ᠶᠡᠷᠦᠩᠬᠡᠢ ᠱᠦᠵᠢ ᠰᠢ ᠶᠢᠨ ᠫᠢᠩ ᠤᠨ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ | ᠮᠥᠨ ᠭᠡᠬᠦ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤᠪᠠᠷ ᠡᠳ᠋ᠯᠡᠬᠦ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠲᠥᠯᠥᠭᠡ᠂ ︽ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠨᠡᠶᠢᠭᠡᠮ ᠤᠨ ᠬᠥᠷᠥᠩᠭᠡ ᠶᠢᠨ ᠠᠮᠢ ᠠᠬᠤᠶ ᠶᠢᠨ | ᠬᠠᠮᠠᠭᠠᠯᠠᠯᠲᠠ ᠰᠡᠷᠭᠦᠭᠡᠯᠲᠡ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ ︽ | 2021︾ 40 ᠳ᠋ᠦᠭᠡᠷ ᠲᠣᠭᠠᠲᠤ︶ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ | ᠂ ᠮᠠᠨ ᠤ ᠰᠢᠶᠠᠨ ᠤ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦ ᠶᠢ ᠨᠢᠭᠡ | ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠶᠢᠨ ᠲᠥᠯᠥᠭᠡ᠃ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠰᠤᠳᠤᠯᠤᠯᠲᠠ ᠪᠠᠷ ᠲᠠᠮᠵᠢᠨ᠂ ᠮᠠᠨ ᠤ ᠰᠢᠶᠠᠨ ᠨᠡᠶᠢᠭᠡᠮ ᠤᠨ ᠪᠡᠯᠡ | ᠮᠥᠩᠭᠦ ᠶᠢ ᠣᠷᠣᠭᠤᠯᠤᠨ ᠠᠪᠴᠢᠷᠠᠵᠤ ᠳ᠋ᠠ ᠲᠤᠩ ᠶᠣᠣ ᠰᠢᠶᠠᠩ ᠤᠨ ᠰᠢᠩ ᠶᠣᠣ ᠽᠢ ᠶᠢᠨ ᠬᠤᠶᠢᠲᠤ ᠬᠡᠰᠡᠭ ᠪᠣᠯᠤᠨ | ᠴᠧᠩ ᠭᠤᠸᠠᠨ ᠪᠠᠯᠭᠠᠰᠤᠨ ᠤ ᠬᠤᠸᠠᠩ ᠵᠢᠶᠠ ᠲᠣᠰᠬᠤᠨ ᠤ ᠪᠠᠷᠠᠭᠤᠨᠳᠠᠬᠢ 2 ᠲᠡᠦᠬᠡ ᠶᠢᠨ ᠦᠯᠡᠳᠡᠭᠳᠡᠯ ᠠᠭᠤᠷᠬᠠᠢ ᠶᠢᠨ | ᠠᠮᠠᠰᠠᠷ ᠲᠤ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠪᠠᠷ ᠲᠥᠯᠥᠪᠯᠡᠵᠦ ᠪᠤᠢ᠃ ᠤᠳᠤ ᠬᠤᠯᠪᠣᠭᠳᠠᠯ | ᠪᠦᠬᠦᠢ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠨᠡᠷ᠎ᠡ ᠮᠡᠳᠡᠭᠦᠯᠬᠦ ᠴᠠᠭ | 2022 ᠣᠨ ᠤ 10 ᠰᠠᠷ᠎ᠠ ᠶᠢᠨ 8 ᠤ ᠡᠳᠦᠷ ᠠᠴᠠ 2022 ᠣᠨ ᠤ 10 ᠰᠠᠷ᠎ᠠ ᠶᠢᠨ15 ᠤ ᠡᠳᠦᠷ | ᠬᠤᠶᠠᠷ᠂ ᠨᠡᠷ᠎ᠡ ᠮᠡᠳᠡᠭᠦᠯᠬᠦ ᠭᠠᠵᠠᠷ | ᠰᠢᠩ ᠾᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ 4 ᠳ᠋ᠦᠭᠡᠷ ᠳᠠᠪᠬᠤᠷᠯᠢᠭ ᠤᠨ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠠᠭᠠᠯᠠᠯᠲᠠ ᠶᠢᠨ ᠲᠠᠰᠤᠭ᠃ | ᠣᠨᠴᠠᠭᠠᠶᠢᠯᠠᠨ ᠵᠠᠷᠯᠠᠪᠠ | ᠰᠢᠩ ᠾᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠡ | 2022 ᠣᠨ ᠤ 9 ᠰᠠᠷ᠎ᠠ ᠶᠢᠨ 30 |