ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ ᠳᠤ᠄ | ᠠᠵᠢᠯᠲᠠᠨ ᠤ ᠬᠤᠪᠢᠷᠠᠯᠲᠠ ᠶᠢᠨ ᠪᠠᠶᠢᠳᠠᠯ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠵᠠᠰᠠᠭ ᠤᠨ ᠶᠠᠪᠤᠳᠠᠯ ᠢ | ᠢᠯᠡ ᠪᠣᠯᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠰᠢᠶᠠᠨ ᠤ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠰᠢᠩ ᠾᠧ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠳᠤ | ᠲᠣᠬᠢᠷᠠᠭᠤᠯᠤᠯᠲᠠ ᠬᠢᠬᠦ ᠪᠠᠷ ᠲᠣᠭᠲᠠᠪᠠ᠃ ᠡᠳᠦᠭᠡ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠤᠯᠪᠣᠭᠳᠠᠯ ᠪᠥᠬᠦᠶ | ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠪᠦᠷᠢᠯᠳᠦᠬᠦᠨ | ᠳᠤᠭᠤᠶᠢᠯᠠᠩ ᠤᠨ ᠳᠠᠷᠤᠭ᠎ᠠ᠄ ᠾᠧ ᠶᠢᠩ ᠽᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠯᠢ ᡁᠢ ᠪᠢᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ | ᠪᠦᠷᠢᠯᠳᠦᠬᠦᠨ᠄ ᠾᠧᠦ ᠽᠦᠸᠧ ᠮᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ | ᠵᠠᠩ ᠰᠢᠶᠤᠤ ᠬᠤᠩ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ | ᠵᠢᠩ ᡁᠢ ᠰᠢᠩ ᠠᠵᠤ ᠦᠢᠯᠡᠳᠪᠦᠷᠢ ᠶᠢᠨ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ | ᠬᠤᠸᠠᠩ ᠮᠤᠤ ᠱᠧᠩ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠵᠤᠤ ᠵᠢᠶᠦ᠋ᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ | ᠰᠦᠩ ᠪᠦᠸᠧ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠪᠠᠲᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠮᠠ ᠰᠢ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ | ᠸᠠᠩ ᠵᠢᠶᠠᠨ ᠴᠢᠶᠦ᠋ᠩ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠶᠤᠸᠠᠨ ᠵᠧᠩ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ | ᠵᠦ ᠬᠠᠶ ᠯᠦᠩ ᠠᠮᠢ ᠠᠬᠤᠶ ᠶᠢᠨ ᠣᠷᠴᠢᠨ ᠨᠥᠬᠦᠴᠡᠯ ᠤᠨ ᠬᠤᠪᠢᠶᠠᠷᠢ ᠲᠣᠪᠴᠢᠶᠠᠨ ᠤ ᠳᠠᠷᠤᠭ᠎ᠠ | ᠯᠢᠦ ᠬᠠᠶ ᠢᠦᠶ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ | ᠳᠠᠷᠤᠭ᠎ᠠ | ᠠᠨ ᠵᠢᠶᠠᠨ ᠪᠢᠨ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ | ᠶᠠᠩ ᠢᠦᠢ ᠱᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ | ᠲᠢᠶᠠᠨ ᠢᠦᠢ ᠬᠤᠢ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ | ᠰᠦᠨ ᠵᠢᠶᠠᠩ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ | ᠭᠦᠤᠤ ᠶᠦᠩ ᠱᠧᠩ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠸᠠᠩ ᠰᠢᠨ ᠭᠤᠸᠠᠩ ᠭᠠᠶᠢᠯᠢ ᠶᠢᠨ ᠲᠣᠪᠴᠢᠶᠠᠨ ᠤ ᠳᠠᠷᠤᠭ᠎ᠠ | ᠭᠦᠸᠧ ᠵᠢᠶᠠᠨ ᠵᠢᠶᠦ᠋ᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠬᠤᠸᠠᠩ ᡁᠢ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠬᠤᠤ ᠵᠢᠶᠠᠨ ᠭᠤᠸᠠᠩ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠺᠣᠮᠢᠰᠰᠠᠷ | ᠪᠠᠶ ᠬᠤᠩ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ | ᠶᠠᠩ ᠱᠢ ᠵᠢᠶᠧ ᠴᠡᠷᠢᠭ ᠤᠨ ᠠᠯᠪᠠᠨ ᠠᠴᠠ ᠪᠠᠭᠤᠭᠰᠠᠳ ᠤᠨ ᠲᠣᠪᠴᠢᠶᠠᠨ ᠤ ᠳᠠᠷᠤᠭ᠎ᠠ | ᠵᠢᠶ ᠴᠢᠩ ᠦᠨᠳᠦᠰᠦᠲᠡᠨ ᠤ ᠬᠡᠷᠡᠭ ᠡᠷᠬᠢᠯᠡᠬᠦ ᠬᠤᠷᠢᠶᠠᠨ ᠤ ᠡᠷᠬᠢᠯᠡᠭᠴᠢ | ᠵᠠᠩ ᠸᠤᠨ ᡁᠢ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠤᠨ ᠡᠷᠬᠢᠯᠡᠭᠴᠢ | ᠵᠤᠤ ᠵᠢᠶᠠᠨ ᠰᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠾᠧᠦ ᡁᠢ ᠶᠦᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ | ᠸᠠᠩ ᠸᠤᠨ ᠵᠢᠶᠧ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠤᠪᠢᠶᠠᠷᠢ | ᠲᠣᠪᠴᠢᠶᠠᠨ ᠤ ᠳᠠᠷᠤᠭ᠎ᠠ | ᠵᠠᠩ ᠴᠢᠤᠸᠠᠨ ᠴᠠᠬᠢᠯᠭᠠᠨ ᠬᠠᠩᠭᠠᠬᠤ ᠺᠣᠮᠫᠠᠨᠢ ᠶᠢᠨ ᠳᠠᠭᠠᠭᠠᠮᠠᠯ | ᠯᠢ ᠵᠧᠨ ᠰᠠᠶᠢᠬᠤᠰᠤ ᠪᠠᠯᠭᠠᠰᠤᠨ ᠤ ᠳᠠᠷᠤᠭ᠎ᠠ | ᠵᠠᠩ ᠵᠢᠶᠦ᠋ᠨ ᠡᠦ ᠭᠦ᠋ ᠴᠢᠤᠸᠠᠨ ᠰᠢᠶᠠᠩ ᠤᠨ ᠳᠠᠷᠤᠭ᠎ᠠ | ᠮᠠ ᠶᠦᠩ ᠹᠧᠩ ᠶᠡᠭᠡ ᠬᠦᠷᠢᠶ᠎ᠡ ᠰᠢᠶᠠᠩ ᠤᠨ ᠳᠠᠷᠤᠭ᠎ᠠ | ᠪᠦᠦ ᠸᠧᠨ ᠰᠢ ᠪᠦᠯᠬᠦᠮᠳᠡᠯ ᠰᠢᠶᠠᠩ ᠤᠨ ᠳᠠᠷᠤᠭ᠎ᠠ | ᠺᠠᠩ ᠪᠢᠶᠣᠤ ᠡᠷᠳᠡᠨᠢ ᠪᠠᠯᠭᠠᠰᠤᠨ ᠤ ᠳᠠᠷᠤᠭ᠎ᠠ | ᠰᠦᠨ ᠶᠦᠩ ᠴᠦᠨ ᠴᠧᠩ ᠭᠤᠸᠠᠨ ᠪᠠᠯᠭᠠᠰᠤᠨ ᠤ ᠳᠠᠷᠤᠭ᠎ᠠ | ᠳ᠋ᠧᠦ ᠢᠦᠢ ᠳ᠋ᠡ ᠲᠦᠩ ᠶᠣᠣ ᠰᠢᠶᠠᠩ ᠤᠨ ᠳᠠᠷᠤᠭ᠎ᠠ | ᠭᠤᠤ ᠶᠠ ᠨᠠᠨ ᠵᠠᠩ ᠭᠤᠤ ᠪᠠᠯᠭᠠᠰᠤᠨ ᠤ ᠳᠠᠷᠤᠭ᠎ᠠ | ᠾᠧ ᠯᠦᠩ ᠳ᠋ᠢᠶᠠᠨ ᠽᠢ ᠪᠠᠯᠭᠠᠰᠤᠨ ᠤ ᠳᠠᠷᠤᠭ᠎ᠠ | ᠤᠳᠤᠷᠢᠳᠬᠤ ᠳᠤᠭᠤᠶᠢᠯᠠᠩ ᠳᠤ ᠬᠤᠯᠪᠣᠭᠠᠴᠢᠨ ᠤ ᠲᠦᠷᠢᠮ ᠢ ᠪᠠᠶᠢᠭᠤᠯᠵᠤ᠂ ᠬᠤᠯᠪᠣᠭᠠᠴᠢᠨ ᠢ ᠡᠯ᠎ᠡ ᠪᠦᠷᠢᠯᠳᠦᠬᠦᠨ | ᠨᠢᠭᠡᠴᠢ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠡᠭᠦᠷᠭᠡᠯᠡᠵᠦ᠂ ᠡᠳᠦᠷ ᠲᠤᠳᠤᠮ ᠤᠨ | ᠠᠵᠢᠯ ᠤᠨ ᠬᠠᠷᠢᠯᠴᠠᠬᠤ ᠪᠠ ᠵᠣᠬᠢᠴᠠᠭᠤᠯᠬᠤ ᠠᠵᠢᠯ ᠢ ᠪᠣᠳᠠᠲᠠᠶ ᠪᠠᠷ ᠬᠠᠷᠢᠭᠤᠴᠠᠨ᠎ᠠ᠃ ᠠᠵᠢᠯ ᠤᠨ ᠬᠡᠷᠡᠭᠴᠡᠭᠡ ᠪᠠᠨ | ᠦᠨᠳᠦᠰᠦᠯᠡᠨ᠂ ᠤᠳᠤᠷᠢᠳᠬᠤ ᠳᠤᠭᠤᠶᠢᠯᠠᠩ ᠠᠴᠠ ᠪᠦᠷᠢᠯᠳᠦᠬᠦᠨ ᠨᠢᠭᠡᠴᠡ ᠳᠤ ᠲᠣᠬᠢᠷᠠᠭᠤᠯᠤᠯᠲᠠ ᠬᠢᠵᠦ ᠪᠣᠯᠤᠨ᠎ᠠ᠃ | ᠬᠤᠶᠠᠷ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠬᠤ | ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵ᠬᠤᠶᠠᠷ︶ ᠪᠥᠬᠦ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠥᠭᠵᠢᠯᠲᠡ ᠶᠢᠨ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠣᠨ ᠤ ᠠᠵᠢᠯ ᠤᠨ ᠭᠤᠤᠯᠳᠠᠯᠭ᠎ᠠ ᠶᠢ ᠰᠤᠳᠤᠯᠤᠨ | ᠳᠤᠷᠠᠳᠤᠨ᠎ᠠ᠃ | ︵ᠭᠤᠷᠪᠠ︶ ᠪᠥᠬᠦ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠪᠣᠳᠠᠲᠠᠶ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠵᠦ᠂ ᠬᠡᠷᠡᠭᠵᠢᠭᠦᠯᠬᠦ ᠲᠥᠰᠦᠯ ᠢ ᠳᠤᠷᠠᠳᠤᠨ ᠭᠠᠷᠭᠠᠨ᠎ᠠ᠃ | ︵ᠳᠥᠷᠪᠡ︶ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠬᠠᠮᠲᠤ | ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ | ︵ᠲᠠᠪᠤ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠶᠠᠪᠤᠳᠠᠯ ᠤᠳ ᠢ ᠪᠡᠶᠡᠯᠡᠭᠦᠯᠦᠨ᠎ᠡ᠃ | ᠭᠤᠷᠪᠠ᠂ ᠠᠵᠢᠯ ᠤᠨ ᠪᠠᠶᠢᠭᠤᠯᠤᠮᠵᠢ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠲᠤ | ᠪᠠᠶᠢᠷᠢᠯᠠᠭᠤᠯᠵᠤ᠂ ᠷᠧᠨ ᠰᠢᠶᠤᠤ ᠰᠦ ᠨᠥᠬᠦᠷ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ | ᠬᠠᠷᠢᠭᠤᠴᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠳᠦᠷ ᠲᠤᠲᠤᠮ ᠤᠨ ᠠᠵᠢᠯ ᠢ ᠵᠣᠬᠢᠴᠠᠭᠤᠯᠤᠨ ᠠᠬᠢᠭᠤᠯᠬᠤ ᠶᠢ | ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠢ ᠠᠵᠢᠯ ᠤᠨ ᠬᠤᠪᠢᠷᠠᠯᠲᠠ ᠠᠴᠠ ᠪᠤᠯᠵᠤ ᠲᠣᠬᠢᠷᠠᠭᠤᠯᠬᠤ | ᠴᠢᠬᠤᠯᠠᠲᠠᠶ ᠪᠠᠶᠢᠪᠠᠯ᠂ ᠪᠠᠶᠢᠭ᠎ᠠ ᠨᠢᠭᠡᠴᠢ ᠠᠴᠠ ᠨᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠳᠤᠷᠠᠳᠤᠨ ᠭᠠᠷᠭᠠᠵᠤ | ᠂ ᠵᠢᠷᠤᠮ ᠶᠣᠰᠣᠭᠠᠷ ᠤᠳᠤᠷᠢᠳᠬᠤ ᠳᠤᠭᠤᠶᠢᠯᠠᠩ ᠤᠨ ᠳᠠᠷᠤᠭ᠎ᠠ ᠳᠤ ᠮᠡᠳᠡᠭᠦᠯᠵᠦ ᠵᠥᠪᠰᠢᠶᠡᠷᠡᠭᠦᠯᠦᠨ᠎ᠡ᠃ | ᠳᠥᠷᠪᠡ᠂ ᠠᠵᠢᠯ ᠤᠨ ᠲᠦᠷᠢᠮ | ᠤᠳᠤᠷᠢᠳᠬᠤ ᠳᠤᠭᠤᠶᠢᠯᠠᠩ ᠨᠢ ᠠᠵᠢᠯ ᠤᠨ ᠬᠤᠷᠠᠯᠳᠤᠭᠠᠨ ᠤ ᠲᠦᠷᠢᠮ ᠢ ᠬᠡᠷᠡᠭᠵᠢᠭᠦᠯᠵᠦ᠂ ᠲᠣᠭᠲᠠᠮᠠᠯ | ᠬᠤᠭᠤᠴᠠᠭ᠎ᠠ ᠲᠠᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷᠠᠵᠢᠯ ᠤᠨ ᠬᠤᠷᠠᠯᠳᠤᠭᠠᠨ ᠢ ᠳᠤᠭᠤᠶᠢᠯᠠᠩ ᠤᠨ ᠳᠠᠷᠤᠭ᠎ᠠ | ᠬᠤᠷᠠᠯᠳᠤᠭᠤᠯᠬᠤ ᠪᠥᠭᠡᠳ ᠳᠤᠭᠤᠶᠢᠯᠠᠩ ᠤᠨ ᠳᠠᠷᠤᠭ᠎ᠠ ᠨᠢ ᠳᠤᠭᠤᠶᠢᠯᠠᠩ ᠤᠨ ᠳᠡᠳ᠋ ᠳᠠᠷᠤᠭ᠎ᠠ ᠳᠠᠭᠠᠨ ᠨᠠᠶᠢᠳᠠᠵᠤ | ᠬᠤᠷᠠᠯᠳᠤᠭᠤᠯᠤᠭᠰᠠᠨ ᠴᠤ ᠪᠣᠯᠤᠨ᠎ᠠ᠃ ᠬᠤᠷᠠᠯ ᠳᠤ ᠣᠷᠣᠯᠴᠠᠭᠰᠠᠳ ᠨᠢ ᠤᠳᠤᠷᠢᠳᠬᠤ ᠳᠤᠭᠤᠶᠢᠯᠠᠩ ᠤᠨ ᠪᠦᠬᠦ | ᠪᠦᠷᠢᠯᠳᠦᠬᠦᠨ ᠪᠤᠶᠤ ᠬᠡᠰᠡᠭ ᠪᠦᠷᠢᠯᠳᠦᠬᠦᠨ ᠪᠣᠯᠤᠨ᠎ᠠ᠂ ᠴᠢᠬᠤᠯᠠ ᠲᠠᠢ ᠦᠶ᠎ᠡ ᠳᠤ ᠪᠤᠰᠤᠳ ᠬᠤᠯᠪᠣᠭᠳᠠᠯ ᠪᠦᠬᠦᠢ | ᠨᠢᠭᠡᠴᠢ ᠶᠢᠨ ᠬᠥᠮᠦᠰ ᠢ ᠤᠷᠢᠨ ᠣᠷᠣᠯᠴᠠᠭᠤᠯᠵᠤ ᠪᠣᠯᠤᠨ᠎ᠠ᠃ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠨᠢ | ᠲᠣᠪᠴᠢ ᠲᠡᠮᠳᠡᠭᠯᠡᠯ ᠤᠨ ᠬᠡᠯᠪᠡᠷᠢ ᠪᠠᠷ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠢ ᠲᠣᠳᠣᠷᠬᠠᠶᠢᠯᠠᠬᠤ ᠶᠢᠨ ᠬᠠᠮᠲᠤ | ᠬᠤᠯᠪᠣᠭᠳᠠᠯ ᠪᠦᠬᠦᠢ ᠲᠠᠯ᠎ᠠ ᠳᠤ ᠳᠠᠷᠤᠮᠠᠯᠯᠠᠨ ᠲᠠᠷᠬᠠᠭᠠᠪᠠ᠃ | ᠲᠠᠪᠤ᠂ ᠠᠵᠢᠯ ᠤᠨ ᠱᠠᠭᠠᠷᠳᠠᠯᠭ᠎ᠠ | ᠡᠯ᠎ᠡ ᠪᠦᠷᠢᠯᠳᠦᠬᠦᠨ ᠨᠢᠭᠡᠴᠡ ᠨᠦᠭᠦᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠤᠯᠪᠣᠭᠳᠠᠯ ᠪᠥᠬᠦᠶ | ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠥᠬᠦᠶ ᠠᠵᠢᠯ ᠳᠤ | ᠢᠳᠡᠪᠬᠢᠲᠡᠶ ᠣᠷᠣᠯᠴᠠᠵᠤ᠂ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠢ ᠬᠢᠨᠠᠮᠠᠭᠠᠶ | ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ ᠨᠦᠭᠦᠳ ᠬᠤᠭᠤᠷᠣᠨᠳᠣ ᠪᠠᠨ ᠵᠣᠬᠢᠴᠠᠯᠳᠤᠨ | ᠬᠠᠮᠵᠢᠯᠴᠠᠬᠤ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠡᠯ᠎ᠡ ᠵᠦᠢᠯ ᠤᠨ ᠠᠵᠢᠯ ᠢ ᠬᠠᠮᠲᠤᠪᠠᠷ ᠠᠬᠢᠭᠤᠯᠬᠤ ᠬᠡᠷᠡᠭᠲᠡᠶ᠃ | 2022 ᠣᠨ ᠤ 10 ᠰᠠᠷ᠎ᠠ ᠶᠢᠨ 11 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |