9 ᠰᠠᠷ᠎ᠠ ᠶᠢᠨ 23 ᠤ ᠡᠳᠦᠷ᠂ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠱᠦᠵᠢ᠂ ᠰᠢᠶᠠᠨ ᠤ | ᠨᠠᠮ ᠤᠨ ᠬᠤᠷᠢᠶ᠎ᠡ ᠶᠢᠨ ᠨᠠᠶᠢᠷᠠᠭᠤᠯᠬᠤ ᠵᠥᠪᠯᠡᠯ ᠤᠨ ᠡᠷᠬᠢᠯᠡᠭᠴᠢ ᠸᠠᠩ ᠬᠤᠢ ᠢᠦᠢ ᠰᠢᠶᠠᠨ ᠤ ᠨᠠᠮ ᠤᠨ ᠬᠤᠷᠢᠶ᠎ᠡ | ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ 2022 ᠣᠨ ᠤ ᠵᠢᠷᠭᠤᠳᠤᠭᠠᠷ ᠤᠳᠠᠭ᠎ᠠ ᠶᠢᠨ | ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠡ ᠶᠢᠨ ᠨᠠᠶᠢᠷᠠᠭᠤᠯᠬᠤ ᠵᠥᠪᠯᠡᠯ ᠤᠨ ᠳᠡᠳ᠋ | ᠡᠷᠬᠢᠯᠡᠭᠴᠢ᠂ ᠭᠡᠰᠢᠭᠦᠳ ᠬᠤᠷᠠᠯ ᠳᠤ ᠣᠷᠣᠯᠴᠠᠪᠠ᠃ | | | ᠬᠤᠷᠠᠯ ᠠᠴᠠ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠫᠠᠶᠢᠰᠠ ᠡᠯᠭᠦᠬᠦ ᠶᠠᠪᠤᠳᠠᠯ ᠢ ᠬᠢᠨᠠᠨ ᠵᠥᠪᠯᠡᠵᠦ | ᠰᠤᠳᠤᠯᠵᠤ᠂ 2022 ᠣᠨ ᠤ ᠠᠯᠪᠠᠨ ᠰᠦᠢᠳᠬᠡᠯ ᠤᠨ ᠪᠠᠭᠰᠢ ᠶᠢᠨ ᠰᠤᠷᠭᠠᠭᠤᠯᠢ ᠶᠢᠨ ᠤᠶᠤᠲᠠᠳ ᠢ | ᠲᠥᠪᠬᠢᠨᠡᠭᠦᠯᠬᠦ ᠵᠢᠴᠢ 2021 ᠣᠨ ᠤ ᠴᠡᠷᠢᠭ ᠤᠨ ᠠᠯᠪᠠᠨ ᠠᠴᠠ ᠪᠠᠭᠤᠭᠰᠠᠨ ᠶᠡᠭᠡ ᠰᠤᠷᠭᠠᠭᠤᠯᠢ ᠶᠢᠨ ᠵᠢᠩᠬᠢᠨᠢ | ᠠᠩᠬᠢ ᠠᠴᠠ ᠲᠡᠭᠦᠰᠦᠭᠰᠡᠨ ᠪᠠᠶᠢᠯᠳᠤᠭᠴᠢ ᠶᠢᠨ ᠶᠠᠪᠤᠳᠠᠯ ᠢ ᠰᠤᠳᠤᠯᠵᠤ᠂ ᠬᠤᠯᠪᠣᠭᠳᠠᠯ ᠪᠦᠬᠦᠢ ᠪᠠᠶᠢᠭᠤᠯᠤᠮᠵᠢ ᠶᠢᠨ | ᠣᠷᠣᠨ ᠲᠤᠭ᠎ᠠ ᠶᠢ ᠬᠢᠨᠠᠨ ᠨᠡᠮᠡᠭᠳᠡᠭᠦᠯᠬᠦ᠂ ᠠᠵᠢᠯᠳᠠᠨ ᠢ ᠣᠷᠣᠨ ᠲᠤᠭ᠎ᠠ ᠳᠤ ᠣᠷᠣᠭᠤᠯᠬᠤ ᠵᠢᠴᠢ ᠠᠵᠢᠯᠳᠠᠨ ᠢ | ᠰᠢᠯᠵᠢᠭᠦᠯᠬᠦ ᠵᠡᠷᠭᠡ ᠶᠠᠪᠤᠳᠠᠯ ᠢ ᠬᠢᠨᠠᠨ ᠵᠥᠪᠯᠡᠪᠡ᠃ | ᠬᠤᠷᠠᠯ ᠠᠴᠠ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠪᠣᠯ ᠨᠠᠮ ᠤᠨ ᠲᠦᠷᠦ ᠪᠠᠷᠢᠬᠤ ᠡᠬᠢ | ᠪᠠᠶᠠᠯᠢᠭ ᠢ ᠲᠤᠬᠢᠷᠠᠭᠤᠯᠬᠤ ᠨᠢᠭᠡ ᠵᠦᠢᠯ ᠤᠨ ᠰᠠᠭᠤᠷᠢ ᠴᠢᠨᠠᠷᠲᠠᠢ ᠠᠵᠢᠯ ᠪᠣᠯᠤᠨ᠎ᠠ᠂ ᠪᠠᠶᠢᠭᠤᠯᠤᠮᠵᠢ ᠶᠢᠨ ᠣᠷᠣᠨ | ᠲᠤᠭ᠎ᠠ ᠶᠢᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠦᠢᠯᠡᠴᠢᠯᠡᠭᠡᠨ ᠤ ᠤᠬᠠᠮᠰᠠᠷ ᠢᠶᠠᠨ | ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠬᠦᠴᠦᠯᠡᠨ | ᠪᠠᠲᠤᠯᠠᠬᠤ ᠬᠡᠷᠡᠭᠲᠡᠢ᠃ ᠵᠢᠷᠤᠮᠵᠢᠭᠤᠯᠬᠤ ᠤᠬᠠᠮᠰᠠᠷ ᠢᠶᠠᠨ ᠴᠢᠩᠭᠠᠳᠬᠠᠵᠤ᠂ ᠶᠡᠷᠦᠩᠬᠡᠢ ᠬᠡᠮᠵᠢᠶ᠎ᠡ ᠶᠢᠨ ᠪᠣᠭᠤᠮᠲᠠ ᠶᠢ | ᠴᠢᠩᠭ᠎ᠠ ᠠᠳᠬᠤᠵᠤ᠂ ᠪᠠᠶᠢᠭᠤᠯᠤᠮᠵᠢ ᠶᠢᠨ ᠬᠢᠵᠠᠭᠠᠷ ᠲᠤᠭ᠎ᠠ᠂ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ᠂ | ᠣᠷᠣᠨ ᠲᠤᠭ᠎ᠠ ᠶᠢᠨ ᠲᠦᠷᠦᠯ ᠵᠦᠢᠯ ᠪᠣᠯᠤᠨ ᠶᠡᠷᠦᠩᠬᠡᠢ ᠬᠡᠮᠵᠢᠶ᠎ᠡ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠬᠦ | ᠬᠡᠷᠡᠭᠲᠡᠢ᠃ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠵᠤ᠂ ᠡᠬᠢ ᠪᠠᠶᠠᠯᠢᠭ ᠢ ᠲᠣᠬᠢᠷᠠᠭᠤᠯᠬᠤ ᠰᠡᠳᠬᠢᠴᠡ | ᠪᠠ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠭᠤᠯᠤᠮᠵᠢ ᠶᠢᠨ ᠣᠷᠣᠨ ᠲᠤᠭ᠎ᠠ ᠶᠢᠨ | ᠬᠠᠮᠢᠶᠠᠷᠤᠯᠲᠠ ᠶᠢᠨ ᠦᠨᠡᠯᠡᠨ ᠵᠢᠱᠢᠬᠦ ᠪᠠ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠶ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠣᠷᠣᠨ ᠲᠤᠭ᠎ᠠ ᠶᠢᠨ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠬᠦ ᠬᠡᠷᠡᠭᠲᠡᠢ︔ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠴᠢᠳᠠᠪᠤᠷᠢ ᠶᠢᠨ ᠲᠦᠪᠰᠢᠨ ᠢ | ᠬᠦᠴᠦᠯᠡᠨ ᠳᠡᠭᠡᠭᠰᠢᠯᠡᠭᠦᠯᠵᠦ᠂ ᠬᠠᠤᠯᠢ ᠲᠣᠭᠲᠠᠭᠠᠯ ᠶᠣᠰᠣᠭᠠᠷ ᠣᠷᠣᠨ ᠲᠤᠭ᠎ᠠ ᠶᠢ ᠬᠡᠷᠡᠭᠯᠡᠵᠦ᠂ ᠬᠢᠨᠠᠯᠲᠠ ᠲᠠᠯᠪᠢᠵᠤ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠬᠦ | ᠰᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ | ᠠᠬᠢᠭᠤᠯᠵᠤ᠂ ᠰᠢᠩ ᠡᡁᠧ ᠰᠢᠶᠠᠨ ᠤ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠳᠤ ᠨᠡᠩ | ᠣᠨᠣᠪᠴᠢᠲᠠᠢ ᠥᠨᠳᠥᠷ ᠪᠦᠲᠦᠮᠵᠢᠲᠡᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | | ᠵᠣᠬᠢᠶᠠᠭᠴᠢ᠄ ᠨᠠᠶᠢᠷᠠᠭᠤᠯᠤᠨ ᠡᠷᠭᠢᠯᠡᠭᠰᠡᠨ ᠰᠢᠶᠤᠤ ᠶᠢᠨ ᠢᠦᠶ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |