ᠢᠳᠡᠭᠡᠨ ᠤ ᠠᠮᠤᠷ ᠲᠦᠪᠰᠢᠨ ᠳᠤ ᠬᠤᠯᠪᠣᠭᠳᠠᠨ᠎ᠠ︕ 2023 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2022/10/13
     ᠰᠤᠷᠪᠤᠯᠵᠢᠯᠠᠭᠴᠢ ᠣᠶᠢᠷ᠎ᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠣᠶᠢᠯᠠᠭᠠᠭᠰᠠᠨ ᠨᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠢᠳᠡᠭᠡᠨ ᠤ ᠬᠤᠯᠪᠣᠭᠳᠠᠯ ᠪᠥᠬᠦᠶ ᠦᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ 2023 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠲᠦᠷ ᠬᠡᠷᠡᠭᠵᠢᠭᠦᠯᠬᠦ ᠠᠷᠭ᠎ᠠ ᠳᠤ ᠦᠢᠯᠡᠳᠪᠦᠷᠢᠯᠡᠵᠦ ᠪᠣᠷᠣᠯᠠᠭᠤᠯᠤᠭᠴᠢ ᠶᠢᠨ ︽ᠨᠢᠭᠡᠳᠦᠭᠡᠷ ᠬᠠᠷᠢᠭᠤᠴᠠᠯᠭᠠᠲᠠᠨ︾ ᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯᠲᠠᠨ ᠤ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠢᠯᠡᠳᠪᠦᠷᠢᠯᠡᠭᠴᠢ ᠶᠢ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠳᠣᠭᠢᠷᠠᠭᠤᠯᠬᠤ ᠶᠢ ᠱᠠᠭᠠᠷᠳᠠᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠶᠡᠷᠦᠩᠬᠡᠶᠢᠯᠡᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠰᠢᠭᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠢᠳᠡᠭᠡᠨ ᠤ ᠬᠠᠮᠢᠶ᠎ᠠ ᠪᠥᠬᠦᠶ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ  ᠭᠦᠢᠴᠡᠳ ᠪᠠᠲᠤᠯᠠᠬᠤ ᠬᠡᠷᠡᠭᠲᠡᠶ᠃       ᠦᠢᠯᠡᠳᠪᠦᠷᠢᠯᠡᠯ ᠤᠨ ᠪᠥᠬᠦ ᠶᠠᠪᠤᠴᠠ ᠳᠤ ᠬᠢᠨᠠᠯᠲᠠ ᠲᠠᠯᠪᠢᠵᠤ ᠪᠠᠶᠢᠴᠠᠭᠠᠬᠤ ᠲᠠᠯ᠎ᠠ ᠪᠠᠷ᠂ ᠲᠦᠷ ᠬᠡᠷᠡᠭᠵᠢᠭᠦᠯᠬᠦ ᠠᠷᠭ᠎ᠠ ᠳᠤ ᠦᠢᠯᠡᠳᠪᠦᠷᠢᠯᠡᠬᠦ᠂ ᠬᠠᠳᠠᠭᠠᠯᠠᠬᠤ᠂ ᠪᠣᠭᠤᠳᠠᠯᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠬᠠᠮᠤᠷᠤᠭᠰᠠᠨ ᠢᠳᠡᠭᠡᠨ ᠤ ᠬᠠᠮᠢᠶ᠎ᠠ ᠪᠥᠬᠦᠶ ᠪᠦᠲᠦᠭᠡᠭᠳᠡᠬᠦᠨ ᠤ ᠦᠢᠯᠡᠳᠪᠦᠷᠢᠯᠡᠯ ᠤᠨ ᠪᠥᠬᠦ ᠶᠠᠪᠤᠴᠠ ᠶᠢ ᠡᠵᠡᠮᠳᠡᠬᠦ ᠲᠦᠷᠢᠮ ᠢ ᠪᠠᠶᠢᠭᠤᠯᠪᠠ᠃ ᠦᠢᠯᠡᠳᠪᠦᠷᠢᠯᠡᠭᠴᠢᠳ ᠢ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠬᠠᠮᠢᠶᠠᠷᠤᠯᠲᠠ᠂ ᠦᠢᠯᠡᠳᠪᠦᠷᠢᠯᠡᠯ ᠤᠨ ᠵᠠᠩᠭᠢᠯᠠᠭ᠎ᠠ ᠶᠢᠨ ᠴᠡᠭ ᠢ ᠡᠵᠡᠮᠳᠡᠬᠦ᠂ ᠦᠢᠯᠡᠳᠪᠦᠷᠢ ᠠᠴᠠ ᠭᠠᠷᠭᠠᠬᠤ ᠰᠢᠯᠭᠠᠨ ᠪᠠᠶᠢᠴᠠᠭᠠᠯᠲᠠ ᠶᠢ ᠡᠵᠡᠮᠳᠡᠬᠦ ᠵᠡᠷᠭᠡ ᠬᠠᠮᠢᠶᠠᠷᠤᠯᠲᠠ ᠶᠢᠨ ᠳᠦᠷᠢᠮ ᠵᠢᠴᠢ ᠬᠢᠵᠠᠭᠠᠷᠯᠠᠬᠤ ᠠᠷᠭ᠎ᠠ ᠬᠡᠮᠵᠢᠶ᠎ᠡ ᠲᠣᠭᠲᠠᠭᠠᠵᠤ᠂ ᠢᠳᠡᠭᠡᠨ ᠤ ᠬᠤᠯᠪᠣᠭᠳᠠᠯ ᠪᠦᠬᠦᠢ ᠦᠢᠯᠡᠳᠬᠦᠨ ᠤ ᠶᠠᠰᠤ ᠴᠢᠨᠠᠷ ᠤᠨ ᠠᠶᠤᠯᠭᠦᠶ ᠶᠢᠨ ᠮᠥᠷᠳᠡᠯᠲᠡ ᠶᠢ ᠪᠡᠶᠡᠯᠡᠭᠦᠯᠵᠦ᠂ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠪᠠ ᠨᠡᠮᠡᠯᠲᠡ ᠡᠳ᠋ ᠬᠤᠳᠠᠯᠳᠤᠨ ᠠᠪᠬᠤ ᠠᠴᠠ ᠠᠪᠤᠭᠠᠳ ᠦᠢᠯᠡᠳᠬᠦᠨ ᠢ ᠪᠣᠷᠣᠯᠠᠭᠤᠯᠬᠤ ᠬᠦᠷᠲᠡᠯᠡᠬᠢ ᠪᠤᠶ ᠪᠦᠬᠦᠢ ᠵᠠᠩᠭᠢᠯᠠᠭ᠎ᠠ ᠶᠢ ᠴᠥᠮ ᠪᠦᠲᠦᠮᠵᠢᠲᠡᠶ ᠪᠠᠷ ᠬᠢᠵᠠᠭᠠᠷᠯᠠᠬᠤ ᠶᠢ ᠪᠠᠲᠤᠯᠠᠬᠤ ᠶᠢᠨ ᠬᠠᠮᠲᠤ ᠦᠢᠯᠡᠳᠪᠦᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠠᠶᠤᠯᠭᠦᠶ ᠶᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠪᠠᠶᠢᠴᠠᠭᠠᠬᠤ ᠬᠡᠷᠡᠭᠲᠡᠶ ᠭᠡᠵᠦ ᠱᠠᠭᠠᠷᠳᠠᠵᠠᠶ᠃      ᠲᠦᠷ ᠬᠡᠷᠡᠭᠵᠢᠭᠦᠯᠬᠦ ᠠᠷᠭ᠎ᠠ ᠳᠤ ᠦᠢᠯᠡᠳᠪᠦᠷᠢᠯᠡᠯ ᠤᠨ ᠦᠶ᠋ᠯᠡ ᠠᠵᠢᠯᠯᠠᠭ᠎ᠠ ᠶᠢ ᠵᠢᠷᠤᠮᠵᠢᠭᠤᠯᠬᠤ ᠳᠤ ᠪᠡᠷᠬᠡ᠂ ᠬᠢᠨᠠᠨ ᠬᠠᠮᠢᠶᠠᠷᠬᠤ ᠲᠦᠷᠢᠮ ᠲᠡᠭᠦᠯᠳᠡᠷ ᠪᠤᠰᠤ ᠵᠡᠷᠭᠡ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠵᠢᠯᠴᠠᠨ ᠬᠢᠨᠠᠨ ᠬᠠᠮᠢᠶᠠᠷᠬᠤ ᠶᠢᠨ ᠲᠦᠭᠵᠢᠷᠡᠯ ᠢ ᠬᠦᠴᠦᠯᠡᠨ ᠨᠡᠪᠲᠡᠷᠡᠭᠦᠯᠵᠦ᠂ ᠨᠡᠶᠢᠳᠡᠮ ᠬᠡᠷᠡᠭᠵᠢᠭᠦᠯᠬᠦ ᠵᠤᠷᠰᠢᠯ ᠤᠨ ᠪᠠᠶᠢᠴᠠᠭᠠᠯᠲᠠ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ᠂ ᠲᠤᠰᠬᠠᠶ ᠬᠢᠨᠠᠯᠲᠠ ᠪᠠᠶᠢᠴᠠᠭᠠᠯᠲᠠ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠠᠶᠢᠴᠠᠭᠠᠯᠲᠠ ᠶᠢᠨ ᠭᠤᠤᠯᠳᠠᠯᠭ᠎ᠠ᠂ ᠪᠠᠶᠢᠴᠠᠭᠠᠯᠲᠠ ᠶᠢᠨ ᠠᠭᠤᠯᠭ᠎ᠠ ᠪᠠ ᠦᠷ᠎ᠡ ᠳ᠋ᠦᠩ ᠢ ᠰᠢᠢᠳᠪᠦᠷᠢᠯᠡᠬᠦ ᠵᠡᠷᠭᠡ ᠲᠣᠭᠲᠠᠭᠠᠯ ᠢ ᠨᠠᠷᠢᠯᠢᠬᠵᠢᠭᠤᠯᠤᠨ᠎ᠠ᠃                               ᠢᠷᠡᠯᠲᠡ᠄ ᠰᠢᠨᠬᠤᠸᠠ ᠬᠤᠷᠢᠶ᠎ᠠ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3