ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠠᠰᠠᠷ ᠢ ᠵᠠᠰᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/10/1
     ᠶᠡᠷᠦᠩᠬᠡᠢ ᠱᠦᠵᠢ ᠰᠢ ᠶᠢᠨ ᠫᠢᠩ ᠤᠨ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠲᠥᠯᠥᠭᠡ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠨᠡᠶᠢᠭᠡᠮ ᠤᠨ ᠬᠥᠷᠥᠩᠭᠡ ᠶᠢᠨ ᠠᠮᠢ ᠠᠬᠤᠶ ᠶᠢᠨ ᠬᠠᠮᠠᠭᠠᠯᠠᠯᠲᠠ ᠰᠡᠷᠭᠦᠭᠡᠯᠲᠡ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ ︽2021︾ 40 ᠳ᠋ᠦᠭᠡᠷ ᠲᠣᠭᠠᠲᠤ︶ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠰᠢᠶᠠᠨ ᠤ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠶᠢᠨ ᠲᠥᠯᠥᠭᠡ᠃ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠰᠤᠳᠤᠯᠤᠯᠲᠠ ᠪᠠᠷ ᠲᠠᠮᠵᠢᠨ᠂ ᠮᠠᠨ ᠤ ᠰᠢᠶᠠᠨ ᠨᠡᠶᠢᠭᠡᠮ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ  ᠳ᠋ᠠ ᠲᠤᠩ ᠶᠣᠣ ᠰᠢᠶᠠᠩ ᠤᠨ ᠰᠢᠩ ᠶᠣᠣ ᠽᠢ ᠶᠢᠨ ᠬᠤᠶᠢᠲᠤ ᠬᠡᠰᠡᠭ ᠪᠣᠯᠤᠨ ᠴᠧᠩ ᠭᠤᠸᠠᠨ ᠪᠠᠯᠭᠠᠰᠤᠨ ᠤ ᠬᠤᠸᠠᠩ ᠵᠢᠶᠠ ᠲᠣᠰᠬᠤᠨ ᠤ ᠪᠠᠷᠠᠭᠤᠨᠳᠠᠬᠢ 2 ᠲᠡᠦᠬᠡ ᠶᠢᠨ ᠦᠯᠡᠳᠡᠭᠳᠡᠯ ᠠᠭᠤᠷᠬᠠᠢ ᠶᠢᠨ ᠠᠮᠠᠰᠠᠷ ᠲᠤ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠪᠠᠷ ᠲᠥᠯᠥᠪᠯᠡᠵᠦ ᠪᠤᠢ᠃ ᠤᠳᠤ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠨᠡᠷ᠎ᠡ ᠮᠡᠳᠡᠭᠦᠯᠬᠦ ᠴᠠᠭ      2022 ᠣᠨ ᠤ 10 ᠰᠠᠷ᠎ᠠ ᠶᠢᠨ 8 ᠤ ᠡᠳᠦᠷ ᠠᠴᠠ 2022 ᠣᠨ ᠤ 10 ᠰᠠᠷ᠎ᠠ ᠶᠢᠨ15 ᠤ ᠡᠳᠦᠷ      ᠬᠤᠶᠠᠷ᠂ ᠨᠡᠷ᠎ᠡ ᠮᠡᠳᠡᠭᠦᠯᠬᠦ ᠭᠠᠵᠠᠷ      ᠰᠢᠩ ᠾᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ 4 ᠳ᠋ᠦᠭᠡᠷ ᠳᠠᠪᠬᠤᠷᠯᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠠᠭᠠᠯᠠᠯᠲᠠ ᠶᠢᠨ ᠲᠠᠰᠤᠭ᠃                                   ᠣᠨᠴᠠᠭᠠᠶᠢᠯᠠᠨ ᠵᠠᠷᠯᠠᠪᠠ                       ᠰᠢᠩ ᠾᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠡ                             2022 ᠣᠨ ᠤ 9 ᠰᠠᠷ᠎ᠠ ᠶᠢᠨ 30
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3