ᠰᠢᠶᠠᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ 2022 ᠣᠨ ᠤ ᠵᠢᠷᠭᠤᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/25
     9 ᠰᠠᠷ᠎ᠠ ᠶᠢᠨ 23᠎ ᠤ ᠡᠳᠦᠷ᠂ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠱᠦᠵᠢ᠂ ᠰᠢᠶᠠᠨ ᠤ ᠨᠠᠮ ᠤᠨ ᠬᠤᠷᠢᠶ᠎ᠡ ᠶᠢᠨ ᠨᠠᠶᠢᠷᠠᠭᠤᠯᠬᠤ ᠵᠥᠪᠯᠡᠯ ᠤᠨ ᠡᠷᠬᠢᠯᠡᠭᠴᠢ ᠸᠠᠩ ᠬᠤᠢ ᠢᠦᠢ ᠰᠢᠶᠠᠨ ᠤ ᠨᠠᠮ ᠤᠨ ᠬᠤᠷᠢᠶ᠎ᠡ ᠎ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ 2022 ᠣᠨ ᠤ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠡ ᠶᠢᠨ ᠨᠠᠶᠢᠷᠠᠭᠤᠯᠬᠤ ᠵᠥᠪᠯᠡᠯ ᠤᠨ ᠳᠡᠳ᠋ ᠡᠷᠬᠢᠯᠡᠭᠴᠢ᠂ ᠭᠡᠰᠢᠭᠦᠳ ᠬᠤᠷᠠᠯ ᠳᠤ ᠣᠷᠣᠯᠴᠠᠪᠠ᠃
     ᠬᠤᠷᠠᠯ ᠠᠴᠠ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠫᠠᠶᠢᠰᠠ ᠡᠯᠭᠦᠬᠦ ᠶᠠᠪᠤᠳᠠᠯ ᠢ ᠬᠢᠨᠠᠨ ᠵᠥᠪᠯᠡᠵᠦ ᠰᠤᠳᠤᠯᠵᠤ᠂ 2022 ᠣᠨ ᠤ ᠠᠯᠪᠠᠨ ᠰᠦᠢᠳᠬᠡᠯ ᠤᠨ ᠪᠠᠭᠰᠢ ᠶᠢᠨ ᠰᠤᠷᠭᠠᠭᠤᠯᠢ ᠶᠢᠨ ᠤᠶᠤᠲᠠᠳ ᠢ ᠲᠥᠪᠬᠢᠨᠡᠭᠦᠯᠬᠦ ᠵᠢᠴᠢ 2021 ᠣᠨ ᠤ ᠴᠡᠷᠢᠭ ᠤᠨ ᠠᠯᠪᠠᠨ ᠠᠴᠠ ᠪᠠᠭᠤᠭᠰᠠᠨ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ ᠲᠡᠭᠦᠰᠦᠭᠰᠡᠨ ᠪᠠᠶᠢᠯᠳᠤᠭᠴᠢ ᠶᠢᠨ ᠶᠠᠪᠤᠳᠠᠯ ᠢ ᠰᠤᠳᠤᠯᠵᠤ᠂ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠣᠷᠣᠨ ᠲᠤᠭ᠎ᠠ ᠶᠢ ᠬᠢᠨᠠᠨ ᠨᠡᠮᠡᠭᠳᠡᠭᠦᠯᠬᠦ᠂ ᠠᠵᠢᠯᠳᠠᠨ ᠢ ᠣᠷᠣᠨ ᠲᠤᠭ᠎ᠠ ᠳᠤ ᠣᠷᠣᠭᠤᠯᠬᠤ ᠵᠢᠴᠢ ᠠᠵᠢᠯᠳᠠᠨ ᠢ ᠰᠢᠯᠵᠢᠭᠦᠯᠬᠦ ᠵᠡᠷᠭᠡ ᠶᠠᠪᠤᠳᠠᠯ ᠢ ᠬᠢᠨᠠᠨ ᠵᠥᠪᠯᠡᠪᠡ᠃      ᠬᠤᠷᠠᠯ ᠠᠴᠠ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠪᠣᠯ ᠨᠠᠮ ᠤᠨ ᠲᠦᠷᠦ ᠪᠠᠷᠢᠬᠤ ᠡᠬᠢ ᠪᠠᠶᠠᠯᠢᠭ ᠢ ᠲᠤᠬᠢᠷᠠᠭᠤᠯᠬᠤ ᠨᠢᠭᠡ ᠵᠦᠢᠯ ᠤᠨ ᠰᠠᠭᠤᠷᠢ ᠴᠢᠨᠠᠷᠲᠠᠢ ᠠᠵᠢᠯ ᠪᠣᠯᠤᠨ᠎ᠠ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠬᠦᠴᠦᠯᠡᠨ ᠪᠠᠲᠤᠯᠠᠬᠤ ᠬᠡᠷᠡᠭᠲᠡᠢ᠃ ᠵᠢᠷᠤᠮᠵᠢᠭᠤᠯᠬᠤ ᠤᠬᠠᠮᠰᠠᠷ ᠢᠶᠠᠨ ᠴᠢᠩᠭᠠᠳᠬᠠᠵᠤ᠂ ᠶᠡᠷᠦᠩᠬᠡᠢ ᠬᠡᠮᠵᠢᠶ᠎ᠡ  ᠶᠢᠨ ᠪᠣᠭᠤᠮᠲᠠ ᠶᠢ ᠴᠢᠩᠭ᠎ᠠ ᠠᠳᠬᠤᠵᠤ᠂ ᠪᠠᠶᠢᠭᠤᠯᠤᠮᠵᠢ ᠶᠢᠨ ᠬᠢᠵᠠᠭᠠᠷ ᠲᠤᠭ᠎ᠠ᠂ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ᠂ ᠣᠷᠣᠨ ᠲᠤᠭ᠎ᠠ ᠶᠢᠨ ᠲᠦᠷᠦᠯ ᠵᠦᠢᠯ ᠪᠣᠯᠤᠨ ᠶᠡᠷᠦᠩᠬᠡᠢ ᠬᠡᠮᠵᠢᠶ᠎ᠡ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠵᠤ᠂ ᠡᠬᠢ ᠪᠠᠶᠠᠯᠢᠭ ᠢ ᠲᠣᠬᠢᠷᠠᠭᠤᠯᠬᠤ ᠰᠡᠳᠬᠢᠴᠡ ᠪᠠ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠦᠨᠡᠯᠡᠨ ᠵᠢᠱᠢᠬᠦ ᠪᠠ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠣᠷᠣᠨ ᠲᠤᠭ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ︔ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠴᠢᠳᠠᠪᠤᠷᠢ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠠᠤᠯᠢ ᠲᠣᠭᠲᠠᠭᠠᠯ ᠶᠣᠰᠣᠭᠠᠷ ᠣᠷᠣᠨ ᠲᠤᠭ᠎ᠠ ᠶᠢ ᠬᠡᠷᠡᠭᠯᠡᠵᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠬᠦ ᠰᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠰᠢᠩ ᠡᡁᠧ ᠰᠢᠶᠠᠨ ᠤ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠳᠤ ᠨᠡᠩ ᠣᠨᠣᠪᠴᠢᠲᠠᠢ ᠥᠨᠳᠥᠷ ᠪᠦᠲᠦᠮᠵᠢᠲᠡᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃                                        ᠵᠣᠬᠢᠶᠠᠭᠴᠢ᠄ ᠨᠠᠶᠢᠷᠠᠭᠤᠯᠤᠨ ᠡᠷᠭᠢᠯᠡᠭᠰᠡᠨ ᠰᠢᠶᠤᠤ ᠶᠢᠨ ᠢᠦᠶ                                    ᠤᠷᠴᠢᠭᠤᠯᠤᠭᠴᠢ᠄ ᠨᠠᠷᠠᠰᠤ                                    ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3