︽ᠰᠢᠩ ᠾᠧ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠬᠦ ᠲᠥᠯᠥᠪᠵᠢᠭᠦᠯᠭᠡ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/1/28
     ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠳᠤ᠄      ︽ᠰᠢᠩ ᠾᠧ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠪᠤᠯᠪᠠ ᠤᠤ᠃      ᠣᠨᠴᠠᠭᠠᠶᠢᠯᠠᠨ ᠮᠡᠳᠡᠭᠳᠡᠪᠡ                                 ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ                                         2022 ᠣᠨ ᠤ 1 ᠰᠠᠷ᠎ᠠ ᠶᠢᠨ 28 ᠤ ᠡᠳᠦᠷ      ᠰᠢᠩ ᠾᠧ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠬᠦ ᠲᠥᠯᠥᠪᠵᠢᠭᠦᠯᠭᠡ ᠶᠢ ᠬᠡᠷᠡᠭᠵᠢᠭᠦᠯᠬᠦ ᠲᠥᠰᠦᠯ      ︽︿ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ︵ᠰᠤᠷᠭᠠᠨ ᠬᠥᠮᠦᠵᠢᠯ ᠤᠨ ᠬᠢᠨᠠᠨ ᠪᠠᠶᠢᠴᠠᠭᠠᠭᠴᠢ ︹ 2017 ︺ 6 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠬᠥᠭᠵᠢᠭᠦᠯᠦᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠬᠢᠷᠢ ᠬᠡᠮᠵᠢᠶ᠎ᠡ ᠪᠠ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠣᠯᠭᠠᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠦᠯ ᠢ ᠲᠤᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ︾ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠬᠥᠭᠵᠢᠭᠦᠯᠦᠭᠰᠡᠨ ᠦᠷ᠎ᠡ ᠪᠦᠲᠦᠭᠡᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠢᠨᠠᠮᠠᠭᠠᠶ ᠰᠠᠶᠢᠲᠤᠷ ᠬᠢᠬᠦ ᠲᠤᠬᠠᠶ ᠮᠡᠳᠡᠭᠳᠡᠯ﹀ ︵ᠥᠪᠥᠷ ᠵᠠᠰᠠᠭ ᠰᠤᠷᠭᠠᠨ ᠬᠥᠮᠦᠵᠢᠯ ᠠᠯᠪᠠᠨ ᠵᠠᠬᠢᠳᠠᠯ ︹ 2021 ︺ 51 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠰᠤᠷᠭᠠᠭᠤᠯᠢ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠵᠤ᠂ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠦᠨ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠬᠥᠳᠡᠭᠡ ᠪᠠ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠲᠦᠷᠭᠡᠪᠴᠢᠯᠡᠨ ᠪᠠᠭᠠᠰᠬᠠᠨ᠎ᠠ︔ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠢ ᠬᠠᠤᠯᠢ ᠪᠠᠷ ᠵᠠᠰᠠᠬᠤ ᠶᠢ ᠲᠦᠯᠬᠢᠨ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠶᠡᠭᠡ ᠪᠠᠷ ᠲᠦᠯᠬᠢᠨ ᠠᠬᠢᠭᠤᠯᠵᠤ᠂ ᠡᠶ᠎ᠡ ᠵᠣᠬᠢᠴᠠᠯ ᠲᠠᠢ ᠪᠥᠭᠡᠳ ᠲᠥᠪ ᠭᠤᠣᠯᠴᠢ ᠰᠤᠷᠭᠠᠨ ᠬᠥᠮᠦᠵᠢᠯ ᠤᠨ ᠣᠷᠴᠢᠨ ᠨᠥᠬᠦᠴᠡᠯ ᠢ ᠪᠤᠢ ᠪᠣᠯᠭᠠᠵᠤ᠂ ᠰᠤᠷᠤᠭᠴᠢᠳ ᠲᠤ ᠠᠳᠠᠯᠢ ᠲᠡᠭᠰᠢ ᠰᠤᠷᠭᠠᠨ ᠬᠥᠮᠦᠵᠢᠯ ᠤᠨ ᠠᠵᠠ ᠲᠣᠬᠢᠶᠠᠯ ᠢ ᠡᠳ᠋ᠯᠡᠭᠦᠯᠦᠨ᠎ᠡ︔ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠴᠢᠷᠮᠠᠶᠢᠨ ᠡᠭᠦᠳᠦᠨ ᠪᠠᠶᠢᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠪᠡᠶᠡᠯᠡᠭᠦᠯᠬᠦ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃      ᠬᠤᠶᠠᠷ᠂ ᠣᠳᠣᠬᠢ ᠪᠠᠶᠢᠳᠠᠯ ᠤᠨ ᠵᠠᠳᠠᠯᠤᠯᠲᠠ      ︵ᠨᠢᠭᠡ︶ ᠪᠦᠬᠦᠯᠢ ᠴᠣᠭᠴᠠ ᠶᠢᠨ ᠲᠦᠢᠮᠣ ᠪᠠᠶᠢᠳᠠᠯ᠃ ᠰᠢᠩ ᠾᠧ ᠰᠢᠶᠠᠨ ᠤ ᠲᠠᠯᠠᠪᠠᠶ ᠨᠢ 3518 ᠲᠡᠭᠰᠢ ᠳᠥᠷᠪᠡᠯᠵᠢᠨ ᠺᠢᠯᠣᠮᠧᠲᠷ᠂ ᠪᠠᠶᠢᠩᠭᠤ ᠰᠠᠭᠤᠭ᠎ᠠ ᠬᠥᠮᠦᠨ ᠠᠮᠠ ᠨᠢ 16.8 ᠲᠦᠮᠡ ᠪᠠᠶᠢᠵᠤ᠂ 9 ᠰᠢᠶᠠᠩ ᠪᠠᠯᠭᠠᠰᠤ᠂ 161 ᠲᠣᠰᠬᠤᠨ ︵ᠨᠡᠶᠢᠭᠡᠮ ᠲᠣᠭᠤᠷᠢᠭ︶ ᠤ ᠵᠥᠪᠯᠡᠯ ᠳᠤ ᠬᠠᠷᠢᠶᠠᠯᠠᠭᠳᠠᠨ᠎ᠠ᠃ ᠪᠥᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ 18 ᠪᠠᠶᠢᠵᠤ᠂ ᠡᠭᠦᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 3 ︵ᠠᠷᠠᠳ ᠠᠴᠠ ᠡᠷᠭᠢᠯᠡᠭᠰᠡᠨ ᠰᠤᠷᠭᠠᠭᠤᠯᠢ 1 ᠪᠠᠭᠲᠠᠨ᠎ᠠ︶ ᠪᠣᠶ᠃ ᠪᠠᠭ᠎ᠠ ᠰᠤᠷᠭᠠᠭᠤᠯᠢ 15 ᠪᠣᠶ᠃ ᠰᠤᠷᠭᠠᠭᠤᠯᠢ ᠳᠤ ᠪᠠᠶᠢᠭ᠎ᠠ ᠰᠤᠷᠦᠬᠴᠢ᠄ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ 3393 ᠬᠥᠮᠦᠨ᠂ ᠪᠠᠭ᠎ᠠ ᠰᠤᠷᠭᠠᠭᠤᠯᠢ ᠳᠤ 8945 ᠬᠥᠮᠦᠨ︔ ᠲᠤᠰᠬᠠᠶ ᠲᠤᠰᠢᠶᠠᠯ ᠲᠠᠢ ᠪᠠᠭᠰᠢ᠄ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ 275 ᠬᠥᠮᠦᠨ᠂ ᠪᠠᠭ᠎ᠠ ᠰᠤᠷᠭᠠᠭᠤᠯᠢ ᠳᠤ 546 ᠬᠥᠮᠦᠨ ᠪᠣᠶ᠃      ︵ᠬᠤᠶᠠᠷ︶  ᠭᠦᠢᠴᠡᠳᠭᠡᠯ ᠲᠤᠭ᠎ᠠ ᠶᠢᠨ ᠣᠳᠣᠬᠢ ᠪᠠᠶᠢᠳᠠᠯ᠃ ︽ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ︾ ᠳᠤ ᠳᠤᠷᠠᠳᠤᠭᠰᠠᠨ ᠦᠨᠡᠯᠡᠨ ᠵᠢᠱᠢᠬᠦ ᠠᠭᠤᠯᠭ᠎ᠠ ᠪᠠ ᠪᠠᠷᠢᠮᠵᠢᠶ᠎ᠠ ᠲᠠᠢ ᠬᠠᠷᠢᠴᠠᠭᠤᠯᠬᠤ ᠬᠡᠷᠡᠭᠲᠡᠶ᠃ ᠮᠠᠨ ᠤ ᠰᠢᠶᠠᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠲᠠᠯ᠎ᠠ ᠶᠢᠨ ᠪᠠᠶᠢᠳᠠᠯ ᠳᠣᠣᠷᠠᠬᠢ ᠮᠡᠲᠦ᠄      1. ᠵᠠᠭᠤᠨ ᠰᠣᠷᠣᠭᠴᠢ ᠨᠢᠭᠡᠪᠦᠷᠢ ᠳᠤ ᠲᠣᠭᠲᠠᠭᠰᠠᠨ ᠰᠤᠷᠤᠯᠭ᠎ᠠ ᠶᠢᠨ ᠨᠠᠮᠲᠠᠷ ᠲᠠᠢ ᠲᠤᠰᠬᠠᠶ ᠪᠠᠭᠰᠢ ᠶᠢᠨ ᠲᠤᠭ᠎ᠠ ᠠᠴᠠ ᠥᠨᠳᠥᠷ ︵ᠪᠠᠷᠢᠮᠵᠢᠶ᠎ᠠ᠄ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠲᠣᠰ ᠲᠣᠰ 4.2 ᠬᠥᠮᠦᠨ ᠠᠴᠠ ᠳᠡᠭᠡᠭᠰᠢ᠂ 5.3 ᠬᠥᠮᠦᠨ ᠠᠴᠠ ᠳᠡᠭᠡᠭᠰᠢ︶ ᠪᠠᠶᠢᠬᠤ ᠬᠡᠷᠡᠭᠲᠡᠶ᠃ ᠶᠡᠷᠦᠩᠬᠡᠶ ᠳᠤᠨᠢ ᠠᠪᠴᠤ ᠦᠵᠡᠪᠡᠯ᠂ ᠪᠥᠬᠦ ᠰᠢᠶᠠᠨ ᠳᠤ ᠣᠲᠣ ᠲᠣᠭᠲᠠᠭᠠᠭᠰᠠᠨ ᠰᠤᠷᠤᠯᠭ᠎ᠠ ᠶᠢᠨ ᠨᠠᠮᠲᠠᠷ ᠠᠴᠠ ᠥᠨᠳᠥᠷ ᠪᠠᠭᠰᠢ 799 ︵ᠪᠠᠭ᠎ᠠ ᠰᠤᠷᠭᠠᠭᠤᠯᠢ 546 ᠬᠥᠮᠦᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 253 ᠬᠥᠮᠦᠨ︶ ᠪᠣᠶ᠃ ᠵᠠᠭᠤᠨ ᠰᠣᠷᠣᠭᠴᠢ ᠨᠢᠭᠡᠪᠦᠷᠢ ᠳᠤ ᠲᠣᠭᠲᠠᠭᠠᠭᠰᠠᠨ ᠰᠤᠷᠤᠯᠭ᠎ᠠ ᠶᠢᠨ ᠨᠠᠮᠲᠠᠷ ᠠᠴᠠ ᠥᠨᠳᠥᠷ ᠲᠤᠰᠬᠠᠶ ᠪᠠᠭᠰᠢ ᠶᠢᠨ ᠲᠤᠭ᠎ᠠ ᠲᠠᠢ ᠪᠠᠭ᠎ᠠ ᠰᠤᠷᠭᠠᠭᠤᠯᠢ 6.10᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 7.46 ᠪᠣᠶ᠃      2. ᠵᠠᠭᠤᠨ ᠨᠡᠷᠡᠰ ᠰᠤᠷᠤᠬᠴᠢ ᠨᠢᠭᠡᠪᠦᠷᠢ ᠳᠤ ᠰᠢᠶᠠᠨ ᠤ ᠱᠠᠲᠤᠨ ᠠᠴᠠ ᠳᠡᠭᠡᠭᠰᠢᠬᠢ ᠭᠤᠣᠯᠯᠠᠭᠴᠢ ᠪᠠᠭᠰᠢ ᠶᠢᠨ ᠲᠤᠭ᠎ᠠ ︵ᠪᠠᠷᠢᠮᠵᠢᠶ᠎ᠠ᠄ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠴᠥᠮ 1 ᠬᠥᠮᠦᠨ ᠠᠴᠠ ᠳᠡᠭᠡᠭᠰᠢ ᠲᠣᠭᠠᠨ ᠳᠤ ᠬᠦᠷᠦᠨ᠎ᠡ︶ ᠲᠠᠢ ᠪᠠᠶᠢᠵᠤ᠃ ᠣᠳᠣᠬᠠᠨ ᠳᠤ ᠪᠥᠬᠦ ᠰᠢᠶᠠᠨ ᠳᠤ ᠰᠢᠶᠠᠨ ᠤ ᠱᠠᠲᠤᠨ ᠠᠴᠠ ᠳᠡᠭᠡᠭᠰᠢᠬᠢ ᠭᠤᠤᠯᠯᠠᠭᠴᠢ ᠪᠠᠭᠰᠢ ᠨᠡᠶᠢᠲᠡ 130 ᠬᠥᠮᠦᠨ ᠪᠠᠶᠢᠵᠤ᠂ ᠪᠥᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ 12338 ᠰᠣᠷᠣᠭᠴᠢ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠵᠠᠶ᠃      3. ᠵᠠᠭᠤᠨ ᠨᠡᠷᠡᠰ ᠰᠣᠷᠣᠭᠴᠢ ᠨᠢᠭᠡᠪᠦᠷᠢ ᠳᠤ ᠪᠡᠶ᠎ᠡ ᠶᠢᠨ ᠲᠠᠮᠢᠷ᠂ ᠤᠷᠠᠯᠢᠭ ︵ᠤᠷᠠᠨ ᠵᠢᠷᠤᠭ᠂ ᠳᠠᠭᠤᠤ ᠬᠥᠭᠵᠢᠮ︶ ᠤᠨ ᠲᠤᠰᠬᠠᠶ ᠪᠠᠭᠰᠢ ᠶᠢᠨ ᠲᠤᠭ᠎ᠠ ᠲᠠᠢ ︵ᠪᠠᠷᠢᠮᠵᠢᠶ᠎ᠠ᠄ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠴᠥᠮ 0.9 ᠬᠥᠮᠦᠨ ᠠᠴᠠ ᠳᠡᠭᠡᠭᠰᠢ ᠪᠠᠶᠢᠬᠤ︶᠃ ᠣᠳᠣᠬᠠᠨ ᠳᠤ ᠪᠥᠬᠦ ᠰᠢᠶᠠᠨ ᠳᠤ ᠲᠠᠭᠤ ᠪᠡᠶ᠎ᠡ ᠲᠠᠮᠢᠷ ᠭᠤᠸ᠎ᠠ ᠰᠠᠶᠢᠬᠠᠨ ᠤ ᠲᠤᠰᠬᠠᠶ ᠲᠤᠰᠢᠶᠠᠯ ᠲᠠᠢ ᠪᠠᠭᠰᠢ 135 ᠪᠠᠶᠢᠵᠤ᠂ ᠵᠠᠭᠤᠨ ᠰᠣᠷᠣᠭᠴᠢ ᠪᠦᠷᠢ ᠳᠤ ᠪᠡᠶ᠎ᠡ ᠲᠠᠮᠢᠷ᠂ ᠤᠷᠠᠯᠢᠭ ︵ᠤᠷᠠᠨ ᠵᠢᠷᠤᠭ᠂ ᠳᠠᠭᠤᠤ ᠬᠥᠭᠵᠢᠮ︶ ᠤᠨ ᠲᠤᠰᠬᠠᠶ ᠲᠤᠰᠢᠶᠠᠯ ᠲᠠᠢ ᠪᠠᠭᠰᠢ 1.09 ᠪᠣᠶ᠃      4. ᠰᠣᠷᠣᠭᠴᠢ ᠨᠢᠭᠡᠪᠦᠷᠢ ᠶᠢᠨ ᠳᠤᠮᠳᠠᠴᠢ ᠵᠢᠭᠠᠨ ᠰᠤᠷᠭᠠᠯᠲᠠ ᠵᠢᠴᠢ ᠲᠤᠰᠠᠯᠠᠬᠤ ᠬᠡᠷ ᠪᠠᠶᠢᠰᠢᠩ ᠤᠨ ᠲᠠᠯᠠᠪᠠᠶ ︵ᠪᠠᠷᠢᠮᠵᠢᠶ᠎ᠠ᠄ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ ᠲᠣᠰ ᠲᠣᠰ 4.5 ᠲᠡᠭᠰᠢ ᠳᠥᠷᠪᠡᠯᠵᠢᠨ ᠮᠧᠲᠷ ᠠᠴᠠ ᠳᠡᠭᠡᠭᠰᠢ᠂ 5.8 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠦᠨ᠎ᠡ︶᠃ ᠶᠡᠷᠦᠩᠬᠡᠶ ᠬᠡᠮᠵᠢᠶ᠎ᠡ ᠶᠢᠨ ᠲᠠᠯ᠎ᠠ ᠪᠠᠷ ᠲᠥᠰᠦᠭᠡᠯᠡᠨ ᠪᠤᠳᠤᠪᠠᠯ᠄ ᠪᠦᠬᠦ ᠰᠢᠶᠠᠨ ᠤ ᠤᠳᠤ ᠪᠠᠶᠢᠭ᠎ᠠ ᠵᠢᠭᠠᠨ ᠰᠤᠷᠭᠠᠬᠤ ᠪᠠ ᠬᠠᠪᠰᠤᠷᠤᠨ ᠬᠡᠷᠡᠭᠯᠡᠬᠦ ᠭᠡᠷ ᠪᠠᠶᠢᠰᠢᠩ 704545 ᠲᠡᠭᠰᠢ ᠳᠥᠷᠪᠡᠯᠵᠢᠨ ᠮᠧᠲᠷ ︵ᠡᠭᠦᠨ ᠳᠤ ᠪᠠᠭ᠎ᠠ ᠰᠤᠷᠭᠠᠭᠤᠯᠢ 500066 ᠲᠡᠭᠰᠢ ᠳᠥᠷᠪᠡᠯᠵᠢᠨ ᠮᠧᠲᠷ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 204479 ᠲᠡᠭᠰᠢ ᠳᠥᠷᠪᠡᠯᠵᠢᠨ ᠮᠧᠲᠷ︶︔ ᠪᠠᠭ᠎ᠠ ᠰᠤᠷᠭᠠᠭᠤᠯᠢ ᠶᠢᠨ ᠰᠣᠷᠣᠭᠴᠢ ᠳᠤᠮᠳᠠᠴᠢ ᠪᠠᠷ 6.02 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠳᠤᠮᠳᠠᠴᠢ ᠪᠠᠷ 5.59 ᠲᠡᠭᠰᠢ ᠳᠥᠷᠪᠡᠯᠵᠢᠨ ᠮᠧᠲᠷ ᠲᠤ ᠬᠦᠷᠴᠡᠶ᠃      5. ᠰᠣᠷᠣᠭᠴᠢ ᠳᠤᠮᠳᠠᠴᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠠᠶ ᠣᠷᠳᠣᠨ ᠤ ᠲᠠᠯᠠᠪᠠᠶ ︵ᠪᠠᠷᠢᠮᠵᠢᠶ᠎ᠠ᠄ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ ᠲᠣᠰ ᠲᠣᠰ 7.5 ᠲᠡᠭᠰᠢ ᠳᠥᠷᠪᠡᠯᠵᠢᠨ ᠮᠧᠲᠷ ᠠᠴᠠ ᠳᠡᠭᠡᠭᠰᠢ᠂ 10.2 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠦᠨ᠎ᠡ︶᠃ ᠶᠡᠷᠦᠩᠬᠡᠶ ᠬᠡᠮᠵᠢᠶ᠎ᠡ ᠠᠴᠠ ᠨᠢ ᠲᠥᠰᠦᠭᠡᠯᠡᠨ ᠪᠤᠳᠤᠪᠠᠯ᠄ ᠪᠦᠬᠦ ᠰᠢᠶᠠᠨ ᠤ ᠤᠳᠤ ᠪᠠᠶᠢᠭ᠎ᠠ ᠪᠡᠶ᠎ᠡ ᠶᠢᠨ ᠲᠠᠮᠢᠷ ᠤᠨ ᠲᠠᠯᠠᠪᠠᠢ ᠶᠢᠨ ᠲᠠᠯᠠᠪᠠᠢ 128139 ᠲᠡᠭᠰᠢ ᠳᠥᠷᠪᠡᠯᠵᠢᠨ ᠮᠧᠲᠷ ︵ᠡᠭᠦᠨ ᠳᠤ ᠪᠠᠭ᠎ᠠ ᠰᠤᠷᠭᠠᠭᠤᠯᠢ 88428 ᠲᠡᠭᠰᠢ ᠳᠥᠷᠪᠡᠯᠵᠢᠨ ᠮᠧᠲᠷ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 39711 ᠲᠡᠭᠰᠢ ᠳᠥᠷᠪᠡᠯᠵᠢᠨ ᠮᠧᠲᠷ ︶︔ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠴᠥᠮ ᠲᠣᠰ ᠲᠣᠰ 9.89 ᠲᠡᠭᠰᠢ ᠳᠥᠷᠪᠡᠯᠵᠢᠨ ᠮᠧᠲᠷ᠂ 11.70 ᠲᠡᠭᠰᠢ ᠳᠥᠷᠪᠡᠯᠵᠢᠨ ᠮᠧᠲᠷ ᠲᠤ ᠬᠦᠷᠴᠡᠶ︔ ᠬᠤᠪᠢᠶᠠᠷᠢ ᠰᠤᠷᠭᠠᠭᠤᠯᠢ ᠶᠢᠨ ᠲᠤᠭ᠎ᠠ ᠬᠡᠮᠵᠢᠶ᠎ᠡ ᠠᠴᠠ ᠪᠤᠳᠤᠵᠤ ᠦᠵᠡᠪᠡᠯ᠄ ᠪᠥᠬᠦ ᠰᠢᠶᠠᠨ ᠤ 15 ᠰᠤᠷᠭᠠᠭᠤᠯᠢ ᠴᠥᠮ ᠪᠠᠷᠢᠮᠵᠢᠶ᠎ᠠ ᠳᠤ ᠬᠦᠷᠴᠦ᠂ 100% ᠶᠢ ᠡᠵᠡᠯᠡᠪᠡ᠃      6. ᠰᠣᠷᠣᠭᠴᠢ ᠶᠢᠨ ᠳᠤᠮᠳᠠᠴᠢ ᠵᠢᠭᠠᠨ ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ ᠶᠢᠨ ᠬᠡᠮᠵᠢᠭᠳᠡᠯ ︵ᠪᠠᠷᠢᠮᠵᠢᠶ᠎ᠠ᠄ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ ᠲᠣᠰ ᠲᠣᠰ 2000 ᠲᠥᠭᠦᠷᠢᠭ ᠠᠴᠠ ᠳᠡᠭᠡᠭᠰᠢ᠂ 2500 ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ︶᠃ ᠶᠡᠷᠦᠩᠬᠡᠶ ᠬᠡᠮᠵᠢᠶ᠎ᠡ ᠶᠢᠨ ᠲᠠᠯ᠎ᠠ ᠪᠠᠷ ᠲᠥᠰᠦᠭᠡᠯᠡᠨ ᠪᠤᠳᠤᠪᠠᠯ᠄ ᠪᠥᠬᠦ ᠰᠢᠶᠠᠨ ᠤ ᠣᠲᠣ ᠪᠠᠶᠢᠭ᠎ᠠ ᠵᠢᠭᠠᠨ ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ ᠶᠢᠨ ᠥᠷᠲᠡᠭ 1773.82 ᠲᠦᠮᠡᠨ ᠲᠥᠭᠦᠷᠢᠭ ︵ᠡᠭᠦᠨ ᠳᠤ ᠪᠠᠭ᠎ᠠ ᠰᠤᠷᠭᠠᠭᠤᠯᠢ 1163.33 ᠲᠦᠮᠡᠨ ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 610.49 ᠲᠦᠮᠡᠨ ᠲᠥᠭᠦᠷᠢᠭ︶ ᠬᠦᠷᠴᠦ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠳᠤᠮᠳᠠᠴᠢ ᠶᠢᠨ ᠵᠢᠭᠠᠨ ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ ᠶᠢᠨ ᠥᠷᠲᠡᠭ ᠲᠣᠰ ᠲᠣᠰ 1301 ᠲᠥᠭᠦᠷᠢᠭ᠂ 1773 ᠲᠥᠭᠦᠷᠢᠭ ᠲᠤ ᠬᠦᠷᠴᠡᠶ᠃ ᠬᠤᠪᠢᠶᠠᠷᠢ ᠰᠤᠷᠭᠠᠭᠤᠯᠢ ᠶᠢᠨ ᠲᠤᠭ᠎ᠠ ᠬᠡᠮᠵᠢᠶ᠎ᠡ ᠠᠴᠠ ᠪᠤᠳᠤᠵᠤ ᠦᠵᠡᠪᠡᠯ᠄ ᠪᠥᠬᠦ ᠰᠢᠶᠠᠨ ᠤ 13 ᠰᠤᠷᠭᠠᠭᠤᠯᠢ ᠪᠠᠷᠢᠮᠵᠢᠶ᠎ᠠ ᠳᠤ ᠬᠥᠷᠬᠦ ᠥᠬᠡᠶ ᠪᠠᠶᠢᠵᠤ᠂ 87% ᠶᠢ ᠡᠵᠡᠯᠡᠵᠦ ᠪᠠᠶᠢᠨ᠎ᠠ᠂ ᠪᠥᠬᠦ ᠰᠢᠶᠠᠨ ᠤ ᠵᠢᠭᠠᠨ ᠰᠤᠷᠭᠠᠯᠲᠠ ᠶᠢᠨ ᠬᠡᠮᠵᠢᠭᠦᠷᠯᠢᠭ ᠤᠨ ᠣᠷᠣᠭᠤᠯᠤᠯᠲᠠ ᠶᠢ 871.93 ᠲᠦᠮᠡᠨ ᠲᠥᠭᠦᠷᠢᠭ ︵ᠪᠠᠭ᠎ᠠ ᠰᠤᠷᠭᠠᠭᠤᠯᠢ 625.26 ᠲᠦᠮᠡᠨ ᠲᠥᠭᠦᠷᠢᠭ᠂ ᠠᠩᠬ᠎ᠠ ᠳᠤᠮᠳᠠᠳᠤ 246.67 ᠲᠦᠮᠡᠨ ᠲᠥᠭᠦᠷᠢᠭ︶ ᠨᠡᠮᠡᠭᠳᠡᠭᠦᠯᠬᠦ ᠴᠢᠬᠤᠯᠠᠲᠠᠶ ᠪᠠᠶᠢᠨ᠎ᠠ᠃      7. ᠵᠠᠭᠤᠨ ᠰᠣᠷᠣᠭᠴᠢ ᠨᠢᠭᠡᠪᠦᠷᠢ ᠳᠤ ᠰᠦᠯᠵᠢᠶᠡᠨ ᠤ ᠣᠯᠠᠨ ᠵᠠᠭᠤᠴᠢᠳᠤ ᠬᠢᠴᠢᠶᠡᠯ ᠤᠨ ᠬᠡᠷ ᠤᠨ ᠲᠤᠭ᠎ᠠ ︵ᠪᠠᠷᠢᠮᠵᠢᠶ᠎ᠠ᠄ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠣᠰ ᠲᠣᠰ 2.3 ᠲᠠᠰᠤᠯᠭ᠎ᠠ ᠠᠴᠠ ᠳᠡᠭᠡᠭᠰᠢ᠂ 2.4 ᠲᠠᠰᠤᠯᠭ᠎ᠠ ᠠᠴᠠ ᠳᠡᠭᠡᠭᠰᠢ︶ ᠲᠠᠢ ᠪᠠᠶᠢᠬᠤ ᠬᠡᠷᠡᠭᠲᠡᠶ᠃ ᠶᠡᠷᠦᠩᠬᠡᠶ ᠬᠡᠮᠵᠢᠶ᠎ᠡ ᠠᠴᠠ ᠪᠤᠳᠤᠵᠤ ᠦᠵᠡᠪᠡᠯ᠄ ᠪᠥᠬᠦ ᠰᠢᠶᠠᠨ ᠳᠤ ᠣᠲᠣ ᠰᠦᠯᠵᠢᠶᠡᠨ ᠤ ᠣᠯᠠᠨ ᠵᠠᠭᠤᠴᠢᠳᠤ ᠬᠢᠴᠢᠶᠡᠯ ᠤᠨ ᠬᠡᠷ 406 ︵ᠡᠭᠦᠨ ᠳᠤ ᠪᠠᠭ᠎ᠠ ᠰᠤᠷᠭᠠᠭᠤᠯᠢ 282᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 124 ᠪᠣᠶ︶ ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠠᠭᠤᠨ ᠰᠣᠷᠣᠭᠴᠢ ᠨᠢᠭᠡᠪᠦᠷᠢ ᠳᠤ ᠨᠣᠭᠳᠠᠬᠤ ᠰᠦᠯᠵᠢᠶᠡᠨ ᠤ ᠣᠯᠠᠨ ᠵᠠᠭᠤᠴᠢᠳᠤ ᠬᠢᠴᠢᠶᠡᠯ ᠤᠨ ᠬᠡᠷ ᠤᠨ ᠲᠤᠭ᠎ᠠ ᠲᠣᠰ ᠲᠣᠰ 3.15᠂ 3.65 ᠪᠣᠶ᠃      ᠭᠤᠷᠪᠠ᠂ ᠡᠭᠦᠳᠦᠨ ᠪᠠᠶᠢᠭᠤᠯᠬᠤ ᠬᠠᠷᠠᠯᠲᠠ      ︵ᠨᠢᠭᠡ︶ ᠶᠡᠷᠦᠩᠬᠡᠶ ᠬᠠᠷᠠᠯᠲᠠ᠃ ᠪᠥᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠣᠳᠣᠬᠢ ᠪᠠᠶᠢᠳᠠᠯ ᠢ ᠦᠨᠳᠦᠰᠦᠯᠡᠨ᠂ 2035 ᠣᠨ ᠳᠤ ᠡᠭᠦᠳᠦᠨ ᠪᠠᠶᠢᠭᠤᠯᠬᠤ ᠭᠤᠶᠤᠴᠢᠯᠠᠯ ᠭᠠᠷᠭᠠᠬᠤ ᠶᠢᠨ ᠬᠠᠮᠲᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢᠨ ᠰᠢᠶᠠᠨ ᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠠᠬᠢᠨ ᠬᠠᠷᠭᠤᠭᠤᠯᠤᠯᠲᠠ ᠪᠠ ᠤᠯᠤᠰ ᠤᠨ ᠮᠠᠭᠠᠳᠯᠠᠨ ᠲᠣᠭᠲᠠᠭᠠᠯᠲᠠ ᠶᠢ ᠬᠦᠯᠢᠶᠡᠬᠦ ᠪᠠᠷ ᠲᠥᠯᠥᠪᠯᠡᠵᠦ ᠪᠣᠶ᠃      ︵ᠬᠤᠶᠠᠷ︶ ᠬᠠᠷᠠᠯᠲᠠ ᠶᠢᠨ ᠡᠭᠦᠷᠭᠡ᠃ ︽ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠬᠤ ᠰᠢᠶᠠᠨ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ︽ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ︾ ᠲᠠᠢ ᠬᠠᠷᠢᠴᠠᠭᠤᠯᠤᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ 7  ᠵᠦᠢᠯ ᠤᠨ  ᠭᠦᠢᠴᠡᠳᠭᠡᠯ ᠲᠤᠭ᠎ᠠ ᠶᠢ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ᠂ ᠰᠤᠷᠭᠠᠭᠤᠯᠢ ᠶᠢᠨ ᠬᠡᠷ ᠪᠠᠶᠢᠰᠢᠩ᠂ ᠬᠡᠮᠵᠢᠭᠦᠷᠯᠢᠭ ᠲᠥᠬᠦᠭᠡᠷᠦᠮᠵᠢ ᠵᠡᠷᠭᠡ ᠲᠠᠯ᠎ᠠ ᠶᠢᠨ ᠲᠣᠬᠢᠷᠠᠭᠤᠯᠤᠯᠲᠠ ᠶᠢᠨ ᠬᠢᠷᠢ ᠬᠡᠮᠵᠢᠶ᠎ᠡ ᠪᠠ ᠰᠤᠷᠭᠠᠭᠤᠯᠢ ᠶᠢᠨ ᠬᠤᠭᠤᠷᠣᠨᠳᠣᠬᠢ ᠲᠡᠩᠴᠡᠭᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ︔ ᠵᠠᠰᠠᠭ ᠤᠨ ᠣᠷᠳᠣᠨ ᠤ ᠪᠠᠲᠤᠯᠠᠭ᠎ᠠ ᠶᠢᠨ ᠬᠡᠮᠵᠢᠶᠡᠨ ᠤ 15 ᠵᠦᠢᠯ ᠤᠨ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠵᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠲᠦᠯᠬᠢᠨ ᠠᠬᠢᠭᠤᠯᠵᠤ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠪᠠ ᠬᠤᠳᠠ ᠬᠥᠳᠡᠭᠡ ᠶᠢ ᠨᠢᠭᠡᠰᠤᠷᠭᠠᠨ ᠬᠥᠮᠦᠵᠢᠯ ᠤᠨ ᠶᠠᠰᠤ ᠴᠢᠨᠠᠷ ᠤᠨ 9  ᠵᠦᠢᠯ ᠤᠨ ᠬᠦᠢᠴᠡᠳᠭᠡᠯ ᠲᠤᠭ᠎ᠠ ᠶᠢ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠡᠮᠵᠢᠶ᠎ᠡ᠂ ᠰᠤᠷᠭᠠᠭᠤᠯᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ᠂ ᠰᠣᠷᠣᠭᠴᠢ ᠶᠢᠨ ᠰᠤᠷᠤᠯᠭ᠎ᠠ ᠶᠢᠨ ᠶᠠᠰᠤ ᠴᠢᠨᠠᠷ᠂ ᠶᠡᠷᠦᠩᠬᠡᠶᠢᠯᠡᠭᠰᠡᠨ ᠬᠡᠪ ᠴᠢᠨᠠᠷ ᠤᠨ ᠬᠥᠭᠵᠢᠯᠲᠡ ᠶᠢᠨ ᠬᠢᠷᠢ ᠬᠡᠮᠵᠢᠶ᠎ᠡ ᠵᠢᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠳᠥᠯᠭᠢᠨ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠶ᠋ᠯᠡ ᠠᠵᠢᠯᠯᠠᠭ᠎ᠠ ᠶᠢ ᠵᠢᠷᠤᠮᠵᠢᠭᠤᠯᠤᠨ᠂ ᠬᠡᠪ ᠴᠢᠨᠠᠷ ᠤᠨ ᠰᠤᠷᠭᠠᠨ ᠬᠥᠮᠦᠵᠢᠯ᠂ ᠰᠢᠯᠭᠠᠵᠤ ᠦᠨᠡᠯᠡᠬᠦ ᠲᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠤᠨ ᠮᠡᠳᠡᠷᠡᠮᠵᠢ ᠶᠢᠨ ᠬᠡᠮᠵᠢᠶ᠎ᠡ ᠵᠢᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠰᠢᠯᠭᠠᠯᠲᠠ ᠶᠢᠨ ᠬᠡᠯᠪᠡᠷᠢ ᠪᠠᠷ ᠰᠣᠷᠣᠭᠴᠢ ᠡᠯᠰᠡᠵᠦ ᠪᠣᠯᠬᠤ ᠥᠬᠡᠶ᠃ ᠰᠤᠷᠭᠠᠭᠤᠯᠢ ᠰᠣᠩᠭᠤᠬᠤ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠶᠠᠮᠠᠷᠪᠠ ᠰᠤᠷᠭᠠᠭᠤᠯᠢ ᠭᠡᠳ ᠲᠦᠷᠭᠡᠨ ᠤᠳᠠᠭᠠᠨ ᠤ ᠠᠩᠭᠢ ᠭᠠᠷᠭᠠᠵᠤ ᠪᠣᠯᠬᠤ ᠥᠬᠡᠶ᠂ ᠠᠮᠤᠷ ᠲᠦᠪᠰᠢᠨ ᠤ ᠠᠵᠢᠯ ᠢ ᠴᠢᠩᠭᠠᠳᠬᠠᠵᠤ᠂ ᠬᠦᠨᠳᠦ ᠶᠡᠭᠡ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠭᠠᠷᠬᠤ ᠶᠢ ᠲᠠᠰᠤ ᠵᠣᠭᠰᠣᠭᠠᠬᠤ ᠬᠡᠷᠡᠭᠲᠡᠶ᠃      ᠳᠥᠷᠪᠡ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ      ︵ᠨᠢᠭᠡ︶ ᠪᠠᠲᠤᠯᠠᠭ᠎ᠠ ᠶᠢ ᠴᠢᠩᠭᠠᠳᠬᠠᠵᠤ᠂ ᠰᠤᠷᠭᠠᠭᠤᠯᠢ ᠨᠢᠭᠡᠪᠦᠷᠢ ᠶᠢᠨ ᠰᠢᠯᠢᠳᠡᠭ ᠢ ᠡᠭᠦᠳᠬᠦ ᠠᠵᠢᠯ ᠢ ᠭᠡᠭᠡᠨ ᠰᠠᠷᠠᠭᠤᠯ ᠵᠠᠮ ᠳᠤ ᠶᠠᠪᠤᠭᠤᠯᠤᠨ᠎ᠠ      1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠰᠢᠶᠠᠨ ᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠰᠢᠶᠠᠨ ᠤ ᠵᠠᠰᠠᠭ ᠤᠨ ᠣᠷᠳᠣᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠰᠤᠷᠭᠠᠨ ᠬᠥᠮᠦᠵᠢᠯ ᠤᠨ ᠦᠶ᠋ᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠤᠯᠳᠠᠯᠭ᠎ᠠ ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠤᠷᠢᠳᠠᠪᠠᠷ ᠳᠣᠭᠢᠷᠠᠭᠤᠯᠬᠤ ᠶᠢ ᠦᠨᠡᠨ ᠬᠦ ᠪᠠᠲᠤᠯᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠰᠤᠷᠭᠠᠨ ᠬᠥᠮᠦᠵᠢᠯ ᠤᠨ ᠣᠷᠣᠭᠤᠯᠤᠯᠲᠠ ᠶᠢ ᠤᠷᠢᠳᠠᠪᠠᠷ ᠪᠠᠲᠤᠯᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠷᠭᠠᠨ ᠬᠥᠮᠦᠵᠢᠯ ᠤᠨ ᠬᠡᠷᠡᠭᠴᠡᠭᠡ ᠶᠢ ᠪᠠᠲᠤᠯᠠᠨ᠎ᠠ᠃      2. ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠶᠢ ᠪᠣᠶ ᠪᠣᠯᠭᠠᠨ᠎ᠠ᠃ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯᠳᠤᠭᠠᠨ ᠤ ᠲᠦᠷᠢᠮ ᠢ ᠪᠠᠶᠢᠭᠤᠯᠵᠤ᠂ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠣᠷᠣᠨ ᠲᠤᠭ᠎ᠠ ᠶᠢᠨ ᠠᠯᠪᠠᠨ ᠭᠡᠷ᠂ ᠤᠯᠤᠰ ᠤᠨ ᠨᠤᠲᠤᠭ ᠳᠡᠪᠢᠰᠬᠡᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠵᠦᠢᠯᠡᠰ ᠢ ᠲᠣᠬᠢᠷᠠᠭᠤᠯᠬᠤ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠵᠠᠷᠤᠳᠠᠯ ᠢ ᠰᠠᠯᠭᠠᠨ ᠥᠭᠬᠦ᠂ ᠣᠷᠣᠨ ᠲᠤᠭ᠎ᠠ ᠶᠢ ᠲᠣᠬᠢᠷᠠᠭᠤᠯᠬᠤ ᠵᠡᠷᠭᠡ ᠲᠠᠯ᠎ᠠ ᠪᠠᠷ ᠡᠩ ᠲᠡᠷᠢᠭᠦᠨ ᠳᠤ ᠪᠠ ᠭᠤᠣᠯᠳᠠᠯᠭ᠎ᠠ ᠲᠠᠢ ᠪᠠᠷ ᠳᠡᠮᠵᠢᠬᠦ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠪᠣᠯᠤᠨ ᠬᠠᠮᠢᠶ᠎ᠠ ᠪᠥᠬᠦᠶ ᠵᠠᠭᠤᠴᠢᠯᠠᠭᠤᠷ ᠤᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠶᠡᠬᠡᠪᠡᠷ ᠤᠬᠠᠭᠤᠯᠵᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠬᠦ ᠶᠢ ᠳᠡᠮᠵᠢᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠪᠠ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      3. ᠬᠢᠨᠠᠨ ᠵᠢᠯᠣᠭᠤᠳᠴᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠰᠢᠶᠠᠨ ᠤ ᠵᠠᠰᠠᠭ ᠤᠨ ᠣᠷᠳᠣᠨ ᠠᠴᠠ ᠪᠦᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠬᠦ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠡᠯ᠎ᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠳᠤᠮᠳᠠᠬᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠠᠵᠢᠯ ᠢ ᠵᠠᠰᠠᠭ ᠤᠨ ᠣᠷᠳᠣᠨ ᠤ ᠡᠯ᠎ᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠣᠨ ᠤ ᠦᠨᠡᠯᠡᠨ ᠵᠢᠱᠢᠵᠦ ᠰᠢᠯᠭᠠᠨ ᠬᠢᠨᠠᠬᠤ ᠶᠢ ᠬᠡᠷᠡᠭᠵᠢᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠵᠦ ᠮᠡᠳᠡᠭᠡᠯᠡᠬᠦ ᠲᠦᠷᠢᠮ ᠪᠠ ᠱᠠᠩᠨᠠᠵᠤ ᠲᠣᠷᠭᠠᠬᠤ ᠲᠦᠷᠢᠮ ᠢ ᠪᠠᠶᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠳᠥᠯᠭᠢᠨ ᠠᠬᠢᠭᠤᠯᠬᠤ ᠠᠵᠢᠯ ᠤᠨ ᠠᠮᠵᠢᠯᠲᠠ ᠪᠦᠲᠦᠮᠵᠢ ᠪᠠᠷ ᠲᠣᠪᠤᠶᠢᠮ᠎ᠠ ᠨᠢᠭᠡᠴᠡ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠨ᠎ᠠ︔ ᠠᠷᠭ᠎ᠠ ᠬᠡᠮᠵᠢᠶ᠎ᠡ ᠨᠢ ᠬᠦᠴᠦᠨ ᠥᠬᠡᠶ᠂ ᠠᠬᠢᠴᠠ ᠨᠢ ᠤᠳᠠᠭᠠᠨ ᠨᠢᠭᠡᠴᠡ ᠠᠴᠠ ᠬᠠᠮᠢᠶ᠎ᠠ ᠪᠥᠬᠦᠶ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃      4. ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠰᠢᠶᠠᠨ ᠤ ᠤᠳᠤᠷᠢᠳᠤᠯᠭ᠎ᠠ ᠶᠢᠨ ︽ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ︾ ᠢ ᠪᠠᠶᠢᠭᠤᠯᠵᠤ᠂ ᠰᠢᠶᠠᠨ ᠤ ᠤᠳᠤᠷᠢᠳᠤᠯᠭ᠎ᠠ ᠨᠢ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠲᠠᠢ ︽ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠵᠤ᠂ ᠡᠭᠦᠷᠭᠡ ᠶᠢ ᠱᠠᠳᠤ ᠱᠠᠳᠤ ᠪᠠᠷ ᠵᠠᠳᠠᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠭ ᠤᠨ ᠪᠦᠷᠢᠯᠳᠦᠬᠦᠨ ᠪᠠ ᠬᠤᠪᠢ ᠣᠷᠣᠭᠤᠯᠤᠭᠰᠠᠨ ᠲᠠᠰᠤᠭ ᠢ ᠲᠤᠬᠠᠶᠢᠯᠠᠭᠰᠠᠨ ᠠᠵᠢᠯ ᠢᠶᠠᠷ ᠨᠢ ᠬᠡᠰᠡᠭ ᠬᠤᠪᠢᠶᠠᠨ ᠳᠠᠭᠠᠭᠠᠴᠢᠯᠠᠭᠤᠯᠤᠨ᠎ᠠ᠃ ᠵᠠᠰᠠᠭ ᠤᠨ ᠣᠷᠳᠣᠨ ᠤ ᠰᠢᠮᠳᠠᠭᠤᠯᠤᠨ ᠭᠦᠢᠴᠡᠳᠭᠡᠬᠦ ᠶᠢᠨ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠠᠵᠢᠯ ᠢ ᠠᠬᠢᠭᠤᠯᠤᠭᠰᠠᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠰᠤᠷᠭᠠᠨ ᠬᠥᠮᠦᠵᠢᠯ ᠢᠶᠠᠷ ᠲᠦᠷᠦᠭᠦᠯᠡᠭᠦᠯᠦᠭᠰᠡᠨ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠭᠰᠡᠨ᠂ ᠨᠡᠶᠢᠭᠡᠮ ᠤᠨ ᠳᠡᠮᠵᠢᠯᠭᠡ ᠶᠢᠨ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃      ︵ᠬᠤᠶᠠᠷ︶ ᠣᠷᠣᠭᠤᠯᠤᠯᠲᠠ ᠪᠠᠨ ᠨᠡᠮᠡᠭᠳᠡᠭᠦᠯᠦᠨ᠂ ᠰᠤᠷᠭᠠᠭᠤᠯᠢ ᠨᠢᠭᠡᠪᠦᠷᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠴᠥᠮ ᠤᠯᠤᠰ ᠤᠨ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠶ      1. ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠵᠠᠷᠤᠳᠠᠯ ᠤᠨ ︽ᠬᠤᠶᠠᠷ ᠢ ᠨᠡᠮᠡᠭᠳᠡᠭᠦᠯᠬᠦ ᠠᠴᠠ ᠪᠢᠰᠢ ᠬᠠᠰᠤᠬᠤ ᠦᠭᠡᠢ︾ ᠪᠠᠶᠢᠬᠤ ᠪᠠ ᠰᠢᠨ᠎ᠡ ᠪᠠᠷ ᠨᠡᠮᠡᠭᠳᠡᠭᠰᠡᠨ ᠰᠤᠷᠭᠠᠨ ᠬᠥᠮᠦᠵᠢᠯ ᠤᠨ ᠵᠠᠷᠤᠳᠠᠯ ᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠳᠤ ᠬᠡᠷᠡᠭᠯᠡᠬᠦ ᠲᠣᠭᠲᠠᠭᠠᠯ ᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠵᠤ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ ᠳᠠᠬᠢ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠵᠠᠷᠤᠯᠭ᠎ᠠ ᠶᠢᠨ ᠡᠵᠡᠯᠡᠬᠦ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠵᠠᠷᠤᠯᠭ᠎ᠠ ᠶᠢᠨ ᠬᠤᠪᠢ ᠶᠢᠨ ᠵᠢᠩ ᠢ ᠳᠡᠭᠡᠭᠰᠢᠯᠡᠭᠦᠯᠵᠦ᠂ ᠲᠥᠰᠦᠪ ᠤᠨ ᠳᠣᠲᠣᠷᠠᠬᠢ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡᠬᠠᠤᠯᠢ ᠶᠣᠰᠣᠭᠠᠷ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠶᠢ ᠲᠠᠲᠠᠪᠤᠷᠢᠯᠠᠬᠤ ᠳᠤ ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠶᠢᠨ ᠶᠡᠷᠦᠩᠬᠡᠶ ᠲᠣᠭᠠᠨ ᠤ 2% ᠢᠶᠠᠷ ᠰᠤᠷᠭᠠᠨ ᠬᠥᠮᠦᠵᠢᠯ ᠤᠨ ᠪᠠᠯᠠ ᠮᠥᠩᠭᠦ ᠶᠢ ᠪᠤᠳᠤᠵᠤ ᠠᠪᠤᠨ᠎ᠠ᠃ ᠳᠡᠭᠡᠳᠦ ᠱᠠᠲᠤᠨ ᠠᠴᠠ ᠪᠠᠭᠤᠯᠭᠠᠭᠰᠠᠨ ᠰᠤᠷᠭᠠᠨ ᠬᠥᠮᠦᠵᠢᠯ ᠤᠨ ᠵᠠᠷᠤᠳᠠᠯ ᠢ ᠰᠤᠷᠭᠠᠨ ᠬᠥᠮᠦᠵᠢᠯ ᠤᠨ ᠦᠢᠯᠡᠰ ᠲᠤ ᠭᠦᠢᠴᠡᠳ ᠲᠤᠭ᠎ᠠ ᠪᠠᠷ ᠬᠡᠷᠡᠭᠯᠡᠵᠦ᠂ ᠰᠢᠶᠠᠨ ᠤ ᠡᠳ᠋ ᠤᠨ ᠵᠠᠰᠠᠭ ᠠᠴᠠ ᠢᠵᠢ ᠪᠦᠷᠢᠳᠦᠭᠦᠯᠬᠦ ᠶᠣᠰᠣᠲᠠᠶ ᠰᠤᠷᠭᠠᠨ ᠬᠥᠮᠦᠵᠢᠯ ᠤᠨ ᠵᠠᠷᠤᠳᠠᠯ ᠢ ᠭᠦᠢᠴᠡᠳ ᠲᠤᠭ᠎ᠠ ᠪᠠᠷ ᠰᠠᠯᠭᠠᠨ ᠥᠭᠭᠦᠨ᠎ᠡ᠃ ᠬᠡᠷᠡᠭᠵᠢᠭᠦᠯᠬᠦ ᠶᠠᠪᠤᠴᠠ ᠳᠠᠭᠠᠨ ᠰᠤᠷᠭᠠᠨ ᠬᠥᠮᠦᠵᠢᠯ ᠤᠨ ᠪᠡᠯᠡ ᠮᠥᠩᠭᠦ ᠶᠢ ᠬᠥᠳᠡᠭᠡ ᠲᠣᠰᠬᠤᠨ ᠲᠡᠰᠢ ᠬᠡᠯᠪᠠᠶᠢᠯᠭᠡᠬᠦ᠂ ᠪᠠᠭᠤᠷᠠᠶ ᠰᠤᠷᠭᠠᠭᠤᠯᠢ ᠲᠡᠰᠢ ᠬᠡᠯᠪᠠᠶᠢᠯᠭᠡᠬᠦ᠂ ᠪᠠᠷᠢᠮᠵᠢᠶᠠᠵᠢᠭᠤᠯᠬᠤ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠵᠦ ᠪᠠᠶᠢᠭ᠎ᠠ ᠰᠤᠷᠭᠠᠭᠤᠯᠢ ᠲᠡᠰᠢ ᠬᠡᠯᠪᠠᠶᠢᠯᠭᠡᠬᠦ ᠶᠢ ᠴᠢᠬᠤᠯᠠᠴᠢᠯᠠᠨ᠎ᠠ᠃ ᠰᠤᠷᠭᠠᠭᠤᠯᠢ ᠶᠢᠨ ᠵᠠᠷᠤᠳᠠᠯ ᠤᠨ ᠬᠡᠷᠡᠭᠯᠡᠯᠲᠡ ᠶᠢᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃      2. ᠰᠢᠨ᠎ᠡ ᠪᠠᠷ ᠪᠠᠶᠢᠭᠤᠯᠬᠤ ᠥᠭᠡᠷᠡᠴᠢᠯᠡᠨ ᠪᠠᠶᠢᠭᠤᠯᠬᠤ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠴᠡᠯ ᠪᠠᠷᠤᠭᠲᠠᠶ ᠰᠤᠷᠭᠠᠭᠤᠯᠢ ᠶᠢ ᠥᠭᠡᠷᠡᠴᠢᠯᠡᠬᠦ ᠲᠥᠯᠥᠪᠯᠡᠭᠡ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠶᠤᠯᠭᠦᠶ ᠶᠢᠨ ᠢᠨᠵᠧᠨᠧᠷᠢᠩ ᠵᠡᠷᠭᠡ ᠰᠤᠷᠭᠠᠨ ᠬᠥᠮᠦᠵᠢᠯ ᠤᠨ ᠴᠢᠬᠤᠯᠠ ᠶᠡᠭᠡ ᠵᠦᠢᠯᠡᠰ ᠢ ᠬᠢᠨᠠᠮᠠᠭᠠᠶ ᠰᠠᠶᠢᠲᠤᠷ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠠᠬᠢᠴᠠ ᠶᠢ ᠲᠦᠷᠭᠡᠳᠬᠡᠨ᠂ ᠢᠨᠵᠧᠨᠧᠷᠢᠩ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠢᠨᠵᠧᠨᠧᠷᠢᠩ ᠤᠨ ᠶᠠᠰᠤ ᠴᠢᠨᠠᠷ ᠢ ᠦᠨᠡᠨ ᠬᠦ ᠪᠠᠲᠤᠯᠠᠨ᠎ᠠ᠃      3. ᠡᠯ᠎ᠡ ᠲᠥᠷᠥᠯ ᠤᠨ ᠵᠢᠭᠠᠨ ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ︽ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠷᠭ᠎ᠠ︾ ᠳᠠᠬᠢ ᠦᠨᠡᠯᠡᠨ ᠵᠢᠱᠢᠬᠦ  ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ᠂ ᠲᠤᠷᠰᠢᠯᠲᠠ ᠶᠢᠨ ᠲᠠᠰᠤᠭ ᠵᠢᠴᠢ ᠴᠢᠳᠠᠮᠵᠢᠳᠤ ᠲᠠᠯᠠᠪᠤᠷ ᠬᠡᠷ᠂ ᠡᠩ ᠤᠨ ᠵᠢᠭᠠᠨ ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ ᠪᠡᠯᠡᠳᠬᠡᠮᠵᠢ᠂ ᠲᠠᠭᠤ ᠪᠡᠶ᠎ᠡ ᠲᠠᠮᠢᠷ ᠭᠤᠸ᠎ᠠ ᠰᠠᠶᠢᠬᠠᠨ ᠤ ᠪᠠᠭᠠᠵᠢ ᠬᠡᠷᠡᠭᠰᠡᠯ᠂ ᠨᠣᠮ ᠤᠨ ᠰᠠᠩ ︵ᠲᠠᠰᠤᠭ︶ ᠵᠡᠷᠭᠡ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠢᠭᠠᠨ ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ᠂ ᠨᠣᠮ ᠪᠢᠴᠢᠭ᠂ ᠪᠡᠶ᠎ᠡ ᠶᠢᠨ ᠲᠠᠮᠢᠷ ᠤᠨ ᠲᠠᠯᠠᠪᠤᠷ ᠵᠡᠷᠭᠡ ᠶᠢ ᠴᠢᠨᠠᠷ ᠰᠠᠶᠢᠲᠠᠶ ᠲᠡᠩᠴᠡᠭᠦᠷᠢᠲᠡᠶ ᠦᠨᠡᠯᠡᠨ ᠵᠢᠱᠢᠬᠦ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃      4. ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠢᠩ ᠾᠧ ᠰᠢᠶᠠᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠡᠭᠦᠯᠡᠨ ᠬᠡᠷᠡᠭᠯᠡᠭᠡᠨ ᠤ ᠲᠠᠪᠴᠠᠩ ᠤᠨ ᠰᠢᠰᠲ᠋ᠧᠮ᠂ ᠰᠤᠷᠭᠠᠭᠤᠯᠢ ᠶᠢᠨ ︽ᠰᠤᠷᠭᠠᠨ ᠬᠥᠮᠦᠵᠢᠯ ᠤᠨ ᠡᠭᠦᠯᠡᠨ︾ ᠵᠢᠴᠢ ᠤᠶᠤᠨᠲᠤ ᠡᠭᠦᠯᠡᠨ ᠬᠢᠴᠢᠶᠡᠯ ᠤᠨ ᠲᠠᠩᠬᠢᠮ ᠤᠨ ᠲᠥᠷᠥᠯ ᠵᠦᠢᠯ᠂ ᠰᠤᠷᠭᠠᠭᠤᠯᠢ ᠶᠢᠨ ᠰᠦᠯᠵᠢᠶᠡᠨ ᠤ ᠥᠭᠡᠷᠡᠴᠢᠯᠡᠯᠲᠡ ᠶᠢᠨ ᠲᠥᠷᠥᠯ ᠵᠦᠢᠯ᠂ ᠰᠦᠯᠵᠢᠶᠡᠨ ᠳᠡᠭᠡᠷᠡᠬᠢ ᠬᠢᠴᠢᠶᠡᠯ ᠤᠨ ᠲᠠᠩᠬᠢᠮ ᠵᠡᠷᠭᠡ ᠶᠢ ᠪᠠᠶᠢᠭᠤᠯᠵᠤ᠂ ᠥᠷᠭᠡᠨ ᠪᠦᠰᠡᠲᠦ ᠰᠦᠯᠵᠢᠶ᠎ᠡ ᠶᠢ ︽ᠰᠤᠷᠭᠠᠭᠤᠯᠢ ᠪᠦᠬᠦᠨ ᠳᠤ ᠨᠡᠪᠲᠡᠷᠡᠭᠦᠯᠬᠦ︾᠂ ᠴᠢᠨᠠᠷ ᠰᠠᠶᠢᠲᠠᠶ ᠡᠬᠢ ᠪᠠᠶᠠᠯᠢᠭ ᠢ ︽ᠠᠩᠭᠢ ᠠᠩᠭᠢ ᠳᠤ ᠨᠡᠪᠲᠡᠷᠡᠭᠦᠯᠬᠦ ︾᠂ ᠰᠤᠷᠤᠯᠴᠠᠬᠤ ᠣᠷᠣᠨ ᠵᠠᠶ ᠶᠢ ︽ᠬᠥᠮᠦᠨ ᠪᠦᠬᠦᠨ ᠳᠤ ᠨᠡᠪᠲᠡᠷᠡᠭᠦᠯᠬᠦ︾ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠲᠦᠷᠦᠯ ᠵᠦᠢᠯ ᠢᠶᠠᠷ ᠪᠦᠷᠢᠨ᠂ ᠠᠭᠤᠯᠭ᠎ᠠ ᠪᠠᠷ ᠪᠠᠶᠠᠯᠢᠭ ᠰᠢᠨᠵᠢᠯᠡᠭᠡᠨ ᠤ ᠰᠠᠯᠠᠭ᠎ᠠ ᠶᠢᠨ ᠬᠢᠴᠢᠶᠡᠯ ᠤᠨ ᠡᠬᠢ ᠪᠠᠶᠠᠯᠢᠭ ᠪᠠ ᠰᠤᠷᠤᠯᠴᠠᠯᠭ᠎ᠠ ᠶᠢᠨ ᠡᠬᠢ ᠪᠠᠶᠠᠯᠢᠭ ᠤᠨ ᠬᠥᠮᠥᠷᠭᠡ᠂ ᠰᠤᠷᠤᠭᠴᠢᠳ ᠤᠨ ᠰᠦᠯᠵᠢᠶᠡᠨ ᠤ ᠰᠤᠷᠤᠯᠴᠠᠯᠭ᠎ᠠ ᠶᠢᠨ ᠲᠠᠪᠴᠠᠩ ᠪᠠ ᠬᠡᠶᠢᠰᠪᠦᠷᠢ ᠲᠤᠷᠰᠢᠯᠲᠠ ᠶᠢᠨ ᠲᠠᠪᠴᠠᠩ᠂ ᠪᠠᠭᠰᠢ ᠶᠢᠨ ᠬᠠᠮᠢᠶᠠᠷᠤᠯᠲᠠ ᠪᠠ ᠲᠤᠰᠬᠠᠶ ᠮᠡᠷᠭᠡᠵᠢᠯ ᠤᠨ ᠬᠥᠭᠵᠢᠯᠲᠡ ᠶᠢᠨ ᠲᠠᠪᠴᠠᠩ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠠᠯᠬᠤᠮ ᠠᠯᠬᠤᠮ ᠢᠶᠠᠷ ᠪᠠᠶᠢᠭᠤᠯᠵᠤ᠂ ᠮᠠᠨ ᠤ ᠰᠢᠶᠠᠨ ᠤ ᠰᠤᠷᠭᠠᠭᠤᠯᠢ ᠶᠢᠨ ᠰᠤᠷᠤᠭᠴᠢᠳ ᠢ ᠰᠤᠷᠭᠠᠭᠤᠯᠢ ᠶᠢᠨ ᠬᠦᠷᠢᠶᠡᠨ ᠠᠴᠠ ᠭᠠᠷᠭᠠᠬᠤ ᠦᠭᠡᠢ ᠪᠣᠯᠭᠠᠬᠤ ᠳᠤ ᠴᠥᠮ ᠰᠢᠯᠢᠳᠡᠭ ᠪᠥᠭᠡᠳ ᠲᠡᠩᠴᠡᠭᠦᠷᠢᠲᠡᠶ ᠰᠦᠯᠵᠢᠶᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠡᠳ᠋ᠯᠡᠭᠦᠯᠦᠨ᠎ᠡ᠃      ︵ᠭᠤᠷᠪᠠ︶ ᠡᠩᠨᠡᠭᠡ ᠶᠢ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡ ᠶᠢᠨ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ      1. ᠪᠠᠭᠰᠢ ᠶᠢᠨ ᠡᠩᠨᠡᠭᠡ ᠶᠢᠨ ᠪᠠᠲᠤᠯᠠᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠵᠢᠪᠦᠬᠦ ᠰᠢᠶᠠᠨ ᠤ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ ᠶᠢᠨ ᠪᠠᠶᠢᠳᠠᠯ ᠢ ᠦᠨᠳᠦᠰᠦᠯᠡᠨ᠂ ᠨᠢᠭᠡ ᠪᠦᠯᠦᠭ ᠪᠠᠭᠰᠢ᠂ ᠢᠯᠠᠩᠭᠤᠶ᠎ᠠ ᠪᠡᠶ᠎ᠡ ᠶᠢᠨ ᠲᠠᠮᠢᠷ᠂ ᠳᠠᠭᠤᠤ᠂ ᠭᠤᠸ᠎ᠠ ᠰᠠᠶᠢᠬᠠᠨ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠪᠠᠭᠤᠷᠠᠶ ᠰᠢᠨᠵᠢᠯᠡᠭᠡᠨ ᠤ ᠰᠠᠯᠠᠭ᠎ᠠ ᠶᠢᠨ ᠪᠠᠭᠰᠢ ᠶᠢ ᠤᠷᠢᠨ ᠬᠡᠷᠡᠭᠯᠡᠵᠦ᠂ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢ ᠲᠡᠭᠦᠯᠳᠡᠷᠵᠢᠭᠦᠯᠵᠦ᠂ ᠡᠩᠨᠡᠭᠡᠨ ᠤ ᠨᠠᠰᠤᠵᠢᠯᠲᠠ ᠪᠠ ᠰᠢᠨᠵᠢᠯᠡᠭᠡᠨ ᠤ ᠰᠠᠯᠠᠭ᠎ᠠ ᠶᠢᠨ ᠪᠦᠲᠦᠴᠡ ᠶᠢᠨ ᠴᠢᠨᠠᠷᠲᠠᠶ ᠪᠠᠷ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠢ ᠰᠢᠶ᠋ᠳᠪᠦᠷᠢᠯᠡᠨ᠎ᠡ᠃      2. ᠰᠤᠷᠭᠠᠭᠤᠯᠢ ᠶᠢᠨ ᠵᠠᠬᠢᠷᠤᠯ ᠪᠠᠭᠰᠢ ᠶᠢᠨ ᠰᠣᠯᠢᠯᠴᠠᠭᠠᠨ ᠤ ᠬᠡᠪ ᠤᠨ ᠲᠣᠭᠲᠠᠴᠠ ᠶᠢ ᠪᠠᠶᠢᠭᠤᠯᠤᠨ᠎ᠠ᠃ ᠰᠤᠷᠭᠠᠭᠤᠯᠢ ᠶᠢᠨ ᠬᠠᠷᠢᠶ᠎ᠠ ᠦᠭᠡᠶ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠰᠣᠯᠢᠯᠴᠠᠭ᠎ᠠ ᠶᠢ ᠠᠬᠢᠭᠤᠯᠵᠤ᠂ ᠬᠠᠷᠢᠴᠠᠯ ᠨᠢ ᠰᠣᠯᠢᠯᠴᠠᠭ᠎ᠠ ᠳᠤ ᠨᠡᠶᠢᠴᠡᠬᠦ ᠬᠥᠮᠦᠨ ᠤ ᠲᠤᠭ᠎ᠠ ᠶᠢᠨ 10% ᠠᠴᠠ ᠳᠣᠤᠷ᠎ᠠ ᠪᠠᠶᠢᠵᠤ ᠪᠣᠯᠬᠤ ᠥᠬᠡᠶ᠂ ᠡᠭᠦᠨ ᠳᠤ ᠭᠤᠤᠯᠯᠠᠭᠴᠢ ᠪᠠᠭᠰᠢ ︵ᠰᠤᠷᠭᠠᠨ ᠬᠥᠮᠦᠵᠢᠯ ᠤᠨ ᠲᠠᠪᠴᠠᠩ ᠤᠨ ᠰᠢᠨ᠎ᠡ ᠣᠳᠣᠨ᠂ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ᠂ ᠨᠠᠷᠠᠲᠤ ᠪᠠᠭᠰᠢ ᠵᠡᠷᠭᠡ ᠪᠠᠭᠲᠠᠨ᠎ᠠ ︶ ᠶᠢᠨ ᠰᠣᠯᠢᠯᠴᠠᠭ᠎ᠠ ᠶᠢᠨ ᠬᠠᠷᠢᠴᠠᠯ ᠨᠢ ᠲᠤᠬᠠᠶ ᠶᠢᠨ ᠵᠢᠯ ᠤᠨ ᠰᠣᠯᠢᠯᠴᠠᠭ᠎ᠠ ᠳᠤ ᠣᠷᠣᠯᠴᠠᠬᠤ ᠪᠠᠭᠰᠢ ᠶᠢᠨ ᠲᠤᠭ᠎ᠠ ᠶᠢᠨ 20% ᠠᠴᠠ ᠳᠣᠤᠷ᠎ᠠ ᠪᠠᠶᠢᠵᠤ ᠪᠣᠯᠬᠤ ᠥᠬᠡᠶ᠂ ᠰᠤᠷᠭᠠᠭᠤᠯᠢ ᠶᠢᠨ ᠵᠠᠬᠢᠷᠤᠯ ᠤᠨ ᠬᠤᠭᠤᠴᠠᠭ᠎ᠠ ᠶᠢᠨ ᠲᠦᠷᠢᠮ ᠪᠠ ᠠᠵᠢᠯ ᠤᠨ ᠪᠠᠶᠢᠷᠢ ᠡᠭᠡᠯᠵᠢᠯᠡᠬᠦ ᠲᠦᠷᠢᠮ ᠢ ᠬᠡᠷᠡᠭᠵᠢᠭᠦᠯᠵᠦ᠂ ᠰᠢᠯᠢᠳᠡᠭ ᠰᠤᠷᠭᠠᠭᠤᠯᠢ ᠶᠢᠨ ᠵᠠᠬᠢᠷᠤᠯ ᠪᠠ ᠳᠤᠮᠳᠠ ᠳᠠᠪᠬᠤᠷᠭ᠎ᠠ ᠶᠢᠨ ᠬᠠᠮᠢᠶᠠᠷᠤᠯᠲᠠ ᠶᠢᠨ ᠠᠵᠢᠯᠲᠠᠨ ᠪᠠᠭᠤᠷᠠᠶ ᠰᠤᠷᠭᠠᠭᠤᠯᠢ ᠳᠤ ᠣᠴᠢᠵᠤ ᠰᠣᠯᠢᠯᠴᠠᠨ ᠲᠤᠰᠢᠶᠠᠯ ᠬᠠᠷᠢᠭᠤᠴᠠᠬᠤ ᠠᠷᠭ᠎ᠠ ᠶᠢ ᠬᠡᠷᠡᠭᠵᠢᠭᠦᠯᠦᠨ᠎ᠡ᠃ ᠬᠤᠳᠠ ᠶᠢᠨ ᠳᠣᠲᠣᠷᠠᠬᠢ ᠰᠤᠷᠭᠠᠭᠤᠯᠢ ᠶᠢᠨ ᠪᠠᠭᠰᠢ ᠶᠢᠨ ᠬᠥᠳᠡᠭᠡ ᠲᠣᠰᠬᠤᠨ ᠤ ᠰᠤᠷᠭᠠᠭᠤᠯᠢ ᠳᠤ ᠣᠴᠢᠵᠤ ᠪᠠᠭᠰᠢᠯᠠᠬᠤ ᠦᠢᠯᠡᠴᠢᠯᠡᠭᠡᠨ ᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠪᠠᠭᠰᠢ ᠶᠢᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠰᠣᠯᠢᠯᠴᠠᠬᠤ᠂ ᠠᠵᠢᠯ ᠤᠨ ᠪᠠᠶᠢᠷᠢ ᠲᠠᠭᠠᠨ ᠰᠤᠷᠤᠯᠴᠠᠬᠤ ᠲᠦᠷᠢᠮ ᠢ ᠬᠡᠷᠡᠭᠵᠢᠭᠦᠯᠵᠦ᠂ ᠬᠤᠳᠠ ᠬᠥᠳᠡᠭᠡ ᠶᠢᠨ ᠰᠤᠷᠭᠠᠭᠤᠯᠢ ᠭᠠᠷ ᠬᠤᠯᠪᠣᠯᠴᠠᠬᠤ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠪᠠᠭᠰᠢ ᠶᠢ ᠬᠠᠪᠰᠤᠷᠤᠨ ᠲᠡᠳᠬᠦᠬᠦ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠥᠳᠡᠭᠡ ᠲᠣᠰᠬᠤᠨ ᠤ ᠪᠠᠭᠰᠢ ᠶᠢᠨ ᠡᠩᠨᠡᠭᠡᠨ ᠤ ᠬᠡᠪ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃      3. ᠪᠠᠭᠰᠢ ᠶᠢ ᠬᠥᠮᠦᠵᠢᠭᠦᠯᠬᠦ ᠠᠵᠢᠯ ᠢ ᠴᠢᠩᠭᠠᠳᠬᠠᠨ᠎ᠠ᠃ ︽ᠤᠯᠤᠰ ᠠᠴᠠ ᠬᠥᠮᠦᠵᠢᠭᠦᠯᠬᠦ ᠲᠥᠯᠥᠪᠯᠡᠭᠡ︾ ᠂ ︽ᠮᠤᠵᠢ ᠠᠴᠠ ᠬᠥᠮᠦᠵᠢᠭᠦᠯᠬᠦ ᠲᠥᠯᠥᠪᠯᠡᠭᠡ︾ ᠵᠡᠷᠭᠡ ᠪᠣᠯᠪᠠᠰᠤᠷᠠᠭᠤᠯᠬᠤ ᠡᠭᠦᠷᠭᠡ ᠶᠢ ᠰᠠᠶᠢᠲᠤᠷ ᠵᠣᠬᠢᠶᠠᠨ ᠪᠠᠶᠢᠭᠤᠯᠬᠤ ᠶᠢᠨ ᠬᠠᠮᠲᠤ ᠰᠠᠶᠢᠲᠤᠷ ᠬᠡᠷᠡᠭᠵᠢᠭᠦᠯᠵᠦ᠂ ᠲᠥᠪᠯᠡᠷᠡᠭᠦᠯᠦᠨ ᠪᠣᠯᠪᠠᠰᠤᠷᠠᠭᠤᠯᠬᠤ᠂ ᠠᠯᠤᠰ ᠠᠴᠠ ᠪᠣᠯᠪᠠᠰᠤᠷᠠᠭᠤᠯᠬᠤ᠂ ᠠᠵᠢᠯ ᠤᠨ ᠪᠠᠶᠢᠷᠢ ᠣᠷᠣᠯᠠᠨ ᠰᠣᠯᠢᠵᠤ ᠰᠤᠳᠤᠯᠤᠨ ᠰᠤᠷᠤᠯᠴᠠᠬᠤ ᠵᠡᠷᠭᠡ ᠤᠯᠠᠨ ᠵᠦᠢᠯ ᠤᠨ ᠬᠡᠯᠪᠡᠷᠢ ᠶᠢ ᠠᠪᠴᠤ᠂ ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ᠮᠡᠳᠡᠭᠡ ᠵᠠᠩᠭᠢ ᠶᠢᠨ ᠮᠡᠷᠭᠡᠵᠢᠯ᠂ ᠳᠠᠭᠤᠤ ᠬᠥᠭᠵᠢᠮ᠂ ᠤᠷᠠᠨ ᠵᠢᠷᠤᠭ᠂ ᠪᠡᠶ᠎ᠡ ᠶᠢᠨ ᠲᠠᠮᠢᠷ ᠵᠡᠷᠭᠡ ᠪᠠᠭᠤᠷᠠᠶ ᠰᠢᠨᠵᠢᠯᠡᠭᠡᠨ ᠤ ᠰᠠᠯᠠᠭ᠎ᠠ ᠶᠢᠨ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠴᠢᠩᠭᠠᠳᠬᠠᠨ᠎ᠠ᠃      4.ᠠᠮᠵᠢᠯᠲᠠ ᠪᠦᠲᠦᠮᠵᠢ ᠶᠢᠨ ᠴᠠᠯᠢᠩ ᠤᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠭᠰᠢ ᠶᠢᠨ ᠣᠯᠭᠤᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠯᠭᠠᠨ ᠬᠢᠨᠠᠬᠤ ᠠᠷᠭ᠎ᠠ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠠᠵᠢᠯ ᠤᠨ ᠢᠳᠡᠪᠬᠢᠵᠢᠯ ᠢ  ᠭᠦᠢᠴᠡᠳ ᠳᠠᠶᠢᠴᠢᠯᠠᠨ᠎ᠠ᠃      ︵ᠳᠥᠷᠪᠡ︶ ᠰᠢᠨ᠎ᠡ ᠬᠠᠭᠤᠴᠢᠨ ᠬᠤᠲᠠ ᠶᠢᠨ ᠵᠥᠷᠢᠶ᠎ᠡ ᠶᠢ ᠪᠠᠭᠠᠰᠬᠠᠵᠤ᠂ ᠬᠠᠭᠤᠴᠢᠨ ᠬᠤᠲᠠ ᠶᠢᠨ ᠲᠣᠭᠤᠷᠢᠭ ᠤᠨ ᠬᠡᠤᠬᠡᠳ ᠲᠤ ᠠᠳᠠᠯᠢᠬᠠᠨ ᠡᠷᠬᠡ ᠲᠡᠭᠰᠢ ᠰᠤᠷᠭᠠᠨ ᠬᠥᠮᠦᠵᠢᠯ ᠬᠦᠷᠲᠡᠭᠡᠨ᠎ᠡ      1. ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠠᠳᠬᠤᠨ᠎ᠠ᠃ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠳᠠᠭᠠᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠶᠢ ᠡᠩ ᠲᠡᠷᠢᠭᠦᠨ ᠳᠤ ᠬᠠᠩᠭᠠᠵᠤ᠂ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠲᠠᠢ ᠵᠣᠬᠢᠴᠠᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠣᠷᠣᠨ ᠵᠠᠶ ᠲᠠᠢ ᠪᠠᠶᠢᠬᠤ ᠶᠢ ᠪᠠᠲᠤᠯᠠᠨ᠎ᠠ᠃ ᠬᠤᠳᠠ ᠬᠥᠳᠡᠭᠡ ᠶᠢᠨ ᠬᠥᠮᠦᠨ ᠠᠮᠠ ᠶᠢᠨ ᠬᠤᠪᠢᠷᠠᠯᠲᠠ ᠪᠠ ᠰᠤᠷᠤᠬᠴᠢ ᠶᠢᠨ ᠢᠷᠡᠯᠳᠡ ᠶᠢᠨ ᠰᠢᠯᠵᠢᠯᠲᠡ ᠶᠢᠨ ᠪᠠᠶᠢᠳᠠᠯ ᠢ ᠰᠢᠨᠵᠢᠯᠡᠬᠦᠣᠷᠣᠨ ᠪᠦᠰᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠰᠤᠷᠤᠭᠴᠢᠳ ᠤᠨ ᠬᠡᠷ ᠣᠶᠢᠷᠠᠯᠴᠠᠭ᠎ᠠ ᠰᠤᠷᠭᠠᠭᠤᠯᠢ ᠳ᠋ᠤᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠪᠠ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠢᠨᠠᠮᠠᠭᠠᠶ ᠲᠣᠭᠲᠠᠭᠠᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠦᠢᠯᠡᠰ ᠤᠨ ᠲᠡᠩᠴᠡᠭᠦᠷᠢᠲᠡᠶ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃      2. ᠰᠤᠷᠭᠠᠭᠤᠯᠢ ᠶᠢᠨ ᠪᠠᠶᠢᠷᠢᠰᠢᠯ ᠤᠨ ᠲᠣᠬᠢᠷᠠᠭᠤᠯᠤᠯᠲᠠ ᠶᠢ ᠠᠳᠬᠤᠨ᠎ᠠ᠃ ᠦᠨᠡᠨ ᠠᠴᠠ ᠵᠥᠪ ᠢ ᠡᠷᠢᠬᠦ᠂ ᠪᠣᠯᠭᠤᠮᠵᠢᠲᠠᠶ ᠯᠠᠪᠳᠠᠭᠤᠨ ᠪᠠᠶᠢᠬᠤ ᠵᠠᠷᠴᠢᠮ ᠢᠶᠠᠷ ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢᠰᠢᠯ ᠢ ᠲᠣᠬᠢᠷᠠᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃      3. ᠪᠠᠭᠤᠷᠠᠶ ᠰᠤᠷᠭᠠᠭᠤᠯᠢ ᠶᠢ ᠥᠭᠡᠷᠡᠴᠢᠯᠡᠬᠦ ᠶᠢ ᠠᠳᠬᠤᠬᠤ ᠬᠡᠷᠡᠭᠲᠡᠶ᠃ ᠨᠢᠭᠡ ᠳᠤ ᠪᠥᠬᠦ ᠰᠢᠶᠠᠨ ᠤ ᠵᠠᠷᠤᠳᠠᠯ᠂ ᠪᠠᠭᠰᠢ᠂ ᠲᠣᠨᠤᠭ ᠲᠥᠬᠦᠭᠡᠷᠦᠮᠵᠢ ᠵᠡᠷᠭᠡ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠭᠤᠤᠯᠳᠠᠯᠭ᠎ᠠ ᠶᠢ ᠪᠠᠭᠤᠷᠠᠶ ᠰᠤᠷᠭᠠᠭᠤᠯᠢ ᠳᠠᠰᠢ ᠬᠡᠯᠪᠠᠶᠢᠯᠭᠡᠵᠦ᠂ ᠪᠠᠭᠤᠷᠠᠶ ᠰᠤᠷᠭᠠᠭᠤᠯᠢ ᠶᠢᠨ ᠬᠠᠮᠢᠶᠠᠷᠤᠯᠲᠠ ᠰᠤᠯᠠ᠂ ᠪᠠᠭ ᠪᠠᠭᠤᠷᠠᠶ᠂ ᠨᠥᠬᠦᠴᠡᠯ ᠪᠠᠷᠤᠭᠲᠠᠶ᠂ ᠲᠣᠨᠤᠭ ᠲᠥᠬᠦᠭᠡᠷᠦᠮᠵᠢ ᠴᠥᠭᠡᠨ᠂ ᠶᠠᠰᠤ ᠴᠢᠨᠠᠷ ᠳᠣᠤᠷ᠎ᠠ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠬᠤᠶᠠᠷ ᠲᠤ ᠰᠤᠷᠭᠠᠭᠤᠯᠢ ᠶᠢᠨ ᠬᠤᠯᠪᠣᠭ᠎ᠠ ᠪᠠᠶᠢᠭᠤᠯᠵᠤ᠂ ᠬᠤᠣᠰᠯᠠᠯ ᠪᠠᠶᠢᠭᠤᠯᠤᠨ ᠬᠠᠪᠰᠤᠷᠴᠤ ᠂ ᠬᠦᠴᠦᠷᠬᠡᠭ ᠢᠶᠠᠷ ᠪᠠᠭᠤᠷᠠᠶ ᠶᠢ ᠳᠠᠶᠢᠴᠢᠯᠠᠨ᠎ᠠ᠄ ᠬᠤᠳᠠ ᠪᠠᠯᠭᠠᠰᠤᠨ ᠤ ᠰᠤᠷᠭᠠᠭᠤᠯᠢ ᠠᠴᠠ ᠬᠥᠳᠡᠭᠡ ᠲᠣᠰᠬᠤᠨ ᠤ ᠪᠠᠭᠤᠷᠠᠶ ᠰᠤᠷᠭᠠᠭᠤᠯᠢ ᠶᠢ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠵᠦ᠂ ᠨᠥᠬᠦᠴᠡᠯ᠂ ᠪᠠᠭᠰᠢ᠂ ᠵᠢᠭᠠᠨ ᠰᠤᠷᠭᠠᠯᠲᠠ᠂ ᠬᠠᠮᠢᠶᠠᠷᠤᠯᠲᠠ ᠵᠡᠷᠭᠡ ᠲᠠᠯ᠎ᠠ ᠪᠠᠷ ᠳᠡᠮᠵᠢᠯᠭᠡ ᠦᠵᠡᠭᠦᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠤᠳᠠ ᠬᠥᠳᠡᠭᠡ ᠶᠢᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠂ ᠪᠠᠭᠰᠢ ᠶᠢᠨ ᠬᠢᠷᠢ ᠬᠡᠮᠵᠢᠶ᠎ᠡ᠂ ᠵᠢᠭᠠᠨ ᠰᠤᠷᠭᠠᠬᠤ ᠶᠠᠰᠤ ᠴᠢᠨᠠᠷ ᠵᠡᠷᠭᠡ ᠲᠠᠯ᠎ᠠ ᠪᠠᠷ ᠬᠢ ᠵᠥᠷᠢᠶ᠎ᠡ ᠶᠢ ᠪᠠᠭᠠᠰᠬᠠᠵᠤ᠂ ᠬᠤᠳᠠ ᠬᠥᠳᠡᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ ᠶᠢ ᠠᠬᠢᠭᠤᠯᠤᠨ᠎ᠠ᠃      4. ᠪᠠᠭᠤᠷᠠᠶᠢᠴᠤᠤᠯ ᠤᠨ ᠬᠥᠮᠦᠵᠢᠯ ᠢ ᠠᠳᠬᠤᠨ᠎ᠠ᠃ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠠᠵᠢᠯ ᠤᠨ ᠨᠠᠷᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠳᠤ ᠣᠷᠣᠵᠤ ᠰᠤᠷᠤᠯᠴᠠᠬᠤ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠪᠠᠶᠢᠷᠢᠰᠢᠯ ᠨᠢ ᠵᠦᠶ ᠵᠣᠬᠢᠰᠲᠠᠶ᠂ ᠰᠤᠷᠤᠯᠭ᠎ᠠ ᠱᠠᠲᠤ ᠶᠢ ᠵᠣᠯᠭᠠᠭᠤᠯᠤᠭᠰᠠᠨ᠂ ᠡᠩ ᠤᠨ ᠪᠠ ᠠᠵᠢᠯ ᠮᠡᠷᠭᠡᠵᠢᠯ ᠤᠨ ᠠᠭᠤᠰᠤᠯᠴᠠᠭᠰᠠᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠵᠤ᠂ ᠵᠡᠮᠳᠡᠭ ᠬᠡᠤᠬᠡᠳ ᠤᠨ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠦᠭᠡᠮᠡᠯᠵᠢᠭᠦᠯᠵᠦ᠂ ᠬᠠᠷᠠᠭ᠎ᠠ᠂ ᠰᠣᠨᠣᠷ᠂ ᠣᠶᠤᠨ ᠴᠢᠳᠠᠪᠤᠷᠢ᠂ ︽ᠭᠤᠷᠪᠠᠨ ᠵᠡᠮᠳᠡᠭ︾ ᠬᠡᠤᠬᠡᠳ ᠤᠨ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠵᠦ᠂ ᠰᠤᠷᠭᠠᠭᠤᠯᠢ ᠳᠤ ᠣᠷᠣᠬᠤ ᠨᠠᠰᠤᠨ ᠤ ᠪᠤᠰᠤᠳ ᠵᠡᠮᠳᠡᠭ ᠬᠡᠤᠬᠡᠳ ᠤᠨ ᠰᠤᠷᠭᠠᠨ ᠬᠥᠮᠦᠵᠢᠯ ᠭᠥᠷᠳᠡᠬᠦ ᠲᠣᠬᠢᠶᠠᠯ ᠢ ᠢᠯᠡᠳᠲᠡ ᠨᠡᠮᠡᠭᠳᠡᠭᠦᠯᠦᠨ᠎ᠡ᠃ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠨᠡᠶᠢᠭᠡᠮ ᠤᠨ ᠠᠵᠢᠯᠲᠠᠨ ᠤ  ᠦᠢᠯᠡᠴᠢᠯᠡᠭᠡ᠂ ᠠᠮᠤᠷ ᠲᠦᠪᠰᠢᠨ ᠤ ᠬᠠᠮᠠᠭᠠᠯᠠᠯᠲᠠ᠂ ᠬᠤᠤᠰᠯᠠᠨ ᠬᠠᠪᠰᠤᠷᠴᠤ ᠲᠡᠳᠬᠦᠬᠦ ᠵᠡᠷᠭᠡ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠪᠠᠭᠲᠠᠭᠠᠭᠰᠠᠨ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠤᠨ ᠰᠢᠰᠲ᠋ᠧᠮᠵᠢ ᠶᠢ ᠪᠦᠷᠢᠨᠰᠢᠬᠦᠯᠵᠦ᠂ ᠪᠥᠬᠦ ᠨᠡᠶᠢᠭᠡᠮ ᠢᠶᠠᠷ ᠢᠶᠠᠨ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃      ︵ᠲᠠᠪᠤ︶ ᠶᠡᠷᠦᠩᠬᠡᠶ ᠱᠠᠭᠠᠷᠳᠠᠯᠭ᠎ᠠ᠂ ᠰᠤᠷᠭᠠᠭᠤᠯᠢ ᠨᠢᠭᠡᠪᠦᠷᠢ ᠶᠢᠨ ᠰᠣᠶᠣᠯ ᠤᠨ ᠠᠭᠤᠯᠤᠭᠳᠠᠬᠤᠨ ᠢ ᠴᠥᠮ ᠲᠦᠷᠭᠡᠨ ᠬᠥᠭᠵᠢᠭᠦᠯᠦᠨ᠎ᠡ      1. ᠰᠤᠷᠭᠠᠭᠤᠯᠢ ᠡᠷᠭᠢᠯᠡᠬᠦ ᠦᠶ᠋ᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠯᠥᠪᠯᠡᠭᠡ ᠶᠢ ᠴᠢᠩᠭ᠎ᠠ ᠬᠡᠷᠡᠭᠵᠢᠭᠦᠯᠵᠦ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠬᠡᠲᠦ ᠬᠦᠨᠳᠦ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢᠨ ᠰᠢᠮᠳᠠᠭᠤᠯᠤᠨ ᠪᠠᠶᠢᠴᠠᠭᠠᠬᠤ ᠪᠠ ᠰᠢᠳᠬᠡᠨ ᠲᠣᠷᠭᠠᠬᠤ ᠡᠷᠴᠢᠮ ᠢ ᠴᠢᠩᠭᠠᠳᠬᠠᠬᠤ ᠶᠢᠨ ᠬᠠᠮᠲᠤ ᠰᠤᠷᠤᠭᠴᠢᠳ ᠤᠨ ᠡᠳᠦᠷ ᠪᠦᠷᠢ ᠨᠢᠭᠡ ᠴᠠᠭ ᠤᠨ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠴᠠᠭ ᠢ ᠪᠠᠲᠤᠯᠠᠨ᠎ᠠ᠃      2. ᠬᠡᠪ ᠴᠢᠨᠠᠷ ᠤᠨ ᠰᠤᠷᠭᠠᠨ ᠬᠥᠮᠦᠵᠢᠯ ᠢ ᠴᠢᠩᠭᠠᠳᠬᠠᠨ᠎ᠠ᠃ ᠦᠨᠡᠨᠬᠦ ᠶᠠᠪᠤᠭᠳᠠᠭᠤᠰᠢᠲᠠᠶ ᠠᠷᠭ᠎ᠠ ᠬᠡᠮᠵᠢᠶ᠎ᠡ ᠶᠢ ᠲᠣᠭᠲᠠᠭᠠᠵᠤ᠂ ᠴᠢᠳᠠᠮᠵᠢᠲᠦ ᠬᠢᠴᠢᠶᠡᠯ ᠤᠨ ᠬᠡᠷ ᠤᠨ ᠪᠠᠶᠢᠭᠤᠯᠤᠯᠲᠠ᠂ ᠬᠠᠮᠢᠶᠠᠷᠤᠯᠲᠠ ᠪᠠ ᠬᠡᠷᠡᠭᠯᠡᠯᠲᠡ ᠶᠢ ᠲᠠᠰᠤᠷᠠᠯᠲᠠ ᠥᠬᠡᠶ ᠴᠢᠩᠭᠠᠳᠬᠠᠨ᠂ ᠴᠢᠳᠠᠮᠵᠢᠲᠦ ᠲᠠᠰᠤᠭ ᠢ ᠦᠨᠡᠨ ᠬᠦ ᠰᠤᠷᠤᠭᠴᠢᠳ ᠤᠨ ᠳᠤᠷ᠎ᠠ ᠰᠣᠨᠢᠷᠬᠠᠯ ᠢ ᠬᠥᠮᠦᠵᠢᠭᠦᠯᠬᠦ ᠴᠡᠩᠭᠡᠯ ᠤᠨ ᠣᠷᠣᠨ ᠪᠣᠯᠭᠠᠵᠤ᠂ ᠬᠦᠰᠡᠯ ᠵᠡᠭᠦᠳᠦ ᠶᠢᠨ ᠣᠭᠲᠠᠷᠭᠤᠶ᠂ ᠪᠥᠬᠦ ᠲᠠᠯ᠎ᠠ ᠶᠢᠨ ᠬᠥᠭᠵᠢᠯᠲᠡ ᠶᠢᠨ ᠥᠩ ᠰᠢᠮᠡᠯᠢᠭ ᠬᠥᠷᠥᠰᠥ ᠰᠢᠷᠣᠶ ᠪᠣᠯᠭᠠᠬᠤ ᠬᠡᠷᠡᠭᠲᠡᠶ᠃ ᠨᠡᠶᠢᠭᠡᠮ ᠤᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ ᠤᠨ ᠲᠤᠰᠠᠯᠠᠬᠤ ᠴᠢᠳᠠᠮᠵᠢ ᠶᠢ ᠠᠬᠢᠭᠤᠯᠤᠨ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠥᠪᠡᠷᠮᠢᠴᠡ ᠬᠥᠭᠵᠢᠯᠲᠡ ᠳᠤ ᠲᠠᠪᠴᠠᠩ ᠪᠠᠶᠢᠭᠤᠯᠵᠤ ᠥᠭᠭᠦᠨ᠎ᠡ᠃      3. ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠰᠤᠷᠭᠠᠭᠤᠯᠢ᠂ ᠨᠡᠶᠢᠭᠡᠮ᠂ ᠰᠦᠯᠵᠢᠶ᠎ᠡ ᠵᠡᠷᠭᠡ ᠲᠠᠯ᠎ᠠ ᠶᠢᠨ ᠠᠰᠢᠭᠲᠠᠶ ᠬᠢᠴᠢᠶᠡᠯ ᠤᠨ ᠡᠬᠢ ᠪᠠᠶᠠᠯᠢᠭ ᠢ ᠣᠷᠭᠠᠨᠢᠭ ᠢᠶᠠᠷ ᠨᠢᠭᠡᠳᠬᠡᠵᠦ᠂ ᠰᠤᠷᠭᠠᠭᠤᠯᠢ ᠶᠢᠨ ᠰᠤᠷᠭᠠᠭᠤᠯᠢ ᠶᠢᠨ ᠥᠪᠡᠷ ᠤᠨ ᠬᠢᠴᠢᠶᠡᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠪᠠ ᠲᠡᠭᠦᠯᠳᠡᠷᠵᠢᠭᠦᠯᠵᠦ᠂ ᠬᠢᠴᠢᠶᠡᠯ ᠤᠨ ᠥᠭᠡᠷᠡᠴᠢᠯᠡᠯᠲᠡ ᠬᠢᠵᠦ᠂ ᠲᠣᠰ ᠰᠤᠷᠭᠠᠭᠤᠯᠢ ᠳᠤ ᠳᠣᠭᠢᠷᠠᠬᠤ ᠵᠢᠭᠠᠨ ᠰᠤᠷᠭᠠᠯᠲᠠ ᠶᠢᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠪᠤᠶᠤ ᠬᠡᠷᠡᠭᠯᠡᠬᠦ ᠶᠢ ᠵᠣᠷᠢᠭᠵᠢᠭᠤᠯᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠵᠢᠭᠠᠨ ᠰᠤᠳᠤᠯᠬᠤ ᠠᠵᠢᠯ ᠤᠨ ᠲᠦᠷᠢᠮ ᠢ ᠬᠡᠷᠡᠭᠵᠢᠭᠦᠯᠵᠦ᠂ ᠡᠯ᠎ᠡ ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠳᠤᠯᠬᠤ ᠠᠵᠢᠯᠯᠠᠭ᠎ᠠ ᠶᠢ ᠲᠥᠯᠥᠪᠯᠡᠭᠡ ᠶᠣᠰᠣᠭᠠᠷ ᠥᠷᠨᠢᠭᠦᠯᠬᠦ ᠶᠢ ᠦᠨᠡᠨᠬᠦ ᠪᠠᠲᠤᠯᠠᠨ᠎ᠠ᠃ ᠣᠲᠣ ᠦᠶ᠎ᠡ ᠶᠢᠨ ᠮᠡᠷᠭᠡᠵᠢᠯ ᠪᠠ ᠰᠦᠯᠵᠢᠶᠡᠨ ᠤ ᠣᠷᠴᠢᠨ ᠲᠣᠭᠤᠷᠢᠨ ᠳᠤ ᠰᠠᠭᠤᠷᠢᠯᠠᠭᠰᠠᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠪᠦᠲᠦᠮᠵᠢᠲᠡᠶ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠠᠷᠭ᠎ᠠ ᠵᠠᠮ ᠪᠠ ᠠᠷᠭ᠎ᠠ ᠶᠢ ᠢᠳᠡᠪᠬᠢᠲᠡᠶ ᠪᠠᠷ ᠰᠦᠪᠡᠭᠴᠢᠯᠡᠵᠦ᠂ ᠪᠡᠶ᠎ᠡ ᠪᠠᠨ ᠳᠠᠭᠠᠭᠠᠬᠤ᠂ ᠬᠠᠮᠲᠤᠷᠠᠨ ᠠᠵᠢᠯᠯᠠᠬᠤ᠂ ᠰᠦᠪᠡᠭᠴᠢᠯᠡᠯᠲᠡ ᠶᠢᠨ ᠴᠢᠨᠠᠷᠲᠠᠶ ᠰᠤᠷᠤᠯᠴᠠᠬᠤ ᠶᠢ ᠰᠠᠨᠠᠭᠠᠴᠢᠯᠠᠨ᠎ᠠ︔ ᠰᠤᠷᠭᠠᠨ ᠬᠥᠮᠦᠵᠢᠯ ᠤᠨ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠪᠠ ᠬᠢᠨᠠᠨ ᠰᠢᠯᠭᠠᠬᠤ ᠰᠢᠰᠲ᠋ᠧᠮ ᠢ ᠲᠡᠭᠦᠯᠳᠡᠷᠵᠢᠭᠦᠯᠵᠦ ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠦᠰᠦᠨ ᠪᠤᠶᠢᠵᠢᠬᠤ᠂ ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠬᠢᠨᠠᠨ ᠡᠵᠡᠮᠳᠡᠬᠦ᠂ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      4. ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠳᠠᠭᠤᠷᠢᠰᠤᠭᠤᠯᠤᠨ᠎ᠠ᠃ ᠰᠤᠷᠭᠠᠭᠤᠯᠢ ᠶᠢᠨ ᠠᠭᠤᠯᠤᠭᠳᠠᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠡᠯ᠎ᠡ ᠰᠤᠷᠭᠠᠭᠤᠯᠢ ᠶᠢ ᠬᠥᠲᠥᠯᠦᠨ ᠵᠢᠯᠣᠭᠤᠳᠴᠤ ᠪᠠᠶᠢᠭᠠᠳ ︽ᠰᠣᠶᠣᠯ ᠢᠶᠠᠷ ᠰᠤᠷᠭᠠᠭᠤᠯᠢ ᠪᠠᠶᠢᠭᠤᠯᠬᠤ ᠂ ᠣᠨᠴᠠᠯᠢᠭ ᠢᠶᠠᠷ ᠰᠤᠷᠭᠠᠭᠤᠯᠢ ᠪᠠᠨ ᠮᠠᠨᠳᠤᠭᠤᠯᠬᠤ᠂ ᠶᠠᠰᠤ ᠴᠢᠨᠠᠷ ᠢᠶᠠᠷ ᠰᠤᠷᠭᠠᠭᠤᠯᠢ ᠪᠠᠨ ᠬᠦᠴᠦᠷᠬᠡᠭᠵᠢᠭᠦᠯᠬᠦ︾ ᠵᠠᠮ ᠢᠶᠠᠷ ᠵᠠᠮᠨᠠᠭᠤᠯᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠦᠨ᠎ᠡ᠃ ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠥᠬᠡᠶ ᠬᠤᠷᠠᠮᠳᠤᠭᠤᠯᠵᠤ᠂ ᠰᠤᠷᠭᠠᠭᠤᠯᠢ ᠶᠢᠨ ᠣᠨᠴᠠᠯᠢᠭ ᠢ ᠡᠭᠦᠳᠦᠨ ᠪᠠᠶᠢᠭᠤᠯᠬᠤ ᠶᠢ ᠴᠢᠬᠤᠯᠠᠴᠢᠯᠠᠨ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠴᠢᠨᠠᠷ ᠳᠡᠰ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠨᠢᠭᠡᠨᠲᠡ ᠥᠷᠭᠡᠨ ᠢᠶᠠᠷ ᠥᠷᠨᠢᠭᠦᠯᠦᠭᠰᠡᠨ ᠤᠨᠴᠠᠯᠢᠭᠳᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢᠨ ᠳᠡᠭᠡᠷ᠎ᠡ᠂ ᠨᠢᠭᠡ ᠪᠦᠯᠦᠭ ᠬᠡᠪ ᠴᠢᠨᠠᠷ ᠤᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠪᠠ ᠤᠨᠴᠠᠯᠢᠭᠳᠤ ᠰᠤᠷᠭᠠᠭᠤᠯᠢ ᠶᠢ ᠪᠠᠶᠢᠭᠤᠯᠤᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3