ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠦᠪᠡᠳᠡᠭᠰᠢ ᠪᠠᠶᠢᠳᠠᠯ ᠮᠠᠨ ᠤ ᠰᠢᠶᠠᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠴᠢᠩᠭ᠎ᠠ ᠲᠤᠰᠬᠠᠯ ᠭᠠᠷᠭᠠᠪᠠ
ᠨᠡᠶᠢᠲᠡᠯᠡᠭᠰᠡᠨ ᠴᠠᠭ᠄
2022/10/21
    10 ᠰᠠᠷ᠎ᠠ ᠶᠢᠨ 16᠎ ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠪᠡᠭᠡᠵᠢᠩ ᠳᠤ ᠡᠬᠢᠯᠡᠵᠦ᠂ ᠪᠦᠬᠦ ᠰᠢᠶᠠᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠡᠬᠢᠯᠡᠯᠲᠡ ᠶᠢᠨ ᠬᠤᠷᠠᠯ᠂ ᠰᠤᠷᠤᠯᠴᠠᠯᠭ᠎ᠠ ᠶᠢᠨ ᠶᠡᠭᠡ ᠬᠤᠷᠠᠯ ᠤᠨ ᠢᠯᠡᠳᠬᠡᠯ ᠢ ᠨᠠᠷᠢᠨ ᠬᠢᠨᠠᠮᠠᠭᠠᠶ ᠬᠦᠯᠢᠶᠡᠨ ᠠᠪᠴᠤ ᠰᠣᠨᠣᠰᠪᠠ᠃ ᠤᠢᠢᠷ᠎ᠠ ᠶᠢᠨ ᠡᠳᠦᠷ ᠤᠳ ᠲᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠲᠥᠯᠥᠭᠡᠯᠡᠭᠴᠢᠳ ᠤᠨ ᠳᠤᠮᠳᠠ ᠦᠷᠭᠦᠯᠵᠢᠯᠡᠨ ᠴᠢᠩᠭ᠎ᠠ ᠲᠤᠰᠬᠠᠯ ᠭᠠᠷᠪᠠ᠃ ᠣᠯᠠᠨ ᠢᠶᠠᠷ ᠢᠶᠠᠨ᠄ ᠠᠷᠪᠠᠨ ᠵᠢᠯ ᠤᠨ ᠠᠮᠵᠢᠯᠲᠠ ᠪᠦᠲᠦᠮᠵᠢ ᠨᠢ ᠬᠥᠮᠦᠰ ᠤᠨ ᠰᠡᠳᠬᠢᠯ ᠢ ᠵᠣᠷᠢᠭᠵᠢᠭᠤᠯᠤᠨ᠂ ᠠᠤᠭ᠎ᠠ ᠶᠡᠭᠡ ᠵᠢᠷᠤᠭ ᠲᠥᠰᠦᠪ ᠨᠢ ᠬᠥᠮᠦᠰ ᠢ ᠤᠷᠮᠠᠰᠢᠭᠤᠯᠤᠨ ᠤᠷᠤᠭᠰᠢᠯᠠᠭᠤᠯᠵᠤ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠡᠭᠡᠷ᠎ᠡ ᠨᠢᠭᠲᠠᠷᠠᠭᠤᠯᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠪᠠᠨ ᠦᠵᠡᠭᠦᠯᠪᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠢᠩ ᠾᠧ ᠰᠢᠶᠠᠨ ᠤ ᠮᠤᠩ ᠰᠢᠩ ᠲᠠᠷᠢᠶᠠᠯᠠᠩ ᠮᠠᠯ ᠠᠵᠤ ᠠᠬᠤᠶ ᠶᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢᠨ ᠯᠢᠦ ᠬᠦᠶ ᠰᠢᠶᠠᠨ      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠣᠨᠣᠰᠤᠭᠰᠠᠨ ᠤ ᠲᠠᠷᠠᠭ᠎ᠠ᠂ ᠮᠢᠨᠦ ᠰᠡᠳᠬᠢᠯ ᠳᠣᠭᠳᠣᠯᠤᠨ ᠳᠣᠭᠳᠣᠯᠵᠤ᠂ ᠠᠴᠢ ᠬᠠᠷᠢᠭᠤᠯᠠᠵᠤ ᠪᠠᠶᠢᠯ᠎ᠠ᠃ ᠳᠤᠮᠳᠠᠳᠤ ᠤᠯᠤᠰ ᠤᠨ ᠡᠪ ᠬᠠᠮᠲᠤ ᠨᠠᠮ 100 ᠭᠠᠷᠤᠶ ᠵᠢᠯ ᠤᠨ ᠬᠥᠭᠵᠢᠯᠲᠡ ᠶᠢᠨ ᠶᠠᠪᠤᠴᠠ ᠶᠢ ᠥᠩᠭᠡᠷᠡᠭᠡᠵᠦ᠂ ᠲᠦᠢᠯ ᠤᠨ ᠶᠡᠷᠦ ᠪᠤᠰᠤ ᠶᠢᠨ ᠪᠠ ᠲᠦᠢᠯ ᠤᠨ ᠶᠡᠷᠦ ᠪᠤᠰᠤ ᠶᠢᠨ ᠨᠤᠭᠤᠷᠠᠯ ᠪᠦᠳᠦᠷᠢᠯ ᠤᠨ ᠵᠠᠮ ᠢ ᠲᠤᠭᠤᠯᠵᠤ᠂ ᠮᠠᠨ ᠤ ᠤᠯᠤᠰ ᠲᠣᠭᠲᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠡᠯ᠎ᠡ ᠵᠦᠢᠯ ᠤᠨ ᠠᠵᠢᠯ ᠳᠠᠭᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠪᠠ ᠬᠤᠪᠢᠰᠤᠯᠲᠠ ᠶᠢ ᠣᠯᠤᠭᠰᠠᠨ ᠪᠠᠶᠢᠨ᠎ᠠ᠃ ᠡᠬᠡ ᠤᠯᠤᠰ ᠤᠨ ᠢᠶᠠᠨ ᠬᠦᠴᠦᠷᠬᠡᠭ ᠶᠡᠭᠡ ᠪᠠᠶᠢᠬᠤ ᠶᠢ ᠰᠡᠷᠡᠵᠦ ᠮᠡᠳᠡᠭᠰᠡᠨ ᠤ ᠳᠠᠷᠠᠭ᠎ᠠ᠂ ᠳᠣᠲᠣᠭᠠᠳᠤ ᠰᠡᠳᠬᠢᠯ ᠨᠡᠩ ᠴᠤ ᠣᠮᠤᠭ ᠵᠣᠷᠢᠭ ᠲᠡᠭᠦᠯᠳᠡᠷ ᠪᠠᠶᠢᠨ᠎ᠠ᠂ ᠳᠠᠷᠠᠭᠠᠴᠢ ᠶᠢᠨ ᠠᠯᠬᠤᠮ ᠳᠤ ᠪᠢ ᠨᠢᠭᠡ ᠰᠡᠳᠬᠢᠯ ᠢᠶᠠᠷ ᠨᠠᠮ ᠤᠨ ᠢᠶᠠᠨ ᠲᠥᠯᠥᠭᠡ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ᠃ ᠡᠬᠡ ᠣᠷᠣᠨ ᠤ ᠪᠠᠨ ᠬᠥᠭᠵᠢᠯ ᠮᠠᠨᠳᠤᠯ ᠳᠤ ᠬᠦᠴᠦᠨ ᠴᠢᠳᠠᠯ ᠢᠶᠠᠨ ᠡᠷᠭᠦᠨ᠎ᠡ᠃      ᠬᠤᠲᠠ ᠶᠢᠨ ᠠᠷᠠᠳ ᠤᠨ ᠲᠥᠯᠥᠭᠡᠯᠡᠭᠴᠢ᠂ ᠰᠢᠩ ᠾᠧ ᠰᠢᠶᠠᠨ ᠤ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠮᠠ ᠰᠢ      ᠡᠬᠢᠯᠡᠯᠲᠡ ᠶᠢᠨ ᠦᠪᠡᠳᠡᠭᠰᠢ ᠪᠠᠶᠢᠳᠠᠯ ᠢ ᠬᠦᠯᠢᠶᠡᠨ ᠠᠪᠴᠤ ᠦᠵᠡᠭᠰᠡᠨ ᠤ ᠳᠠᠷᠠᠭ᠎ᠠ᠂ ᠮᠢᠨᠦ ᠰᠡᠳᠬᠢᠯ ᠳᠣᠭᠳᠣᠯᠤᠨ ᠳᠣᠭᠳᠣᠯᠵᠤ᠂ ᠶᠡᠭᠡ ᠬᠤᠷᠠᠯ ᠤᠨ ᠬᠥᠮᠦᠰ ᠤᠨ ᠰᠡᠳᠬᠢᠯ ᠢ ᠬᠥᠭᠵᠢᠭᠡᠵᠦ᠂ ᠴᠡᠷᠢᠭ ᠤᠨ ᠵᠣᠷᠢᠭ ᠢ ᠬᠥᠪᠴᠢᠯᠡᠵᠦ ᠪᠠᠶᠢᠬᠤ ᠶᠢ ᠭᠦᠨ ᠰᠡᠷᠡᠵᠦ ᠮᠡᠳᠡᠪᠡ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ᠂ ᠪᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠦᠢᠯᠡᠰ ᠢ ᠴᠢᠨᠠᠷ ᠰᠠᠶᠢᠲᠠᠢ ᠬᠥᠭᠵᠢᠭᠦᠯᠬᠦ ᠶᠢᠨ ᠲᠥᠯᠥᠭᠡ ᠡᠷᠡᠮᠡᠬᠡᠶᠢᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠨ᠎ᠠ︕      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠢᠩ ᠾᠧ ᠰᠢᠶᠠᠨ ᠤ ᠳ᠋ᠠ ᠮᠠ ᠵᠢᠶᠠ ᠵᠢᠶ ᠬᠤᠲᠠ ᠶᠢᠨ ᠳᠠᠭᠠᠭᠠᠮᠠᠯ ᠮᠠ ᠭᠤᠤ ᠱᠧᠩ      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠨᠢ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠵᠤ᠂ ᠬᠥᠮᠦᠰ ᠤᠨ ᠬᠥᠳᠡᠯᠭᠡᠬᠦ ᠬᠦᠴᠦᠨ ᠢ ᠲᠠᠬᠢᠨ ᠢᠶᠠᠷ ᠨᠡᠮᠡᠭᠳᠡᠭᠦᠯᠵᠦ᠂ ᠬᠠᠷᠢᠭᠤᠴᠠᠯᠭ᠎ᠠ ᠶᠢ ᠲᠠᠬᠢᠨ ᠢᠶᠠᠷ ᠨᠡᠮᠡᠭᠳᠡᠭᠦᠯᠪᠡ᠃ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠵᠤ ᠪᠠᠶᠢᠭ᠎ᠠ ᠵᠠᠩᠭᠢᠯᠠᠭ᠎ᠠ ᠶᠢᠨ ᠴᠠᠭ ᠮᠥᠴᠡ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠢᠷᠡᠭᠡᠳᠦᠶ ᠶᠢᠨ 5 ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠳᠠᠬᠢ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠ ᠦᠨᠳᠦᠰᠦᠨ ᠪᠤᠳᠤᠯᠭ᠎ᠠ ᠴᠢᠭᠯᠡᠯᠲᠡ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠵᠦ᠂ ᠨᠠᠮ ᠪᠠ ᠤᠯᠤᠰ ᠤᠨ ᠠᠵᠢᠯ ᠦᠢᠯᠡᠰ ᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠳᠤ ᠬᠤᠯᠪᠣᠭᠳᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠢᠷᠡᠭᠡᠳᠦᠶ ᠬᠤᠪᠢ ᠵᠠᠶᠠᠭ᠎ᠠ ᠳᠤ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠵᠤ ᠪᠠᠶᠢᠨ᠎ᠠ᠃ ᠠᠵᠤ ᠠᠬᠤᠶᠢᠯᠠᠯ ᠤᠨ ᠡᠲᠡᠭᠡᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠲᠠᠯ᠎ᠠ ᠪᠠᠷ᠂ ᠠᠵᠤ ᠠᠬᠤᠶᠢᠯᠠᠯ ᠢᠶᠠᠨ ᠳᠠᠭᠠᠭᠤᠯᠤᠨ ᠨᠠᠮ ᠤᠨ ᠵᠣᠬᠢᠶᠠᠨ ᠪᠠᠶᠢᠭᠤᠯᠤᠯᠲᠠ ᠲᠠᠢ ᠢᠳᠡᠪᠬᠢᠲᠡᠢ ᠣᠶᠢᠷᠠᠲᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠡᠷᠭᠦᠨ᠎ᠡ᠃ ᠴᠢᠩ ᠦᠨᠡᠨᠴᠢ ᠣᠪᠣᠷ ᠢᠶᠠᠷ ᠲᠡᠷᠢᠭᠦᠨ ᠤ ᠪᠦᠲᠦᠭᠡᠭᠳᠡᠬᠦᠨ ᠢ ᠡᠭᠦᠳᠬᠦ ᠶᠢ ᠪᠠᠷᠢᠮᠲᠠᠯᠠᠵᠤ᠂ ᠥᠷᠭᠡᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠥᠭᠡᠭᠡᠴᠡᠯᠳᠦᠯ ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠳ᠋ᠠ ᠲᠦᠩ ᠶᠣᠣ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠵᠠᠩ ᠲᠢᠩ ᠹᠠ      ᠰᠢ ᠶᠢᠨ ᠫᠢᠩ ᠶᠡᠷᠦᠩᠬᠡᠢ ᠱᠦᠵᠢ ᠶᠢᠨ ᠬᠢᠭᠰᠡᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠴᠤ᠂ ᠢᠯᠡᠳᠬᠡᠯ ᠤᠨ ᠪᠠᠶᠢᠷᠢᠰᠢᠯ ᠠᠤᠭ᠎ᠠ ᠶᠡᠭᠡ᠂ ᠭᠦᠨ ᠭᠦᠨᠵᠡᠭᠡᠢ ᠪᠥᠭᠡᠳ ᠨᠡᠪᠲᠡᠷᠬᠡᠢ ᠪᠠᠶᠢᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠪᠠᠷᠠᠭᠠᠯᠬᠢᠯᠠᠯᠳᠤ ᠴᠢᠨᠠᠷ᠂ ᠪᠠᠶᠢᠯᠳᠤᠬᠤ ᠪᠤᠳᠤᠯᠭ᠎ᠠ ᠶᠢᠨ ᠴᠢᠨᠠᠷ᠂ ᠵᠢᠯᠣᠭᠤᠳᠬᠤ ᠴᠢᠨᠠᠷ ᠲᠠᠢ ᠶᠤᠮ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠶᠢᠨ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠪᠠ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠲᠦᠷᠢᠮ ᠤᠨ ᠰᠢᠰᠲ᠋ᠧᠮ ᠢ ᠪᠦᠷᠢᠨᠰᠢᠬᠦᠯᠵᠦ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠨᠡᠩ ᠰᠠᠶᠢᠲᠤᠷ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠲᠡᠮᠡᠴᠡᠯ ᠤᠨ ᠬᠦᠴᠦᠨ ᠢ ᠨᠢᠭᠲᠠᠷᠠᠭᠤᠯᠵᠤ᠂ ᠠᠭᠤᠤ ᠶᠡᠭᠡ ᠦᠢᠯᠡᠰ ᠢ ᠰᠠᠶᠢᠲᠤᠷ ᠬᠢᠬᠦ ᠬᠡᠷᠡᠭᠲᠡᠢ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠳ᠋ᠢᠶᠠᠨ ᠽᠢ ᠪᠠᠯᠭᠠᠰᠤᠨ ᠤ ᠯᠦ ᠵᠢᠶᠠ ᠶᠢᠩ ᠲᠣᠰᠬᠤᠨ ᠤ ᠨᠠᠮ ᠤᠨ ᠡᠭᠦᠷ ᠤᠨ ᠱᠦᠵᠢ ᠰᠢᠤᠢ ᠴᠢᠩ      ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠮᠠᠨ ᠤ ᠨᠠᠮ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠠᠷ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠰᠢᠨ᠎ᠡ ᠠᠶᠠᠨ ᠵᠠᠮ ᠳᠤ ᠣᠷᠣᠬᠤ ᠴᠢᠬᠤᠯᠠ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠬᠦᠰᠢᠶ᠎ᠡ ᠳᠤᠷᠠᠰᠬᠠᠯ ᠤᠨ ᠴᠢᠨᠠᠷᠲᠠᠢ ᠶᠡᠭᠡ ᠬᠤᠷᠠᠯ ᠪᠣᠯᠤᠨ᠎ᠠ᠃ ᠶᠡᠷᠦᠩᠬᠡᠢ ᠱᠦᠵᠢ ᠶᠢᠨ ᠬᠢᠭᠰᠡᠨ ᠢᠯᠡᠳᠬᠡᠯ ᠳᠤ ᠥᠩᠭᠡᠷᠡᠭᠰᠡᠨ ᠲᠠᠪᠤᠨ ᠵᠢᠯ ᠤᠨ ᠠᠵᠢᠯ ᠵᠢᠴᠢ ᠣᠯᠤᠭᠰᠠᠨ ᠯᠤᠲᠤ ᠶᠡᠭᠡ ᠠᠮᠵᠢᠯᠲᠠ ᠪᠦᠲᠦᠮᠵᠢ ᠪᠣᠯᠤᠨ ᠠᠮᠵᠢᠯᠲᠠ ᠲᠠᠢ ᠲᠤᠷᠰᠢᠯᠭ᠎ᠠ ᠶᠢ ᠳᠡᠭᠡᠳᠦ  ᠬᠡᠮᠵᠢᠶ᠎ᠡ ᠪᠠᠷ ᠳ᠋ᠦᠩᠨᠡᠭᠡᠳ᠂ ᠨᠠᠮᠠᠶᠢ ᠶᠡᠬᠡᠳᠡ ᠰᠣᠴᠢᠭᠠᠪᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠢ ᠬᠤᠶᠢᠰᠢᠳᠠ ᠶᠢᠨ ᠠᠵᠢᠯ ᠤᠨ ᠳᠤᠮᠳᠠ ᠪᠠᠨ᠂ ᠲᠤᠰ ᠪᠡᠶ᠎ᠡ ᠶᠢᠨ ᠴᠢᠳᠠᠪᠤᠷᠢ ᠪᠠ ᠬᠡᠪ ᠴᠢᠨᠠᠷ ᠢᠶᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ ᠬᠦᠰᠡᠯᠡᠩ ᠢᠶᠠᠨ ᠪᠠᠲᠤᠳᠬᠠᠵᠤ᠂ ᠢᠲᠡᠭᠡᠯ ᠵᠣᠷᠢᠭ ᠢᠶᠠᠨ ᠪᠠᠲᠤ ᠰᠠᠬᠢᠵᠤ᠂ ᠦᠨᠳᠦᠰᠦᠨ ᠱᠠᠲᠤᠨ ᠤ ᠠᠵᠢᠯ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠷᠢᠮᠲᠠᠯᠠᠵᠤ᠂ ᠬᠦᠴᠢᠷ ᠵᠣᠪᠠᠭᠤᠷᠢ ᠶᠢ ᠠᠮᠰᠠᠵᠤ ᠳᠡᠶᠢᠯᠬᠦ᠂ ᠬᠠᠷᠢᠭᠤᠴᠠᠯᠭ᠎ᠠ ᠲᠠᠢ᠂ ᠰᠤᠷᠤᠯᠴᠠᠯᠭ᠎ᠠ ᠶᠢ ᠴᠢᠬᠤᠯᠠᠴᠢᠯᠠᠬᠤ ᠠᠵᠢᠯ ᠤᠨ ᠣᠪᠣᠷ ᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠯᠦ ᠵᠢᠶᠠ ᠶᠢᠩ ᠤᠨ ᠠᠮᠢ ᠠᠬᠤᠢ ᠶᠢᠨ ᠵᠤᠭᠠᠴᠠᠯ ᠤᠨ ᠵᠢᠵᠢᠭ ᠪᠠᠯᠭᠠᠰᠤ ᠶᠢ ᠪᠦᠳᠦᠭᠡᠨ ᠪᠠᠶᠢᠭᠤᠯᠬᠤ ᠠᠵᠢᠯ ᠢ ᠴᠢᠷᠮᠠᠶᠢᠨ ᠰᠠᠶᠢᠲᠤᠷ ᠬᠢᠵᠦ᠂ ᠠᠷᠠᠳ ᠤᠨ ᠰᠠᠨᠠᠭ᠎ᠠ ᠶᠢ ᠣᠶᠢᠯᠠᠭᠠᠬᠤ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ᠂ ᠠᠷᠠᠳ ᠢ ᠬᠠᠪᠰᠤᠷᠬᠤ᠂ ᠠᠷᠠᠳ ᠢ ᠪᠠᠶᠠᠵᠢᠭᠤᠯᠬᠤ ᠶᠢ ᠠᠬᠢᠭᠤᠯᠬᠤ ᠶᠢ ᠦᠨᠡᠨᠬᠦ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠰᠢᠨ᠎ᠡ ᠴᠠᠭ ᠦᠶ᠎ᠡ ᠶᠢᠨ ᠰᠢᠨ᠎ᠡ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃      ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠠᠶᠢᠬᠤᠰᠤ ᠪᠠᠯᠭᠠᠰᠤᠨ ᠤ ᠳᠡᠳ᠋ ᠳᠠᠷᠤᠭ᠎ᠠ ᠶᠠᠨ ᠰᠢᠤ      ᠶᠡᠷᠦᠩᠬᠡᠶ ᠱᠦᠵᠢ ᠰᠢ ᠶᠢᠨ ᠫᠢᠩ ᠪᠢᠳᠡᠨ ᠢ ᠳᠠᠭᠠᠭᠤᠯᠤᠨ ᠥᠩᠭᠡᠷᠡᠭᠰᠡᠨ ᠤ ᠠᠵᠢᠯ ᠪᠣᠯᠤᠨ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢ ᠬᠠᠮᠲᠤ ᠪᠠᠷ ᠡᠷᠭᠢᠴᠡᠭᠦᠯᠬᠦ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠦᠬᠡᠲᠦ ᠡᠭᠦᠷᠭᠡ ᠶᠢ ᠪᠡᠶᠡᠯᠡᠭᠦᠯᠬᠦ᠂ ᠨᠢᠭᠡᠳᠦᠭᠡᠷ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠦᠶ᠎ᠡ ᠳᠤ᠂ ᠮᠠᠨ ᠤ ᠠᠭᠤᠤ ᠶᠡᠭᠡ ᠡᠬᠡ ᠤᠯᠤᠰ ᠠᠭᠤᠤ ᠶᠡᠭᠡ ᠨᠠᠮ ᠳᠠᠭᠠᠨ ᠲᠦᠢᠯ ᠢᠶᠠᠷ ᠣᠮᠣᠭᠰᠢᠬᠤ ᠶᠢᠨ ᠬᠠᠮᠲᠤ ᠪᠠᠰᠠ ᠦᠨᠳᠦᠰᠦᠨ ᠱᠠᠲᠤᠨ ᠤ ᠠᠵᠢᠯᠳᠠᠨ ᠪᠣᠯᠤᠭᠰᠠᠨ ᠤ ᠬᠤᠪᠢ ᠳᠤ ᠡᠨᠡᠬᠦ ᠠᠭᠤᠤ ᠶᠡᠭᠡ ᠦᠢᠯᠡᠰ ᠢ ᠪᠡᠶ᠎ᠡ ᠪᠠᠷ ᠢᠶᠠᠨ ᠥᠩᠭᠡᠷᠡᠭᠦᠯᠦᠭᠰᠡᠨ ᠳᠡᠭᠡᠨ ᠴᠢᠩ ᠰᠡᠳᠬᠢᠯ ᠠᠴᠠ ᠪᠠᠨ ᠣᠮᠣᠭᠰᠢᠵᠤ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠠᠰᠠ ᠨᠢᠭᠡᠨ ᠰᠢᠨ᠎ᠡ ᠭᠠᠷᠤᠭ᠎ᠠ ᠮᠥᠨ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠪᠢ ᠢᠲᠡᠭᠡᠯ ᠵᠣᠷᠢᠭ ᠲᠡᠭᠦᠯᠳᠡᠷ ᠪᠠᠶᠢᠨ᠎ᠠ᠂ ᠭᠠᠭᠴᠠ ᠬᠦ ᠬᠠᠨᠴᠤᠢ ᠰᠢᠮᠠᠯᠠᠨ ᠴᠢᠷᠮᠠᠶᠢᠨ ᠠᠵᠢᠯᠯᠠᠪᠠᠯ ᠰᠠᠶ᠋ᠢ ᠡᠨᠡᠬᠦ ᠠᠭᠤᠤ ᠶᠡᠭᠡ ᠴᠠᠭ ᠦᠶ᠎ᠡ ᠶᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠂ ᠰᠠᠶᠢᠬᠤᠰᠤ ᠪᠠᠯᠭᠠᠰᠤᠨ ᠤ ᠠᠷᠠᠳ ᠲᠦᠮᠡᠨ ᠤ ᠠᠮᠢᠳᠤᠷᠠᠯ ᠤᠨ ᠰᠢᠨ᠎ᠡ ᠳᠡᠭᠲᠡᠷ ᠲᠤ ᠭᠠᠷᠬᠤ ᠳᠤ ᠥᠪᠡᠷ ᠤᠨ ᠥᠴᠦᠬᠡᠨ ᠬᠦᠴᠦ ᠪᠠᠨ ᠡᠷᠭᠦᠨ᠎ᠡ︕                                ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3