ᠰᠢᠩ ᠾᠧ ᠰᠢᠶᠠᠨ ᠤ ᠬᠢᠨ ︽ᠲᠥᠪ ᠲᠣᠭᠤᠭᠠᠨ ᠬᠡᠷ︾ ᠤᠨ ᠰᠢᠨ᠎ᠡ ᠰᠣᠷᠭᠤᠭ ᠮᠢᠬ᠎ᠠ ᠴᠡᠪᠡᠷ ᠨᠣᠭᠤᠭ᠎ᠠ ᠶᠢ ᠨᠡᠶᠢᠰᠯᠡᠯ ᠳᠤ ᠰᠢᠭᠤᠳ ᠨᠡᠪᠲᠡᠷᠡᠭᠦᠯᠦᠨ᠎ᠡ
ᠨᠡᠶᠢᠲᠡᠯᠡᠭᠰᠡᠨ ᠴᠠᠭ᠄
2022/10/20
     ᠨᠠᠮᠤᠷ ᠪᠣᠯᠤᠭᠰᠠᠨ ᠠᠴᠠ ᠨᠠᠰᠢ᠂ ᠥᠪᠥᠷ ᠮᠣᠩᠭᠤᠯ ᠤᠨ ᠤᠯᠠᠭᠠᠨᠴᠠᠪ ᠬᠤᠳᠠ ᠶᠢᠨ ᠰᠢᠩ ᠡᡁᠧ ᠰᠢᠶᠠᠨ ᠰᠢᠶᠠᠩ ᠤᠨ ᠬᠡᠭᠡᠷ᠎ᠡ ᠲᠠᠯ᠎ᠠ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠡᠯᠪᠡᠭ ᠬᠤᠷᠢᠶᠠᠯᠲᠠ ᠶᠢᠨ ᠪᠠᠶᠢᠳᠠᠯ ᠢᠶᠠᠷ ᠪᠢᠯᠬᠠᠨ᠎ᠠ᠃
     ᠰᠢᠩ ᠡᡁᠧ ᠰᠢᠶᠠᠨ ᠤ ᠳ᠋ᠠ ᠲᠤᠩ ᠶᠣᠣ ᠰᠢᠶᠠᠩ ᠤᠨ ᠳ᠋ᠠ ᠲᠤᠩ ᠶᠣᠣ ᠲᠣᠰᠬᠤᠨ ᠳᠤ᠂ ᠲᠠᠷᠢᠮᠠᠯ ᠤᠨ ᠲᠤᠮᠤ ᠡᠷᠦᠭᠡ ᠵᠠᠩ ᠶᠢᠨ ᠬᠦᠢ ᠶᠢᠨ ᠳᠠᠭᠠᠭᠠᠴᠢᠯᠠᠭᠰᠠᠨ 1000 ᠮᠦ ᠥᠷᠭᠡᠰᠦᠲᠦ ᠨᠣᠭᠤᠭ᠎ᠠ ᠶᠢᠨ ᠭᠠᠵᠠᠷ ᠨᠢ ᠨᠠᠷᠢᠨ ᠨᠢᠭᠲᠠ ᠬᠠᠮᠠᠭᠠᠯᠠᠯᠲᠠ ᠶᠢᠨ ᠲᠣᠣᠷ ᠤᠨ ᠬᠠᠮᠠᠭᠠᠯᠠᠯᠲᠠ ᠪᠠᠷ ᠥᠷᠭᠡᠨ ᠠᠭᠤᠳᠠᠮ ᠡᠭᠡ ᠭᠠᠵᠠᠷ ᠲᠠᠢ ᠵᠠᠯᠭᠠᠯᠳᠤᠵᠤ᠂ ᠰᠦᠷᠯᠢᠭ ᠦᠵᠡᠮᠵᠢ ᠲᠠᠢ ᠬᠠᠷᠠᠭᠳᠠᠨ᠎ᠠ᠃
     ᠵᠠᠩ ᠭᠤᠤ ᠪᠠᠯᠭᠠᠰᠤᠨ ᠳᠤ᠂ ᠺᠦᠩ ᠶᠢᠩ ᠫᠢᠩ ᠥᠷᠯᠥᠭᠡ ᠪᠦᠷᠢ ᠲᠠᠪᠤᠨ ᠴᠠᠭ ᠭᠠᠷᠤᠢ ᠶᠢᠨ ᠬᠤᠭᠤᠴᠠᠭᠠᠨ ᠳᠤ ᠲᠠᠷᠢᠶᠠᠨ ᠭᠠᠵᠠᠷ ᠲᠤ ᠢᠷᠡᠳᠡᠭ᠂ ᠲᠡᠷᠡ ᠪᠣᠯ ᠰᠢᠩ ᠡᡁᠧ ᠰᠢᠶᠠᠨ ᠤ ᠬᠥᠳᠡᠭᠡ ᠲᠣᠰᠬᠤᠨ ᠤ ᠷᠠᠳᠢᠣ᠋ ᠲᠧᠯᠸᠢᠰ ᠤᠨ ᠰᠤᠷᠭᠠᠭᠤᠯᠢ ᠶᠢᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠪᠣᠯᠪᠠᠰᠤᠷᠠᠯ ᠳᠤ ᠤᠯᠠᠨ ᠤᠳᠠᠭ᠎ᠠ ᠣᠷᠣᠯᠴᠠᠭᠰᠠᠨ ᠰᠤᠷᠤᠭᠴᠢ ᠶᠢᠨ ᠨᠢᠭᠡ ᠪᠠᠶᠢᠵᠤ᠂ 600 ᠮᠦ ᠪᠦᠸᠧᠼᠠᠢ ᠨᠣᠭᠤᠭ᠎ᠠ ᠲᠠᠷᠢᠬᠤ ᠶᠢ ᠳᠠᠭᠠᠭᠠᠴᠢᠯᠠᠨ ᠬᠠᠮᠢᠶᠠᠷᠴᠤ ᠵᠣᠬᠢᠴᠠᠭᠤᠯᠬᠤ ᠠᠵᠢᠯ ᠢ ᠬᠠᠷᠢᠭᠤᠴᠠᠵᠤ᠂ ᠪᠦᠸᠧᠼᠠᠢ ᠨᠣᠭᠤᠭ᠎ᠠ ᠬᠤᠷᠢᠶᠠᠬᠤ ᠪᠠᠷ ᠢᠷᠡᠭᠰᠡᠨ ᠬᠥᠮᠦᠰ ᠲᠤ ᠡᠳᠦᠷ ᠪᠦᠷᠢ ᠳ᠋ᠦᠩᠨᠡᠨ ᠪᠤᠳᠤᠬᠤ ᠶᠢᠨ ᠬᠠᠮᠲᠤ ᠡᠯ᠎ᠡ ᠭᠠᠵᠠᠷ ᠤᠨ ᠠᠷᠠᠯᠵᠢᠶᠠᠴᠢᠨ ᠲᠠᠢ ᠵᠣᠯᠭᠠᠭᠤᠯᠵᠤ᠂ ᠵᠢᠯ ᠤᠨ ᠣᠷᠣᠯᠭ᠎ᠠ ᠨᠢ 20 ᠭᠠᠷᠤᠢ ᠲᠦᠮᠡᠨ ᠲᠥᠭᠦᠷᠢᠭ ᠲᠤ ᠬᠦᠷᠴᠡᠢ᠃
     ᠲᠠᠷᠢᠶᠠᠨ ᠳᠤᠮᠳᠠ ᠶᠠᠭᠠᠷᠠᠯᠲᠠᠶ ᠬᠥᠮᠦᠰ ᠪᠦᠸᠧᠼᠠᠶ ᠨᠣᠭᠤᠭ᠎ᠠ ᠬᠠᠳᠤᠵᠤ᠂ ᠵᠠᠮ ᠳᠡᠭᠡᠷ᠎ᠡ ᠲᠣᠮᠣ ᠬᠡᠯᠪᠡᠷᠢ ᠶᠢᠨ ᠸᠠᠭᠤᠨ ᠮᠠᠶ᠋ᠢᠭ ᠤᠨ ᠬᠥᠯᠳᠡᠭᠡᠨ ᠬᠠᠳᠠᠭᠠᠯᠠᠬᠤ ᠲᠡᠷᠭᠡ ᠮᠣᠷᠳᠠᠬᠤ ᠪᠠᠷ ᠪᠡᠯᠡᠬᠡᠨ ᠪᠠᠶᠢᠯ᠎ᠠ᠂ ᠤᠳᠠᠯ ᠥᠬᠡᠶ ᠪᠥᠬᠦ ᠤᠯᠤᠰ ᠤᠨ ᠡᠯ᠎ᠡ ᠭᠠᠵᠠᠷ ᠲᠤ ᠬᠦᠷᠭᠡᠬᠦ ᠡᠲᠡᠭᠡᠷ ᠢᠳᠡᠰᠢᠨ ᠨᠣᠭᠤᠭ᠎ᠠ ᠶᠢ ᠱᠧᠨᠵᠧᠨ ᠳᠤ ᠬᠠᠮᠤᠭ ᠤᠨ ᠬᠤᠯᠠ ᠳᠠᠭᠠᠨ ᠬᠦᠷᠭᠡᠵᠦ᠂ ᠬᠠᠮᠤᠭ ᠤᠨ ᠬᠤᠷᠳᠤᠨ ᠳᠠᠭᠠᠨ ᠬᠡᠳᠦᠨ ᠴᠠᠭ ᠤᠨ ᠳᠣᠲᠣᠷ᠎ᠠ ᠨᠡᠶᠢᠰᠯᠡᠯ ᠤᠨ ᠬᠤᠲᠠ ᠶᠢᠨ ᠠᠷᠠᠳ ᠤᠨ ᠬᠤᠭᠤᠯᠠᠨ ᠰᠢᠷᠡᠭᠡᠨ ᠳᠤ ᠬᠦᠷᠭᠡᠵᠦ ᠥᠭᠲᠡᠭ᠃
     ᠡᠨᠡ ᠵᠢᠯ ᠤᠨ ᠪᠦᠸᠧᠼᠠᠶ ᠨᠣᠭᠤᠭ᠎ᠠ ᠶᠢᠨ ᠤᠷᠭᠤᠴᠠ ᠬᠥᠮᠦᠨ ᠤ ᠰᠡᠳᠬᠢᠯ ᠢ ᠪᠠᠶᠠᠰᠬᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠴᠤ ᠰᠠᠶᠢᠨ᠂ 1000 ᠮᠥ ᠪᠦᠸᠧᠼᠠᠶ ᠨᠣᠭᠤᠭ᠎ᠠ ᠨᠢ ᠲᠤᠬᠠᠶ ᠶᠢᠨ ᠭᠠᠵᠠᠷ ᠲᠤ 600 ᠭᠠᠷᠤᠶ ᠲᠦᠮᠡᠨ ᠲᠥᠭᠦᠷᠢᠭ ᠤᠨ ᠳᠠᠮ ᠠᠵᠤ ᠠᠬᠤᠶ ᠶᠢᠨ ᠦᠷ᠎ᠡ ᠠᠰᠢᠭ ᠣᠯᠭᠤᠵᠤ᠂ ᠬᠤᠪᠢ ᠬᠥᠮᠦᠨ ᠤ ᠬᠠᠮᠲᠤ ᠶᠢᠨ ᠠᠰᠢᠭ ᠲᠤᠰᠠ ᠶᠢ ᠭᠥᠷᠳᠡᠵᠦ ᠪᠠᠶᠢᠨ᠎ᠠ᠃ ᠳ᠋ᠠ ᠲᠤᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠳᠤ᠂ ᠯᠢ ᠰᠢᠤᠸᠠᠢ ᠸᠧᠨ ᠶᠠᠭ ᠬᠥᠮᠦᠨ ᠳᠠᠭᠠᠭᠤᠯᠵᠤ ᠰᠢᠨ᠎ᠡ ᠦᠬᠡᠷ ᠤᠨ ᠬᠠᠰᠢᠶᠠᠨ ᠳᠤ ᠡᠪᠡᠰᠦ ᠨᠡᠮᠡᠵᠦ᠂ ᠪᠣᠷᠳᠤᠭ᠎ᠠ ᠢᠳᠡᠭᠦᠯᠵᠦ᠂ ᠬᠠᠰᠢᠶ᠎ᠠ ᠶᠢ ᠨᠢ ᠠᠪᠴᠤ ᠪᠠᠶᠢᠨ᠎ᠠ᠃
     ᠯᠢ ᠰᠢᠤᠸᠠᠢ ᠸᠧᠨ 2018 ᠣᠨ ᠠᠴᠠ ᠡᠬᠢᠯᠡᠨ ᠨᠤᠲᠤᠭ ᠲᠠᠭᠠᠨ ᠪᠤᠴᠠᠵᠤ ᠦᠢᠯᠡᠰ ᠪᠤᠰᠬᠠᠵᠦ᠂ ᠰᠢᠩ ᠱᠧᠩ ᠵᠤᠸᠠᠩ ᠲᠣᠰᠬᠤᠨ ᠤ ᠬᠠᠮᠲᠤ ᠶᠢᠨ ᠠᠵᠤ ᠠᠬᠤᠢ ᠲᠠᠢ ᠬᠠᠮᠲᠤᠷᠠᠨ ᠠᠩᠭᠧᠰ ᠪᠣᠯᠤᠨ ᠰᠢᠮᠧᠨ᠋ᠳᠡᠷ ᠠᠯᠠᠰᠢᠨ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠵᠢᠴᠢ ᠵᠦᠷᠢᠶᠡᠵᠢᠬᠦᠯᠦᠨ ᠪᠣᠷᠳᠣᠬᠤ ᠪᠠᠷ ᠭᠤᠣᠯ ᠪᠣᠯᠭᠠᠭᠰᠠᠨ ᠵᠢᠱᠢᠶ᠎ᠡ ᠦᠵᠡᠭᠦᠯᠬᠦ ᠴᠢᠨᠠᠷᠲᠠᠢ ︽ᠪᠣᠬᠢᠷᠲᠤᠯ ᠦᠭᠡᠢ ᠲᠠᠷᠢᠵᠦ ᠲᠡᠵᠢᠭᠡᠬᠦ ᠡᠷᠬᠢᠯᠳᠡᠳᠦ ᠲᠠᠷᠢᠶᠠᠯᠠᠩ ᠤᠨ ᠵᠠᠭᠪᠤᠷ︾ ᠤᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ — ᠰᠢᠩ ᠱᠧᠩ ᠮᠠᠯ ᠠᠵᠤ ᠠᠬᠤᠢ ᠶᠢ ᠡᠭᠦᠰᠭᠡᠨ ᠪᠠᠶᠢᠭᠤᠯᠵᠤ᠂ 5 ᠵᠢᠯ ᠤᠨ ᠲᠤᠷᠰᠢᠬᠢ ᠡᠵᠡᠩᠨᠡᠯᠲᠡ ᠶᠢᠨ ᠣᠷᠣᠯᠭ᠎ᠠ ᠵᠢᠯ ᠳᠠᠷᠠᠭᠠᠯᠠᠨ ᠨᠡᠮᠡᠭᠳᠡᠵᠡᠢ᠃ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠪᠠᠲᠤᠯᠠᠭ᠎ᠠ ᠲᠠᠢ ᠪᠣᠯᠤᠭᠰᠠᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠤᠨ ᠣᠶᠢᠷ᠎ᠠ ᠬᠠᠪᠢ ᠳᠠᠭᠠᠨ ᠠᠵᠢᠯ ᠤᠯᠬᠤ ᠶᠢ ᠳᠠᠶᠢᠴᠢᠯᠠᠭᠰᠠᠨ ᠪᠠᠶᠢᠨ᠎ᠠ᠃ ᠣᠳᠣᠬᠠᠨ ᠳᠤ ᠰᠢᠩ ᠱᠧᠩ ᠤᠨ ᠮᠠᠯ ᠠᠵᠤ ᠠᠬᠤᠶ ᠶᠢᠨ ᠠᠯᠠᠰᠢᠨ ᠦᠬᠡᠷ ᠤᠨ ᠲᠤᠭ᠎ᠠ 234 ᠪᠠᠶᠢᠵᠤ᠂ ᠡᠨᠡ ᠬᠡᠳᠦᠨ ᠡᠳᠦᠷ ᠲᠤ ᠨᠢᠭᠡ ᠪᠦᠯᠦᠭ ᠰᠢᠮᠧᠨ᠋ᠲ᠋ᠠᠷ ᠤᠨ ᠪᠣᠷᠳᠣᠵᠤ ᠲᠠᠷᠭᠤᠯᠠᠭᠤᠯᠤᠭᠰᠠᠨ ᠦᠬᠡᠷ ᠢ ᠨᠢᠭᠡᠨᠲᠡ ᠪᠦᠯᠦᠭ ᠬᠤᠪᠢᠶᠠᠨ ᠭᠠᠷᠭᠠᠵᠤ ᠪᠠᠶᠢᠨ᠎ᠠ᠃
      ︽ᠮᠠᠨ ᠤ ᠬᠠᠷᠠᠯᠲᠠ ᠪᠣᠯ ᠳᠡᠭᠡᠳᠦ ᠳᠡᠰ ᠤᠨ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠨᠡᠭᠡᠭᠡᠨ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠠᠯᠠᠰᠢᠨ ᠦᠬᠡᠷ ᠢ ᠭᠠᠷᠭᠠᠵᠤ᠂ ᠨᠢᠲᠤᠯᠤᠭᠰᠠᠨ ᠤ ᠳᠠᠷᠠᠭ᠎ᠠ ᠨᠠᠷᠢᠯᠢᠭ ᠬᠤᠪᠢᠶᠠᠵᠤ᠂ ᠲᠤᠰᠬᠠᠶ ᠬᠦᠢᠲᠡᠨ ᠬᠡᠯᠬᠢᠶᠡᠲᠦ ᠲᠡᠭᠡᠭᠡᠪᠦᠷᠢ ᠶᠢ ᠬᠡᠷᠡᠭᠯᠡᠨ᠂ 3 ᠴᠠᠭ ᠤᠨ ᠳᠣᠲᠣᠷ᠎ᠠ ᠪᠡᠭᠡᠵᠢᠩ ᠳᠤ ᠰᠢᠭᠤᠳ ᠬᠦᠷᠭᠡᠬᠦ ᠶᠢ ᠪᠠᠲᠤᠯᠠᠨ᠎ᠠ︾᠃ ᠭᠡᠵᠦ ᠯᠢ ᠰᠢᠤᠸᠠᠢ ᠸᠧᠨ ᠬᠡᠯᠡᠪᠡ᠃ ︽ᠪᠥᠬᠦ ᠰᠢᠶᠠᠩ ᠤᠨ ᠭᠠᠵᠠᠷ ᠰᠢᠷᠣᠶ ᠶᠢᠨ ᠡᠷᠭᠢᠯᠲᠡ ᠶᠢᠨ ᠲᠠᠯᠠᠪᠠᠶ ᠨᠢ 3 ᠲᠦᠮᠡ ᠭᠠᠷᠤᠶ ᠮᠥ ᠪᠠᠶᠢᠵᠤ᠂ ᠡᠭᠦᠨ ᠳᠤ 1.3 ᠲᠦᠮᠡᠨ ᠮᠥ ᠶᠢ ᠨᠢ ᠥᠷᠭᠡᠰᠦᠲᠦ ᠨᠣᠭᠤᠭ᠎ᠠ᠂ ᠴᠠᠭᠠᠨ ᠨᠣᠭᠤᠭ᠎ᠠ ᠵᠡᠷᠭᠡ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠳᠤ ᠬᠡᠷᠡᠭᠯᠡᠵᠦ᠂ ᠵᠥᠪᠬᠡᠨ ᠡᠨᠡ ᠨᠢᠭᠡ ᠯᠡ ᠵᠦᠢᠯ ᠨᠢ ᠲᠣᠰᠬᠤᠨ ᠤ ᠠᠷᠠᠳ ᠢ ᠳᠠᠶᠢᠴᠢᠯᠠᠨ ᠣᠶᠢᠷ᠎ᠠ ᠬᠠᠪᠢ ᠳᠠᠭᠠᠨ 3000 ᠭᠠᠷᠤᠶ ᠬᠥᠮᠦᠨ ᠤ ᠲᠦᠷ ᠴᠠᠭ ᠬᠥᠯᠥᠰᠥᠨ ᠠᠵᠢᠯ ᠬᠢᠯᠭᠡᠵᠦ᠂ ᠬᠥᠮᠦᠨ ᠳᠤᠮᠳᠠᠴᠢ ᠶᠢᠨ ᠣᠷᠣᠯᠭ᠎ᠠ ᠨᠢ 6000 ᠭᠠᠷᠤᠶ ᠲᠥᠭᠦᠷᠢᠭ ᠨᠡᠮᠡᠭᠳᠡᠭᠰᠡᠨ ᠪᠠᠶᠢᠨ᠎ᠠ︾ ᠭᠡᠵᠡᠶ᠃  ᠳ᠋ᠠ ᠲᠤᠩ ᠶᠣᠣ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠳ᠋ᠧᠦ ᠢᠦᠢ᠂ ︽ᠠᠩᠭᠧᠰ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠ ᠰᠠᠭᠤᠷᠢ ᠡᠬᠡ ᠮᠠᠯ ᠦᠷᠡᠵᠢᠭᠦᠯᠬᠦ ᠰᠠᠭᠤᠷᠢᠨ ᠢ ᠪᠠᠶᠢᠭᠤᠯᠵᠤ᠂ ᠨᠣᠬᠠᠢ ᠶᠢᠨ ᠬᠤᠰᠢᠭᠤ ᠶᠢᠨ ᠡᠰᠢ ᠰᠦᠷᠡᠯ ᠢ ᠪᠣᠷᠳᠤᠭ᠎ᠠ ᠪᠣᠯᠭᠠᠨ ᠠᠰᠢᠭᠯᠠᠬᠤ ᠪᠠ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠬᠤᠪᠢᠷᠠᠭᠤᠯᠬᠤ ᠶᠢ ᠠᠬᠢᠭᠤᠯᠵᠤ᠂ ︿ᠲᠠᠷᠢᠬᠤ ᠪᠠᠷ ᠲᠡᠵᠢᠭᠡᠬᠦ ᠶᠢ ᠠᠬᠢᠭᠤᠯᠬᠤ᠂ ᠲᠡᠵᠢᠭᠡᠬᠦ ᠪᠠᠷ ᠣᠷᠣᠯᠭ᠎ᠠ ᠶᠢ ᠨᠡᠮᠡᠭᠳᠡᠭᠦᠯᠬᠦ﹀ ︿ᠡᠰᠢ ᠰᠦᠷᠡᠯ ᠢ ᠲᠡᠵᠢᠭᠡᠬᠦ᠂ ᠪᠠᠭᠠᠰᠤ ᠶᠢ ᠲᠠᠷᠢᠶᠠᠨ ᠳᠤ ᠣᠷᠣᠭᠤᠯᠬᠤ﹀ ᠣᠷᠭᠠᠨᠢᠭ ᠲᠠᠷᠢᠵᠦ ᠲᠡᠵᠢᠭᠡᠬᠦ ᠠᠮᠢ ᠠᠬᠤᠢ ᠶᠢᠨ ᠬᠡᠯᠬᠢᠶ᠎ᠡ ᠶᠢ ᠪᠦᠷᠢᠯᠳᠦᠭᠦᠯᠵᠦ᠂ ᠵᠢᠯ ᠪᠦᠷᠢ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 10 ᠲᠦᠮᠡᠨ ᠲᠥᠭᠦᠷᠢᠭ ᠨᠡᠮᠡᠭᠳᠡᠨ᠎ᠡ︾ ᠭᠡᠵᠦ ᠬᠡᠯᠡᠪᠡ᠃
     ᠡᠨᠡ ᠪᠣᠯ ᠰᠢᠩ ᠡᡁᠧ ᠰᠢᠶᠠᠨ ᠤ ᠡᠯ᠎ᠡ ᠭᠠᠵᠠᠷ ᠤᠨ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠤ ︽ᠲᠤᠮᠤ ᠬᠦᠢᠳᠡᠨ ᠬᠡᠯᠬᠢᠶ᠎ᠡ᠂ ᠲᠤᠮᠤ ᠬᠥᠮᠥᠷᠭᠡ᠂ ᠲᠤᠮᠤ ᠡᠳ᠋ ᠪᠠᠷᠠᠭᠠᠨ ᠤ ᠭᠦᠢᠯᠭᠡᠭᠡ︾ ᠶᠢ ᠪᠠᠶᠢᠭᠤᠯᠬᠤ ᠵᠢᠴᠢ ︽ᠬᠤᠶᠠᠷ ᠬᠦᠷᠢᠶᠡᠯᠡᠩ᠂ ᠬᠤᠶᠠᠷ ᠲᠣᠭᠤᠷᠢᠭ︾ ᠤᠨ ᠲᠥᠯᠥᠪᠵᠢᠭᠦᠯᠭᠡ ᠪᠣᠯᠤᠨ ︽ᠲᠥᠪ ᠲᠣᠭᠤᠭᠠᠨ ᠭᠡᠷ︾ ᠤᠨ ᠪᠦᠳᠦᠭᠡᠨ ᠪᠠᠶᠢᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠢ ᠦᠢᠯᠡᠳᠦᠯᠭᠡ ᠪᠣᠯᠤᠨ᠎ᠠ᠂ ᠰᠢᠩ ᠡᡁᠧ ᠰᠢᠶᠠᠨ ᠤ ᠪᠡᠭᠡᠵᠢᠩ ᠳᠤ ︽ᠲᠤᠮᠤ ᠨᠣᠭᠤᠭ᠎ᠠ ᠶᠢᠨ ᠬᠦᠷᠢᠶᠡᠯᠡᠩ︾ ᠢ ᠪᠠᠶᠢᠭᠤᠯᠬᠤ ᠶᠢᠨ ᠬᠤᠷᠢᠶᠠᠩᠭᠤᠢ ᠳᠦᠷᠰᠦ ᠪᠣᠯᠤᠨ᠎ᠠ᠃ ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠬᠢᠨ ᠨᠡᠶᠢᠰᠯᠡᠯ ᠳᠤ ᠬᠠᠨᠳᠤᠭᠤᠯᠤᠭᠰᠠᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠵᠦ ᠭᠠᠷᠭᠠᠬᠤ ᠰᠠᠭᠤᠷᠢᠨ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠶᠠᠰᠤ ᠴᠢᠨᠠᠷ᠂ ᠰᠢᠨ᠎ᠡ ᠰᠣᠷᠭᠤᠭ᠂ ᠣᠨᠴᠠᠯᠢᠭ᠂ ᠳᠥᠭᠦᠮ ᠳᠥᠲᠡ︾ ᠶᠢᠨ ᠲᠣᠭᠤᠷᠢᠨ ᠳᠤ᠂ ᠤᠨᠢᠨ ᠳᠡᠭᠡᠷ᠎ᠡ ᠨᠢ ᠪᠡᠭᠡᠵᠢᠩ ᠤᠨ ᠵᠠᠬ᠎ᠠ ᠳᠡᠯᠭᠡᠭᠦᠷ ᠲᠠᠢ ᠵᠣᠯᠭᠠᠭᠤᠯᠵᠤ᠂ ᠵᠠᠬᠢᠶᠠᠯᠠᠭ᠎ᠠ ᠶᠢᠨ ᠲᠠᠷᠢᠮᠠᠯ ᠢ ᠬᠥᠭᠵᠢᠭᠦᠯᠵᠦ᠂ ᠲᠦᠷᠦᠯ ᠲᠡᠮᠳᠡᠭ ᠢ ᠪᠤᠶᠢᠵᠢᠭᠤᠯᠵᠤ᠂ ᠶᠡᠭᠡ  ᠬᠡᠪᠴᠢᠶ᠎ᠡ ᠪᠠᠷ ᠬᠥᠭᠵᠢᠭᠦᠯᠵᠡᠢ᠃
     ᠰᠢᠩ ᠡᡁᠧ ᠰᠢᠶᠠᠨ ᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ ᠺᠠᠢ ᠶᠤᠸᠠᠨ ᠤ ᠴᠤᠸᠠᠨ ᠱᠦᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠠᠵᠢᠯᠴᠢᠳ ᠶᠠᠭ ᠰᠠᠶᠢᠬᠠᠨ ᠡᠷᠳᠡᠨᠢ ᠰᠢᠰᠢ ᠶᠢ ᠡᠮᠬᠢ ᠵᠠᠮᠪᠠᠷᠠᠭ᠎ᠠ ᠲᠠᠢ ᠪᠠᠷ ᠵᠠᠳᠠᠷᠠᠭᠤᠯᠵᠤ᠂ ᠤᠰᠤ ᠥᠬᠡᠶᠢᠳᠡᠭᠦᠯᠵᠦ᠂ ᠪᠣᠭᠤᠳᠠᠯᠯᠠᠵᠤ ᠪᠠᠶᠢᠨ᠎ᠠ᠃ ᠦᠢᠯᠡᠳᠪᠦᠷᠢ ᠶᠢᠨ ᠳᠠᠷᠤᠭ᠎ᠠ ᠯᠢᠨ ᠬᠠᠢ ᠲᠤᠤ ᠶᠢᠨ ᠲᠠᠨᠢᠯᠴᠠᠭᠤᠯᠤᠭᠰᠠᠨ ᠢᠶᠠᠷ᠂ ᠡᠨᠡ ᠵᠢᠯ ᠵᠢᠯ ᠳᠤ ᠲᠦᠷᠭᠡᠨ ᠬᠥᠯᠳᠡᠭᠡᠭᠰᠡᠨ ᠡᠷᠳᠡᠨᠢ ᠰᠢᠰᠢ ᠶᠢᠨ ᠮᠥᠬᠦᠯᠢᠭ 10000 ᠲᠣᠨ᠂ ᠲᠦᠷᠭᠡᠨ ᠬᠥᠯᠳᠡᠭᠡᠭᠰᠡᠨ ᠡᠷᠳᠡᠨᠢ ᠰᠢᠰᠢ ᠶᠢᠨ ᠰᠢᠳᠠᠮ 5000 ᠲᠣᠨ᠂ ᠲᠦᠷᠭᠡᠨ ᠬᠥᠯᠳᠡᠭᠡᠭᠰᠡᠨ ᠲᠥᠮᠥᠰᠥ ᠶᠢᠨ ᠪᠦᠲᠦᠭᠡᠭᠳᠡᠬᠦᠨ 12000 ᠲᠣᠨ᠂ ᠲᠦᠷᠭᠡᠨ ᠬᠥᠯᠳᠡᠭᠡᠭᠰᠡᠨ ᠬᠤᠯᠤᠤᠪᠠᠩ 2000 ᠲᠣᠨ᠂ ᠵᠢᠮᠢᠰ ᠬᠤᠯᠤᠤᠪᠠᠩ 1000 ᠲᠣᠨ ᠦᠢᠯᠡᠳᠪᠦᠷᠢᠯᠡᠵᠦ᠂ ᠵᠢᠯ ᠤᠨ ᠡᠵᠡᠩᠨᠡᠯᠲᠡ ᠶᠢᠨ ᠣᠷᠣᠯᠭ᠎ᠠ 22000 ᠲᠦᠮᠡᠨ ᠲᠥᠭᠦᠷᠢᠭ᠂ ᠠᠰᠢᠭ ᠭᠠᠶᠢᠯᠢ 2600 ᠲᠦᠮᠡᠨ ᠲᠥᠭᠦᠷᠢᠭ ᠢ ᠪᠡᠶᠡᠯᠡᠭᠦᠯᠵᠦ ᠪᠣᠯᠤᠨ᠎ᠠ᠃      ᠰᠢᠩ ᠡᡁᠧ ᠰᠢᠶᠠᠨ ᠤ ᠲᠠᠷᠢᠶᠠᠯᠠᠩ ᠮᠠᠯ ᠠᠵᠤ ᠠᠬᠤᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶ᠎ᠡ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠰᠢᠩ ᠡᡁᠧ ᠰᠢᠶᠠᠨ ᠤ ᠬᠢᠨ ᠤᠯᠤᠰ ᠤᠨ ᠲᠡᠰ ᠤᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ 6959 ᠮᠦ ᠲᠠᠯᠠᠪᠠᠢ ᠲᠠᠢ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠦᠬᠦ ᠬᠦᠴᠦᠨ ᠢᠶᠠᠷ ᠢᠶᠠᠨ ᠪᠠᠶᠢᠭᠤᠯᠵᠤ ᠂ ᠨᠢᠭᠡᠳᠦᠭᠡᠷ ᠬᠤᠭᠤᠴᠠᠭᠠᠨ ᠤ A ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠦᠷᠢᠨ ᠲᠡᠭᠦᠯᠳᠡᠷ᠂ ᠭᠤᠣᠯᠳᠠᠭᠤ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠪᠣᠯᠪᠠᠰᠤᠷᠠᠭᠤᠯᠬᠤ ᠪᠠᠷ ᠭᠤᠣᠯ ᠪᠣᠯᠭᠠᠵᠤ᠂ ᠣᠳᠣᠬᠠᠨ ᠳᠤ ᠨᠢᠭᠡᠨᠲᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ 4 ᠠᠵᠤ ᠠᠬᠤᠶᠢᠯᠠᠯ ᠳᠤ ᠰᠠᠭᠤᠷᠢᠰᠢᠪᠠ᠃ ᠬᠤᠶᠠᠳᠤᠭᠠᠷ ᠬᠤᠭᠤᠴᠠᠭᠠᠨ ᠤ B ᠲᠣᠭᠤᠷᠢᠭ ᠲᠤ 1.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠣᠳᠣᠬᠠᠨ ᠳᠤ ᠲᠥᠷᠥᠯ ᠵᠦᠢᠯ ᠢ ᠨᠢᠭᠡᠨᠲᠡ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠵᠤ ᠪᠠᠶᠢᠨ᠎ᠠ᠃ ᠵᠢᠯ ᠤᠨ ᠪᠣᠷᠳᠣᠵᠤ ᠲᠠᠷᠭᠤᠯᠠᠭᠤᠯᠬᠤ 60 ᠲᠦᠮᠡᠨ ᠠᠯᠠᠰᠢᠨ ᠬᠤᠨᠢ ᠶᠢ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢᠯ ᠢ ᠵᠢᠯ ᠤᠨ ᠳᠣᠲᠣᠷ᠎ᠠ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠦᠯᠲᠡ ᠠᠯᠬᠤᠮ ᠠᠯᠬᠤᠮ ᠢᠶᠠᠷ ᠲᠡᠭᠦᠯᠳᠡᠷᠵᠢᠬᠦ ᠶᠢ ᠲᠠᠭᠠᠯᠳᠤᠨ᠂ ᠤᠯᠠᠮ ᠠᠴᠠ ᠤᠯᠠᠮ ᠤᠯᠠᠨ ᠪᠣᠳᠠᠲᠤ ᠬᠦᠴᠦᠨ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠬᠦᠷᠢᠶᠡᠯᠡᠩ ᠳᠤ ᠣᠷᠣᠬᠤ ᠪᠣᠯᠤᠨ᠎ᠠ᠃      ᠰᠢᠩ ᠡᡁᠧ ᠰᠢᠶᠠᠨ ᠤ ᠲᠠᠷᠢᠶᠠᠯᠠᠩ ᠮᠠᠯ ᠠᠵᠤ ᠠᠬᠤᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶ᠎ᠡ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠰᠢᠩ ᠡᡁᠧ ᠰᠢᠶᠠᠨ ᠤ ᠬᠢᠨ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠲᠠᠯᠠᠪᠠᠢ 10 ᠲᠦᠮᠡᠨ ᠮᠦ ᠳᠤ ᠬᠦᠷᠴᠦ᠂ ᠪᠦᠬᠦ ᠰᠢᠶᠠᠨ ᠤ ᠮᠢᠬᠠᠨ ᠤ ᠲᠦᠷᠦᠯ ᠤᠨ ᠶᠡᠷᠦᠩᠬᠡᠢ ᠭᠠᠷᠤᠯᠲᠠ 9013 ᠲᠣᠨ ᠳᠤ ᠬᠦᠷᠴᠦ᠂ ᠴᠠᠭᠠᠨ ᠨᠣᠭᠤᠭ᠎ᠠ᠂ ᠨᠣᠭᠤᠭᠠᠨ ᠴᠡᠴᠡᠭ᠂ ᠴᠤᠭᠤᠷ ᠨᠣᠭᠤᠭ᠎ᠠ᠂ ᠥᠷᠭᠡᠰᠦᠲᠦ ᠨᠣᠭᠤᠭ᠎ᠠ᠂ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ᠂ ᠪᠥᠭᠡᠷᠡᠩᠬᠡᠶ ᠴᠠᠭᠠᠨ ᠨᠣᠭᠤᠭ᠎ᠠ ᠵᠡᠷᠭᠡ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠰᠠᠭᠤᠷᠢᠨ ᠢ ᠲᠠᠰᠤᠷᠠᠯᠳᠡ ᠦᠭᠡᠢ ᠪᠠᠬᠢᠵᠢᠭᠦᠯᠵᠡᠢ᠃      ᠥᠨᠥᠳᠦᠷ ᠤᠨ ᠰᠢᠩ ᠡᡁᠧ ᠰᠢᠶᠠᠨ ᠤ ᠬᠢᠨ ᠥᠪᠡᠷᠮᠢᠴᠡ ᠣᠷᠣᠨ ᠪᠠᠶᠢᠷᠢ᠂ ᠵᠠᠮ ᠬᠠᠷᠢᠯᠴᠠᠭ᠎ᠠ᠂ ᠬᠥᠷᠥᠰᠥ ᠰᠢᠷᠣᠢ ᠂ ᠤᠰᠤᠨ ᠤ ᠴᠢᠨᠠᠷ᠂ ᠠᠭᠤᠷ ᠠᠮᠢᠰᠬᠤᠯ ᠵᠡᠷᠭᠡ ᠳᠠᠪᠠᠭᠤᠯᠢᠭ ᠲᠠᠭᠠᠨ ᠰᠠᠭᠤᠷᠢᠯᠠᠵᠤ᠂ ᠨᠡᠶᠢᠰᠯᠡᠯ ᠤᠨ ᠳᠡᠭᠡᠳᠦ ᠲᠡᠰ ᠤᠨ ᠵᠠᠬ᠎ᠠ ᠳᠡᠯᠭᠡᠭᠦᠷ ᠲᠠᠢ ᠤᠨᠢᠨ ᠳᠡᠭᠡᠷ᠎ᠡ ᠨᠢ ᠵᠣᠯᠭᠠᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠣᠬᠢᠷᠲᠤᠯ ᠦᠭᠡᠢ ᠣᠷᠭᠠᠨᠢᠭ ᠢᠳᠡᠰᠢᠨ ᠨᠣᠭᠤᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠡᠢ᠃ ︽ᠲᠠᠪᠤᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠰᠢᠩ ᠾᠧ ᠰᠢᠶᠠᠨ ᠤ ᠢᠳᠡᠰᠢᠨ ᠨᠣᠭᠤᠭ᠎ᠠ ᠶᠢᠨ ᠠᠵᠤ ᠦᠢᠯᠡᠰ ᠢ ᠠᠵᠤ ᠦᠢᠯᠡᠰᠵᠢᠭᠦᠯᠦᠨ ᠬᠥᠭᠵᠢᠭᠦᠯᠬᠦ ᠪᠠᠷ ᠴᠢᠭᠯᠡᠯ ᠪᠣᠯᠭᠠᠭᠰᠠᠨ᠂ ᠪᠣᠬᠢᠷᠲᠤᠯ ᠦᠭᠡᠶ ᠡᠬᠢ ᠪᠠᠶᠠᠯᠢᠭ ᠤᠨ ᠳᠠᠪᠠᠭᠤᠯᠢᠭ ᠢᠶᠠᠷ ᠲᠦᠰᠢᠭ ᠪᠣᠯᠭᠠᠭᠰᠠᠨ᠂ ᠨᠡᠷᠡᠲᠦ ᠲᠡᠮᠳᠡᠭ ᠢ ᠪᠤᠶ ᠪᠣᠯᠭᠠᠬᠤ ᠪᠠᠷ ᠭᠠᠷᠳᠠᠴᠠ ᠪᠣᠯᠭᠠᠭᠰᠠᠨ ᠪᠦᠬᠦ ᠤᠯᠤᠰ ᠤᠨ ᠴᠢᠨᠠᠷᠲᠠᠶ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠦᠢᠯᠡᠳᠪᠦᠷᠢᠯᠡᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ︾᠃ ᠭᠡᠵᠦ ᠵᠤᠤ ᠵᠢᠶᠦ᠋ᠨ ᠬᠡᠯᠡᠪᠡ᠃                                 ᠢᠷᠡᠯᠲᠡ᠄  ᠥᠪᠥᠷ ᠮᠣᠩᠭᠤᠯ ᠤᠨ ᠡᠳᠦᠷ ᠤᠨ ᠰᠣᠨᠢᠨ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3