ᠵᠠᠯᠠᠭᠤ ︽ᠰᠢᠬᠢᠷ ᠤᠨ ᠨᠠᠶᠢᠵᠠ︾ ᠰᠢᠬᠢᠷ ᠢ ᠬᠡᠷᠬᠢᠨ ᠬᠢᠵᠠᠭᠠᠷᠯᠠᠬᠤ ᠪᠤᠢ︖
ᠨᠡᠶᠢᠲᠡᠯᠡᠭᠰᠡᠨ ᠴᠠᠭ᠄
2022/10/12
     ᠰᠢᠶᠤᠤ ᠭᠤᠤ 30 ᠨᠠᠰᠤ ᠶᠢ ᠳᠥᠩᠭᠡᠵᠢ ᠥᠩᠭᠡᠷᠡᠭᠰᠡᠨ ᠤ ᠳᠠᠷᠠᠭ᠎ᠠ ᠥᠪᠡᠷ ᠢ ᠪᠠᠨ ᠰᠢᠬᠢᠷ ᠰᠢᠵᠢᠩ ᠡᠪᠡᠳᠴᠢᠨ ᠲᠠᠢ ᠨᠠᠭᠠᠯᠳᠤᠭᠤᠯᠤᠨ᠎ᠠ ᠭᠡᠵᠦ ᠶᠡᠷᠦ ᠪᠣᠳᠤᠭ᠎ᠠ ᠦᠭᠡᠢ᠃ ᠬᠠᠭᠠᠰ ᠵᠢᠯ ᠤᠨ ᠡᠮᠦᠨ᠎ᠡ᠂ ᠲᠡᠷᠡ ᠡᠮᠨᠡᠯᠭᠡ ᠳᠤ ᠬᠦᠷᠴᠦ ᠬᠥᠩᠭᠡᠵᠢᠭᠦᠯᠬᠦ ᠰᠠᠯᠠᠭᠠᠨ ᠤ ᠡᠭᠦᠳᠡᠨ ᠡᠮᠨᠡᠯᠭᠡ ᠳᠤ ᠦᠵᠡᠭᠦᠯᠦᠭᠰᠡᠨ ᠳᠤ᠂ ᠡᠮᠴᠢ ᠠᠴᠠ ᠴᠢᠰᠤᠨ ᠰᠢᠬᠢᠷ ᠢ ᠪᠠᠶᠢᠴᠠᠭᠠᠵᠤ ᠦᠵᠡ ᠭᠡᠰᠡᠨ ᠳᠤ᠂ ᠬᠤᠭᠤᠯᠠᠨ ᠤ ᠳᠠᠷᠠᠭᠠᠬᠢ 2 ᠴᠠᠭ ᠤᠨ ᠳᠣᠲᠣᠷ᠎ᠠ ᠴᠢᠰᠤᠨ ᠰᠢᠬᠢᠷ 13mmol/L ᠬᠦᠷᠦᠨ᠎ᠡ ᠭᠡᠵᠦ ᠰᠠᠨᠠᠭᠠᠨ ᠠᠴᠠ ᠭᠠᠳᠠᠭᠤᠷ ᠰᠠᠨᠠᠭᠠᠨ ᠳᠤ ᠤᠷᠤᠭᠰᠠᠨ ᠦᠭᠡᠢ᠃ ᠭᠤᠣ ᠣᠪᠣᠭᠲᠤ ᠶᠡᠬᠡᠳᠡ ᠭᠠᠶᠢᠬᠠᠵᠤ᠄ ᠪᠢ ᠰᠢᠬᠢᠷ ᠰᠢᠵᠢᠩ ᠡᠪᠡᠳᠴᠢᠨ ᠳᠤ ᠨᠡᠷᠪᠡᠭᠳᠡᠭᠰᠡᠨ ᠤᠤ︖ ᠰᠢᠬᠢᠷ ᠰᠢᠵᠢᠩ ᠡᠪᠡᠳᠴᠢᠨ ᠳᠤ ᠦᠲᠡᠯᠦᠭᠰᠡᠨ ᠬᠥᠮᠦᠨ ᠰᠠᠶ᠋ᠢ ᠨᠡᠷᠪᠡᠭᠳᠡᠳᠡᠭ ᠪᠢᠰᠢ ᠤᠤ︖ ᠶᠠᠭᠠᠬᠢᠭᠠᠳ ᠥᠪᠡᠷ ᠢᠶᠠᠨ ᠡᠶᠢᠮᠦ ᠵᠠᠯᠠᠭᠤ ᠪᠠᠶᠢᠭᠠᠳ ᠪᠠᠰᠠ ᠲᠡᠭᠦᠨ ᠳᠤ ︽ᠭᠡᠲᠡᠭᠳᠡᠳᠡᠭ︾ ᠪᠣᠢ︖      ᠴᠢᠰᠤᠨ ᠰᠢᠬᠢᠷ ᠥᠨᠳᠥᠷᠵᠢᠭᠰᠡᠨ ᠤ ᠳᠦᠷᠪᠡᠨ ᠰᠢᠯᠲᠠᠭᠠᠨ      ᠵᠠᠯᠠᠭᠤ ᠬᠥᠮᠦᠨ ᠰᠢᠬᠢᠷ ᠰᠢᠵᠢᠩ ᠡᠪᠡᠳᠴᠢᠨ ᠤ ᠡᠬᠢᠨ ᠤ ᠬᠤᠭᠤᠴᠠᠭ᠎ᠠ ᠪᠤᠶᠤ ᠰᠢᠬᠢᠷ ᠰᠢᠵᠢᠩ ᠡᠪᠡᠳᠴᠢᠨ ᠢᠶᠠᠷ ᠣᠨᠣᠰᠢᠯᠠᠭᠳᠠᠭᠰᠠᠨ ᠨᠢ ᠤᠳᠤᠮᠰᠢᠯ ᠤᠨ ᠡᠯᠧᠮᠧᠨ᠋ᠲ ᠲᠠᠢ ᠬᠤᠯᠪᠣᠭᠳᠠᠯ ᠲᠠᠢ ᠠᠴᠠ ᠭᠠᠳᠠᠨ᠎ᠠ ᠪᠠᠰᠠ ᠡᠷᠡᠭᠦᠯ ᠪᠤᠰᠤ ᠠᠮᠢᠳᠤᠷᠠᠯ ᠤᠨ ᠠᠷᠭ᠎ᠠ ᠮᠠᠶ᠋ᠢᠭ ᠢᠶᠠᠷ ᠲᠦᠢᠪᠡᠭᠡᠵᠦ ᠪᠠᠶᠢᠨ᠎ᠠ᠃      01. ᠬᠡᠳᠦ ᠬᠦᠨᠳᠦ ᠪᠤᠶᠤ ᠲᠠᠷᠭᠤᠨ      ᠬᠡᠳᠦ ᠬᠦᠨᠳᠦ ᠪᠤᠶᠤ ᠮᠠᠷᠢᠶᠠᠯᠠᠬᠤ ᠪᠣᠯ ᠰᠢᠬᠢᠷ ᠰᠢᠵᠢᠩ ᠡᠪᠡᠳᠴᠢᠨ ᠤ ᠴᠢᠬᠤᠯᠠ ᠲᠦᠭᠰᠢᠭᠦᠷᠢᠲᠦ ᠡᠯᠧᠮᠧᠨ᠋ᠲ ᠪᠣᠯᠤᠨ᠎ᠠ᠃ ᠬᠡᠳᠦ ᠠᠷᠪᠢᠨ ᠰᠢᠬᠢᠷ᠂ ᠴᠢᠯᠥᠭᠡᠲᠦ ᠥᠭᠡᠬᠦᠨ ᠬᠦᠴᠢᠯ ᠨᠢ ᠡᠨᠧᠷᠭᠢ ᠢᠯᠡᠭᠦᠳᠡᠵᠦ᠂ ᠮᠠᠷᠢᠶᠠᠯᠠᠬᠤ ᠶᠢ ᠡᠭᠦᠰᠭᠡᠬᠦ ᠶᠢᠨ ᠬᠠᠮᠲᠤ ᠨᠦᠢᠷ ᠤᠨ ᠠᠷᠠᠯ ᠤᠨ β ᠡᠰ ᠲᠤ ᠰᠡᠳᠦᠯᠲᠡ ᠥᠭᠴᠦ ᠨᠡᠩ ᠠᠷᠪᠢᠨ ᠨᠦᠢᠷ ᠤᠨ ᠠᠷᠠᠯ ᠤᠨ ᠡᠳ᠋ ᠰᠢᠭᠦᠷᠡᠭᠦᠯᠵᠦ᠂ ᠮᠠᠷᠢᠶᠠᠯᠠᠬᠤ ᠶᠢ ᠨᠡᠮᠡᠭᠳᠡᠭᠦᠯᠦᠨ᠎ᠡ︔ ᠮᠠᠷᠢᠶᠠᠯᠠᠬᠤ ᠨᠢ ᠨᠦᠢᠷ ᠤᠨ ᠠᠷᠠᠯ ᠤᠨ ᠡᠳ᠋ ᠤᠨ ᠡᠰᠡᠷᠭᠦᠴᠡᠯ ᠢ ᠬᠦᠨᠳᠦᠷᠡᠭᠦᠯᠵᠦ᠂ ᠨᠦᠢᠷ ᠤᠨ ᠠᠷᠠᠯ ᠤᠨ β ᠡᠰ ᠠᠴᠠ ᠨᠡᠩ ᠠᠷᠪᠢᠨ ᠨᠦᠢᠷ ᠤᠨ ᠠᠷᠠᠯ ᠤᠨ ᠡᠳ᠋ ᠰᠢᠭᠦᠷᠡᠭᠦᠯᠬᠦ ᠶᠢ ᠱᠠᠭᠠᠷᠳᠠᠨ᠎ᠠ᠃ ᠡᠨᠡ ᠮᠡᠲᠦ ᠪᠠᠷ ᠬᠤᠣᠷᠲᠤ ᠣᠷᠴᠢᠯ ᠢᠶᠠᠷ ᠳᠠᠮᠵᠢᠨ ᠠᠭᠠᠵᠢᠮ ᠢᠶᠠᠷ ᠰᠢᠬᠢᠷ ᠰᠢᠵᠢᠩ ᠡᠪᠡᠳᠴᠢᠨ ᠤ ︽ᠵᠢᠷᠭᠠᠯᠲᠠᠶ ᠤᠨᠠᠭᠤᠯᠢ︾᠎ ᠳᠤ ᠤᠨᠠᠳᠠᠭ᠃      ᠰᠢᠶᠤᠤ ᠭᠤᠣ ᠥᠪᠡᠷ ᠢ ᠪᠠᠨ 10 ᠵᠢᠯ ᠠᠵᠢᠯᠯᠠᠭᠰᠠᠨ ᠢᠶᠠᠨ ᠡᠷᠭᠢᠴᠡᠭᠦᠯᠦᠨ ᠪᠣᠳᠣᠬᠤ ᠳᠤ᠂ ᠠᠵᠢᠯ ᠤᠨ ᠳᠠᠷᠤᠭᠠᠰᠤ ᠶᠡᠭᠡ᠂ ᠠᠮᠢᠳᠤᠷᠠᠯ ᠨᠢ ᠵᠢᠮ᠎ᠡ ᠶᠣᠰᠣ ᠦᠭᠡᠶ᠂ ᠡᠭᠦᠨ ᠤ ᠳᠡᠭᠡᠷ᠎ᠡ ᠺᠣᠮᠫᠠᠨᠢ ᠶᠢᠨ ᠬᠤᠭᠤᠯᠠᠨ ᠭᠡᠷ ᠤᠨ ᠠᠰᠠᠷᠠᠮᠵᠢ ᠨᠢ ᠦᠨᠡᠬᠡᠷ ᠮᠠᠰᠢ ᠰᠠᠶᠢᠨ᠂ ︽ᠪᠡᠶ᠎ᠡ ᠶᠢᠨ ᠬᠦᠨᠳᠦ ᠨᠢ ᠰᠡᠮᠡᠭᠡᠷ 10 ᠺᠢᠯᠣᠭ᠍ᠷᠠᠮ ᠨᠡᠮᠡᠭᠳᠡᠵᠡᠶ︾ ᡺ ᠡᠨᠡ ᠨᠢ ᠥᠪᠡᠷ ᠤᠨ ᠴᠢᠰᠤᠨ ᠰᠢᠬᠢᠷ ᠢ ᠥᠨᠳᠥᠷᠵᠢᠭᠦᠯᠦᠭᠰᠡᠨ ᠭᠤᠣᠯ ᠬᠡᠷᠡᠭᠲᠡᠨ ᠪᠠᠶᠢᠵᠤ ᠮᠡᠳᠡᠨ᠎ᠡ᠃      02 . ᠡᠷᠡᠭᠦᠯ ᠪᠤᠰᠤ ᠢᠳᠡᠭᠡᠨ ᠤᠮᠳᠠᠭᠠᠨ      ᠥᠨᠳᠥᠷ ᠲᠣᠰᠣ᠂ ᠥᠨᠳᠥᠷ ᠰᠢᠬᠢᠷ ᠪᠠ ᠬᠡᠳᠦ ᠨᠠᠷᠢᠯᠢᠭ ᠢᠳᠡᠭᠡᠨ ᠤᠮᠳᠠᠭᠠᠨ ᠨᠢ ᠪᠦᠷ ᠡᠨᠧᠷᠭᠢ ᠶᠢᠨ ᠢᠯᠡᠭᠦᠳᠡᠯ ᠢ ᠡᠭᠦᠰᠭᠡᠬᠦ᠂ ᠨᠦᠢᠷ ᠤᠨ ᠠᠷᠠᠯ ᠤᠨ ᠳᠠᠷᠤᠭᠠᠰᠤ ᠶᠢ ᠬᠦᠨᠳᠦᠷᠡᠭᠦᠯᠬᠦ᠂ ᠰᠢᠬᠢᠷ ᠰᠢᠵᠢᠩ ᠡᠪᠡᠳᠴᠢᠨ ᠢ ᠡᠭᠦᠰᠭᠡᠬᠦ ᠠᠶᠤᠯ ᠲᠠᠢ ᠢᠳᠡᠭᠡᠨ ᠪᠣᠯᠤᠨ᠎ᠠ᠃      ︽ᠨᠠᠮᠤᠷ ᠤᠨ ᠠᠩᠬᠠᠨ ᠤ ᠴᠣᠮᠣ ᠰᠦ ᠲᠠᠢ ᠴᠠᠶ︾᠎ ᠶᠢᠨ ᠥᠳᠥᠭᠡᠯᠭᠡ ᠶᠢ ᠬᠤᠷᠢᠭᠯᠠᠵᠤ ᠳᠡᠶᠢᠯᠬᠦ ᠬᠥᠮᠦᠨ ᠲᠣᠩ ᠴᠥᠭᠡᠨ ᠪᠠᠶᠢᠳᠠᠭ᠂ ᠠᠩᠬᠠᠨ ᠤ ᠴᠣᠮᠣ ᠲᠠᠢ ᠪᠣᠯᠪᠠᠯ N ᠳ᠋ᠤᠭᠠᠷ ᠴᠣᠮᠣ ᠲᠠᠢ ᠪᠣᠯᠳᠠᠭ᠃ ᠪᠠᠶᠢᠴᠠᠭᠠᠯᠲᠠ ᠶᠢ ᠦᠨᠳᠦᠰᠦᠯᠡᠪᠡᠯ᠂ ᠴᠣᠮᠣ ᠪᠦᠷᠢ ᠶᠢᠨ ᠰᠦ ᠲᠠᠢ ᠴᠠᠢ ᠶᠢᠨ ᠰᠢᠬᠢᠷ ᠤᠨ ᠠᠭᠤᠯᠤᠭᠳᠠᠴᠠ ᠨᠢ ᠳᠤᠮᠳᠠᠴᠢ ᠪᠠᠷ 34 ᠭᠷᠠᠮ᠂ ᠬᠠᠮᠤᠭ ᠥᠨᠳᠥᠷ ᠲᠡᠭᠡᠨ 62 ᠭᠷᠠᠮ᠂ ᠨᠡᠩ ᠢᠯᠠᠩᠭᠤᠶ᠎ᠠ ᠰᠦ ᠶᠢᠨ ᠬᠠᠪᠬᠠᠭᠠᠰᠤᠨ ᠳᠤ ᠠᠭᠤᠯᠵᠤ ᠪᠠᠶᠢᠭ᠎ᠠ ᠥᠭᠡᠬᠦ ᠶᠢ ᠳᠤᠷᠠᠳᠬᠤ ᠶᠢ ᠪᠦᠦ ᠬᠡᠯᠡ᠂ ᠡᠳᠡᠭᠡᠷ ᠨᠢ ᠪᠦᠷ ᠪᠢᠳᠡᠨ ᠤ ᠥᠪᠡᠷ ᠤᠨ ᠡᠷᠬᠡ ᠦᠭᠡᠢ ᠰᠢᠩᠭᠡᠭᠡᠨ ᠠᠪᠤᠭᠰᠠᠨ ᠡᠨᠧᠷᠭᠢ ᠪᠣᠯᠤᠨ᠎ᠠ᠃      ᠥᠨᠳᠥᠷ ᠳᠠᠷᠤᠯᠲᠠ ᠲᠠᠢ᠂ ᠲᠦᠷᠭᠡᠨ ᠠᠶᠢᠵᠠᠮ ᠴᠣᠬᠢᠯᠭ᠎ᠠ ᠲᠠᠢ ᠠᠮᠢᠳᠤᠷᠠᠯ ᠨᠢ ᠵᠠᠯᠠᠭᠤ ᠬᠥᠮᠦᠰ ᠢ ᠵᠠᠬᠢᠶᠠᠯᠠᠭ᠎ᠠ ᠶᠢᠨ ᠬᠤᠭᠤᠯᠠ ᠵᠠᠬᠢᠶᠠᠯᠠᠬᠤ ᠪᠤᠶᠤ ᠲᠦᠷᠭᠡᠨ ᠬᠤᠭᠤᠯᠠ ᠢᠳᠡᠬᠦ ᠳᠤ ᠨᠠᠩ ᠢᠯᠡᠭᠦᠤ ᠳᠤᠷᠠᠲᠠᠶ ᠪᠣᠯᠭᠠᠳᠠᠭ ᠃ ᠡᠨᠡ ᠲᠥᠷᠥᠯ ᠤᠨ ᠢᠳᠡᠭᠡᠨ ᠨᠢ ᠨᠠᠩ ᠰᠠᠶᠢᠨ ᠠᠮᠲᠠ ᠪᠠ ᠠᠮᠲᠠ ᠶᠢ ᠤᠯᠬᠤ ᠶᠢᠨ ᠲᠥᠯᠥᠭᠡ᠂ ᠲᠣᠰᠣ ᠪᠠ ᠳᠠᠪᠤᠰᠤᠨ ᠤ ᠠᠭᠤᠯᠤᠭᠳᠠᠴᠠ ᠨᠢ ᠨᠡᠯᠢᠶᠡᠳ ᠠᠷᠪᠢᠨ ᠪᠠᠶᠢᠳᠠᠭ᠂ ᠡᠶᠢᠮᠦ ᠠᠴᠠ ᠪᠢᠳᠡ ᠡᠳᠦᠷ ᠪᠦᠷᠢ ᠥᠪᠡᠷ ᠤᠨ ᠬᠡᠷᠡᠭᠴᠡᠭᠡᠨ ᠠᠴᠠ ᠪᠠᠨ ᠬᠤᠯᠠ ᠥᠨᠳᠥᠷ ᠢᠯᠴᠢ ᠶᠢ ᠰᠢᠩᠭᠡᠭᠡᠨ ᠠᠪᠴᠤ᠂ ᠡᠳᠦᠷ ᠤᠳᠠᠭᠠᠨ ᠳᠠᠭᠠᠨ ᠡᠨᠧᠷᠭᠢ ᠬᠤᠷᠠᠮᠳᠤᠨ᠂ ᠬᠡᠲᠦ ᠬᠦᠨᠳᠦ᠂ ᠴᠢᠨᠠᠭᠰᠢᠯᠠᠪᠠᠯ ᠮᠠᠷᠢᠶᠠᠯᠠᠳᠠᠭ᠃      03 . ᠬᠥᠳᠡᠯᠭᠡᠭᠡᠨ ᠤ ᠬᠡᠮᠵᠢᠶ᠎ᠡ ᠬᠦᠷᠦᠯᠴᠡᠬᠦ ᠦᠭᠡᠢ      ᠴᠠᠭ ᠦᠶ᠎ᠡ ᠶᠢᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠪᠰᠢᠯᠳᠠ ᠶᠢ ᠳᠠᠭᠠᠯᠳᠤᠨ᠂ ᠴᠤᠯᠤ ᠪᠡᠶ᠎ᠡ ᠶᠢᠨ ᠬᠥᠳᠡᠯᠮᠦᠷᠢ ᠤᠯᠠᠮ ᠠᠴᠠ ᠤᠯᠠᠮ ᠴᠥᠭᠡᠷᠡᠵᠦ᠂ ᠣᠯᠠᠩᠬᠢ ᠬᠥᠮᠦᠰ ᠤᠨ ᠰᠤᠷᠤᠯᠴᠠᠬᠤ᠂ ᠠᠵᠢᠯᠯᠠᠬᠤ ᠦᠶ᠎ᠡ ᠶᠢᠨ ᠬᠥᠳᠡᠯᠭᠡᠭᠡᠨ ᠤ ᠬᠦᠷᠢᠶ᠎ᠡ ᠬᠡᠪᠴᠢᠶ᠎ᠡ ᠨᠢ ᠪᠦᠷ ᠭᠤᠷᠪᠠᠨ ᠲᠤᠬᠤᠢ ᠪᠢᠴᠢᠭ ᠤᠨ ᠰᠢᠷᠡᠭᠡᠨ ᠤ ᠡᠮᠦᠨ᠎ᠡ ᠬᠢᠵᠠᠭᠠᠷᠯᠠᠭᠳᠠᠵᠤ᠂ ᠠᠵᠢᠯ ᠶᠠᠭᠠᠷᠠᠤ᠂ ᠰᠤᠷᠤᠯᠭ᠎ᠠ ᠬᠦᠨᠳᠦ ᠪᠠᠶᠢᠵᠤ᠂ ᠤᠳᠦ ᠦᠶ᠎ᠡ ᠶᠢᠨ ᠵᠠᠯᠠᠭᠤᠴᠤᠳ ᠤᠨ ᠠᠵᠢᠯ ᠤᠨ ᠴᠢᠯᠥᠭᠡᠨ ᠤ ᠬᠢᠵᠠᠭᠠᠷ ᠲᠠᠢ ᠴᠠᠭ ᠢ ᠪᠠᠭᠠᠰᠬᠠᠵᠤ᠂ ᠬᠥᠳᠡᠯᠭᠡᠭᠡᠨ ᠬᠢᠬᠦ ᠴᠠᠭ ᠢ ᠴᠤ ᠮᠠᠰᠢ ᠴᠥᠭᠡᠨ ᠬᠤᠪᠢᠶᠠᠵᠤ ᠥᠭᠲᠡᠭ︔ ᠲᠡᠭᠡᠬᠦ ᠮᠥᠷᠲᠡᠭᠡᠨ ᠨᠢᠭᠡ ᠡᠳᠦᠷ ᠶᠠᠳᠠᠷᠠᠭᠰᠠᠨ ᠤ ᠳᠠᠷᠠᠭ᠎ᠠ ᠣᠯᠠᠩᠬᠢ ᠬᠥᠮᠦᠰ ᠰᠠᠭᠤᠬᠤ ᠪᠤᠶᠤ ᠬᠡᠪᠲᠡᠵᠦ ᠠᠮᠠᠷᠠᠬᠤ ᠶᠢ ᠰᠣᠩᠭᠤᠳᠠᠭ︔ ᠡᠭᠦᠨ ᠤ ᠬᠠᠮᠲᠤ᠂ ᠨᠢᠭᠡ ᠡᠳᠦᠷ ᠶᠠᠳᠠᠷᠠᠭᠰᠠᠨ ᠤ ᠳᠠᠷᠠᠭ᠎ᠠ᠂ ᠣᠯᠠᠩᠬᠢ ᠬᠥᠮᠦᠰ ᠰᠠᠭᠤᠬᠤ ᠪᠤᠶᠤ ᠬᠡᠪᠲᠡᠵᠦ ᠠᠮᠠᠷᠠᠬᠤ ᠶᠢ ᠰᠣᠩᠭᠤᠳᠠᠭ᠃ ᠠᠰᠠᠷ ᠲᠤ ᠭᠠᠷᠴᠤ ᠪᠠᠭᠤᠬᠤ ᠳᠤ ᠴᠠᠬᠢᠯᠭᠠᠨ ᠱᠠᠲᠤ ᠲᠠᠢ᠂ ᠶᠠᠪᠤᠵᠤ ᠰᠠᠭᠤᠬᠤ ᠳᠤ ᠳᠥᠭᠦᠮ ᠳᠥᠲᠡ ᠪᠥᠭᠡᠳ ᠬᠥᠭᠵᠢᠭᠰᠡᠨ ᠰᠦᠯᠵᠢᠶᠡᠨ ᠤ ᠪᠣᠯᠵᠣᠭᠠᠲᠤ ᠲᠡᠷᠭᠡ᠂ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠲᠠᠢ ᠪᠠᠶᠢᠵᠤ᠂ ᠳᠤᠭᠤᠶ ᠲᠡᠷᠭᠡ ᠶᠢ ᠴᠦ ᠴᠠᠬᠢᠯᠭᠠᠨ ᠬᠥᠳᠡᠯᠭᠡᠭᠦᠷ ᠢ ᠰᠣᠩᠭᠤᠵᠤ ᠪᠣᠯᠤᠨ᠎ᠠ᠃ ᠡᠶᠢᠮᠦᠷᠬᠦᠦ ᠤᠳᠠᠭᠠᠨ ᠰᠠᠭᠤᠵᠤ ᠪᠠᠭ᠎ᠠ ᠬᠥᠳᠡᠯᠬᠦ᠂ ᠳᠣᠣᠷ᠎ᠠ ᠪᠡᠶ᠎ᠡ ᠶᠢᠨ ᠬᠥᠳᠡᠯᠭᠡᠭᠡᠨ ᠬᠢᠬᠦ ᠠᠮᠢᠳᠤᠷᠠᠯ ᠤᠨ ᠠᠷᠭ᠎ᠠ ᠮᠠᠶ᠋ᠢᠭ ᠨᠢ ᠮᠠᠨ ᠤ ᠪᠤᠯᠴᠢᠩ ᠤᠨ ᠬᠡᠮᠵᠢᠶ᠎ᠡ ᠶᠢ ᠪᠠᠭᠤᠷᠠᠭᠤᠯᠵᠤ ᠂ ᠡᠨᠧᠷᠭᠢ ᠶᠢᠨ ᠬᠤᠷᠣᠭᠳᠠᠯ ᠢ ᠪᠠᠭᠠᠰᠬᠠᠨ᠂ ᠬᠡᠳᠦ ᠠᠷᠪᠢᠨ ᠦᠯᠡᠳᠡᠵᠦ᠂ ᠬᠡᠳᠦ ᠬᠦᠨᠳᠦ ᠪᠤᠶᠤ ᠮᠠᠷᠢᠶᠠᠯᠠᠬᠤ ᠳᠤ ᠬᠦᠷᠦᠭᠦᠯᠳᠡᠭ᠃      04 . ᠳᠠᠷᠤᠯᠲᠠ ᠶᠡᠭᠡ᠂ ᠤᠨᠲᠠᠬᠤ ᠴᠠᠭ ᠪᠠᠭᠠᠰᠪᠠ      ᠡᠳᠦᠷ ᠰᠥᠨᠢ ᠶᠢᠨ ᠲᠣᠩᠭᠤᠷᠤᠤ ᠠᠮᠢᠳᠤᠷᠠᠯ ᠪᠣᠯ ᠡᠷᠡᠭᠦᠯ ᠮᠡᠨᠳᠦ ᠶᠢᠨ ︽ᠶᠠᠷᠭᠠᠴᠢᠨ︾ ᠮᠥᠨ ᠭᠡᠳᠡᠭ ᠢ ᠤᠯᠠᠮ ᠠᠴᠠ ᠤᠯᠠᠮ ᠣᠯᠠᠨ ᠭᠡᠷᠡᠴᠢ ᠪᠠᠷᠢᠮᠲᠠ ᠭᠡᠷᠡᠴᠢᠯᠡᠵᠦ ᠪᠠᠶᠢᠨ᠎ᠠ᠃ ︽996︾ ᠪᠠ ︽007︾᠎ ᠨᠢ ᠮᠠᠰᠢ ᠣᠯᠠᠨ ᠵᠠᠯᠠᠭᠤᠴᠤᠳ ᠤᠨ ᠠᠮᠢᠳᠤᠷᠠᠯ ᠤᠨ ᠨᠢᠭᠤᠴᠠ ᠲᠡᠮᠳᠡᠭ ᠪᠣᠯᠵᠠᠶ᠃ ᠠᠵᠢᠯ ᠤᠨ ᠰᠢᠯᠲᠠᠭᠠᠨ ᠠᠴᠠ ᠭᠠᠳᠠᠨ᠎ᠠ᠂ ᠣᠯᠠᠩᠬᠢ ᠬᠥᠮᠦᠰ ᠤᠨᠲᠠᠬᠤ ᠠᠴᠠ ᠪᠠᠨ ᠡᠮᠦᠨ᠎ᠡ ᠭᠠᠷ ᠤᠲᠠᠰᠤ ᠪᠠᠨ ᠲᠡᠪᠡᠷᠢᠵᠦ ᠠᠮᠠᠷᠠᠬᠤ ᠳᠤᠷᠠᠲᠠᠶ ᠪᠠᠶᠢᠳᠠᠭ᠃ ᠡᠨᠡ ᠵᠢᠭᠠᠬᠠᠨ ᠭᠡᠷᠡᠯ ᠭᠢᠯᠪᠠᠭ᠎ᠠ ᠨᠢ ᠨᠦᠢᠷ ᠢ ᠬᠥᠭᠡᠭᠡᠵᠦ᠂ ᠰᠥᠨᠢ ᠶᠢ ︽ᠨᠡᠩ ᠲᠦᠢᠯᠪᠤᠷᠢᠲᠠᠶ︾ ᠪᠠᠶᠢᠯᠭᠠᠨ᠎ᠠ ᠭᠡᠳᠡᠭ ᠢ ᠬᠠᠷᠢᠨ ᠮᠡᠳᠡᠬᠦ ᠦᠭᠡᠶ ᠪᠠᠶᠢᠨ᠎ᠠ᠂ ᠭᠡᠬᠦ ᠳᠡᠭᠡᠨ ᠡᠨᠡ ᠵᠢᠭᠠᠬᠠᠨ ᠭᠡᠷᠡᠯ ᠭᠢᠯᠪᠠᠭ᠎ᠠ ᠨᠢ ᠨᠦᠢᠷ ᠢ ᠬᠥᠭᠡᠭᠡᠵᠦ᠂ ᠰᠥᠨᠢ ᠶᠢ ︽ᠨᠡᠩ ᠲᠦᠢᠯᠪᠤᠷᠢᠲᠠᠶ︾ ᠪᠠᠶᠢᠯᠭᠠᠬᠤ ᠶᠢᠨ ᠲᠥᠯᠥᠭᠡ ᠶᠤᠮ᠃      ᠳᠠᠷᠤᠯᠲᠠ ᠶᠡᠭᠡ᠂ ᠨᠦᠢᠷ ᠪᠠᠭ᠎ᠠ ᠨᠢ ᠪᠠᠰᠠ ᠵᠠᠯᠠᠭᠤ ᠬᠥᠮᠦᠰ ᠤᠨ ᠰᠢᠬᠢᠷ ᠰᠢᠵᠢᠩ ᠡᠪᠡᠳᠴᠢᠨ ᠤ ᠡᠭᠦᠰᠬᠦ ᠨᠤᠷᠮ᠎ᠠ ᠥᠨᠳᠥᠷᠵᠢᠭᠰᠡᠨ ᠤ ᠨᠢᠭᠡ ᠶᠡᠭᠡ ᠰᠢᠯᠲᠠᠭᠠᠨ ᠪᠣᠯᠤᠨ᠎ᠠ᠃ ︽ᠨᠠᠷᠠ ᠮᠠᠨᠳᠤᠬᠤ ᠶᠢᠨ ᠳᠠᠭᠠᠤ᠂ ᠨᠠᠷᠠ ᠰᠢᠩᠭᠡᠬᠦ ᠶᠢᠨ ᠳᠠᠭᠠᠤ︾᠎ ᠶᠢᠨ ᠠᠵᠢᠯᠯᠠᠵᠤ ᠠᠮᠠᠷᠠᠬᠤ ᠵᠢᠮ᠎ᠡ ᠶᠣᠰᠣ ᠪᠣᠯ ᠮᠠᠨ ᠤ ᠪᠡᠶ᠎ᠡ ᠳᠤ ᠭᠦᠨ ᠦᠨᠳᠦᠰᠦᠯᠡᠭᠰᠡᠨ ᠲᠣᠭᠲᠠᠴᠠ ᠳᠤ ᠵᠠᠬᠢᠷᠤᠭᠳᠠᠵᠤ ᠪᠠᠶᠢᠳᠠᠭ᠂ ᠡᠨᠡ ᠬᠦ ᠲᠣᠭᠲᠠᠴᠠ ᠨᠢ ᠮᠥᠨ ᠴᠦ ᠮᠠᠨ ᠤ ᠦᠷᠭᠦᠯᠵᠢ ᠳᠤᠷᠠᠳᠳᠠᠭ ︽ᠠᠮᠢᠳᠤ ᠪᠣᠳᠠᠰ ᠤᠨ ᠴᠠᠭ︾ ᠪᠣᠯᠤᠨ᠎ᠠ᠃ ᠡᠨᠡ ᠬᠦ ᠵᠢᠮ᠎ᠡ ᠶᠣᠰᠣ ᠶᠢ ᠵᠥᠷᠢᠴᠡᠪᠡᠯ ᠡᠷᠡᠭᠦᠯ ᠴᠢᠭᠢᠷᠠᠭ ᠤᠨ ᠠᠰᠠᠭᠤᠳᠠᠯ ᠠᠮᠠᠷᠬᠠᠨ ᠭᠠᠷᠤᠨ᠎ᠠ᠃      ᠪᠠᠰᠠ ᠨᠢᠭᠡ ᠤᠳᠠᠭ᠎ᠠ ᠨᠠᠷᠢᠪᠴᠢᠯᠠᠨ ᠦᠵᠡᠶ᠎ᠡ᠂ ᠳᠠᠷᠤᠯᠲᠠ ᠪᠠ ᠰᠥᠨᠢᠵᠢᠨ ᠰᠠᠭᠤᠬᠤ ᠨᠢ ᠬᠡᠷᠬᠢᠨ ᠡᠪᠡᠳᠴᠢᠨ ᠢ ᠡᠭᠦᠰᠭᠡᠳᠡᠭ ᠪᠤᠢ︖ ᠨᠢᠭᠡ ᠵᠢᠱᠢᠶ᠎ᠡ ᠲᠠᠲᠠᠪᠠᠯ᠂ ᠪᠣᠷᠣ ᠳᠠᠪᠬᠤᠷᠭ᠎ᠠ ᠶᠢᠨ ᠠᠯᠺᠣᠣᠯ ᠪᠣᠯ ᠬᠥᠮᠦᠨ ᠤ ᠪᠡᠶ᠎ᠡ ᠶᠢᠨ ᠳᠣᠲᠣᠷᠠᠬᠢ ᠬᠠᠮᠤᠭ ᠨᠡᠶᠢᠲᠡᠯᠢᠭ ᠡᠳᠦᠷ ᠰᠥᠨᠢ ᠶᠢᠨ ᠬᠡᠮᠨᠡᠯ ᠲᠠᠢ ᠬᠤᠷᠮᠣᠨ ᠪᠣᠯᠤᠨ᠎ᠠ᠃ ᠥᠷᠯᠥᠭᠡ ᠡᠷᠲᠡ ᠪᠢᠳᠡᠨ ᠢ ᠰᠡᠷᠢᠬᠦ ᠦᠶ᠎ᠡ ᠳᠤ᠂ ᠪᠣᠷᠣ ᠳᠠᠪᠬᠤᠷᠭ᠎ᠠ ᠶᠢᠨ ᠠᠯᠺᠣᠣᠯ ᠳᠡᠭᠡᠭᠰᠢᠯᠡᠭᠡᠳ ᠪᠦᠬᠦᠯᠢ ᠡᠳᠦᠷ ᠤᠨ ᠬᠠᠮᠤᠭ ᠤᠨ ᠥᠨᠳᠥᠷ ᠲᠦᠪᠰᠢᠨ ᠳᠤ ᠬᠦᠷᠴᠦ᠂ ᠨᠢᠭᠡ ᠡᠳᠦᠷ ᠤᠨ ᠶᠠᠭᠠᠷᠠᠯᠲᠠᠶ ᠠᠮᠢᠳᠤᠷᠠᠯ ᠢ ᠠᠷᠭᠠᠴᠠᠵᠤ᠂ ᠦᠳᠡ ᠶᠢᠨ ᠬᠤᠶᠢᠨ᠎ᠠ ᠠᠭᠠᠵᠢᠮ ᠢᠶᠠᠷ ᠳᠣᠷᠣᠭᠰᠢᠯᠠᠵᠤ᠂ ᠰᠥᠨᠢ ᠳᠦᠯᠢ ᠶᠢᠨ ᠦᠶ᠎ᠡ ᠪᠠᠷ ᠬᠠᠮᠤᠭ ᠤᠨ ᠳᠣᠣᠷ᠎ᠠ ᠲᠦᠪᠰᠢᠨ ᠳᠤ ᠬᠦᠷᠳᠡᠭ᠃ ᠬᠦᠷᠦᠰᠦᠮᠡᠭ ᠤᠨ ᠠᠯᠺᠣᠣᠯ ᠪᠣᠯ ᠨᠢᠭᠡ ᠵᠦᠢᠯ ᠤᠨ ᠳᠠᠷᠤᠯᠲᠠ ᠶᠢᠨ ᠬᠤᠷᠮᠣᠨ ᠮᠥᠨ᠂ ᠪᠢᠳᠡᠨ ᠳᠤ ᠳᠠᠷᠤᠯᠲᠠ ᠨᠡᠮᠡᠭᠳᠡᠬᠦ ᠪᠤᠶᠤ ᠰᠥᠨᠢ ᠳᠦᠯᠢ ᠪᠠᠷ ᠮᠥᠨ ᠯᠡ ᠰᠡᠷᠡᠬᠦ ᠪᠠᠶᠢᠳᠠᠯ ᠳᠤ ᠪᠠᠶᠢᠬᠤ ᠦᠶ᠎ᠡ ᠳᠤ᠂ ᠶᠡᠭᠡ ᠲᠠᠷᠢᠬᠢ ᠳᠠᠷᠤᠶ ᠪᠢᠳᠡᠨ ᠢ ︽ᠬᠢᠮᠤᠷᠠᠯ ᠤᠨ ᠳᠤᠮᠳᠠ ᠪᠠᠶᠢᠨ᠎ᠠ︾᠂ ᠠᠪᠤᠷᠠᠨ ᠲᠤᠰᠠᠯᠠᠬᠤ ᠴᠢᠬᠤᠯᠠᠲᠠᠶ ᠭᠡᠵᠦ ᠦᠵᠡᠳᠡᠭ᠂ ᠡᠶᠢᠮᠦ ᠠᠴᠠ ᠬᠦᠷᠦᠰᠦᠮᠡᠭ ᠤᠨ ᠠᠯᠺᠣᠣᠯ ᠢ ᠵᠣᠬᠢᠴᠠᠩᠭᠤᠶ ᠪᠠᠷ ᠨᠡᠮᠡᠭᠳᠡᠭᠦᠯᠵᠦ᠂ ᠪᠢᠳᠡᠨ ᠤ ︽ᠬᠢᠮᠤᠷᠠᠯ︾᠎ ᠢ ᠲᠤᠭᠤᠯᠬᠤ ᠶᠢ ᠬᠠᠮᠠᠭᠠᠯᠠᠨ᠎ᠠ᠃ ᠡᠨᠡ ᠬᠦ ᠬᠤᠷᠮᠣᠨ ᠨᠢ ᠨᠦᠢᠷ ᠤᠨ ᠠᠷᠠᠯ ᠤᠨ ᠡᠳ᠋ ᠢ ᠡᠰᠡᠷᠭᠦᠴᠡᠬᠦ ᠦᠢᠯᠡᠳᠦᠯ ᠲᠠᠢ᠂ ᠴᠢᠰᠤᠨ ᠰᠢᠬᠢᠷ ᠢ ᠥᠨᠳᠥᠷᠵᠢᠭᠦᠯᠵᠦ᠂ ᠨᠦᠢᠷ ᠤᠨ ᠠᠷᠠᠯ ᠤᠨ ᠡᠳ᠋ ᠤᠨ ᠡᠰᠡᠷᠭᠦᠴᠡᠯ ᠢ ᠨᠡᠮᠡᠭᠳᠡᠭᠦᠯᠵᠦ᠂ ᠥᠭᠡᠬᠦ ᠣᠪᠣᠭᠠᠷᠠᠬᠤ ᠶᠢ ᠡᠭᠦᠰᠭᠡᠨ᠎ᠡ᠃ ᠬᠦᠷᠦᠰᠦᠮᠡᠭ ᠤᠨ ᠠᠯᠺᠣᠣᠯ ᠮᠡᠲᠦ ᠶᠢᠨ ᠡᠳᠦᠷ ᠰᠥᠨᠢ ᠶᠢᠨ ᠬᠡᠮᠨᠡᠯ ᠲᠠᠢ ᠬᠤᠷᠮᠣᠨ ᠮᠠᠨ ᠤ ᠪᠡᠶ᠎ᠡ ᠳᠤ ᠪᠠᠰᠠ ᠮᠠᠰᠢ ᠠᠷᠪᠢᠨ ᠪᠠᠶᠢᠳᠠᠭ᠃      ᠠᠯᠢ ᠨᠢ ᠰᠢᠬᠢᠷ ᠰᠢᠵᠢᠩ ᠡᠪᠡᠳᠴᠢᠨ ᠤ ᠳᠣᠬᠢᠶ᠎ᠠ ᠪᠣᠢ ?      ᠪᠡᠶ᠎ᠡ ᠮᠠᠬᠠᠪᠣᠳ ᠲᠤ ᠶᠠᠮᠠᠷ ᠶᠠᠮᠠᠷ ᠳᠣᠬᠢᠶ᠎ᠠ ᠪᠠᠶᠢᠪᠠᠯ ᠰᠢᠬᠢᠷ ᠰᠢᠵᠢᠩ ᠡᠪᠡᠳᠴᠢᠨ ᠳᠤ ︽ᠭᠡᠲᠡᠭᠳᠡᠬᠦ︾᠎ ᠠᠴᠠ ᠰᠡᠷᠡᠮᠵᠢᠯᠡᠬᠦ ᠬᠡᠷᠡᠭᠲᠡᠶ ᠪᠣᠢ︖ ᠳᠣᠣᠷᠠᠬᠢ ᠠᠯᠢ ᠨᠢᠭᠡ ᠵᠤᠷᠪᠤᠰ ᠢ ᠬᠠᠩᠭᠠᠪᠠᠯ ᠳᠠᠷᠤᠶ ᠰᠢᠬᠢᠷ ᠰᠢᠵᠢᠩ ᠡᠪᠡᠳᠴᠢᠨ ᠤ ᠠᠶᠤᠯ ᠶᠡᠬᠡᠲᠡᠶ ᠬᠥᠮᠦᠰ ᠭᠡᠵᠦ ᠦᠵᠡᠵᠦ ᠪᠣᠯᠤᠨ᠎ᠠ᠂ ᠡᠶᠢᠮᠦ ᠠᠴᠠ ᠴᠢᠰᠤᠨ ᠰᠢᠬᠢᠷ ᠤᠨ ᠬᠤᠪᠢᠷᠠᠯᠲᠠ ᠶᠢ ᠨᠢᠭᠲᠠ ᠠᠩᠬᠠᠷᠬᠤ ᠬᠡᠷᠡᠭᠲᠡᠶ᠃      1. ᠰᠢᠬᠢᠷ ᠰᠢᠵᠢᠩ ᠡᠪᠡᠳᠴᠢᠨ ᠤ ᠭᠡᠷ ᠪᠦᠯᠢ ᠶᠢᠨ ᠲᠡᠦᠬᠡ ᠲᠠᠢ ᠬᠥᠮᠦᠨ᠂ ᠣᠨᠴᠠᠭᠠᠶᠢᠯᠠᠨ ᠡᠴᠢᠭᠡ ᠡᠬᠡ᠂ ᠠᠬ᠎ᠠ ᠳᠡᠭᠦᠦ᠂ ᠦᠷ᠎ᠡ ᠬᠡᠦᠬᠡᠳ ᠤᠨ ᠳᠣᠲᠣᠷ᠎ᠠ ᠰᠢᠬᠢᠷ ᠰᠢᠵᠢᠩ ᠡᠪᠡᠳᠴᠢᠲᠡᠨ ᠪᠠᠶᠢᠳᠠᠭ᠃      2 . ᠬᠡᠳᠦ ᠬᠦᠨᠳᠦ ᠪᠤᠶᠤ ᠮᠠᠷᠢᠶ᠎ᠠ ᠲᠠᠢ ᠬᠥᠮᠦᠨ᠄ ᠪᠡᠶ᠎ᠡ ᠶᠢᠨ ᠮᠠᠰ ᠤᠨ ᠢᠯᠡᠳᠬᠡᠭᠴᠢ ᠲᠤᠭ᠎ᠠ ︵BMI︶ >24 ᠪᠠ ︵ᠡᠰᠡᠬᠦᠯ᠎ᠡ︶ ᠲᠥᠪ ᠤᠨ ᠴᠢᠨᠠᠷᠲᠠᠶ ᠮᠠᠷᠢᠶ᠎ᠠ ᠲᠠᠢ ︵ᠡᠷᠡᠭᠲᠡᠶ ᠶᠢᠨ ᠪᠦᠰᠡᠯᠡᠭᠦᠷ 90cm᠂ ᠡᠮᠡᠭᠲᠡᠶ ᠶᠢᠨ ᠪᠦᠰᠡᠯᠡᠭᠦᠷ 85 cm︶᠃      3 . ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠳᠤᠲᠠᠮᠠᠭ ᠬᠥᠮᠦᠨ᠃      4 . ᠬᠡᠳᠦ ᠲᠣᠮᠣ ᠬᠡᠦᠬᠡᠳ ᠤᠨ ᠬᠥᠩᠭᠡᠵᠢᠭᠰᠡᠨ ᠲᠡᠦᠬᠡ ᠲᠠᠢ ᠪᠤᠶᠤ ᠵᠢᠷᠮᠦᠰᠦᠨ ᠬᠤᠭᠤᠴᠠᠭᠠᠨ ᠤ ᠰᠢᠬᠢᠷ ᠰᠢᠵᠢᠩ ᠡᠪᠡᠳᠴᠢᠨ ᠤ ᠲᠡᠦᠬᠡ ᠲᠠᠢ ᠡᠮᠡᠭᠲᠡᠶ᠂ ᠣᠯᠠᠨ ᠤᠭᠤᠲᠠᠲᠤ ᠥᠨᠳᠡᠭᠡᠪᠴᠢ ᠶᠢᠨ ᠬᠠᠮ ᠭᠡᠮ ᠤᠨ ᠡᠪᠡᠳᠴᠢᠨ ᠤ ᠲᠡᠦᠬᠡ ᠲᠠᠢ ᠡᠮᠡᠭᠲᠡᠶ᠃      5 . ᠬᠠᠷ᠎ᠠ ᠥᠷᠭᠡᠰᠦᠯᠢᠭ ᠠᠷᠠᠰᠤᠨ ᠤ ᠡᠪᠡᠳᠴᠢᠨ ᠳᠤ ᠨᠡᠷᠪᠡᠭᠳᠡᠭᠰᠡᠳ᠃      6 . ᠴᠢᠰᠤᠨ ᠳᠠᠷᠤᠯᠲᠠ ᠥᠨᠳᠥᠷ᠂ ᠵᠢᠷᠦᠬᠡᠨ ᠲᠢᠲᠢᠮ ᠤᠨ ᠡᠪᠡᠳᠴᠢᠨ᠂ ᠴᠢᠰᠤᠨ ᠤ ᠥᠭᠡᠬᠦ ᠡᠷᠡᠭᠦᠯ ᠪᠤᠰᠤ ᠡᠪᠡᠳᠴᠢᠲᠡᠨ᠃      7 . ᠭᠤᠨᠠᠨ ᠠᠯᠺᠣᠣᠯ ᠤᠨ ᠲᠥᠷᠥᠯ ᠤᠨ ᠡᠮ ᠢ ᠬᠡᠷᠡᠭᠯᠡᠭᠰᠡᠨ ᠲᠡᠦᠬᠡ ᠲᠠᠢ ᠪᠤᠶᠤ ᠤᠷᠲᠤ ᠬᠤᠭᠤᠴᠠᠭ᠎ᠠ ᠪᠠᠷ ᠮᠡᠳᠡᠷᠡᠯ ᠤᠨ ᠡᠪᠡᠳᠴᠢᠨ ᠢ ᠡᠰᠡᠷᠭᠦᠴᠡᠬᠦ ᠡᠮ᠂ ᠪᠤᠬᠢᠨᠢᠳᠤᠯ ᠭᠡᠮ ᠢ ᠡᠰᠡᠷᠭᠦᠴᠡᠬᠦ ᠡᠮ ᠢᠶᠠᠷ ᠡᠮᠨᠡᠨ ᠵᠠᠰᠠᠭᠰᠠᠨ ᠡᠪᠡᠳᠴᠢᠲᠡᠨ᠃      ᠡᠮ ᠤᠤᠭᠤᠬᠤ ᠦᠭᠡᠢ ᠴᠦ ᠭᠡᠰᠡᠨ ᠥᠨᠳᠥᠷ ᠴᠢᠰᠤᠨ ᠰᠢᠬᠢᠷ ᠠᠴᠠ ᠠᠩᠭᠢᠵᠢᠷᠠᠵᠤ ᠴᠢᠳᠠᠨ᠎ᠠ᠃      ᠡᠮᠴᠢ ᠠᠴᠠ ᠨᠠᠷᠢᠨ ᠨᠢᠭᠲᠠ ᠠᠰᠠᠭᠤᠨ ᠣᠨᠣᠰᠢᠯᠠᠬᠤ ᠶᠢᠨ ᠬᠠᠮᠲᠤ ᠰᠢᠶᠤᠤ ᠭᠤᠤ ᠶᠢᠨ ᠦᠵᠦᠮ ᠤᠨ ᠰᠢᠬᠢᠷ ᠤᠨ ᠳᠠᠭᠠᠭᠠᠴᠠ ᠶᠢᠨ ᠲᠤᠷᠰᠢᠯᠲᠠ ︵OGTT︶᠎ ᠶᠢᠨ ᠪᠠᠶᠢᠴᠠᠭᠠᠯᠲᠠ ᠶᠢᠨ ᠳ᠋ᠦᠩ ᠲᠠᠢ ᠤᠶᠠᠯᠳᠤᠭᠤᠯᠤᠨ᠂ ᠲᠡᠭᠦᠨ ᠢ ᠰᠢᠬᠢᠷ ᠰᠢᠵᠢᠩ ᠡᠪᠡᠳᠴᠢᠨ ᠤ ᠡᠬᠢᠨ ᠤ ᠬᠤᠭᠤᠴᠠᠭ᠎ᠠ ᠭᠡᠵᠦ ᠣᠨᠣᠰᠢᠯᠠᠪᠠ᠃ ᠰᠢᠶᠤᠤ ᠭᠤᠣ ᠡᠮᠴᠢ ᠠᠴᠠ ᠄ ︽ᠶᠠᠭᠠᠬᠢᠪᠠᠯ ᠰᠠᠶ᠋ᠢ ᠡᠮ ᠤᠤᠭᠤᠬᠤ ᠦᠭᠡᠶ ᠪᠠᠷ ᠥᠪᠡᠷ ᠤᠨ ᠴᠢᠰᠤᠨ ᠰᠢᠬᠢᠷ ᠢᠶᠠᠨ ᠬᠡᠪ ᠤᠨ ᠪᠠᠶᠢᠳᠠᠯ ᠳᠤᠨᠢ ᠣᠷᠣᠭᠤᠯᠬᠤ ᠪᠤᠶ ᡼︾ ᠭᠡᠵᠦ ᠠᠰᠠᠭᠤᠪᠠ᠃ ᠡᠮᠴᠢ ᠲᠡᠭᠦᠨ ᠳᠤ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶᠢᠭ ᠤᠨ ᠵᠣᠷ ᠪᠢᠴᠢᠵᠦ ᠥᠭᠪᠡ᠃      01 . ᠵᠣᠬᠢᠰᠲᠠᠶ ᠢᠳᠡᠭᠡᠨ ᠤᠮᠳᠠᠭᠠᠨ      ︽ᠠᠮᠠ ᠪᠠᠨ ᠬᠠᠮᠬᠢᠶ᠎ᠠ︾ ᠭᠡᠳᠡᠭ ᠨᠢ ᠶᠠᠭᠤ ᠶᠢ ᠴᠤ ᠢᠳᠡᠵᠦ ᠪᠣᠯᠬᠤ ᠦᠭᠡᠶ ᠭᠡᠰᠡᠨ ᠶᠠᠪᠤᠳᠠᠯ ᠪᠢᠰᠢ᠂ ᠬᠠᠷᠢᠨ ᠡᠪᠲᠡᠶ ᠰᠠᠶᠢᠬᠠᠨ ᠢᠳᠡᠬᠦ ᠶᠢᠨ ᠲᠥᠯᠥᠭᠡ ᠶᠤᠮ᠃      ᠡᠩ ᠲᠡᠷᠢᠭᠦᠨ ᠳᠤ ᠶᠡᠷᠦᠩᠬᠡᠶ ᠢᠯᠴᠢ ᠶᠢᠨ ᠬᠡᠮᠵᠢᠶ᠎ᠡ ᠶᠢ ᠬᠢᠵᠠᠭᠠᠷᠯᠠᠵᠤ᠂ ᠥᠪᠡᠷ ᠤᠨ ᠪᠡᠶ᠎ᠡ ᠶᠢᠨ ᠬᠦᠨᠳᠦ᠂ ᠬᠥᠳᠡᠯᠭᠡᠭᠡᠨ ᠤ ᠬᠡᠮᠵᠢᠶ᠎ᠡ ᠪᠠᠨ ᠦᠨᠳᠦᠰᠦᠯᠡᠨ ᠡᠳᠦᠷ ᠪᠦᠷᠢ ᠶᠢᠨ ᠬᠡᠷᠡᠭᠰᠡᠬᠦ ᠡᠨᠧᠷᠭᠢ ᠶᠢ ᠪᠠᠷᠤᠭᠴᠠᠭᠠᠯᠠᠨ ᠪᠣᠳᠣᠵᠤ᠂ ᠳᠠᠬᠢᠨ ᠡᠳᠡᠭᠡᠷ ᠡᠨᠧᠷᠭᠢ ᠶᠢ ᠬᠠᠷᠢᠴᠠᠯ ᠲᠠᠢ ᠪᠠᠷ ᠡᠳᠦᠷ ᠤᠨ ᠭᠤᠷᠪᠠᠨ ᠴᠠᠭ ᠤᠨ ᠬᠤᠭᠤᠯᠠ ᠪᠣᠯᠭᠠᠨ ᠬᠤᠪᠢᠶᠠᠷᠢᠯᠠᠨ᠎ᠠ ᠃ ᠰᠢᠶᠤᠤ ᠭᠤᠤ ᠮᠡᠲᠦ ᠶᠢᠨ ᠬᠦᠨᠳᠦᠴᠡ ᠠᠴᠠ ᠬᠡᠲᠦᠷᠡᠭᠰᠡᠨ ᠬᠥᠮᠦᠰ ᠲᠤ ᠠᠪᠴᠤ ᠬᠡᠯᠡᠪᠡᠯ᠂ ᠬᠦᠨᠳᠦᠴᠡ ᠶᠢ ᠪᠠᠭᠤᠷᠠᠭᠤᠯᠬᠤ ᠬᠤᠭᠤᠴᠠᠭᠠᠨ ᠳᠤ ᠡᠨᠧᠷᠭᠢ ᠶᠢᠨ ᠰᠥᠭᠡᠷᠭᠦ ᠲᠡᠩᠴᠡᠭᠦᠷᠢ ᠶᠢ ᠪᠠᠲᠤᠯᠠᠬᠤ ᠬᠡᠷᠡᠭᠲᠡᠶ — ᠥᠭᠡᠷ᠎ᠡ ᠪᠠᠷ ᠬᠡᠯᠡᠪᠡᠯ ᠣᠷᠣᠭᠤᠯᠤᠯᠲᠠ ᠨᠢ ᠬᠤᠷᠣᠭᠳᠠᠯ ᠠᠴᠠ ᠪᠠᠭ᠎ᠠ ᠪᠠᠶᠢᠵᠤ᠂ ᠨᠡᠭᠦᠷᠡᠰᠦᠲᠥ᠋ᠷᠥᠭᠴᠢ ᠪᠠᠭ᠎ᠠ ᠤᠰᠤ᠂ ᠥᠭᠡᠬᠦ ᠪᠠᠭ᠎ᠠ ᠢᠳᠡᠭᠡᠨ ᠤᠮᠳᠠᠭᠠᠨ ᠢ ᠬᠡᠷᠡᠭᠯᠡᠬᠦ ᠶᠢ ᠰᠠᠨᠠᠭᠠᠴᠢᠯᠠᠨ᠎ᠠ᠂ ᠭᠡᠪᠡᠴᠦ ᠨᠡᠭᠦᠷᠡᠰᠦᠲᠥ᠋ᠷᠥᠭᠴᠢ ᠤᠰᠤ ᠥᠬᠡᠶ ᠺᠤᠲ᠋ᠤᠨᠳᠤ ᠢᠳᠡᠭᠡᠨ ᠤᠮᠳᠠᠭᠠᠨ ᠢ ᠬᠡᠷᠡᠭᠯᠡᠬᠦ ᠶᠢ ᠰᠠᠨᠠᠭᠠᠴᠢᠯᠠᠬᠤ ᠥᠬᠡᠶ᠃      ᠳᠠᠷᠠᠭ᠎ᠠ ᠳᠤᠨᠢ᠂ ᠢᠳᠡᠭᠡᠨ ᠢ ᠰᠣᠩᠭᠤᠬᠤ ᠳᠠᠭᠠᠨ ᠣᠯᠠᠨ ᠶᠠᠩᠵᠤ ᠶᠢᠨ᠂ ᠰᠢᠮ᠎ᠡ ᠲᠡᠵᠢᠭᠡᠯ ᠢ ᠲᠡᠩᠴᠡᠭᠦᠷᠢᠲᠡᠶ ᠪᠠᠶᠢᠯᠭᠠᠬᠤ᠂ ᠮᠢᠬ᠎ᠠ ᠢᠳᠡᠭᠡᠨ ᠢ ᠳᠣᠭᠢᠷᠠᠭᠤᠯᠤᠨ᠂ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠠᠩᠬᠠᠷᠬᠤ ᠬᠡᠷᠡᠭᠲᠡᠶ᠃ ᠠᠳᠠᠯᠢ ᠬᠡᠮᠵᠢᠶᠡᠨ ᠤ ᠢᠳᠡᠰᠢᠯᠡᠬᠦ ᠪᠠᠶᠢᠳᠠᠯ ᠳᠣᠣᠷ᠎ᠠ᠂ ᠡᠨᠧᠷᠭᠢ ᠶᠢᠨ ᠬᠡᠮᠵᠢᠶ᠎ᠡ ᠳᠣᠣᠷ᠎ᠠ᠂ ᠯᠢᠲᠷ ᠰᠢᠬᠢᠷ ᠤᠨ ᠢᠯᠡᠳᠬᠡᠭᠴᠢ ᠲᠤᠭ᠎ᠠ ᠳᠣᠣᠷ᠎ᠠ ᠢᠳᠡᠭᠡᠨ ᠢ ᠰᠣᠩᠭᠤᠨ᠎ᠠ᠃      ᠬᠠᠮᠤᠭ ᠰᠡᠭᠦᠯ ᠳᠤ᠂ ᠰᠢᠬᠢᠷ ᠰᠢᠵᠢᠩ ᠡᠪᠡᠳᠴᠢᠨ ᠪᠠᠶᠢᠬᠤ ᠡᠰᠡᠬᠦ ᠶᠢ ᠬᠠᠮᠢᠶᠠᠷᠤᠯ ᠦᠭᠡᠢ ᠴᠥᠮ ᠲᠠᠮᠠᠬᠢ ᠪᠠᠨ ᠵᠣᠭᠰᠣᠵᠤ ᠠᠷᠢᠬᠢ ᠶᠢ ᠬᠢᠵᠠᠭᠠᠷᠯᠠᠬᠤ ᠬᠡᠷᠡᠭᠲᠡᠶ᠃      02 . ᠵᠣᠬᠢᠬᠤ ᠬᠡᠮᠵᠢᠶᠡᠨ ᠤ ᠬᠥᠳᠡᠯᠭᠡᠭᠡᠨ      ᠠᠮᠢ ᠨᠠᠰᠤ ᠪᠣᠯ ᠬᠥᠳᠡᠯᠭᠡᠭᠡᠨ ᠳᠤ ᠪᠠᠶ᠋ᠳᠠᠭ᠃ ᠰᠤᠳᠤᠯᠭᠠᠨ ᠤ ᠢᠯᠡᠷᠡᠭᠦᠯᠦᠭᠰᠡᠨ ᠢᠶᠠᠷ᠂ ᠤᠳᠠᠭᠠᠨ ᠰᠠᠭᠤᠬᠤ ᠶᠢᠨ ᠳᠤᠮᠳᠠ ᠠᠴᠠ ᠪᠣᠰᠴᠤ ᠵᠣᠭᠰᠣᠪᠠᠯ ᠳᠠᠷᠤᠶ ᠠᠰᠢᠭ ᠭᠥᠷᠳᠡᠵᠦ ᠪᠣᠯᠤᠨ᠎ᠠ᠃ ᠬᠥᠳᠡᠯᠭᠡᠭᠡᠨ ᠬᠢᠬᠦ ᠨᠢ ᠳᠤᠫᠠᠮᠢᠨ ᠤ ᠰᠢᠭᠦᠷᠡᠯᠲᠡ ᠶᠢ ᠠᠬᠢᠭᠤᠯᠵᠤ᠂ ᠬᠥᠮᠦᠰ ᠲᠤ ᠪᠠᠶᠠᠷ ᠪᠠᠶᠠᠰᠤᠯ ᠲᠥᠷᠥᠭᠦᠯᠵᠦ᠂ ᠳᠠᠷᠤᠯᠲᠠ ᠶᠢᠨ ᠰᠡᠷᠡᠯ ᠢ ᠪᠠᠭᠠᠰᠬᠠᠳᠠᠭ᠃ ᠬᠥᠳᠡᠯᠭᠡᠭᠡᠨ ᠤ ᠠᠷᠭ᠎ᠠ ᠮᠠᠶ᠋ᠢᠭ᠂ ᠬᠦᠴᠦᠯᠡᠴᠡ᠂ ᠴᠠᠭ ᠬᠤᠭᠤᠴᠠᠭ᠎ᠠ ᠶᠢ ᠰᠣᠩᠭᠤᠬᠤ ᠳᠠᠭᠠᠨ ᠬᠥᠮᠦᠨ ᠬᠥᠮᠦᠨ ᠤ ᠪᠠᠶᠢᠳᠠᠯ ᠳᠤᠨᠢ ᠲᠣᠬᠢᠷᠠᠭᠤᠯᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠵᠤ᠂ ᠤᠳᠠᠭᠠᠨ ᠳᠠᠭᠠᠭᠠᠮᠠᠭᠠᠶ ᠪᠠᠷᠢᠮᠲᠠᠯᠠᠬᠤ ᠬᠡᠷᠡᠭᠲᠡᠶ᠃      ᠭᠠᠷᠠᠭ ᠪᠦᠷᠢ ᠨᠠᠭᠠᠳᠤ ᠵᠠᠬ᠎ᠠ ᠳᠠᠭᠠᠨ 150 ᠮᠢᠨᠦ᠋ᠲ ᠠᠴᠠ ᠥᠨᠳᠥᠷ ᠬᠦᠴᠦᠯᠡᠴᠡ ᠲᠠᠢ ᠬᠦᠴᠢᠯᠲᠥ᠋ᠷᠥᠭᠴᠢᠲᠦ ᠬᠥᠳᠡᠯᠭᠡᠭᠡᠨ ᠳᠤ ᠣᠷᠣᠯᠴᠠᠬᠤ ᠪᠤᠶᠤ ᠭᠠᠷᠠᠭ ᠪᠦᠷᠢ ᠨᠠᠭᠠᠳᠤ ᠵᠠᠬ᠎ᠠ ᠳᠠᠭᠠᠨ 75 ᠮᠢᠨᠦ᠋ᠲ ᠤᠨ ᠥᠨᠳᠥᠷ ᠬᠦᠴᠦᠯᠡᠴᠡ ᠲᠠᠢ ᠬᠦᠴᠢᠯᠲᠥ᠋ᠷᠥᠭᠴᠢᠲᠦ ᠬᠥᠳᠡᠯᠭᠡᠭᠡᠨ ᠳᠤ ᠣᠷᠣᠯᠴᠠᠬᠤ ᠶᠢ ᠰᠠᠨᠠᠭᠤᠯᠤᠶ᠎ᠠ︔ ᠭᠠᠷᠠᠭ ᠪᠦᠷᠢ 2~3 ᠪᠦᠯᠦᠭ ᠰᠠᠭᠠᠲᠠᠭᠤᠯᠬᠤ ᠬᠦᠴᠦ ᠶᠢ ᠡᠰᠡᠷᠭᠦᠴᠡᠬᠦ ᠬᠥᠳᠡᠯᠭᠡᠭᠡᠨ ᠬᠢᠵᠦ᠂ ᠥᠭᠡᠬᠦ ᠶᠢ ᠪᠠᠭᠠᠰᠬᠠᠬᠤ ᠶᠢᠨ ᠬᠠᠮᠲᠤ ᠪᠤᠯᠴᠢᠩ ᠤᠨ ᠬᠡᠮᠵᠢᠶ᠎ᠡ ᠶᠢ ᠨᠡᠮᠡᠭᠳᠡᠭᠦᠯᠦᠨ᠎ᠡ᠃ ᠨᠡᠩ ᠣᠯᠠᠨ ᠪᠤᠯᠴᠢᠩ ᠨᠢ ᠨᠡᠩ ᠴᠢᠩᠭ᠎ᠠ ᠢᠰᠦᠯᠳᠦᠬᠦ ᠴᠢᠳᠠᠪᠤᠷᠢ ᠪᠠ ᠰᠢᠷᠬᠡᠭᠯᠢᠭ ᠮᠥᠬᠦᠯᠢᠭ ᠪᠡᠶ᠎ᠡ ᠶᠢᠨ ᠠᠭᠤᠯᠤᠭᠳᠠᠴᠠ᠂ ᠨᠡᠩ ᠥᠨᠳᠥᠷ ᠬᠢᠯᠭᠠᠰᠤᠨ ᠰᠤᠳᠠᠯ ᠤᠨ ᠨᠢᠭᠲᠠᠴᠠ ᠶᠢ ᠬᠠᠷᠠᠭᠤᠯᠵᠤ᠂ ᠨᠦᠢᠷ ᠤᠨ ᠠᠷᠠᠯ ᠤᠨ ᠡᠳ᠋ ᠤᠨ ᠰᠣᠷᠭᠤᠭ ᠴᠢᠨᠠᠷ ᠢ ᠨᠡᠩ ᠥᠨᠳᠥᠷ ᠪᠣᠯᠭᠠᠳᠠᠭ᠃    03 . ᠪᠡᠶ᠎ᠡ ᠶᠢᠨ ᠬᠦᠨᠳᠦ ᠪᠠᠨ ᠬᠢᠵᠠᠭᠠᠷᠯᠠᠬᠤ      ᠢᠳᠡᠬᠦ ᠶᠢ ᠲᠡᠩᠴᠡᠭᠦᠷᠢ ᠲᠠᠢ ᠪᠠᠶᠢᠯᠭᠠᠵᠤ᠂ ᠪᠡᠶ᠎ᠡ ᠶᠢᠨ ᠬᠦᠨᠳᠦ ᠶᠢ ᠬᠢᠵᠠᠭᠠᠷᠯᠠᠵᠤ᠂ BMI᠎ ᠶᠢ ᠬᠡᠪ ᠤᠨ ᠬᠡᠪᠴᠢᠶᠡᠨ ᠳᠤ ᠬᠦᠷᠲᠡᠯ᠎ᠡ ᠪᠠᠭᠤᠷᠠᠭᠤᠯᠤᠨ᠎ᠠ ︵18.5 ︿BMI ︿24︶᠃      ᠰᠤᠳᠤᠯᠭᠠᠨ ᠤ ᠢᠯᠡᠷᠬᠡᠶᠢᠯᠡᠭᠰᠡᠨ ᠢᠶᠠᠷ᠂ ᠮᠠᠷᠢᠶᠠᠯᠢᠭ ᠡᠪᠡᠳᠴᠢᠲᠡᠨ ᠤ ᠪᠡᠶ᠎ᠡ ᠶᠢᠨ ᠬᠦᠨᠳᠦ ᠶᠢ 5%᠎ ᠪᠠᠷ ᠪᠠᠭᠤᠷᠠᠭᠤᠯᠪᠠᠯ ᠳᠠᠷᠤᠶ ᠡᠷᠡᠭᠦᠯ ᠮᠡᠨᠳᠦ ᠶᠢᠨ ᠠᠰᠢᠭᠲᠠᠶ ᠲᠠᠯ᠎ᠠ ᠶᠢ ᠬᠦᠷᠲᠡᠵᠦ᠂ 5 ᠺᠢᠯᠣᠭ᠍ᠷᠠᠮ ᠪᠡᠶ᠎ᠡ ᠶᠢᠨ ᠬᠦᠨᠳᠦ ᠶᠢ ᠪᠠᠭᠤᠷᠠᠭᠤᠯᠬᠤ ᠠᠴᠠ ᠪᠣᠯᠤᠭᠰᠠᠨ ᠴᠢᠰᠤᠨ ᠰᠢᠬᠢᠷ ᠢ ᠪᠠᠭᠤᠷᠠᠭᠤᠯᠬᠤ ᠠᠰᠢᠭᠲᠠᠶ ᠲᠠᠯ᠎ᠠ ᠶᠢ ᠶᠠᠮᠠᠷᠪᠠ ᠨᠢᠭᠡ ᠵᠦᠢᠯ ᠤᠨ ᠴᠢᠰᠤᠨ ᠰᠢᠬᠢᠷ ᠢ ᠪᠠᠭᠤᠷᠠᠭᠤᠯᠬᠤ ᠡᠮ ᠲᠠᠢ ᠠᠳᠠᠯᠢᠳᠬᠠᠵᠤ ᠪᠣᠯᠬᠤ ᠪᠥᠭᠡᠳ ᠵᠢᠷᠦᠬᠡ ᠴᠢᠰᠤᠨ ᠰᠤᠳᠠᠯ ᠤᠨ ᠡᠪᠡᠳᠴᠢᠨ ᠤ ᠠᠶᠤᠯᠲᠤ ᠡᠯᠧᠮᠧᠨ᠋ᠲ ᠢ ᠪᠠᠭᠤᠷᠠᠭᠤᠯᠵᠤ᠂ ᠠᠮᠢ ᠨᠠᠰᠤᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠵᠤ ᠪᠣᠯᠤᠨ᠎ᠠ᠃      04 . ᠲᠣᠭᠲᠠᠮᠠᠯ ᠪᠡᠶ᠎ᠡ ᠶᠢᠨ ᠪᠠᠶᠢᠴᠠᠭᠠᠯᠲᠠ      ᠡᠷᠲᠡ ᠰᠡᠷᠡᠵᠦ ᠮᠡᠳᠡᠬᠦ᠂ ᠡᠷᠲᠡ ᠣᠨᠣᠰᠢᠯᠠᠬᠤ᠂ ᠡᠷᠲᠡ ᠭᠠᠷ ᠲᠦᠷᠦᠭᠦ᠂ ᠣᠯᠠᠩᠬᠢ ᠡᠪᠡᠳᠴᠢᠨ ᠢ ᠡᠷᠲᠡ ᠦᠶ᠎ᠡ ᠳᠤ ᠪᠦᠷ ᠡᠷᠭᠢᠭᠦᠯᠵᠦ ᠲᠠᠶᠢᠯᠤᠨ᠎ᠠ᠃ ᠰᠢᠬᠢᠷ ᠰᠢᠵᠢᠩ ᠡᠪᠡᠳᠴᠢᠨ ᠤ ᠥᠨᠳᠥᠷ ᠠᠶᠤᠯᠲᠤ ᠡᠯᠧᠮᠧᠨ᠋ᠲ ᠲᠠᠢ ᠬᠥᠮᠦᠨ ᠰᠢᠬᠢᠷ ᠰᠢᠵᠢᠩ ᠡᠪᠡᠳᠴᠢᠨ ᠤ ᠪᠠᠶᠢᠴᠠᠭᠠᠯᠲᠠ ᠶᠢ ᠡᠷᠲᠡ ᠠᠴᠠ ᠡᠬᠢᠯᠡᠵᠦ ᠬᠢᠪᠡᠯ ᠵᠣᠬᠢᠨ᠎ᠠ᠃ ᠦᠷ᠎ᠡ ᠳ᠋ᠦᠩ ᠨᠢ ᠡᠷᠡᠭᠦᠯ ᠪᠣᠯ 3 ᠵᠢᠯ ᠤᠨ ᠳᠣᠲᠣᠷ᠎ᠠ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠳᠠᠪᠲᠠᠨ ᠪᠠᠶᠢᠴᠠᠭᠠᠨ᠎ᠠ᠃ ᠬᠡᠷᠪᠡ ᠥᠯᠥᠨ ᠦᠶ᠎ᠡ ᠶᠢᠨ ᠴᠢᠰᠤᠨ ᠰᠢᠬᠢᠷ > 6.1mmol/L ᠪᠤᠶᠤ ᠲᠠᠰᠢᠷᠠᠮ ᠤᠨ ᠴᠢᠰᠤᠨ ᠰᠢᠬᠢᠷ > 7.8mmol/L ᠪᠣᠯ OGTT ᠪᠠᠶᠢᠴᠠᠭᠠᠯᠲᠠ ᠬᠢᠬᠦ ᠶᠢᠨ ᠬᠠᠮᠲᠤ ᠥᠯᠥᠨ ᠦᠶ᠎ᠡ ᠶᠢᠨ ᠴᠢᠰᠤᠨ ᠰᠢᠬᠢᠷ ᠪᠠ ᠰᠢᠬᠢᠷ ᠤᠨ ᠳᠠᠭᠠᠭᠠᠴᠠ ᠶᠢᠨ ᠳᠠᠷᠠᠭᠠᠬᠢ 2 ᠴᠠᠭ ᠤᠨ ᠴᠢᠰᠤᠨ ᠰᠢᠬᠢᠷ ᠢ ᠬᠢᠨᠠᠨ ᠪᠠᠶᠢᠴᠠᠭᠠᠬᠤ ᠶᠢ ᠰᠠᠨᠠᠭᠤᠯᠵᠤ ᠪᠠᠶᠢᠨ᠎ᠠ᠃ ᠬᠡᠷᠪᠡ ᠬᠡᠪ ᠤᠨ ᠪᠤᠰᠤ ᠪᠠᠶᠢᠳᠠᠯ ᠭᠠᠷᠪᠠᠯ ᠴᠠᠭ ᠲᠤᠬᠠᠶ ᠳᠤᠨᠢ ᠳᠣᠲᠣᠭᠠᠳᠤ ᠰᠢᠭᠦᠷᠡᠯ ᠤᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠦᠨ᠂ ᠲᠤᠰᠬᠠᠶ ᠮᠡᠷᠭᠡᠵᠢᠯ ᠤᠨ ᠵᠢᠯᠣᠭᠤᠳᠬᠤ ᠰᠠᠨᠠᠯ ᠢ ᠣᠯᠤᠨ᠎ᠠ᠃                                   ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3