2023 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠷᠪᠢᠨ ᠪᠢᠴᠢᠬᠦ ᠰᠠᠨᠠᠭᠤᠯᠭ᠎ᠠ ᠶᠢᠨ ᠰᠠᠨᠠᠯ ᠢ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/10/21
     ᠰᠢᠶᠠᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ 2023 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠷᠪᠢᠬᠤ ᠠᠵᠢᠯ ᠣᠲᠣ ᠨᠢᠭᠡᠨᠲᠡ ᠡᠬᠢᠯᠡᠪᠡ᠃ ︽ᠢᠯᠡᠳᠬᠡᠯ︾ ᠳᠤ ᠠᠷᠠᠳ ᠤᠨ ᠠᠮᠢᠳᠤᠷᠠᠯ ᠳᠤ ᠨᠡᠩ ᠰᠠᠶᠢᠨ ᠬᠠᠷᠢᠭᠤᠯᠲᠠ ᠥᠭᠴᠦ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠦᠨ᠂ ᠠᠷᠠᠳ ᠤᠨ ᠰᠠᠨᠠᠭ᠎ᠠ ᠶᠢ ᠢᠯᠡᠷᠡᠭᠦᠯᠬᠦ ᠶᠢᠨ ᠲᠥᠯᠥᠭᠡ᠂ ᠤᠳᠤ ᠨᠡᠶᠢᠭᠡᠮ ᠳᠠᠶᠠᠭᠠᠷ ᠲᠤ ᠬᠠᠨᠳᠤᠭᠤᠯᠤᠨ ︽ᠢᠯᠡᠳᠬᠡᠯ︾ ᠢ ᠲᠤᠭᠤᠷᠪᠢᠬᠤ ᠠᠵᠢᠯ ᠤᠨ ᠲᠤᠬᠠᠶ ᠰᠠᠨᠠᠭᠤᠯᠭ᠎ᠠ ᠪᠠ ᠰᠠᠨᠠᠯ ᠢ ᠥᠷᠭᠡᠨ ᠢᠶᠠᠷ ᠴᠤᠭᠯᠠᠭᠤᠯᠪᠠ᠂ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠨᠢᠭᠡ᠂ ᠡᠯᠰᠡᠬᠦ ᠴᠠᠭ      ᠵᠠᠷᠯᠠᠨ ᠨᠡᠶᠢᠲᠡᠯᠡᠭᠰᠡᠨ ᠡᠳᠦᠷ ᠠᠴᠠ 2022 ᠣᠨ ᠤ 11 ᠰᠠᠷ᠎ᠠ ᠶᠢᠨ 10 ᠤ ᠡᠳᠦᠷ ᠪᠣᠯᠲᠠᠯ᠎ᠠ      ᠬᠤᠶᠠᠷ᠂ ᠡᠯᠰᠡᠬᠦ ᠠᠭᠤᠯᠭ᠎ᠠ      ᠴᠢᠨᠠᠷ ᠰᠠᠶᠢᠲᠠᠶ ᠬᠥᠭᠵᠢᠯᠲᠡ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠣᠷᠴᠢᠨ ᠠᠬᠤᠶ ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠭᠤᠤᠯᠯᠠᠭᠤᠯᠤᠨ ᠳᠤᠷᠠᠳᠤᠭᠠᠷᠠᠶ᠃      ︵ᠨᠢᠭᠡ︶ ᠲᠠᠨ ᠤ ᠦᠵᠡᠬᠦ ᠪᠠᠷ 2022 ᠣᠨ ᠤ ᠰᠢᠶᠠᠨ ᠤ ᠵᠠᠰᠠᠭ ᠤᠨ ᠣᠷᠳᠣᠨ ᠤ ᠠᠵᠢᠯ ᠳᠤ ᠶᠠᠮᠠᠷ ᠬᠢᠯᠠᠰ ᠴᠡᠭ ᠪᠠ ᠠᠮᠵᠢᠯᠲᠠ ᠪᠦᠲᠦᠮᠵᠢ ᠪᠠᠶᠢᠬᠤ᠂ ᠶᠠᠮᠠᠷ ᠶᠠᠮᠠᠷ ᠬᠦᠷᠦᠯᠴᠡᠬᠦ ᠥᠬᠡᠶ ᠲᠠᠯ᠎ᠠ ᠪᠠ ᠠᠰᠠᠭᠤᠳᠠᠯ ᠣᠷᠣᠰᠢᠵᠤ ᠪᠠᠶᠢᠬᠤ᠂ ᠶᠠᠮᠠᠷ ᠰᠠᠨᠠᠭᠤᠯᠭ᠎ᠠ ᠪᠠᠶᠢᠬᠤ ᠪᠣᠶ︖      ︵ᠬᠤᠶᠠᠷ︶ ᠰᠢᠶᠠᠨ ᠤ ᠵᠠᠰᠠᠭ ᠤᠨ ᠣᠷᠳᠣᠨ 2023 ᠣᠨ ᠳᠤ ᠠᠵᠢᠯ ᠢᠶᠠᠨ ᠭᠤᠤᠯᠳᠠᠯᠭ᠎ᠠ ᠲᠠᠢ ᠳᠥᠯᠭᠢᠨ ᠠᠬᠢᠭᠤᠯᠬᠤ ᠪᠠ ᠠᠷᠭ᠎ᠠ ᠬᠡᠮᠵᠢᠶ᠎ᠡ ᠠᠪᠬᠤ ᠶᠢ ᠬᠦᠰᠡᠵᠦ ᠪᠠᠶᠢᠨ᠎ᠠ᠃      ︵ᠭᠤᠷᠪᠠ︶ ᠪᠤᠰᠤᠳ ᠲᠠᠯ᠎ᠠ ᠶᠢᠨ ᠰᠠᠨᠠᠯ ᠪᠠ ᠰᠠᠨᠠᠭᠤᠯᠭ᠎ᠠ᠃      ᠭᠤᠷᠪᠠ᠂ ᠡᠯᠰᠡᠬᠦ ᠠᠷᠭ᠎ᠠ ᠮᠠᠶ᠋ᠢᠭ      ᠵᠠᠬᠢᠳᠠᠯ ᠢᠯᠡᠭᠡᠬᠦ᠂ ᠹᠠᠺᠰ᠂ ᠡᠯᠧᠺᠲᠷᠣᠨ ᠰᠢᠦᠳᠠᠨ ᠵᠦᠢᠯ᠂ ᠸᠢᠴᠠᠲ ᠵᠡᠷᠭᠡ ᠠᠷᠭ᠎ᠠ ᠮᠠᠶ᠋ᠢᠭ ᠢᠶᠠᠷ ᠰᠠᠨᠠᠯ ᠢᠶᠠᠨ ᠳᠤᠷᠠᠳᠴᠤ ᠪᠣᠯᠤᠨ᠎ᠠ᠃      ︵ᠨᠢᠭᠡ︶ ᠵᠠᠬᠢᠳᠠᠯ ᠢᠷᠡᠭᠦᠯᠦᠭᠰᠡᠨ ᠬᠠᠶ᠋ᠢᠭ᠄ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠰᠢᠩ ᠾᠧ ᠰᠢᠶᠠᠨ ᠤ ᠰᠢᠨ ᠴᠧᠩ ᠲᠣᠭᠤᠷᠢᠭ ᠤᠨ ᠨᠠᠮ ᠵᠠᠰᠠᠭ ᠤᠨ ᠲᠤᠮᠤ ᠠᠰᠠᠷ ᠤᠨ ᠠᠷᠤ ᠶᠢᠨ ᠠᠰᠠᠷ ᠤᠨ 225 ᠦᠷᠦᠭᠡ  ᠰᠢᠦᠳᠠᠨ ᠳ᠋ᠤᠭᠠᠷ᠄ 013650︶      ︵ᠬᠤᠶᠠᠷ︶ ᠹᠠᠺᠰ ᠳ᠋ᠢᠶᠠᠩᠬᠤᠸᠠ᠄ 0474 — 7212174      ︵ᠭᠤᠷᠪᠠ︶ ᠡᠯᠧᠺᠲᠷᠣᠨ ᠰᠢᠤᠳᠠᠨ ᠤ ᠬᠠᠶᠢᠷᠴᠠᠭ᠄ xhzcyjzx@163.com᠂ ᠰᠢᠤᠳᠠᠨ ᠤ  ᠵᠦᠢᠯ ᠳᠤ ᠡᠷᠬᠡᠪᠰᠢ ︽︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠳᠤ ᠰᠠᠨᠠᠯ ᠵᠥᠪᠯᠡᠯᠭᠡ ᠳᠤᠷᠠᠳᠴᠤ ᠠᠷᠭ᠎ᠠ ᠤᠬᠠᠭᠠᠨ ᠭᠠᠷᠭᠠᠨ᠎ᠠ︾ ᠭᠡᠵᠦ ᠲᠣᠳᠣᠷᠬᠠᠶᠢᠯᠠᠬᠤ ᠬᠡᠷᠡᠭᠲᠡᠶ᠃      ︵ᠳᠥᠷᠪᠡ︶ ᠸᠢᠴᠠᠲ ᠢᠶᠠᠷ ︽ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ︾ ᠨᠡᠶᠢᠲᠡ ᠶᠢᠨ ᠳ᠋ᠤᠭᠠᠷ ᠢ ᠬᠠᠶᠢᠵᠤ ᠂ ᠪᠠᠰᠠ ᠬᠤᠶᠠᠷ ᠬᠡᠮᠵᠢᠯᠳᠦ ᠺᠣᠳ᠋ ᠢ ᠰᠢᠭᠤᠳ ᠰᠢᠷᠪᠢᠵᠦ᠂ ᠠᠩᠬᠠᠷᠤᠯ ᠤᠨ ᠴᠡᠭ ᠨᠡᠮᠡᠵᠦ ᠂ ᠰᠠᠨᠠᠭᠤᠯᠭ᠎ᠠ ᠪᠠᠨ ᠦᠭᠡ ᠦᠯᠡᠳᠡᠭᠡᠵᠦ ᠲᠤᠰᠢᠶᠠᠵᠤ ᠪᠣᠯᠤᠨ᠎ᠠ᠃ ᠰᠠᠨᠠᠭᠤᠯᠤᠭᠴᠢ ᠶᠢᠨ ᠣᠪᠣᠭ ᠨᠡᠷ᠎ᠡ᠂ ᠬᠠᠷᠢᠯᠴᠠᠬᠤ ᠤᠲᠠᠰᠤ ᠶᠢ ᠲᠣᠳᠣᠷᠬᠠᠶ ᠪᠢᠴᠢᠵᠦ᠂ ᠬᠠᠷᠢᠯᠴᠠᠬᠤ ᠳᠤ ᠳᠥᠭᠦᠮ ᠪᠣᠯᠭᠠᠬᠤ ᠬᠡᠷᠡᠭᠲᠡᠶ᠃
                           
                                            ᠰᠢᠩ ᠾᠧ ᠰᠢᠶᠠᠨ ᠤ ᠠᠷᠠᠳ ᠤᠨ ᠵᠠᠰᠠᠭ ᠤᠨ ᠤᠷᠳᠤᠨ                                           2022 ᠣᠨ ᠤ 10 ᠰᠠᠷ᠎ᠠ ᠶᠢᠨ 20 ᠤ ᠡᠳᠦᠷ                                                             ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3