ᠨᠠᠮᠤᠷ ᠪᠣᠯᠤᠭᠰᠠᠨ ᠠᠴᠠ ᠨᠠᠰᠢ᠂ ᠥᠪᠥᠷ ᠮᠣᠩᠭᠤᠯ ᠤᠨ ᠤᠯᠠᠭᠠᠨᠴᠠᠪ ᠬᠤᠳᠠ ᠶᠢᠨ ᠰᠢᠩ ᠡᡁᠧ ᠰᠢᠶᠠᠨ | ᠰᠢᠶᠠᠩ ᠤᠨ ᠬᠡᠭᠡᠷ᠎ᠡ ᠲᠠᠯ᠎ᠠ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠡᠯᠪᠡᠭ ᠬᠤᠷᠢᠶᠠᠯᠲᠠ ᠶᠢᠨ | ᠪᠠᠶᠢᠳᠠᠯ ᠢᠶᠠᠷ ᠪᠢᠯᠬᠠᠨ᠎ᠠ᠃ | | | ᠰᠢᠩ ᠡᡁᠧ ᠰᠢᠶᠠᠨ ᠤ ᠳ᠋ᠠ ᠲᠤᠩ ᠶᠣᠣ ᠰᠢᠶᠠᠩ ᠤᠨ ᠳ᠋ᠠ ᠲᠤᠩ ᠶᠣᠣ ᠲᠣᠰᠬᠤᠨ ᠳᠤ᠂ ᠲᠠᠷᠢᠮᠠᠯ ᠤᠨ ᠲᠤᠮᠤ | ᠡᠷᠦᠭᠡ ᠵᠠᠩ ᠶᠢᠨ ᠬᠦᠢ ᠶᠢᠨ ᠳᠠᠭᠠᠭᠠᠴᠢᠯᠠᠭᠰᠠᠨ 1000 ᠮᠦ ᠥᠷᠭᠡᠰᠦᠲᠦ ᠨᠣᠭᠤᠭ᠎ᠠ ᠶᠢᠨ ᠭᠠᠵᠠᠷ ᠨᠢ ᠨᠠᠷᠢᠨ ᠨᠢᠭᠲᠠ | ᠬᠠᠮᠠᠭᠠᠯᠠᠯᠲᠠ ᠶᠢᠨ ᠲᠣᠣᠷ ᠤᠨ ᠬᠠᠮᠠᠭᠠᠯᠠᠯᠲᠠ ᠪᠠᠷ ᠥᠷᠭᠡᠨ ᠠᠭᠤᠳᠠᠮ ᠡᠭᠡ ᠭᠠᠵᠠᠷ ᠲᠠᠢ ᠵᠠᠯᠭᠠᠯᠳᠤᠵᠤ᠂ ᠰᠦᠷᠯᠢᠭ | ᠦᠵᠡᠮᠵᠢ ᠲᠠᠢ ᠬᠠᠷᠠᠭᠳᠠᠨ᠎ᠠ᠃ | | | ᠵᠠᠩ ᠭᠤᠤ ᠪᠠᠯᠭᠠᠰᠤᠨ ᠳᠤ᠂ ᠺᠦᠩ ᠶᠢᠩ ᠫᠢᠩ ᠥᠷᠯᠥᠭᠡ ᠪᠦᠷᠢ ᠲᠠᠪᠤᠨ ᠴᠠᠭ ᠭᠠᠷᠤᠢ ᠶᠢᠨ ᠬᠤᠭᠤᠴᠠᠭᠠᠨ ᠳᠤ | ᠲᠠᠷᠢᠶᠠᠨ ᠭᠠᠵᠠᠷ ᠲᠤ ᠢᠷᠡᠳᠡᠭ᠂ ᠲᠡᠷᠡ ᠪᠣᠯ ᠰᠢᠩ ᠡᡁᠧ ᠰᠢᠶᠠᠨ ᠤ ᠬᠥᠳᠡᠭᠡ ᠲᠣᠰᠬᠤᠨ ᠤ ᠷᠠᠳᠢᠣ᠋ ᠲᠧᠯᠸᠢᠰ ᠤᠨ | ᠰᠤᠷᠭᠠᠭᠤᠯᠢ ᠶᠢᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠪᠣᠯᠪᠠᠰᠤᠷᠠᠯ ᠳᠤ ᠤᠯᠠᠨ ᠤᠳᠠᠭ᠎ᠠ ᠣᠷᠣᠯᠴᠠᠭᠰᠠᠨ | ᠰᠤᠷᠤᠭᠴᠢ ᠶᠢᠨ ᠨᠢᠭᠡ ᠪᠠᠶᠢᠵᠤ᠂ 600 ᠮᠦ ᠪᠦᠸᠧᠼᠠᠢ ᠨᠣᠭᠤᠭ᠎ᠠ ᠲᠠᠷᠢᠬᠤ ᠶᠢ ᠳᠠᠭᠠᠭᠠᠴᠢᠯᠠᠨ ᠬᠠᠮᠢᠶᠠᠷᠴᠤ | ᠵᠣᠬᠢᠴᠠᠭᠤᠯᠬᠤ ᠠᠵᠢᠯ ᠢ ᠬᠠᠷᠢᠭᠤᠴᠠᠵᠤ᠂ ᠪᠦᠸᠧᠼᠠᠢ ᠨᠣᠭᠤᠭ᠎ᠠ ᠬᠤᠷᠢᠶᠠᠬᠤ ᠪᠠᠷ ᠢᠷᠡᠭᠰᠡᠨ ᠬᠥᠮᠦᠰ ᠲᠤ ᠡᠳᠦᠷ ᠪᠦᠷᠢ | ᠳ᠋ᠦᠩᠨᠡᠨ ᠪᠤᠳᠤᠬᠤ ᠶᠢᠨ ᠬᠠᠮᠲᠤ ᠡᠯ᠎ᠡ ᠭᠠᠵᠠᠷ ᠤᠨ ᠠᠷᠠᠯᠵᠢᠶᠠᠴᠢᠨ ᠲᠠᠢ ᠵᠣᠯᠭᠠᠭᠤᠯᠵᠤ᠂ ᠵᠢᠯ ᠤᠨ ᠣᠷᠣᠯᠭ᠎ᠠ ᠨᠢ 20 | ᠭᠠᠷᠤᠢ ᠲᠦᠮᠡᠨ ᠲᠥᠭᠦᠷᠢᠭ ᠲᠤ ᠬᠦᠷᠴᠡᠢ᠃ | | | ᠲᠠᠷᠢᠶᠠᠨ ᠳᠤᠮᠳᠠ ᠶᠠᠭᠠᠷᠠᠯᠲᠠᠶ ᠬᠥᠮᠦᠰ ᠪᠦᠸᠧᠼᠠᠶ ᠨᠣᠭᠤᠭ᠎ᠠ ᠬᠠᠳᠤᠵᠤ᠂ ᠵᠠᠮ ᠳᠡᠭᠡᠷ᠎ᠡ ᠲᠣᠮᠣ ᠬᠡᠯᠪᠡᠷᠢ ᠶᠢᠨ | ᠸᠠᠭᠤᠨ ᠮᠠᠶ᠋ᠢᠭ ᠤᠨ ᠬᠥᠯᠳᠡᠭᠡᠨ ᠬᠠᠳᠠᠭᠠᠯᠠᠬᠤ ᠲᠡᠷᠭᠡ ᠮᠣᠷᠳᠠᠬᠤ ᠪᠠᠷ ᠪᠡᠯᠡᠬᠡᠨ ᠪᠠᠶᠢᠯ᠎ᠠ᠂ ᠤᠳᠠᠯ ᠥᠬᠡᠶ ᠪᠥᠬᠦ ᠤᠯᠤᠰ ᠤᠨ | ᠡᠯ᠎ᠡ ᠭᠠᠵᠠᠷ ᠲᠤ ᠬᠦᠷᠭᠡᠬᠦ ᠡᠲᠡᠭᠡᠷ ᠢᠳᠡᠰᠢᠨ ᠨᠣᠭᠤᠭ᠎ᠠ ᠶᠢ ᠱᠧᠨᠵᠧᠨ ᠳᠤ ᠬᠠᠮᠤᠭ ᠤᠨ ᠬᠤᠯᠠ ᠳᠠᠭᠠᠨ ᠬᠦᠷᠭᠡᠵᠦ᠂ | ᠬᠠᠮᠤᠭ ᠤᠨ ᠬᠤᠷᠳᠤᠨ ᠳᠠᠭᠠᠨ ᠬᠡᠳᠦᠨ ᠴᠠᠭ ᠤᠨ ᠳᠣᠲᠣᠷ᠎ᠠ ᠨᠡᠶᠢᠰᠯᠡᠯ ᠤᠨ ᠬᠤᠲᠠ ᠶᠢᠨ ᠠᠷᠠᠳ ᠤᠨ ᠬᠤᠭᠤᠯᠠᠨ | ᠰᠢᠷᠡᠭᠡᠨ ᠳᠤ ᠬᠦᠷᠭᠡᠵᠦ ᠥᠭᠲᠡᠭ᠃ | | | ᠡᠨᠡ ᠵᠢᠯ ᠤᠨ ᠪᠦᠸᠧᠼᠠᠶ ᠨᠣᠭᠤᠭ᠎ᠠ ᠶᠢᠨ ᠤᠷᠭᠤᠴᠠ ᠬᠥᠮᠦᠨ ᠤ ᠰᠡᠳᠬᠢᠯ ᠢ ᠪᠠᠶᠠᠰᠬᠠᠵᠤ᠂ ᠵᠠᠬ᠎ᠠ ᠳᠡᠯᠭᠡᠭᠦᠷ ᠤᠨ | ᠦᠨ᠎ᠡ ᠬᠠᠩᠰᠢ ᠴᠤ ᠰᠠᠶᠢᠨ᠂ 1000 ᠮᠥ ᠪᠦᠸᠧᠼᠠᠶ ᠨᠣᠭᠤᠭ᠎ᠠ ᠨᠢ ᠲᠤᠬᠠᠶ ᠶᠢᠨ ᠭᠠᠵᠠᠷ ᠲᠤ 600 ᠭᠠᠷᠤᠶ ᠲᠦᠮᠡᠨ | ᠲᠥᠭᠦᠷᠢᠭ ᠤᠨ ᠳᠠᠮ ᠠᠵᠤ ᠠᠬᠤᠶ ᠶᠢᠨ ᠦᠷ᠎ᠡ ᠠᠰᠢᠭ ᠣᠯᠭᠤᠵᠤ᠂ ᠬᠤᠪᠢ ᠬᠥᠮᠦᠨ ᠤ ᠬᠠᠮᠲᠤ ᠶᠢᠨ ᠠᠰᠢᠭ ᠲᠤᠰᠠ ᠶᠢ | ᠭᠥᠷᠳᠡᠵᠦ ᠪᠠᠶᠢᠨ᠎ᠠ᠃ ᠳ᠋ᠠ ᠲᠤᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠳᠤ᠂ ᠯᠢ ᠰᠢᠤᠸᠠᠢ ᠸᠧᠨ ᠶᠠᠭ | ᠬᠥᠮᠦᠨ ᠳᠠᠭᠠᠭᠤᠯᠵᠤ ᠰᠢᠨ᠎ᠡ ᠦᠬᠡᠷ ᠤᠨ ᠬᠠᠰᠢᠶᠠᠨ ᠳᠤ ᠡᠪᠡᠰᠦ ᠨᠡᠮᠡᠵᠦ᠂ ᠪᠣᠷᠳᠤᠭ᠎ᠠ ᠢᠳᠡᠭᠦᠯᠵᠦ᠂ ᠬᠠᠰᠢᠶ᠎ᠠ ᠶᠢ ᠨᠢ | ᠠᠪᠴᠤ ᠪᠠᠶᠢᠨ᠎ᠠ᠃ | | | ᠯᠢ ᠰᠢᠤᠸᠠᠢ ᠸᠧᠨ 2018 ᠣᠨ ᠠᠴᠠ ᠡᠬᠢᠯᠡᠨ ᠨᠤᠲᠤᠭ ᠲᠠᠭᠠᠨ ᠪᠤᠴᠠᠵᠤ ᠦᠢᠯᠡᠰ ᠪᠤᠰᠬᠠᠵᠦ᠂ ᠰᠢᠩ ᠱᠧᠩ | ᠵᠤᠸᠠᠩ ᠲᠣᠰᠬᠤᠨ ᠤ ᠬᠠᠮᠲᠤ ᠶᠢᠨ ᠠᠵᠤ ᠠᠬᠤᠢ ᠲᠠᠢ ᠬᠠᠮᠲᠤᠷᠠᠨ ᠠᠩᠭᠧᠰ ᠪᠣᠯᠤᠨ ᠰᠢᠮᠧᠨ᠋ᠳᠡᠷ ᠠᠯᠠᠰᠢᠨ ᠦᠬᠡᠷ ᠤᠨ | ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠵᠢᠴᠢ ᠵᠦᠷᠢᠶᠡᠵᠢᠬᠦᠯᠦᠨ ᠪᠣᠷᠳᠣᠬᠤ ᠪᠠᠷ ᠭᠤᠣᠯ ᠪᠣᠯᠭᠠᠭᠰᠠᠨ ᠵᠢᠱᠢᠶ᠎ᠡ | ᠦᠵᠡᠭᠦᠯᠬᠦ ᠴᠢᠨᠠᠷᠲᠠᠢ ︽ᠪᠣᠬᠢᠷᠲᠤᠯ ᠦᠭᠡᠢ ᠲᠠᠷᠢᠵᠦ ᠲᠡᠵᠢᠭᠡᠬᠦ ᠡᠷᠬᠢᠯᠳᠡᠳᠦ ᠲᠠᠷᠢᠶᠠᠯᠠᠩ ᠤᠨ ᠵᠠᠭᠪᠤᠷ︾ ᠤᠨ ᠲᠡᠵᠢᠭᠡᠨ | ᠦᠷᠡᠵᠢᠭᠦᠯᠬᠦ ᠠᠵᠤ ᠠᠬᠤᠶᠢᠯᠠᠯ — ᠰᠢᠩ ᠱᠧᠩ ᠮᠠᠯ ᠠᠵᠤ ᠠᠬᠤᠢ ᠶᠢ ᠡᠭᠦᠰᠭᠡᠨ ᠪᠠᠶᠢᠭᠤᠯᠵᠤ᠂ 5 ᠵᠢᠯ ᠤᠨ | ᠲᠤᠷᠰᠢᠬᠢ ᠡᠵᠡᠩᠨᠡᠯᠲᠡ ᠶᠢᠨ ᠣᠷᠣᠯᠭ᠎ᠠ ᠵᠢᠯ ᠳᠠᠷᠠᠭᠠᠯᠠᠨ ᠨᠡᠮᠡᠭᠳᠡᠵᠡᠢ᠃ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ | ᠪᠠᠲᠤᠯᠠᠭ᠎ᠠ ᠲᠠᠢ ᠪᠣᠯᠤᠭᠰᠠᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠤᠨ ᠣᠶᠢᠷ᠎ᠠ ᠬᠠᠪᠢ ᠳᠠᠭᠠᠨ ᠠᠵᠢᠯ | ᠤᠯᠬᠤ ᠶᠢ ᠳᠠᠶᠢᠴᠢᠯᠠᠭᠰᠠᠨ ᠪᠠᠶᠢᠨ᠎ᠠ᠃ ᠣᠳᠣᠬᠠᠨ ᠳᠤ ᠰᠢᠩ ᠱᠧᠩ ᠤᠨ ᠮᠠᠯ ᠠᠵᠤ ᠠᠬᠤᠶ ᠶᠢᠨ ᠠᠯᠠᠰᠢᠨ ᠦᠬᠡᠷ ᠤᠨ | ᠲᠤᠭ᠎ᠠ 234 ᠪᠠᠶᠢᠵᠤ᠂ ᠡᠨᠡ ᠬᠡᠳᠦᠨ ᠡᠳᠦᠷ ᠲᠤ ᠨᠢᠭᠡ ᠪᠦᠯᠦᠭ ᠰᠢᠮᠧᠨ᠋ᠲ᠋ᠠᠷ ᠤᠨ ᠪᠣᠷᠳᠣᠵᠤ ᠲᠠᠷᠭᠤᠯᠠᠭᠤᠯᠤᠭᠰᠠᠨ | ᠦᠬᠡᠷ ᠢ ᠨᠢᠭᠡᠨᠲᠡ ᠪᠦᠯᠦᠭ ᠬᠤᠪᠢᠶᠠᠨ ᠭᠠᠷᠭᠠᠵᠤ ᠪᠠᠶᠢᠨ᠎ᠠ᠃ | | | ︽ᠮᠠᠨ ᠤ ᠬᠠᠷᠠᠯᠲᠠ ᠪᠣᠯ ᠳᠡᠭᠡᠳᠦ ᠳᠡᠰ ᠤᠨ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠨᠡᠭᠡᠭᠡᠨ᠂ | ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠠᠯᠠᠰᠢᠨ ᠦᠬᠡᠷ ᠢ ᠭᠠᠷᠭᠠᠵᠤ᠂ ᠨᠢᠲᠤᠯᠤᠭᠰᠠᠨ ᠤ ᠳᠠᠷᠠᠭ᠎ᠠ | ᠨᠠᠷᠢᠯᠢᠭ ᠬᠤᠪᠢᠶᠠᠵᠤ᠂ ᠲᠤᠰᠬᠠᠶ ᠬᠦᠢᠲᠡᠨ ᠬᠡᠯᠬᠢᠶᠡᠲᠦ ᠲᠡᠭᠡᠭᠡᠪᠦᠷᠢ ᠶᠢ ᠬᠡᠷᠡᠭᠯᠡᠨ᠂ 3 ᠴᠠᠭ ᠤᠨ ᠳᠣᠲᠣᠷ᠎ᠠ ᠪᠡᠭᠡᠵᠢᠩ ᠳᠤ | ᠰᠢᠭᠤᠳ ᠬᠦᠷᠭᠡᠬᠦ ᠶᠢ ᠪᠠᠲᠤᠯᠠᠨ᠎ᠠ︾᠃ ᠭᠡᠵᠦ ᠯᠢ ᠰᠢᠤᠸᠠᠢ ᠸᠧᠨ ᠬᠡᠯᠡᠪᠡ᠃ ︽ᠪᠥᠬᠦ ᠰᠢᠶᠠᠩ ᠤᠨ ᠭᠠᠵᠠᠷ ᠰᠢᠷᠣᠶ ᠶᠢᠨ | ᠡᠷᠭᠢᠯᠲᠡ ᠶᠢᠨ ᠲᠠᠯᠠᠪᠠᠶ ᠨᠢ 3 ᠲᠦᠮᠡ ᠭᠠᠷᠤᠶ ᠮᠥ ᠪᠠᠶᠢᠵᠤ᠂ ᠡᠭᠦᠨ ᠳᠤ 1.3 ᠲᠦᠮᠡᠨ ᠮᠥ ᠶᠢ ᠨᠢ ᠥᠷᠭᠡᠰᠦᠲᠦ | ᠨᠣᠭᠤᠭ᠎ᠠ᠂ ᠴᠠᠭᠠᠨ ᠨᠣᠭᠤᠭ᠎ᠠ ᠵᠡᠷᠭᠡ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠳᠤ ᠬᠡᠷᠡᠭᠯᠡᠵᠦ᠂ ᠵᠥᠪᠬᠡᠨ ᠡᠨᠡ ᠨᠢᠭᠡ ᠯᠡ ᠵᠦᠢᠯ ᠨᠢ ᠲᠣᠰᠬᠤᠨ ᠤ ᠠᠷᠠᠳ ᠢ | ᠳᠠᠶᠢᠴᠢᠯᠠᠨ ᠣᠶᠢᠷ᠎ᠠ ᠬᠠᠪᠢ ᠳᠠᠭᠠᠨ 3000 ᠭᠠᠷᠤᠶ ᠬᠥᠮᠦᠨ ᠤ ᠲᠦᠷ ᠴᠠᠭ ᠬᠥᠯᠥᠰᠥᠨ ᠠᠵᠢᠯ ᠬᠢᠯᠭᠡᠵᠦ᠂ ᠬᠥᠮᠦᠨ | ᠳᠤᠮᠳᠠᠴᠢ ᠶᠢᠨ ᠣᠷᠣᠯᠭ᠎ᠠ ᠨᠢ 6000 ᠭᠠᠷᠤᠶ ᠲᠥᠭᠦᠷᠢᠭ ᠨᠡᠮᠡᠭᠳᠡᠭᠰᠡᠨ ᠪᠠᠶᠢᠨ᠎ᠠ︾ ᠭᠡᠵᠡᠶ᠃ ᠳ᠋ᠠ ᠲᠤᠩ ᠶᠣᠣ | ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠳ᠋ᠧᠦ ᠢᠦᠢ᠂ ︽ᠠᠩᠭᠧᠰ ᠤᠨ ᠠᠯᠠᠰᠢᠨ | ᠦᠬᠡᠷ ᠲᠡᠵᠢᠭᠡᠨ ᠦᠷᠡᠵᠢᠭᠦᠯᠬᠦ ᠪᠠ ᠰᠠᠭᠤᠷᠢ ᠡᠬᠡ ᠮᠠᠯ ᠦᠷᠡᠵᠢᠭᠦᠯᠬᠦ ᠰᠠᠭᠤᠷᠢᠨ ᠢ ᠪᠠᠶᠢᠭᠤᠯᠵᠤ᠂ ᠨᠣᠬᠠᠢ ᠶᠢᠨ | ᠬᠤᠰᠢᠭᠤ ᠶᠢᠨ ᠡᠰᠢ ᠰᠦᠷᠡᠯ ᠢ ᠪᠣᠷᠳᠤᠭ᠎ᠠ ᠪᠣᠯᠭᠠᠨ ᠠᠰᠢᠭᠯᠠᠬᠤ ᠪᠠ ᠠᠮᠤ ᠪᠤᠳᠠᠭ᠎ᠠ ᠶᠢ ᠪᠣᠷᠳᠤᠭ᠎ᠠ ᠪᠣᠯᠭᠠᠨ | ᠬᠤᠪᠢᠷᠠᠭᠤᠯᠬᠤ ᠶᠢ ᠠᠬᠢᠭᠤᠯᠵᠤ᠂ ︿ᠲᠠᠷᠢᠬᠤ ᠪᠠᠷ ᠲᠡᠵᠢᠭᠡᠬᠦ ᠶᠢ ᠠᠬᠢᠭᠤᠯᠬᠤ᠂ ᠲᠡᠵᠢᠭᠡᠬᠦ ᠪᠠᠷ ᠣᠷᠣᠯᠭ᠎ᠠ ᠶᠢ ᠨᠡᠮᠡᠭᠳᠡᠭᠦᠯᠬᠦ﹀ | ︿ᠡᠰᠢ ᠰᠦᠷᠡᠯ ᠢ ᠲᠡᠵᠢᠭᠡᠬᠦ᠂ ᠪᠠᠭᠠᠰᠤ ᠶᠢ ᠲᠠᠷᠢᠶᠠᠨ ᠳᠤ ᠣᠷᠣᠭᠤᠯᠬᠤ﹀ ᠣᠷᠭᠠᠨᠢᠭ ᠲᠠᠷᠢᠵᠦ ᠲᠡᠵᠢᠭᠡᠬᠦ ᠠᠮᠢ ᠠᠬᠤᠢ ᠶᠢᠨ | ᠬᠡᠯᠬᠢᠶ᠎ᠡ ᠶᠢ ᠪᠦᠷᠢᠯᠳᠦᠭᠦᠯᠵᠦ᠂ ᠵᠢᠯ ᠪᠦᠷᠢ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 10 ᠲᠦᠮᠡᠨ | ᠲᠥᠭᠦᠷᠢᠭ ᠨᠡᠮᠡᠭᠳᠡᠨ᠎ᠡ︾ ᠭᠡᠵᠦ ᠬᠡᠯᠡᠪᠡ᠃ | | | ᠡᠨᠡ ᠪᠣᠯ ᠰᠢᠩ ᠡᡁᠧ ᠰᠢᠶᠠᠨ ᠤ ᠡᠯ᠎ᠡ ᠭᠠᠵᠠᠷ ᠤᠨ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ | ᠣᠷᠳᠣᠨ ᠤ ︽ᠲᠤᠮᠤ ᠬᠦᠢᠳᠡᠨ ᠬᠡᠯᠬᠢᠶ᠎ᠡ᠂ ᠲᠤᠮᠤ ᠬᠥᠮᠥᠷᠭᠡ᠂ ᠲᠤᠮᠤ ᠡᠳ᠋ ᠪᠠᠷᠠᠭᠠᠨ ᠤ ᠭᠦᠢᠯᠭᠡᠭᠡ︾ ᠶᠢ ᠪᠠᠶᠢᠭᠤᠯᠬᠤ | ᠵᠢᠴᠢ ︽ᠬᠤᠶᠠᠷ ᠬᠦᠷᠢᠶᠡᠯᠡᠩ᠂ ᠬᠤᠶᠠᠷ ᠲᠣᠭᠤᠷᠢᠭ︾ ᠤᠨ ᠲᠥᠯᠥᠪᠵᠢᠭᠦᠯᠭᠡ ᠪᠣᠯᠤᠨ ︽ᠲᠥᠪ ᠲᠣᠭᠤᠭᠠᠨ ᠭᠡᠷ︾ ᠤᠨ | ᠪᠦᠳᠦᠭᠡᠨ ᠪᠠᠶᠢᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠢ ᠦᠢᠯᠡᠳᠦᠯᠭᠡ ᠪᠣᠯᠤᠨ᠎ᠠ᠂ ᠰᠢᠩ ᠡᡁᠧ | ᠰᠢᠶᠠᠨ ᠤ ᠪᠡᠭᠡᠵᠢᠩ ᠳᠤ ︽ᠲᠤᠮᠤ ᠨᠣᠭᠤᠭ᠎ᠠ ᠶᠢᠨ ᠬᠦᠷᠢᠶᠡᠯᠡᠩ︾ ᠢ ᠪᠠᠶᠢᠭᠤᠯᠬᠤ ᠶᠢᠨ ᠬᠤᠷᠢᠶᠠᠩᠭᠤᠢ ᠳᠦᠷᠰᠦ ᠪᠣᠯᠤᠨ᠎ᠠ᠃ | ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠬᠢᠨ ᠨᠡᠶᠢᠰᠯᠡᠯ ᠳᠤ ᠬᠠᠨᠳᠤᠭᠤᠯᠤᠭᠰᠠᠨ ᠪᠣᠬᠢᠷᠲᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠵᠦ ᠭᠠᠷᠭᠠᠬᠤ ᠰᠠᠭᠤᠷᠢᠨ ᠢ | ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠶᠠᠰᠤ ᠴᠢᠨᠠᠷ᠂ ᠰᠢᠨ᠎ᠡ ᠰᠣᠷᠭᠤᠭ᠂ ᠣᠨᠴᠠᠯᠢᠭ᠂ ᠳᠥᠭᠦᠮ ᠳᠥᠲᠡ︾ ᠶᠢᠨ | ᠲᠣᠭᠤᠷᠢᠨ ᠳᠤ᠂ ᠤᠨᠢᠨ ᠳᠡᠭᠡᠷ᠎ᠡ ᠨᠢ ᠪᠡᠭᠡᠵᠢᠩ ᠤᠨ ᠵᠠᠬ᠎ᠠ ᠳᠡᠯᠭᠡᠭᠦᠷ ᠲᠠᠢ ᠵᠣᠯᠭᠠᠭᠤᠯᠵᠤ᠂ ᠵᠠᠬᠢᠶᠠᠯᠠᠭ᠎ᠠ ᠶᠢᠨ ᠲᠠᠷᠢᠮᠠᠯ ᠢ | ᠬᠥᠭᠵᠢᠭᠦᠯᠵᠦ᠂ ᠲᠦᠷᠦᠯ ᠲᠡᠮᠳᠡᠭ ᠢ ᠪᠤᠶᠢᠵᠢᠭᠤᠯᠵᠤ᠂ ᠶᠡᠭᠡ ᠬᠡᠪᠴᠢᠶ᠎ᠡ ᠪᠠᠷ ᠬᠥᠭᠵᠢᠭᠦᠯᠵᠡᠢ᠃ | | | ᠰᠢᠩ ᠡᡁᠧ ᠰᠢᠶᠠᠨ ᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠪᠠᠶᠢᠭ᠎ᠠ ᠥᠪᠥᠷ | ᠮᠣᠩᠭᠤᠯ ᠤᠨ ᠺᠠᠢ ᠶᠤᠸᠠᠨ ᠤ ᠴᠤᠸᠠᠨ ᠱᠦᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ | ᠦᠢᠯᠡᠳᠪᠦᠷᠢᠯᠡᠯ ᠤᠨ ᠲᠠᠰᠤᠭ ᠲᠤ᠂ ᠠᠵᠢᠯᠴᠢᠳ ᠶᠠᠭ ᠰᠠᠶᠢᠬᠠᠨ ᠡᠷᠳᠡᠨᠢ ᠰᠢᠰᠢ ᠶᠢ ᠡᠮᠬᠢ ᠵᠠᠮᠪᠠᠷᠠᠭ᠎ᠠ ᠲᠠᠢ ᠪᠠᠷ | ᠵᠠᠳᠠᠷᠠᠭᠤᠯᠵᠤ᠂ ᠤᠰᠤ ᠥᠬᠡᠶᠢᠳᠡᠭᠦᠯᠵᠦ᠂ ᠪᠣᠭᠤᠳᠠᠯᠯᠠᠵᠤ ᠪᠠᠶᠢᠨ᠎ᠠ᠃ ᠦᠢᠯᠡᠳᠪᠦᠷᠢ ᠶᠢᠨ ᠳᠠᠷᠤᠭ᠎ᠠ ᠯᠢᠨ ᠬᠠᠢ ᠲᠤᠤ ᠶᠢᠨ | ᠲᠠᠨᠢᠯᠴᠠᠭᠤᠯᠤᠭᠰᠠᠨ ᠢᠶᠠᠷ᠂ ᠡᠨᠡ ᠵᠢᠯ ᠵᠢᠯ ᠳᠤ ᠲᠦᠷᠭᠡᠨ ᠬᠥᠯᠳᠡᠭᠡᠭᠰᠡᠨ ᠡᠷᠳᠡᠨᠢ ᠰᠢᠰᠢ ᠶᠢᠨ ᠮᠥᠬᠦᠯᠢᠭ 10000 ᠲᠣᠨ᠂ | ᠲᠦᠷᠭᠡᠨ ᠬᠥᠯᠳᠡᠭᠡᠭᠰᠡᠨ ᠡᠷᠳᠡᠨᠢ ᠰᠢᠰᠢ ᠶᠢᠨ ᠰᠢᠳᠠᠮ 5000 ᠲᠣᠨ᠂ ᠲᠦᠷᠭᠡᠨ ᠬᠥᠯᠳᠡᠭᠡᠭᠰᠡᠨ ᠲᠥᠮᠥᠰᠥ ᠶᠢᠨ | ᠪᠦᠲᠦᠭᠡᠭᠳᠡᠬᠦᠨ 12000 ᠲᠣᠨ᠂ ᠲᠦᠷᠭᠡᠨ ᠬᠥᠯᠳᠡᠭᠡᠭᠰᠡᠨ ᠬᠤᠯᠤᠤᠪᠠᠩ 2000 ᠲᠣᠨ᠂ ᠵᠢᠮᠢᠰ ᠬᠤᠯᠤᠤᠪᠠᠩ | 1000 ᠲᠣᠨ ᠦᠢᠯᠡᠳᠪᠦᠷᠢᠯᠡᠵᠦ᠂ ᠵᠢᠯ ᠤᠨ ᠡᠵᠡᠩᠨᠡᠯᠲᠡ ᠶᠢᠨ ᠣᠷᠣᠯᠭ᠎ᠠ 22000 ᠲᠦᠮᠡᠨ ᠲᠥᠭᠦᠷᠢᠭ᠂ ᠠᠰᠢᠭ | ᠭᠠᠶᠢᠯᠢ 2600 ᠲᠦᠮᠡᠨ ᠲᠥᠭᠦᠷᠢᠭ ᠢ ᠪᠡᠶᠡᠯᠡᠭᠦᠯᠵᠦ ᠪᠣᠯᠤᠨ᠎ᠠ᠃ | ᠰᠢᠩ ᠡᡁᠧ ᠰᠢᠶᠠᠨ ᠤ ᠲᠠᠷᠢᠶᠠᠯᠠᠩ ᠮᠠᠯ ᠠᠵᠤ ᠠᠬᠤᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠤᠪᠴᠢᠶ᠎ᠡ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠰᠢᠩ ᠡᡁᠧ ᠰᠢᠶᠠᠨ ᠤ ᠬᠢᠨ ᠤᠯᠤᠰ ᠤᠨ ᠲᠡᠰ ᠤᠨ | ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠪᠦᠬᠦ | ᠬᠦᠴᠦᠨ ᠢᠶᠠᠷ ᠢᠶᠠᠨ ᠪᠠᠶᠢᠭᠤᠯᠵᠤ᠂ 6959 ᠮᠦ ᠲᠠᠯᠠᠪᠠᠢ ᠲᠠᠢ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠦᠬᠦ ᠬᠦᠴᠦᠨ ᠢᠶᠠᠷ ᠢᠶᠠᠨ ᠪᠠᠶᠢᠭᠤᠯᠵᠤ | ᠂ ᠨᠢᠭᠡᠳᠦᠭᠡᠷ ᠬᠤᠭᠤᠴᠠᠭᠠᠨ ᠤ A ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠦᠷᠢᠨ | ᠲᠡᠭᠦᠯᠳᠡᠷ᠂ ᠭᠤᠣᠯᠳᠠᠭᠤ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠪᠣᠯᠪᠠᠰᠤᠷᠠᠭᠤᠯᠬᠤ ᠪᠠᠷ ᠭᠤᠣᠯ ᠪᠣᠯᠭᠠᠵᠤ᠂ | ᠣᠳᠣᠬᠠᠨ ᠳᠤ ᠨᠢᠭᠡᠨᠲᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ 4 ᠠᠵᠤ ᠠᠬᠤᠶᠢᠯᠠᠯ ᠳᠤ ᠰᠠᠭᠤᠷᠢᠰᠢᠪᠠ᠃ | ᠬᠤᠶᠠᠳᠤᠭᠠᠷ ᠬᠤᠭᠤᠴᠠᠭᠠᠨ ᠤ B ᠲᠣᠭᠤᠷᠢᠭ ᠲᠤ 1.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠢ ᠪᠥᠲᠥᠭᠡᠨ ᠪᠠᠶᠢᠭᠤᠯᠵᠤ᠂ | ᠣᠳᠣᠬᠠᠨ ᠳᠤ ᠲᠥᠷᠥᠯ ᠵᠦᠢᠯ ᠢ ᠨᠢᠭᠡᠨᠲᠡ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠵᠤ ᠪᠠᠶᠢᠨ᠎ᠠ᠃ ᠵᠢᠯ ᠤᠨ ᠪᠣᠷᠳᠣᠵᠤ | ᠲᠠᠷᠭᠤᠯᠠᠭᠤᠯᠬᠤ 60 ᠲᠦᠮᠡᠨ ᠠᠯᠠᠰᠢᠨ ᠬᠤᠨᠢ ᠶᠢ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢᠯ ᠢ ᠵᠢᠯ ᠤᠨ | ᠳᠣᠲᠣᠷ᠎ᠠ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠢᠵᠢ | ᠪᠦᠷᠢᠳᠦᠭᠦᠯᠦᠯᠲᠡ ᠠᠯᠬᠤᠮ ᠠᠯᠬᠤᠮ ᠢᠶᠠᠷ ᠲᠡᠭᠦᠯᠳᠡᠷᠵᠢᠬᠦ ᠶᠢ ᠲᠠᠭᠠᠯᠳᠤᠨ᠂ ᠤᠯᠠᠮ ᠠᠴᠠ ᠤᠯᠠᠮ ᠤᠯᠠᠨ ᠪᠣᠳᠠᠲᠤ | ᠬᠦᠴᠦᠨ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ | ᠠᠬᠤᠶᠢᠯᠠᠯ ᠬᠦᠷᠢᠶᠡᠯᠡᠩ ᠳᠤ ᠣᠷᠣᠬᠤ ᠪᠣᠯᠤᠨ᠎ᠠ᠃ | ᠰᠢᠩ ᠡᡁᠧ ᠰᠢᠶᠠᠨ ᠤ ᠲᠠᠷᠢᠶᠠᠯᠠᠩ ᠮᠠᠯ ᠠᠵᠤ ᠠᠬᠤᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠤᠪᠴᠢᠶ᠎ᠡ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠰᠢᠩ ᠡᡁᠧ ᠰᠢᠶᠠᠨ ᠤ ᠬᠢᠨ ᠬᠦᠢᠲᠡᠨ | ᠰᠡᠷᠢᠭᠦᠨ ᠢᠳᠡᠰᠢᠨ ᠨᠣᠭᠤᠭ᠎ᠠ ᠲᠠᠷᠢᠬᠤ ᠲᠠᠯᠠᠪᠠᠢ 10 ᠲᠦᠮᠡᠨ ᠮᠦ ᠳᠤ ᠬᠦᠷᠴᠦ᠂ ᠪᠦᠬᠦ ᠰᠢᠶᠠᠨ ᠤ ᠮᠢᠬᠠᠨ ᠤ | ᠲᠦᠷᠦᠯ ᠤᠨ ᠶᠡᠷᠦᠩᠬᠡᠢ ᠭᠠᠷᠤᠯᠲᠠ 9013 ᠲᠣᠨ ᠳᠤ ᠬᠦᠷᠴᠦ᠂ ᠴᠠᠭᠠᠨ ᠨᠣᠭᠤᠭ᠎ᠠ᠂ ᠨᠣᠭᠤᠭᠠᠨ ᠴᠡᠴᠡᠭ᠂ ᠴᠤᠭᠤᠷ | ᠨᠣᠭᠤᠭ᠎ᠠ᠂ ᠥᠷᠭᠡᠰᠦᠲᠦ ᠨᠣᠭᠤᠭ᠎ᠠ᠂ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ᠂ ᠪᠥᠭᠡᠷᠡᠩᠬᠡᠶ ᠴᠠᠭᠠᠨ ᠨᠣᠭᠤᠭ᠎ᠠ | ᠵᠡᠷᠭᠡ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠰᠠᠭᠤᠷᠢᠨ ᠢ ᠲᠠᠰᠤᠷᠠᠯᠳᠡ ᠦᠭᠡᠢ ᠪᠠᠬᠢᠵᠢᠭᠦᠯᠵᠡᠢ᠃ | ᠥᠨᠥᠳᠦᠷ ᠤᠨ ᠰᠢᠩ ᠡᡁᠧ ᠰᠢᠶᠠᠨ ᠤ ᠬᠢᠨ ᠥᠪᠡᠷᠮᠢᠴᠡ ᠣᠷᠣᠨ ᠪᠠᠶᠢᠷᠢ᠂ ᠵᠠᠮ ᠬᠠᠷᠢᠯᠴᠠᠭ᠎ᠠ᠂ ᠬᠥᠷᠥᠰᠥ ᠰᠢᠷᠣᠢ | ᠂ ᠤᠰᠤᠨ ᠤ ᠴᠢᠨᠠᠷ᠂ ᠠᠭᠤᠷ ᠠᠮᠢᠰᠬᠤᠯ ᠵᠡᠷᠭᠡ ᠳᠠᠪᠠᠭᠤᠯᠢᠭ ᠲᠠᠭᠠᠨ ᠰᠠᠭᠤᠷᠢᠯᠠᠵᠤ᠂ ᠨᠡᠶᠢᠰᠯᠡᠯ ᠤᠨ ᠳᠡᠭᠡᠳᠦ ᠲᠡᠰ ᠤᠨ | ᠵᠠᠬ᠎ᠠ ᠳᠡᠯᠭᠡᠭᠦᠷ ᠲᠠᠢ ᠤᠨᠢᠨ ᠳᠡᠭᠡᠷ᠎ᠡ ᠨᠢ ᠵᠣᠯᠭᠠᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ | ᠪᠣᠬᠢᠷᠲᠤᠯ ᠦᠭᠡᠢ ᠣᠷᠭᠠᠨᠢᠭ ᠢᠳᠡᠰᠢᠨ ᠨᠣᠭᠤᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠡᠢ᠃ ︽ | ᠲᠠᠪᠤᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠰᠢᠩ ᠾᠧ ᠰᠢᠶᠠᠨ ᠤ ᠢᠳᠡᠰᠢᠨ ᠨᠣᠭᠤᠭ᠎ᠠ ᠶᠢᠨ ᠠᠵᠤ ᠦᠢᠯᠡᠰ ᠢ ᠠᠵᠤ | ᠦᠢᠯᠡᠰᠵᠢᠭᠦᠯᠦᠨ ᠬᠥᠭᠵᠢᠭᠦᠯᠬᠦ ᠪᠠᠷ ᠴᠢᠭᠯᠡᠯ ᠪᠣᠯᠭᠠᠭᠰᠠᠨ᠂ ᠪᠣᠬᠢᠷᠲᠤᠯ ᠦᠭᠡᠶ ᠡᠬᠢ ᠪᠠᠶᠠᠯᠢᠭ ᠤᠨ ᠳᠠᠪᠠᠭᠤᠯᠢᠭ ᠢᠶᠠᠷ | ᠲᠦᠰᠢᠭ ᠪᠣᠯᠭᠠᠭᠰᠠᠨ᠂ ᠨᠡᠷᠡᠲᠦ ᠲᠡᠮᠳᠡᠭ ᠢ ᠪᠤᠶ ᠪᠣᠯᠭᠠᠬᠤ ᠪᠠᠷ ᠭᠠᠷᠳᠠᠴᠠ ᠪᠣᠯᠭᠠᠭᠰᠠᠨ ᠪᠦᠬᠦ ᠤᠯᠤᠰ ᠤᠨ ᠴᠢᠨᠠᠷᠲᠠᠶ | ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠦᠢᠯᠡᠳᠪᠦᠷᠢᠯᠡᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ | ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ︾᠃ ᠭᠡᠵᠦ ᠵᠤᠤ ᠵᠢᠶᠦ᠋ᠨ ᠬᠡᠯᠡᠪᠡ᠃ | | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |