ᠰᠢᠩ ᠾᠧ ᠰᠢᠶᠠᠨ ᠤ ᠬᠢᠨ ︽ᠨᠢᠭᠡ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠬᠢᠨᠠᠨ | ᠵᠥᠪᠰᠢᠶᠡᠷᠡᠬᠦ ᠥᠭᠡᠷᠡᠴᠢᠯᠡᠯᠲᠡ ᠪᠠᠷ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠠᠬᠢᠭᠤᠯᠬᠤ | ᠴᠢᠬᠤᠯᠠ ᠭᠠᠷᠳᠠᠴᠠ ᠪᠠ ︽ᠢᠯᠡ ᠲᠣᠳᠣ ᠪᠠᠷ ᠠᠳᠠᠯᠢᠳᠬᠠᠬᠤ︾ ᠠᠵᠢᠯᠯᠠᠭ᠎ᠠ ᠶᠢᠨ ᠲᠡᠷᠢᠭᠦᠨ ᠤ ᠬᠢ ᠶᠢ ᠡᠭᠦᠳᠴᠦ | ᠰᠢᠯᠢᠳᠡᠭ ᠪᠣᠯᠬᠤ ᠪᠠᠷ ᠴᠢᠷᠮᠠᠶᠢᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠣᠰ ᠭᠠᠵᠠᠷ ᠣᠷᠣᠨ ᠤ ᠠᠷᠠᠳ | ᠢᠷᠭᠡᠳ ᠤᠨ ᠡᠳᠦᠷ ᠲᠤᠲᠤᠮ ᠤᠨ ᠠᠮᠢᠳᠤᠷᠠᠯ ᠳᠤ ᠣᠶᠢᠷᠠᠲᠤᠭᠰᠠᠨ᠂ ᠠᠵᠤ ᠠᠬᠤᠶᠢᠯᠠᠯ ᠤᠨ ᠠᠵᠢᠯᠯᠠᠭᠠᠨ ᠤ | ᠬᠥᠭᠵᠢᠯᠲᠡ ᠳᠤ ᠬᠤᠯᠪᠣᠭᠳᠠᠭᠰᠠᠨ ᠥᠨᠳᠥᠷ ᠲᠠᠪᠳᠠᠮᠵᠢᠳᠤ ᠵᠦᠢᠯᠡᠰ ᠢ ᠡᠮᠬᠢᠯᠡᠨ ᠨᠡᠶᠢᠯᠡᠭᠦᠯᠵᠦ᠂ ︽ᠨᠢᠭᠡ ᠶᠠᠪᠤᠳᠠᠯ ᠢ | ᠨᠢᠭᠡ ᠯᠡ ᠤᠳᠠᠭ᠎ᠠ ᠳᠤ ᠭᠦᠢᠴᠡᠳᠭᠡᠬᠦ︾ ᠬᠢᠨᠠᠨ ᠵᠥᠪᠰᠢᠶᠡᠷᠡᠬᠦ ᠬᠡᠪᠴᠢᠶᠡᠨ ᠳᠤ ᠣᠷᠣᠭᠤᠯᠵᠤ᠂ ᠴᠤᠪᠤᠷᠠᠯ ᠢ | ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ ᠶᠢ ᠦᠨᠡᠨ ᠬᠦ ᠪᠡᠶᠡᠯᠡᠭᠦᠯᠵᠦ᠂ | ᠨᠢᠭᠡ ᠤᠳᠠᠭ᠎ᠠ ᠳᠤ ᠨᠢᠭᠡ ᠶᠠᠪᠤᠳᠠᠯ ᠢ ᠰᠠᠶᠢᠲᠤᠷ ᠬᠢᠵᠦ᠂ ᠠᠵᠤ ᠠᠬᠤᠶᠢᠯᠠᠯ᠂ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠯᠠᠪᠳᠠᠭᠤᠨ ᠪᠠᠲᠤᠲᠠᠶ ᠪᠠᠷ ᠳᠡᠭᠡᠭᠰᠢᠯᠡᠭᠦᠯᠪᠡ᠃ | | | ᠰᠢᠩ ᠡᡁᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠳᠤ᠂ | ᠰᠤᠷᠪᠤᠯᠵᠢᠯᠠᠭᠴᠢ ᠶᠡᠷᠦᠩᠬᠡᠢ ᠴᠣᠩᠬᠤᠨ ᠳᠤ ᠡᠵᠡᠩᠨᠡᠯᠲᠡ ᠶᠢᠨ ᠦᠨᠡᠮᠯᠡᠯ ᠠᠪᠤᠭᠰᠠᠨ ᠮᠤᠤ ᠠᠪᠤᠭᠠᠢ ᠵᠥᠪᠬᠡᠨ ᠨᠢᠭᠡ | ᠬᠠᠭᠤᠳᠠᠰᠤ ᠬᠦᠰᠦᠨᠦᠭ ᠲᠠᠭᠯᠠᠵᠤ᠂ ᠨᠢᠭᠡ ᠬᠤᠪᠢ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠨᠢᠭᠡ ᠴᠠᠭ | ᠪᠣᠯᠤᠯ ᠦᠭᠡᠢ ᠪᠠᠷ ᠡᠵᠡᠩᠨᠡᠯᠲᠡ ᠶᠢᠨ ᠦᠨᠡᠮᠯᠡᠯ ᠢᠶᠠᠨ ᠣᠯᠵᠤ ᠠᠪᠤᠭᠰᠠᠨ ᠢ ᠣᠯᠵᠤ ᠬᠠᠷᠠᠵᠠᠢ᠃ | | | ᠬᠤᠳᠠᠯᠳᠤᠭᠠᠴᠢᠨ ᠮᠤᠤ ᠠᠪᠤᠭᠠᠶ᠄ ᠪᠢ ᠥᠨᠥᠳᠦᠷ ᠡᠵᠡᠩᠨᠡᠯᠲᠡ ᠶᠢᠨ ᠦᠨᠡᠮᠯᠡᠯ ᠠᠪᠬᠤ ᠪᠠᠷ ᠢᠷᠡᠬᠦ ᠳᠤ᠂ | ᠤᠷᠢᠳᠴᠢᠯᠠᠨ ᠤᠲᠠᠰᠤᠳᠠᠬᠤ ᠳᠤ ᠶᠠᠮᠠᠷ ᠮᠠᠲ᠋ᠧᠷᠢᠶᠠᠯ ᠬᠡᠷᠡᠭᠰᠡᠬᠦ ᠶᠢ ᠪᠦᠷ ᠤᠷᠢᠳᠴᠢᠯᠠᠨ ᠪᠡᠯᠡᠳᠬᠡᠵᠦ᠂ ᠬᠠᠭᠠᠰ | ᠴᠠᠭ ᠤᠨ ᠳᠣᠲᠣᠷ᠎ᠠ ᠬᠢᠭᠡᠳ ᠭᠠᠷᠭᠠᠴᠢᠬᠠᠨ᠎ᠠ᠂ ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠡᠵᠡᠩᠨᠡᠯᠲᠡ ᠶᠢᠨ | ᠦᠨᠡᠮᠯᠡᠯ ᠠᠪᠬᠤ ᠳᠤ ᠬᠤᠶᠠᠷ ᠭᠤᠷᠪᠠᠨ ᠡᠳᠦᠷ ᠤᠨ ᠴᠠᠭ ᠬᠡᠷᠡᠭᠰᠡᠨ᠎ᠡ᠂ ᠣᠳᠣ ᠶᠢᠨ ᠦᠷ᠎ᠡ ᠪᠦᠲᠦᠮᠵᠢ ᠦᠨᠡᠬᠡᠷ | ᠰᠠᠶᠢᠨ᠂ ᠦᠨᠡᠬᠡᠷ ᠲᠦᠷᠭᠡᠨ ᠪᠠᠶᠢᠨ᠎ᠠ ᠭᠡᠵᠦ ᠢᠯᠡᠷᠬᠡᠶᠢᠯᠡᠪᠡ᠃ | | | ᠣᠶᠢᠯᠠᠭᠠᠭᠰᠠᠨ ᠢᠶᠠᠷ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠲᠤᠬᠠᠶᠢᠯᠠᠭᠰᠠᠨ | ᠠᠵᠢᠯ ᠢ ᠬᠡᠷᠡᠭᠵᠢᠭᠦᠯᠦᠭᠰᠡᠨ ᠠᠴᠠ ᠨᠠᠰᠢ᠂ ᠰᠢᠩ ᠾᠧ ᠰᠢᠶᠠᠨ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ | ᠭᠦᠢᠴᠡᠳᠭᠡᠬᠦ ᠠᠷᠭ᠎ᠠ ᠮᠠᠶ᠋ᠢᠭ ᠢ ᠭᠠᠷᠭᠠᠵᠤ᠂ ᠡᠵᠡᠩᠨᠡᠯᠲᠡ ᠶᠢᠨ ᠦᠨᠡᠮᠯᠡᠯ ᠢ ᠭᠦᠢᠴᠡᠳᠭᠡᠬᠦ᠂ ᠨᠢᠷᠠᠶ ᠬᠡᠤᠬᠡᠳ ᠤᠨ | ᠬᠥᠩᠭᠡᠵᠢᠯᠲᠡ ᠶᠢᠨ ᠳᠡᠩᠰᠡᠯᠡᠯᠲᠡ᠂ ᠭᠠᠶᠢᠯᠢ ᠲᠠᠲᠠᠪᠤᠷᠢ ᠶᠢᠨ ᠳᠡᠩᠰᠡᠯᠡᠯᠲᠡ ᠵᠡᠷᠭᠡ ᠣᠯᠠᠨ ᠵᠦᠢᠯ ᠤᠨ | ᠲᠤᠬᠠᠶᠢᠯᠠᠭᠰᠠᠨ ᠠᠵᠢᠯ ᠢ ᠲᠠᠰᠤᠷᠠᠯᠲᠠ ᠥᠬᠡᠶ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ | ᠬᠡᠪᠴᠢᠶᠡᠨ ᠳᠤ ᠣᠷᠣᠭᠤᠯᠵᠤ᠂ ᠣᠲᠣ ᠨᠢᠭᠡᠨᠲᠡ 103 ᠵᠦᠢᠯ ᠤᠨ ᠲᠤᠬᠠᠶᠢᠯᠠᠭᠰᠠᠨ ᠠᠵᠢᠯ ᠳᠤ ᠣᠷᠣᠭᠤᠯᠵᠤ᠂ ︽ | ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠢ 4422 ᠪᠡᠶᠡᠯᠡᠭᠦᠯᠦᠭᠰᠡᠨ ᠪᠠᠶᠢᠨ᠎ᠠ᠃ ᠰᠢᠩ | ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠠᠰᠠ ᠲᠤᠰᠬᠠᠶᠢᠯᠠᠨ ︽ᠨᠢᠭᠡ ᠯᠡ ᠤᠳᠠᠭ᠎ᠠ ᠳᠤ | ᠠᠯᠪᠠᠨ ᠭᠡᠷ︾ ᠤᠨ ᠴᠣᠩᠬᠤ ᠭᠠᠷᠭᠠᠵᠤ᠂ ᠤᠴᠢᠷ ᠶᠠᠪᠤᠳᠠᠯ ᠰᠢᠢᠳᠪᠦᠷᠢᠯᠡᠬᠦ ᠪᠠᠷ ᠢᠷᠡᠭᠰᠡᠨ ᠠᠵᠤ ᠠᠬᠤᠶᠢᠯᠠᠯ ᠪᠠ | ᠣᠯᠠᠨ ᠲᠦᠮᠡᠨ ᠳᠤ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠪᠠ ᠰᠢᠢᠳᠪᠦᠷᠢᠯᠡᠬᠦ ᠦᠢᠯᠡᠴᠢᠯᠡᠭᠡ ᠬᠠᠩᠭᠠᠵᠤ᠂ | ᠣᠯᠠᠨ ᠰᠠᠯᠠᠭ᠎ᠠ ᠮᠥᠴᠢᠷ ᠲᠤ ᠬᠤᠯᠪᠣᠭᠳᠠᠬᠤ ᠮᠥᠷᠲᠡᠭᠡᠨ ᠬᠠᠷᠢᠯᠴᠠᠨ ᠬᠤᠯᠪᠣᠭᠳᠠᠬᠤ ᠣᠯᠠᠨ ᠤᠴᠢᠷ ᠶᠠᠪᠤᠳᠠᠯ ᠢ | ᠡᠮᠬᠢᠯᠡᠨ ᠨᠡᠶᠢᠯᠡᠭᠦᠯᠵᠦ᠂ ᠴᠤᠪᠤᠷᠠᠯ ᠢ ᠰᠢᠯᠢᠳᠡᠭᠵᠢᠭᠦᠯᠦᠨ᠂ ︽ᠨᠢᠭᠡ ᠶᠠᠪᠤᠳᠠᠯ︾ ᠪᠣᠯᠭᠠᠨ ᠨᠡᠶᠢᠯᠡᠭᠦᠯᠵᠦ᠂ | ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠬᠤ ᠶᠢ ᠲᠠᠰᠤ ᠵᠣᠭᠰᠣᠭᠠᠵᠤ᠂ ︽ᠨᠢᠭᠡ ᠯᠡ ᠡᠭᠦᠳᠡ ᠪᠠᠷ ᠣᠷᠣᠵᠤ᠂ | ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠠᠷᠭ᠎ᠠ ᠮᠠᠶ᠋ᠢᠭ ᠢᠶᠠᠷ ᠠᠵᠢᠯ ᠶᠠᠪᠤᠳᠠᠯ ᠭᠦᠢᠴᠡᠳᠭᠡᠬᠦ | ᠴᠤᠪᠤᠷᠠᠯ ᠢ ᠪᠣᠭᠤᠨᠢᠰᠬᠠᠵᠤ᠂ ᠠᠵᠢᠯ ᠶᠠᠪᠤᠳᠠᠯ ᠭᠦᠢᠴᠡᠳᠭᠡᠬᠦ ᠴᠠᠭ ᠢ ᠠᠷᠪᠢᠯᠠᠵᠤ᠂ ᠠᠵᠢᠯ ᠶᠠᠪᠤᠳᠠᠯ ᠭᠦᠢᠴᠡᠳᠭᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠰᠢᠩ ᠾᠧ ᠰᠢᠶᠠᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠳᠡᠳ᠋ ᠡᠷᠬᠢᠯᠡᠭᠴᠢ | ᠢᠯᠡᠷᠬᠡᠶᠢᠯᠡᠬᠦ ᠳᠡᠭᠡᠨ᠄ ᠥᠩᠭᠡᠷᠡᠭᠰᠡᠨ ᠳᠤ᠂ ᠣᠯᠠᠨ ᠲᠦᠮᠡᠨ ᠪᠠ ᠠᠵᠤ ᠠᠬᠤᠶᠢᠯᠠᠯ ᠭᠠᠷ ᠳᠠᠮᠵᠢᠭᠰᠠᠨ ᠣᠷᠣᠨ | ᠰᠠᠭᠤᠴᠠ ᠶᠢᠨ ᠠᠷᠠᠯᠵᠢᠶᠠᠨ ᠤ ᠡᠷᠦᠬᠡ ᠰᠢᠯᠵᠢᠭᠦᠯᠬᠦ ᠶᠢ ᠭᠦᠢᠴᠡᠳᠭᠡᠭᠰᠡᠨ ᠤ ᠳᠠᠷᠠᠭ᠎ᠠ᠂ ᠤᠰᠤ ᠴᠠᠬᠢᠯᠭᠠᠨ ᠬᠡᠶ | ᠳᠤᠯᠠᠭᠠᠯᠠᠭ᠎ᠠ ᠶᠢᠨ ᠴᠣᠩᠬᠤᠨ ᠳᠤ ᠬᠦᠷᠴᠦ ᠲᠣᠰ ᠲᠣᠰ ᠮᠠᠲ᠋ᠧᠷᠢᠶᠠᠯ ᠢᠶᠠᠨ ᠲᠤᠰᠢᠶᠠᠪᠠᠯ ᠰᠠᠶ᠋ᠢ ᠤᠰᠤ᠂ ᠴᠠᠬᠢᠯᠭᠠᠨ᠂ | ᠬᠡᠶ᠂ ᠳᠤᠯᠠᠭᠠᠯᠠᠭ᠎ᠠ ᠶᠢᠨ ᠡᠷᠦᠬᠡ ᠰᠢᠯᠵᠢᠭᠦᠯᠬᠦ ᠶᠢ ᠪᠡᠶᠡᠯᠡᠭᠦᠯᠵᠦ ᠴᠢᠳᠠᠨ᠎ᠠ᠂ ᠲᠤᠰᠢᠶᠠᠭᠰᠠᠨ ᠮᠠᠲ᠋ᠧᠷᠢᠶᠠᠯ ᠨᠢ ᠮᠠᠰᠢ | ᠶᠡᠭᠡ ᠳᠠᠪᠬᠤᠴᠠᠬᠤ ᠴᠢᠨᠠᠷᠲᠠᠶ ᠪᠠᠶᠢᠵᠤ᠂ ᠴᠠᠭ ᠪᠠ ᠬᠦᠴᠦ ᠪᠠᠷᠠᠨ᠎ᠠ᠃ ᠣᠳᠣᠬᠠᠨ ᠳᠤ ︽ᠨᠢᠭᠡ ᠴᠣᠩᠬᠤ ᠪᠠᠷ | ᠨᠡᠪᠲᠡᠷᠡᠭᠦᠯᠬᠦ᠂ ᠨᠢᠭᠡ ᠬᠦᠰᠦᠨᠦᠭᠲᠦ ᠪᠠᠷ ᠮᠡᠳᠡᠭᠦᠯᠬᠦ᠂ ᠬᠠᠮᠲᠤᠷᠠᠨ ᠬᠥᠳᠡᠯᠦᠯᠴᠡᠬᠦ ᠠᠯᠪᠠᠨ ᠬᠡᠷ︾ ᠤᠨ ᠭᠦᠢᠴᠡᠳᠭᠡᠬᠦ | ᠵᠠᠭᠪᠤᠷ ᠢᠶᠠᠷ ᠳᠠᠮᠵᠢᠭᠤᠯᠤᠨ᠂ ᠣᠯᠠᠨ ᠲᠦᠮᠡᠨ ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠡᠩᠰᠡᠯᠡᠯᠲᠡ ᠶᠢᠨ | ᠲᠤᠬᠠᠶᠢᠯᠠᠭᠰᠠᠨ ᠠᠵᠢᠯ ᠢ ᠭᠦᠢᠴᠡᠳᠭᠡᠭᠰᠡᠨ ᠤ ᠳᠠᠷᠠᠭ᠎ᠠ᠂ ᠳᠠᠷᠤᠶ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ ᠶᠢᠨ | ᠡᠷᠦᠬᠡ ᠰᠣᠯᠢᠬᠤ ᠭᠠᠷ ᠭᠦᠢᠴᠡᠳᠭᠡᠯ ᠬᠢᠵᠦ ᠪᠣᠯᠤᠨ᠎ᠠ᠃ | ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠬᠢᠨ ᠠᠵᠤ ᠠᠬᠤᠶᠢᠯᠠᠯ᠂ ᠤᠯᠠᠨ ᠲᠦᠮᠡᠨ ︽ᠨᠢᠭᠡ | ᠶᠠᠪᠤᠳᠠᠯ︾ ᠢ ᠰᠠᠶᠢᠲᠤᠷ ᠬᠢᠬᠦ ᠪᠠᠷ ᠬᠠᠷᠠᠯᠲᠠ ᠪᠣᠯᠭᠠᠵᠤ᠂ ︽ᠦᠵᠡᠮᠵᠢ ᠮᠠᠶ᠋ᠢᠭ︾ ᠤᠨ ᠭᠤᠣᠯ ᠰᠡᠳᠦᠪᠲᠦ ᠢᠵᠢ | ᠦᠢᠯᠡᠴᠢᠯᠡᠭᠡ ᠶᠢᠨ ᠦᠢᠯᠡᠴᠢᠯᠡᠭᠡ ᠶᠢ ᠲᠠᠰᠤᠷᠠᠯᠳᠡ ᠦᠭᠡᠢ ᠠᠬᠢᠭᠤᠯᠵᠤ᠂ ᠠᠵᠤ ᠠᠬᠤᠶᠢᠯᠠᠯ᠂ ᠤᠯᠠᠨ ᠲᠦᠮᠡᠨ ᠤ | ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ︽ᠤᠯᠠᠨ ᠲᠠᠯ᠎ᠠ ᠠᠴᠠ ᠭᠦᠶᠦᠬᠦ᠂ ᠮᠠᠲ᠋ᠧᠷᠢᠶᠠᠯ ᠤᠯᠠᠨ᠂ ᠴᠠᠭ | ᠤᠷᠳᠤ ᠵᠠᠷᠤᠴᠠᠭᠤᠯᠬᠤ︾ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠭᠰᠡᠨ ᠪᠠᠶᠢᠨ᠎ᠠ᠃ ︽ᠨᠢᠭᠡ ᠶᠠᠪᠤᠳᠠᠯ ᠢ | ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠶᠢ ᠶᠠᠭ ᠲᠦᠷᠭᠡᠪᠴᠢᠯᠡᠨ ᠠᠬᠢᠭᠤᠯᠵᠤ᠂ ᠠᠵᠤ ᠠᠬᠤᠶᠢᠯᠠᠯ᠂ ᠤᠯᠠᠨ | ᠲᠦᠮᠡᠨ ᠤ ᠤᠴᠢᠷ ᠶᠠᠪᠤᠳᠠᠯ ᠢ ᠰᠢᠢᠳᠪᠦᠷᠢᠯᠡᠬᠦ ᠶᠢ ︽ᠲᠦᠷᠭᠡᠨ ᠵᠠᠮ︾ ᠳᠤ ᠣᠷᠣᠭᠤᠯᠬᠤ ᠪᠠᠷ ᠴᠢᠷᠮᠠᠶᠢᠵᠤ ᠪᠠᠶᠢᠨ᠎ᠠ᠃ | | ᠰᠢᠩ ᠡᡁᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ᠄ | ᠳᠠᠷᠠᠭᠠᠴᠢ ᠶᠢᠨ ᠠᠯᠬᠤᠮ ᠳᠤ ᠮᠠᠨ ᠤ ᠲᠤᠪᠴᠢᠶ᠎ᠡ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠯᠠᠨ ᠤ ᠪᠣᠳᠠᠲᠠᠢ ᠬᠡᠷᠡᠭᠴᠡᠭᠡ ᠪᠠᠷ ᠡᠭᠦᠰᠭᠡᠯ ᠪᠣᠯᠭᠠᠵᠤ᠂ ᠨᠡᠩ | ᠤᠯᠠᠨ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠶᠠᠪᠤᠳᠠᠯ ᠢ ᠰᠦᠪᠡᠭᠴᠢᠯᠡᠵᠦ᠂ ︽ᠠᠵᠤ | ᠠᠬᠤᠶᠢᠯᠠᠯ᠂ ᠤᠯᠠᠨ ᠲᠦᠮᠡᠨ ᠤ ᠠᠵᠢᠯ ᠶᠠᠪᠤᠳᠠᠯ ᠬᠢᠬᠦ ᠳᠤ ᠮᠠᠲ᠋ᠧᠷᠢᠶᠠᠯ ᠦᠭᠡᠢ᠂ ᠭᠦᠶᠦᠯᠲᠡ ᠶᠢᠨ ᠠᠵᠢᠯ ᠦᠭᠡᠢ︾ | ᠪᠠᠶᠢᠬᠤ ᠶᠢ ᠦᠨᠡᠨᠬᠦ ᠪᠡᠶᠡᠯᠡᠭᠦᠯᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠪᠦᠬᠦ | ᠲᠠᠯ᠎ᠠ ᠪᠠᠷ ᠨᠡᠪᠲᠡᠷᠡᠭᠦᠯᠦᠨ᠎ᠡ ᠭᠡᠵᠦ ᠢᠯᠡᠳᠬᠡᠪᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |