᠶᠢᠯᠠᠯ ᠢ | ᠡᠷᠡᠰ ᠬᠠᠭᠠᠵᠤ ᠵᠣᠭᠰᠣᠭᠠᠨ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃ | ᠰᠢᠲᠠᠭᠠᠯᠭ᠎ᠠ ᠶᠢᠨ ᠨᠡᠭᠦᠷᠡᠰᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶ ᠬᠡᠷᠡᠭᠵᠢᠭᠦᠯᠵᠦ᠂ ᠨᠡᠭᠦᠷᠡᠰᠦ ᠶᠢ | ᠬᠡᠢ ᠪᠣᠯᠭᠠᠨ ᠥᠭᠡᠷᠡᠴᠢᠯᠡᠬᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠠᠯᠬᠤᠴᠠ ᠶᠢ ᠲᠦᠷᠭᠡᠳᠬᠡᠨ᠎ᠡ᠃ | ᠠᠵᠤ ᠠᠬᠤᠶᠢᠯᠠᠯ ᠢ ᠵᠠᠰᠠᠬᠤ᠂ ᠲᠣᠭᠤᠰᠣ ᠳᠠᠷᠤᠬᠤ᠂ ᠴᠡᠪᠡᠷᠯᠡᠵᠦ ᠰᠠᠷᠨᠢᠭᠤᠯᠬᠤ᠂ ᠲᠠᠲᠠᠷᠠᠭᠤᠯᠵᠤ | ᠭᠠᠳᠠᠭᠰᠢᠯᠠᠭᠤᠯᠬᠤ ᠶᠢ ᠪᠠᠭᠠᠰᠬᠠᠬᠤ ᠬᠠᠮ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠬᠢᠵᠦ᠂ ᠠᠭᠠᠷ ᠤᠨ ᠶᠠᠰᠤ | ᠴᠢᠨᠠᠷ ᠤᠨ ᠰᠢᠯᠢᠳᠡᠭ ᠰᠠᠶᠢᠨ ᠪᠠᠶᠢᠬᠤ ᠨᠣᠷᠮ᠎ᠠ ᠶᠢ 94 % ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ | ᠦᠨᠡᠨᠬᠦ ᠪᠠᠲᠤᠯᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ | ᠴᠢᠩᠭᠠᠳᠬᠠᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠤᠣᠰ ᠬᠠᠰᠤᠭᠳᠠᠯ ᠬᠤᠣᠰ ᠬᠢᠵᠠᠭᠠᠷᠯᠠᠯ ᠵᠢᠯ | ᠳᠠᠷᠠᠭᠠᠯᠠᠨ 2 % ᠢᠶᠠᠷ ᠠᠬᠢᠨ ᠬᠠᠰᠤᠭᠳᠠᠬᠤ ᠶᠢ ᠦᠨᠡᠨ ᠬᠦ ᠪᠠᠲᠤᠯᠠᠨ᠎ᠠ᠃ ᠣᠶ ᠰᠢᠭᠤᠶ ᠡᠪᠡᠰᠦᠨ ᠤ ᠠᠮᠢ | ᠠᠬᠤᠶ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠤᠯᠤᠰ ᠤᠨ ᠨᠥᠭᠡᠴᠡ ᠣᠶ ᠶᠢᠨ ᠲᠥᠷᠥᠯ ᠵᠦᠢᠯ ᠢ | ᠴᠢᠷᠮᠠᠶᠢᠨ ᠬᠡᠷᠡᠭᠵᠢᠭᠦᠯᠵᠦ᠂ ᠤᠯᠤᠰ ᠤᠨ ᠣᠶ ᠰᠢᠭᠤᠶ ᠶᠢᠨ ᠬᠤᠲᠠ ᠶᠢ ᠡᠭᠦᠳᠦᠨ ᠪᠠᠶᠢᠭᠤᠯᠵᠤ᠂ ᠰᠤᠮᠤᠨ | ᠠᠭᠤᠯᠠ ᠶᠢᠨ ᠣᠶ ᠰᠢᠭᠤᠶ ᠶᠢᠨ ᠲᠠᠯᠠᠪᠠᠶ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠠᠷᠠᠯᠵᠢᠶᠠᠯᠠᠬᠤ | ᠲᠤᠷᠰᠢᠯᠲᠠ ᠶᠢᠨ ᠲᠥᠷᠥᠯ ᠵᠦᠢᠯ ᠢ ᠢᠳᠡᠪᠬᠢᠲᠡᠶ ᠠᠬᠢᠭᠤᠯᠤᠨ᠎ᠠ᠃ ᠬᠥᠬᠡᠬᠤᠲᠠ ᠠᠴᠠ ᠴᠢᠭᠤᠯᠤᠯᠲᠤ ᠬᠠᠭᠠᠯᠭ᠎ᠠ | ᠬᠥᠷᠬᠦ ᠳᠡᠭᠡᠳᠦ ᠬᠤᠷᠳᠤᠴᠠᠳᠤ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ᠂ G 6᠂ | G 7᠂ ᠮᠤᠵᠢ ᠶᠢᠨ ᠵᠠᠮ ᠤᠨ 223 ᠱᠤᠭᠤᠮ ᠤᠨ ᠰᠢᠩ ᠾᠧ ᠬᠡᠰᠡᠭ ᠵᠡᠷᠭᠡ ᠴᠢᠬᠤᠯᠠ ᠵᠠᠮ ᠤᠨ ᠬᠡᠰᠡᠭ᠂ | ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ ᠪᠡᠶᠡᠯᠡᠭᠦᠯᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ᠎ᠡ᠃ 2026 ᠤᠨ ᠪᠣᠯᠬᠤ ᠳᠤ᠂ ᠪᠥᠬᠦ ᠰᠢᠶᠠᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ | 26 % ᠳᠤ ᠬᠦᠷᠭᠡᠵᠦ᠂ ᠣᠶ ᠰᠢᠭᠤᠶ ᠡᠪᠡᠰᠦ ᠪᠡᠯᠴᠢᠭᠡᠷ ᠤᠨ ᠪᠦᠷᠬᠦᠴᠡ ᠶᠢ 54 % ᠳᠤ ᠬᠦᠷᠭᠡᠨ᠎ᠡ᠃ | ︵ᠬᠤᠶᠠᠷ︶ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠡᠷᠡᠰ ᠭᠤᠶᠢᠪᠢᠰᠢ ᠦᠭᠡᠢ ᠪᠠᠶᠢᠭᠤᠯᠵᠤ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠠᠵᠤ ᠠᠬᠤᠢ ᠶᠢ | ᠬᠥᠭᠵᠢᠭᠦᠯᠬᠦ ᠬᠦᠴᠦᠯᠡᠴᠡ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ | ᠲᠠᠷᠢᠶᠠᠯᠠᠩ ᠤᠨ ᠨᠠᠷᠢᠯᠢᠭᠵᠢᠯᠲᠠ᠂ ᠠᠵᠤ ᠦᠢᠯᠡᠳᠪᠦᠷᠢ ᠶᠢᠨ ᠪᠥᠭᠡᠮᠨᠡᠷᠡᠯ᠂ ᠦᠢᠯᠡᠴᠢᠯᠡᠭᠡᠨ ᠤ ᠦᠢᠯᠡᠰ ᠤᠨ | ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠤᠯᠠᠨ ᠲᠠᠯ᠎ᠠ ᠪᠠᠷ ᠲᠤᠯᠭᠠᠭᠤᠷᠢᠯᠠᠬᠤ᠂ ᠤᠯᠠᠨ ᠦᠢᠯᠡᠰ ᠢ ᠵᠡᠷᠭᠡ ᠪᠠᠷ | ᠬᠥᠭᠵᠢᠭᠦᠯᠬᠦ᠂ ᠤᠯᠠᠨ ᠡᠰᠢᠵᠢᠬᠦᠯᠦᠨ ᠬᠥᠭᠵᠢᠭᠦᠯᠬᠦ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ | ᠃ ᠲᠠᠷᠢᠶᠠᠯᠠᠩ ᠮᠠᠯ ᠠᠵᠤ ᠠᠬᠤᠢ ᠶᠢᠨ ᠥᠨᠳᠥᠷ ᠦᠷ᠎ᠡ ᠠᠰᠢᠭᠲᠤ ᠬᠥᠭᠵᠢᠯᠲᠡ ᠶᠢ ᠲᠦᠷᠭᠡᠳᠬᠡᠨ᠎ᠡ᠃ | ᠲᠠᠷᠢᠶᠠᠯᠠᠩ ᠤᠨ ᠨᠠᠷᠢᠯᠢᠭᠵᠢᠭᠤᠯᠤᠯᠲᠠ ᠶᠢᠨ ᠲᠣᠭᠤᠷᠢᠨ ᠳᠤ᠂ ᠠᠮᠤ ᠪᠤᠳᠠᠭ᠎ᠠ ᠠᠵᠤ ᠠᠬᠤᠶ ᠶᠢᠨ ᠲᠠᠷᠢᠮᠠᠯ ᠲᠡᠵᠢᠭᠡᠯ | ᠪᠣᠷᠳᠤᠭ᠎ᠠ ᠶᠢ ᠨᠢᠭᠡᠳᠦᠯᠲᠡᠶ ᠲᠥᠯᠥᠪᠯᠡᠬᠦ᠂ ᠳᠠᠷᠢᠵᠤ ᠲᠡᠵᠢᠭᠡᠬᠦ ᠪᠣᠯᠪᠠᠰᠤᠷᠠᠭᠤᠯᠬᠤ ᠶᠢ ᠨᠢᠭᠡ ᠴᠤᠭᠴᠠᠵᠢᠭᠤᠯᠤᠭᠰᠠᠨ᠂ | ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠤᠭᠰᠠᠨ ᠣᠲᠣ ᠦᠶ᠎ᠡ ᠶᠢᠨ ᠲᠠᠷᠢᠶᠠᠯᠠᠩ ᠤᠨ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠵᠦ᠂ ᠲᠥᠮᠥᠰᠥ᠂ ᠨᠣᠬᠠᠶ ᠶᠢᠨ ᠬᠤᠰᠢᠭᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ | ᠪᠠ ᠢᠳᠡᠰᠢᠨ ᠦᠬᠡᠷ᠂ ᠢᠳᠡᠰᠢᠨ ᠬᠤᠨᠢᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ | ᠂ ᠨᠡᠶᠢᠰᠯᠡᠯ ᠳᠤ ᠬᠠᠨᠳᠤᠭᠤᠯᠤᠭᠰᠠᠨ ︽ᠲᠣᠮᠣ ᠨᠣᠭᠤᠭ᠎ᠠ ᠶᠢᠨ ᠬᠦᠷᠢᠶᠡᠯᠡᠩ︾ ᠢ ᠪᠠᠶᠢᠭᠤᠯᠵᠤ᠂ ᠰᠢᠩ ᠾᠧ | ᠰᠢᠶᠠᠨ ᠤ ᠪᠣᠬᠢᠷᠲᠤᠯ ᠥᠬᠡᠶ ᠢᠳᠡᠭᠡᠨ ᠤ ᠮᠠᠲ᠋ᠧᠷᠢᠶᠠᠯ ᠢ ᠪᠡᠭᠡᠵᠢᠩ ᠬᠤᠲᠠ ᠶᠢᠨ ᠠᠷᠠᠳ ᠤᠨ ᠬᠤᠭᠤᠯᠠᠨ ᠰᠢᠷᠡᠭᠡᠨ | ᠳᠤ ᠭᠠᠷᠭᠠᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠯᠠᠪᠳᠠᠭᠤᠨ ᠡᠭᠦᠷᠭᠡᠯᠡᠬᠦ ᠶᠢ | ᠪᠠᠷᠢᠮᠲᠠᠯᠠᠵᠤ᠂ ᠪᠦᠬᠦ ᠰᠢᠶᠠᠨ ᠤ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠢ ᠠᠰᠢᠭᠯᠠᠨ᠂ ︽ | ᠲᠣᠭᠠᠴᠢᠯᠠᠯᠲᠠ︾ ᠪᠠᠷ ᠳᠠᠮᠵᠢᠭᠤᠯᠤᠨ ᠡᠨᠧᠷᠭᠢ ᠣᠯᠭᠤᠵᠤ᠂ ᠲᠠᠷᠢᠶᠠᠯᠠᠩ ᠤᠨ ᠠᠵᠤ ᠦᠢᠯᠡᠳᠪᠦᠷᠢᠵᠢᠯᠡᠯᠳᠡ ᠶᠢᠨ | ᠠᠬᠢᠴᠠ ᠶᠢ ᠲᠦᠯᠬᠢᠨ ᠠᠬᠢᠭᠤᠯᠤᠨ᠎ᠠ᠃ ᠨᠢᠭᠡ ᠪᠦᠯᠦᠭ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠵᠦ | ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠪᠠ ᠬᠥᠲᠥᠴᠢ ᠵᠢᠱᠢᠶᠡᠴᠢ ᠠᠵᠤ ᠠᠬᠤᠶᠢᠯᠠᠯ ᠢ ᠣᠷᠣᠭᠤᠯᠤᠨ | ᠪᠤᠶᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠭᠰᠡᠨ ᠪᠠᠷᠢᠮᠵᠢᠶᠠᠵᠢᠭᠰᠠᠨ ᠦᠢᠯᠡᠳᠪᠦᠷᠢᠯᠡᠵᠦ | ᠡᠳ᠋ᠰᠢᠭᠦᠯᠬᠦ ᠰᠢᠰᠲ᠋ᠧᠮᠵᠢ ᠶᠢ ᠪᠠᠶᠢᠭᠤᠯᠵᠤ᠂ 2026 ᠤᠨ ᠪᠣᠯᠬᠤ ᠳᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠵᠦ ᠤᠯᠠᠷᠢᠭᠤᠯᠬᠤ ᠨᠣᠷᠮ᠎ᠠ ᠶᠢ 70% ᠠᠴᠠ ᠳᠡᠭᠡᠭᠰᠢ ᠳᠤ ᠬᠦᠷᠲᠡᠯ᠎ᠡ | ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠲᠥᠮᠥᠰᠥ ᠶᠢᠨ ᠰᠠᠶᠢᠨ ᠡᠭᠦᠯᠳᠡᠷ ᠤᠨ ᠨᠣᠷᠮ᠎ᠠ ᠶᠢ 95 % ᠠᠴᠠ ᠳᠡᠭᠡᠭᠰᠢ ᠳᠤ ᠬᠦᠷᠦᠭᠦᠯᠬᠦ ᠪᠠᠷ | ᠴᠢᠷᠮᠠᠶᠢᠵᠤ᠂ ᠮᠠᠯ ᠵᠢᠭᠦᠷᠲᠡᠨ ᠤ ᠰᠠᠶᠢᠨ ᠡᠭᠦᠯᠳᠡᠷ ᠢ ᠥᠷᠭᠡᠳᠬᠡᠨ ᠦᠷᠡᠵᠢᠭᠦᠯᠬᠦ ᠰᠢᠰᠲ᠋ᠧᠮᠵᠢ ᠶᠢ ᠪᠦᠬᠦ ᠲᠠᠯ᠎ᠠ ᠪᠠᠷ | ᠪᠠᠶᠢᠭᠤᠯᠤᠨ᠎ᠠ᠃ ︽ᠤᠤᠯ ᠠᠮᠲᠠ ᠶᠢᠨ ᠤᠯᠠᠭᠠᠨᠴᠠᠪ︾ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ | ᠲᠡᠮᠳᠡᠭᠲᠦ ᠬᠤᠷᠳᠤᠨ ᠲᠡᠷᠭᠡᠨ ᠳᠤ ᠠᠮᠵᠢᠨ᠂ ᠪᠣᠬᠢᠷᠲᠤᠯ ᠦᠭᠡᠢ᠂ ᠣᠷᠭᠠᠨᠢᠭ᠂ ᠭᠠᠵᠠᠷ ᠵᠦᠢ ᠶᠢᠨ ᠲᠡᠮᠳᠡᠭᠲᠦ | ᠦᠢᠯᠡᠳᠬᠦᠨ ᠢ ᠶᠡᠬᠡᠪᠡᠷ ᠪᠤᠶᠢᠵᠢᠭᠤᠯᠤᠨ᠎ᠠ᠃ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ | ᠠᠬᠢᠭᠤᠯᠤᠨ᠎ᠠ᠃ ᠠᠵᠤ ᠦᠢᠯᠡᠳᠪᠦᠷᠢ ᠶᠢᠨ ᠪᠥᠭᠡᠮᠨᠡᠷᠡᠯ ᠤᠨ ᠲᠣᠭᠤᠷᠢᠨ ᠳᠤ ᠰᠢᠨ᠎ᠡ ᠡᠨᠧᠷᠭᠢ ᠰᠢᠨ᠎ᠡ | ᠮᠠᠲ᠋ᠧᠷᠢᠶᠠᠯ ᠢᠶᠠᠷ ᠤᠳᠤᠷᠢᠳᠤᠮᠵᠢ ᠪᠣᠯᠭᠠᠭᠰᠠᠨ ᠪᠣᠬᠢᠷᠲᠤᠯ ᠥᠬᠡᠶ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ | ᠪᠠᠶᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ︽ᠲᠥᠪᠯᠡᠷᠡᠯ ᠤᠨ ᠣᠷᠣᠨ︾ ᠢ ᠪᠥᠬᠦ ᠬᠦᠴᠦᠨ ᠢᠶᠠᠷ ᠢᠶᠠᠨ | ᠪᠠᠶᠢᠭᠤᠯᠤᠨ᠎ᠠ᠃ ᠤᠯᠠᠭᠠᠨᠴᠠᠪ ᠬᠤᠲᠠ ᠶᠢ ᠠᠰᠢᠭᠯᠠᠨ ᠡᠨᠧᠷᠭᠢ ᠶᠢᠨ ᠰᠤᠷᠪᠤᠯᠵᠢ ᠲᠤᠤᠷ ᠳᠠᠭᠠᠭᠠᠴᠠ ᠨᠥᠭᠡᠴᠡᠯᠡᠬᠦ᠂ | ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠲᠥᠯᠥᠪᠵᠢᠭᠦᠯᠦᠨ | ᠪᠥᠲᠥᠭᠡᠨ ᠪᠠᠶᠢᠭᠤᠯᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ | ᠥᠨᠳᠦᠷᠯᠢᠭ ᠭᠠᠵᠠᠷ ᠢ ᠪᠥᠲᠥᠭᠡᠨ ᠪᠠᠶᠢᠭᠤᠯᠤᠨ᠎ᠠ᠃ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠠᠬᠢᠯᠭᠠᠨ ᠤ ᠠᠵᠤ | ᠦᠢᠯᠡᠰ ᠤᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠴᠡᠪᠡᠷ ᠡᠨᠧᠷᠭᠢ ᠶᠢᠨ ᠴᠠᠬᠢᠯᠭᠠᠨ ᠬᠦᠴᠦᠨ ᠤ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 280 ᠲᠦᠮᠡᠨ ᠬᠢᠯᠦᠸᠠᠲ ᠲᠤ ᠬᠦᠷᠦᠭᠦᠯᠬᠦ ᠪᠠᠷ ᠴᠢᠷᠮᠠᠶᠢᠨ᠎ᠠ᠃ | ᠥᠪᠥᠷ ᠮᠣᠩᠭᠤᠯ ᠤᠨ ᠪᠠᠯ ᠴᠢᠯᠠᠭᠤᠨ ︵ᠠᠯᠺᠧᠨ︶ ᠤ ᠰᠢᠨ᠎ᠡ ᠶᠢ ᠡᠭᠦᠳᠬᠦ ᠲᠥᠪ ᠲᠤ ᠲᠦᠰᠢᠭᠯᠡᠨ᠂ ᠪᠠᠯ | ᠴᠢᠯᠠᠭᠤᠨ ᠤ ᠠᠯᠺᠧᠨ ᠤ ᠳᠤᠤᠷᠠᠳᠤ ᠤᠷᠤᠰᠬᠠᠯ ᠤᠨ ᠦᠢᠯᠡᠳᠭᠦᠨ ᠢ ᠰᠤᠳᠤᠯᠤᠨ ᠨᠡᠭᠡᠭᠡᠵᠦ ᠬᠡᠷᠡᠭᠯᠡᠬᠦ ᠶᠢ | ᠴᠢᠩᠭᠠᠷᠠᠭᠤᠯᠵᠤ᠂ ᠪᠢᠯᠢᠭ ᠲᠦᠢᠯ ᠤᠨ ᠮᠠᠲ᠋ᠧᠷᠢᠶᠠᠯ ᠤᠨ ᠠᠵᠤ ᠦᠢᠯᠡᠰ ᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠎ᠠ | ᠃ ᠬᠥᠪᠰᠥᠭᠡᠷ ᠬᠥᠷᠥᠰᠥ᠂ ᠭᠤᠣᠯᠢᠩ ᠰᠢᠷᠣᠶ ᠶᠢ ᠨᠠᠷᠢᠯᠢᠭ ᠭᠦᠨᠵᠡᠭᠡᠶ ᠪᠤᠯᠪᠠᠰᠤᠷᠠᠭᠤᠯᠵᠤ᠂ ᠠᠵᠤ ᠦᠢᠯᠡᠰ ᠤᠨ | ᠲᠥᠪᠯᠡᠷᠡᠯ ᠢ ᠲᠦᠷᠭᠡᠳᠬᠡᠨ ᠠᠬᠢᠭᠤᠯᠤᠨ᠎ᠠ ᠃ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠵᠦ᠂ ᠨᠠᠩ ᠣᠯᠠᠨ ᠰᠢᠯᠢᠳᠡᠭ ᠠᠵᠤ ᠠᠬᠤᠶᠢᠯᠠᠯ ᠢ ᠬᠦᠷᠢᠶᠡᠯᠡᠩ ᠲᠣᠭᠤᠷᠢᠭ ᠲᠤ ᠲᠦᠪᠯᠡᠷᠡᠭᠦᠯᠦᠨ᠂ | 2026 ᠤᠨ ᠪᠣᠯᠬᠤ ᠳᠤ ᠦᠢᠯᠡᠳᠪᠦᠷᠢᠯᠡᠯ ᠤᠨ ᠥᠷᠲᠡᠭ ᠢ 90 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠦᠢᠯᠡᠴᠢᠯᠡᠭᠡᠨ ᠤ | ᠦᠢᠯᠡᠰ ᠤᠨ ᠣᠳᠣᠬᠢᠴᠢᠯᠠᠯᠲᠠ ᠶᠢᠨ ᠲᠣᠭᠤᠷᠢᠨ ᠳᠤ᠂ ᠡᠬᠢ ᠪᠠᠶᠠᠯᠢᠭ ᠲᠤ ᠲᠦᠰᠢᠭᠯᠡᠨ᠂ ᠳᠠᠪᠠᠭᠤᠯᠢᠭ ᠢᠶᠠᠨ | ᠥᠷᠭᠡᠳᠬᠡᠵᠦ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ︽ᠳᠠᠭᠠᠭᠠᠴᠠ ᠶᠢᠨ ᠣᠷᠣᠨ︾ | ᠪᠠ ᠨᠡᠶᠢᠰᠯᠡᠯ ᠳᠤ ᠬᠠᠨᠳᠤᠭᠰᠠᠨ ︽ᠠᠷᠤ ᠴᠡᠴᠡᠷᠯᠢᠭ︾ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠤᠯᠠᠭᠠᠨᠴᠠᠪ— | ᠡᠷᠢᠶᠡᠨ ᠬᠤᠲᠠ ᠶᠢᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠪᠠ | ᠪᠣᠭᠤᠮᠲᠠ ᠶᠢᠨ ᠳᠣᠲᠣᠷ᠎ᠠ ᠭᠠᠵᠠᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠠᠵᠠ ᠲᠣᠬᠢᠶᠠᠯ ᠢ ᠴᠢᠩᠭ᠎ᠠ ᠠᠳᠬᠤᠵᠤ | ᠂ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ | ᠰᠠᠶᠢᠲᠤᠷ ᠠᠰᠢᠭᠯᠠᠵᠤ ᠰᠠᠶᠢᠲᠤᠷ ᠦᠢᠯᠡᠴᠢᠯᠡᠨ᠎ᠡ᠃ ᠨᠢᠭᠡ ᠪᠦᠯᠦᠭ ᠪᠠᠷᠠᠭ᠎ᠠ ᠶᠢᠨ ᠭᠦᠢᠯᠭᠡᠭᠡᠨ ᠤ ᠬᠥᠮᠥᠷᠭᠡᠯᠡᠨ | ᠬᠠᠳᠠᠭᠠᠯᠠᠵᠤ ᠡᠳ᠋ᠰᠢᠭᠦᠯᠬᠦ ᠠᠵᠤ ᠠᠬᠤᠶᠢᠯᠠᠯ ᠢ ᠲᠦᠷᠭᠡᠳᠬᠡᠨ ᠣᠷᠣᠭᠤᠯᠵᠤ᠂ ᠬᠦᠢᠲᠡᠨ ᠬᠡᠯᠬᠢᠶᠡᠲᠦ ᠪᠠᠷᠠᠭ᠎ᠠ ᠶᠢᠨ | ᠭᠦᠢᠯᠭᠡᠭᠡᠨ ᠢ ᠭᠤᠣᠯᠳᠠᠯᠭ᠎ᠠ ᠲᠠᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠣᠲᠣ ᠦᠶ᠎ᠡ ᠶᠢᠨ ᠭᠦᠢᠯᠭᠡᠭᠡᠨ ᠤ | ᠰᠢᠰᠲ᠋ᠧᠮᠵᠢ ᠶᠢ ᠪᠦᠷᠢᠨᠰᠢᠬᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠪᠣᠳᠠᠲᠤ ᠴᠣᠭᠴᠠ ᠶᠢᠨ ᠠᠵᠤ | ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ | ᠠᠷᠠᠯᠵᠢᠶ᠎ᠠ ᠶᠢᠨ ᠬᠡᠪᠴᠢᠶ᠎ᠡ ᠶᠢ ᠥᠷᠭᠡᠳᠬᠡᠨ᠎ᠡ᠃ ᠪᠡᠭᠡᠵᠢᠩ ᠴᠢᠭᠤᠯᠤᠯᠲᠤ ᠬᠠᠭᠠᠯᠭ᠎ᠠ ᠶᠢᠨ ᠪᠡᠶ᠎ᠡ ᠶᠢᠨ ᠲᠠᠮᠢᠷ ᠤᠨ | ᠰᠣᠶᠣᠯ ᠵᠢᠭᠤᠯᠴᠢᠯᠠᠯ ᠤᠨ ᠪᠦᠰᠡ ᠶᠢ ᠪᠠᠷᠠᠭᠤᠨᠰᠢ ᠤᠷᠲᠤᠳᠬᠠᠬᠤ ᠴᠢᠬᠤᠯᠠ ᠶᠡᠭᠡ ᠠᠵᠠ ᠲᠣᠬᠢᠶᠠᠯ ᠢ ᠭᠦᠢᠴᠡᠳ | ᠠᠰᠢᠭᠯᠠᠨ᠂ ᠲᠣᠮᠣ ᠬᠡᠯᠪᠡᠷᠢ ᠶᠢᠨ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠭᠤᠯᠠ ᠤᠰᠤ ᠣᠶ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠵᠡᠷᠭᠡ ᠪᠠᠶᠢᠭᠠᠯᠢ ᠶᠢᠨ ᠥᠩᠭᠡ ᠦᠵᠡᠮᠵᠢ ᠳᠤ | ᠲᠦᠰᠢᠭᠯᠡᠨ᠂ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠪᠡᠭᠡᠵᠢᠩ ᠲᠢᠶᠠᠨᠵᠢᠨ ᠱᠠᠨ ᠰᠢ | ᠾᠧᠪᠧᠶ ᠶᠢᠨ ᠣᠷᠣᠨ ᠪᠦᠰᠡ ᠶᠢᠨ ᠬᠤᠭᠤᠷᠣᠨᠳᠣᠬᠢ ᠡᠬᠢ ᠪᠠᠶᠠᠯᠢᠭ ᠢ ᠬᠠᠮᠲᠤᠪᠠᠷ ᠭᠥᠷᠳᠡᠬᠦ ᠪᠠ ᠥᠨᠳᠥᠷ ᠬᠢᠷᠢ | ᠲᠦᠪᠰᠢᠨ ᠪᠥᠬᠦᠶ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠲᠦᠷᠭᠡᠳᠬᠡᠨ᠂ ︽ᠲᠡᠭ ᠨᠡᠭᠦᠷᠡᠰᠦᠲᠥ᠋ᠷᠥᠭᠴᠢ︾ | ᠶᠢᠨ ᠦᠵᠡᠮᠵᠢ ᠶᠢᠨ ᠣᠷᠣᠨ ᠪᠠ ᠰᠣᠳᠣᠨ ᠠᠮᠢ ᠠᠬᠤᠶ ᠶᠢᠨ ᠵᠢᠭᠤᠯᠴᠢᠯᠠᠯ ᠤᠨ ᠱᠤᠭᠤᠮ ᠢ ᠪᠥᠲᠥᠭᠡᠨ | ᠪᠠᠶᠢᠭᠤᠯᠤᠨ᠎ᠠ᠃ ᠭᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ | ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠥᠷᠢ ᠪᠣᠯᠭᠠᠭᠰᠠᠨ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ | ᠡᠷᠡᠭᠦᠯᠵᠢᠯ ᠰᠤᠪᠢᠯᠠᠯᠲᠠ ᠶᠢᠨ ᠰᠢᠨ᠎ᠡ ᠵᠠᠭᠪᠤᠷ ᠢ ᠶᠡᠬᠡᠪᠡᠷ ᠬᠡᠷᠡᠭᠵᠢᠭᠦᠯᠦᠨ᠎ᠡ᠃ ᠨᠠᠰᠤᠵᠢᠯ᠂ ᠬᠡᠦᠬᠡᠳ ᠰᠠᠭᠠᠲᠠᠭᠤᠯᠬᠤ | ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠣᠮᠣ ᠬᠡᠯᠪᠡᠷᠢ ᠶᠢᠨ ᠡᠷᠡᠭᠦᠯᠵᠢᠯ ᠰᠤᠪᠢᠯᠠᠯᠲᠠ ᠪᠠ ᠬᠡᠦᠬᠡᠳ | ᠰᠠᠭᠠᠲᠠᠭᠤᠯᠬᠤ ᠨᠡᠷᠡᠲᠦ ᠲᠡᠮᠳᠡᠭᠲᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ︽ᠪᠡᠭᠡᠵᠢᠩ ᠲᠢᠶᠠᠨᠵᠢᠨ | ᠾᠧᠪᠧᠢ︾ ᠭᠠᠵᠠᠷ ᠣᠷᠣᠨ ᠤ ᠣᠯᠠᠨ ᠳᠡᠰ ᠳᠠᠪᠬᠤᠷᠭ᠎ᠠ ᠶᠢᠨ ᠡᠷᠡᠭᠦᠯᠵᠢᠯ ᠰᠤᠪᠢᠯᠠᠯᠲᠠ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ | ︵ᠭᠤᠷᠪᠠ︶ ᠴᠢᠳᠠᠪᠬᠢ ᠬᠡᠪ ᠴᠢᠨᠠᠷ ᠢᠶᠠᠨ ᠭᠤᠶᠢᠪᠢᠰᠢ ᠥᠬᠡᠶ ᠳᠡᠭᠡᠭᠰᠢᠯᠡᠭᠦᠯᠵᠦ᠂ ᠬᠤᠲᠠ ᠬᠥᠳᠡᠭᠡ ᠶᠢ | ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠲᠥᠯᠥᠪᠵᠢᠭᠦᠯᠭᠡ ᠪᠠᠷ | ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠤᠭ᠎ᠠ ᠪᠠᠷᠢᠮᠲᠠ ᠶᠢ ᠳᠣᠪᠤᠶᠢᠯᠭᠠᠨ ᠴᠢᠳᠠᠮᠵᠢ ᠣᠯᠭᠤᠵᠤ᠂ ᠰᠠᠭᠤᠷᠢ | ᠴᠢᠳᠠᠮᠵᠢ ᠶᠢ ᠲᠡᠭᠦᠯᠳᠡᠷᠵᠢᠬᠦᠯᠦᠨ᠂ ᠣᠷᠣᠰᠢᠨ ᠠᠮᠢᠳᠤᠷᠠᠬᠤ ᠦᠢᠯᠡᠰ ᠪᠦᠲᠦᠭᠡᠬᠦ ᠵᠤᠭᠠᠴᠠᠨ ᠲᠣᠭᠤᠷᠢᠬᠤ ᠳᠤ | ᠲᠣᠬᠢᠷᠠᠮᠵᠢᠲᠠᠶ ᠴᠢᠨᠠᠷ ᠰᠠᠶᠢᠲᠠᠶ ᠬᠤᠲᠠ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠬᠤᠲᠠ ᠶᠢᠨ | ᠴᠢᠳᠠᠮᠵᠢ ᠶᠢ ᠲᠡᠭᠦᠯᠳᠡᠷᠵᠢᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠲᠠ ᠶᠢᠨ ᠲᠣᠭᠤᠷᠢᠭ ᠤᠨ ᠣᠷᠣᠨ | ᠵᠠᠶ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 27 ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠪᠠᠶᠢᠭᠤᠯᠵᠤ᠂ ᠬᠤᠲᠠ ᠶᠢᠨ ᠲᠣᠭᠤᠷᠢᠭ ᠤᠨ 14 ᠺᠢᠯᠤᠮᠧᠲᠷ ᠵᠠᠮ ᠪᠠ 125 ᠺᠢᠯᠤᠮᠧᠲᠷ ᠬᠤᠭᠤᠯᠠᠢ | ᠲᠣᠣᠷ ᠢ ᠰᠢᠨ᠎ᠡ ᠪᠠᠷ ᠵᠠᠰᠠᠬᠤ ᠪᠠ ᠥᠭᠡᠷᠡᠴᠢᠯᠡᠨ ᠵᠠᠰᠠᠨ᠎ᠠ᠃ ᠨᠠᠢᠮᠠᠨ ᠬᠤᠭ ᠨᠣᠪᠰᠢ ᠳᠠᠮᠵᠢᠭᠤᠯᠬᠤ ᠥᠷᠲᠡᠭᠡ ᠪᠠ | ᠬᠤᠶᠠᠷ ᠪᠣᠬᠢᠷ ᠤᠰᠤ ᠰᠢᠢᠳᠪᠦᠷᠢᠯᠡᠬᠦ ᠥᠷᠲᠡᠭᠡ ᠶᠢ ᠪᠠᠶᠢᠭᠤᠯᠤᠨ᠎ᠠ᠃ ᠬᠠᠭᠤᠴᠢᠨ ᠬᠤᠲᠠ ᠶᠢᠨ ᠲᠣᠭᠤᠷᠢᠭ ᠤᠨ | ᠥᠭᠡᠷᠡᠴᠢᠯᠡᠯᠲᠡ ᠶᠢᠨ ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠵᠦ᠂ ᠹᠦ᠋ ᠷᠦᠢ ᠵᠡᠭᠡᠯᠢ ᠶᠢᠨ ᠳᠥᠭᠦᠮ ᠪᠦᠲᠦᠴᠡᠲᠦ | ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠦᠨ᠎ᠡ᠃ ︽ | ᠲᠣᠭᠠᠴᠢᠯᠠᠭᠰᠠᠨ ᠰᠢᠨᠡᠴᠢᠯᠡᠯᠲᠡ︾ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠢᠯᠴᠢ ᠶᠢᠨ | ᠬᠦᠴᠦᠨ᠂ ᠤᠰᠤ ᠬᠠᠩᠭᠠᠬᠤ᠂ ᠤᠰᠤ ᠲᠠᠲᠠᠷᠠᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠴᠡᠴᠡᠷᠯᠢᠭ ᠤᠨ ᠨᠣᠭᠤᠭᠠᠷᠠᠭᠤᠯᠤᠯᠲᠠ ᠶᠢ ᠨᠢᠭᠡ ᠴᠣᠭᠴᠠᠵᠢᠭᠤᠯᠤᠭᠰᠠᠨ ᠣᠶᠤᠨᠴᠢ ᠬᠠᠮᠢᠶᠠᠷᠤᠯᠲᠠ ᠶᠢᠨ ᠲᠠᠪᠴᠠᠩ᠂ | ᠪᠠᠴᠢᠮ ᠪᠠᠶᠢᠳᠠᠯ ᠢ ᠠᠷᠭᠠᠴᠠᠭᠠᠵᠦ ᠲᠤᠬᠢᠷᠠᠭᠤᠯᠤᠨ ᠵᠢᠯᠣᠭᠤᠳᠬᠤ ᠲᠠᠪᠴᠠᠩ ᠪᠠ ᠲᠣᠮᠣ ᠳ᠋ᠠᠶᠢᠲ᠋ᠠ ᠶᠢᠨ ᠲᠠᠪᠴᠠᠩ ᠢ | ᠲᠦᠷᠭᠡᠳᠬᠡᠨ ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠣᠶᠤᠨᠴᠢᠯᠠᠭᠰᠠᠨ᠂ ᠲᠣᠭᠠᠴᠢᠯᠠᠭᠰᠠᠨ ᠪᠠᠶᠢᠬᠤ ᠶᠢ | ᠴᠢᠷᠮᠠᠶᠢᠨ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠲᠥᠯᠥᠪᠵᠢᠭᠦᠯᠭᠡ ᠶᠢ ᠤᠷᠢᠳ ᠢᠶᠠᠷ ᠬᠡᠷᠡᠭᠵᠢᠭᠦᠯᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ | ᠭᠤᠤᠯᠳᠠᠯᠭ᠎ᠠ ᠲᠠᠢ ᠰᠢᠪᠲᠤᠯᠤᠯᠲᠠ ᠬᠢᠬᠦ᠂ ᠡᠩ ᠤᠨ ᠪᠠᠶᠢᠳᠠᠯ ᠢᠶᠠᠷ ᠳᠠᠭᠠᠬᠤ ᠵᠠᠷᠴᠢᠮ ᠶᠣᠰᠣᠭᠠᠷ᠂ ᠭᠢᠯᠠᠰ ᠴᠡᠭ ᠲᠠᠢ | ᠂ ᠣᠨᠴᠠᠯᠢᠭ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 34 ᠵᠢᠱᠢᠶ᠎ᠡ ᠦᠵᠡᠭᠦᠯᠬᠦ ᠲᠣᠰᠬᠤᠨ ᠢ | ᠪᠥᠲᠥᠭᠡᠨ ᠪᠠᠶᠢᠭᠤᠯᠤᠨ᠎ᠠ᠃ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ 487.5ᠺᠢᠯᠣᠮᠧᠲᠷ ᠥᠭᠡᠷᠡᠴᠢᠯᠡᠨ ᠳᠡᠰ ᠲᠡᠪᠰᠢᠬᠦᠯᠦᠨ᠎ᠡ᠃ | ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ | ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠶ | ᠠᠬᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠴᠠᠬᠢᠯᠭᠠᠨ ᠲᠣᠣᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ | ᠴᠠᠬᠢᠯᠭᠠᠨ ᠬᠠᠩᠭᠠᠬᠤ ᠨᠠᠶᠢᠳᠠᠪᠤᠷᠢᠲᠤ ᠴᠢᠨᠠᠷ ᠢ 99.8 % ᠳᠤ ᠬᠦᠷᠭᠡᠬᠦ ᠪᠠᠷ ᠴᠢᠷᠮᠠᠶᠢᠨ᠎ᠠ᠃ ᠥᠨᠳᠥᠷ | ᠬᠤᠷᠳᠤᠴᠠᠲᠤ ᠥᠷᠭᠡᠨ ᠪᠦᠰᠡᠲᠦ ᠰᠢᠯᠵᠢᠮᠡᠯ ᠰᠦᠯᠵᠢᠶ᠎ᠡ ᠪᠠ ᠭᠡᠷᠡᠯᠯᠢᠭ ᠰᠢᠷᠬᠡᠭ ᠤᠨ ᠰᠦᠯᠵᠢᠶ᠎ᠡ ᠶᠢᠨ | ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠲᠣᠰᠬᠤᠨ ᠤ ᠢᠨᠲ᠋ᠧᠷ ᠰᠦᠯᠵᠢᠶᠡᠨ ᠳᠤ | ᠵᠠᠯᠭᠠᠨ ᠣᠷᠣᠭᠤᠯᠬᠤ ᠨᠣᠷᠮ᠎ᠠ ᠶᠢ 100 % ᠪᠠ ᠠᠶᠢᠯ ᠲᠣᠰᠬᠤᠨ ᠤ ᠢᠨᠲ᠋ᠧᠷ ᠰᠦᠯᠵᠢᠶᠡᠨ ᠳᠤ ᠵᠠᠯᠭᠠᠨ | ᠣᠷᠣᠭᠤᠯᠬᠤ ᠨᠣᠷᠮ᠎ᠠ ᠶᠢ 85 % ᠠᠴᠠ ᠳᠡᠭᠡᠭᠰᠢ ᠳᠤ ᠬᠦᠷᠦᠭᠦᠯᠦᠨ᠎ᠡ᠃ ᠬᠡᠢ ᠬᠠᠳᠠᠭᠠᠯᠠᠬᠤ ᠪᠡᠯᠡᠳᠬᠡᠮᠵᠢ ᠪᠣᠯᠤᠨ | ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠲᠠᠮᠠᠬᠠᠶ ᠬᠡᠢ ᠶᠢ ᠬᠥᠳᠡᠭᠡ | ᠪᠠᠭᠤᠯᠭᠠᠬᠤ ᠶᠢ ᠲᠦᠯᠬᠢᠨ ᠠᠬᠢᠭᠤᠯᠤᠨ᠎ᠠ᠃ ᠵᠣᠷᠯᠣᠩ ᠤᠨ ᠬᠤᠪᠢᠰᠬᠠᠯ᠂ ᠠᠮᠢᠳᠤᠷᠠᠯ ᠤᠨ ᠪᠣᠬᠢᠷ ᠤᠰᠤ ᠬᠤᠭ | ᠨᠣᠪᠰᠢ ᠶᠢ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠬᠥᠳᠡᠭᠡ | ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ | ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠬᠦᠯᠦᠨ᠂ ᠪᠥᠬᠦ ᠤᠯᠤᠰ ᠤᠨ ᠬᠥᠳᠡᠭᠡ ᠲᠣᠰᠬᠤᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠤᠷᠮᠠᠰᠢᠭᠤᠯᠬᠤ ᠰᠢᠶᠠᠨ ᠢ ᠴᠢᠷᠮᠠᠶᠢᠨ ᠪᠠᠶᠢᠭᠤᠯᠤᠨ᠎ᠠ᠃ | ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ︵ᠲᠦᠷᠪᠡ︶ ᠨᠡᠶᠢᠭᠡᠮ ᠤᠨ ᠠᠷᠠᠳ ᠤᠨ ᠠᠮᠢᠳᠤᠷᠠᠯ ᠢ ᠡᠷᠡᠰ ᠭᠤᠶᠢᠪᠢᠰᠢ ᠦᠭᠡᠢ ᠪᠠᠲᠤᠯᠠᠵᠤ᠂ ᠬᠠᠮᠲᠤ ᠪᠠᠷ | ᠵᠠᠰᠠᠵᠤ ᠬᠠᠮᠲᠤ ᠪᠠᠷ ᠡᠳ᠋ᠯᠡᠬᠦ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠬᠠᠮᠲᠤ ᠪᠠᠷ ᠴᠢᠨᠡᠭᠡᠯᠢᠭᠵᠢᠬᠦ ᠴᠢᠭᠯᠡᠯ ᠢ | ᠪᠠᠷᠢᠮᠳᠠᠯᠠᠨ᠂ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ ᠠᠷᠠᠳ ᠣᠯᠠᠨ ᠳᠤ | ᠬᠥᠭᠵᠢᠯᠲᠡ ᠶᠢᠨ ᠦᠷ᠎ᠡ ᠪᠦᠲᠦᠭᠡᠯ ᠢ ᠨᠠᠩ ᠣᠯᠠᠨ ᠨᠠᠩ ᠰᠠᠶᠢᠲᠤᠷ ᠡᠳ᠋ᠯᠡᠭᠦᠯᠦᠨ᠎ᠡ᠃ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ ᠢ ᠨᠠᠩ ᠭᠦᠢᠴᠡᠳ ᠪᠣᠯᠭᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠳᠡᠮᠵᠢᠬᠦ | ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠣᠷᠣᠨ ᠵᠠᠶ ᠶᠢ | ᠥᠷᠭᠡᠳᠬᠡᠵᠦ᠂ ᠣᠷᠣᠯᠭ᠎ᠠ ᠪᠠᠭᠠᠲᠠᠶ ᠣᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ | ᠠᠬᠢᠭᠤᠯᠤᠨ᠂ ︽ᠨᠢᠭᠡ ᠴᠦ ᠪᠠᠰᠠ ᠠᠵᠢᠯ ᠣᠯᠤᠭᠰᠠᠨ ᠥᠬᠡᠶ ᠬᠡᠷ ᠪᠦᠯᠢ︾ ᠶᠢ ᠬᠥᠳᠡᠯᠦᠩᠭᠦᠶ ᠪᠠᠷ | ᠦᠭᠡᠶᠢᠰᠬᠡᠬᠦ ᠶᠢ ᠦᠨᠡᠨᠬᠦ ᠪᠠᠲᠤᠯᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠭᠡᠷ ᠲᠡᠭᠡᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠨᠡᠶᠢᠳᠡᠮ ᠬᠡᠷᠡᠭᠵᠢᠭᠦᠯᠬᠦ ᠶᠢ ᠠᠬᠢᠭᠤᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠦᠰ᠂ | ᠵᠡᠮᠳᠡᠭᠴᠦᠳ᠂ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠰᠠᠶᠢᠲᠤᠷ ᠠᠳᠬᠤᠵᠤ᠂ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠣᠨᠴᠠ ᠬᠦᠴᠢᠷᠳᠡᠯᠲᠡᠢ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ | ᠬᠠᠮᠠᠭᠠᠯᠠᠨ᠎ᠠ᠃ ᠠᠷᠠᠳ ᠣᠯᠠᠨ ᠤ ᠵᠣᠯ ᠵᠢᠷᠭᠠᠯ ᠤᠨ ᠲᠥᠷᠥᠭᠳᠡᠯ ᠢ ᠨᠠᠩ ᠦᠷᠭᠦᠯᠵᠢᠯᠡᠬᠦ ᠪᠣᠯᠭᠠᠨ᠎ᠠ᠃ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ | ᠬᠥᠮᠦᠵᠢᠯ ᠢ ᠴᠢᠩᠭᠠᠳᠬᠠᠵᠤ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠴᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ︽ᠰᠢᠶᠠᠨ ᠠᠴᠠ ᠬᠠᠮᠢᠶᠠᠷᠴᠤ | ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠡᠩᠨᠡᠭᠡ ᠶᠢ ᠪᠠᠶᠢᠭᠤᠯᠤᠨ᠂ ︽ᠬᠤᠶᠠᠷ ᠢ | ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠦᠬᠦ | ᠰᠢᠶᠠᠨ ᠤ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠣᠷᠮ᠎ᠠ ᠶᠢ 95 % ᠠᠴᠠ | ᠳᠡᠭᠡᠭᠰᠢ ᠪᠠᠶᠢᠯᠭᠠᠬᠤ ᠪᠠᠷ ᠴᠢᠷᠮᠠᠶᠢᠨ᠎ᠠ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠲᠡᠩᠴᠡᠭᠦᠷᠢᠲᠡᠶ ᠬᠥᠭᠵᠢᠭᠰᠡᠨ ᠰᠢᠶᠠᠨ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ ᠣᠨᠴᠠᠯᠢᠭᠲᠤ ᠣᠯᠠᠨ | ᠶᠠᠩᠵᠤᠴᠢᠯᠬᠠᠰᠠᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ | ᠬᠥᠭᠵᠢᠭᠦᠯᠵᠦ᠂ ᠡᠩ ᠤᠨ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠭᠤᠰᠤᠯᠴᠠᠯ ᠢ ᠲᠠᠰᠤᠷᠠᠯᠲᠠ ᠥᠬᠡᠶ | ᠭᠦᠨᠵᠡᠭᠡᠶᠢᠷᠡᠭᠦᠯᠦᠨ᠎ᠡ᠃ ᠰᠢᠩ ᠾᠧ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠪᠦᠬᠦ | ᠬᠤᠲᠠ ᠶᠢᠨ ᠲᠡᠷᠢᠭᠦᠨ ᠤ ᠡᠩᠨᠡᠭᠡᠨ ᠳᠤ ᠣᠷᠣᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠠᠭᠤᠷᠢ | ᠨᠥᠬᠦᠴᠡᠯ ᠢ ᠨᠢ ᠲᠠᠰᠤᠷᠠᠯᠲᠠ ᠤᠢᠭᠡᠢ ᠰᠠᠶᠢᠵᠢᠷᠠᠭᠤᠯᠵᠤ᠂ ᠦᠢᠯᠡᠴᠢᠯᠡᠭᠡᠨ ᠬᠠᠩᠭᠠᠬᠤ ᠴᠢᠳᠠᠪᠤᠷᠢ ᠶᠢ ᠨᠢ | ᠳᠡᠭᠡᠭᠰᠢᠯᠡᠭᠦᠯᠦᠨ᠂ ᠰᠢᠶᠠᠨ ᠤ ᠱᠠᠲᠤᠨ ᠤ ᠰᠣᠶᠣᠯ ᠤᠨ ᠭᠠᠵᠠᠷ ᠲᠠᠯᠠᠪᠤᠷ ᠢ ᠤᠯᠤᠰ ᠤᠨ ᠭᠤᠷᠪᠠᠳᠤᠭᠠᠷ ᠳᠡᠰ ᠠᠴᠠ | ᠳᠡᠭᠡᠭᠰᠢᠬᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ | ᠦᠵᠡᠯᠲᠡ ᠶᠢ ᠦᠢᠯᠡᠳᠦᠯᠭᠡᠵᠢᠭᠦᠯᠵᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠠᠷᠪᠠᠨ ᠶᠡᠭᠡ | ᠠᠵᠢᠯᠯᠠᠭ᠎ᠠ︾ ᠶᠢ ᠭᠦᠨᠵᠡᠭᠡᠶ ᠬᠡᠷᠡᠭᠵᠢᠬᠦᠯᠦᠨ᠎ᠡ᠃ ᠤᠯᠠᠭᠠᠨᠮᠥ᠋ᠴᠢᠷ ᠤᠨ ᠦᠢᠯᠡᠴᠢᠯᠡᠭᠡᠨ ᠤ ᠴᠢᠳᠠᠪᠤᠷᠢ ᠶᠢ ᠶᠡᠬᠡᠪᠡᠷ | ᠳᠡᠭᠡᠭᠰᠢᠯᠡᠭᠦᠯᠵᠦ᠂ ᠬᠤᠲᠠ ᠶᠢᠨ ᠳᠡᠰ ᠠᠴᠠ ᠳᠡᠭᠡᠭᠰᠢᠬᠢ 10 ᠰᠣᠳᠣᠨ ᠵᠦᠴᠦᠭᠡ ᠶᠢ ᠵᠣᠬᠢᠶᠠᠨ ᠪᠦᠲᠦᠭᠡᠬᠦ ᠪᠠᠷ | ᠴᠢᠷᠮᠠᠶᠢᠨ᠎ᠠ᠃ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠲᠤᠳᠠᠬᠳᠠᠯ ᠢ ᠲᠦᠷᠭᠡᠳᠬᠡᠨ ᠨᠥᠬᠦᠪᠥᠷᠢᠯᠡᠵᠦ᠂ ᠰᠢᠶᠠᠨ | ᠰᠢᠶᠠᠩ ᠲᠣᠰᠬᠤᠨ ᠭᠤᠷᠪᠠᠨ ᠱᠠᠲᠤᠨ ᠤ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠠᠯᠠᠪᠤᠷ ᠭᠠᠵᠠᠷ ᠢ ᠪᠦᠷᠢᠨ | ᠪᠥᠷᠬᠦᠭᠦᠯᠬᠦ ᠶᠢ ᠪᠡᠶᠡᠯᠡᠭᠦᠯᠵᠦ᠂ ᠠᠷᠠᠳ ᠣᠯᠠᠨ ᠤ ᠳᠡᠷᠭᠡᠳᠡᠬᠢ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ | ᠲᠣᠭᠤᠷᠢᠭ︾ ᠢ ᠴᠢᠷᠮᠠᠶᠢᠨ ᠪᠠᠶᠢᠭᠤᠯᠤᠨ᠎ᠠ᠃ ︽ᠭᠤᠷᠪᠠᠨ ᠡᠮᠴᠢᠯᠡᠭᠡ︾ ᠶᠢᠨ ᠬᠤᠯᠪᠣᠭᠠᠯᠠᠨ ᠬᠥᠳᠡᠯᠦᠯᠴᠡᠬᠦ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠰᠢᠶᠠᠨ ᠤ ᠬᠡᠪᠴᠢᠶᠡᠨ ᠤ ᠨᠢᠭᠲᠠᠷᠠᠭᠰᠠᠨ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠨᠠᠩ ᠠᠰᠢᠭ | ᠬᠦᠷᠲᠡᠭᠡᠬᠦ ᠡᠮᠴᠢᠯᠡᠭᠡᠨ ᠤ ᠦᠢᠯᠡᠴᠢᠯᠡᠭᠡ ᠬᠦᠷᠲᠡᠭᠡᠨ᠎ᠡ᠃ ᠰᠢᠶᠠᠨ ᠤ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠮᠡᠷᠭᠡᠵᠢᠯ ᠤᠨ ᠠᠵᠢᠯᠲᠠᠨ ᠤ | ᠡᠩᠨᠡᠭᠡ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠭᠤᠷᠪᠠᠳᠤᠭᠠᠷ ᠳᠡᠰ ᠤᠨ ᠡᠮᠨᠡᠯᠭᠡ ᠶᠢᠨ | ᠬᠤᠷᠢᠶ᠎ᠠ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠬᠢᠲᠠᠳ ︵ᠮᠣᠩᠭᠤᠯ︶ ᠡᠮ ᠡᠮᠨᠡᠯᠭᠡ ᠶᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠲᠢᠳᠢᠮᠯᠢᠭᠳᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ᠭᠤᠷᠪᠠᠨ ᠬᠡᠦᠬᠡᠳ ᠠᠪᠴᠤ ᠪᠣᠯᠬᠤ | ᠲᠥᠷᠥ ᠶᠢᠨ ᠪᠣᠳᠣᠯᠭ᠎ᠠ ᠵᠢᠴᠢ ᠢᠵᠢ ᠪᠦᠷᠢᠳᠦᠭᠰᠡᠨ ᠳᠡᠮᠵᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠥᠮᠦᠨ | ᠠᠮᠠ ᠶᠢᠨ ᠨᠠᠰᠤᠵᠢᠯᠲᠠ ᠶᠢᠨ ᠠᠬᠢᠴᠠ ᠶᠢ ᠨᠠᠮᠳᠠᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ | ᠰᠠᠨᠠᠭᠠᠴᠢᠯᠠᠨ᠎ᠠ᠃ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠨ᠎ᠠ᠃ | ᠰᠢᠶᠠᠨ ᠤ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠨᠠᠩ ᠥᠨᠳᠥᠷ | ᠲᠦᠪᠰᠢᠨ ᠪᠦᠬᠦᠢ ᠠᠮᠤᠷ ᠠᠮᠤᠭᠤᠯᠠᠩᠳᠤ ᠬᠥᠭᠵᠢᠯ ᠮᠠᠨᠳᠤᠯ ᠢ ᠪᠦᠲᠦᠭᠡᠨ ᠪᠠᠶᠢᠭᠤᠯᠤᠨ᠎ᠠ᠃ ᠠᠶᠤᠯ ᠦᠭᠡᠶ | ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠣᠯᠤᠨ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠦᠨ᠎ᠡ᠃ ᠵᠥᠷᠢᠴᠡᠯ ᠵᠢᠭᠤᠷᠠᠯᠳᠤᠭᠠᠨ ᠢ ᠠᠷᠢᠯᠭᠠᠨ ᠵᠣᠬᠢᠴᠠᠭᠤᠯᠬᠤ ᠣᠯᠠᠨ ᠡᠰᠢᠵᠢᠭᠰᠡᠨ | ᠲᠣᠭᠲᠠᠴᠠ ᠶᠢ ᠪᠦᠷᠢᠨᠰᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ | ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠨᠡᠪᠲᠡᠷᠡᠯ ᠵᠠᠮ ᠢ ᠰᠢᠯᠤᠭᠤᠳᠬᠠᠨ᠎ᠠ᠃ ᠪᠠᠴᠢᠮ ᠪᠠᠶᠢᠳᠠᠯ ᠢ | ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠭᠠᠵᠠᠷ | ᠬᠥᠳᠡᠯᠦᠯᠲᠡ ᠬᠢᠭᠡᠳ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠨᠠᠮ ᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠶᠡᠬᠡᠪᠡᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠶ ᠪᠣᠯᠭᠠᠨ᠎ᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠬᠠᠮᠲᠤᠷᠠᠨ ᠠᠵᠢᠯᠯᠠᠵᠤ | ᠬᠠᠮᠲᠤ ᠪᠠᠷ ᠠᠰᠢᠭ ᠬᠦᠷᠲᠡᠬᠦ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠭᠤᠣᠯᠳᠠᠯᠭ᠎ᠠ ᠲᠠᠢ ᠬᠦᠷᠢᠶᠡᠨ ᠤ | ᠥᠭᠡᠷᠡᠴᠢᠯᠡᠯᠲᠡ ᠶᠢ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠶᠢᠨ ᠠᠰᠢᠭ ᠢ ᠪᠠᠳᠠᠷᠠᠭᠤᠯᠤᠨ᠂ | ᠨᠡᠭᠡᠭᠡᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ | ᠬᠥᠳᠡᠯᠭᠡᠬᠦ ᠬᠦᠴᠦᠨ ᠨᠡᠮᠡᠷᠢᠯᠡᠨ᠎ᠡ᠃ ᠨᠡᠭᠡᠭᠡᠯᠲᠡ ᠶᠢᠨ ᠲᠦᠪᠰᠢᠨ ᠢ ᠲᠠᠰᠤᠷᠠᠯᠲᠠ ᠥᠬᠡᠶ ᠥᠷᠭᠡᠳᠬᠡᠨ᠎ᠡ᠃ | ᠤᠯᠤᠰ ᠤᠨ ᠪᠡᠭᠡᠵᠢᠩ ᠲᠢᠶᠠᠨᠵᠢᠨ ᠾᠧᠪᠧᠶ ᠶᠢ ᠵᠣᠬᠢᠴᠠᠭᠤᠯᠤᠨ ᠬᠥᠭᠵᠢᠭᠦᠯᠬᠦ ᠪᠠ ︽ᠨᠢᠭᠡ ᠪᠦᠰᠡ ᠨᠢᠭᠡ ᠵᠠᠮ︾ ᠢ | ᠬᠡᠷᠡᠭᠵᠢᠭᠦᠯᠬᠦ ᠵᠡᠷᠭᠡ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠵᠤ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠢ ᠨᠢᠭᠡ ᠴᠣᠭᠴᠠᠵᠢᠭᠤᠯᠬᠤ ᠬᠥᠭᠵᠢᠯᠲᠡ ᠪᠠ ︽ᠤᠯᠠᠭᠠᠨᠴᠠᠪ ᠳ᠋ᠠᠲ᠋ᠦ᠋ᠩ ᠴᠢᠭᠤᠯᠤᠯᠳᠤ ᠬᠠᠭᠠᠯᠭ᠎ᠠ︾ | ᠶᠢᠨ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠠᠰᠢᠬᠯᠠᠨ᠂ ᠵᠦᠵᠢᠶᠠᠩ ᠮᠥᠷᠡᠨ ᠤ | ᠭᠤᠷᠪᠠᠯᠵᠢᠨ ᠬᠤᠶᠢᠭ᠂ ᠬᠥᠬᠡ ᠮᠥᠷᠡᠨ ᠤ ᠭᠤᠷᠪᠠᠯᠵᠢᠨ ᠬᠤᠶᠢᠭ ᠲᠠᠢ ᠭᠦᠨᠵᠡᠭᠡᠶ ᠵᠣᠯᠭᠠᠭᠤᠯᠵᠤ᠂ ᠨᠡᠭᠡᠭᠡᠯᠲᠡ ᠶᠢᠨ | ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠥᠷᠭᠡᠳᠬᠡᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ | ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠠᠵᠤ ᠠᠬᠤᠶ | ᠠᠷᠠᠯᠵᠢᠶ᠎ᠠ᠂ ᠵᠠᠮ ᠬᠠᠷᠢᠯᠴᠠᠭ᠎ᠠ᠂ ᠰᠣᠶᠣᠯ ᠵᠢᠭᠤᠯᠴᠢᠯᠠᠯ᠂ ᠠᠮᠢ ᠠᠬᠤᠶ ᠵᠡᠷᠭᠡ ᠲᠠᠯ᠎ᠠ ᠪᠠᠷ ᠪᠡᠭᠡᠵᠢᠩ ᠤᠨ ᠠᠵᠤ | ᠦᠢᠯᠡᠰ ᠤᠨ ᠰᠢᠯᠵᠢᠯᠲᠡ ᠶᠢ ᠢᠳᠡᠪᠬᠢᠲᠡᠶ ᠵᠠᠯᠭᠠᠨ ᠠᠪᠴᠤ᠂ ᠴᠡᠪᠡᠷ ᠨᠣᠭᠤᠭ᠎ᠠ ᠰᠢᠨ᠎ᠡ ᠮᠢᠬ᠎ᠠ ᠶᠢ ᠪᠡᠭᠡᠵᠢᠩ ᠳᠤ | ᠣᠷᠣᠭᠤᠯᠬᠤ᠂ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠵᠢᠭᠤᠯᠴᠢᠯᠠᠯ ᠤᠨ ᠤᠬᠠᠭᠤᠯᠭ᠎ᠠ | ᠪᠣᠷᠣᠯᠠᠭᠤᠯᠭ᠎ᠠ ᠵᠡᠷᠭᠡ ᠲᠠᠯ᠎ᠠ ᠪᠠᠷ ᠨᠢᠭᠡ ᠪᠦᠯᠦᠭ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠣᠶ ᠪᠣᠯᠭᠠᠬᠤ ᠪᠠᠷ | ᠴᠢᠷᠮᠠᠶᠢᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ ᠪᠦᠲᠦᠮᠵᠢᠲᠡᠶ | ᠵᠠᠬ᠎ᠠ ᠳᠡᠯᠭᠡᠭᠦᠷ ᠢ ᠪᠠᠶᠢᠭᠤᠯᠬᠤ᠂ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠢ ᠪᠠᠶᠢᠭᠤᠯᠬᠤ ᠶᠢᠨ | ᠲᠣᠭᠤᠷᠢᠨ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠵᠦ᠂ ︽ᠳᠥᠷᠪᠡ ᠶᠢ ᠭᠦᠢᠴᠡᠳᠭᠡᠬᠦ︾ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠦᠨ᠎ᠡ᠃ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ︽ᠨᠡᠶᠢᠯᠡᠭᠦᠯᠦᠨ ᠬᠠᠮᠲᠤᠷᠠᠭᠤᠯᠵᠤ ᠬᠢᠨᠠᠨ | ᠵᠥᠪᠰᠢᠶᠡᠷᠡᠬᠦ᠂ ᠰᠠᠯᠠᠭ᠎ᠠ ᠮᠥᠴᠢᠷ ᠬᠠᠮᠵᠢᠯᠴᠠᠬᠤ᠂ ᠴᠠᠭ ᠲᠤᠬᠠᠶ ᠳᠤᠨᠢ ᠡᠷᠭᠢᠯᠳᠦᠭᠦᠯᠬᠦ︾ ᠵᠠᠭᠪᠤᠷ ᠢ ᠬᠡᠷᠡᠭᠵᠢᠭᠦᠯᠦᠨ | ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠦᠢᠯᠡᠴᠢᠯᠡᠭᠡ ᠶᠢ | ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠶᠢ ᠪᠡᠶᠡᠯᠡᠭᠦᠯᠦᠨ᠎ᠡ᠃ ᠤᠯᠤᠰ ᠤᠨ ᠭᠠᠶᠢᠯᠢ ᠬᠥᠩᠭᠡᠷᠡᠭᠦᠯᠵᠦ ᠰᠦᠢᠳᠭᠡᠯ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠭᠰᠡᠨ ᠠᠵᠤ | ᠠᠬᠤᠶᠢᠯᠠᠯ ᠳᠤ ᠬᠤᠯᠪᠣᠭᠳᠠᠭᠰᠠᠨ ᠰᠦᠢᠳᠭᠡᠯ ᠬᠤᠷᠢᠶᠠᠬᠤ ᠶᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠵᠤ | ᠠᠬᠤᠶᠢᠯᠠᠯ ᠤᠨ ᠥᠪᠡᠷ ᠤᠨ ᠥᠷᠲᠡᠭ ᠢ ᠨᠢ ᠤᠯᠠᠮ ᠨᠢᠭᠡ ᠠᠯᠬᠤᠮ ᠪᠠᠭᠤᠷᠠᠭᠤᠯᠵᠤ ᠳᠠᠷᠤᠭᠠᠰᠤ ᠶᠢ ᠨᠢ | ᠬᠥᠩᠭᠡᠷᠡᠭᠦᠯᠦᠨ᠎ᠡ᠃ ᠬᠠᠤᠯᠢ ᠶᠣᠰᠣᠭᠠᠷ ᠭᠠᠷᠭᠠᠭᠰᠠᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠣᠯᠤᠨ ᠲᠣᠭᠲᠠᠭᠰᠠᠨ | ᠡᠯ᠎ᠡ ᠲᠥᠷᠥᠯ ᠤᠨ ᠭᠡᠷ᠎ᠡ᠂ ᠬᠡᠯᠡᠯᠴᠡᠭᠡᠷ ᠢ ᠬᠢᠨᠠᠮᠠᠭᠠᠶ ᠭᠦᠢᠴᠡᠳᠬᠡᠵᠦ᠂ ᠦᠨᠡᠨᠴᠢ ᠢᠲᠡᠭᠡᠮᠵᠢᠲᠡᠶ ᠵᠠᠰᠠᠭ ᠤᠨ | ᠣᠷᠳᠣᠨ ᠢ ᠪᠠᠶᠢᠭᠤᠯᠤᠨ᠎ᠠ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ | ᠬᠠᠭᠤᠳᠠᠰᠤ ᠶᠢ ᠴᠢᠩᠭ᠎ᠠ ᠬᠡᠷᠡᠭᠵᠢᠭᠦᠯᠵᠦ᠂ ︽ᠳᠤᠮᠳᠠᠬᠢ ᠲᠦᠭᠵᠢᠷᠡᠯ︾ ᠢ ᠴᠢᠩᠭ᠎ᠠ ᠰᠢᠢᠳᠭᠡᠨ᠂ ︽ᠳᠡᠯᠭᠡᠭᠦᠷ ᠤᠨ | ᠵᠠᠷᠤᠴᠠ︾ ᠶᠢ ᠰᠠᠶᠢᠲᠤᠷ ᠬᠢᠨ᠎ᠡ᠃ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠵᠢᠷᠤᠮᠵᠢᠭᠤᠯᠤᠨ᠂ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠳᠣᠷᠣᠭᠰᠢᠯᠠᠭᠤᠯᠵᠤ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠪᠦᠬᠦ ᠶᠠᠪᠤᠴᠠ ᠶᠢ ᠡᠯᠧᠺᠲᠷᠤᠨᠴᠢᠯᠠᠬᠦ ᠶᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ | ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠤᠯᠤᠰ ᠤᠨ ᠦᠮᠴᠢᠯᠡᠯᠳᠤ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ | ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠲᠥᠰᠦᠪ ᠤᠨ | ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠲᠥᠰᠦᠪ ᠤᠨ ᠬᠢᠵᠠᠭᠠᠷᠯᠠᠯ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠬᠢᠵᠠᠭᠠᠷᠲᠠᠢ ᠡᠳ᠋ ᠤᠨ | ᠬᠦᠴᠦᠨ ᠢ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠵᠦᠢᠯᠡᠰ ᠪᠠ ᠦᠨᠳᠦᠰᠦᠨ | ᠠᠷᠠᠳ ᠤᠨ ᠠᠮᠢᠳᠤᠷᠠᠯ ᠢ ᠪᠠᠳᠤᠯᠠᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠵᠤ ᠪᠡᠯᠡ ᠲᠤᠬᠢᠷᠠᠭᠤᠯᠬᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ | ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠨ᠂ ᠵᠠᠰᠠᠭ ᠤᠨ ᠣᠷᠳᠣᠨ ᠤ ᠥᠭᠴᠡᠭᠡᠨ ᠤ ᠬᠢᠵᠠᠭᠠᠷ ᠲᠤᠭ᠎ᠠ ᠶᠢᠨ | ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠥᠭᠴᠡᠭᠡᠨ ᠤ ᠲᠦᠭᠰᠢᠭᠦᠷᠢ ᠶᠢ | ᠰᠡᠷᠭᠡᠶᠢᠯᠡᠨ ᠠᠷᠢᠯᠭᠠᠨ᠎ᠠ᠃ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠶᠢᠨ ᠰᠢᠨ᠎ᠡ ᠶᠢ ᠡᠭᠦᠳᠴᠦ᠂ | ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠪᠠ ᠪᠣᠬᠢᠷᠲᠤᠯ ᠦᠭᠡᠢ ᠮᠥᠩᠭᠦᠨ ᠭᠦᠢᠯᠭᠡᠭᠡ ᠶᠢ ᠢᠳᠡᠪᠬᠢᠲᠡᠢ | ᠬᠥᠭᠵᠢᠭᠦᠯᠦᠨ᠎ᠡ᠃ ᠬᠥᠳᠡᠭᠡ ᠲᠣᠰᠬᠤᠨ ᠤ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠡᠬᠢ ᠪᠠᠶᠠᠯᠢᠭ ᠤᠨ ᠴᠢᠨᠠᠷᠲᠠᠢ ᠡᠳ᠋ ᠬᠦᠷᠦᠩᠭᠡ ᠶᠢᠨ ᠪᠦᠲᠦᠮᠵᠢᠲᠡᠢ | ᠡᠷᠭᠢᠯᠲᠡ ᠶᠢ ᠠᠬᠢᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠶᠢᠯᠳᠤᠬᠤ ᠪᠣᠳᠣᠯᠭ᠎ᠠ ᠶᠢ ᠶᠡᠬᠡᠪᠡᠷ | ᠬᠡᠷᠡᠭᠵᠢᠭᠦᠯᠵᠦ᠂ ᠴᠢᠳᠠᠪᠤᠷᠢᠲᠠᠨ ᠢ ᠦᠨᠡᠯᠡᠵᠦ ᠬᠡᠷᠡᠭᠯᠡᠬᠦ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠰᠬᠠᠶ | ᠪᠠᠯᠠ ᠮᠥᠩᠭᠦ ᠶᠢ ᠳᠣᠭᠢᠷᠠᠭᠤᠯᠵᠤ᠂ ᠴᠢᠳᠠᠪᠤᠷᠢᠲᠠᠨ ᠢ ᠲᠠᠲᠠᠬᠤ᠂ ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ | ᠰᠠᠶᠢᠲᠤᠷ ᠬᠡᠷᠡᠭᠯᠡᠬᠦ᠂ ᠴᠢᠳᠠᠪᠤᠷᠢᠲᠠᠨ ᠢ ᠪᠣᠶ ᠪᠣᠯᠭᠠᠬᠤ ᠰᠠᠶᠢᠨ ᠲᠣᠭᠲᠠᠴᠠ ᠶᠢ ᠪᠦᠷᠢᠯᠳᠦᠭᠦᠯᠦᠨ᠎ᠡ᠃ | ᠭᠤᠷᠪᠠ᠂ 2022 ᠤᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ | 2022 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠢ ᠠᠳᠠᠯᠢ ᠬᠤᠭᠤᠴᠠᠭᠠᠨ ᠤ ᠬᠢ ᠠᠴᠠ 6 % ᠪᠠᠷ | ᠨᠡᠮᠡᠭᠳᠡᠭᠦᠯᠦᠨ᠎ᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7 % ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ | ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6 % ᠪᠠᠷ ᠨᠡᠮᠡᠭᠳᠡᠪᠡ︔ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 6.5 % ᠪᠠᠷ | ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ | ᠬᠤᠭᠤᠴᠠᠭᠠᠨ ᠤ ᠬᠢ ᠠᠴᠠ 6 % ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 6% ᠪᠠ | 8% ᠪᠠᠷ ᠨᠡᠮᠡᠭᠳᠡᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ | ᠬᠤᠷᠣᠭᠳᠠᠯ ᠤᠨ ᠪᠠᠭᠤᠯᠭᠠᠭᠰᠠᠨ ᠬᠠᠷᠠᠯᠲᠠ ᠡᠭᠦᠷᠭᠡ ᠶᠢ ᠪᠡᠶᠡᠯᠡᠬᠦᠯᠦᠨ᠎ᠡ᠃ | ︵ᠨᠢᠭᠡ︶ ᠠᠮᠢ ᠠᠬᠤᠶ ᠶᠢᠨ ᠰᠠᠭᠤᠷᠢ ᠥᠩᠭᠡ ᠶᠢ ᠵᠤᠵᠠᠭᠠᠳᠬᠠᠵᠤ᠂ ᠠᠮᠢ ᠠᠬᠤᠶ ᠶᠢᠨ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠠᠮᠢ ᠠᠬᠤᠢ ᠶᠢᠨ ᠴᠢᠳᠠᠮᠵᠢ ᠶᠢ ᠬᠠᠮᠠᠭᠠᠯᠠᠬᠤ ᠪᠠ ᠰᠡᠷᠭᠦᠭᠡᠬᠦ ᠶᠢ ᠦᠷᠭᠦᠯᠵᠢᠯᠡᠨ ᠠᠬᠢᠭᠤᠯᠤᠨ᠎ᠠ᠃ | ᠠᠮᠢ ᠠᠬᠤᠢ ᠶᠢᠨ ᠬᠠᠮᠠᠭᠠᠯᠠᠯᠲᠠ ᠶᠢᠨ ︽ᠤᠯᠠᠭᠠᠨ ᠱᠤᠭᠤᠮ︾ ᠢ ᠴᠢᠩᠭ᠎ᠠ ᠰᠠᠬᠢᠨ᠎ᠠ᠃ ᠡᠯ ᠳ᠋ᠤᠤ ᠾᠧ | ᠭᠤᠤᠯ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ 4.85 ᠲᠦᠮᠡᠨ ᠲᠡᠭᠰᠢ | ᠳᠥᠷᠪᠡᠯᠵᠢᠨ ᠮᠧᠲᠷ ᠲᠠᠯᠠᠪᠠᠶ ᠶᠢ ᠰᠡᠷᠭᠦᠭᠡᠨ ᠵᠠᠰᠠᠨ᠎ᠠ᠃ ᠵᠤ᠋ ᠵᠢᠶᠠ ᠶᠢᠩ ᠭᠤᠤᠯ ᠤᠨ ᠰᠠᠪᠠ ᠭᠠᠵᠠᠷ ᠤᠨ ᠠᠮᠢ | ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠨ ᠵᠠᠰᠠᠬᠤ ᠲᠥᠷᠥᠯ ᠵᠦᠢᠯ ᠢ ᠢᠳᠡᠪᠬᠢᠯᠡᠨ ᠲᠡᠮᠡᠴᠡᠨ | ᠣᠯᠤᠨ᠎ᠠ᠃ ᠨᠡᠭᠦᠷᠡᠰᠦ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶ ᠬᠡᠷᠡᠭᠵᠢᠭᠦᠯᠵᠦ᠂ ᠬᠤᠷᠢᠨ | 10 ᠲᠣᠨ ᠠᠴᠠ ᠳᠣᠷᠣᠭᠰᠢᠬᠢ ᠠᠭᠤᠷᠰᠢᠯᠠᠭᠤᠯᠬᠤ ᠨᠡᠭᠦᠷᠡᠰᠦ ᠰᠢᠲᠠᠭᠠᠬᠤ ᠭᠦᠸᠧᠯᠦ ᠶᠢ ᠬᠦᠴᠦᠨ ᠦᠭᠡᠶ ᠪᠣᠯᠭᠠᠨ᠎ᠠ | ᠃ ︽ᠳᠥᠷᠪᠡ ᠶᠢ ᠬᠢᠵᠠᠭᠠᠷᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠮᠢ ᠶᠢᠨ ᠪᠣᠷᠲᠣᠭᠤᠷ | ᠲᠠᠷᠢᠶᠠᠨ ᠡᠮ ᠢ 2 % ᠢᠶᠠᠷ ᠪᠠᠭᠤᠷᠠᠭᠤᠯᠬᠤ ᠬᠠᠷᠠᠯᠲᠠᠲᠤ ᠡᠭᠦᠷᠭᠡ ᠶᠢ ᠪᠡᠶᠡᠯᠡᠭᠦᠯᠦᠨ᠎ᠡ᠃ 2.9 ᠲᠡᠭᠰᠢ | ᠳᠥᠷᠪᠡᠯᠵᠢᠨ ᠺᠢᠯᠤᠮᠧᠲᠷ ᠬᠠᠶᠠᠭᠳᠠᠮᠠᠯ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠬᠠᠮᠠᠭᠠᠯᠠᠨ | ᠰᠡᠷᠭᠦᠭᠡᠵᠦ᠂ ᠲᠠᠯ᠎ᠠ ᠨᠤᠲᠤᠭ ᠪᠠ ᠣᠢ ᠰᠢᠭᠤᠢ ᠶᠢᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠬᠦᠴᠦᠯᠡᠴᠡ ᠪᠠᠨ | ᠨᠡᠮᠡᠭᠳᠡᠬᠦᠯᠦᠨ᠂ ᠵᠢᠯ ᠤᠨ ᠳᠣᠲᠣᠷ᠎ᠠ ᠲᠠᠴᠢᠷᠳᠠᠭᠰᠠᠨ ᠬᠠᠯᠬᠠᠪᠴᠢ ᠣᠢ ᠶᠢ ᠰᠡᠷᠭᠦᠭᠡᠬᠦ᠂ ᠲᠠᠯ᠎ᠠ ᠨᠤᠲᠤᠭ ᠤᠨ ᠠᠮᠢ | ᠠᠬᠤᠢ ᠶᠢ ᠰᠡᠷᠭᠦᠭᠡᠬᠦ᠂ ᠣᠢ ᠰᠢᠭᠤᠢ ᠶᠢ ᠪᠤᠶᠢᠵᠢᠭᠤᠯᠬᠤ᠂ ᠲᠣᠰᠬᠤᠨ ᠪᠠᠯᠭᠠᠰᠤ ᠶᠢ ᠨᠣᠭᠤᠭᠠᠷᠠᠭᠤᠯᠬᠤ ᠵᠡᠷᠭᠡ 3 | ᠲᠦᠮᠡᠨ ᠮᠦ ᠶᠢ ᠪᠡᠶᠡᠯᠡᠭᠦᠯᠦᠨ᠎ᠡ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠡᠷᠴᠢᠮ ᠢ | ᠴᠢᠩᠭᠠᠷᠠᠭᠤᠯᠤᠨ᠎ᠠ᠃ ︽ᠪᠣᠭᠤᠮᠲᠠ ᠳᠡᠭᠡᠷᠡᠬᠢ ᠲᠡᠨᠡᠭ ᠡᠪᠦᠭᠡᠨ︾ ᠳ᠋ᠦᠩ ᠬᠤᠩ ᠷᠤ᠋ ᠶᠢᠨ ᠲᠡᠷᠢᠭᠦᠨ ᠤ ᠦᠢᠯᠡ | ᠠᠵᠢᠯᠯᠠᠭ᠎ᠠ ᠶᠢ ᠶᠡᠭᠡ ᠪᠠᠷ ᠪᠠᠳᠠᠷᠠᠭᠤᠯᠵᠤ᠂ ᠠᠮᠢ ᠠᠬᠤᠢ ᠶᠢᠨ ᠪᠣᠯᠪᠠᠰᠤᠨ ᠢ ᠬᠠᠮᠲᠤ ᠪᠠᠷ ᠪᠦᠲᠦᠭᠡᠨ ᠪᠠᠶᠢᠭᠤᠯᠬᠤ᠂ | ᠦᠵᠡᠰᠬᠦᠯᠡᠩᠲᠦ ᠰᠠᠶᠢᠬᠠᠨ ᠡᠩᠬᠡ ᠲᠠᠶᠢᠪᠤᠩ ᠢ ᠪᠦᠲᠦᠭᠡᠨ ᠪᠠᠶᠢᠭᠤᠯᠬᠤ ᠠᠮᠢᠳᠤᠯᠢᠭ ᠪᠠᠶᠢᠳᠠᠯ ᠢ ᠪᠤᠢ ᠪᠤᠯᠭᠠᠨ᠎ᠠ᠃ | ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ︽ᠳᠡᠭᠡᠳᠦ ᠬᠢᠵᠠᠭᠠᠷ︾ ᠢ ᠴᠢᠩᠭ᠎ᠠ ᠬᠢᠵᠠᠭᠠᠷᠯᠠᠨ᠎ᠠ᠃ ︽ | ᠳᠥᠷᠪᠡᠨ ᠤᠰᠤ ᠳᠥᠷᠪᠡᠨ ᠲᠣᠭᠲᠠᠭᠠᠯ︾ ᠤᠨ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠣᠷᠭᠠᠨᠢᠭ | ᠬᠠᠭᠤᠷᠠᠢ ᠲᠠᠷᠢᠶᠠᠯᠠᠩ ᠢ ᠶᠡᠬᠡᠪᠡᠷ ᠬᠥᠭᠵᠢᠭᠦᠯᠦᠨ᠂ ᠣᠷᠭᠠᠨᠢᠭ ᠬᠠᠭᠤᠷᠠᠢ ᠲᠠᠷᠢᠶᠠᠯᠠᠩ ᠤᠨ ᠵᠢᠱᠢᠶ᠎ᠡ ᠦᠵᠡᠭᠦᠯᠬᠦ | ᠣᠷᠣᠨ ᠤ 5 ᠲᠦᠮᠡᠨ ᠮᠤ᠋᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ 11 ᠲᠦᠮᠡᠨ ᠮᠤ᠋ ᠶᠢ ᠪᠡᠶᠡᠯᠡᠭᠦᠯᠦᠨ᠎ᠡ᠃ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ | 1645 ᠢᠵᠢ ᠬᠡᠮᠵᠢᠯᠲᠡ ᠶᠢᠨ ᠲᠥᠬᠦᠭᠡᠷᠦᠮᠵᠢ ᠶᠢ ᠤᠬᠰᠠᠷᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ | ᠪᠠᠲᠤᠯᠠᠨ᠎ᠠ᠃ ᠴᠧᠩ ᠭᠤᠸᠠᠨ ᠪᠠᠯᠭᠠᠰᠤᠨ ᠤ ᠲᠠᠷᠢᠶᠠᠯᠠᠩ ᠤᠨ ᠠᠵᠤ ᠦᠢᠯᠡᠰ ᠤᠨ ᠲᠣᠭᠤᠷᠢᠭ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ ᠢ ᠪᠡᠶᠡᠯᠡᠭᠦᠯᠦᠨ᠎ᠡ᠃ ᠳᠤᠮᠳᠠ | ᠤᠰᠤ ᠶᠢ ᠡᠭᠡᠭᠦᠯᠦᠨ ᠬᠡᠷᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠵᠦ | ᠂ ᠳᠤᠮᠳᠠ ᠤᠰᠤᠨ ᠤ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠢ ᠪᠡᠶᠡᠯᠡᠭᠦᠯᠦᠨ᠎ᠡ᠃ | ᠡᠨᠧᠷᠭᠢ ᠶᠢᠨ ᠬᠤᠷᠣᠭᠳᠠᠯ ᠤᠨ ︽ᠥᠨᠳᠥᠷ ᠬᠢᠵᠠᠭᠠᠷ︾ ᠢ ᠴᠢᠩᠭ᠎ᠠ ᠬᠢᠵᠠᠭᠠᠷᠯᠠᠨ᠎ᠠ᠃ ︽ᠡᠨᠧᠷᠭᠢ | ᠠᠷᠪᠢᠯᠠᠬᠤ ᠶᠢ ᠲᠡᠷᠢᠭᠦᠨ ᠳᠤ ᠲᠠᠯᠪᠢᠵᠤ᠂ ᠴᠢᠳᠠᠯ ᠤᠨ ᠢᠶᠠᠨ ᠬᠢᠷᠢ ᠪᠠᠷ ᠬᠢᠵᠦ︾᠂ ᠨᠢᠭᠡᠴᠢ GDP ᠶᠢᠨ | ᠡᠨᠧᠷᠭᠢ ᠶᠢᠨ ᠬᠤᠷᠣᠭᠳᠠᠭᠤᠯᠭ᠎ᠠ ᠶᠢ 3 . 5 % ᠪᠠᠷ ᠪᠠᠭᠤᠷᠠᠭᠤᠯᠬᠤ ᠶᠢ ᠦᠨᠡᠨᠬᠦ ᠪᠠᠲᠤᠯᠠᠨ᠎ᠠ᠃ ᠣᠷᠴᠢᠨ | ᠲᠣᠭᠤᠷᠢᠨ ᠤ ᠬᠠᠮᠠᠭᠠᠯᠠᠯᠲᠠ᠂ ᠡᠨᠧᠷᠭᠢ ᠶᠢᠨ ᠬᠤᠷᠣᠭᠳᠠᠯ ᠵᠡᠷᠭᠡ ᠲᠥᠷᠥᠯ ᠵᠤᠶᠢᠯ ᠤᠨ ᠵᠥᠪᠰᠢᠶᠡᠷᠡᠨ ᠣᠷᠣᠭᠤᠯᠬᠤ | ᠨᠥᠬᠦᠴᠡᠯ ᠢ ᠴᠢᠩᠭ᠎ᠠ ᠬᠡᠷᠡᠭᠵᠢᠭᠦᠯᠵᠦ᠂ ᠨᠢᠭᠡᠴᠢ ᠨᠡᠮᠡᠭᠳᠡᠯ ᠥᠷᠲᠡᠭ ᠤᠨ ᠡᠨᠧᠷᠭᠢ ᠶᠢᠨ ᠦᠷ᠎ᠡ ᠠᠰᠢᠭ ᠤᠨ ᠬᠢᠷᠢ | ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠨᠢᠭᠡᠴᠢ ᠦᠢᠯᠡᠳᠭᠦᠨ ᠤ | ᠡᠨᠧᠷᠭᠢ ᠶᠢᠨ ᠬᠤᠷᠣᠭᠳᠠᠯ ᠢ ᠡᠷᠬᠡᠪᠰᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠦᠬᠦᠯᠦᠨ᠎ᠡ᠃ ︽ᠮᠦ | ᠪᠦᠷᠢ ᠶᠢᠨ ᠳᠤᠮᠳᠠᠴᠢ ᠦᠷᠳᠡᠭ ᠢᠶᠠᠷ ᠪᠠᠭᠠᠲᠤᠷ ᠨᠡᠷ᠎ᠡ ᠦᠨᠡᠯᠡᠬᠦ︾ ᠶᠢ ᠠᠬᠢᠭᠤᠯᠵᠤ᠂ ᠠᠵᠤ ᠠᠬᠤᠢ ᠶᠢᠨ ᠳᠠᠩᠰᠠ᠂ | ᠡᠬᠢ ᠪᠠᠶᠠᠯᠢᠭ ᠤᠨ ᠳᠠᠩᠰᠠ᠂ ᠣᠷᠴᠢᠨ ᠲᠣᠭᠤᠷᠢᠨ ᠤ ᠳᠠᠩᠰᠠ ᠶᠢ ᠰᠠᠶᠢᠲᠤᠷ ᠪᠣᠳᠣᠵᠤ᠂ ᠬᠥᠭᠵᠢᠯᠲᠡ ᠶᠢ ᠨᠠᠩ | ᠦᠨ᠎ᠡ ᠴᠡᠨ᠎ᠡ ᠲᠠᠢ ᠪᠣᠯᠭᠠᠨ᠎ᠠ᠃ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ ᠴᠠᠬᠢᠯᠭᠠᠨ ᠬᠡᠷᠡᠭᠯᠡᠬᠦ | ᠳᠠᠷᠤᠭᠠᠰᠤ ᠶᠢ ᠠᠯᠬᠤᠮ ᠠᠯᠬᠤᠮ ᠢᠶᠠᠷ ᠪᠠᠭᠠᠰᠬᠠᠵᠤ᠂ ᠨᠡᠭᠦᠷᠡᠰᠦᠲᠥ᠋ᠷᠥᠭᠴᠢ ᠡᠳ᠋᠂ ᠬᠠᠶᠢᠯᠤᠰᠢ ᠵᠡᠷᠭᠡ | ᠤᠯᠠᠮᠵᠢᠯᠠᠯᠲᠤ ᠠᠵᠤ ᠤᠶᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠡᠨᠧᠷᠭᠢ ᠠᠷᠪᠢᠯᠠᠬᠤ ᠶᠢ ᠴᠢᠩᠭᠠᠳᠬᠠᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ | ︵ᠬᠤᠶᠠᠷ︶ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠦᠢᠯᠡᠰ ᠤᠨ ᠪᠦᠲᠦᠴᠡ ᠶᠢᠨ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠤᠨ᠎ᠠ᠃ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠬᠢᠯᠳᠡᠳᠤ ᠬᠥᠭᠵᠢᠯᠲᠡ ᠶᠢ ᠡᠷᠡᠰ ᠭᠤᠶᠢᠪᠢᠰᠢ ᠥᠬᠡᠶ ᠠᠬᠢᠭᠤᠯᠵᠤ | ᠂ ᠴᠢᠨᠠᠷ ᠰᠠᠶᠢᠲᠠᠶ ᠬᠥᠭᠵᠢᠯᠲᠡ ᠶᠢᠨ ᠪᠣᠬᠢᠷᠲᠤᠯ ᠥᠬᠡᠶ ᠳᠡᠪᠢᠰᠬᠡᠷ ᠥᠩᠭᠡ ᠶᠢ ᠵᠤᠵᠠᠭᠠᠳᠬᠠᠨ᠂ ︽ᠬᠤᠶᠠᠷ | ᠬᠦᠷᠢᠶᠡᠯᠡᠩ ᠬᠤᠶᠠᠷ ᠲᠣᠭᠤᠷᠢᠭ︾ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ | ᠪᠣᠬᠢᠷᠲᠤᠯ ᠦᠭᠡᠢ ᠮᠠᠯ ᠠᠵᠤ ᠠᠬᠤᠶ ᠲᠠᠷᠢᠶᠠᠯᠠᠩ ᠢ ᠨᠠᠷᠢᠯᠢᠭᠵᠢᠭᠤᠯᠤᠨ᠎ᠠ᠃ ︽ᠲᠠᠷᠢᠶᠠᠨ ᠭᠠᠵᠠᠷ ᠤᠨ ᠠᠮᠤ | ᠪᠤᠳᠠᠭᠠᠨ ᠤ ᠬᠠᠩᠭᠠᠯᠭ᠎ᠠ ᠶᠢ ᠪᠠᠲᠤᠯᠠᠵᠤ᠂ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠶᠠᠰᠤ ᠴᠢᠨᠠᠷ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠢ ︽ | ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 90 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠤᠨ᠂ | ᠶᠡᠷᠦᠩᠬᠡᠶ ᠤᠨᠠᠯᠲᠠ ᠶᠢ 3 ᠳ᠋ᠦᠩᠰᠢᠭᠤᠷ ᠵᠢᠩ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠠᠭᠤᠷᠠᠶ ᠪᠠᠷ ᠳᠠᠷᠢᠬᠤ | ᠲᠥᠮᠥᠰᠥ᠂ ᠨᠣᠬᠠᠶ ᠶᠢᠨ ᠬᠤᠰᠢᠭᠤ ᠳᠠᠷᠢᠬᠤ ᠶᠢ ᠦᠷᠭᠦᠯᠵᠢᠯᠡᠨ ᠳᠡᠯᠭᠡᠷᠡᠭᠦᠯᠵᠦ᠂ ᠲᠠᠯᠠᠪᠠᠶ ᠶᠢ ᠴᠥᠮ 30 ᠲᠦᠮᠡᠨ | ᠮᠥ ᠳᠤ ᠲᠣᠭᠲᠠᠭᠤᠨ ᠪᠠᠶᠢᠯᠭᠠᠨ᠎ᠠ᠃ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠬᠡᠪᠴᠢᠶᠡᠵᠢᠭᠦᠯᠦᠨ | ᠬᠥᠭᠵᠢᠭᠦᠯᠵᠦ᠂ ᠲᠠᠯᠠᠪᠠᠢ ᠶᠢ 15 ᠲᠦᠮᠡᠨ ᠮᠦ ᠳᠤ ᠬᠦᠷᠭᠡᠨ᠎ᠡ᠃ ᠳᠠᠷᠤᠰᠢᠭᠤᠯᠬᠤ ᠡᠷᠳᠡᠨᠢ ᠰᠢᠰᠢ᠂ ᠴᠢᠨᠠᠷ | ᠰᠠᠶᠢᠲᠠᠢ ᠴᠠᠷᠭᠠᠰᠤ ᠲᠠᠷᠢᠬᠤ ᠶᠢ ᠵᠣᠷᠢᠭᠵᠢᠭᠤᠯᠤᠨ ᠬᠥᠭᠵᠢᠭᠦᠯᠦᠨ᠎ᠡ᠃ ︽ᠬᠤᠨᠢ ᠶᠢ ᠲᠣᠭᠲᠠᠪᠤᠷᠢᠵᠢᠭᠤᠯᠤᠨ᠂ | ᠦᠬᠡᠷ ᠢ ᠨᠡᠮᠡᠭᠳᠡᠭᠦᠯᠵᠦ᠂ ᠭᠠᠭ᠋ᠠᠢ ᠶᠢ ᠬᠢᠵᠠᠭᠠᠷᠯᠠᠬᠤ︾ ᠪᠦᠲᠦᠴᠡ ᠶᠢ ᠰᠢᠯᠢᠳᠡᠭᠵᠢᠭᠦᠯᠦᠨ᠂ ᠠᠯᠠᠰᠢᠨ ᠬᠤᠨᠢᠨ ᠤ | ᠭᠠᠷᠭᠠᠯᠲᠠ ᠶᠢ 120 ᠲᠦᠮᠡᠨ ᠲᠣᠯᠣᠭᠠᠢ ᠳᠤ ᠲᠣᠭᠲᠠᠪᠤᠷᠢᠵᠢᠭᠤᠯᠬᠤ ᠪᠠᠷ ᠴᠢᠷᠮᠠᠶᠢᠵᠤ᠂ ᠠᠯᠠᠰᠢᠨ ᠦᠨᠢᠶᠡᠨ ᠤ | ᠭᠠᠷᠭᠠᠯᠲᠠ ᠶᠢ 5 ᠲᠦᠮᠡ ᠭᠠᠷᠤᠢ ᠪᠤᠯᠭᠠᠨ᠂ ᠠᠮᠢᠳᠤ ᠭᠠᠭ᠋ᠠᠢ ᠶᠢᠨ ᠭᠠᠷᠭᠠᠯᠲᠠ ᠶᠢ 5.5 ᠲᠦᠮᠡᠨ ᠲᠣᠯᠣᠭᠠᠢ ᠶᠢᠨ | ᠳᠣᠲᠣᠷ᠎ᠠ ᠬᠢᠵᠠᠭᠠᠷᠯᠠᠨ᠎ᠠ᠃ ︽ᠴᠡᠪᠡᠷ ᠨᠣᠭᠤᠭ᠎ᠠ ᠰᠢᠨ᠎ᠡ ᠮᠢᠬ᠎ᠠ ᠶᠢ ᠪᠡᠭᠡᠵᠢᠩ ᠳᠤ ᠣᠷᠣᠭᠤᠯᠬᠤ ᠠᠵᠢᠯᠯᠠᠭ᠎ᠠ︾ ᠶᠢ | ᠬᠡᠷᠡᠭᠵᠢᠬᠦᠯᠦᠨ᠎ᠡ᠃ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠴᠤᠸᠠᠨ ᠱᠦᠨ᠂ ᠰᠢᠨ ᠯᠦ | ᠮᠧᠩ᠂ ᠵᠦ ᠬᠤᠸᠠ ᠵᠡᠷᠭᠡ ᠣᠳᠣ ᠪᠠᠶᠢᠭ᠎ᠠ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠢᠶᠠ ᠹᠦ᠋ | ᠰᠢᠶᠠ ᠹᠦ᠋᠂ ᠾᠧ ᠮᠠ ᠵᠡᠷᠭᠡ ᠲᠣᠮᠣ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠵᠠᠯᠠᠨ ᠣᠷᠣᠭᠤᠯᠵᠤ᠂ | ᠢᠳᠡᠰᠢᠨ ᠨᠣᠭᠤᠭ᠎ᠠ ᠶᠢ ᠨᠠᠷᠢᠯᠢᠭ ᠭᠦᠨᠵᠡᠭᠡᠶ ᠪᠤᠯᠪᠠᠰᠤᠷᠠᠭᠤᠯᠵᠤ᠂ ᠮᠠᠯ ᠤᠨᠤᠭ᠎ᠠ ᠶᠢ ᠪᠣᠷᠳᠣᠨ ᠲᠠᠷᠭᠤᠯᠠᠭᠤᠯᠵᠤ | ᠨᠢᠳᠤᠯᠵᠤ ᠪᠤᠯᠪᠠᠰᠤᠷᠠᠭᠤᠯᠬᠤ ᠪᠠ ᠬᠥᠯᠳᠡᠭᠡᠵᠦ ᠬᠡᠯᠬᠢᠶᠡᠵᠢᠭᠦᠯᠦᠨ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ | ᠭᠦᠢᠯᠭᠡᠭᠡᠨ ᠢ ᠲᠦᠷᠭᠡᠳᠬᠡᠨ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ︽ᠲᠥᠪ | ᠲᠣᠭᠤᠭᠠᠨ ᠭᠡᠷ︾ ᠢ ᠪᠦᠲᠦᠭᠡᠨ ᠪᠠᠶᠢᠭᠤᠯᠤᠨ᠎ᠠ᠃ ᠳᠡᠭᠡᠳᠦ ᠤᠷᠤᠰᠬᠠᠯ ᠤᠨ ᠵᠠᠬᠢᠶᠠᠯᠠᠭ᠎ᠠ ᠶᠢ 5 ᠲᠦᠮᠡᠨ ᠮᠥ ᠠᠴᠠ | ᠳᠡᠭᠡᠭᠰᠢ ᠳᠤ ᠬᠦᠷᠭᠡᠵᠦ᠂ ᠳᠤᠤᠷᠠᠳᠤ ᠤᠷᠤᠰᠬᠠᠯ ᠤᠨ ᠲᠠᠷᠢᠶᠠᠯᠠᠩ ᠤᠨ ᠪᠦᠲᠦᠭᠡᠭᠳᠡᠬᠦᠨ ᠢ 20 ᠲᠦᠮᠡᠨ ᠲᠣᠨ ᠳᠤ | ᠬᠦᠷᠭᠡᠨ᠎ᠡ᠃ ᠲᠥᠮᠥᠰᠥᠨ ᠤ ᠰᠠᠶᠢᠨ ᠦᠷᠡᠵᠢᠭᠦᠯᠬᠦ ᠰᠠᠭᠤᠷᠢᠨ ᠭᠠᠵᠠᠷ ᠢ 5000 ᠮᠦ ᠪᠠᠶᠢᠭᠤᠯᠤᠨ᠎ᠠ᠃ ᠲᠠᠸᠠᠷ ᠤᠨ | ᠲᠥᠮᠥᠰᠥ᠂ ᠡᠳ᠋ᠰᠢᠬᠦᠯᠬᠦ ᠲᠤᠰᠬᠠᠶ ᠬᠡᠷᠡᠭᠯᠡᠭᠡᠨ ᠤ ᠲᠥᠮᠥᠰᠥ ᠶᠢᠨ ᠬᠡᠪᠴᠢᠶᠡᠵᠢᠭᠦᠯᠦᠨ ᠪᠠᠷᠢᠮᠵᠢᠶᠠᠵᠢᠭᠤᠯᠬᠤ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ᠃ ᠰᠢᠯᠢᠳᠡᠭ ᠮᠠᠯ ᠵᠢᠭᠦᠷᠲᠡᠨ ᠢ | ᠳᠡᠯᠭᠡᠷᠡᠭᠦᠯᠬᠦ ᠶᠢ ᠴᠢᠩᠭᠠᠳᠬᠠᠵᠤ᠂ ᠮᠠᠯ ᠵᠢᠭᠦᠷᠲᠡᠨ ᠤ ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠦᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠵᠦ᠂ ᠲᠠᠷᠢᠶᠠᠯᠠᠩ ᠤᠨ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠥᠷᠭᠡᠳᠬᠡᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠪᠠ ᠡᠪᠡᠳᠴᠢᠨ ᠢ ᠰᠡᠷᠭᠡᠶᠢᠯᠡᠨ | ᠭᠠᠮᠰᠢᠭ ᠲᠠᠢ ᠲᠡᠮᠡᠴᠡᠬᠦ ᠴᠢᠳᠠᠪᠤᠷᠢ ᠶᠢ ᠬᠦᠴᠦᠯᠡᠨ ᠲᠡᠭᠡᠭᠰᠢᠯᠡᠬᠦᠯᠦᠨ᠎ᠡ᠃ ᠲᠤᠰᠬᠠᠶᠢᠵᠢᠭᠰᠠᠨ ᠲᠠᠷᠢᠶᠠᠯᠠᠩ ᠤᠨ | ᠮᠠᠰᠢᠨ ᠤ ᠦᠢᠯᠡᠴᠢᠯᠡᠭᠡᠨ ᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ | ᠨᠣᠷᠮ᠎ᠠ ᠶᠢ 82 % ᠲᠤ ᠬᠦᠷᠦᠭᠦᠯᠬᠦ ᠪᠠᠷ ᠴᠢᠷᠮᠠᠶᠢᠨ᠎ᠠ᠃ ᠲᠣᠭᠠᠴᠢᠯᠠᠭᠰᠠᠨ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠤᠶᠤᠨᠲᠤ ᠲᠠᠷᠢᠶᠠᠯᠠᠩ ᠢ ᠶᠡᠭᠡ ᠪᠠᠷ ᠬᠥᠭᠵᠢᠭᠦᠯᠦᠨ᠎ᠡ᠃ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠵᠢᠯ ᠤᠨ | ᠳᠣᠲᠣᠷ᠎ᠠ ᠪᠣᠬᠢᠷᠲᠤᠯ ᠥᠬᠡᠶ᠂ ᠣᠷᠭᠠᠨᠢᠭ ᠪᠦᠲᠦᠭᠡᠭᠳᠡᠬᠦᠨ ᠪᠠ ᠨᠠᠷᠠᠲᠤ ᠣᠨᠴᠠ ᠰᠢᠯᠢᠳᠡᠭ ᠰᠢᠨ᠎ᠡ ᠪᠦᠲᠦᠭᠡᠭᠳᠡᠬᠦᠨ ᠢ | 20 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ᠰᠢᠨ᠎ᠡ ᠪᠠᠷ ᠬᠥᠭᠵᠢᠭᠰᠡᠨ ᠠᠵᠤ ᠦᠢᠯᠡᠳᠪᠦᠷᠢ ᠶᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠭᠦᠢᠴᠡᠳ | ᠪᠦᠬᠦᠢ ᠰᠠᠯᠬᠢ ᠭᠡᠷᠡᠯ ᠤᠰᠤᠨ ᠴᠠᠬᠢᠯᠭᠠᠨ ᠤ ᠳᠠᠪᠠᠭᠤᠯᠢᠭ ᠢ ᠠᠰᠢᠭᠯᠠᠨ᠂ ᠡᠨᠧᠷᠭᠢ ᠬᠠᠳᠠᠭᠠᠯᠠᠬᠤ᠂ | ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠪᠣᠯᠤᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ | ᠶᠡᠬᠡᠪᠡᠷ ᠬᠥᠭᠵᠢᠭᠦᠯᠦᠨ᠎ᠡ᠃ ᠲᠣᠰ ᠵᠢᠯ ᠳᠤ 50 ᠲᠦᠮᠡᠨ ᠬᠢᠯᠦᠸᠠᠲ ᠤᠨ ᠰᠠᠯᠬᠢᠨ ᠴᠠᠬᠢᠯᠭᠠᠨ ᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ ᠥᠪᠥᠷ ᠮᠣᠩᠭᠤᠯ ᠤᠨ ᠪᠠᠯ ᠴᠢᠯᠠᠭᠤ ︵ | ᠠᠯᠺᠧᠨ︶ ᠶᠢᠨ ᠰᠢᠨ᠎ᠡ ᠶᠢ ᠡᠭᠦᠳᠬᠦ ᠲᠥᠪ ᠲᠤ ᠲᠦᠰᠢᠭᠯᠡᠨ᠂ ᠷᠦᠢ ᠱᠧᠩ ᠰᠢᠨ᠎ᠡ ᠡᠨᠧᠷᠭᠢ ᠵᠡᠷᠭᠡ ᠠᠵᠤ | ᠠᠬᠤᠶᠢᠯᠠᠯ ᠤᠨ ᠦᠢᠯᠡᠳᠪᠦᠷᠢᠯᠡᠬᠦ ᠵᠢᠭᠠᠨ ᠰᠤᠳᠤᠯᠬᠤ ᠶᠢᠨ ᠪᠣᠭᠤᠮᠲᠠ ᠰᠢᠪᠲᠤᠯᠬᠤ ᠶᠢ ᠳᠡᠮᠵᠢᠵᠦ᠂ ᠵᠢᠯ ᠳᠤ 2000 | ᠲᠣᠨ ᠪᠠᠯ ᠴᠢᠯᠠᠭᠤ ᠶᠢᠨ ᠠᠯᠺᠧᠨ ᠤ ᠢᠰᠦᠯ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠤᠨ ᠲᠥᠷᠥᠯ | ᠵᠦᠢᠯ ᠤᠨ ᠪᠠᠷᠢᠯᠭ᠎ᠠ ᠡᠬᠢᠯᠡᠭᠦᠯᠬᠦ ᠶᠢ ᠬᠦᠴᠦᠯᠡᠨ ᠠᠬᠢᠭᠤᠯᠤᠨ᠎ᠠ᠃ ᠢᠦᠢ ᠴᠧᠩ ᠤᠨ ᠭᠤᠤ ᠯᠢᠩ ᠰᠢᠷᠣᠢ᠂ ᠯᠦᠩ | ᠰᠢᠩ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠣᠯᠣᠭᠠᠶᠢᠯᠠᠭᠴᠢ ᠪᠤᠯᠭᠠᠨ᠂ ᠸᠠᠭᠠᠷ ᠱᠠᠭᠠᠵᠠᠩ ᠤᠨ ᠰᠢᠷᠢᠰ | ᠪᠦᠲᠦᠭᠡᠭᠳᠡᠬᠦᠨ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠶᠢ ᠴᠢᠩᠭᠠᠳᠬᠠᠵᠤ᠂ ᠪᠡᠯᠡᠭ ᠤᠨ ᠡᠳ᠋᠂ ᠱᠠᠭᠠᠵᠠᠩ᠂ | ᠤᠷᠠᠯᠢᠭ ᠤᠨ ᠡᠳ᠋᠂ ᠵᠢᠭᠤᠯᠴᠢᠯᠠᠯ ᠤᠨ ᠳᠤᠷᠠᠰᠬᠠᠯ ᠤᠨ ᠡᠳ᠋᠂ ᠱᠠᠭᠠᠵᠠᠩ ᠵᠡᠷᠭᠡ ᠳᠡᠭᠡᠳᠦ ᠲᠡᠰ ᠤᠨ ᠸᠠᠭᠠᠷ | ᠱᠠᠭᠠᠵᠠᠩ ᠤᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠭᠤᠸᠠᠩ ᠬᠤᠸᠠ ᠶᠢᠨ ᠵᠢᠩ ᠰᠢᠩ ᠰᠢᠨ᠎ᠡ | ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠳᠤᠮᠳᠠᠳᠤ ᠤᠯᠤᠰ ᠤᠨ ᠴᠢᠯᠠᠭᠤᠨ ᠲᠣᠰᠣ | ᠬᠢᠮᠢ ᠶᠢᠨ ᠠᠵᠤ ᠦᠢᠯᠡᠳᠪᠦᠷᠢ ᠶᠢᠨ ᠤᠰᠤᠲᠥ᠋ᠷᠥᠭᠴᠢ ᠦᠢᠯᠡᠳᠬᠦ ᠲᠥᠷᠦᠯ ᠵᠦᠢᠯ ᠤᠨ ᠪᠠᠷᠢᠯᠭ᠎ᠠ ᠡᠬᠢᠯᠡᠬᠦ ᠶᠢ | ᠠᠬᠢᠭᠤᠯᠵᠤ᠂ ᠶᠠᠩ ᠭᠤᠸᠠᠩ ᠰᠢᠨ᠎ᠡ ᠡᠨᠧᠷᠭᠢ ᠶᠢᠨ 1 GW ᠣᠯᠠᠨ ᠲᠠᠯᠠᠰᠲᠤ ᠴᠠᠬᠢᠭᠤᠷ ᠢᠯᠲᠠᠰᠤ ᠶᠢᠨ ᠲᠥᠷᠦᠯ | ᠵᠦᠢᠯ ᠢ ᠠᠰᠢᠭᠯᠠᠯᠲᠠ ᠳᠤ ᠣᠷᠣᠭᠤᠯᠤᠨ᠎ᠠ᠃ ᠰᠢᠨ ᠲᠠᠢ᠂ ᠱᠠᠨ ᠾᠧ ᠵᠡᠷᠭᠡ ᠬᠠᠶᠢᠯᠤᠰᠢ ᠶᠢᠨ ᠠᠵᠤ ᠠᠬᠤᠶᠢᠯᠠᠯ ᠢ | ᠲᠡᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ ᠶᠢ ᠲᠦᠷᠭᠡᠳᠬᠡᠵᠦ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠨ ᠨᠥᠬᠦᠪᠥᠷᠢᠯᠡᠬᠦ ᠶᠢ ᠠᠬᠢᠭᠤᠯᠤᠨ᠎ᠠ᠃ | ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠢ ᠪᠤᠵᠠᠭᠠᠶᠢᠷᠠᠭᠤᠯᠤᠨ ᠬᠥᠭᠵᠢᠭᠡᠨ᠎ᠡ᠃ ᠮᠠᠨ ᠤ | ᠰᠢᠶᠠᠨ ᠤ ︽ᠨᠡᠶᠢᠰᠯᠡᠯ ᠤᠨ ᠨᠢᠭᠡ ᠴᠠᠭ ᠤᠨ ᠠᠵᠤ ᠠᠬᠤᠶ ᠶᠢᠨ ᠲᠣᠭᠤᠷᠢᠭ︾ ᠤᠨ ᠣᠷᠣᠨ ᠪᠠᠶᠢᠷᠢ ᠶᠢᠨ | ᠳᠠᠪᠠᠭᠤᠯᠢᠭ ᠪᠠ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠵᠠᠮ ᠬᠠᠷᠢᠯᠴᠠᠭᠠᠨ ᠤ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ︽ | ᠠᠴᠢᠶᠠᠯᠠᠪᠤᠷᠢ ᠶᠢᠨ ᠣᠷᠣᠨ︾ ᠢ ᠪᠦᠬᠦ ᠬᠦᠴᠦᠨ ᠢᠶᠠᠷ ᠢᠶᠠᠨ ᠪᠤᠶ ᠪᠣᠯᠭᠠᠨ᠎ᠠ᠃ ᠬᠤᠸᠠ ᠲᠦᠩ᠂ ᠶᠢᠨ ᠰᠢᠩ ᠭᠠᠩ᠂ | ᠪᠥᠸᠧ ᠶᠤᠸᠠᠨ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠵᠡᠷᠭᠡ ᠳᠥᠷᠪᠡᠨ ᠶᠡᠭᠡ ᠪᠠᠷᠠᠭ᠎ᠠ ᠶᠢᠨ | ᠲᠠᠯᠠᠪᠠᠢ ᠳᠤ ᠲᠦᠰᠢᠭᠯᠡᠨ᠂ ᠪᠠᠷᠠᠭ᠎ᠠ ᠶᠢᠨ ᠭᠦᠢᠯᠭᠡᠭᠡᠨ ᠤ ᠳᠣᠲᠣᠭᠠᠳᠤ ᠬᠠᠭᠤᠷᠠᠶ ᠶᠢᠨ ᠭᠠᠷᠠᠮ ᠢ ᠪᠠᠶᠢᠭᠤᠯᠤᠨ᠎ᠠ᠃ | ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠰᠢᠨ᠎ᠡ ᠪᠠᠶᠢᠷᠢ ᠲᠣᠭᠲᠠᠭᠠᠯᠲᠠ ᠳᠤ ᠴᠢᠭᠯᠡᠭᠦᠯᠦᠨ᠂ ᠮᠣᠩᠭᠤᠯ ᠤᠯᠤᠰ ᠤᠨ ᠬᠡᠦᠷᠡᠰᠦ ᠶᠢ ᠨᠠᠷᠢᠯᠢᠭ ᠭᠦᠨ | ᠪᠣᠯᠪᠠᠰᠤᠷᠠᠭᠤᠯᠬᠤ ᠬᠡᠮᠵᠢᠶ᠎ᠡ ᠶᠢ ᠥᠷᠭᠡᠳᠬᠡᠵᠦ᠂ ᠵᠢᠯ ᠤᠨ ᠳᠣᠲᠣᠷ᠎ᠠ 100 ᠲᠦᠮᠡᠨ ᠲᠣᠨ ᠳᠤ ᠬᠦᠷᠭᠡᠬᠦ ᠪᠠᠷ | ᠴᠢᠷᠮᠠᠶᠢᠨ᠎ᠠ᠃ ᠠᠭᠤᠷᠬᠠᠶ ᠶᠢᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ᠂ ᠬᠤᠪᠢᠶᠠᠨ ᠰᠣᠩᠭᠤᠬᠤ᠂ | ᠲᠣᠬᠢᠷᠠᠭᠤᠯᠤᠨ ᠬᠦᠷᠭᠡᠬᠦ ᠲᠥᠷᠥᠯ ᠵᠦᠢᠯ ᠤᠨ ᠬᠦᠷᠢᠶᠡᠯᠡᠩ ᠲᠣᠭᠤᠷᠢᠭ ᠲᠤ ᠨᠤᠲᠤᠭᠰᠢᠬᠤ ᠶᠢ ᠬᠦᠴᠦᠯᠡᠨ | ᠠᠬᠢᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠵᠢᠱᠢᠶ᠎ᠡ ᠦᠵᠡᠭᠦᠯᠬᠦ ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ | ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ ᠤᠯᠤᠰ ᠤᠨ ᠨᠢᠷᠤᠭᠤᠪᠴᠢ ᠬᠦᠢᠲᠡᠨ ᠬᠡᠯᠬᠢᠶᠡᠲᠦ ᠪᠠᠷᠠᠭ᠎ᠠ ᠶᠢᠨ | ᠭᠦᠢᠯᠭᠡᠭᠡᠨ ᠤ ᠵᠠᠩᠭᠢᠶᠠᠰᠤ ᠪᠣᠯᠬᠤ ᠬᠤᠲᠠ ᠶᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠦᠨ᠎ᠡ᠃ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠰᠢᠶᠠᠨ ᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠪᠡᠶᠡᠯᠡᠭᠦᠯᠵᠦ᠂ ᠰᠢᠶᠠᠨ ᠰᠢᠶᠠᠩ ᠲᠣᠰᠬᠤᠨ ᠭᠤᠷᠪᠠᠨ | ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠨᠰᠢᠭᠦᠯᠦᠨ᠂ ᠬᠥᠳᠡᠭᠡ | ᠲᠣᠰᠬᠤᠨ ᠤ ᠬᠡᠷᠡᠭᠯᠡᠭᠡ ᠶᠢ ᠪᠦᠬᠦ ᠲᠠᠯ᠎ᠠ ᠪᠠᠷ ᠥᠷᠭᠡᠳᠬᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ | 20 % ᠨᠡᠮᠡᠭᠳᠡᠭᠦᠯᠬᠦ ᠪᠠᠷ ᠴᠢᠷᠮᠠᠶᠢᠨ᠎ᠠ᠃ ᠰᠢᠨ᠎ᠡ ᠮᠠᠶ᠋ᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠲᠦᠷᠭᠡᠯᠡᠨ | ᠪᠤᠶᠢᠵᠢᠭᠤᠯᠵᠤ᠂ ︽ᠰᠥᠨᠢ ᠶᠢᠨ ᠠᠵᠤ ᠠᠬᠤᠢ︾᠂ ︽ᠵᠢᠵᠢᠭ ᠳᠡᠯᠭᠡᠭᠦᠷ ᠤᠨ ᠠᠵᠤ ᠠᠬᠤᠢ︾᠂ ︽ᠪᠠᠶᠠᠷ ᠤᠨ | ᠡᠳᠦᠷ ᠤᠨ ᠠᠵᠤ ᠠᠬᠤᠢ︾᠂ ︽ᠰᠦᠯᠵᠢᠶᠡᠨ ᠳᠤ ᠨᠡᠷᠡᠳᠡᠢ ᠠᠵᠤ ᠠᠬᠤᠢ︾ ᠶᠢ ᠶᠡᠭᠡ ᠪᠠᠷ ᠬᠥᠭᠵᠢᠭᠦᠯᠦᠨ᠂ | ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ | ᠰᠢᠨ᠎ᠡ ᠰᠣᠶᠣᠯ ᠵᠢᠭᠤᠯᠴᠢᠯᠠᠯ ᠡᠷᠡᠭᠦᠯᠵᠢᠯ ᠤᠨ ᠦᠢᠯᠡᠰ ᠢ ᠰᠠᠶᠢᠲᠤᠷ ᠬᠢᠨ᠎ᠠ᠃ ᠨᠡᠶᠢᠰᠯᠡᠯ ᠳᠤ | ᠬᠠᠨᠳᠤᠭᠤᠯᠤᠭᠰᠠᠨ ︽ᠠᠷᠤ ᠴᠡᠴᠡᠷᠯᠢᠭ︾ ᠪᠠ ᠤᠤᠯ ᠤᠨ ᠠᠮᠢ ᠠᠬᠤᠶ ᠶᠢᠨ ᠪᠡᠭᠡᠵᠢᠩ ᠬᠤᠲᠠ ᠶᠢᠨ ᠲᠡᠭᠦᠷᠭᠡ ᠶᠢᠨ | ᠰᠡᠯᠡᠭᠦᠴᠡᠯ ᠵᠢᠭᠤᠯᠴᠢᠯᠠᠯ ᠤᠨ ︽ᠺᠠᠷᠲ ᠴᠣᠬᠢᠬᠤ ᠭᠠᠵᠠᠷ︾ ᠢ ᠬᠦᠴᠦᠯᠡᠨ ᠪᠠᠶᠢᠭᠤᠯᠤᠨ᠎ᠠ᠃ ᠰᠤᠮᠤᠨ ᠠᠭᠤᠯᠠ᠂ | ᠴᠠᠬᠠᠷ ᠨᠠᠭᠤᠷ ᠤᠨ ᠳᠡᠰ ᠳᠡᠪᠰᠢᠬᠦ ᠶᠢ ᠠᠬᠢᠭᠤᠯᠤᠨ᠎ᠠ᠃ ᠯᠦ ᠵᠢᠶᠠ ᠶᠢᠩ ᠠᠮᠢ ᠠᠬᠤᠢ ᠶᠢᠨ ᠵᠤᠭᠠᠴᠠᠯ ᠤᠨ ᠵᠢᠵᠢᠭ | ᠪᠠᠯᠭᠠᠰᠤᠨ ᠤ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠵᠦ᠂ ᠯᠣᠣ ᠯᠢ ᠬᠠᠢ ᠶᠢᠨ ︽ᠵᠠᠭᠤᠨ ᠰᠠᠶᠢᠬᠠᠨ | ᠲᠣᠰᠬᠤᠨ ᠤ ᠪᠠᠶᠢᠷᠢ︾ ᠶᠢᠨ ᠲᠥᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ᠰᠤᠮᠤᠨ ᠠᠭᠤᠯᠠ᠂ ᠳ᠋ᠠ ᠨᠠᠨ ᠱᠠᠨ ᠤ ᠬᠤᠪᠢᠰᠬᠠᠯ ᠤᠨ ᠰᠣᠶᠣᠯ ᠤᠨ ᠡᠬᠢ | ᠪᠠᠶᠠᠯᠢᠭ ᠢ ᠭᠦᠨ ᠠᠭᠤᠳᠠᠯᠵᠤ᠂ ᠰᠤᠳᠤᠯᠤᠨ ᠰᠤᠷᠤᠯᠴᠠᠬᠤ ᠵᠤᠭᠠᠴᠠᠯ᠂ ᠬᠤᠪᠢᠰᠬᠠᠯ ᠤᠨ ᠵᠤᠭᠠᠴᠠᠯ ᠢ ᠶᠡᠬᠡᠪᠡᠷ | ᠬᠥᠭᠵᠢᠭᠦᠯᠦᠨ᠎ᠡ᠃ ᠳᠠᠯᠠᠨ ᠬᠠᠷ᠎ᠠ ᠠᠭᠤᠯᠠ᠂ ᠴᠢ ᠵᠢᠶᠠ ᠶᠢᠩ ᠤᠰᠤᠨ ᠴᠥᠭᠦᠷᠥᠮ᠂ ᠲᠤᠤ ᠵᠢᠦ ᠬᠤᠸᠠ ᠯᠢᠩ ᠤᠨ | ᠠᠮᠢ ᠠᠬᠤᠶ ᠶᠢᠨ ᠵᠢᠭᠤᠯᠴᠢᠯᠠᠯ ᠤᠨ ᠲᠥᠷᠥᠯ ᠵᠦᠢᠯ ᠤᠨ ᠨᠡᠭᠡᠭᠡᠯᠲᠡ ᠶᠢ ᠢᠳᠡᠪᠬᠢᠲᠡᠶ ᠠᠬᠢᠭᠤᠯᠵᠤ᠂ ᠣᠯᠠᠨ | ᠲᠠᠯ᠎ᠠ ᠪᠠᠷ ᠲᠤᠯᠭᠠᠭᠤᠷᠢᠯᠠᠭᠰᠠᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠤᠨ᠎ᠠ᠃ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠵᠠ ᠲᠣᠬᠢᠶᠠᠯ ᠢ ᠠᠮᠵᠢᠵᠤ᠂ | ᠮᠥᠰᠥ ᠴᠠᠰᠤᠨ ᠤ ᠵᠢᠭᠤᠯᠴᠢᠯᠠᠯ ᠢ ᠶᠡᠭᠡ ᠪᠠᠷ ᠬᠥᠭᠵᠢᠭᠦᠯᠦᠨ᠎ᠡ᠃ ᠵᠢᠭᠤᠯᠴᠢᠯᠠᠯ ᠤᠨ ᠬᠤᠷᠰᠢᠯᠴᠠᠬᠤ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠪᠡᠭᠡᠵᠢᠩ᠂ ᠲᠢᠶᠠᠨᠵᠢᠨ᠂ ᠾᠧᠪᠧᠶ᠂ ᠱᠠᠨ ᠰᠢ ᠵᠡᠷᠭᠡ ᠬᠥᠷᠰᠢ ᠵᠡᠷᠭᠡᠯᠡᠳᠡᠭᠡ ᠮᠤᠵᠢ | ᠬᠤᠲᠠ ᠵᠢᠴᠢ ᠡᠷᠭᠢᠨ ᠲᠣᠭᠤᠷᠢᠨ ᠤ ᠣᠷᠣᠨ ᠰᠢᠶᠠᠨ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠭᠦᠨᠵᠡᠭᠡᠶ | ᠬᠤᠷᠰᠢᠯᠴᠠᠭ᠎ᠠ ᠶᠢ ᠴᠢᠩᠭᠠᠳᠬᠠᠨ᠂ ᠰᠣᠳᠣᠨ ᠵᠢᠭᠤᠯᠴᠢᠯᠠᠯ ᠤᠨ ᠱᠤᠭᠤᠮ ᠢ ᠬᠠᠮᠲᠤᠷᠠᠨ ᠪᠠᠶᠢᠭᠤᠯᠤᠨ᠎ᠠ᠃ ᠢᠳᠡᠵᠦ | ᠤᠤᠭᠤᠬᠤ ᠬᠤᠨᠣᠵᠤ ᠬᠡᠪᠲᠡᠬᠦ ᠵᠤᠭᠠᠴᠠᠵᠤ ᠲᠣᠭᠤᠷᠢᠬᠤ ᠵᠤᠭ᠎ᠠ ᠴᠡᠩᠭᠡᠯ ᠤᠨ ᠡᠯᠧᠮᠧᠨ᠋ᠲ ᠤᠨ ᠬᠡᠯᠬᠢᠶ᠎ᠡ ᠶᠢ | ᠨᠡᠪᠲᠡᠷᠡᠭᠦᠯᠬᠦ᠂ ᠣᠨᠴᠠᠯᠢᠭᠲᠤ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ᠂ ᠬᠤᠲᠠ ᠶᠢᠨ ᠠᠷᠠᠳ ᠤᠨ | ᠵᠢᠭᠤᠯᠴᠢᠯᠠᠭᠴᠢᠳ ᠲᠤ ᠦᠢᠯᠡᠴᠢᠯᠡᠬᠦ ᠲᠥᠪ ᠢ ᠪᠦᠲᠦᠭᠡᠨ ᠪᠠᠶᠢᠭᠤᠯᠬᠤ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ | ᠂ ᠪᠠᠶᠠᠷ ᠳᠤᠷᠠᠰᠬᠠᠯ ᠤᠨ ᠡᠳᠦᠷ ᠬᠤᠷᠠᠯ ᠴᠤᠬᠯᠠᠭᠠᠨ ᠦᠵᠡᠰᠬᠦᠯᠡᠩ ᠵᠡᠷᠭᠡ ᠲᠥᠬᠦᠷ ᠦᠢᠯᠡᠴᠢᠯᠡᠭᠡ ᠶᠢ ᠤᠷᠲᠤᠳᠬᠠᠨ | ᠥᠷᠭᠡᠳᠬᠡᠬᠦ᠂ ᠭᠡᠷ ᠲᠡᠷᠭᠡ ᠪᠠᠭᠤᠳᠠᠯ ᠭᠠᠵᠠᠷ ᠵᠡᠷᠭᠡ ᠢᠳᠡᠭᠡᠨ ᠤᠮᠳᠠᠭᠠᠨ ᠬᠤᠨᠤᠭ ᠪᠠᠭᠤᠳᠠᠯ ᠪᠠ ᠰᠡᠯᠡᠭᠦᠴᠡᠯ ᠵᠤᠭ᠎ᠠ | ᠴᠡᠩᠭᠡᠯ ᠤᠨ ᠬᠡᠷᠡᠭᠯᠡᠭᠡᠨ ᠤ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ | ᠬᠠᠩᠭᠠᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠪᠠᠶᠢᠭᠠᠯᠢ ᠶᠢᠨ ᠬᠦᠴᠢᠯᠲᠥ᠋ᠷᠥᠭᠴᠢᠲᠦ ᠪᠠᠭᠠᠷ ᠰᠤᠮᠤᠨ | ᠠᠭᠤᠯᠠ᠂ ᠡᠷᠡᠭᠦᠯ ᠮᠡᠨᠳᠦ ᠪᠡᠶ᠎ᠡ ᠰᠤᠪᠢᠯᠠᠬᠤ ᠬᠥᠨᠳᠡᠶ ᠶᠢᠨ ᠴᠠᠷ ᠨᠠᠭᠤᠷ ᠤᠨ ᠨᠡᠷ᠎ᠡ ᠶᠢᠨ ᠬᠠᠭᠤᠳᠠᠰᠤ ᠶᠢ ᠠᠷᠴᠢᠵᠤ | ᠂ ᠬᠢᠲᠠᠳ ︵ᠮᠣᠩᠭᠤᠯ︶ ᠡᠮ ᠡᠮᠨᠡᠯᠭᠡ ᠶᠢᠨ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠡᠷᠡᠭᠦᠯ ᠮᠡᠨᠳᠦ ᠪᠡᠶ᠎ᠡ ᠰᠤᠪᠢᠯᠠᠬᠤ ᠠᠵᠤ ᠦᠢᠯᠡᠰ ᠢ ᠶᠡᠭᠡ ᠪᠠᠷ | ᠠᠬᠢᠭᠤᠯᠤᠨ᠎ᠠ᠃ | ︵ᠭᠤᠷᠪᠠ︶ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠦᠵᠡᠰᠬᠦᠯᠡᠩᠲᠦ ᠰᠠᠶᠢᠬᠠᠨ ᠬᠤᠲᠠ | ᠪᠠᠯᠭᠠᠰᠤ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ ᠰᠢᠨ᠎ᠡ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠰᠢᠨ᠎ᠡ ᠠᠵᠠ ᠲᠣᠬᠢᠶᠠᠯ ᠢ ᠠᠮᠵᠢᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ | ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠤᠳᠠᠬᠳᠠᠯ ᠢ ᠨᠥᠬᠦᠪᠥᠷᠢᠯᠡᠨ᠎ᠡ᠃ | ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠠᠭᠤᠴᠢᠨ ᠬᠤᠲᠠ | ᠲᠣᠭᠤᠷᠢᠭ᠂ ᠰᠢᠨ᠎ᠡ ᠬᠤᠲᠠ ᠲᠣᠭᠤᠷᠢᠭ᠂ ᠲᠦᠷᠭᠡᠨ ᠬᠤᠷᠳᠤᠴᠠᠳᠤ ᠲᠡᠮᠦᠷ ᠵᠠᠮ ᠤᠨ ᠥᠷᠲᠡᠭᠡ ᠶᠢᠨ ᠬᠡᠰᠡᠭ | ᠲᠣᠭᠤᠷᠢᠭ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠤᠯᠠᠮ ᠴᠢᠨᠠᠭᠰᠢᠳᠠ ᠰᠢᠯᠢᠳᠡᠭᠵᠢᠭᠦᠯᠦᠨ᠎ᠡ᠃ ᠬᠠᠭᠤᠴᠢᠨ | ᠬᠤᠲᠠ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠵᠢᠴᠢ ᠢᠵᠢ ᠪᠦᠷᠢᠳᠦᠭᠦᠯᠬᠦ ᠬᠤᠭᠤᠯᠠᠢ ᠲᠣᠣᠷ ᠤᠨ | ᠪᠦᠲᠦᠭᠡᠨ ᠪᠠᠢᠭᠤᠯᠤᠯᠲᠠ ᠶᠢ ᠬᠦᠴᠦᠯᠡᠨ ᠠᠬᠢᠭᠤᠯᠵᠤ᠂ ᠬᠠᠭᠤᠴᠢᠨ ᠬᠤᠲᠠ ᠲᠣᠭᠤᠷᠢᠭ ᠤᠨ ᠲᠥᠪᠯᠡᠷᠡᠭᠦᠯᠦᠨ | ᠢᠯᠴᠢ ᠬᠠᠩᠭᠠᠬᠤ ᠠᠰᠠᠭᠤᠳᠠᠯ ᠢ ᠰᠢᠢᠳᠪᠦᠷᠢᠯᠡᠨ᠎ᠡ᠃ ᠹᠦ᠋ ᠷᠦᠢ ᠪᠠᠭ᠎ᠠ ᠲᠣᠭᠤᠷᠢᠭ ᠤᠨ ᠪᠤᠴᠠᠭᠠᠨ ᠨᠡᠭᠦᠯᠭᠡᠬᠦ ᠠᠰᠠᠷ | ᠪᠣᠯᠤᠨ ᠨᠡᠭᠦᠳᠡᠯ ᠠᠷᠠᠳ ᠤᠨ ᠲᠣᠭᠤᠷᠢᠭ ᠤᠨ ᠢᠵᠢ ᠪᠦᠷᠢᠳᠦᠭᠡᠳᠦᠶ ᠳᠥᠭᠦᠮ ᠪᠦᠳᠦᠭᠦᠯᠢᠭ ᠣᠷᠣᠨ ᠰᠠᠭᠤᠴᠠᠲᠤ | ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ | ᠨᠤᠷᠠᠭᠠᠵᠤ ᠨᠡᠭᠦᠯᠭᠡᠬᠦ ᠣᠷᠣᠨ ᠤ ᠣᠷᠴᠢᠨ ᠲᠣᠭᠤᠷᠢᠨ ᠢ ᠡᠮᠬᠢᠯᠡᠨ ᠵᠠᠰᠠᠬᠤ ᠪᠠ ᠭᠠᠵᠠᠷ ᠰᠢᠷᠣᠢ ᠶᠢ ᠡᠮᠬᠢᠯᠡᠨ ᠵᠠᠰᠠᠬᠤ | ᠠᠵᠢᠯ ᠢ ᠥᠷᠨᠢᠭᠦᠯᠦᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠰᠠᠭᠤᠷᠢ ᠪᠡᠯᠡᠳᠬᠡᠮᠵᠢ ᠶᠢ | ᠥᠭᠡᠷᠡᠴᠢᠯᠡᠬᠦ᠂ ᠨᠣᠭᠤᠭᠠᠷᠠᠭᠤᠯᠤᠨ ᠭᠤᠶᠤᠵᠢᠭᠤᠯᠬᠤ ᠠᠵᠢᠯ ᠬᠢᠵᠦ᠂ ᠬᠠᠭᠤᠴᠢᠨ ᠬᠤᠳᠠ ᠲᠣᠭᠤᠷᠢᠭ ᠤᠨ ᠪᠦᠬᠦᠯᠢ | ᠴᠣᠭᠴᠠ ᠶᠢᠨ ᠳᠦᠷᠰᠦ ᠪᠠᠶᠢᠳᠠᠯ ᠢ ᠲᠦᠷᠭᠡᠬᠡᠨ ᠰᠠᠶᠢᠵᠢᠷᠠᠭᠤᠯᠤᠨ᠎ᠠ᠃ ᠰᠢᠩ ᠸᠠᠩ᠂ ᠵᠢᠢ ᠶᠤᠸᠠᠨ ᠵᠡᠷᠭᠡ | ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠦᠨ᠎ᠡ᠃ ᠬᠤᠲᠠ | ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ | ᠲᠦᠷᠭᠡᠳᠬᠡᠵᠦ᠂ ᠬᠠᠭᠤᠴᠢᠨ ᠬᠤᠲᠠ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠥᠷᠲᠡᠭᠡ ᠶᠢ ᠰᠢᠨ᠎ᠡ ᠪᠠᠷ | ᠪᠠᠶᠢᠭᠤᠯᠵᠤ᠂ ᠪᠣᠷᠣᠭᠠᠨ ᠤ ᠤᠰᠤ᠂ ᠪᠣᠬᠢᠷ ᠤᠰᠤ᠂ ᠤᠰᠤ ᠬᠠᠩᠭᠠᠬᠤ ᠬᠤᠭᠤᠯᠠᠢ ᠶᠢᠨ ᠲᠣᠣᠷ ᠢ 25.4 | ᠺᠢᠯᠤᠮᠧᠲᠷ ᠪᠠᠶᠢᠭᠤᠯᠤᠨ᠎ᠠ᠃ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠤᠶᠤᠨᠲᠤ | ᠬᠤᠲᠠ ᠶᠢᠨ ᠬᠠᠮᠢᠶᠠᠷᠤᠯᠲᠠ︾ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠯᠠᠨ ᠰᠠᠯᠠᠭ᠎ᠠ ᠮᠥᠴᠢᠷ ᠤᠨ | ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠬᠦᠷᠲᠡᠬᠦ᠂ ᠵᠣᠬᠢᠴᠠᠯᠳᠤᠨ ᠬᠠᠮᠲᠤᠷᠠᠨ | ᠬᠥᠳᠡᠯᠦᠯᠴᠡᠬᠦ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠤᠲᠠ ᠶᠢᠨ ᠰᠢᠨᠵᠢᠯᠡᠬᠦ ᠤᠬᠠᠭᠠᠨᠴᠢᠯᠠᠭᠰᠠᠨ᠂ | ᠨᠠᠷᠢᠯᠢᠭᠵᠢᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ | ᠳᠦᠷᠢ ᠲᠥᠷᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ᠂ ᠬᠤᠭ ᠨᠣᠪᠰᠢ ᠶᠢ ᠬᠤᠷᠢᠶᠠᠨ ᠠᠪᠬᠤ ᠴᠡᠭ᠂ ᠲᠡᠷᠭᠡᠨ ᠵᠣᠭᠰᠣᠭᠠᠯ ᠢ ᠵᠦᠶ ᠵᠣᠬᠢᠰᠲᠠᠶ ᠲᠤᠬᠢᠷᠠᠭᠤᠯᠤᠨ | ᠂ ᠴᠠᠬᠢᠯᠭᠠᠨ ᠴᠡᠨᠡᠭᠯᠡᠬᠦ ᠱᠣᠩ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠵᠠᠮ ᠡᠵᠡᠯᠡᠨ | ᠡᠵᠡᠩᠨᠡᠬᠦ ᠶᠢ ᠬᠠᠤᠯᠢ ᠶᠣᠰᠣᠭᠠᠷ ᠴᠢᠩᠭ᠎ᠠ ᠴᠡᠭᠴᠡᠯᠡᠨ ᠵᠠᠰᠠᠵᠤ᠂ ᠴᠡᠪᠡᠷ᠂ ᠭᠤᠶᠣ ᠰᠠᠶᠢᠬᠠᠨ᠂ ᠡᠮᠬᠢ ᠵᠢᠷᠤᠮ ᠲᠠᠢ | ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠬᠠᠳᠬᠤᠮᠠᠯ ᠬᠠᠳᠬᠤᠬᠤ ᠮᠡᠳᠤ ᠬᠦᠴᠦ ᠰᠢᠪᠬᠠᠨ᠂ | ᠬᠤᠲᠠ ᠶᠢᠨ ᠬᠠᠮᠢᠶᠠᠷᠤᠯᠲᠠ ᠶᠢ ᠵᠠᠬ᠎ᠠ ᠵᠡᠭᠡᠯᠢ ᠭᠤᠳᠤᠮᠵᠢ ᠲᠡᠰᠢ ᠤᠷᠲᠤᠳᠬᠠᠵᠤ᠂ ᠵᠢᠵᠢᠭ ᠰᠠᠵᠢᠭ ᠵᠦᠢᠯ ᠲᠡᠰᠢ | ᠲᠦᠪᠯᠡᠷᠡᠭᠦᠯᠦᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠷ ᠬᠤᠲᠠ ᠶᠢᠨ ᠳᠤᠯᠠᠭᠠᠨ ᠤ ᠬᠡᠮᠵᠢᠶ᠎ᠡ ᠶᠢ | ᠳᠡᠭᠡᠭᠰᠢᠯᠡᠭᠦᠯᠦᠨ᠎ᠡ᠃ ︽ᠨᠡᠶᠢᠭᠡᠮ ᠲᠣᠭᠤᠷᠢᠭ + ᠥᠮᠴᠢᠲᠡᠨ ᠤ ᠵᠥᠪᠯᠡᠯ︾ ᠤᠨ ᠠᠳᠠᠯ ᠠᠬᠤᠶ ᠶᠢᠨ | ᠬᠠᠮᠢᠶᠠᠷᠤᠯᠲᠠ ᠶᠢᠨ ᠰᠢᠨ᠎ᠡ ᠵᠠᠭᠪᠤᠷ ᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠠᠳᠠᠯ | ᠠᠬᠤᠶ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠳᠥᠷᠪᠡ︶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠬᠥᠳᠡᠭᠡ ᠲᠣᠰᠬᠤᠨ ᠢ ᠦᠷᠭᠦᠯᠵᠢᠯᠡᠨ | ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠰᠠᠭᠤᠷᠢᠨ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠡᠨᠡᠬᠦ ᠶᠡᠭᠡ ᠶᠠᠪᠤᠳᠠᠯ ᠢ ᠰᠠᠶᠢᠲᠤᠷ ᠬᠢᠨ᠎ᠡ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ | ︽ᠳᠥᠷᠪᠡ ᠶᠢ ᠲᠠᠶᠠᠭᠳᠠᠬᠤ ᠥᠬᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠤᠨ᠂ ᠰᠢᠯᠵᠢᠯᠲᠡ ᠶᠢᠨ ᠬᠤᠭᠤᠴᠠᠭᠠᠨ ᠤ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠪᠠ ᠲᠠᠷᠢᠶᠠᠯᠠᠩ ᠳᠤ ᠬᠤᠯᠪᠣᠭᠳᠠᠭᠰᠠᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ ᠲᠥᠷᠥ ᠶᠢᠨ | ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠬᠡᠪᠴᠢᠶᠡᠲᠦ ᠴᠢᠨᠠᠷᠲᠠᠶ ᠪᠠᠷ ᠳᠠᠬᠢᠨ ᠶᠠᠳᠠᠭᠤᠷᠠᠬᠤ ᠥᠬᠡᠶ ᠪᠠᠶᠢᠬᠤ | ᠬᠤᠷᠢᠭ᠎ᠠ ᠱᠤᠭᠤᠮ ᠢ ᠪᠠᠲᠤ ᠰᠠᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ︽ᠰᠡᠭᠦᠯᠴᠢ ᠶᠢᠨ ᠦᠨᠡᠯᠡᠯᠲᠡ︾ ᠶᠢᠨ ᠱᠠᠭᠠᠷᠳᠠᠯᠭ᠎ᠠ ᠲᠠᠢ ᠬᠠᠷᠭᠤᠭᠤᠯᠵᠤ᠂ | ᠲᠤᠳᠠᠬᠳᠠᠯ ᠢᠶᠠᠨ ᠨᠠᠷᠢᠨ ᠬᠢᠨᠠᠮᠠᠭᠠᠢ ᠪᠠᠶᠢᠴᠠᠭᠠᠨ ᠨᠥᠬᠦᠪᠥᠷᠢᠯᠡᠵᠦ᠂ ᠲᠤᠳᠠᠬᠳᠠᠯ ᠪᠠᠭᠤᠷᠠᠢ ᠲᠠᠯ᠎ᠠ ᠪᠠᠨ | ᠨᠦᠬᠦᠪᠦᠷᠢᠯᠡᠨ᠎ᠡ᠃ ︽ᠠᠷᠪᠠᠨ ᠲᠥᠷᠥᠯ ᠤᠨ ᠡᠷᠦᠬᠡ︾ ᠶᠢ ᠭᠤᠤᠯᠳᠠᠯᠭ᠎ᠠ ᠲᠠᠢ ᠠᠩᠬᠠᠷᠴᠤ᠂ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠶᠢ ᠦᠷᠭᠦᠯᠵᠢᠯᠡᠨ | ᠴᠢᠩᠭᠠᠳᠬᠠᠨ᠎ᠠ᠃ ᠬᠥᠳᠡᠯᠮᠦᠷᠢᠯᠡᠬᠦ ᠴᠢᠳᠠᠪᠤᠷᠢ ᠲᠠᠢ ᠶᠢ ᠨᠢ ᠨᠡᠭᠡᠭᠡᠨ ᠬᠥᠭᠵᠢᠭᠦᠯᠬᠦ ᠬᠡᠯᠪᠡᠷᠢ ᠪᠠᠷ ᠬᠠᠪᠰᠤᠷᠤᠨ | ᠲᠡᠳᠬᠦᠬᠦ ᠶᠢ ᠪᠠᠷᠢᠮᠲᠠᠯᠠᠵᠤ᠂ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠠᠵᠢᠯ ᠣᠯᠭᠤᠯᠲᠠ ᠶᠢ ᠠᠬᠢᠭᠤᠯᠵᠤ | ᠂ ᠦᠷᠭᠦᠯᠵᠢᠯᠡᠨ ᠪᠠᠶᠠᠵᠢᠬᠤ ᠶᠢ ᠲᠠᠶᠢᠴᠢᠯᠠᠨ᠎ᠠ︔ ᠬᠥᠳᠡᠯᠮᠦᠷᠢᠯᠡᠬᠦ ᠴᠢᠳᠠᠪᠤᠷᠢ ᠦᠭᠡᠢ ᠬᠥᠮᠦᠰ ᠤᠨ ᠦᠨᠳᠦᠰᠦᠨ | ᠵᠦᠢᠯ ᠢ ᠨᠢ ᠪᠠᠲᠤᠯᠠᠬᠤ ᠠᠵᠢᠯ ᠢ ᠰᠠᠶᠢᠲᠤᠷ ᠬᠢᠨ᠎ᠠ︔ ᠤᠨᠳᠤᠤ ᠭᠠᠵᠠᠷ ᠨᠡᠭᠦᠯᠭᠡᠭᠰᠡᠨ ᠡᠷᠦᠬᠡ ᠶᠢ ᠦᠷᠭᠦᠯᠵᠢᠯᠡᠨ | ᠲᠡᠳᠬᠦᠨ ᠳᠡᠮᠵᠢᠬᠦ ᠶᠢ ᠴᠢᠩᠭᠠᠳᠬᠠᠵᠤ᠂ ᠲᠣᠭᠲᠠᠭᠤᠨ ᠪᠠᠶᠢᠯᠭᠠᠬᠤ᠂ ᠠᠵᠢᠯ ᠤᠯᠭᠤᠬᠤ᠂ ᠠᠯᠬᠤᠮ ᠠᠯᠬᠤᠮ ᠢᠶᠠᠷ | ᠪᠠᠶᠠᠵᠢᠭᠤᠯᠬᠤ ᠶᠢ ᠦᠨᠡᠨ ᠬᠦ ᠪᠠᠲᠤᠯᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ᠂ ᠴᠡᠭ ᠲᠣᠭᠲᠠᠭᠠᠨ | ᠬᠠᠪᠰᠤᠷᠤᠨ ᠲᠡᠳᠬᠦᠬᠦ᠂ ᠨᠡᠶᠢᠭᠡᠮ ᠤᠨ ᠬᠦᠴᠦᠨ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠳᠤ | ᠣᠷᠣᠯᠴᠠᠬᠤ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠷᠬᠡ ᠶᠢ | ᠨᠤᠲᠠᠯᠠᠨ ᠳᠠᠩᠰᠠᠯᠠᠬᠤ᠂ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ᠂ ᠡᠳ᠋ ᠬᠥᠷᠥᠩᠭᠡ ᠶᠢ ᠪᠠᠶᠢᠴᠠᠭᠠᠨ | ᠬᠠᠷᠭᠤᠭᠤᠯᠬᠤ ᠵᠡᠷᠭᠡ ᠠᠵᠢᠯ ᠢ ᠦᠷᠭᠦᠯᠵᠢᠯᠡᠨ ᠠᠬᠢᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ | ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠬᠥᠳᠡᠭᠡ | ᠲᠣᠰᠬᠤᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠨᠠᠶᠢᠷᠠᠭᠤᠯᠤᠨ ᠲᠣᠭᠲᠠᠭᠠᠵᠤ᠂ | ᠬᠥᠳᠡᠭᠡ ᠲᠣᠰᠬᠤᠨ ᠤ ᠳᠦᠷᠢ ᠲᠥᠷᠬᠦ ᠶᠢ ᠬᠥᠲᠥᠯᠥᠨ ᠵᠢᠯᠣᠭᠤᠳᠬᠤ ᠶᠢ ᠳᠣᠪᠤᠶᠢᠯᠭᠠᠵᠤ᠂ ᠵᠢᠯ ᠤᠨ ᠳᠣᠲᠣᠷ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 20 ᠶᠢ ᠪᠠᠶᠢᠭᠤᠯᠤᠨ᠎ᠠ᠃ ︽ | ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠠᠶᠢᠯ | ᠲᠣᠰᠬᠤᠨ ᠤ ᠵᠠᠮ ᠢ ᠬᠠᠲᠠᠭᠤᠷᠠᠭᠤᠯᠬᠤ᠂ ᠠᠵᠤ ᠦᠢᠯᠡᠰ ᠤᠨ ᠵᠠᠮ᠂ ᠬᠥᠳᠡᠭᠡ ᠲᠣᠰᠬᠤᠨ ᠤ ᠵᠠᠰᠠᠮᠠᠯ ᠵᠠᠮ ᠤᠨ | ᠲᠤᠤᠷᠵᠢᠭᠤᠯᠬᠤ ᠵᠠᠮ᠂ ᠲᠣᠰᠬᠤᠨ ᠤ ᠵᠠᠮ ᠤᠨ ᠠᠮᠢ ᠨᠠᠰᠤᠨ ᠤ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ | ᠢᠨᠵᠧᠨᠧᠷᠢᠩ ᠢ 86.7 ᠺᠢᠯᠣᠮᠧᠲᠷ ᠴᠢᠷᠮᠠᠶᠢᠨ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠲᠤᠤᠷ ᠤᠨ | ᠥᠭᠡᠷᠡᠴᠢᠯᠡᠯᠲᠡ ᠶᠢ 45.4 ᠺᠢᠯᠣᠮᠧᠲᠷ ᠪᠡᠶᠡᠯᠡᠬᠦᠯᠦᠨ᠎ᠡ᠃ ᠤᠰᠤᠨ ᠰᠤᠷᠪᠤᠯᠵᠢ ᠶᠢᠨ ᠬᠠᠮᠠᠭᠠᠯᠠᠯᠲᠠ ᠶᠢ | ᠭᠤᠣᠯᠳᠠᠯᠭ᠎ᠠ ᠲᠠᠢ ᠬᠡᠷᠡᠭᠵᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ ᠬᠥᠳᠡᠭᠡ | ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 10 ᠵᠠᠰᠠᠭ | ᠵᠠᠬᠢᠷᠭᠠᠨ ᠤ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠃ ᠭᠠᠯ | ᠤᠨᠲᠠᠷᠠᠭᠠᠬᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ 3 ᠰᠢᠶᠠᠩ ᠪᠠᠯᠭᠠᠰᠤᠨ ᠤ ᠭᠠᠯ ᠤᠨᠲᠠᠷᠠᠭᠠᠬᠤ | ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠣᠷᠣᠰᠢᠨ ᠰᠠᠭᠤᠬᠤ | ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠶ | ᠠᠬᠢᠭᠤᠯᠤᠨ᠎ᠠ᠃ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠠᠬᠢᠭᠤᠯᠵᠤ᠂ ᠵᠢᠯ ᠤᠨ | ᠳᠣᠲᠣᠷ᠎ᠠ 1186 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠤᠨ᠎ᠠ᠃ ᠪᠦᠬᠦ ᠬᠦᠴᠦᠨ ᠢᠶᠠᠷ ᠢᠶᠠᠨ ᠬᠥᠳᠡᠭᠡ | ᠲᠣᠰᠬᠤᠨ ᠤ ᠠᠮᠢᠳᠤᠷᠠᠯ ᠤᠨ ᠬᠤᠭ ᠨᠣᠪᠰᠢ ᠪᠣᠯᠤᠨ ᠪᠣᠬᠢᠷ ᠤᠰᠤ ᠶᠢ ᠵᠠᠰᠠᠬᠤ ᠪᠡᠯᠡᠳᠬᠡᠮᠵᠢ ᠲᠥᠬᠦᠭᠡᠷᠦᠮᠵᠢ ᠶᠢ | ᠭᠦᠢᠴᠡᠳ ᠲᠤᠬᠢᠷᠠᠭᠤᠯᠤᠨ᠎ᠠ᠃ ᠳᠦᠷᠢᠮ ᠰᠢᠯᠢᠳᠡᠭ᠂ ᠪᠠᠷᠢᠮᠵᠢᠶ᠎ᠠ ᠥᠨᠳᠥᠷ᠂ ᠡᠩᠨᠡᠭᠡ ᠴᠢᠩᠭ᠎ᠠ ᠬᠥᠳᠡᠭᠡ | ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠬᠠᠮᠢᠶᠠᠷᠤᠯᠲᠠ ᠬᠠᠮᠠᠭᠠᠯᠠᠯᠲᠠ ᠶᠢᠨ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ | ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠬᠡᠷᠡᠭᠵᠢᠬᠦᠯᠦᠨ᠂ ᠠᠶᠢᠯ ᠲᠣᠰᠬᠤᠨ ᠤ ᠠᠷᠢᠭᠤᠨ ᠴᠡᠪᠡᠷ ᠢ | ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠲᠦᠯᠬᠢᠨ ᠠᠬᠢᠭᠤᠯᠤᠨ᠎ᠠ᠃ ︽ᠴᠢᠳᠠᠪᠤᠷᠢᠲᠠᠨ ᠢᠶᠠᠷ ᠬᠥᠳᠡᠭᠡ ᠠᠵᠤ | ᠠᠬᠤᠢ ᠶᠢ ᠬᠥᠭᠵᠢᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠤᠲᠤᠭ ᠲᠠᠭᠠᠨ ᠪᠤᠴᠠᠭᠰᠠᠨ ᠵᠠᠯᠠᠭᠤᠴᠤᠳ ᠤᠨ | ᠦᠢᠯᠡᠰ ᠪᠤᠰᠬᠠᠬᠤ ᠲᠠᠪᠴᠠᠩ ᠢ ᠢᠳᠡᠪᠬᠢᠲᠡᠢ ᠪᠠᠶᠢᠭᠤᠯᠤᠨ᠂ ᠬᠥᠳᠡᠭᠡ ᠲᠣᠰᠬᠤᠨ ᠢ ᠵᠠᠯᠠᠭᠤᠴᠤᠳ ᠤᠨ ᠦᠢᠯᠡᠰ | ᠪᠤᠰᠬᠠᠬᠤ ᠬᠠᠯᠠᠭᠤᠨ ᠬᠥᠷᠥᠰᠥ ᠪᠣᠯᠭᠠᠨ᠎ᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠦᠷᠭᠦᠯᠵᠢᠯᠡᠨ ᠬᠥᠭᠵᠢᠭᠡᠬᠦ ᠶᠢ ᠠᠬᠢᠭᠤᠯᠤᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠨᠡᠭᠡᠭᠡᠯᠲᠡ ᠶᠢ ᠥᠷᠭᠡᠳᠬᠡᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠬᠥᠭᠵᠢᠭᠡᠨ᠂ ᠬᠥᠭᠵᠢᠯᠲᠡ ᠶᠢᠨ ᠨᠥᠭᠡᠴᠡ ᠬᠦᠴᠦᠨ ᠢ ᠨᠡᠮᠡᠭᠳᠡᠭᠦᠯᠦᠨ᠎ᠡ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠠᠷᠢᠴᠠᠩᠭᠤᠶ | ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ ᠶᠢᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ | ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠯᠠᠬᠤ ᠠᠵᠢᠯᠯᠠᠭ᠎ᠠ ᠶᠢ ᠥᠷᠨᠢᠭᠦᠯᠦᠨ᠂ ︽ᠨᠢᠭᠡ | ᠴᠣᠩᠬᠤᠪᠴᠢ ᠪᠠᠷ ᠬᠦᠯᠢᠶᠡᠨ ᠠᠪᠴᠤ ᠰᠢᠢᠳᠪᠤᠷᠢᠯᠡᠬᠦ᠂ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ | ᠪᠢᠴᠢᠭ ᠮᠠᠲ᠋ᠧᠷᠢᠶᠠᠯ ᠭᠠᠷᠭᠠᠬᠤ︾ ᠠᠵᠢᠯ ᠤᠨ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ︽ᠨᠢᠭᠡ | ᠰᠦᠯᠵᠢᠶ᠎ᠡ ᠨᠢᠭᠡ ᠦᠵᠦᠭᠦᠷ ᠨᠢᠭᠡ ᠲᠢᠩᠬᠢᠮ︾ ᠢ ᠰᠠᠶᠢᠲᠤᠷ ᠬᠢᠵᠦ᠂ 24 ᠴᠠᠭ ᠥᠪᠡᠰᠦᠪᠡᠨ ᠦᠢᠯᠡᠴᠢᠯᠡᠬᠦ ᠶᠢ | ᠬᠡᠷᠡᠭᠵᠢᠭᠦᠯᠦᠨ᠂ ᠪᠣᠯᠵᠣᠬᠤ᠂ ᠬᠤᠢᠰᠢᠯᠠᠭᠤᠯᠬᠤ ᠵᠢᠴᠢ ᠬᠦᠯᠢᠶᠡᠬᠦ᠂ ᠭᠦᠢᠴᠡᠳᠭᠡᠵᠦ ᠳᠠᠭᠤᠰᠬᠠᠬᠤ ᠣᠬᠤᠷ | ᠴᠢᠮᠡᠭᠡ ᠪᠠᠷ ᠰᠠᠨᠠᠭᠤᠯᠬᠤ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠶᠢᠭᠤᠯᠤᠯᠲᠠ ᠶᠢ ᠪᠠᠷᠢᠮᠵᠢᠶᠠᠵᠢᠭᠤᠯᠬᠤ ᠳᠠᠰᠢ ᠬᠤᠪᠢᠷᠠᠭᠤᠯᠤᠨ᠂ ᠣᠯᠠᠨ ᠠᠷᠭ᠎ᠠ ᠵᠠᠮ ᠢᠶᠠᠷ | ᠣᠯᠠᠨ ᠲᠦᠮᠡᠨ ᠳᠤ ᠦᠢᠯᠡᠴᠢᠯᠡᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠠ | ᠪᠣᠳᠠᠲᠤ ᠴᠣᠭᠴᠠ ᠶᠢᠨ ᠶᠡᠭᠡ ᠲᠢᠩᠬᠢᠮ ᠢ ᠭᠦᠨᠵᠡᠭᠡᠶ ᠠᠭᠤᠰᠤᠯᠴᠠᠭᠤᠯᠤᠨ᠎ᠠ᠃ ︽ᠲᠣᠰᠬᠤᠨ ᠤ ᠱᠠᠲᠤᠨ ᠤ | ᠢᠷᠭᠡᠨ ᠤ ᠬᠡᠷᠡᠭ ᠤᠨ ᠣᠷᠣᠯᠠᠨ ᠭᠦᠢᠴᠡᠳᠭᠡᠬᠦ ᠲᠦᠷᠢᠮ︾ ᠢ ᠪᠠᠶᠢᠭᠤᠯᠵᠤ᠂ ᠵᠠᠰᠠᠭ ᠪᠠ ᠪᠠᠩᠬᠢ ᠶᠢᠨ | ᠬᠠᠮᠲᠤᠷᠠᠯᠴᠠᠭ᠎ᠠ ᠶᠢ ᠴᠢᠩᠭᠠᠳᠬᠠᠨ᠂ ᠦᠢᠯᠡᠴᠢᠯᠡᠭᠡᠨ ᠤ ᠲᠤᠤᠷ ᠴᠢᠬ ᠢ ᠥᠷᠭᠡᠳᠬᠡᠵᠦ᠂ ᠦᠨᠳᠦᠰᠦᠨ ᠱᠠᠲᠤᠨ ᠤ | ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠵᠠᠰᠠᠭ ᠤᠨ ᠶᠠᠪᠤᠳᠠᠯ ᠢ | ᠬᠥᠭᠵᠢᠭᠦᠯᠦᠨ ᠮᠠᠨᠳᠤᠭᠤᠯᠬᠤ︾ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠣᠯᠠᠨ ᠨᠡᠶᠢᠲᠡ ᠶᠢᠨ ᠳ᠋ᠤᠭᠠᠷ᠂ | ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠶᠢᠨ | ᠣᠶᠢᠯᠠᠭᠠᠵᠤ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠨᠠᠯᠲᠠ ᠲᠠᠯᠪᠢᠬᠤ ᠪᠠ ᠦᠨᠡᠯᠡᠬᠦ ᠰᠢᠰᠲ᠋ᠧᠮᠵᠢ ᠶᠢ | ᠲᠡᠭᠦᠯᠳᠡᠷᠵᠢᠭᠦᠯᠵᠦ᠂ ︽ᠰᠠᠶᠢᠨ ᠮᠠᠭᠤ ᠦᠨᠡᠯᠡᠯᠲᠡ︾ ᠶᠢᠨ ᠡᠯᠧᠺᠲᠷᠣᠨ ᠬᠢᠨᠠᠨ ᠪᠠᠶᠢᠴᠠᠭᠠᠬᠤ ᠰᠢᠰᠲ᠋ᠧᠮ ᠢ | ᠪᠠᠶᠢᠭᠤᠯᠤᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠᠯᠳᠤᠭᠠᠴᠢᠨ ᠤᠷᠢᠬᠤ ᠪᠠ | ᠲᠥᠷᠥᠯ ᠵᠦᠢᠯ ᠢ ᠠᠳᠬᠤᠬᠤ ᠶᠢ ᠠᠵᠤ ᠠᠬᠤᠶ ᠶᠢᠨ ᠠᠵᠢᠯ ᠤᠨ ᠴᠢᠬᠤᠯᠠ ᠡᠭᠦᠷᠭᠡ ᠪᠣᠯᠭᠠᠵᠤ᠂ ︽ᠰᠢᠩ ᠾᠧ | ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶ | ︾᠂ ︽ᠰᠢᠩ ᠾᠧ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠨ | ᠨᠡᠶᠢᠲᠡᠯᠡᠵᠦ᠂ ᠪᠥᠬᠦ ᠠᠵᠢᠯᠲᠠᠨ ᠤ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ | ᠭᠤᠤᠯᠳᠠᠯᠭ᠎ᠠ ᠲᠠᠢ ᠠᠵᠤ ᠦᠢᠯᠡᠰ ᠢ ᠳᠣᠪᠤᠶᠢᠯᠭᠠᠵᠤ᠂ ᠬᠤᠳᠠᠯᠳᠤᠭᠠᠴᠢᠨ ᠤᠷᠢᠬᠤ ᠠᠷᠭ᠎ᠠ ᠵᠠᠮ ᠢ ᠥᠷᠭᠡᠳᠬᠡᠨ᠂ | ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ᠂ ᠠᠵᠢᠯ ᠲᠥᠷᠥᠯ ᠢᠶᠠᠷ ᠢᠶᠠᠨ ᠬᠤᠳᠠᠯᠳᠤᠭᠠᠴᠢᠨ | ᠤᠷᠢᠬᠤ᠂ ᠳᠣᠲᠣᠨᠣ ᠰᠡᠳᠬᠢᠯᠭᠡ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠤᠷᠢᠬᠤ ᠬᠠᠮ ᠠᠷᠭ᠎ᠠ | ᠬᠡᠮᠵᠢᠶ᠎ᠡ ᠶᠢ ᠰᠠᠶᠢᠲᠤᠷ ᠬᠢᠵᠦ᠂ ᠲᠥᠷᠥᠯ ᠵᠦᠢᠯ ᠤᠨ ᠭᠡᠷ᠎ᠡ ᠲᠣᠭᠲᠠᠵᠤ ᠪᠣᠳᠠᠲᠠᠶ ᠭᠠᠵᠠᠷ ᠲᠤᠨᠢ | ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠤᠳᠠᠯᠳᠤᠭᠠᠴᠢᠨ ᠤᠷᠢᠬᠤ ᠲᠥᠷᠥᠯ | ᠵᠦᠢᠯ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠬᠤᠤᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠵᠢᠯ ᠤᠨ | ᠳᠣᠲᠣᠷ᠎ᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠦᠯ ᠵᠦᠢᠯ 4᠂ 5000 ᠲᠦᠮᠡᠨ ᠲᠥᠭᠦᠷᠢᠭ ᠠᠴᠠ | ᠳᠡᠭᠡᠭᠰᠢᠬᠢ ᠲᠥᠷᠦᠯ ᠵᠦᠢᠯ 20 ᠶᠢ ᠣᠷᠣᠭᠤᠯᠤᠨ ᠠᠪᠴᠢᠷᠠᠨ᠎ᠠ᠃ ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ | ᠂ ᠨᠢᠭᠡ ᠲᠤᠰᠬᠠᠶ ᠠᠩᠭᠢ᠂ ᠡᠴᠦᠰ ᠲᠤᠨᠢ ᠲᠤᠯᠲᠠᠯ᠎ᠠ ᠠᠳᠬᠤᠬᠤ ︽ᠳᠥᠷᠪᠡᠨ ᠨᠢᠭᠡ︾ ᠶᠢᠨ ᠠᠵᠢᠯ ᠤᠨ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠶᠠᠪᠤᠴᠠ ᠳᠤ ᠮᠥᠷᠳᠡᠨ ᠦᠢᠯᠡᠴᠢᠯᠡᠬᠦ ᠶᠢ ᠰᠢᠯᠢᠳᠡᠭᠵᠢᠭᠦᠯᠵᠦ | ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠡᠭᠦᠷᠭᠡᠯᠡᠵᠦ᠂ ᠲᠥᠷᠥᠯ ᠵᠦᠢᠯ ᠳᠤ ᠦᠨᠡᠨ ᠪᠣᠳᠠᠲᠠᠶ | ᠬᠠᠷᠢᠭᠤᠴᠠᠵᠤ᠂ ᠵᠣᠯᠭᠠᠭᠤᠯᠬᠤ ᠲᠥᠷᠥᠯ ᠵᠦᠢᠯ ᠢ ᠡᠷᠲᠡᠬᠡᠨ ᠭᠡᠷ᠎ᠡ ᠲᠣᠭᠲᠠᠬᠤ᠂ ᠭᠡᠷ᠎ᠡ ᠲᠣᠭᠲᠠᠭᠰᠠᠨ ᠲᠥᠷᠥᠯ | ᠵᠤᠶᠢᠯ ᠢ ᠡᠷᠲᠡᠬᠡᠨ ᠨᠠᠶᠢᠳᠠᠪᠤᠷᠢᠵᠢᠭᠤᠯᠬᠤ᠂ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠬᠦ᠂ ᠠᠵᠢᠯ ᠡᠬᠢᠯᠡᠭᠦᠯᠬᠦ | ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠲᠦᠮᠡᠨ ᠤ ᠠᠵᠠ | ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠠᠪᠤᠳᠠᠯ ᠢ | ᠠᠯᠢᠪᠠ ᠠᠵᠢᠯ ᠤᠨ ᠢᠶᠠᠨ ᠡᠭᠦᠰᠦᠯᠲᠡ ᠪᠠ ᠦᠷ᠎ᠡ ᠳ᠋ᠦᠩ ᠪᠣᠯᠭᠠᠬᠤ ᠶᠢ ᠪᠠᠷᠢᠮᠲᠠᠯᠠᠵᠤ᠂ ᠲᠦᠷᠢᠮ ᠢ | ᠲᠡᠭᠦᠯᠳᠡᠷᠵᠢᠭᠦᠯᠦᠨ᠂ ᠬᠢᠵᠠᠭᠠᠷ ᠱᠤᠭᠤᠮ ᠢ ᠰᠠᠬᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠲᠠᠰᠤᠷᠠᠯᠳᠠ ᠦᠭᠡᠢ ᠬᠠᠩᠭᠠᠨ᠎ᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ | ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠲᠤᠰᠠᠯᠠᠮᠵᠢ ᠶᠢᠨ | ᠨᠥᠬᠦᠪᠥᠷᠢ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠠᠵᠢᠯ ᠣᠯᠭᠤᠯᠲᠠ ᠶᠢᠨ ᠲᠤᠰᠬᠠᠢ ᠪᠡᠯᠡ | ᠮᠥᠩᠭᠦ ᠶᠢ ᠲᠡᠩᠴᠡᠭᠦᠷᠢᠲᠡᠢ ᠬᠡᠷᠡᠭᠯᠡᠵᠦ᠂ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠨᠡᠩ ᠤᠯᠠᠨ ᠠᠵᠤ | ᠠᠬᠤᠶᠢᠯᠠᠯ ᠪᠠ ᠤᠯᠠᠨ ᠲᠦᠮᠡᠨ ᠳᠤ ᠬᠦᠷᠲᠡᠭᠡᠨ᠎ᠡ᠃ ᠵᠢᠯ ᠤᠨ ᠳᠣᠲᠣᠷ᠎ᠠ 600 ᠠᠴᠠ ᠳᠡᠭᠡᠭᠰᠢ ᠬᠥᠮᠦᠨ ᠳᠤ | ᠰᠢᠨ᠎ᠡ ᠪᠠᠷ ᠠᠵᠢᠯ ᠣᠯᠭᠤᠵᠤ᠂ 150 ᠠᠴᠠ ᠳᠡᠭᠡᠭᠰᠢ ᠠᠵᠢᠯ ᠤᠯᠬᠤ ᠳᠤ ᠬᠦᠴᠢᠷᠳᠡᠢ ᠬᠦᠮᠦᠰ ᠲᠤ ᠠᠵᠢᠯ | ᠤᠯᠭᠤᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.5 % ᠶᠢᠨ | ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ︽ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95 % ᠠᠴᠠ ᠳᠡᠭᠡᠭᠰᠢ ᠳᠤ | ᠬᠦᠷᠦᠭᠦᠯᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠲᠥᠷᠥᠯ ᠬᠤᠪᠢᠶᠠᠨ᠂ ᠲᠠᠰ ᠳᠠᠪᠬᠤᠷᠭ᠎ᠠ ᠬᠤᠪᠢᠶᠠᠨ ᠥᠷᠨᠢᠭᠦᠯᠵᠦ᠂ | ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠪᠠᠳᠤᠯᠠᠨ᠎ᠠ | ᠃ ᠡᠮᠴᠢᠯᠡᠭᠡᠨ ᠤ ᠳᠠᠭᠠᠳᠬᠠᠯ ᠤᠨ ᠬᠦᠷᠢᠶ᠎ᠡ ᠴᠠᠷᠠᠭ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠠᠬᠢᠭᠤᠯᠵᠤ᠂ ᠳ᠋ᠦᠩᠨᠡᠨ ᠪᠤᠳᠤᠬᠤ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ | ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠢ | ᠲᠦᠯᠬᠢᠨ ᠠᠬᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠠ ᠰᠢᠶᠠᠨ ᠤ ᠲᠡᠰ ᠤᠨ ᠨᠡᠶᠢᠲᠡ ᠶᠢᠨ | ᠣᠩᠭᠤᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠴᠢ ᠾᠦᠢ ᠬᠡᠦᠬᠡᠳ ᠤᠨ | ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠵᠢᠩᠮᠧᠩ ᠬᠡᠦᠬᠡᠳ ᠤᠨ ᠴᠡᠴᠡᠷᠯᠢᠭ ᠤᠨ ᠬᠡᠷ ᠤᠨ ᠭᠠᠳᠠᠨᠠᠬᠢ ᠬᠥᠳᠡᠯᠭᠡᠭᠡᠨ ᠤ | ᠲᠠᠯᠠᠪᠠᠶ ᠪᠠ ᠢᠦᠢ ᠼᠠᠢ᠂ ᠱᠤ᠋ ᠭᠤᠸᠠᠩ ᠬᠤᠶᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠲᠠᠰᠤᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠬᠤᠶᠠᠷ ᠢ ᠬᠠᠰᠤᠬᠤ︾ ᠠᠵᠢᠯ ᠢ ᠴᠢᠩᠭ᠎ᠠ | ᠰᠠᠶᠢᠲᠤᠷ ᠬᠢᠵᠦ᠂ ᠬᠥᠮᠦᠵᠢᠯ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ | ᠬᠢᠴᠢᠶᠡᠯ ᠤᠨ ᠲᠢᠩᠭᠢᠮ ᠤᠨ ᠦᠷ᠎ᠡ ᠪᠦᠲᠦᠮᠵᠢ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ | ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ ᠢ ᠴᠢᠷᠮᠠᠶᠢᠨ | ᠰᠠᠶᠢᠲᠤᠷ ᠡᠷᠬᠢᠯᠡᠨ᠎ᠡ᠃ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠴᠢᠩᠭ᠎ᠠ ᠠᠩᠬᠠᠷᠴᠤ᠂ | ᠪᠠᠶᠢᠩᠭᠤᠵᠢᠬᠰᠠᠨ ᠰᠢᠨᠵᠢᠯᠡᠬᠦ ᠤᠬᠠᠭᠠᠨᠴᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠤᠯᠠᠮ ᠴᠢᠨᠠᠭᠰᠢᠳᠠ | ᠪᠦᠷᠢᠨᠰᠢᠬᠦᠯᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ | ᠦᠨᠡᠨ ᠬᠦ ᠪᠠᠳᠤᠯᠠᠨ᠎ᠠ᠃ ᠰᠢᠶᠠᠨ ᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ | ᠬᠠᠯᠠᠭᠤᠷᠠᠯ ᠤᠨ ᠡᠭᠦᠳᠡᠨ ᠡᠮᠨᠡᠯᠭᠡ ᠶᠢᠨ ᠠᠰᠠᠷ ᠢ ᠪᠠᠶᠢᠭᠤᠯᠵᠤ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ | ᠲᠡᠭᠡᠭᠰᠢᠯᠡᠬᠦᠯᠦᠨ᠎ᠡ᠃ ᠬᠢᠲᠠᠳ ᠡᠮᠨᠡᠯᠭᠡ ᠶᠢᠨ ᠭᠤᠣᠯᠳᠠᠯᠭ᠎ᠠ ᠲᠠᠢ ᠲᠤᠰᠬᠠᠢ ᠰᠠᠯᠠᠭᠠᠨ ᠤ ᠪᠠᠶᠢᠭᠤᠯᠤᠯᠲᠠ ᠶᠢ | ᠴᠢᠩᠭᠠᠳᠬᠠᠵᠤ᠂ ᠬᠢᠲᠠᠳ ᠡᠮᠨᠡᠯᠭᠡ ᠶᠢᠨ ᠪᠡᠶ᠎ᠡ ᠰᠤᠪᠢᠯᠠᠬᠤ ᠦᠢᠯᠡᠴᠢᠯᠡᠭᠡ ᠶᠢ ᠬᠥᠭᠵᠢᠭᠦᠯᠦᠨ᠂ ᠠᠷᠠᠳ ᠤᠯᠠᠨ ᠤ | ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ ᠬᠤᠲᠠ ᠶᠢᠨ ᠠᠷᠠᠳ ᠤᠨ ᠰᠣᠶᠣᠯ ᠪᠡᠶ᠎ᠡ ᠶᠢᠨ | ᠲᠠᠮᠢᠷ ᠤᠨ ᠲᠥᠪ ᠢ ᠪᠠᠶᠢᠭᠤᠯᠵᠤ᠂ ᠪᠦᠬᠦ ᠰᠢᠶᠠᠨ ᠤ ᠠᠷᠠᠳ ᠢᠷᠭᠡᠳ ᠲᠤ ᠶᠡᠷᠦᠩᠬᠡᠶᠢᠯᠡᠭᠰᠡᠨ᠂ ᠨᠡᠭᠡᠭᠡᠯᠲᠡ ᠲᠠᠢ᠂ | ᠣᠳᠣᠬᠢᠴᠢᠯᠠᠭᠰᠠᠨ ᠰᠣᠶᠣᠯ ᠰᠡᠯᠡᠭᠦᠴᠡᠯ ᠤᠨ ᠠᠵᠢᠯᠯᠠᠭᠠᠨ ᠤ ᠲᠠᠯᠠᠪᠤᠷ ᠬᠠᠩᠭᠠᠨ᠎ᠠ᠃ ᠤᠯᠠᠭᠠᠨᠮᠥ᠋ᠴᠢᠷ ᠤᠨ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠪᠣᠳᠠᠰ ᠤᠨ ᠪᠤᠰᠤ ᠰᠣᠶᠣᠯ ᠤᠨ | ᠥᠪ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠰᠣᠶᠣᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠷᠢᠭᠤᠨ ᠴᠢᠬᠡᠴᠢ ᠠᠵᠢᠯ ᠲᠥᠷᠥᠯ ᠤᠨ ᠬᠡᠪ ᠰᠤᠷᠲᠠᠯ ᠢ ᠢᠮᠠᠭᠲᠠ ᠪᠠᠲᠤᠯᠠᠨ᠎ᠠ᠃ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠤᠨ᠎ᠠ᠃ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠤᠷᠭᠠᠨ ᠬᠥᠮᠦᠵᠢᠯ᠂ ᠰᠣᠶᠣᠯ᠂ | ᠡᠮᠴᠢᠯᠡᠭᠡ ᠡᠷᠡᠭᠦᠯ ᠬᠠᠮᠠᠭᠠᠯᠠᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ | ᠵᠢᠯ ᠤᠨ ᠳᠣᠲᠣᠷ᠎ᠠ 100 ᠰᠢᠯᠢᠳᠡᠭ ᠴᠢᠳᠠᠪᠤᠷᠢᠲᠠᠨ ᠢ ᠤᠷᠢᠨ ᠠᠪᠴᠢᠷᠠᠬᠤ ᠪᠠᠷ ᠴᠢᠷᠮᠠᠶᠢᠨ᠎ᠠ᠂ ᠡᠭᠦᠨ ᠳᠤ᠄ ᠳᠡᠭᠡᠳᠦ | ᠰᠤᠷᠭᠠᠭᠤᠯᠢ ᠲᠡᠭᠦᠰᠦᠭᠰᠡᠳ᠂ ᠨᠡᠷᠡᠲᠦ ᠪᠠᠭᠰᠢ 40 ᠨᠡᠷᠡᠰ᠂ ᠡᠮᠴᠢ 40 ᠨᠡᠷᠡᠰ᠂ ᠤᠷᠠᠯᠢᠭ ᠤᠨ ᠲᠥᠷᠥᠯ ᠤᠨ | ᠴᠢᠳᠠᠪᠤᠷᠢᠲᠠᠨ 20 ᠨᠡᠷᠡᠰ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠦᠯᠡᠳᠡᠭᠡᠯ ᠲᠦᠭᠰᠢᠭᠦᠷᠢ ᠶᠢ ᠠᠷᠢᠯᠭᠠᠬᠤ | ᠪᠠ ᠲᠦᠭᠰᠢᠭᠦᠷᠢ ᠶᠢ ᠨᠡᠮᠡᠭᠳᠡᠭᠦᠯᠬᠦ ᠰᠡᠷᠭᠡᠶᠢᠯᠡᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠭᠦᠨᠵᠡᠭᠡᠢ ᠠᠬᠢᠭᠤᠯᠵᠤ᠂ ᠦᠯᠡᠳᠡᠵᠦ ᠪᠠᠶᠢᠭ᠎ᠠ | ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠰᠢᠢᠳᠪᠦᠷᠢᠯᠡᠨ᠂ ᠪᠦᠬᠦ ᠵᠢᠯ ᠳᠤ 4.4 | ᠳ᠋ᠦᠩᠰᠢᠭᠤᠷ ᠲᠥᠭᠦᠷᠢᠭ ᠲᠤ ᠬᠦᠷᠪᠡ᠃ ᠳᠠᠯᠳᠠ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ | ᠬᠢᠵᠠᠭᠠᠷᠯᠠᠵᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠵᠠᠰᠠᠭ ᠤᠨ | ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ | ᠦᠢᠯᠡᠴᠢᠯᠡᠭᠡ ᠬᠤᠳᠠᠯᠳᠤᠨ ᠠᠪᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠬᠠᠤᠯᠢ | ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠬᠤ ᠶᠢ ᠡᠷᠡᠰ ᠬᠤᠷᠢᠭᠯᠠᠨ᠎ᠠ᠃ ᠡᠷᠡᠭᠦᠯ ᠪᠤᠰᠤ ᠵᠢᠭᠡᠯᠡᠯᠭᠡ ᠶᠢ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠶᠤᠯ ᠦᠭᠡᠶ | ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ | ᠲᠤᠰᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠣᠳᠠᠰ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠲᠠᠢ ᠲᠡᠮᠡᠴᠡᠬᠦ ᠭᠠᠮᠰᠢᠭ ᠠᠴᠠ ᠠᠪᠤᠷᠠᠬᠤ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ᠢᠳᠡᠭᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ | ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ | ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ︽ᠠᠮᠤᠷ ᠠᠮᠤᠭᠤᠯᠠᠩᠳᠤ ᠬᠤᠲᠠ︾ ᠶᠢ | ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠪᠠᠶᠢᠩᠭᠤᠵᠢᠭᠤᠯᠬᠤ ᠶᠢ ᠠᠬᠢᠭᠤᠯᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ | ᠪᠣᠯᠭᠠᠨ᠎ᠠ᠃ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ | ᠬᠡᠷᠡᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠡᠬᠡᠪᠡᠷ ᠪᠠᠳᠠᠷᠠᠭᠤᠯᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠪᠦᠬᠦ ᠰᠢᠶᠠᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ | ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾ ᠶᠢ | ᠴᠢᠩᠭᠠᠳᠬᠠᠨ᠎ᠠ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ | ᠠᠬᠢᠭᠤᠯᠵᠤ᠂ ᠬᠠᠤᠯᠢ ᠪᠠᠷ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠣᠢ ᠪᠣᠯᠭᠠᠨ᠎ᠠ᠃ ᠰᠢᠨ᠎ᠡ | ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠵᠤ᠂ ᠶᠡᠭᠡ ᠡᠶᠡᠳᠡᠭᠦᠯᠭᠡ ᠶᠢᠨ ᠠᠵᠢᠯ ᠤᠨ | ᠰᠢᠰᠲ᠋ᠧᠮ ᠢ ᠲᠡᠭᠦᠯᠳᠡᠷᠵᠢᠭᠦᠯᠦᠨ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ | ᠰᠠᠶᠢᠲᠤᠷ ᠬᠢᠨ᠎ᠠ᠃ ᠴᠡᠷᠢᠭ ᠢ ᠰᠢᠯᠢᠳᠡᠭᠴᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠵᠦ᠂ ᠡᠮᠡᠭᠲᠡᠶᠢᠴᠦᠳ᠂ ᠬᠡᠦᠬᠡᠳ᠂ | ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ ᠱᠠᠰᠢᠨ | ᠰᠤᠷᠲᠠᠬᠤᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ | ᠪᠠᠶᠢᠭᠤᠯᠤᠯᠲᠠ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠡᠶᠢᠭᠡᠮ ᠤᠨ ᠡᠯ᠎ᠡ ᠵᠤᠶᠢᠯ ᠤᠨ ᠤᠶᠢᠯᠡᠰ ᠢ ᠳᠠᠬᠢᠨ | ᠰᠢᠨ᠎ᠡ ᠳᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠤᠨ᠎ᠠ᠃ | ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠲᠥᠯᠥᠭᠡᠯᠡᠭᠴᠢᠳ ᠡ︕ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ | ᠥᠷᠢᠰᠥᠯᠳᠦᠭᠡᠨ ᠤ ᠡᠮᠦᠨ᠎ᠡ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ︽ᠬᠤᠶᠠᠷ ᠶᠡᠭᠡ ᠲᠠᠯ᠎ᠠ︾ ᠶᠢ | ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ︽ᠤᠯᠤᠰ ᠤᠨ ᠶᠡᠭᠡ ᠲᠠᠯ᠎ᠠ︾ ᠶᠢ ᠰᠡᠳᠬᠢᠯ ᠳᠡᠭᠡᠨ ᠪᠤᠳᠤᠨ᠂ ᠠᠭᠤᠤ | ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ | ᠦᠬᠡᠢ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠬᠡᠢ ᠪᠠᠷ ᠵᠠᠰᠠᠭ ᠤᠨ ᠣᠷᠳᠣᠨ ᠤ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ | ᠢᠮᠠᠭᠲᠠ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ | ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ | ᠰᠠᠶᠢᠲᠤᠷ ᠠᠳᠬᠤᠨ᠎ᠠ᠃ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠵᠠᠰᠠᠭ ᠤᠨ ᠣᠷᠳᠣᠨ ᠤ | ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠠᠷᠠᠳᠴᠢᠯᠠᠯ ᠲᠥᠪᠯᠡᠷᠡᠯ ᠤᠨ ᠶᠣᠰᠣ ᠶᠢ | ᠪᠠᠷᠢᠮᠲᠠᠯᠠᠵᠤ᠂ ᠰᠢᠢᠳᠪᠦᠷᠢᠳᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨ ᠪᠣᠯᠭᠠᠨ᠂ ᠠᠵᠢᠯ ᠤᠨ ᠠᠷᠭ᠎ᠠ | ᠮᠠᠶ᠋ᠢᠭ ᠢᠶᠠᠨ ᠰᠠᠶᠢᠵᠢᠷᠠᠭᠤᠯᠵᠤ᠂ ᠰᠢᠢᠳᠪᠤᠷᠢᠲᠤ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠪᠠᠶᠢᠬᠤ ᠶᠢ ᠠᠬᠢᠭᠤᠯᠤᠨ᠂ | ᠠᠵᠢᠯᠯᠠᠭᠠᠨ ᠤ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠵᠤ᠂ ᠤᠳᠤᠷᠢᠳᠤᠯᠭ᠎ᠠ ᠶᠢᠨ ᠬᠦᠴᠦᠨ ᠲᠡᠭᠦᠯᠳᠡᠷ | ᠪᠠᠶᠢᠬᠤ ᠶᠢ ᠪᠡᠶᠡᠯᠡᠭᠦᠯᠦᠨ᠎ᠡ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ ᠶᠢ ᠲᠤᠭᠤᠰᠢᠯᠠᠭᠤᠯᠬᠤ ᠶᠢ ᠢᠮᠠᠭᠲᠠ ᠪᠠᠷᠢᠮᠲᠠᠯᠠᠵᠤ᠂ ᠬᠠᠤᠯᠢᠵᠢᠯ ᠤᠨ ᠰᠡᠳᠬᠢᠬᠦᠶ ᠪᠠ | ᠬᠠᠤᠯᠢᠵᠢᠯ ᠤᠨ ᠠᠷᠭ᠎ᠠ ᠬᠡᠯᠪᠡᠷᠢ ᠶᠢ ᠬᠡᠷᠡᠭᠯᠡᠨ ᠠᠵᠢᠯ ᠢᠶᠠᠨ ᠲᠥᠯᠥᠪᠵᠢᠭᠦᠯᠵᠦ᠂ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ | ᠬᠢᠨᠠᠮᠠᠭᠠᠶ ᠰᠠᠶᠢᠲᠤᠷ ᠬᠢᠵᠦ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ | ᠣᠷᠣᠯᠴᠠᠨ ᠵᠠᠷᠭᠤ ᠬᠦᠯᠢᠶᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠠᠤᠯᠢ ᠴᠠᠭᠠᠵᠠ ᠶᠢᠨ ᠡᠷᠬᠡ ᠶᠢᠨ | ᠬᠢᠵᠠᠭᠠᠷ ᠪᠠ ᠵᠢᠷᠤᠮ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠵᠥᠪᠯᠡᠯᠭᠡ ᠪᠠ ᠠᠷᠠᠳ ᠤᠯᠠᠨ ᠤ ᠵᠠᠬᠢᠳᠠᠯ ᠰᠤᠷᠪᠤᠯᠵᠢᠯᠠᠭ᠎ᠠ ᠶᠢ ᠴᠢᠨᠠᠷ ᠰᠠᠶᠢᠲᠠᠢ ᠰᠠᠶᠢᠲᠤᠷ | ᠬᠢᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠤᠶᠢᠪᠢᠰᠢ ᠦᠭᠡᠢ ᠠᠬᠢᠭᠤᠯᠤᠨ᠎ᠠ᠃ ᠬᠢᠨᠠᠨ | ᠵᠥᠪᠰᠢᠶᠡᠷᠡᠬᠦ ᠦᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠪᠠᠯᠠ ᠮᠥᠩᠭᠦ ᠶᠢᠨ ᠬᠠᠮᠢᠶᠠᠷᠤᠯᠲᠠ | ᠬᠡᠷᠡᠭᠯᠡᠯᠲᠡ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ | ᠴᠢᠬᠡᠴᠢ ᠵᠠᠰᠠᠭ ᠤᠨ ᠠᠶᠤᠯ ᠲᠦᠭᠰᠢᠭᠦᠷᠢ ᠶᠢᠨ ᠴᠡᠭ ᠢ ᠰᠡᠷᠭᠡᠶᠢᠯᠡᠨ ᠡᠵᠡᠮᠳᠡᠬᠦ ᠪᠠ ᠬᠢᠨᠠᠨ ᠪᠤᠳᠤᠵᠤ ᠬᠢᠨᠠᠯᠲᠠ | ᠲᠠᠯᠪᠢᠬᠤ ᠶᠢ ᠴᠢᠩᠭᠠᠳᠬᠠᠵᠤ᠂ ᠤᠯᠠᠮ ᠨᠢᠭᠡ ᠠᠯᠬᠤᠮ ᠠᠯᠳᠠᠰᠢ ᠭᠠᠷᠬᠤ ᠶᠢ ᠬᠤᠷᠢᠬᠯᠠᠨ᠂ ᠲᠦᠷᠢᠮ ᠤᠨ | ᠰᠢᠩᠭᠡᠯᠢᠭ ᠢ ᠪᠠᠬᠢᠯᠡᠨ᠎ᠡ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ᠂ | ᠤᠯᠠᠨ ᠲᠦᠮᠡᠨ ᠤ ᠳᠡᠷᠭᠡᠳᠡ ᠡᠭᠦᠰᠦᠭᠰᠡᠨ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠵᠠᠰᠠᠭ ᠤᠨ ᠣᠷᠳᠣᠨ ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠨ᠂ ︽ᠭᠤᠷᠪᠠᠨ | ᠵᠦᠢᠯ ᠤᠨ ᠠᠯᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠪᠡᠯᠡ | ᠮᠥᠩᠭᠦ ᠶᠢ ᠠᠵᠤ ᠠᠬᠤᠢ ᠶᠢ ᠬᠥᠭᠵᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠬᠡᠷᠡᠭᠯᠡᠨ᠎ᠡ᠃ | ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠨ ᠦᠢᠯᠡᠳᠦᠯᠭᠡᠵᠢᠭᠦᠯᠵᠦ᠂ ᠪᠦᠯᠬᠦᠮᠳᠡᠨ ᠲᠡᠮᠡᠴᠡᠬᠦ ᠳᠡᠭᠡᠨ | ᠴᠠᠯᠠᠭᠠᠶᠢᠷᠠᠬᠤ ᠥᠬᠡᠶ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠳᠡᠭᠡᠨ ᠰᠤᠯᠠᠷᠠᠬᠤ ᠥᠬᠡᠶ᠂ ᠪᠥᠬᠦ ᠰᠡᠳᠬᠢᠯ | ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠠᠰᠢᠭ ᠲᠤᠰᠠ ᠣᠯᠭᠤᠬᠤ ᠶᠢ ᠪᠠᠷᠢᠮᠳᠠᠯᠠᠨ᠎ᠠ᠃ ︽12345︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠠᠪᠴᠠᠩ ᠢ | ᠰᠠᠶᠢᠲᠤᠷ ᠬᠡᠷᠡᠭᠯᠡᠵᠦ᠂ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠲᠦᠪᠡᠭᠳᠡᠵᠦ ᠪᠠᠶᠢᠭ᠎ᠠ ᠶᠠᠪᠤᠳᠠᠯ᠂ | ᠰᠡᠳᠬᠢᠯ ᠵᠤᠪᠠᠵᠤ ᠪᠠᠶᠢᠭ᠎ᠠ ᠶᠠᠪᠤᠳᠠᠯ ᠢ ᠰᠡᠳᠬᠢᠯ ᠳᠡᠯᠪᠢᠨ ᠬᠦᠴᠦ ᠳᠡᠯᠪᠢᠨ ᠰᠢᠢᠳᠪᠦᠷᠢᠯᠡᠵᠦ᠂ ᠳᠠᠭᠤᠳᠠᠪᠠᠯ ᠵᠠᠪᠠᠯ | ᠳᠠᠭᠠᠵᠤ᠂ ᠠᠷᠭᠠᠴᠠᠭᠠᠪᠠᠯ ᠵᠠᠪᠠᠯ ᠦᠷ᠎ᠡ ᠪᠦᠲᠦᠮᠵᠢ ᠤᠯᠬᠤ ᠶᠢ ᠪᠡᠶᠡᠯᠡᠭᠦᠯᠦᠨ᠎ᠡ᠃ ︽ᠠᠯᠵᠠᠭᠤ ᠬᠤᠶᠢᠷᠭᠤ ᠰᠤᠯᠠ | ᠵᠠᠳᠠᠭᠠᠶ᠂ ᠤᠳᠠᠭᠠᠰᠢᠷᠠᠭᠤᠯᠵᠤ ᠬᠤᠶᠢᠰᠢᠯᠠᠭᠤᠯᠬᠤ ᠲᠤᠭᠤᠷᠢᠵᠦ ᠲᠤᠬᠰᠢᠭᠤᠯᠬᠤ᠂ ᠴᠠᠯᠠᠭᠠᠶᠢᠷᠠᠬᠤ ᠡᠷᠤᠢ ᠬᠤᠷᠦᠢ︾ | ᠪᠠᠶᠢᠬᠤ ᠪᠠᠶᠢᠳᠠᠯ ᠤᠨᠲ᠋ᠤᠬᠠᠢ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠪᠣᠳᠠᠲᠠᠢ ᠠᠵᠢᠯᠯᠠᠬᠤ | ᠤᠳᠤᠷᠢᠳᠤᠮᠵᠢ ᠶᠢ ᠪᠤᠢ ᠪᠤᠯᠭᠠᠨ᠂ ᠵᠥᠪ ᠴᠢᠭᠯᠡᠯ ᠢᠶᠠᠷ ᠤᠷᠮᠠᠰᠢᠭᠤᠯᠬᠤ ᠶᠢ ᠴᠢᠩᠭᠠᠳᠬᠠᠵᠤ᠂ ᠦᠨᠡᠨ ᠬᠦ ᠠᠳᠬᠤᠵᠤ | ᠪᠣᠳᠠᠲᠠᠢ ᠠᠵᠢᠯᠯᠠᠬᠤ ᠰᠤᠷᠲᠠᠯ ᠢ ᠶᠡᠭᠡ ᠪᠠᠷ ᠪᠠᠳᠠᠷᠠᠭᠤᠯᠤᠨ᠂ ᠠᠷᠠᠳ ᠲᠦᠮᠡᠨ ᠳᠤ ᠲᠠᠭᠠᠰᠢᠶᠠᠭᠳᠠᠭᠰᠠᠨ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠲᠥᠯᠥᠭᠡᠯᠡᠭᠴᠢᠳ ᠡ᠂ ᠪᠢᠳᠡ ᠠᠭᠤᠤ ᠶᠡᠭᠡ ᠡᠬᠡ ᠣᠷᠣᠨ ᠪᠠ ᠠᠭᠤᠤ ᠶᠡᠭᠡ ᠴᠠᠭ ᠦᠶ᠎ᠡ ᠳᠤ ᠣᠷᠣᠰᠢᠵᠤ | ᠪᠠᠶᠢᠨ᠎ᠠ᠂ ᠡᠷᠬᠡᠪᠰᠢ ᠰᠢᠨ᠎ᠡ ᠡᠭᠦᠷᠭᠡ ᠬᠠᠷᠢᠭᠤᠴᠠᠯᠭ᠎ᠠ ᠶᠢ ᠴᠢᠷᠮᠠᠶᠢᠨ ᠡᠭᠦᠷᠭᠡᠯᠡᠵᠦ᠂ ᠰᠢᠨ᠎ᠡ ᠠᠮᠵᠢᠯᠲᠠ ᠪᠦᠲᠦᠮᠵᠢ ᠶᠢ | ᠢᠯᠡᠷᠡᠭᠦᠯᠦᠨ᠂ ᠰᠢᠨ᠎ᠡ ᠠᠮᠵᠢᠯᠲᠠ ᠪᠦᠲᠦᠮᠵᠢ ᠶᠢ ᠡᠬᠦᠳᠦᠨ᠎ᠡ᠃ ᠪᠢᠳᠠ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠭᠠᠪᠰᠢᠭᠠᠶᠢᠯᠠᠨ ᠤᠷᠤᠭᠰᠢᠯᠠᠬᠤ ᠵᠣᠷᠢᠭ ᠰᠠᠨᠠᠭ᠎ᠠ᠂ ᠡᠭᠦᠳᠦᠨ ᠪᠦᠲᠦᠭᠡᠬᠦ ᠡᠷᠴᠢ ᠵᠣᠷᠢᠭ᠂ ᠠᠵᠢᠯᠯᠠᠬᠤ | ᠰᠤᠷᠲᠠᠯ ᠢᠶᠠᠨ ᠡᠭᠦᠷᠢᠳᠡ ᠪᠠᠲᠤᠯᠠᠵᠤ᠂ ᠡᠷᠴᠢ ᠵᠣᠷᠢᠭ ᠢᠶᠠᠨ ᠬᠥᠪᠴᠢᠯᠡᠨ ᠬᠦᠴᠦᠯᠡᠨ ᠴᠢᠷᠮᠠᠶᠢᠵᠤ᠂ ᠴᠥᠬᠦᠷᠡᠰᠢ | ᠦᠭᠡᠢ ᠵᠢᠳᠭᠦᠨ᠂ ᠰᠡᠷᠭᠦᠨ ᠮᠠᠨᠳᠤᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠶ᠎ᠡ︕ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |