ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠡ ᠪᠦᠬᠦ ᠺᠠᠳ᠋ᠷ ᠠᠵᠢᠯᠳᠠᠨ ᠠᠵᠢᠯᠴᠢᠨ ᠢ ᠢᠳᠡᠪᠬᠢᠲᠡᠢ ᠵᠣᠬᠢᠶᠠᠨ ᠪᠠᠶᠢᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠦᠪᠡᠳᠡᠭᠰᠢ ᠪᠠᠶᠢᠳᠠᠯ ᠢ ᠬᠦᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2022/10/17
     ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠴᠢᠬᠤᠯᠠ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ 10 ᠰᠠᠷ᠎ᠠ ᠶᠢᠨ 16 ᠤ ᠡᠳᠦᠷ ᠤᠨ ᠦᠳᠡ ᠶᠢᠨ ᠨᠠᠮ ᠤᠨ ᠬᠤᠷᠢᠳᠤᠭᠠᠷ ᠶᠡᠭᠡ ᠬᠤᠷᠠᠯ ᠪᠡᠭᠡᠵᠢᠩ ᠳᠤ ᠦᠪᠡᠳᠡᠭᠰᠢ ᠶᠡᠭᠡ ᠪᠠᠷ ᠬᠤᠷᠠᠯᠳᠤᠪᠠ᠂ ᠶᠡᠷᠦᠩᠬᠡᠶ ᠱᠦᠵᠢ ᠰᠢ ᠶᠢᠨ ᠫᠢᠩ ᠶᠡᠭᠡ ᠬᠤᠷᠠᠯ ᠤᠨ ᠭᠤᠣᠯ ᠰᠡᠳᠦᠪ ᠤᠨ ᠢᠯᠡᠳᠬᠡᠯ ᠬᠢᠪᠡ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ᠃      ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶ᠎ᠡ ᠶᠢᠨ ᠪᠦᠬᠦ ᠺᠠᠳ᠋ᠷ ᠠᠵᠢᠯᠳᠠᠨ ᠠᠵᠢᠯᠴᠢᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠦᠪᠡᠳᠡᠭᠰᠢ ᠪᠠᠶᠢᠳᠠᠯ ᠢ ᠬᠦᠯᠢᠶᠡᠨ ᠠᠪᠴᠤ ᠦᠵᠡᠪᠡ᠃ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠢᠯᠡᠳᠬᠡᠯ ᠢ ᠰᠣᠨᠣᠰᠴᠤ᠂ ᠮᠠᠨ ᠤ ᠤᠯᠤᠰ ᠤᠨ ᠥᠩᠭᠡᠷᠡᠭᠰᠡᠨ 10 ᠵᠢᠯ ᠤᠨ ᠠᠵᠢᠯ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠲᠦ ᠡᠭᠦᠷᠭᠡ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠡᠷᠭᠡ ᠭᠤᠣᠯ ᠠᠭᠤᠯᠭ᠎ᠠ ᠶᠢ ᠣᠶᠢᠯᠠᠭᠠᠵᠤ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠪᠠ᠃      ᠡᠬᠢᠯᠡᠯᠲᠡ ᠶᠢᠨ ᠦᠪᠡᠳᠡᠭᠰᠢ ᠪᠠᠶᠢᠳᠠᠯ ᠳᠠᠭᠤᠰᠤᠭᠰᠠᠨ ᠤ ᠳᠠᠷᠠᠭ᠎ᠠ᠂ ᠺᠠᠳ᠋ᠷ ᠠᠵᠢᠯᠲᠠᠨ ᠠᠵᠢᠯᠴᠢᠨ ᠤ ᠬᠡᠯᠡᠬᠦ ᠪᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠵᠠᠪᠠᠯ ᠤᠯᠤᠰ ᠲᠥᠷᠥ ᠶᠢᠨ᠂ ᠪᠠᠶᠢᠯᠳᠤᠬᠤ ᠪᠣᠳᠣᠯᠭ᠎ᠠ ᠶᠢᠨ᠂ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠡᠨᠡ ᠤᠳᠠᠭ᠎ᠠ ᠶᠢᠨ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠ ᠡᠭᠦᠷᠭᠡ ᠪᠠᠨ ᠪᠠᠲᠤ ᠴᠡᠭᠡᠵᠢᠯᠡᠵᠦ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ ᠤᠨᠤᠯ ᠤᠨ ᠰᠠᠭᠤᠷᠢ ᠪᠠᠨ ᠴᠢᠩᠭᠠᠳᠬᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠰᠤᠳᠠᠰᠤ ᠶᠢ ᠦᠷᠭᠦᠯᠵᠢᠯᠡᠭᠦᠯᠵᠦ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠨ ᠪᠦᠳᠦᠭᠡᠨ ᠪᠠᠶᠢᠭᠤᠯᠬᠤ ᠲᠠᠯ᠎ᠠ ᠪᠠᠷ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃                                 ᠵᠣᠬᠢᠶᠠᠭᠴᠢ᠄ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3