ᠰᠢᠶᠠᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ 2023 ᠣᠨ ᠤ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠢ ᠲᠤᠭᠤᠷᠪᠢᠬᠤ ᠠᠵᠢᠯ ᠣᠲᠣ ᠨᠢᠭᠡᠨᠲᠡ ᠡᠬᠢᠯᠡᠪᠡ᠃ ︽ᠢᠯᠡᠳᠬᠡᠯ︾ ᠳᠤ | ᠠᠷᠠᠳ ᠤᠨ ᠠᠮᠢᠳᠤᠷᠠᠯ ᠳᠤ ᠨᠡᠩ ᠰᠠᠶᠢᠨ ᠬᠠᠷᠢᠭᠤᠯᠲᠠ ᠥᠭᠴᠦ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠦᠨ᠂ | ᠠᠷᠠᠳ ᠤᠨ ᠰᠠᠨᠠᠭ᠎ᠠ ᠶᠢ ᠢᠯᠡᠷᠡᠭᠦᠯᠬᠦ ᠶᠢᠨ ᠲᠥᠯᠥᠭᠡ᠂ ᠤᠳᠤ ᠨᠡᠶᠢᠭᠡᠮ ᠳᠠᠶᠠᠭᠠᠷ ᠲᠤ ᠬᠠᠨᠳᠤᠭᠤᠯᠤᠨ ︽ᠢᠯᠡᠳᠬᠡᠯ︾ ᠢ | ᠲᠤᠭᠤᠷᠪᠢᠬᠤ ᠠᠵᠢᠯ ᠤᠨ ᠲᠤᠬᠠᠶ ᠰᠠᠨᠠᠭᠤᠯᠭ᠎ᠠ ᠪᠠ ᠰᠠᠨᠠᠯ ᠢ ᠥᠷᠭᠡᠨ ᠢᠶᠠᠷ ᠴᠤᠭᠯᠠᠭᠤᠯᠪᠠ᠂ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠨᠢᠭᠡ᠂ ᠡᠯᠰᠡᠬᠦ ᠴᠠᠭ | ᠵᠠᠷᠯᠠᠨ ᠨᠡᠶᠢᠲᠡᠯᠡᠭᠰᠡᠨ ᠡᠳᠦᠷ ᠠᠴᠠ 2022 ᠣᠨ ᠤ 11 ᠰᠠᠷ᠎ᠠ ᠶᠢᠨ 10 ᠤ ᠡᠳᠦᠷ ᠪᠣᠯᠲᠠᠯ᠎ᠠ | ᠬᠤᠶᠠᠷ᠂ ᠡᠯᠰᠡᠬᠦ ᠠᠭᠤᠯᠭ᠎ᠠ | ᠴᠢᠨᠠᠷ ᠰᠠᠶᠢᠲᠠᠶ ᠬᠥᠭᠵᠢᠯᠲᠡ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠣᠷᠴᠢᠨ ᠠᠬᠤᠶ ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠵᠠᠰᠠᠭ ᠤᠨ | ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠭᠤᠤᠯᠯᠠᠭᠤᠯᠤᠨ ᠳᠤᠷᠠᠳᠤᠭᠠᠷᠠᠶ᠃ | ︵ᠨᠢᠭᠡ︶ ᠲᠠᠨ ᠤ ᠦᠵᠡᠬᠦ ᠪᠠᠷ 2022 ᠣᠨ ᠤ ᠰᠢᠶᠠᠨ ᠤ ᠵᠠᠰᠠᠭ ᠤᠨ ᠣᠷᠳᠣᠨ ᠤ ᠠᠵᠢᠯ ᠳᠤ ᠶᠠᠮᠠᠷ ᠬᠢᠯᠠᠰ | ᠴᠡᠭ ᠪᠠ ᠠᠮᠵᠢᠯᠲᠠ ᠪᠦᠲᠦᠮᠵᠢ ᠪᠠᠶᠢᠬᠤ᠂ ᠶᠠᠮᠠᠷ ᠶᠠᠮᠠᠷ ᠬᠦᠷᠦᠯᠴᠡᠬᠦ ᠥᠬᠡᠶ ᠲᠠᠯ᠎ᠠ ᠪᠠ ᠠᠰᠠᠭᠤᠳᠠᠯ ᠣᠷᠣᠰᠢᠵᠤ ᠪᠠᠶᠢᠬᠤ᠂ | ᠶᠠᠮᠠᠷ ᠰᠠᠨᠠᠭᠤᠯᠭ᠎ᠠ ᠪᠠᠶᠢᠬᠤ ᠪᠣᠶ︖ | ︵ᠬᠤᠶᠠᠷ︶ ᠰᠢᠶᠠᠨ ᠤ ᠵᠠᠰᠠᠭ ᠤᠨ ᠣᠷᠳᠣᠨ 2023 ᠣᠨ ᠳᠤ ᠠᠵᠢᠯ ᠢᠶᠠᠨ ᠭᠤᠤᠯᠳᠠᠯᠭ᠎ᠠ ᠲᠠᠢ ᠳᠥᠯᠭᠢᠨ | ᠠᠬᠢᠭᠤᠯᠬᠤ ᠪᠠ ᠠᠷᠭ᠎ᠠ ᠬᠡᠮᠵᠢᠶ᠎ᠡ ᠠᠪᠬᠤ ᠶᠢ ᠬᠦᠰᠡᠵᠦ ᠪᠠᠶᠢᠨ᠎ᠠ᠃ | ︵ᠭᠤᠷᠪᠠ︶ ᠪᠤᠰᠤᠳ ᠲᠠᠯ᠎ᠠ ᠶᠢᠨ ᠰᠠᠨᠠᠯ ᠪᠠ ᠰᠠᠨᠠᠭᠤᠯᠭ᠎ᠠ᠃ | ᠭᠤᠷᠪᠠ᠂ ᠡᠯᠰᠡᠬᠦ ᠠᠷᠭ᠎ᠠ ᠮᠠᠶ᠋ᠢᠭ | ᠵᠠᠬᠢᠳᠠᠯ ᠢᠯᠡᠭᠡᠬᠦ᠂ ᠹᠠᠺᠰ᠂ ᠡᠯᠧᠺᠲᠷᠣᠨ ᠰᠢᠦᠳᠠᠨ ᠵᠦᠢᠯ᠂ ᠸᠢᠴᠠᠲ ᠵᠡᠷᠭᠡ ᠠᠷᠭ᠎ᠠ ᠮᠠᠶ᠋ᠢᠭ ᠢᠶᠠᠷ ᠰᠠᠨᠠᠯ ᠢᠶᠠᠨ | ᠳᠤᠷᠠᠳᠴᠤ ᠪᠣᠯᠤᠨ᠎ᠠ᠃ | ︵ᠨᠢᠭᠡ︶ ᠵᠠᠬᠢᠳᠠᠯ ᠢᠷᠡᠭᠦᠯᠦᠭᠰᠡᠨ ᠬᠠᠶ᠋ᠢᠭ᠄ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ︵ᠰᠢᠩ ᠾᠧ ᠰᠢᠶᠠᠨ ᠤ ᠰᠢᠨ ᠴᠧᠩ ᠲᠣᠭᠤᠷᠢᠭ ᠤᠨ ᠨᠠᠮ ᠵᠠᠰᠠᠭ ᠤᠨ ᠲᠤᠮᠤ ᠠᠰᠠᠷ ᠤᠨ ᠠᠷᠤ ᠶᠢᠨ ᠠᠰᠠᠷ ᠤᠨ | 225 ᠦᠷᠦᠭᠡ ᠰᠢᠦᠳᠠᠨ ᠳ᠋ᠤᠭᠠᠷ᠄ 013650︶ | ︵ᠬᠤᠶᠠᠷ︶ ᠹᠠᠺᠰ ᠳ᠋ᠢᠶᠠᠩᠬᠤᠸᠠ᠄ 0474 — 7212174 | ︵ᠭᠤᠷᠪᠠ︶ ᠡᠯᠧᠺᠲᠷᠣᠨ ᠰᠢᠤᠳᠠᠨ ᠤ ᠬᠠᠶᠢᠷᠴᠠᠭ᠄ xhzcyjzx@163.com᠂ ᠰᠢᠤᠳᠠᠨ ᠤ ᠵᠦᠢᠯ ᠳᠤ | ᠡᠷᠬᠡᠪᠰᠢ ︽︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠳᠤ ᠰᠠᠨᠠᠯ ᠵᠥᠪᠯᠡᠯᠭᠡ ᠳᠤᠷᠠᠳᠴᠤ ᠠᠷᠭ᠎ᠠ ᠤᠬᠠᠭᠠᠨ | ᠭᠠᠷᠭᠠᠨ᠎ᠠ︾ ᠭᠡᠵᠦ ᠲᠣᠳᠣᠷᠬᠠᠶᠢᠯᠠᠬᠤ ᠬᠡᠷᠡᠭᠲᠡᠶ᠃ | ︵ᠳᠥᠷᠪᠡ︶ ᠸᠢᠴᠠᠲ ᠢᠶᠠᠷ ︽ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ︾ | ᠨᠡᠶᠢᠲᠡ ᠶᠢᠨ ᠳ᠋ᠤᠭᠠᠷ ᠢ ᠬᠠᠶᠢᠵᠤ ᠂ ᠪᠠᠰᠠ ᠬᠤᠶᠠᠷ ᠬᠡᠮᠵᠢᠯᠳᠦ ᠺᠣᠳ᠋ ᠢ ᠰᠢᠭᠤᠳ ᠰᠢᠷᠪᠢᠵᠦ᠂ ᠠᠩᠬᠠᠷᠤᠯ ᠤᠨ ᠴᠡᠭ ᠨᠡᠮᠡᠵᠦ | ᠂ ᠰᠠᠨᠠᠭᠤᠯᠭ᠎ᠠ ᠪᠠᠨ ᠦᠭᠡ ᠦᠯᠡᠳᠡᠭᠡᠵᠦ ᠲᠤᠰᠢᠶᠠᠵᠤ ᠪᠣᠯᠤᠨ᠎ᠠ᠃ ᠰᠠᠨᠠᠭᠤᠯᠤᠭᠴᠢ ᠶᠢᠨ ᠣᠪᠣᠭ ᠨᠡᠷ᠎ᠡ᠂ ᠬᠠᠷᠢᠯᠴᠠᠬᠤ | ᠤᠲᠠᠰᠤ ᠶᠢ ᠲᠣᠳᠣᠷᠬᠠᠶ ᠪᠢᠴᠢᠵᠦ᠂ ᠬᠠᠷᠢᠯᠴᠠᠬᠤ ᠳᠤ ᠳᠥᠭᠦᠮ ᠪᠣᠯᠭᠠᠬᠤ ᠬᠡᠷᠡᠭᠲᠡᠶ᠃ | | | | | ᠰᠢᠩ ᠾᠧ ᠰᠢᠶᠠᠨ ᠤ ᠠᠷᠠᠳ ᠤᠨ ᠵᠠᠰᠠᠭ ᠤᠨ ᠤᠷᠳᠤᠨ | 2022 ᠣᠨ ᠤ 10 ᠰᠠᠷ᠎ᠠ ᠶᠢᠨ 20 ᠤ ᠡᠳᠦᠷ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |