ᠰᠢᠩ ᠾᠧ ᠰᠢᠶᠠᠨ ᠤ 7784 ᠮᠧᠲᠷ ᠤᠨ ᠪᠡᠶ᠎ᠡ ᠴᠢᠭᠢᠷᠠᠭᠵᠢᠭᠤᠯᠬᠤ ᠵᠠᠮ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2022/10/24
     ᠡᠨᠡ ᠵᠢᠯ ᠠᠴᠠ ᠨᠠᠰᠢ᠂ ᠰᠢᠩ ᠡᡁᠧ ᠰᠢᠶᠠᠨ ᠬᠤᠳᠠ ᠶᠢᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠪᠠᠷ ᠬᠠᠷᠠᠯᠲᠠ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠤᠳᠠ ᠶᠢᠨ ᠡᠬᠢ ᠪᠠᠶᠠᠯᠢᠭ ᠢ ᠵᠣᠬᠢᠰᠲᠠᠢ ᠨᠡᠶᠢᠳᠬᠡᠨ ᠠᠰᠢᠭᠯᠠᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠶᠡᠬᠡᠪᠡᠷ ᠠᠬᠢᠭᠤᠯᠵᠠᠢ᠃ ᠣᠶᠢᠷ᠎ᠠ ᠳᠤ᠂ ᠪᠥᠬᠦ ᠣᠷᠳᠣ ᠨᠢ 7784 ᠮᠧᠲᠷ ᠤᠨ ᠪᠡᠶ᠎ᠡ ᠴᠢᠭᠢᠷᠠᠭᠵᠢᠭᠤᠯᠬᠤ ᠵᠠᠮ ᠪᠠᠶᠢᠭᠤᠯᠤᠭᠳᠠᠵᠤ ᠠᠰᠢᠭᠯᠠᠯᠲᠠ ᠳᠤ ᠣᠷᠣᠪᠠ᠃ ᠪᠡᠶ᠎ᠡ ᠴᠢᠭᠢᠷᠠᠭᠵᠢᠭᠤᠯᠬᠤ ᠵᠠᠮ ᠨᠢ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠳᠤ ᠲᠥᠬᠦᠮ ᠦᠵᠡᠭᠦᠯᠬᠦ ᠶᠢᠨ ᠵᠡᠷᠭᠡ ᠳᠤ ᠪᠠᠰᠠ ᠰᠢᠩ ᠾᠧ ᠰᠢᠶᠠᠨ ᠤ ᠬᠤᠲᠠ ᠶᠢᠨ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠣᠯᠠᠨ ᠲᠦᠮᠡᠨ ᠤ ᠳᠤᠮᠳᠠᠬᠢ ᠭᠤᠶᠣ ᠰᠠᠶᠢᠬᠠᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃
     ᠶᠠᠪᠠᠭᠠᠨ ᠵᠠᠮ ᠤᠨ ᠪᠦᠲᠦᠭᠡᠨ ᠪᠠᠶᠢᠭᠤᠯᠤᠯᠲᠠ ᠳᠤ ᠨᠡᠪᠴᠢᠬᠦ ᠶᠢ ᠰᠡᠷᠭᠡᠶᠢᠯᠡᠬᠦ ᠪᠤᠲ᠋ᠣᠨ᠂ ᠪᠥᠭᠡᠭᠡᠨᠡᠷᠡᠯ ᠰᠢᠪᠲᠦᠷᠲᠦ ᠡᠰᠲ᠋ᠧᠷ ᠤᠨ ᠤᠰᠤ ᠶᠢ ᠰᠡᠷᠭᠡᠶᠢᠯᠡᠬᠦ ᠲᠦᠷᠬᠢᠮᠡᠯ ᠳᠠᠪᠬᠤᠷᠭ᠎ᠠ ᠵᠡᠷᠭᠡ ᠮᠠᠲ᠋ᠧᠷᠢᠶᠠᠯ ᠢ ᠬᠡᠷᠡᠭᠯᠡᠵᠦ᠂ ᠤᠰᠤ ᠨᠡᠪᠴᠢᠬᠦ ᠶᠢ ᠰᠡᠷᠭᠡᠶᠢᠯᠡᠬᠦ ᠨᠡᠯᠢᠶᠡᠳ ᠰᠠᠶᠢᠨ ᠦᠢᠯᠡᠳᠦᠯ ᠲᠠᠢ ᠪᠠᠶᠢᠳᠠᠭ᠃ ᠶᠠᠪᠠᠭᠠᠨ ᠵᠠᠮ ᠨᠢ ᠭᠤᠣᠯᠳᠠᠭᠤ ᠬᠤᠸᠠᠩ ᠬᠤᠸᠠ ᠯᠢᠶᠠᠩ ᠤᠨ ᠠᠮᠢ ᠠᠬᠤᠢ ᠶᠢᠨ ᠴᠡᠴᠡᠷᠯᠢᠭ᠂ ᠠᠷᠠᠳ ᠤᠨ ᠴᠡᠴᠡᠷᠯᠢᠭ᠂ ᠲᠦᠷᠭᠡᠨ ᠤ ᠲᠡᠮᠦᠷ ᠵᠠᠮ ᠤᠨ ᠬᠤᠶᠢᠲᠤ ᠦᠷᠳᠡᠭᠡ ᠵᠡᠷᠭᠡ ᠭᠤᠣᠯ ᠪᠣᠯᠬᠤ ᠵᠠᠮ ᠢᠶᠠᠷ ᠥᠩᠭᠡᠷᠡᠵᠦ᠂ ᠪᠣᠬᠢᠷᠲᠤᠯ ᠦᠬᠡᠢ᠂ ᠰᠡᠯᠡᠭᠦᠴᠡᠯ᠂ ᠪᠡᠶ᠎ᠡ ᠴᠢᠭᠢᠷᠠᠭᠵᠢᠭᠤᠯᠤᠯᠲᠠ ᠶᠢ ᠨᠢᠭᠡ ᠴᠤᠭᠴᠠᠵᠢᠭᠤᠯᠵᠤ᠂ ᠤᠯᠠᠨ ᠲᠦᠮᠡᠨ ᠤ ᠭᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠤᠯᠲᠠ ᠶᠢᠨ ᠪᠣᠯᠪᠠᠰᠤᠷᠠᠯ ᠳᠤ ᠲᠦᠬᠦᠮ ᠦᠵᠡᠭᠦᠯᠵᠦ᠂ ᠠᠰᠢᠭᠯᠠᠯᠲᠠ ᠳᠤ ᠣᠷᠣᠮᠠᠭᠴᠠ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠰᠢᠩ ᠡᡁᠧ ᠰᠢᠶᠠᠨ ᠤ ᠬᠢᠨ ᠨᠡᠩ ᠰᠢᠭᠤᠳ᠂ ᠨᠡᠩ ᠲᠦᠭᠡᠮᠡᠯ ᠬᠠᠷᠠᠭᠠᠯᠵᠠᠯ ᠲᠠᠢ᠂ ᠨᠡᠩ ᠤᠯᠠᠨ ᠲᠦᠮᠡᠨ ᠤ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠣᠳᠠᠲᠤ ᠶᠠᠪᠤᠳᠠᠯ ᠂ ᠰᠠᠶᠢᠨ ᠶᠠᠪᠤᠳᠠᠯ ᠢ ᠦᠷᠭᠦᠯᠵᠢᠯᠡᠨ ᠠᠭᠤᠳᠠᠯᠤᠨ ᠬᠡᠷᠡᠭᠵᠢᠭᠦᠯᠦᠨ᠎ᠡ ᠭᠡᠵᠦ ᠢᠯᠡᠳᠬᠡᠪᠡ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3