ᠰᠢᠩ ᠾᠧ ᠰᠢᠶᠠᠨ ᠤ ︽ᠨᠢᠭᠡ ᠤᠴᠢᠷ ᠢ ᠨᠢᠭᠡ ᠤᠳᠠᠭ᠎ᠠ ᠳᠤ ᠰᠢᠢᠳᠪᠦᠷᠢᠯᠡᠬᠦ︾ ᠵᠠᠰᠠᠭ ᠤᠨ ᠶᠠᠪᠤᠳᠠᠯ ᠤᠨ  ᠦᠢᠯᠡᠴᠢᠯᠡᠭᠡ ᠶᠢ ᠳᠠᠬᠢᠨᠲᠠ ᠲᠦᠷᠭᠡᠳᠬᠡᠪᠡ
ᠨᠡᠶᠢᠲᠡᠯᠡᠭᠰᠡᠨ ᠴᠠᠭ᠄
2022/10/21
     ᠰᠢᠩ ᠾᠧ ᠰᠢᠶᠠᠨ ᠤ ᠬᠢᠨ ︽ᠨᠢᠭᠡ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠬᠢᠨᠠᠨ ᠵᠥᠪᠰᠢᠶᠡᠷᠡᠬᠦ ᠥᠭᠡᠷᠡᠴᠢᠯᠡᠯᠲᠡ ᠪᠠᠷ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠠᠬᠢᠭᠤᠯᠬᠤ ᠴᠢᠬᠤᠯᠠ ᠭᠠᠷᠳᠠᠴᠠ ᠪᠠ ︽ᠢᠯᠡ ᠲᠣᠳᠣ ᠪᠠᠷ ᠠᠳᠠᠯᠢᠳᠬᠠᠬᠤ︾ ᠠᠵᠢᠯᠯᠠᠭ᠎ᠠ ᠶᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠣᠰ ᠭᠠᠵᠠᠷ ᠣᠷᠣᠨ ᠤ ᠠᠷᠠᠳ ᠢᠷᠭᠡᠳ ᠤᠨ ᠡᠳᠦᠷ ᠲᠤᠲᠤᠮ ᠤᠨ ᠠᠮᠢᠳᠤᠷᠠᠯ ᠳᠤ ᠣᠶᠢᠷᠠᠲᠤᠭᠰᠠᠨ᠂ ᠠᠵᠤ ᠠᠬᠤᠶᠢᠯᠠᠯ ᠤᠨ ᠠᠵᠢᠯᠯᠠᠭᠠᠨ ᠤ ᠬᠥᠭᠵᠢᠯᠲᠡ ᠳᠤ ᠬᠤᠯᠪᠣᠭᠳᠠᠭᠰᠠᠨ ᠥᠨᠳᠥᠷ ᠲᠠᠪᠳᠠᠮᠵᠢᠳᠤ ᠵᠦᠢᠯᠡᠰ ᠢ ᠡᠮᠬᠢᠯᠡᠨ ᠨᠡᠶᠢᠯᠡᠭᠦᠯᠵᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠬᠢᠨᠠᠨ ᠵᠥᠪᠰᠢᠶᠡᠷᠡᠬᠦ ᠬᠡᠪᠴᠢᠶᠡᠨ ᠳᠤ ᠣᠷᠣᠭᠤᠯᠵᠤ᠂ ᠴᠤᠪᠤᠷᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ ᠶᠢ ᠦᠨᠡᠨ ᠬᠦ ᠪᠡᠶᠡᠯᠡᠭᠦᠯᠵᠦ᠂ ᠨᠢᠭᠡ ᠤᠳᠠᠭ᠎ᠠ ᠳᠤ ᠨᠢᠭᠡ ᠶᠠᠪᠤᠳᠠᠯ ᠢ ᠰᠠᠶᠢᠲᠤᠷ ᠬᠢᠵᠦ᠂ ᠠᠵᠤ ᠠᠬᠤᠶᠢᠯᠠᠯ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠯᠠᠪᠳᠠᠭᠤᠨ ᠪᠠᠲᠤᠲᠠᠶ ᠪᠠᠷ ᠳᠡᠭᠡᠭᠰᠢᠯᠡᠭᠦᠯᠪᠡ᠃
     ᠰᠢᠩ ᠡᡁᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠳᠤ᠂ ᠰᠤᠷᠪᠤᠯᠵᠢᠯᠠᠭᠴᠢ ᠶᠡᠷᠦᠩᠬᠡᠢ ᠴᠣᠩᠬᠤᠨ ᠳᠤ ᠡᠵᠡᠩᠨᠡᠯᠲᠡ ᠶᠢᠨ ᠦᠨᠡᠮᠯᠡᠯ ᠠᠪᠤᠭᠰᠠᠨ ᠮᠤᠤ ᠠᠪᠤᠭᠠᠢ ᠵᠥᠪᠬᠡᠨ ᠨᠢᠭᠡ ᠬᠠᠭᠤᠳᠠᠰᠤ ᠬᠦᠰᠦᠨᠦᠭ ᠲᠠᠭᠯᠠᠵᠤ᠂ ᠨᠢᠭᠡ ᠬᠤᠪᠢ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠨᠢᠭᠡ ᠴᠠᠭ ᠪᠣᠯᠤᠯ ᠦᠭᠡᠢ ᠪᠠᠷ ᠡᠵᠡᠩᠨᠡᠯᠲᠡ ᠶᠢᠨ ᠦᠨᠡᠮᠯᠡᠯ ᠢᠶᠠᠨ ᠣᠯᠵᠤ ᠠᠪᠤᠭᠰᠠᠨ ᠢ ᠣᠯᠵᠤ ᠬᠠᠷᠠᠵᠠᠢ᠃
     ᠬᠤᠳᠠᠯᠳᠤᠭᠠᠴᠢᠨ ᠮᠤᠤ ᠠᠪᠤᠭᠠᠶ᠄ ᠪᠢ ᠥᠨᠥᠳᠦᠷ ᠡᠵᠡᠩᠨᠡᠯᠲᠡ ᠶᠢᠨ ᠦᠨᠡᠮᠯᠡᠯ ᠠᠪᠬᠤ ᠪᠠᠷ ᠢᠷᠡᠬᠦ ᠳᠤ᠂ ᠤᠷᠢᠳᠴᠢᠯᠠᠨ ᠤᠲᠠᠰᠤᠳᠠᠬᠤ ᠳᠤ ᠶᠠᠮᠠᠷ ᠮᠠᠲ᠋ᠧᠷᠢᠶᠠᠯ ᠬᠡᠷᠡᠭᠰᠡᠬᠦ ᠶᠢ ᠪᠦᠷ ᠤᠷᠢᠳᠴᠢᠯᠠᠨ ᠪᠡᠯᠡᠳᠬᠡᠵᠦ᠂ ᠬᠠᠭᠠᠰ ᠴᠠᠭ ᠤᠨ ᠳᠣᠲᠣᠷ᠎ᠠ ᠬᠢᠭᠡᠳ ᠭᠠᠷᠭᠠᠴᠢᠬᠠᠨ᠎ᠠ᠂ ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠡᠵᠡᠩᠨᠡᠯᠲᠡ ᠶᠢᠨ ᠦᠨᠡᠮᠯᠡᠯ ᠠᠪᠬᠤ ᠳᠤ ᠬᠤᠶᠠᠷ ᠭᠤᠷᠪᠠᠨ ᠡᠳᠦᠷ ᠤᠨ ᠴᠠᠭ ᠬᠡᠷᠡᠭᠰᠡᠨ᠎ᠡ᠂ ᠣᠳᠣ ᠶᠢᠨ ᠦᠷ᠎ᠡ ᠪᠦᠲᠦᠮᠵᠢ ᠦᠨᠡᠬᠡᠷ ᠰᠠᠶᠢᠨ᠂ ᠦᠨᠡᠬᠡᠷ ᠲᠦᠷᠭᠡᠨ ᠪᠠᠶᠢᠨ᠎ᠠ ᠭᠡᠵᠦ ᠢᠯᠡᠷᠬᠡᠶᠢᠯᠡᠪᠡ᠃
     ᠣᠶᠢᠯᠠᠭᠠᠭᠰᠠᠨ ᠢᠶᠠᠷ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠲᠤᠬᠠᠶᠢᠯᠠᠭᠰᠠᠨ ᠠᠵᠢᠯ ᠢ ᠬᠡᠷᠡᠭᠵᠢᠭᠦᠯᠦᠭᠰᠡᠨ ᠠᠴᠠ ᠨᠠᠰᠢ᠂ ᠰᠢᠩ ᠾᠧ ᠰᠢᠶᠠᠨ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠭᠦᠢᠴᠡᠳᠭᠡᠬᠦ ᠠᠷᠭ᠎ᠠ ᠮᠠᠶ᠋ᠢᠭ ᠢ ᠭᠠᠷᠭᠠᠵᠤ᠂ ᠡᠵᠡᠩᠨᠡᠯᠲᠡ ᠶᠢᠨ ᠦᠨᠡᠮᠯᠡᠯ ᠢ ᠭᠦᠢᠴᠡᠳᠭᠡᠬᠦ᠂ ᠨᠢᠷᠠᠶ ᠬᠡᠤᠬᠡᠳ ᠤᠨ ᠬᠥᠩᠭᠡᠵᠢᠯᠲᠡ ᠶᠢᠨ ᠳᠡᠩᠰᠡᠯᠡᠯᠲᠡ᠂ ᠭᠠᠶᠢᠯᠢ ᠲᠠᠲᠠᠪᠤᠷᠢ ᠶᠢᠨ ᠳᠡᠩᠰᠡᠯᠡᠯᠲᠡ ᠵᠡᠷᠭᠡ ᠣᠯᠠᠨ  ᠵᠦᠢᠯ ᠤᠨ ᠲᠤᠬᠠᠶᠢᠯᠠᠭᠰᠠᠨ ᠠᠵᠢᠯ ᠢ ᠲᠠᠰᠤᠷᠠᠯᠲᠠ ᠥᠬᠡᠶ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠬᠡᠪᠴᠢᠶᠡᠨ ᠳᠤ ᠣᠷᠣᠭᠤᠯᠵᠤ᠂ ᠣᠲᠣ ᠨᠢᠭᠡᠨᠲᠡ 103 ᠵᠦᠢᠯ ᠤᠨ ᠲᠤᠬᠠᠶᠢᠯᠠᠭᠰᠠᠨ ᠠᠵᠢᠯ ᠳᠤ ᠣᠷᠣᠭᠤᠯᠵᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠢ 4422 ᠪᠡᠶᠡᠯᠡᠭᠦᠯᠦᠭᠰᠡᠨ ᠪᠠᠶᠢᠨ᠎ᠠ᠃ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠠᠰᠠ ᠲᠤᠰᠬᠠᠶᠢᠯᠠᠨ ︽ᠨᠢᠭᠡ ᠯᠡ ᠤᠳᠠᠭ᠎ᠠ ᠳᠤ ᠠᠯᠪᠠᠨ ᠭᠡᠷ︾ ᠤᠨ ᠴᠣᠩᠬᠤ ᠭᠠᠷᠭᠠᠵᠤ᠂ ᠤᠴᠢᠷ ᠶᠠᠪᠤᠳᠠᠯ  ᠰᠢᠢᠳᠪᠦᠷᠢᠯᠡᠬᠦ ᠪᠠᠷ ᠢᠷᠡᠭᠰᠡᠨ ᠠᠵᠤ ᠠᠬᠤᠶᠢᠯᠠᠯ ᠪᠠ ᠣᠯᠠᠨ ᠲᠦᠮᠡᠨ ᠳᠤ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠪᠠ ᠰᠢᠢᠳᠪᠦᠷᠢᠯᠡᠬᠦ ᠦᠢᠯᠡᠴᠢᠯᠡᠭᠡ ᠬᠠᠩᠭᠠᠵᠤ᠂ ᠣᠯᠠᠨ ᠰᠠᠯᠠᠭ᠎ᠠ ᠮᠥᠴᠢᠷ ᠲᠤ ᠬᠤᠯᠪᠣᠭᠳᠠᠬᠤ ᠮᠥᠷᠲᠡᠭᠡᠨ ᠬᠠᠷᠢᠯᠴᠠᠨ ᠬᠤᠯᠪᠣᠭᠳᠠᠬᠤ ᠣᠯᠠᠨ ᠤᠴᠢᠷ ᠶᠠᠪᠤᠳᠠᠯ ᠢ ᠡᠮᠬᠢᠯᠡᠨ ᠨᠡᠶᠢᠯᠡᠭᠦᠯᠵᠦ᠂ ᠴᠤᠪᠤᠷᠠᠯ ᠢ ᠰᠢᠯᠢᠳᠡᠭᠵᠢᠭᠦᠯᠦᠨ᠂ ︽ᠨᠢᠭᠡ ᠶᠠᠪᠤᠳᠠᠯ︾ ᠪᠣᠯᠭᠠᠨ ᠨᠡᠶᠢᠯᠡᠭᠦᠯᠵᠦ᠂ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠬᠤ ᠶᠢ ᠲᠠᠰᠤ ᠵᠣᠭᠰᠣᠭᠠᠵᠤ᠂ ︽ᠨᠢᠭᠡ ᠯᠡ ᠡᠭᠦᠳᠡ ᠪᠠᠷ ᠣᠷᠣᠵᠤ᠂ ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠠᠷᠭ᠎ᠠ ᠮᠠᠶ᠋ᠢᠭ ᠢᠶᠠᠷ ᠠᠵᠢᠯ ᠶᠠᠪᠤᠳᠠᠯ  ᠭᠦᠢᠴᠡᠳᠭᠡᠬᠦ ᠴᠤᠪᠤᠷᠠᠯ ᠢ ᠪᠣᠭᠤᠨᠢᠰᠬᠠᠵᠤ᠂ ᠠᠵᠢᠯ ᠶᠠᠪᠤᠳᠠᠯ ᠭᠦᠢᠴᠡᠳᠭᠡᠬᠦ ᠴᠠᠭ ᠢ ᠠᠷᠪᠢᠯᠠᠵᠤ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃      ᠰᠢᠩ ᠾᠧ ᠰᠢᠶᠠᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠳᠡᠳ᠋ ᠡᠷᠬᠢᠯᠡᠭᠴᠢ ᠢᠯᠡᠷᠬᠡᠶᠢᠯᠡᠬᠦ ᠳᠡᠭᠡᠨ᠄ ᠥᠩᠭᠡᠷᠡᠭᠰᠡᠨ ᠳᠤ᠂ ᠣᠯᠠᠨ ᠲᠦᠮᠡᠨ ᠪᠠ ᠠᠵᠤ ᠠᠬᠤᠶᠢᠯᠠᠯ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶᠠᠨ ᠤ ᠡᠷᠦᠬᠡ ᠰᠢᠯᠵᠢᠭᠦᠯᠬᠦ ᠶᠢ ᠭᠦᠢᠴᠡᠳᠭᠡᠭᠰᠡᠨ ᠤ ᠳᠠᠷᠠᠭ᠎ᠠ᠂ ᠤᠰᠤ ᠴᠠᠬᠢᠯᠭᠠᠨ ᠬᠡᠶ ᠳᠤᠯᠠᠭᠠᠯᠠᠭ᠎ᠠ ᠶᠢᠨ ᠴᠣᠩᠬᠤᠨ ᠳᠤ ᠬᠦᠷᠴᠦ ᠲᠣᠰ ᠲᠣᠰ ᠮᠠᠲ᠋ᠧᠷᠢᠶᠠᠯ ᠢᠶᠠᠨ ᠲᠤᠰᠢᠶᠠᠪᠠᠯ ᠰᠠᠶ᠋ᠢ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ ᠶᠢᠨ ᠡᠷᠦᠬᠡ ᠰᠢᠯᠵᠢᠭᠦᠯᠬᠦ ᠶᠢ ᠪᠡᠶᠡᠯᠡᠭᠦᠯᠵᠦ ᠴᠢᠳᠠᠨ᠎ᠠ᠂ ᠲᠤᠰᠢᠶᠠᠭᠰᠠᠨ ᠮᠠᠲ᠋ᠧᠷᠢᠶᠠᠯ ᠨᠢ ᠮᠠᠰᠢ ᠶᠡᠭᠡ ᠳᠠᠪᠬᠤᠴᠠᠬᠤ ᠴᠢᠨᠠᠷᠲᠠᠶ ᠪᠠᠶᠢᠵᠤ᠂ ᠴᠠᠭ ᠪᠠ ᠬᠦᠴᠦ ᠪᠠᠷᠠᠨ᠎ᠠ᠃ ᠣᠳᠣᠬᠠᠨ ᠳᠤ ︽ᠨᠢᠭᠡ ᠴᠣᠩᠬᠤ ᠪᠠᠷ ᠨᠡᠪᠲᠡᠷᠡᠭᠦᠯᠬᠦ᠂ ᠨᠢᠭᠡ ᠬᠦᠰᠦᠨᠦᠭᠲᠦ ᠪᠠᠷ ᠮᠡᠳᠡᠭᠦᠯᠬᠦ᠂ ᠬᠠᠮᠲᠤᠷᠠᠨ ᠬᠥᠳᠡᠯᠦᠯᠴᠡᠬᠦ ᠠᠯᠪᠠᠨ ᠬᠡᠷ︾ ᠤᠨ ᠭᠦᠢᠴᠡᠳᠭᠡᠬᠦ ᠵᠠᠭᠪᠤᠷ ᠢᠶᠠᠷ ᠳᠠᠮᠵᠢᠭᠤᠯᠤᠨ᠂ ᠣᠯᠠᠨ ᠲᠦᠮᠡᠨ ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠭᠰᠡᠨ ᠤ ᠳᠠᠷᠠᠭ᠎ᠠ᠂ ᠳᠠᠷᠤᠶ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ ᠶᠢᠨ ᠡᠷᠦᠬᠡ ᠰᠣᠯᠢᠬᠤ ᠭᠠᠷ ᠭᠦᠢᠴᠡᠳᠭᠡᠯ ᠬᠢᠵᠦ ᠪᠣᠯᠤᠨ᠎ᠠ᠃      ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠬᠢᠨ ᠠᠵᠤ ᠠᠬᠤᠶᠢᠯᠠᠯ᠂ ᠤᠯᠠᠨ ᠲᠦᠮᠡᠨ ︽ᠨᠢᠭᠡ ᠶᠠᠪᠤᠳᠠᠯ︾ ᠢ ᠰᠠᠶᠢᠲᠤᠷ ᠬᠢᠬᠦ ᠪᠠᠷ ᠬᠠᠷᠠᠯᠲᠠ ᠪᠣᠯᠭᠠᠵᠤ᠂ ︽ᠦᠵᠡᠮᠵᠢ ᠮᠠᠶ᠋ᠢᠭ︾ ᠤᠨ ᠭᠤᠣᠯ ᠰᠡᠳᠦᠪᠲᠦ ᠢᠵᠢ ᠦᠢᠯᠡᠴᠢᠯᠡᠭᠡ ᠶᠢᠨ ᠦᠢᠯᠡᠴᠢᠯᠡᠭᠡ ᠶᠢ ᠲᠠᠰᠤᠷᠠᠯᠳᠡ ᠦᠭᠡᠢ ᠠᠬᠢᠭᠤᠯᠵᠤ᠂ ᠠᠵᠤ ᠠᠬᠤᠶᠢᠯᠠᠯ᠂ ᠤᠯᠠᠨ ᠲᠦᠮᠡᠨ ᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ︽ᠤᠯᠠᠨ ᠲᠠᠯ᠎ᠠ ᠠᠴᠠ ᠭᠦᠶᠦᠬᠦ᠂ ᠮᠠᠲ᠋ᠧᠷᠢᠶᠠᠯ ᠤᠯᠠᠨ᠂ ᠴᠠᠭ ᠤᠷᠳᠤ ᠵᠠᠷᠤᠴᠠᠭᠤᠯᠬᠤ︾ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠭᠰᠡᠨ ᠪᠠᠶᠢᠨ᠎ᠠ᠃ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠶᠢ ᠶᠠᠭ ᠲᠦᠷᠭᠡᠪᠴᠢᠯᠡᠨ ᠠᠬᠢᠭᠤᠯᠵᠤ᠂ ᠠᠵᠤ ᠠᠬᠤᠶᠢᠯᠠᠯ᠂ ᠤᠯᠠᠨ ᠲᠦᠮᠡᠨ ᠤ ᠤᠴᠢᠷ ᠶᠠᠪᠤᠳᠠᠯ ᠢ ᠰᠢᠢᠳᠪᠦᠷᠢᠯᠡᠬᠦ ᠶᠢ ︽ᠲᠦᠷᠭᠡᠨ ᠵᠠᠮ︾ ᠳᠤ ᠣᠷᠣᠭᠤᠯᠬᠤ ᠪᠠᠷ ᠴᠢᠷᠮᠠᠶᠢᠵᠤ ᠪᠠᠶᠢᠨ᠎ᠠ᠃      ᠰᠢᠩ ᠡᡁᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ᠄ ᠳᠠᠷᠠᠭᠠᠴᠢ ᠶᠢᠨ ᠠᠯᠬᠤᠮ ᠳᠤ ᠮᠠᠨ ᠤ ᠲᠤᠪᠴᠢᠶ᠎ᠡ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠯᠠᠨ ᠤ ᠪᠣᠳᠠᠲᠠᠢ ᠬᠡᠷᠡᠭᠴᠡᠭᠡ ᠪᠠᠷ ᠡᠭᠦᠰᠭᠡᠯ ᠪᠣᠯᠭᠠᠵᠤ᠂ ᠨᠡᠩ ᠤᠯᠠᠨ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠶᠠᠪᠤᠳᠠᠯ ᠢ ᠰᠦᠪᠡᠭᠴᠢᠯᠡᠵᠦ᠂ ︽ᠠᠵᠤ ᠠᠬᠤᠶᠢᠯᠠᠯ᠂ ᠤᠯᠠᠨ ᠲᠦᠮᠡᠨ ᠤ ᠠᠵᠢᠯ ᠶᠠᠪᠤᠳᠠᠯ ᠬᠢᠬᠦ ᠳᠤ ᠮᠠᠲ᠋ᠧᠷᠢᠶᠠᠯ ᠦᠭᠡᠢ᠂ ᠭᠦᠶᠦᠯᠲᠡ ᠶᠢᠨ ᠠᠵᠢᠯ ᠦᠭᠡᠢ︾ ᠪᠠᠶᠢᠬᠤ ᠶᠢ ᠦᠨᠡᠨᠬᠦ ᠪᠡᠶᠡᠯᠡᠭᠦᠯᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠪᠦᠬᠦ ᠲᠠᠯ᠎ᠠ ᠪᠠᠷ ᠨᠡᠪᠲᠡᠷᠡᠭᠦᠯᠦᠨ᠎ᠡ ᠭᠡᠵᠦ ᠢᠯᠡᠳᠬᠡᠪᠡ᠃                                 ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3